12 ᠳ᠋ᠤᠭ᠋ᠠᠷ ᠰᠠᠷ᠎ᠠ ᠵᠢᠨ 7᠎ᠤ ᠡᠳᠦᠷ᠂ ᠪᠥᠬᠦ ᠣᠷᠣᠨ᠎ᠤ ᠲᠠᠪᠤᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠠᠵᠢᠯ ᠮᠡᠷᠭᠡᠵᠢᠯ᠎ᠤᠨ ᠲᠥᠯᠥᠪᠵᠢᠭᠦᠯᠭᠡ ᠵᠢᠨ ᠤᠷᠤᠯᠳᠤᠭ᠋ᠠᠨ᠎ᠤ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠶᠡᠷᠦᠩᠬᠡᠶ ᠰᠢᠢ᠍ᠳᠪᠦᠷᠢᠲᠦ ᠤᠷᠤᠯᠳᠤᠭ᠋ᠠᠨ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭ᠋ᠠᠭᠤᠯᠢ᠎ᠳᠤ ᠃

ᠬᠤᠷᠴᠠ ᠰᠢᠷᠦᠬᠦᠨ ᠵᠶ᠋ᠠᠷ ᠳᠠᠮᠵᠢᠨ᠂ ᠦᠪᠦᠷ ᠮᠤᠩᠭᠤᠯ᠎ᠤᠨ ᠶᠡᠭᠡ ᠰᠤᠷᠭ᠋ᠠᠭᠤᠯᠢ ᠵᠢᠨ 3 ᠵᠡᠷᠬᠡ ᠵᠢᠨ ᠰᠤᠷᠭ᠋ᠠᠨ ᠬᠦᠮᠦᠵᠢᠯ᠎ᠤᠨ ᠳᠤᠭᠤᠶ᠋ᠢᠯᠠᠩ᠎ᠤᠨ ᠠᠯᠳᠠᠨ ᠂ ᠦᠪᠤᠷ ᠮᠤᠩᠭᠤᠯ᠎ᠤᠨ ᠠᠵᠤ ᠦᠢ᠍ᠯᠡᠳᠪᠤᠷᠢ ᠵᠢᠨ ᠶᠡᠭᠡ ᠰᠤᠷᠭ᠋ᠠᠭᠤᠯᠢ ᠵᠢᠨ ᠵᠠᠩ ᠶᠤᠸᠠᠨ ᠵᠡᠷᠬᠡ 4 ᠵᠡᠷᠬᠡ ᠵᠢᠨ ᠰᠤᠷᠭ᠋ᠠᠨ ᠬᠦᠮᠦᠵᠢᠯ᠎ᠤᠨ ᠳᠤᠭᠤᠶ᠋ᠢᠯᠠᠩ᠎ᠤᠨ ᠮᠦᠩᠬᠦᠨ ᠂ ᠤᠯᠠᠭ᠋ᠠᠨᠬᠠᠳᠠ ᠳᠡᠬᠡᠳᠤ ᠰᠤᠷᠭ᠋ᠠᠭᠤᠯᠢ ᠵᠢᠨ ᠯᠢ ᠵᠢᠩ ᠵᠡᠷᠬᠡ 5 ᠵᠡᠷᠬᠡ ᠵᠢᠨ ᠰᠤᠷᠭ᠋ᠠᠨ ᠬᠦᠮᠦᠵᠢᠯ᠎ᠤᠨ ᠳᠤᠭᠤᠶ᠋ᠢᠯᠠᠩ᠎ᠤᠨ ᠬᠦᠷᠡᠯ ; ᠠᠵᠢᠯ ᠮᠡᠷᠬᠡᠵᠢᠯ᠎ᠤᠨ ᠰᠤᠷᠭ᠋ᠠᠭᠤᠯᠢ ᠵᠢᠨ ᠯᠢᠤ ᠰᠢᠶᠤᠤ ᠵᠢᠤᠸᠠᠨ ᠵᠡᠷᠬᠡ 4 ᠠᠯᠳᠠᠨ ᠂ ᠬᠢᠨᠭ᠌ᠭ᠋ᠠᠨ ᠠᠵᠢᠯ ᠮᠡᠷᠬᠡᠵᠢᠯ᠎ᠤᠨ ᠶᠡᠭᠡ ᠰᠤᠷᠭ᠋ᠠᠭᠤᠯᠢ ᠵᠢᠨ ᠪᠠᠢ ᠶᠠᠨ ᠮᠸᠢ ᠵᠡᠷᠬᠡ 5 ᠮᠦᠩᠬᠦᠨ 6 ᠬᠦᠷᠳᠡᠪᠡ᠃

ᠲᠣᠰ ᠬᠤᠭᠤᠴᠠᠭ᠋ᠠᠨ᠎ᠤ ᠤᠷᠤᠯᠳᠤᠭ᠋ᠠᠨ ᠡᠨᠡ ᠵᠢᠯ᠎ᠤᠨ 10 ᠰᠠᠷ᠎ᠠ᠎ᠳᠤ ᠠᠴᠠ ᠂ ᠪᠥᠬᠦ ᠣᠷᠣᠨ᠎ᠤ ᠶᠡᠭᠡ ᠳᠡᠭᠡᠳᠦ ᠰᠤᠷᠭ᠋ᠠᠭᠤᠯᠢ ᠵᠢᠨ ᠬᠠᠯᠠᠭᠤᠨ ᠬᠦᠷᠢᠶᠡᠯᠡᠯ᠎ᠢ ᠣᠯᠵᠤ᠂ 25 ᠲᠦᠮᠡ ᠭᠠᠷᠤᠶ ᠪᠠᠭᠰᠢ ᠃ ᠱᠠᠲᠤ ᠱᠠᠲᠤ᠎ᠪᠠᠷ ᠰᠢᠯᠢᠨ ᠰᠣᠩᠭᠤᠬᠤ᠎ᠪᠠᠷ ᠳᠡᠮᠵᠢᠨ᠂ 42 ᠪᠠᠭᠰᠢ ᠴᠣᠯᠭᠤᠷᠠᠨ ᠭᠠᠷᠴᠤ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ ᠰᠢᠢ᠍ᠳᠪᠦᠷᠢᠲᠦ ᠤᠷᠤᠯᠳᠤᠭ᠋ᠠᠨ᠎ᠳᠤ ᠠᠮᠵᠢᠯᠲᠠ᠎ᠲᠠᠢ ᠃ ᠰᠢᠢ᠍ᠳᠪᠦᠷᠢᠲᠦ ᠤᠷᠤᠯᠳᠤᠭ᠋ᠠᠨ᠎ᠢ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠳᠤᠭᠤᠶ᠋ᠢᠯᠠᠩ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠤᠭᠤᠶ᠋ᠢᠯᠠᠩ ᠤᠷᠤᠯᠳᠤᠭ᠋ᠠᠨ ᠂ ᠮᠠᠲ᠋ᠧᠷᠢᠶᠠᠯ᠎ᠢ ᠬᠢᠨᠠᠨ ᠲᠣᠭᠲᠠᠭ᠋ᠠᠬᠤ ᠪᠠ ᠲᠠᠯᠠᠪᠠᠶ ᠵᠢᠨ ᠤᠷᠤᠯᠳᠤᠭ᠋ᠠᠨ ᠭᠡᠬᠦ ᠬᠤᠶᠠᠷ ᠶᠡᠭᠡ ᠭᠤᠭᠴᠤᠭ᠎ᠠ ᠂ ᠬᠤᠶ᠋ᠢᠨᠠᠬᠢ᠎ᠨᠢ ᠬᠢᠴᠢᠶᠡᠯ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ᠂ ᠵᠢᠭ᠋ᠠᠨ ᠰᠤᠷᠭ᠋ᠠᠯᠲᠠ ᠵᠢᠨ ᠵᠢᠴᠢ ᠬᠠᠷᠢᠭᠤ ᠮᠠᠷᠭᠤᠬᠤ ᠭᠤᠷᠪᠠᠨ ᠬᠡᠰᠡᠭ᠎ᠢ ᠃ ᠬᠢᠴᠢᠶᠡᠯ᠎ᠤᠨ ᠲᠥᠯᠥᠪᠯᠡᠭᠡ ᠵᠢᠨ ᠣᠶ᠋ᠢᠯᠠᠭ᠋ᠠᠭᠳᠠᠬᠤᠨ᠎ᠢ ᠰᠢᠰᠲ᠋ᠧᠮ᠎ᠲᠠᠢ ᠲᠣᠳᠣᠷᠬᠠᠶ᠋ᠢᠯᠠᠨ ᠥᠭᠦᠯᠡᠵᠦ᠂ ᠰᠢᠨ᠎ᠡ ᠰᠣᠷᠭᠤᠭ ᠬᠡᠷᠡᠭ᠎ᠤᠨ ᠵᠢᠱ᠌ᠢᠶ᠎ᠡ ᠪᠣᠯᠤᠨ ᠵᠢᠭ᠋ᠠᠨ ᠰᠢᠨ᠎ᠡ ᠵᠢ ᠡᠭᠦᠳᠬᠦ᠎ᠪᠠᠷ ᠭᠤᠤᠯ ᠠᠭᠤᠯᠭ᠎ᠠ ᠪᠥᠭᠡᠳ ᠬᠠᠷᠢᠭᠤ ᠮᠠᠷᠭᠤᠬᠤ ᠭᠤᠭᠴᠤᠭ᠎ᠠ᠎ᠳᠤ ᠠᠰᠠᠭᠤᠯᠲᠠ ᠠᠰᠠᠭᠤᠵᠤ᠂ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ ᠪᠣᠯᠤᠨ ᠠᠷᠭ᠋ᠠᠴᠠᠬᠤ ᠴᠢᠳᠠᠪᠤᠷᠢ ᠵᠢ ᠭᠦᠢ᠍ᠴᠡᠳ ᠢᠯᠡᠷᠡᠭᠦᠯᠵᠡᠢ᠃ ᠦᠷ᠎ᠡ ᠪᠦᠲᠦᠭᠡᠯ᠎ᠤᠨ ᠰᠣᠯᠢᠯᠴᠠᠭ᠎ᠠ ᠵᠢ ᠠᠬᠢᠭᠤᠯᠬᠤ ᠵᠢᠨ ᠲᠥᠯᠥᠭᠡ᠂ ᠲᠠᠯᠠᠪᠠᠶ᠎ᠳᠤ ᠤᠶᠤᠲᠠᠳ᠎ᠤᠨ ᠠᠵᠢᠯ ᠮᠡᠷᠭᠡᠵᠢᠯ᠎ᠤᠨ ᠬᠥᠭᠵᠢᠯᠲᠡ ᠠᠵᠢᠯ ᠣᠯᠭᠤᠯᠲᠠ ᠵᠢᠯᠣᠭᠤᠳᠬᠤ ᠬᠢᠴᠢᠶᠡᠯ᠎ᠤᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠤᠨ ᠵᠢᠴᠢ ᠶᠡᠭᠡ ᠳᠡᠭᠡᠳᠦ ᠰᠤᠷᠭ᠋ᠠᠭᠤᠯᠢ ᠵᠢᠨ ᠤᠷᠤᠯᠳᠤᠭ᠋ᠠᠨ᠎ᠳᠤ ᠣᠷᠣᠯᠴᠠᠭᠰᠠᠨ ᠪᠠᠭᠰᠢ ᠵᠢᠨ ᠴᠤᠭ ᠵᠢᠪᠬᠤᠭ᠎ᠠ ᠵᠢ ᠳᠡᠯᠭᠡᠨ ᠦᠵᠡᠭᠦᠯᠬᠦ ᠠᠵᠢᠯᠯᠠᠭ᠎ᠠ ᠵᠢ ᠥᠷᠨᠢᠭᠦᠯᠪᠡ᠄ ᠡᠯ᠎ᠡ ᠶᠡᠭᠡ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠰᠢᠨ᠎ᠡ ᠵᠢ ᠡᠭᠦᠳᠦᠭᠰᠡᠨ ᠦᠢ᠍ᠯᠡᠳᠦᠯᠭᠡ ᠵᠢ ᠲᠥᠪᠯᠡᠷᠡᠭᠦᠯᠦᠨ ᠳᠡᠯᠭᠡᠨ ᠦᠵᠡᠭᠦᠯᠪᠡ᠂ ᠠᠵᠢᠯ ᠲᠥᠷᠥᠯ᠎ᠤᠨ ᠡᠮᠦᠨ᠎ᠡ ᠵᠠᠬ᠎ᠠ ᠵᠢᠨ ᠪᠠᠶ᠋ᠢᠳᠠᠯ ᠂ ᠬᠤᠯᠢᠮᠠᠭ ᠬᠡᠯᠪᠡᠷᠢ ᠵᠢᠨ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠪᠠᠶ᠋ᠢᠭᠤᠯᠬᠤ ᠵᠡᠷᠭᠡ ; ᠪᠠᠭᠰᠢ ᠨᠠᠷ ᠵᠢᠭ᠋ᠠᠨ ᠰᠤᠷᠭ᠋ᠠᠯᠲᠠ ᠵᠢᠨ ᠲᠤᠷᠰᠢᠯᠭ᠎ᠠ ᠪᠠ ᠬᠦᠴᠢᠷ ᠠᠰᠠᠭᠤᠳᠠᠯ᠎ᠤᠨ ᠲᠣᠭᠤᠷᠢᠨ᠎ᠳᠤ ᠭᠦᠨᠵᠡᠭᠡᠶ ᠰᠤᠳᠤᠯᠤᠨ ᠶᠠᠷᠢᠯᠴᠠᠵᠤ᠂ ᠬᠥᠮᠦᠨ ᠬᠥᠮᠦᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠰᠢᠨ᠎ᠡ ᠠᠷᠭ᠎ᠠ ᠵᠠᠮ᠎ᠢ ᠬᠠᠮᠲᠤ ᠰᠦᠪᠡᠭᠴᠢᠯᠡᠪᠡ᠃
ᠤᠳᠠᠭ᠋ᠠᠨ᠎ᠤ ᠤᠷᠤᠯᠳᠤᠭ᠋ᠠᠨ᠎ᠨᠢ ᠪᠥᠬᠦ ᠣᠷᠣᠨ᠎ᠤ ᠶᠡᠭᠡ ᠳᠡᠭᠡᠳᠦ ᠰᠤᠷᠭ᠋ᠠᠭᠤᠯᠢ ᠵᠢᠨ ᠪᠠᠭᠰᠢ ᠨᠠᠷ᠎ᠲᠤ ᠵᠢᠭ᠋ᠠᠨ ᠰᠤᠷᠭ᠋ᠠᠯᠲᠠ ᠵᠢᠨ ᠴᠤᠭ ᠢᠯᠡᠷᠡᠭᠦᠯᠬᠦ ᠲᠠᠪᠴᠠᠩ ᠬᠠᠩᠭ᠋ᠠᠭᠰᠠᠨ ᠵᠶ᠋ᠠᠷ ᠪᠠᠷᠠᠬᠤ ᠥᠬᠡᠶ᠂ ᠨᠠᠩ ᠴᠤ᠌ ᠤᠷᠤᠯᠳᠤᠭ᠋ᠠᠨ ᠵᠶ᠋ᠠᠷ ᠰᠤᠷᠭ᠋ᠠᠨ ᠬᠥᠮᠦᠵᠢᠯ᠎ᠢ ᠠᠬᠢᠭᠤᠯᠬᠤ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠬᠤ ᠬᠡᠯᠪᠡᠷᠢ᠎ᠪᠠᠷ ᠳᠠᠮᠵᠢᠭᠤᠯᠤᠨ᠂ ᠠᠵᠢᠯ ᠮᠡᠷᠭᠡᠵᠢᠯ᠎ᠤᠨ ᠲᠥᠯᠥᠪᠵᠢᠭᠦᠯᠭᠡ ᠠᠵᠢᠯ ᠣᠯᠭᠤᠯᠲᠠ ᠬᠢᠴᠢᠶᠡᠯ᠎ᠤᠨ ᠰᠢᠨ᠎ᠡ ᠵᠢ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠶᠡᠭᠡ ᠳᠡᠭᠡᠳᠦ ᠰᠤᠷᠭ᠋ᠠᠭᠤᠯᠢ ᠵᠢᠨ ᠠᠵᠢᠯ ᠣᠯᠭᠤᠵᠤ ᠬᠥᠮᠦᠨ ᠬᠥᠮᠦᠵᠢᠭᠦᠯᠬᠦ ᠴᠢᠨᠠᠷ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠭᠦᠨᠵᠡᠭᠡᠶ ᠰᠦᠪᠡᠭᠴᠢᠯᠡᠬᠦ᠂ ᠤᠷᠤᠯᠳᠤᠭ᠋ᠠᠨ ᠵᠶ᠋ᠠᠷ ᠬᠥᠳᠡᠯᠭᠡᠭᠦᠷ ᠪᠣᠯᠭ᠋ᠠᠬᠤ᠂ ᠥᠯᠢᠭᠡᠷ ᠳᠠᠭᠤᠷᠢᠶᠠᠯ ᠵᠶ᠋ᠠᠷ ᠬᠥᠲᠥᠯᠦᠨ ᠳᠠᠭ᠋ᠠᠭᠤᠯᠬᠤ ᠵᠢ ᠨᠢᠭᠡ ᠴᠣᠭᠴᠠᠵᠢᠭᠤᠯᠤᠭᠰᠠᠨ ᠰᠤᠷᠭ᠋ᠠᠭᠤᠯᠢ ᠵᠢᠨ ᠠᠮᠢᠳᠤᠷᠠᠯ᠎ᠤᠨ ᠰᠤᠷᠭ᠋ᠠᠨ ᠬᠥᠮᠦᠵᠢᠯ ᠪᠠ ᠠᠵᠢᠯ ᠣᠯᠭᠤᠯᠲᠠ ᠵᠢᠯᠣᠭᠤᠳᠬᠤ ᠰᠢᠰᠲ᠋ᠧᠮ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ ᠣᠯᠭᠤᠯᠲᠠ ᠵᠢ ᠵᠢᠯᠣᠭᠤᠳᠬᠤ ᠬᠢᠴᠢᠶᠡᠯ᠎ᠤᠨ ᠦᠵᠡᠭᠦᠯᠬᠦ ᠬᠢᠴᠢᠶᠡᠯ᠎ᠢ ᠪᠠᠶ᠋ᠢᠭᠤᠯᠬᠤ᠎ᠪᠠᠷ ᠳᠠᠮᠵᠢᠭᠤᠯᠤᠨ᠂《ᠠᠵᠢᠯ ᠣᠯᠭᠤᠯᠲᠠ ᠵᠢ ᠵᠢᠯᠣᠭᠤᠳᠬᠤ ᠪᠠᠭᠰᠢ ᠵᠢᠨ ᠴᠢᠳᠠᠪᠤᠷᠢ ᠵᠢ ᠳᠡᠭᠡᠭᠰᠢᠯᠡᠭᠦᠯᠬᠦ ᠲᠥᠯᠥᠪᠯᠡᠭᠡ》ᠵᠢ ᠬᠡᠷᠡᠭᠵᠢᠭᠦᠯᠵᠦ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠥᠮᠦᠨ ᠬᠥᠮᠦᠵᠢᠭᠦᠯᠬᠦ ᠨᠠᠷᠠᠲᠤ ᠲᠡᠮᠳᠡᠭᠲᠦ ᠵᠢ ᠪᠣᠶ ᠪᠣᠯᠭ᠋ᠠᠬᠤ ᠵᠡᠷᠭᠡ ᠠᠵᠢᠯᠯᠠᠭ᠎ᠠ ᠵᠢ ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠤᠯᠲᠠ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠤᠨ᠎ᠠ᠃