ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
— 2024 ᠣᠨ᠎ᠤ 1 ᠳ᠋ᠦ᠍ᠭᠡᠷ ᠰᠠᠷ᠎ᠠ ᠵᠢᠨ 30᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯᠳᠤᠭ᠋ᠠᠨ ᠳᠡᠭᠡᠷ᠎ᠡ
ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ
ᠲᠥᠯᠥᠭᠡᠯᠡᠭᠴᠢᠳ ᠠ᠋᠄
ᠤᠳᠤ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠪᠠ ᠪᠤᠰᠤᠳ ᠰᠤᠯᠠ ᠤᠷᠤᠯᠴᠬᠠᠰᠠᠨ ᠨᠥᠬᠦᠳ ᠰᠠᠨᠠᠯ ᠵᠶ᠋ᠠᠨ ᠳᠤᠷᠠᠳᠬᠤ ᠪᠣᠯᠪᠠᠤ᠃
ᠨᠢᠭᠡ᠂ ᠥᠩᠭᠡᠷᠡᠭᠰᠡᠨ ᠨᠢᠭᠡ ᠵᠢᠯ᠎ᠤᠨ ᠠᠵᠢᠯ᠎ᠤᠨ ᠡᠷᠭᠢᠴᠡᠭᠦᠯᠦᠯ
2023 ᠣᠨ ᠪᠣᠯ ᠥᠪᠥᠷ ᠮᠣᠩᠭᠤᠯ᠎ᠤᠨ ᠬᠥᠭᠵᠢᠯᠲᠡ ᠵᠢᠨ ᠲᠡᠦᠬᠡᠨ᠎ᠳᠠᠬᠢ ᠬᠥᠰᠢᠶ᠎ᠡ ᠳᠤᠷᠠᠰᠬᠠᠯ᠎ᠤᠨ ᠠᠴᠢ ᠬᠤᠯᠪᠣᠭᠳᠠᠯ᠎ᠲᠠᠢ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ ᠮᠠᠨ᠎ᠤ ᠣᠷᠣᠨ᠎ᠳᠤ ᠳᠠᠬᠢᠨᠲᠠ ᠮᠣᠷᠢᠯᠠᠨ ᠰᠠᠭ᠋ᠠᠲᠠᠵᠤ ᠰᠢᠨᠵᠢᠯᠡᠨ ᠪᠠᠶ᠋ᠢᠴᠠᠭ᠋ᠠᠭᠰᠠᠨ᠎ᠨᠢ ᠪᠢᠳᠡᠨ᠎ᠳᠤ ᠯᠤᠲᠤ ᠶᠡᠭᠡ ᠤᠯᠤᠰ ᠲᠦᠷᠦ ᠵᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠵᠢᠨ ᠠᠵᠠ ᠲᠤᠬᠢᠶᠠᠯ᠎ᠢ ᠠᠪᠴᠢᠷᠠᠪᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠦᠭᠰᠡᠨ᠎ᠨᠢ ᠪᠢᠳᠡᠨ᠎ᠤ ᠲᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠠᠤᠭ᠎ᠠ ᠶᠡᠭᠡ ᠬᠦᠴᠦᠨ ᠴᠢᠳᠠᠯ᠎ᠢ ᠬᠤᠷᠠᠮᠳᠤᠭᠤᠯᠪᠠ᠃ ᠲᠦᠷᠦ ᠵᠢᠨ ᠶᠠᠪᠤᠳᠠᠯ᠎ᠤᠨ ᠬᠤᠷᠢᠶ᠎ᠠ ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠬᠦ ᠰᠠᠨᠠᠯ᠎ᠢ ᠨᠡᠶ᠋ᠢᠲᠡᠯᠡᠭᠰᠡᠨ᠎ᠨᠢ ᠪᠢᠳᠡᠨ᠎ᠤ ᠲᠠᠪᠤᠨ ᠶᠡᠭᠡ ᠡᠭᠦᠷᠭᠡ ᠵᠢ ᠨᠡᠩ ᠰᠠᠶ᠋ᠢᠲᠤᠷ ᠪᠡᠶᠡᠯᠡᠭᠦᠯᠬᠦ᠎ᠳᠤ ᠬᠦᠴᠦᠲᠡᠢ ᠬᠥᠳᠡᠯᠭᠡᠭᠴᠢ ᠬᠦᠴᠦᠨ ᠬᠠᠩᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠠᠴᠠ ᠬᠤᠶᠠᠷ ᠶᠡᠭᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ ᠶᠡᠷᠦᠩᠬᠡᠶ᠋ᠢᠯᠡᠨ ᠵᠠᠬᠢᠷᠬᠤ ᠴᠢᠨᠠᠷᠲᠠᠢ ᠱᠠᠭ᠋ᠠᠷᠳᠠᠯᠭ᠎ᠠ ᠪᠠ ᠰᠢᠨ᠎ᠡ ᠵᠠᠮ᠎ᠢ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ ᠲᠡᠮᠡᠴᠡᠯ᠎ᠤᠨ ᠬᠠᠷᠠᠯᠲᠠ ᠵᠢ ᠳᠤᠷᠠᠳᠴᠤ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠰᠡᠳᠬᠢᠯ ᠵᠢᠷᠦᠬᠡᠨ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠤᠨ᠂ ᠶᠡᠷᠦᠩᠬᠡᠢ ᠱᠦᠵᠢ ᠰᠢ ᠵᠢᠨ ᠫᠢᠩ᠎ᠢ ᠲᠠᠭ᠋ᠠᠵᠦ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠵᠤ᠂ ᠣᠷᠣᠨ ᠳᠠᠶᠠᠭ᠋ᠠᠷ ᠵᠶ᠋ᠠᠨ ᠶᠡᠷᠦᠩᠬᠡᠢ ᠬᠡᠮᠵᠢᠶ᠎ᠡ᠎ᠪᠠᠨ ᠪᠤᠵᠠᠭ᠋ᠠᠶ᠋ᠢᠷᠠᠭᠤᠯᠬᠤ ᠪᠠ ᠪᠠᠶ᠋ᠢᠷᠢ ᠳᠡᠭᠡᠭᠰᠢᠯᠡᠭᠦᠯᠦᠨ ᠲᠡᠰ ᠳᠡᠪᠰᠢᠭᠦᠯᠬᠦ ᠡᠷᠡᠯᠬᠡᠭ ᠵᠣᠷᠢᠭ ᠠᠤᠭ᠎ᠠ ᠬᠦᠰᠡᠯ᠎ᠢ ᠪᠣᠢ ᠪᠤᠯᠭ᠋ᠠᠵᠦ᠂ ᠬᠥᠭᠵᠢᠯᠲᠡ᠎ᠪᠠᠨ ᠲᠦᠷᠭᠡᠳᠬᠡᠬᠦ᠂ ᠬᠥᠭᠵᠢᠯᠲᠡ ᠵᠢ ᠶᠡᠭᠡ᠎ᠪᠠᠷ ᠠᠳᠬᠤᠬᠤ ᠬᠦᠴᠦᠷᠬᠡᠭ ᠶᠡᠭᠡ ᠨᠡᠶ᠋ᠢᠯᠡᠮᠡᠯ ᠬᠦᠴᠦᠨ᠎ᠢ ᠨᠢᠭᠲᠠᠷᠠᠭᠤᠯᠪᠠ᠃
ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠵᠢᠯ᠎ᠤᠨ ᠬᠠᠷᠠᠯᠲᠠ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠬᠢᠯᠪᠠᠷ ᠪᠤᠰᠤ ᠠᠮᠵᠢᠯᠲᠠ ᠪᠦᠳᠦᠮᠵᠢ ᠵᠢᠨ ᠬᠠᠭᠤᠳᠠᠰᠤ ᠲᠤᠰᠢᠶᠠᠭᠰᠠᠨ ᠪᠠᠶ᠋ᠢᠨ᠎ᠠ᠃
— ᠠᠵᠤ ᠠᠬᠤᠢ ᠵᠢᠨ ᠭᠤᠣᠯ ᠭᠦᠢ᠍ᠴᠡᠳᠬᠡᠯ ᠲᠣᠭ᠋ᠠᠨ᠎ᠤ ᠨᠡᠮᠡᠭᠳᠡᠯ᠎ᠤᠨ ᠬᠤᠷᠳᠤᠴᠠ ᠪᠦᠭᠦ ᠤᠯᠤᠰ᠎ᠤᠨ ᠲᠡᠷᠢᠭᠦᠨ ᠡᠩᠨᠡᠭᠡᠨ᠎ᠳᠤ ᠪᠠᠶ᠋ᠢᠷᠢᠰᠢᠪᠠ᠃ ᠭᠠᠵᠠᠷ ᠣᠷᠣᠨ᠎ᠤ ᠦᠢ᠍ᠯᠡᠳᠪᠦᠷᠢᠯᠡᠯ ᠤᠨ ᠶᠡᠷᠦᠩᠬᠡᠢ ᠦᠷᠲᠡᠭ 7.3% ᠨᠡᠮᠡᠭᠳᠡᠨ᠂ ᠪᠦᠭᠦ ᠤᠯᠤᠰ᠎ᠤᠨ ᠭᠤᠷᠪᠠᠳᠤᠭ᠋ᠠᠷ᠎ᠲᠤ ᠪᠠᠶ᠋ᠢᠷᠢᠰᠢᠵᠤ᠂ 2010 ᠣᠨ᠎ᠠᠴᠠ ᠨᠠᠭ᠋ᠠᠰᠢᠬᠢ ᠬᠠᠮᠤᠭ᠎ᠤᠨ ᠰᠠᠶ᠋ᠢᠨ ᠪᠠᠶ᠋ᠢᠷᠢ᠎ᠳᠤ ᠲᠣᠳᠣᠷᠠᠨ᠂ ᠬᠥᠮᠥᠨ ᠳᠤᠮᠳᠠᠴᠢ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 10 ᠲᠦᠮᠡᠨ ᠲᠥᠭᠦᠷᠢᠭ᠎ᠢ ᠳᠠᠪᠠᠪᠠ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ 7.4% ᠨᠡᠮᠡᠭᠳᠡᠵᠦ᠂ ᠪᠦᠭᠦ ᠤᠯᠤᠰ᠎ᠤᠨ ᠳᠣᠯᠣᠳᠤᠭ᠋ᠠᠷ᠎ᠲᠤ ᠪᠠᠶ᠋ᠢᠷᠢᠰᠢᠪᠠ; ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠲᠠ 19.8% ᠨᠡᠮᠡᠭᠳᠡᠵᠦ᠂ ᠪᠦᠭᠦ ᠤᠯᠤᠰ᠎ᠤᠨ ᠬᠤᠶᠠᠳᠤᠭ᠋ᠠᠷ᠎ᠲᠤ ᠪᠠᠶ᠋ᠢᠷᠢᠰᠢᠪᠠ; ᠭᠠᠳᠠᠭ᠋ᠠᠳᠤ ᠠᠷᠠᠯᠵᠢᠶᠠᠨ᠎ᠤ ᠣᠷᠣᠭᠤᠯᠵᠤ ᠭᠠᠷᠭ᠋ᠠᠭᠰᠠᠨ ᠶᠡᠷᠦᠩᠬᠡᠢ ᠲᠤᠭ᠎ᠠ 30.4% ᠨᠡᠮᠡᠭᠳᠡᠵᠦ᠂ ᠪᠦᠭᠦ ᠤᠯᠤᠰ᠎ᠤᠨ ᠭᠤᠷᠪᠠᠳᠤᠭ᠋ᠠᠷ᠎ᠲᠤ ᠪᠠᠶ᠋ᠢᠷᠢᠰᠢᠪᠠ᠃ ᠡᠨᠡ᠎ᠨᠢ ᠥᠪᠥᠷ ᠮᠣᠩᠭᠤᠯ᠎ᠤᠨ ᠬᠥᠭᠵᠢᠯᠲᠡ ᠵᠢᠨ ᠲᠤᠬᠠᠢ ᠥᠷᠭᠡᠨ ᠤᠯᠡᠨ ᠺᠠᠳ᠋ᠷ ᠲᠦᠮᠡᠨ ᠪᠠ ᠨᠡᠶ᠋ᠢᠭᠡᠮ᠎ᠤᠨ ᠡᠯ᠎ᠡ ᠡᠲᠡᠭᠡᠳ᠎ᠤᠨ ᠢᠲᠡᠭᠡᠯ ᠵᠣᠷᠢᠭ᠎ᠢ ᠲᠤᠶ᠋ᠢᠯ᠎ᠤᠨ ᠶᠡᠭᠡ᠎ᠪᠠᠷ ᠨᠡᠮᠡᠭᠳᠡᠭᠦᠯᠪᠡ᠃
— ᠤᠯᠤᠰ᠎ᠤᠨ ᠡᠨᠧᠷᠭᠢ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠮᠡᠳᠡᠭᠳᠡᠬᠦᠶ᠋ᠢᠴᠡ ᠴᠢᠩᠭ᠋ᠠᠷᠠᠪᠠ᠃ ᠨᠡᠭᠦᠷᠡᠰᠦᠨ᠎ᠤ ᠭᠠᠷᠤᠯᠲᠠ 12.2 ᠳ᠋ᠦᠩᠰᠢᠭᠤᠷ ᠲᠣᠨ ᠳᠤ ᠬᠦᠷᠴᠦ᠂ ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠡᠭᠦᠷᠭᠡ᠎ᠪᠠᠨ 9.45 ᠳ᠋ᠦᠩᠰᠢᠭᠤᠷ ᠲᠣᠨ ᠪᠡᠶᠡᠯᠡᠭᠦᠯᠪᠡ᠂ ᠴᠠᠬᠢᠯᠭ᠋ᠠᠨ ᠬᠦᠴᠦᠨ᠎ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠺᠢᠯᠣᠸᠠᠲ᠎ᠢ ᠳᠠᠪᠠᠵᠤ᠂ ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠲᠡᠭᠡᠭᠡᠪᠦᠷᠢᠯᠡᠬᠦ ᠬᠡᠮᠵᠢᠶ᠎ᠡ᠂ ᠴᠠᠬᠢᠯᠭ᠋ᠠᠨ ᠬᠦᠴᠦᠨ᠎ᠤ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ᠎ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ ᠡᠨᠧᠷᠬᠢ ᠵᠢᠨ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ᠎ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠬᠢᠯᠭ᠋ᠠᠨ ᠭᠠᠷᠭ᠋ᠠᠬᠤ ᠶᠡᠷᠦᠩᠬᠡᠢ ᠬᠡᠮᠵᠢᠶ᠎ᠡ ᠵᠢᠴᠢ ᠭᠠᠳᠠᠭᠰᠢ ᠴᠠᠬᠢᠯᠭ᠋ᠠᠨ ᠳᠠᠮᠵᠢᠭᠤᠯᠬᠤ ᠬᠡᠮᠵᠢᠶ᠎ᠡ᠂ ᠰᠢᠨ᠎ᠡ ᠡᠨᠧᠷᠬᠢ᠎ᠪᠠᠷ ᠴᠠᠬᠢᠯᠭ᠋ᠠᠨ ᠭᠠᠷᠭ᠋ᠠᠬᠤ ᠬᠡᠮᠵᠢᠶ᠎ᠡ᠂ ᠨᠡᠭᠦᠷᠡᠰᠦ᠎ᠪᠠᠷ ᠰᠢᠲᠠᠮᠠᠬᠠᠢ ᠬᠡᠢ ᠦᠢ᠍ᠯᠡᠳᠬᠦ ᠦᠢ᠍ᠯᠡᠳᠪᠦᠷᠢᠯᠡᠯ᠎ᠤᠨ ᠴᠢᠳᠠᠮᠵᠢ 《ᠠᠷᠪᠠᠨ ᠲᠠᠯ᠎ᠠ᠎ᠪᠠᠷ ᠪᠦᠭᠦ ᠤᠯᠤᠰ᠎ᠲᠤ ᠮᠠᠩᠯᠠᠶ᠋ᠢᠯᠠᠬᠤ》 ᠵᠢ ᠪᠡᠶᠡᠯᠡᠭᠦᠯᠵᠦ᠂ 29 ᠮᠤᠵᠢ ᠵᠢᠨ ᠡᠨᠧᠷᠬᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠪᠠ᠃ ᠠᠮᠤ ᠪᠤᠳᠠᠭ᠎ᠠ ᠳᠠᠷᠢᠭᠰᠠᠨ ᠲᠠᠯᠠᠪᠠᠢ᠂ ᠨᠢᠭᠡᠴᠢ ᠵᠢᠨ ᠤᠨᠠᠯᠲᠠ᠂ ᠶᠡᠷᠦᠩᠬᠡᠢ ᠤᠨᠠᠯᠲᠠ 《ᠭᠤᠷᠪᠠ ᠵᠢ ᠨᠡᠮᠡᠭᠳᠡᠭᠦᠯᠵᠦ》᠂ ᠠᠮᠤ ᠪᠤᠳᠠᠭ᠋ᠠᠨ᠎ᠤ ᠤᠨᠠᠯᠲᠠ 791.6 ᠳ᠋ᠦᠩᠰᠢᠭᠤᠷ ᠵᠢᠩ᠎ᠳᠤ ᠬᠦᠷᠴᠦ᠂ ᠬᠤᠷᠢᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ ᠵᠢ ᠪᠡᠶᠡᠯᠡᠭᠦᠯᠦᠨ᠂ ᠪᠦᠭᠦ ᠤᠯᠤᠰ᠎ᠤᠨ ᠵᠢᠷᠭᠤᠳᠤᠭ᠋ᠠᠷ ᠪᠠᠶ᠋ᠢᠷᠢ᠎ᠪᠠᠨ ᠯᠠᠪᠳᠠᠭᠤᠨ ᠪᠠᠲᠤᠯᠠᠪᠠ᠂ ᠭᠤᠣᠯ ᠪᠣᠯᠬᠤ ᠮᠢᠬᠠᠨ᠎ᠤ ᠲᠦᠷᠦᠯ᠎ᠤᠨ ᠭᠠᠷᠤᠯᠲᠠ 285.4 ᠲᠦᠮᠡᠨ ᠲᠣᠨ᠂ ᠦᠨᠢᠶᠡᠨ ᠰᠦ ᠵᠢᠨ ᠭᠠᠷᠤᠯᠲᠠ 792.6 ᠲᠦᠮᠡᠨ ᠲᠣᠨ᠎ᠳᠤ ᠬᠦᠷᠴᠦ᠂ ᠴᠥᠮ ᠲᠡᠦᠬᠡ ᠵᠢᠨ ᠰᠢᠨ᠎ᠡ ᠲᠦᠪᠰᠢᠨ᠎ᠳᠤ ᠬᠦᠷᠪᠡ᠃ ᠡᠨᠡ᠎ᠨᠢ ᠥᠪᠥᠷ ᠮᠣᠩᠭᠤᠯ ᠤᠨ ᠤᠯᠤᠰ᠎ᠤᠨ ᠶᠡᠭᠡ ᠲᠠᠯ᠎ᠠ ᠵᠢ ᠪᠠᠲᠤᠯᠠᠬᠤ ᠬᠠᠷᠢᠭᠤᠴᠠᠯᠭ᠎ᠠ ᠡᠭᠦᠷᠭᠡᠯᠡᠯ᠎ᠢ ᠭᠦᠢ᠍ᠴᠡᠳ ᠢᠯᠡᠷᠡᠭᠦᠯᠪᠡ᠃
— 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠪᠦᠭᠦ ᠲᠠᠯ᠎ᠠ᠎ᠪᠠᠷ ᠡᠬᠢᠯᠡᠭᠦᠯᠪᠡ᠃ ᠪᠢᠳᠡ ᠶᠡᠷᠦᠩᠬᠡᠢ ᠱᠦᠵᠢ ᠰᠢ ᠵᠢᠨ ᠫᠢᠩ ᠤᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠲᠤᠬᠠᠢ ᠵᠠᠷᠯᠢᠭ ᠵᠢᠭ᠋ᠠᠪᠤᠷᠢ ᠵᠢ ᠴᠤᠤᠷᠢᠶᠠᠲᠤᠨ ᠳᠠᠭ᠋ᠠᠵᠤ᠂ ᠭᠤᠣᠯᠯᠠᠨ ᠲᠠᠭ᠋ᠠᠷᠢᠵᠦ ᠭᠤᠣᠯ ᠬᠦᠴᠦᠨ ᠪᠣᠯᠵᠤ᠂ ᠦᠳᠲᠡᠷ ᠲᠦᠷᠭᠡᠨ ᠬᠥᠳᠡᠯᠦᠯᠴᠡᠵᠦ᠂ 《ᠨᠢᠭᠡ ᠲᠥᠯᠦᠪᠵᠢᠭᠦᠯᠭᠡ ᠭᠤᠷᠪᠠᠨ ᠲᠥᠰᠥᠯ》᠎ᠢ ᠨᠠᠶ᠋ᠢᠷᠠᠭᠤᠯᠤᠨ ᠵᠣᠬᠢᠶᠠᠵᠤ ᠳᠠᠭᠤᠰᠬᠠᠨ᠂ 5 ᠵᠠᠰᠠᠯᠲᠠ ᠵᠢᠨ ᠣᠷᠣᠨ ᠪᠠ 11 ᠴᠢᠬᠤᠯᠠ ᠶᠡᠭᠡ ᠲᠦᠷᠦᠯ ᠵᠦᠢ᠍ᠯ ᠪᠦᠭᠦᠨ᠎ᠢ ᠤᠯᠤᠰ᠎ᠤᠨ ᠲᠥᠯᠦᠪᠵᠢᠭᠦᠯᠭᠡ᠎ᠳᠤ ᠤᠷᠤᠭᠤᠯᠬᠤ ᠵᠢ ᠠᠬᠢᠭᠤᠯᠵᠤ᠂ ᠬᠤᠰᠢᠭᠤ ᠰᠢᠶᠠᠨ ᠪᠦᠭᠦᠨ᠎ᠢ ᠬᠡᠷᠡᠭᠵᠢᠭᠦᠯᠬᠦ ᠬᠡᠪᠴᠢᠶᠡᠨ᠎ᠳᠤ ᠣᠷᠣᠭᠤᠯᠤᠨ᠂ ᠭᠤᠷᠪᠠᠨ ᠲᠣᠮᠣ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ ᠤᠷᠤᠭᠰᠢᠲᠠᠢ ᠡᠬᠢᠯᠡᠵᠦ᠂ ᠪᠦᠭᠦ ᠵᠢᠯ᠎ᠳᠤ 556 ᠲᠦᠮᠡᠨ ᠮᠦ᠍ ᠣᠶ᠋ᠢᠵᠢᠭᠤᠯᠤᠨ᠂ 1817 ᠲᠦᠮᠡᠨ ᠮᠦ᠍ ᠡᠪᠡᠰᠦ ᠲᠠᠷᠢᠵᠤ᠂ 950 ᠲᠦᠮᠡᠨ ᠮᠦ᠍ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠵᠤ᠂ ᠲᠤᠰ ᠪᠦᠷᠢ ᠣᠨ᠎ᠤ ᠡᠭᠦᠷᠭᠡ᠎ᠪᠠᠨ 149%᠂ 140%᠂ 151%᠎ᠪᠠᠷ ᠪᠡᠶᠡᠯᠡᠭᠦᠯᠪᠡ᠃ ᠡᠨᠡ᠎ᠨᠢ ᠨᠠᠮ᠎ᠤᠨ ᠲᠥᠪ ᠬᠤᠷᠢᠶ᠎ᠠ ᠪᠠᠶ᠋ᠢᠷᠢᠯᠠᠭᠤᠯᠤᠯᠲᠠ ᠬᠢᠭᠰᠡᠭᠡᠷ ᠥᠪᠥᠷ ᠮᠣᠩᠭᠤᠯ ᠪᠣᠳᠠᠲᠠᠢ ᠠᠵᠢᠯᠯᠠᠭ᠎ᠠ ᠠᠪᠳᠠᠭ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠤᠬᠠᠮᠰᠠᠷ᠎ᠢ ᠭᠦᠢ᠍ᠴᠡᠳ ᠬᠠᠷᠠᠭᠤᠯᠪᠠ᠃
— ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ ᠤᠯᠠᠮ ᠨᠢᠭᠡ ᠠᠯᠬᠤᠮ ᠰᠠᠶ᠋ᠢᠵᠢᠷᠠᠪᠠ᠃ ᠨᠡᠭᠦᠷᠡᠰᠦᠨ᠎ᠤ ᠠᠵᠤ ᠦᠢ᠍ᠯᠡᠰ ᠵᠥᠪᠬᠡᠨ 1.4% ᠨᠡᠮᠡᠭᠳᠡᠭᠰᠡᠨ ᠪᠣᠯᠪᠠᠴᠤ ᠨᠡᠭᠦᠷᠡᠰᠦᠨ᠎ᠤ ᠪᠤᠰᠤ ᠠᠵᠤ ᠦᠢ᠍ᠯᠡᠰ ᠦᠳᠲᠡᠷ ᠲᠦᠷᠭᠡᠨ ᠨᠡᠮᠡᠭᠳᠡᠨ 12.1%᠎ᠳᠤ ᠬᠦᠷᠴᠦ᠂ ᠦᠢ᠍ᠯᠡᠳᠬᠦ ᠦᠢ᠍ᠯᠡᠰ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠪᠤᠢ ᠪᠣᠯᠤᠭᠰᠠᠨ ᠠᠵᠤ ᠦᠢ᠍ᠯᠡᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠦᠢ᠍ᠯᠡᠰ᠂ ᠴᠥᠮ ᠬᠤᠶᠠᠷ ᠣᠷᠣᠨᠲᠤ ᠲᠣᠭ᠋ᠠᠨ᠎ᠤ ᠨᠡᠮᠡᠭᠳᠡᠯ᠎ᠲᠠᠢ ᠪᠣᠯᠬᠤ ᠵᠢ ᠪᠡᠶᠡᠯᠡᠭᠦᠯᠪᠡ᠃ ᠠᠵᠤ ᠦᠢ᠍ᠯᠡᠳᠪᠦᠷᠢ ᠵᠢᠨ ᠪᠡᠯᠡ ᠣᠷᠤᠭᠤᠯᠤᠯᠲᠠ 32.9% ᠨᠡᠮᠡᠭᠳᠡᠨ᠂ ᠪᠦᠭᠦ ᠤᠯᠤᠰ᠎ᠤᠨ ᠬᠤᠶᠠᠳᠤᠭ᠋ᠠᠷ᠎ᠲᠤ ᠪᠠᠶ᠋ᠢᠷᠢᠰᠢᠵᠤ᠂ ᠦᠢ᠍ᠯᠡᠳᠬᠦ ᠦᠢ᠍ᠯᠡᠰ᠎ᠤᠨ ᠪᠡᠯᠡ ᠤᠷᠤᠭᠤᠯᠤᠯᠲᠠ 46.4% ᠨᠡᠮᠡᠭᠳᠡᠨ᠂ ᠰᠢᠨ᠎ᠡ ᠡᠨᠧᠷᠬᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠪᠡᠯᠡ ᠤᠷᠤᠭᠤᠯᠤᠯᠲᠠ 1.2 ᠲᠠᠬᠢᠨ ᠨᠡᠮᠡᠭᠳᠡᠪᠡ᠃ ᠡᠩ᠎ᠤᠨ ᠤᠯᠠᠨ ᠨᠡᠶ᠋ᠢᠳᠡ ᠵᠢᠨ ᠲᠥᠰᠥᠪ᠎ᠤᠨ ᠣᠷᠣᠯᠭ᠎ᠠ 3000 ᠳ᠋ᠦᠩᠰᠢᠭᠤᠷ ᠲᠥᠭᠦᠷᠢᠭ᠎ᠢ ᠳᠠᠪᠠᠵᠤ᠂ ᠪᠦᠭᠦ ᠲᠥᠷᠥᠯᠵᠢᠯ᠎ᠤᠨ ᠭᠠᠶ᠋ᠢᠯᠢ ᠲᠠᠲᠠᠪᠤᠷᠢ᠎ᠳᠠᠬᠢ ᠣᠷᠣᠨ ᠨᠤᠲᠤᠭ᠎ᠤᠨ ᠲᠥᠷᠥᠯᠵᠢᠯ᠎ᠤᠨ ᠭᠠᠶ᠋ᠢᠯᠢ ᠲᠠᠲᠠᠪᠤᠷᠢ ᠵᠢᠨ ᠡᠵᠡᠯᠡᠬᠦ ᠬᠠᠷᠢᠴᠠᠯ᠎ᠨᠢ 59.4%᠎ᠳᠤ ᠬᠦᠷᠴᠦ᠂ ᠪᠦᠭᠦ ᠤᠯᠤᠰ᠎ᠤᠨ ᠲᠡᠷᠢᠭᠦᠨ᠎ᠳᠤ ᠪᠠᠶ᠋ᠢᠷᠢᠰᠢᠪᠠ᠃ ᠡᠨᠡ᠎ᠨᠢ ᠥᠪᠥᠷ ᠮᠣᠩᠭᠤᠯ᠎ᠤᠨ ᠪᠦᠲᠦᠴᠡ᠎ᠪᠠᠨ ᠲᠣᠬᠢᠷᠠᠭᠤᠯᠬᠤ᠂ ᠬᠥᠳᠡᠯᠭᠡᠭᠴᠢ ᠴᠢᠳᠠᠪᠤᠷᠢ᠎ᠪᠠᠨ ᠬᠤᠪᠢᠷᠠᠭᠤᠯᠬᠤ᠂ ᠶᠠᠰᠤ ᠴᠢᠨᠠᠷ ᠵᠶ᠋ᠠᠨ ᠳᠡᠭᠡᠭᠰᠢᠯᠡᠭᠦᠯᠬᠦ ᠲᠠᠯ᠎ᠠ᠎ᠳᠤ ᠢᠳᠡᠷᠡᠭᠦᠨ ᠠᠯᠬᠤᠭ᠎ᠠ ᠠᠯᠬᠤᠭᠰᠠᠨ᠎ᠢ ᠲᠤᠰᠬᠠᠪᠠ᠃
— ᠡᠯ᠎ᠡ ᠠᠶ᠋ᠢᠮᠠᠭ ᠬᠤᠲᠠ ᠠᠳᠠᠯᠢᠳᠬᠠᠨ ᠰᠤᠷᠴᠤ ᠭᠦᠢ᠍ᠴᠡᠨ ᠳᠠᠪᠠᠭ᠍ᠤ᠎ᠪᠠᠷ ᠮᠡᠷᠡᠶ᠋ᠢᠨ ᠲᠡᠮᠡᠴᠡᠵᠦ ᠬᠥᠭᠵᠢᠪᠡ᠃ ᠭᠦᠬᠡᠬᠤᠲᠠ ᠪᠠ ᠪᠤᠭᠤᠲᠤ ᠬᠤᠲᠠ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ ᠴᠥᠮ 10%᠎ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠴᠥᠮ 20%᠎ᠠᠴᠠ ᠳᠡᠭᠡᠭᠰᠢ ᠨᠡᠮᠡᠭᠳᠡᠨ᠂ 7 ᠠᠶ᠋ᠢᠮᠠᠭ ᠬᠤᠲᠠ ᠵᠢᠨ ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠲᠠ ᠵᠢᠨ ᠨᠡᠮᠡᠭᠳᠡᠯ᠎ᠤᠨ ᠬᠤᠷᠳᠤᠴᠠ 20% ᠵᠢ ᠳᠠᠪᠠᠵᠤ᠂ ᠣᠷᠳᠣᠰ ᠬᠤᠲᠠ 27.4%᠎ᠳᠤ ᠬᠦᠷᠪᠡ᠃ ᠰᠢᠯᠢ ᠵᠢᠨ ᠭᠤᠣᠯ ᠠᠶ᠋ᠢᠮᠠᠭ᠎ᠤᠨ ᠰᠢᠨ᠎ᠡ ᠡᠨᠧᠷᠬᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠪᠠ ᠴᠠᠬᠢᠯᠭ᠋ᠠᠨ ᠭᠠᠷᠭ᠋ᠠᠭᠰᠠᠨ ᠬᠡᠮᠵᠢᠶ᠎ᠡ ᠴᠥᠮ ᠪᠦᠭᠦ ᠤᠯᠤᠰ᠎ᠤᠨ ᠲᠤᠰᠬᠠᠢ ᠣᠷᠣᠨ᠂ ᠬᠤᠲᠠ ᠵᠢᠨ ᠲᠡᠰ᠎ᠤᠨ ᠬᠤᠶᠠᠳᠤᠭ᠋ᠠᠷ᠎ᠲᠤ ᠪᠠᠶ᠋ᠢᠷᠢᠰᠢᠵᠤ᠂ ᠤᠯᠠᠭ᠋ᠠᠨᠴᠠᠪ ᠬᠤᠲᠠ ᠵᠢᠨ ᠬᠠᠶ᠋ᠢᠯᠤᠰᠢ ᠵᠢᠨ ᠮᠠᠲ᠋ᠧᠷᠢᠶᠠᠯ᠂ ᠪᠢᠯᠢᠭ ᠲᠤᠶ᠋ᠢᠯ᠎ᠤᠨ ᠮᠠᠲ᠋ᠧᠷᠢᠶᠠᠯ ᠪᠠ ᠲᠥᠮᠥᠰᠥᠨ᠎ᠤ ᠵᠦᠰᠦᠮ ᠦᠢ᠍ᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ᠎ᠲᠤ ᠲᠦᠷᠦᠭᠦᠯᠡᠵᠦ᠂ ᠠᠯᠠᠱ᠌ᠠ ᠠᠶ᠋ᠢᠮᠠᠭ ᠪᠦᠭᠦ ᠤᠯᠤᠰ᠎ᠤᠨ ᠬᠠᠮᠤᠭ᠎ᠤᠨ ᠶᠡᠭᠡ ᠳᠠᠩ ᠴᠣᠭᠴᠠ ᠵᠢᠨ ᠦᠢ᠍ᠯᠡᠳᠪᠦᠷᠢᠯᠡᠬᠦ ᠬᠡᠮᠵᠢᠶ᠎ᠡ᠎ᠲᠠᠢ ᠴᠡᠪᠡᠷ ᠬᠤᠵᠢᠷ᠎ᠤᠨ ᠲᠦᠷᠦᠯ ᠵᠦᠢ᠍ᠯ᠎ᠢ ᠪᠠᠶ᠋ᠢᠭᠤᠯᠪᠠ᠃ ᠡᠨᠡ᠎ᠨᠢ ᠥᠪᠥᠷ ᠮᠣᠩᠭᠤᠯ᠎ᠤᠨ ᠲᠡᠷᠢᠭᠦᠨ᠎ᠤ᠎ᠬᠢ᠎ᠲᠠᠢ ᠪᠠᠷᠢᠮᠵᠢᠶᠠᠯᠠᠨ ᠬᠠᠷᠭᠤᠭᠤᠯᠵᠤ᠂ ᠲᠡᠷᠢᠭᠦᠨ᠎ᠢ ᠲᠡᠮᠡᠴᠡᠨ ᠲᠡᠰ ᠳᠡᠪᠰᠢᠬᠦ ᠡᠷᠴᠢ ᠵᠣᠷᠢᠭ ᠤᠯᠠᠮ᠎ᠠᠴᠠ ᠤᠯᠠᠮ ᠴᠢᠩᠭ᠋ᠠᠷᠠᠵᠤ ᠪᠠᠶ᠋ᠢᠭ᠎ᠠ ᠵᠢ ᠬᠠᠷᠠᠭᠤᠯᠪᠠ᠃
ᠨᠢᠭᠡ ᠵᠢᠯ᠎ᠤᠨ ᠲᠤᠷᠰᠢ᠂ ᠪᠢᠳᠡ ᠲᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠡᠯ᠎ᠡ ᠵᠦᠢ᠍ᠯ᠎ᠤᠨ ᠠᠵᠢᠯ᠎ᠤᠨ ᠭᠤᠣᠯ ᠰᠢᠵᠢᠮ᠎ᠢ ᠪᠠᠲᠤ ᠴᠢᠩᠭ᠎ᠠ ᠡᠵᠡᠮᠰᠢᠨ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠡᠨᠡ ᠬᠦ᠌ ᠲᠡᠷᠢᠭᠦᠨ ᠴᠢᠬᠤᠯᠠ ᠡᠭᠦᠷᠭᠡ ᠵᠢᠨ ᠲᠣᠭᠤᠷᠢᠨ᠎ᠳᠤ ᠨᠢᠭᠲᠠ ᠤᠶᠠᠯᠳᠤᠵᠤ᠂ ᠳᠣᠣᠷᠠᠬᠢ ᠠᠵᠢᠯ᠎ᠢ ᠭᠤᠣᠯᠳᠠᠯᠭ᠎ᠠ ᠪᠣᠯᠭ᠋ᠠᠨ ᠬᠢᠪᠡ᠃
ᠨᠢᠭᠡ᠎ᠳᠤ ᠠᠵᠤ ᠠᠬᠤᠢ ᠵᠢᠨ ᠲᠦᠷᠭᠡᠨ ᠮᠥᠷᠲᠡᠭᠡᠨ ᠰᠠᠶ᠋ᠢᠨ ᠬᠥᠭᠵᠢᠯᠲᠡ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠪᠠ᠃ ᠪᠡᠯᠡ ᠤᠷᠤᠭᠤᠯᠤᠯᠲᠠ ᠵᠢ ᠥᠷᠭᠡᠳᠬᠡᠬᠦ᠂ ᠬᠡᠷᠡᠭᠯᠡᠭᠡ ᠵᠢ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢᠨ 《ᠬᠠᠮ ᠠᠷᠭ᠎ᠠ ᠪᠣᠳᠣᠯᠭ᠎ᠠ》 ᠵᠢ ᠲᠠᠰᠤᠷᠠᠯᠳᠠ ᠦᠭᠡᠢ ᠨᠡᠶ᠋ᠢᠲᠡᠯᠡᠵᠦ᠂ ᠠᠵᠢᠯᠯᠠᠭ᠋ᠠᠨ᠎ᠤ ᠲᠣᠬᠢᠷᠠᠭᠤᠯᠤᠯᠲᠠ᠎ᠪᠠᠨ ᠰᠠᠷ᠎ᠠ ᠤᠯᠠᠷᠢᠯ ᠵᠶ᠋ᠠᠷ ᠴᠢᠩᠭ᠋ᠠᠳᠬᠠᠨ᠂ ᠥᠨᠳᠥᠷ ᠰᠠᠭᠤᠷᠢ ᠲᠣᠭ᠋ᠠᠨ ᠳᠡᠭᠡᠷᠡᠬᠢ ᠠᠵᠤ ᠠᠬᠤᠢ ᠵᠢᠨ ᠲᠦᠷᠭᠡᠨ ᠨᠡᠮᠡᠭᠳᠡᠯ᠎ᠢ ᠠᠬᠢᠭᠤᠯᠪᠠ᠃ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠤᠭᠰᠠᠨ ᠦᠷ᠎ᠡ ᠪᠦᠲᠦᠮᠵᠢ ᠢᠯᠡᠳᠲᠡ ᠪᠠᠶ᠋ᠢᠵᠤ᠂ ᠣᠨ᠎ᠤ ᠡᠬᠢᠯᠡᠯᠲᠡ ᠵᠢᠨ ᠠᠩᠬᠠᠨ᠎ᠤ ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠵᠡᠷᠭᠡ ᠲᠤᠰᠬᠠᠢ ᠲᠠᠯᠠᠪᠤᠷ᠎ᠤᠨ ᠬᠤᠳᠠᠯᠳᠤᠭ᠋ᠠᠴᠢᠨ ᠤᠷᠢᠬᠤ ᠠᠵᠢᠯᠯᠠᠭ᠎ᠠ ᠵᠢ ᠡᠷᠬᠢᠯᠡᠵᠦ᠂ ᠪᠦᠭᠦ ᠣᠷᠣᠨ᠎ᠳᠤ 4778 ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠵᠢ ᠣᠷᠣᠭᠤᠯᠤᠨ ᠠᠪᠴᠢᠷᠠᠵᠤ᠂ 40.2% ᠨᠡᠮᠡᠭᠳᠡᠨ᠂ ᠳᠡᠯᠡᠬᠡᠢ ᠵᠢᠨ 500 ᠬᠦᠴᠦᠷᠬᠡᠭ ᠪᠣᠯᠤᠭᠰᠠᠨ 45 ᠠᠵᠤ ᠠᠬᠤᠶ᠋ᠢᠯᠠᠯ ᠪᠠ ᠲᠤᠮᠳᠠᠳᠤ ᠤᠯᠤᠰ᠎ᠤᠨ 500 ᠬᠦᠴᠦᠷᠬᠡᠭ ᠪᠣᠯᠤᠭᠰᠠᠨ 22 ᠠᠵᠤ ᠠᠬᠤᠶ᠋ᠢᠯᠠᠯ ᠮᠠᠨ᠎ᠤ ᠣᠷᠣᠨ᠎ᠳᠤ ᠪᠡᠯᠡ ᠣᠷᠣᠭᠤᠯᠵᠤ ᠦᠢ᠍ᠯᠡᠰ ᠡᠷᠬᠢᠯᠡᠪᠡ᠃ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠰᠦᠷ ᠳᠠᠯᠠᠶ᠋ᠢᠴᠠᠲᠠᠢ ᠥᠷᠨᠢᠵᠦ᠂ ᠴᠢᠬᠤᠯᠠ ᠶᠡᠭᠡ ᠲᠦᠷᠦᠯ ᠵᠦᠢ᠍ᠯ᠎ᠢ 3155 ᠬᠡᠷᠡᠭᠵᠢᠭᠦᠯᠵᠦ᠂ 8259 ᠳ᠋ᠦᠩᠰᠢᠭᠤᠷ ᠲᠥᠭᠦᠷᠢᠭ᠎ᠤᠨ ᠪᠡᠯᠡ ᠤᠷᠤᠭᠤᠯᠤᠯᠲᠠ ᠵᠢ ᠪᠡᠶᠡᠯᠡᠭᠦᠯᠦᠨ᠂ ᠵᠠᠭᠤᠨ ᠳ᠋ᠦᠩᠰᠢᠭᠤᠷ ᠲᠥᠭᠦᠷᠢᠭ᠎ᠢ ᠳᠠᠪᠠᠭᠰᠠᠨ ᠪᠡᠯᠡ ᠤᠷᠤᠭᠤᠯᠤᠯᠲᠡ᠎ᠲᠠᠢ ᠠᠵᠤ ᠦᠢ᠍ᠯᠡᠰ᠎ᠤᠨ ᠲᠦᠷᠦᠯ ᠵᠦᠢ᠍ᠯ᠎ᠢ 42 ᠰᠢᠨ᠎ᠡ᠎ᠪᠠᠷ ᠪᠠᠶ᠋ᠢᠭᠤᠯᠤᠭᠰᠠᠨ ᠪᠤᠶᠤ ᠵᠠᠯᠭ᠋ᠠᠵᠤ ᠪᠠᠶ᠋ᠢᠭᠤᠯᠪᠠ᠃ ᠰᠠᠭᠤᠷᠢ ᠪᠡᠯᠡᠳᠬᠡᠮᠵᠢ ᠲᠠᠰᠤᠷᠠᠯᠳᠠ ᠦᠭᠡᠢ ᠲᠡᠭᠦᠯᠳᠡᠷᠵᠢᠪᠡ᠂ ᠲᠦᠷᠭᠡᠨ᠎ᠤ ᠵᠠᠰᠠᠮᠠᠯ ᠵᠠᠮ᠎ᠢ 876 ᠺᠢᠯᠣᠮᠧᠳ᠋ᠷ ᠰᠢᠨ᠎ᠡ᠎ᠪᠠᠷ ᠲᠡᠷᠭᠡ ᠨᠠᠪᠲᠠᠷᠡᠭᠦᠯᠵᠦ᠂ ᠥᠪᠥᠷ ᠮᠣᠩᠭᠤᠯ᠎ᠤᠨ ᠬᠢᠯᠢ ᠳᠣᠲᠣᠷᠠᠬᠢ ᠤᠯᠤᠰ᠎ᠤᠨ ᠲᠦᠷᠭᠡᠨ᠎ᠤ ᠵᠠᠰᠠᠮᠠᠯ ᠵᠠᠮ᠎ᠤᠨ ᠭᠤᠣᠯ ᠱᠤᠭᠤᠮ᠎ᠤᠨ ᠬᠡᠰᠡᠭ᠎ᠢ ᠪᠦᠭᠦᠨ᠎ᠢ ᠨᠡᠪᠲᠡᠷᠡᠭᠦᠯᠦᠨ᠂ ᠵᠡᠭᠦᠨ ᠪᠠᠷᠠᠭᠤᠨ ᠲᠦᠷᠭᠡᠨ᠎ᠤ ᠵᠠᠰᠠᠮᠠᠯ ᠵᠠᠮ᠎ᠤᠨ ᠶᠡᠭᠡ ᠨᠡᠪᠳᠡᠷᠡᠯ ᠵᠠᠮ᠎ᠢ ᠵᠠᠯᠭ᠋ᠠᠵᠤ 108 ᠺᠢᠯᠣᠮᠧᠳ᠋ᠷ ᠵᠠᠰᠠᠭᠰᠠᠭ᠋ᠠᠷ ᠪᠦᠭᠦ ᠱᠤᠭᠤᠮ ᠵᠶ᠋ᠠᠷ ᠨᠡᠪᠳᠡᠷᠡᠵᠦ᠂ ᠠᠵᠤ ᠦᠢ᠍ᠯᠡᠰ᠎ᠤᠨ ᠵᠠᠮ᠂ ᠵᠢᠭᠤᠯᠴᠢᠯᠠᠯ᠎ᠤᠨ ᠵᠠᠮ᠎ᠢ 1085 ᠺᠢᠯᠣᠮᠧᠳ᠋ᠷ ᠡᠬᠢᠯᠡᠭᠦᠯᠦᠨ ᠪᠠᠶ᠋ᠢᠭᠤᠯᠵᠤ᠂ 《ᠮᠤᠬᠤᠷ ᠵᠠᠮ》᠎ᠢ 260 ᠺᠢᠯᠣᠮᠧᠳ᠋ᠷ ᠨᠡᠪᠲᠡᠷᠡᠭᠦᠯᠪᠡ; ᠪᠠᠶ᠋ᠢᠭᠤᠯᠵᠤ ᠪᠠᠶ᠋ᠢᠭ᠎ᠠ ᠲᠦᠷᠭᠡᠨ᠎ᠤ ᠪᠠ ᠬᠤᠷᠳᠤᠨ᠎ᠤ ᠲᠡᠮᠦᠷ ᠵᠠᠮ 1700 ᠭᠠᠷᠤᠢ ᠺᠢᠯᠣᠮᠧᠳ᠋ᠷ᠎ᠲᠤ ᠬᠦᠷᠪᠡ; 《ᠰᠠᠯᠪᠤᠷᠢ ᠱᠤᠭᠤᠮ᠎ᠤᠨ ᠨᠡᠪᠳᠡᠷᠡᠯ》 ᠠᠭ᠋ᠠᠷ᠎ᠤᠨ ᠠᠶᠠᠯᠠᠯ᠎ᠤᠨ ᠱᠤᠭᠤᠮ᠎ᠢ 29 ᠵᠤᠷᠪᠤᠰ ᠰᠢᠨ᠎ᠡ᠎ᠪᠠᠷ ᠨᠡᠪᠲᠡᠷᠡᠭᠦᠯᠦᠨ᠂ ᠨᠡᠶ᠋ᠢᠲᠡ 50 ᠵᠤᠷᠪᠤᠰ ᠱᠤᠭᠤᠮ᠎ᠢ ᠨᠡᠪᠲᠡᠷᠡᠭᠦᠯᠦᠨ ᠠᠵᠢᠯᠯᠠᠭᠤᠯᠵᠤ᠂ ᠠᠶ᠋ᠢᠮᠠᠭ ᠬᠤᠲᠠ ᠵᠢᠨ ᠬᠤᠭᠤᠷᠤᠨᠳᠤᠬᠢ 《ᠡᠭᠡᠯᠲᠡ ᠪᠤᠴᠠᠯᠲᠠ》 ᠵᠢᠨ ᠠᠰᠠᠭᠤᠳᠠᠯ᠎ᠢ ᠦᠨᠳᠦᠰᠦᠨ᠎ᠳᠤ᠎ᠪᠠᠨ ᠰᠢᠢ᠍ᠳᠪᠦᠷᠢᠯᠡᠪᠡ; ᠴᠤᠤᠯ ᠭᠤᠣᠯ᠎ᠤᠨ ᠤᠰᠤ ᠵᠢ ᠲᠠᠲᠠᠵᠤ ᠯᠢᠶᠤᠤ ᠾᠧ ᠭᠤᠣᠯ᠎ᠳᠤ ᠨᠡᠮᠡᠷᠢᠯᠡᠬᠦ ᠤᠰᠤ ᠳᠠᠮᠵᠢᠭᠤᠯᠬᠤ ᠪᠠᠷᠢᠯᠭ᠎ᠠ ᠵᠢᠨ ᠨᠦᠬᠡᠨ ᠵᠠᠮ᠎ᠤᠨ ᠬᠡᠰᠡᠭ ᠪᠦᠭᠦ ᠱᠤᠭᠤᠮ ᠵᠶ᠋ᠠᠷ ᠨᠡᠪᠳᠡᠷᠡᠵᠦ᠂ ᠥᠨᠳᠡᠭᠡᠨ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠳᠣᠣᠷᠠᠳᠤ ᠤᠷᠤᠰᠬᠠᠯ᠎ᠤᠨ ᠤᠰᠤᠯᠠᠯᠲᠠ ᠵᠢᠨ ᠣᠷᠣᠨ᠎ᠳᠤ ᠤᠰᠤ ᠬᠠᠳᠠᠭ᠋ᠠᠯᠠᠬᠤ᠂ ᠵᠡᠭᠦᠨ ᠲᠠᠶ᠋ᠢᠰᠠ ᠤᠰᠤᠨ ᠴᠦᠬᠦᠷᠦᠮ᠎ᠤᠨ ᠭᠤᠣᠯ ᠴᠣᠭᠴᠠ ᠵᠢᠨ ᠪᠠᠷᠢᠯᠭ᠎ᠠ ᠵᠢᠨ ᠠᠵᠢᠯ ᠳᠠᠭᠤᠰᠪᠠ; 5G ᠰᠠᠭᠤᠷᠢ ᠦᠷᠲᠡᠭᠡ᠂ ᠬᠤᠲᠠ ᠵᠢᠨ ᠤᠯᠠᠨ ᠨᠡᠶ᠋ᠢᠳᠡ ᠵᠢᠨ ᠴᠠᠬᠢᠯᠭ᠋ᠠᠨ ᠴᠡᠨᠡᠭᠯᠡᠬᠦ ᠱᠣᠩ᠎ᠢ ᠲᠣᠰ ᠪᠦᠷᠢ 2 ᠲᠦᠮᠡ ᠰᠢᠨ᠎ᠡ᠎ᠪᠠᠷ ᠨᠡᠮᠡᠭᠳᠡᠭᠦᠯᠪᠡ᠃ ᠬᠡᠷᠡᠭᠯᠡᠭᠡ ᠵᠢᠨ ᠵᠠᠬ᠎ᠠ ᠳᠡᠯᠭᠡᠭᠦᠷ᠎ᠢ ᠲᠦᠷᠭᠡᠬᠡᠨ ᠰᠡᠷᠭᠦᠭᠡᠵᠦ᠂ ᠬᠤᠨᠤᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠎ᠤᠨ ᠨᠡᠮᠡᠭᠳᠡᠯ ᠦᠷᠲᠡᠭ 20.8% ᠨᠡᠮᠡᠭᠳᠡᠵᠦ᠂ ᠮᠠᠰᠢᠨ ᠲᠡᠷᠭᠡᠨ᠎ᠤ ᠲᠦᠷᠦᠯ᠎ᠤᠨ ᠬᠡᠷᠡᠭᠯᠡᠭᠡ 17.2% ᠨᠡᠮᠡᠭᠳᠡᠨ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠷᠡᠭᠯᠡᠭᠡ 1.7 ᠲᠠᠬᠢᠨ ᠨᠡᠮᠡᠭᠳᠡᠵᠦ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤᠮᠳᠠᠭ᠋ᠠᠨ᠂ ᠬᠤᠪᠴᠠᠰᠤ ᠬᠤᠨᠠᠷ ᠵᠡᠷᠭᠡ ᠲᠠᠯ᠎ᠠ ᠵᠢᠨ ᠬᠡᠷᠡᠭᠯᠡᠭᠡ ᠴᠥᠮ 25%᠎ᠠᠴᠠ ᠳᠡᠭᠡᠭᠰᠢ ᠨᠡᠮᠡᠭᠳᠡᠪᠡ᠂ ᠰᠦᠯᠵᠢᠶ᠎ᠡ᠎ᠪᠠᠷ ᠵᠢᠵᠢᠭᠯᠡᠨ ᠪᠣᠷᠣᠯᠠᠭᠤᠯᠬᠤ ᠲᠤᠭ᠎ᠠ 21.5% ᠨᠡᠮᠡᠭᠳᠡᠵᠦ᠂ ᠲᠦᠷᠦᠭᠦᠴᠢ ᠳᠡᠯᠭᠡᠭᠦᠷ ᠪᠠ ᠬᠤᠰᠢᠭᠤᠴᠢ ᠳᠡᠯᠭᠡᠭᠦᠷ᠎ᠢ 147 ᠣᠷᠣᠭᠤᠯᠤᠨ ᠠᠪᠴᠢᠷᠠᠪᠠ᠃
ᠬᠤᠶᠠᠷ᠎ᠲᠤ ᠬᠡᠯᠬᠢᠶᠡᠰᠦᠯᠡᠯ ᠮᠠᠶᠢᠭ᠎ᠤᠨ ᠰᠡᠳᠬᠢᠬᠦᠢ ᠵᠢ ᠪᠠᠷᠢᠮᠲᠠᠯᠠᠵᠤ ᠳᠠᠪᠠᠭᠤᠯᠢᠭ ᠣᠨᠴᠠᠯᠢᠭᠲᠤ ᠠᠵᠤ ᠦᠢ᠍ᠯᠡᠰ ᠵᠶ᠋ᠠᠨ ᠬᠦᠴᠦᠷᠬᠡᠭᠵᠢᠭᠦᠯᠪᠡ ᠃ ᠠᠵᠤ ᠦᠢ᠍ᠯᠡᠰ᠎ᠤᠨ ᠬᠡᠯᠬᠢᠶᠡᠨ᠎ᠤ 《ᠬᠡᠯᠬᠢᠶᠡᠨ ᠳᠠᠷᠤᠭ᠎ᠠ ᠵᠢᠨ ᠳᠦᠷᠢᠮ》᠎ᠢ ᠬᠡᠷᠡᠭᠵᠢᠭᠦᠯᠵᠦ᠂ ᠬᠡᠯᠬᠢᠶ᠎ᠡ ᠵᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ ᠲᠦᠷᠦᠯ ᠵᠦᠢ᠍ᠯ᠎ᠢ 650 ᠠᠬᠢᠭᠤᠯᠤᠨ᠂ 16 ᠵᠤᠷᠪᠤᠰ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠦᠷᠲᠡᠭ 1.4 ᠲᠦᠮᠡᠨ ᠳ᠋ᠦᠩᠰᠢᠭᠤᠷ ᠲᠥᠭᠦᠷᠢᠭ ᠰᠢᠬᠠᠮ ᠪᠣᠯᠪᠠ᠃ ᠰᠢᠨ᠎ᠡ ᠡᠨᠧᠷᠭᠢ ᠵᠢᠨ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠨᠡᠮᠡᠭᠳᠡᠯ ᠦᠷᠲᠡᠭ 16.1% ᠨᠡᠮᠡᠭᠳᠡᠨ᠂ ᠪᠦᠭᠦ ᠤᠯᠤᠰ᠎ᠤᠨ ᠲᠠᠩ ᠴᠣᠭᠴᠠᠲᠤ ᠬᠡᠪᠴᠢᠶ᠎ᠡ᠎ᠪᠠᠷ ᠬᠠᠮᠤᠭ᠎ᠤᠨ ᠲᠣᠮᠣ ᠭᠡᠷᠡᠯᠴᠢ ᠴᠡᠨᠡᠭ ᠵᠶ᠋ᠠᠷ ᠡᠯᠡᠰᠦᠷᠬᠡᠭᠵᠢᠯ᠎ᠢ ᠵᠠᠰᠠᠬᠤ ᠲᠦᠷᠦᠯ ᠵᠦᠢ᠍ᠯ᠂ ᠤᠯᠤᠰ᠎ᠤᠨ ᠳᠣᠲᠣᠭ᠋ᠠᠳᠤ᠎ᠳᠠᠬᠢ ᠠᠵᠢᠯᠯᠠᠭᠤᠯᠵᠤ ᠪᠠᠶ᠋ᠢᠭ᠎ᠠ ᠡᠬᠡ ᠬᠠᠭᠤᠷᠠᠢ ᠵᠢᠨ ᠰᠠᠯᠬᠢᠨ ᠬᠦᠴᠦ᠎ᠪᠠᠷ ᠴᠠᠬᠢᠯᠭ᠋ᠠᠨ ᠭᠠᠷᠭ᠋ᠠᠬᠤ ᠬᠠᠮᠤᠭ᠎ᠤᠨ ᠲᠣᠮᠣ ᠰᠠᠭᠤᠷᠢᠨ ᠭᠠᠵᠠᠷ᠂ ᠳᠡᠯᠡᠬᠡᠢ ᠵᠢᠨ ᠠᠩᠬᠠᠳᠠᠭᠴᠢ ᠬᠠᠲᠠᠭᠤ ᠲᠥᠯᠥᠪᠲᠦ ᠳᠣᠣᠷ᠎ᠠ ᠳᠠᠷᠤᠯᠲᠠᠲᠤ ᠣᠰᠣᠳᠦ᠋ᠷᠦᠭᠴᠢ ᠨᠥᠭᠡᠴᠡᠯᠡᠬᠦ ᠦᠢ᠍ᠯᠡᠳᠪᠦᠷᠢᠯᠡᠯ᠎ᠤᠨ ᠱᠤᠭᠤᠮ᠎ᠢ ᠪᠠᠶ᠋ᠢᠭᠤᠯᠪᠠ; ᠰᠠᠯᠬᠢ ᠭᠡᠷᠡᠯ ᠣᠰᠤᠳᠦ᠋ᠷᠦᠭᠴᠢ ᠨᠥᠭᠡᠴᠡ ᠵᠢᠨ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠦᠢ᠍ᠯᠡᠳᠬᠦᠨ᠎ᠤ ᠦᠷᠲᠡᠭ 2762 ᠳ᠋ᠦᠩᠰᠢᠭᠤᠷ ᠲᠥᠭᠦᠷᠢᠭ᠎ᠲᠤ ᠬᠦᠷᠴᠦ᠂ ᠭᠦᠬᠡᠬᠤᠲᠠ ᠪᠤᠭᠤᠲᠤ ᠣᠷᠳᠣᠰ ᠲᠦᠩᠯᠢᠶᠣᠣ ᠵᠢᠨ 4 ᠰᠠᠭᠤᠷᠢᠨ ᠭᠠᠵᠠᠷ᠎ᠤᠨ ᠡᠵᠡᠯᠡᠬᠦ ᠬᠠᠷᠢᠴᠠᠯ 80%᠎ᠳᠤ ᠬᠦᠷᠪᠡ᠃ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠨᠡᠮᠡᠭᠳᠡᠯ ᠦᠷᠲᠡᠭ 15.4% ᠨᠡᠮᠡᠭᠳᠡᠵᠦ᠂ ᠨᠡᠭᠦᠷᠡᠰᠦᠨ᠎ᠤ ᠨᠠᠷᠢᠯᠢᠭ ᠭᠦᠨ ᠪᠤᠯᠪᠠᠰᠤᠷᠠᠭᠤᠯᠬᠤ ᠲᠦᠷᠦᠯ ᠵᠦᠢ᠍ᠯ᠎ᠢ 34 ᠬᠡᠷᠡᠭᠵᠢᠭᠦᠯᠦᠨ᠂ 11 ᠵᠢ᠎ᠨᠢ ᠠᠰᠢᠭᠯᠠᠯᠲᠠ᠎ᠳᠤ ᠣᠷᠣᠭᠤᠯᠵᠤ᠂ ᠪᠦᠭᠦ ᠪᠥᠮᠪᠥᠷᠴᠡᠭ᠎ᠤᠨ ᠬᠠᠮᠤᠭ᠎ᠤᠨ ᠲᠣᠮᠣ ᠪᠣᠬᠢᠷᠳᠤᠯ ᠦᠭᠡᠢ ᠤᠰᠤᠳᠥ᠋ᠷᠦᠭᠴᠢ ᠪᠠ ᠨᠡᠭᠦᠷᠡᠰᠦ᠎ᠪᠠᠷ ᠠᠯᠺᠸᠠ ᠨᠡᠭᠦᠷᠥᠭᠴᠢ ᠦᠢ᠍ᠯᠡᠳᠬᠦ ᠵᠢ ᠡᠪᠴᠡᠯᠳᠦᠭᠦᠯᠬᠦ ᠲᠦᠷᠦᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠵᠤ᠂ ᠨᠡᠭᠦᠷᠡᠰᠦ᠎ᠪᠠᠷ ᠡᠲ᠋ᠠ ᠬᠤᠶᠠᠷᠴᠢ ᠠᠯᠺᠤᠤᠯ ᠦᠢ᠍ᠯᠡᠳᠬᠦ᠂ ᠨᠡᠭᠦᠷᠡᠰᠦ᠎ᠪᠠᠷ ᠠᠯᠺᠸᠠ ᠨᠡᠭᠦᠷᠥᠭᠴᠢ ᠦᠢ᠍ᠯᠡᠳᠬᠦ ᠵᠢᠨ ᠦᠢ᠍ᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ᠎ᠤᠨ ᠬᠤᠶᠠᠳᠤᠭ᠋ᠠᠷ᠎ᠲᠤ ᠪᠠᠶ᠋ᠢᠷᠢᠰᠢᠪᠠ᠃ ᠬᠤᠪᠣᠷ ᠰᠢᠷᠣᠢ ᠵᠢᠨ ᠠᠵᠤ ᠦᠢ᠍ᠯᠡᠰ᠎ᠤᠨ ᠨᠡᠮᠡᠭᠳᠡᠯ ᠦᠷᠲᠡᠭ 21% ᠨᠡᠮᠡᠭᠳᠡᠵᠦ᠂ ᠳᠤᠮᠳᠠ ᠵᠢᠨ ᠪᠠ ᠬᠦᠨᠳᠦ ᠬᠤᠪᠣᠷ ᠰᠢᠷᠣᠶ᠋ᠢᠲᠤ ᠲᠡᠮᠦᠷᠯᠢᠭ᠎ᠤᠨ ᠦᠢ᠍ᠯᠡᠳᠬᠦᠨ᠎ᠢ ᠬᠡᠪᠴᠢᠶᠡᠵᠢᠭᠦᠯᠦᠨ ᠦᠢ᠍ᠯᠡᠳᠪᠦᠷᠢᠯᠡᠬᠦ ᠵᠢ ᠪᠡᠶᠡᠯᠡᠭᠦᠯᠵᠦ᠂ 10 ᠲᠦᠮᠡᠨ ᠲᠤᠨ᠎ᠤ ᠲᠡᠰ᠎ᠤᠨ ᠪᠦᠭᠦ ᠪᠥᠮᠪᠥᠷᠴᠡᠭ᠎ᠤᠨ ᠬᠠᠮᠤᠭ᠎ᠤᠨ ᠲᠣᠮᠣ ᠬᠤᠪᠣᠷ ᠰᠢᠷᠣᠢ ᠵᠢᠨ ᠪᠣᠬᠢᠷᠳᠤᠯ ᠦᠭᠡᠢ ᠬᠠᠶ᠋ᠢᠯᠤᠭᠤᠯᠬᠤ ᠲᠦᠷᠦᠯ ᠵᠦᠢ᠍ᠯ᠎ᠢ ᠡᠬᠢᠯᠡᠭᠦᠯᠦᠨ᠂ ᠬᠤᠪᠣᠷ ᠰᠢᠷᠣᠢ᠂ ᠨᠢᠦᠪᠢ᠂ ᠯᠢᠲ᠋ᠢ ᠵᠡᠷᠭᠡ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠬᠠᠶ᠋ᠢᠨ ᠰᠢᠨᠵᠢᠯᠲᠡ ᠰᠢᠨ᠎ᠡ ᠰᠢᠪᠲᠤᠯᠤᠯᠲᠠ᠎ᠲᠠᠢ ᠪᠣᠯᠬᠤ ᠵᠢ ᠪᠡᠶᠡᠯᠡᠭᠦᠯᠪᠡ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠤᠨ ᠨᠡᠮᠡᠭᠳᠡᠯ ᠦᠷᠲᠡᠭ 11.6% ᠨᠡᠮᠡᠭᠳᠡᠵᠦ᠂ ᠡᠳ᠋ᠰᠢᠭᠦᠯᠵᠦ ᠤᠯᠠᠷᠢᠭᠤᠯᠤᠭᠰᠠᠨ ᠨᠤᠷᠮ᠎ᠠ 72%᠎ᠲᠤ ᠬᠦᠷᠴᠦ᠂ ᠰᠦ ᠰᠠᠭ᠋ᠠᠯᠢ ᠵᠢᠨ ᠦᠢ᠍ᠯᠡᠰ᠂ ᠲᠥᠮᠥᠰᠥ ᠵᠢᠨ ᠤᠯᠤᠰ᠎ᠤᠨ ᠲᠡᠰ᠎ᠤᠨ ᠠᠵᠤ ᠦᠢ᠍ᠯᠡᠰ᠎ᠤᠨ ᠪᠦᠯᠦᠭᠵᠢᠯ᠎ᠢ 2 ᠪᠠ ᠤᠯᠤᠰ᠎ᠤᠨ ᠲᠡᠰ᠎ᠤᠨ ᠣᠳᠣ ᠦᠶ᠎ᠡ ᠵᠢᠨ ᠠᠵᠤ ᠦᠢ᠍ᠯᠡᠰ᠎ᠤᠨ ᠬᠦᠷᠢᠶᠡᠯᠡᠩ᠎ᠢ 3᠂ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ 8 ᠰᠢᠨ᠎ᠡ᠎ᠪᠠᠷ ᠡᠭᠦᠳᠦᠨ ᠪᠠᠶ᠋ᠢᠭᠤᠯᠵᠤ᠂ ᠡᠭᠦᠳᠦᠨ ᠪᠠᠶ᠋ᠢᠭᠤᠯᠤᠭᠰᠠᠨ ᠲᠤᠭ᠎ᠠ ᠬᠡᠮᠵᠢᠶ᠎ᠡ ᠪᠦᠭᠦ ᠤᠯᠤᠰ᠎ᠲᠤ ᠲᠦᠷᠦᠭᠦᠯᠡᠨ᠂ ᠪᠦᠭᠦ ᠪᠥᠮᠪᠥᠷᠴᠡᠭ᠎ᠤᠨ ᠬᠠᠮᠤᠭ᠎ᠤᠨ ᠲᠣᠮᠣ ᠰᠦᠨ ᠬᠦᠴᠢᠯ᠎ᠤᠨ ᠪᠠᠺᠲ᠋ᠧᠷᠢ ᠵᠢᠨ ᠦᠷ᠎ᠡ ᠡᠳ᠋᠎ᠤᠨ ᠬᠥᠮᠥᠷᠭᠡ᠂ ᠤᠯᠤᠰ᠎ᠤᠨ ᠬᠤᠨᠢ ᠢᠮᠠᠭ᠋ᠠᠨ᠎ᠤ ᠤᠳᠤᠮᠯᠠᠯ᠎ᠤᠨ ᠦᠨᠡᠯᠡᠨ ᠵᠢᠱ᠌ᠢᠯᠲᠡ ᠵᠢᠨ ᠲᠥᠪ᠎ᠢ ᠪᠠᠶ᠋ᠢᠭᠤᠯᠵᠤ᠂ ᠠᠯᠠᠰᠢᠨ ᠬᠤᠨᠢᠨ᠎ᠤ ᠠᠵᠤ ᠦᠢ᠍ᠯᠡᠰ᠎ᠤᠨ ᠦᠢ᠍ᠯᠡᠳᠬᠦᠨ᠎ᠤ ᠦᠷᠲᠡᠭ ᠮᠢᠩᠭ᠋ᠠᠨ ᠳ᠋ᠦᠩᠰᠢᠭᠤᠷ ᠲᠡᠰ᠎ᠲᠤ ᠬᠦᠷᠪᠡ᠃
ᠭᠤᠷᠪᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠰᠢᠨ᠎ᠡ ᠰᠢᠪᠲᠤᠯᠤᠯᠲᠠ ᠭᠠᠷᠬᠤ ᠵᠢ ᠠᠬᠢᠭᠤᠯᠪᠠ᠃ ᠪᠦᠭᠦ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ 81.9% ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ 314᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶ᠋ᠢᠯᠠᠯ 950 ᠰᠢᠨ᠎ᠡ᠎ᠪᠠᠷ ᠨᠡᠮᠡᠭᠳᠡᠪᠡ᠃ 6 ᠬᠥᠮᠥᠨ 《ᠬᠥᠬᠡᠮᠥ᠋ᠷᠡᠨ ᠨᠡᠷᠡᠮᠵᠢᠲᠦ ᠱᠠᠩᠨᠠᠯ᠎ᠢ ᠣᠯᠣᠭᠰᠠᠨ ᠡᠷᠳᠡᠮᠲᠡᠨ》᠂ 《ᠤᠯᠤᠰ᠎ᠤᠨ ᠭᠠᠷᠮᠠᠭ᠋ᠠᠢ ᠵᠠᠯᠠᠭᠤᠴᠤᠳ》᠎ᠲᠤ ᠰᠢᠨ᠎ᠡ᠎ᠪᠠᠷ ᠰᠣᠩᠭᠤᠭᠳᠠᠪᠠ᠃ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ 10 ᠠᠺᠠᠳᠧᠮᠢᠴᠢ᠂ ᠵᠠᠭᠤ ᠭᠠᠷᠤᠢ ᠰᠢᠨᠵᠢᠯᠡᠬᠦ ᠤᠬᠠᠭ᠋ᠠᠨᠲᠠᠨ᠎ᠢ ᠴᠤᠭᠯᠠᠭᠤᠯᠵᠤ᠂ ᠪᠣᠳᠠᠲᠤ ᠴᠣᠭᠴᠠᠵᠢᠭᠤᠯᠤᠨ ᠡᠵᠡᠩᠨᠡᠵᠦ ᠠᠵᠢᠯᠯᠠᠭᠤᠯᠬᠤ ᠵᠢ ᠪᠡᠶᠡᠯᠡᠭᠦᠯᠪᠡ᠂ ᠰᠦ ᠰᠠᠭ᠋ᠠᠯᠢ ᠵᠢᠨ ᠦᠢ᠍ᠯᠡᠰ᠂ ᠡᠪᠡᠰᠦᠨ᠎ᠤ ᠦᠢ᠍ᠯᠡᠰ᠂ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ 24 ᠴᠢᠬᠤᠯᠠ ᠶᠡᠭᠡ ᠰᠤᠳᠤᠯᠭ᠋ᠠᠨ᠎ᠤ ᠦᠷ᠎ᠡ ᠪᠦᠲᠦᠭᠡᠯ ᠭᠠᠷᠭ᠋ᠠᠵᠤ᠂ ᠲᠠᠯᠠᠨ ᠬᠠᠷ᠎ᠠ ᠠᠭᠤᠯᠠ ᠵᠢᠨ ᠲᠤᠷᠰᠢᠯᠲᠠ ᠵᠢᠨ ᠲᠠᠰᠤᠭ᠂ ᠣᠷᠳᠣᠰ᠎ᠤᠨ ᠲᠤᠷᠰᠢᠯᠲᠠ ᠵᠢᠨ ᠲᠠᠰᠤᠭ ᠪᠠ ᠪᠡᠭᠡᠵᠢᠩ ᠶᠡᠭᠡ ᠰᠤᠷᠭ᠋ᠠᠭᠤᠯᠢ ᠵᠢᠨ ᠣᠷᠳᠣᠰ᠎ᠲᠠᠬᠢ ᠡᠨᠧᠷᠭᠢ ᠵᠢᠨ ᠰᠤᠳᠤᠯᠭ᠋ᠠᠨ᠎ᠤ ᠬᠦᠷᠢᠶᠡᠯᠡᠩ᠂ ᠵᠧᠵᠢᠶᠠᠩ ᠶᠡᠭᠡ ᠰᠤᠷᠭ᠋ᠠᠭᠤᠯᠢ - ᠪᠤᠭᠤᠲᠤ ᠵᠢᠨ ᠴᠠᠬᠢᠭᠤᠷᠲᠤ ᠮᠠᠲ᠋ᠧᠷᠢᠶᠠᠯ᠎ᠤᠨ ᠬᠤᠯᠪᠤᠭ᠋ᠠᠯᠠᠨ ᠰᠤᠳᠤᠯᠬᠤ ᠲᠥᠪ᠂ ᠲᠤᠮᠳᠠᠳᠤ ᠤᠯᠤᠰ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ ᠵᠢᠨ ᠪᠠᠶᠠᠨᠨᠠᠭᠤᠷ᠎ᠲᠠᠬᠢ ᠰᠤᠳᠤᠯᠭ᠋ᠠᠨ᠎ᠤ ᠬᠦᠷᠢᠶᠡᠯᠡᠩ ᠵᠠᠯᠭ᠋ᠠᠭ᠎ᠠ᠎ᠪᠠᠷ ᠪᠠᠶ᠋ᠢᠭᠤᠯᠤᠭᠳᠠᠵᠤ᠂ ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠶᠡᠭᠡ ᠰᠤᠷᠭ᠋ᠠᠭᠤᠯᠢ ᠵᠢᠨ ᠣᠷᠳᠣᠰ᠎ᠲᠠᠬᠢ ᠰᠢᠨ᠎ᠡ ᠡᠨᠧᠷᠭᠢ ᠵᠢᠨ ᠳᠡᠭᠡᠳᠦ ᠰᠤᠷᠭ᠋ᠠᠭᠤᠯᠢ ᠫᠠᠶ᠋ᠢᠰᠠ ᠡᠯᠭᠦᠨ ᠪᠠᠶ᠋ᠢᠭᠤᠯᠤᠭᠳᠠᠪᠠ᠃ ᠤᠯᠤᠰ᠎ᠤᠨ ᠭᠤᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ ᠲᠦᠷᠦᠯ ᠵᠦᠢ᠍ᠯ᠎ᠢ 9 ᠳᠠᠭ᠋ᠠᠭ᠋ᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠵᠦᠢ᠍ᠯ᠎ᠢ 38 ᠬᠡᠷᠡᠭᠵᠢᠭᠦᠯᠦᠨ᠂ ᠰᠢᠨ᠎ᠡ ᠡᠭᠦᠳᠦᠯᠲᠡ ᠵᠢᠨ ᠬᠤᠯᠪᠣᠭ᠋ᠠᠲᠤ ᠴᠣᠭᠴᠠ ᠵᠢ 70 ᠪᠠᠶ᠋ᠢᠭᠤᠯᠵᠤ᠂ ᠠᠭᠤᠷᠬᠠᠢ ᠵᠢᠨ ᠣᠶᠤᠨᠴᠢ ᠮᠠᠰᠢᠨ ᠬᠥᠮᠥᠨ᠂ ᠬᠤᠪᠣᠷ ᠰᠢᠷᠣᠢ ᠵᠢᠨ ᠦᠢ᠍ᠯᠡᠳᠬᠦᠨ ᠦᠢ᠍ᠯᠡᠳᠴᠦ ᠪᠦᠲᠦᠭᠡᠬᠦ᠂ ᠡᠷᠴᠢᠯᠡᠭᠦᠷ ᠬᠦᠷᠳᠦ᠎ᠪᠠᠷ ᠡᠨᠧᠷᠭᠢ ᠨᠥᠭᠡᠴᠡᠯᠡᠬᠦ ᠵᠡᠷᠭᠡ ᠵᠢ ᠰᠤᠳᠤᠯᠤᠨ ᠨᠡᠭᠡᠭᠡᠵᠦ ᠬᠡᠷᠡᠭᠯᠡᠬᠦ ᠲᠠᠯ᠎ᠠ᠎ᠪᠠᠷ ᠰᠢᠪᠲᠤᠯᠤᠯᠲᠠ ᠵᠢᠨ ᠴᠢᠨᠠᠷᠲᠠᠢ ᠦᠷ᠎ᠡ ᠪᠦᠲᠦᠭᠡᠯ ᠭᠠᠷᠭ᠋ᠠᠵᠤ᠂ ᠮᠧᠩ ᠺᠧ ᠵᠢᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠠᠪᠴᠠᠩ᠎ᠤᠨ ᠦᠢ᠍ᠯᠡᠳᠦᠯ ᠲᠣᠳᠣᠷᠠᠵᠤ᠂ ᠪᠦᠭᠦ ᠣᠷᠣᠨ᠎ᠤ ᠮᠡᠷᠭᠡᠵᠢᠯ᠎ᠤᠨ ᠠᠷᠠᠯᠵᠢᠶᠠᠨ᠎ᠤ ᠭᠡᠷ᠎ᠡ ᠵᠢᠨ ᠲᠤᠭ᠎ᠠ 45.3% ᠨᠡᠮᠡᠭᠳᠡᠵᠦ᠂ ᠠᠷᠠᠯᠵᠢᠶᠠᠯᠠᠭᠰᠠᠨ ᠲᠤᠭ᠎ᠠ 17.6% ᠨᠡᠮᠡᠭᠳᠡᠪᠡ᠃
ᠳᠥᠷᠪᠡ᠎ᠳᠤ ᠬᠦᠴᠢᠷ ᠠᠰᠠᠭᠤᠳᠠᠯ᠎ᠢ ᠥᠭᠡᠷᠡᠴᠢᠯᠡᠯᠲᠡ ᠵᠢᠨ ᠠᠷᠭ᠎ᠠ᠎ᠪᠠᠷ ᠠᠷᠢᠯᠭ᠋ᠠᠨ ᠰᠢᠢ᠍ᠳᠪᠦᠷᠢᠯᠡᠬᠦ ᠵᠢ ᠨᠡᠩ ᠶᠡᠭᠡ ᠴᠢᠬᠤᠯᠠᠴᠢᠯᠠᠨ ᠦᠵᠡᠪᠡ ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠤᠨ ᠠᠰᠠᠭᠤᠳᠠᠯ᠎ᠳᠤ ᠬᠠᠨᠳᠤᠭᠤᠯᠵᠤ᠂ 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》᠂ 《ᠨᠢᠭᠡ ᠰᠦᠯᠵᠢᠶ᠎ᠡ᠎ᠪᠠᠷ ᠨᠢᠭᠡᠳᠦᠯᠲᠡᠢ ᠬᠠᠮᠢᠶᠠᠷᠬᠤ》 ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠠᠵᠤ ᠠᠬᠤᠶ᠋ᠢᠯᠠᠯ᠎ᠤᠨ ᠪᠦᠭᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠳᠠᠬᠢ ᠦᠢ᠍ᠯᠡᠴᠢᠯᠡᠭᠡ᠎ᠪᠠᠨ ᠴᠢᠩᠭ᠋ᠠᠷᠠᠭᠤᠯᠤᠨ᠂ ᠬᠠᠯᠠᠮᠰᠢᠯ ᠤᠲᠠᠰᠤ 12345 ᠵᠢᠨ ᠭᠤᠮᠣᠳᠠᠯ ᠱᠠᠭ᠋ᠠᠷᠳᠠᠯᠭ᠎ᠠ ᠵᠢ ᠰᠢᠢ᠍ᠳᠪᠦᠷᠢᠯᠡᠭᠰᠡᠨ ᠪᠠᠶ᠋ᠢᠳᠠᠯ᠎ᠳᠤ ᠰᠠᠷ᠎ᠠ ᠪᠣᠯᠭ᠋ᠠᠨ ᠨᠡᠷᠡᠰ᠎ᠤᠨ ᠵᠢᠭᠰᠠᠭ᠋ᠠᠯᠲᠠ ᠭᠠᠷᠭ᠋ᠠᠵᠤ ᠨᠡᠪᠲᠡᠷᠡᠭᠦᠯᠦᠨ ᠮᠡᠳᠡᠭᠡᠯᠡᠵᠦ᠂ ᠬᠤᠶ᠋ᠢᠭᠤᠷ ᠵᠢᠭᠰᠠᠭ᠋ᠠᠭᠳᠠᠵᠤ ᠪᠠᠶ᠋ᠢᠭ᠎ᠠ᠎ᠲᠠᠢ᠎ᠨᠢ ᠪᠣᠯᠵᠣᠨ ᠶᠠᠷᠢᠯᠴᠠᠵᠤ᠂ ᠤᠯᠠᠮ ᠤᠯᠠᠨ ᠠᠵᠤ ᠠᠬᠤᠶ᠋ᠢᠯᠠᠯ ᠪᠠ ᠠᠷᠠᠳ ᠲᠦᠮᠡᠨ ᠬᠠᠯᠠᠮᠰᠢᠯ ᠤᠲᠠᠰᠤ᠎ᠪᠠᠷ ᠲᠠᠮᠵᠢᠵᠦ ᠲᠦᠷᠦ ᠵᠢᠨ ᠪᠣᠳᠣᠯᠭ᠎ᠠ ᠵᠢ ᠣᠶ᠋ᠢᠯᠠᠭ᠋ᠠᠭᠰᠠᠨ ᠪᠠ ᠠᠰᠠᠭᠤᠳᠠᠯ ᠵᠶ᠋ᠠᠨ ᠰᠢᠢ᠍ᠳᠪᠦᠷᠢᠯᠡᠵᠦ᠂ ᠪᠦᠭᠦ ᠵᠢᠯ᠎ᠳᠤ ᠡᠯ᠎ᠡ ᠲᠦᠷᠦᠯ᠎ᠤᠨ ᠭᠤᠮᠣᠳᠠᠯ ᠱᠠᠭ᠋ᠠᠷᠳᠠᠯᠭ᠎ᠠ ᠵᠢ 641 ᠲᠦᠮᠡᠨ ᠬᠤᠪᠢ ᠭᠥᠯᠢᠶᠡᠨ ᠠᠪᠴᠤ ᠰᠢᠢ᠍ᠳᠪᠦᠷᠢᠯᠡᠨ᠂ ᠭᠦᠢ᠍ᠴᠡᠳᠬᠡᠵᠦ ᠳᠠᠭᠤᠰᠬᠠᠭᠰᠠᠨ ᠨᠤᠷᠮ᠎ᠠ 95%᠎ᠠᠴᠠ ᠳᠡᠭᠡᠭᠰᠢ ᠳᠤ ᠬᠦᠷᠪᠡ; ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠷᠬᠡ ᠵᠢᠨ ᠵᠦᠢ᠍ᠯᠡᠰ᠎ᠢ 268 ᠬᠦᠴᠦᠨ ᠦᠭᠡᠢ ᠪᠤᠯᠭ᠋ᠠᠨᠨᠰᠠᠨ ᠪᠠ ᠳᠣᠷᠣᠭᠰᠢ ᠪᠠᠭᠤᠯᠭ᠋ᠠᠵᠤ᠂ ᠠᠵᠤ ᠦᠢ᠍ᠯᠡᠳᠪᠦᠷᠢ᠎ᠳᠤ ᠬᠡᠷᠡᠭᠯᠡᠬᠦ ᠬᠡᠰᠡᠭᠯᠡᠭᠰᠡᠨ 《ᠪᠠᠷᠢᠮᠵᠢᠶᠠᠲᠤ ᠭᠠᠵᠠᠷ》᠎ᠢ 332 ᠲᠥᠯᠥᠪᠦᠷᠢᠲᠡᠢ ᠰᠢᠯᠵᠢᠭᠦᠯᠦᠨ᠂ ᠬᠦᠷᠢᠶᠡᠯᠡᠩ ᠲᠣᠭᠤᠷᠢᠭ ᠪᠠ ᠲᠣᠰᠬᠤᠨ᠎ᠤ ᠱᠠᠲᠤ ᠪᠦᠬᠦᠨ᠎ᠳᠤ 《ᠬᠠᠪᠰᠤᠷᠤᠨ ᠭᠦᠢ᠍ᠴᠡᠳᠬᠡᠬᠦ ᠣᠷᠣᠯᠠᠨ ᠭᠦᠢ᠍ᠴᠡᠳᠬᠡᠬᠦ》 ᠵᠢ ᠬᠠᠮᠤᠷᠤᠭᠤᠯᠬᠤ ᠵᠢ ᠪᠡᠶᠡᠯᠡᠭᠦᠯᠵᠦ᠂ 《ᠵᠠᠰᠠᠭ᠎ᠤᠨ ᠶᠠᠪᠤᠳᠠᠯ + ᠰᠢᠭᠤᠳ ᠨᠡᠪᠲᠡᠷᠡᠭᠦᠯᠭᠡ》 ᠦᠢ᠍ᠯᠡᠴᠢᠯᠡᠭᠡᠨ᠎ᠤ ᠰᠢᠨ᠎ᠡ ᠵᠠᠭᠪᠤᠷ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠳᠦᠯ ᠴᠢᠳᠠᠮᠵᠢ᠎ᠪᠠᠨ ᠳᠡᠭᠡᠭᠰᠢᠯᠡᠭᠦᠯᠦᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠰᠣᠩᠭᠤᠭᠳᠠᠪᠠ᠃ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠲᠤᠰᠬᠠᠯ ᠴᠢᠩᠭ᠎ᠠ ᠠᠰᠠᠭᠤᠳᠠᠯ᠎ᠳᠤ ᠬᠠᠨᠳᠤᠭᠤᠯᠵᠤ᠂ ᠠᠵᠤ ᠠᠬᠤᠶ᠋ᠢᠯᠠᠯ᠎ᠳᠤ ᠥᠷᠢᠲᠦᠵᠦ ᠪᠠᠶ᠋ᠢᠭ᠎ᠠ 1293 ᠳ᠋ᠦᠩᠰᠢᠭᠤᠷ ᠲᠥᠭᠦᠷᠢᠭ᠎ᠤᠨ ᠳᠠᠩᠰᠠᠨ᠎ᠳᠠᠬᠢ ᠵᠣᠭᠤᠰ᠎ᠢ ᠲᠥᠯᠥᠵᠦ ᠳᠠᠭᠤᠰᠬᠠᠨ᠂ ᠠᠵᠤ ᠠᠬᠤᠶ᠋ᠢᠯᠠᠯ᠎ᠳᠤ ᠨᠢᠭᠡ ᠪᠦᠯᠦᠭ ᠭᠠᠵᠠᠷ ᠰᠢᠷᠣᠢ ᠦᠢ᠍ᠯᠡᠳᠪᠦᠷᠢ ᠵᠢᠨ ᠭᠡᠷ ᠪᠠᠶ᠋ᠢᠰᠢᠩ᠎ᠤᠨ ᠥᠮᠴᠢᠯᠡᠬᠦ ᠡᠷᠬᠡ ᠵᠢᠨ ᠭᠠᠷᠳᠠᠮ᠎ᠤᠨ ᠠᠰᠠᠭᠤᠳᠠᠯ᠎ᠢ ᠰᠢᠢ᠍ᠳᠪᠦᠷᠢᠯᠡᠨ ᠥᠭᠴᠦ᠂ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠵᠢᠴᠢ ᠭᠠᠶ᠋ᠢᠯᠢ ᠵᠢ ᠪᠤᠴᠠᠭ᠋ᠠᠵᠤ ᠬᠤᠶ᠋ᠢᠰᠢᠯᠠᠭᠤᠯᠤᠨ ᠲᠤᠰᠢᠶᠠᠬᠤ ᠵᠠᠷᠤᠳᠠᠯ᠎ᠢ 341 ᠳ᠋ᠦᠩᠰᠢᠭᠤᠷ ᠲᠥᠭᠦᠷᠢᠭ ᠰᠢᠨ᠎ᠡ᠎ᠪᠠᠷ ᠨᠡᠮᠡᠭᠳᠡᠭᠦᠯᠦᠨ᠂ 2 ᠠᠵᠤ ᠠᠬᠤᠶ᠋ᠢᠯᠠᠯ ᠠᠮᠵᠢᠯᠲᠠ᠎ᠲᠠᠢ᠎ᠪᠠᠷ ᠵᠠᠬ᠎ᠠ᠎ᠳᠤ ᠭᠠᠷᠴᠤ᠂ 5 ᠠᠵᠤ ᠠᠬᠤᠶ᠋ᠢᠯᠠᠯ ᠪᠦᠭᠦ ᠤᠯᠤᠰ᠎ᠤᠨ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ 500 ᠬᠦᠴᠦᠷᠬᠡᠭ᠎ᠤᠨ ᠡᠩᠨᠡᠭᠡᠨ᠎ᠳᠤ ᠵᠢᠭᠰᠠᠭ᠋ᠠᠭᠳᠠᠵᠤ᠂ ᠪᠦᠭᠦ ᠣᠷᠣᠨ᠎ᠤ ᠵᠠᠭᠤᠨ ᠬᠦᠴᠦᠷᠬᠡᠭ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠪᠦᠭᠦ ᠣᠷᠣᠯᠭ᠎ᠠ 1 ᠲᠦᠮᠡᠨ ᠳ᠋ᠦᠩᠰᠢᠭᠤᠷ ᠲᠥᠭᠦᠷᠢᠭ᠎ᠢ ᠳᠠᠪᠠᠪᠠ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠪᠠᠭᠤᠷᠠᠢ ᠪᠠᠶ᠋ᠢᠭ᠎ᠠ ᠣᠳᠣᠬᠢ ᠪᠠᠶ᠋ᠢᠳᠠᠯ᠎ᠳᠤ ᠬᠠᠨᠳᠤᠭᠤᠯᠵᠤ᠂ 《ᠪᠦᠰᠡᠯᠡᠯᠲᠡ ᠰᠢᠪᠲᠤᠯᠬᠤ》 ᠠᠵᠢᠯᠯᠠᠭ᠋ᠠᠨ᠎ᠢ ᠥᠷᠨᠢᠭᠦᠯᠵᠦ᠂ ᠠᠯᠳᠠᠭᠳᠠᠯ᠎ᠢ ᠵᠠᠰᠠᠬᠤ ᠡᠷᠴᠢᠮ ᠵᠶ᠋ᠠᠨ ᠴᠢᠩᠭ᠋ᠠᠷᠠᠭᠤᠯᠪᠠ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠠᠴᠠ ᠬᠢᠨᠠᠨ ᠬᠠᠮᠢᠶᠠᠷᠴᠤ ᠪᠠᠶ᠋ᠢᠭ᠎ᠠ ᠠᠵᠤ ᠠᠬᠤᠶ᠋ᠢᠯᠠᠯ᠎ᠤᠨ ᠠᠰᠢᠭ ᠣᠯᠵᠠᠪᠤᠷᠢ ᠵᠢᠨ ᠶᠡᠷᠦᠩᠬᠡᠢ ᠲᠤᠭ᠎ᠠ 70% ᠨᠡᠮᠡᠭᠳᠡᠵᠦ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠤᠨ ᠠᠰᠢᠭ ᠣᠯᠵᠠᠪᠤᠷᠢ 53 ᠳ᠋ᠦᠩᠰᠢᠭᠤᠷ ᠲᠥᠭᠦᠷᠢᠭ᠎ᠲᠤ ᠬᠦᠷᠴᠦ᠂ ᠪᠦᠭᠦ ᠤᠯᠤᠰ᠎ᠤᠨ 500 ᠬᠦᠴᠦᠷᠬᠡᠭ᠎ᠤᠨ ᠨᠡᠷᠡᠰ᠎ᠤᠨ ᠵᠢᠭᠰᠠᠭ᠋ᠠᠯᠲᠠ᠎ᠳᠤ ᠴᠠᠬᠢᠯᠭ᠋ᠠᠨ ᠬᠦᠴᠦᠨ᠎ᠤ ᠪᠦᠯᠦᠭᠯᠡᠯ ᠤᠷᠤᠭᠰᠢ᠎ᠪᠠᠨ 24 ᠨᠡᠷ᠎ᠡ ᠲᠡᠪᠰᠢᠨ᠂ ᠥᠪᠥᠷ ᠮᠣᠩᠭᠤᠯ᠎ᠤᠨ ᠡᠨᠧᠷᠬᠢ ᠵᠢᠨ ᠪᠦᠯᠦᠭᠯᠡᠯ᠎ᠤᠨ ᠪᠡᠯᠡ ᠬᠥᠷᠥᠩᠭᠡ ᠵᠢᠨ ᠶᠡᠷᠦᠩᠬᠡᠢ ᠲᠤᠭ᠎ᠠ ᠮᠢᠩᠭ᠋ᠠᠨ ᠳ᠋ᠦᠩᠰᠢᠭᠤᠷ ᠲᠥᠭᠦᠷᠢᠭ᠎ᠢ ᠳᠠᠪᠠᠵᠤ᠂ ᠵᠠᠮ ᠬᠠᠷᠢᠯᠴᠠᠭ᠋ᠠᠨ᠎ᠤ ᠪᠦᠯᠦᠭᠯᠡᠯ᠂ ᠤᠯᠠᠨ ᠤᠯᠤᠰ᠎ᠤᠨ ᠠᠷᠠᠯᠵᠢᠶᠠᠨ᠎ᠤ ᠪᠦᠯᠦᠭᠯᠡᠯ᠎ᠢ ᠰᠢᠨ᠎ᠡ᠎ᠪᠠᠷ ᠵᠣᠬᠢᠶᠠᠨ ᠪᠠᠶ᠋ᠢᠭᠤᠯᠪᠠ᠃ ᠨᠡᠭᠡᠭᠡᠯᠲᠡ ᠬᠢᠬᠦ ᠠᠮᠢᠵᠢᠷᠠᠯ᠎ᠤᠨ ᠬᠦᠴᠦᠨ ᠵᠶ᠋ᠠᠷ ᠳᠤᠲᠠᠮᠠᠭ ᠪᠠᠶ᠋ᠢᠳᠠᠯ᠎ᠳᠤ ᠬᠠᠨᠳᠤᠭᠤᠯᠵᠤ᠂ ᠭᠠᠳᠠᠭ᠋ᠠᠳᠤ ᠠᠷᠠᠯᠵᠢᠶᠠᠨ᠎ᠤ ᠬᠡᠪᠴᠢᠶ᠎ᠡ ᠵᠢ ᠲᠣᠭᠲᠠᠪᠤᠷᠢᠵᠢᠭᠤᠯᠵᠤ ᠪᠦᠲᠦᠴᠡ ᠵᠢ ᠰᠢᠯᠢᠳᠡᠭᠵᠢᠭᠦᠯᠬᠦ 32 ᠵᠤᠷᠪᠤᠰ᠎ᠢ ᠨᠡᠶ᠋ᠢᠲᠡᠯᠡᠨ᠂ ᠮᠠᠨᠵᠤᠤᠷ ᠬᠢᠯᠢ ᠵᠢᠨ ᠪᠣᠭᠤᠮᠲᠠ ᠵᠢᠨ ᠲᠣᠮᠳᠠᠲᠤ ᠤᠷᠤᠰ᠎ᠤᠨ ᠪᠦᠯᠭᠦᠮ ᠵᠶ᠋ᠠᠷ ᠵᠢᠭᠤᠯᠴᠢᠯᠠᠬᠤ᠎ᠳᠤ ᠸᠢᠰᠠ ᠲᠠᠮᠠᠭ᠋ᠠᠯᠠᠬᠤ ᠵᠢ ᠬᠠᠷᠢᠯᠴᠠᠨ ᠬᠡᠯᠲᠦᠷᠢᠭᠦᠯᠬᠦ᠂ ᠡᠷᠢᠶᠡᠨ ᠬᠤᠲᠠ ᠬᠢᠯᠢ ᠵᠢᠨ ᠪᠣᠭᠤᠮᠲᠠ᠎ᠪᠠᠷ 8 ᠰᠠᠭᠤᠳᠠᠯ᠎ᠠᠴᠠ ᠳᠣᠷᠣᠭᠰᠢᠬᠢ ᠵᠢᠵᠢᠭ ᠬᠡᠯᠪᠡᠷᠢ ᠵᠢᠨ ᠲᠡᠷᠭᠡ ᠬᠥᠰᠬᠡ ᠵᠢ ᠥᠩᠭᠡᠷᠡᠭᠦᠯᠬᠦ ᠪᠣᠳᠣᠯᠭ᠎ᠠ ᠵᠢ ᠰᠡᠷᠭᠦᠭᠡᠵᠦ᠂ ᠮᠠᠨᠵᠤᠤᠷ᠎ᠤᠨ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠤ ᠠᠷᠠᠯᠵᠢᠶᠠᠨ᠎ᠤ ᠲᠤᠭ᠎ᠠ 3 ᠲᠠᠬᠢᠨ ᠰᠢᠬᠠᠮ ᠨᠡᠮᠡᠭᠳᠡᠨ᠂ ᠪᠦᠭᠦ ᠣᠷᠣᠨ᠎ᠤ ᠬᠢᠯᠢ ᠵᠢᠨ ᠪᠣᠭᠤᠮᠲᠠ᠎ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 1 ᠳ᠋ᠦᠩᠰᠢᠭᠤᠷ ᠲᠣᠨ᠎ᠢ ᠳᠠᠪᠠᠵᠤ᠂ ᠪᠦᠭᠦ ᠤᠯᠤᠰ᠎ᠤᠨ ᠡᠬᠡ ᠬᠠᠭᠤᠷᠠᠢ ᠵᠢᠨ ᠬᠢᠯᠢ ᠳᠠᠭ᠋ᠠᠤ ᠬᠢᠯᠢ ᠵᠢᠨ ᠪᠣᠭᠤᠮᠲᠠ ᠵᠢᠨ ᠲᠡᠮᠳᠡᠭᠯᠡᠯ᠎ᠢ ᠰᠢᠨᠡᠳᠬᠡᠨ᠂ ᠣᠷᠣᠨ᠎ᠳᠤ ᠢᠷᠡᠵᠦ ᠠᠶᠠᠯᠠᠬᠤ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠴᠤᠪᠤᠭ᠎ᠠ ᠲᠡᠷᠭᠡ 429 ᠬᠦᠷᠴᠦ᠂ 73.7% ᠨᠡᠮᠡᠭᠳᠡᠨ᠂ ᠮᠠᠰᠢᠨ ᠴᠠᠬᠢᠯᠭ᠋ᠠᠨ᠎ᠤ ᠦᠢ᠍ᠯᠡᠳᠬᠦᠨ᠎ᠤ ᠭᠠᠳᠠᠭ᠋ᠠᠳᠤ ᠭᠠᠷᠭ᠋ᠠᠯᠲᠠ 118.9% ᠨᠡᠮᠡᠭᠳᠡᠵᠦ᠂ ᠴᠠᠬᠢᠯᠭ᠋ᠠᠨ ᠬᠦᠳᠡᠯᠭᠡᠭᠦᠷᠲᠦ ᠬᠥᠮᠥᠨ ᠠᠴᠢᠶᠠᠯᠠᠬᠤ ᠮᠠᠰᠢᠨ ᠲᠡᠷᠭᠡ ᠵᠡᠷᠭᠡ 《ᠭᠤᠷᠪᠠᠨ ᠰᠢᠨ᠎ᠡ ᠲᠦᠷᠦᠯ》᠎ᠤᠨ ᠦᠢ᠍ᠯᠡᠳᠬᠦᠨ᠎ᠤ ᠭᠠᠳᠠᠭ᠋ᠠᠳᠤ ᠭᠠᠷᠭ᠋ᠠᠯᠲᠠ 48 ᠳᠠᠬᠢᠨ ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠢ 167 ᠰᠢᠨ᠎ᠡ᠎ᠪᠠᠷ ᠲᠣᠬᠢᠷᠠᠭᠤᠯᠵᠤ᠂ 3.2 ᠳᠠᠬᠢᠨ ᠨᠡᠮᠡᠭᠳᠡᠨ᠂ ᠭᠠᠳᠠᠭ᠋ᠠᠳᠤ ᠪᠡᠯᠡ ᠵᠢ ᠬᠡᠷᠡᠭᠯᠡᠭᠰᠡᠨ ᠪᠣᠳᠠᠲᠠᠢ ᠲᠤᠭ᠎ᠠ 55.8 ᠳ᠋ᠦᠩᠰᠢᠭᠤᠷ ᠲᠥᠭᠦᠷᠢᠭ᠎ᠲᠤ ᠬᠦᠷᠴᠦ᠂ 61.5% ᠨᠡᠮᠡᠭᠳᠡᠪᠡ᠃ ᠬᠢᠯᠢ ᠰᠤᠨᠳᠠᠯᠠᠨ ᠬᠤᠷᠢᠶᠠᠭᠰᠠᠨ ᠪᠠ ᠥᠭᠭᠦᠭᠰᠡᠨ ᠠᠷᠠᠳ᠎ᠤᠨ ᠵᠣᠭᠤᠰ᠎ᠤᠨ ᠲᠤᠭ᠎ᠠ 2584.2 ᠳ᠋ᠦᠩᠰᠢᠭᠤᠷ ᠲᠥᠭᠦᠷᠢᠭ᠎ᠲᠤ ᠬᠦᠷᠴᠦ᠂ 99.8% ᠨᠡᠮᠡᠭᠳᠡᠪᠡ᠃
ᠲᠠᠪᠤ᠎ᠳᠤ ᠠᠮᠢ ᠠᠬᠤᠢ ᠣᠷᠴᠢᠨ ᠲᠣᠭᠤᠷᠢᠨ᠎ᠢ ᠬᠠᠮᠠᠭ᠋ᠠᠯᠠᠵᠤ ᠵᠠᠰᠠᠬᠤ᠎ᠪᠠᠨ ᠴᠢᠩᠭ᠋ᠠᠳᠬᠠᠪᠠ ᠃ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠨᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠴᠣᠬᠤᠯᠠᠪᠤᠷᠢ ᠵᠢ ᠣᠯᠵᠤ᠂ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠬᠠᠷᠢᠭᠤ ᠲᠤᠰᠬᠠᠭᠰᠠᠨ ᠠᠰᠠᠭᠤᠳᠠᠯ᠎ᠤᠳ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ᠃ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠰᠠᠶ᠋ᠢᠲᠤᠷ ᠠᠳᠬᠤᠵᠤ᠂ 《ᠳᠤᠷ᠎ᠠ᠎ᠪᠠᠷ ᠦᠢ᠍ᠯᠡᠳᠬᠦ ᠳᠥᠷᠪᠡ ᠵᠢ ᠴᠡᠪᠡᠷᠯᠡᠬᠦ》 ᠵᠢ ᠪᠠᠶ᠋ᠢᠩᠭᠤᠵᠢᠭᠤᠯᠤᠨ ᠠᠬᠢᠭᠤᠯᠵᠤ᠂ ᠰᠠᠶ᠋ᠢᠷᠭ᠋ᠠᠯ᠎ᠤᠨ ᠣᠷᠣᠨ᠎ᠤ 770 ᠡᠷᠦᠬᠡ᠂ 1853 ᠬᠥᠮᠥᠨ᠎ᠢ ᠨᠡᠭᠦᠯᠭᠡᠨ ᠲᠣᠬᠢᠷᠠᠭᠤᠯᠬᠤ ᠪᠠ ᠲᠠᠷᠢᠬᠤ ᠵᠢ ᠴᠠᠭ᠋ᠠᠵᠠᠯᠠᠵᠤ ᠬᠢᠵᠠᠭ᠋ᠠᠷᠯᠠᠬᠤ ᠣᠨ᠎ᠤ ᠡᠭᠦᠷᠭᠡ᠎ᠪᠠᠨ ᠪᠡᠶᠡᠯᠡᠭᠦᠯᠵᠦ᠂ ᠬᠠᠲᠤᠨ ᠭᠤᠣᠯ᠎ᠤᠨ ᠰᠠᠪᠠ ᠭᠠᠵᠠᠷ᠎ᠤᠨ ᠰᠢᠷᠠᠤ᠋ᠰᠤᠨ ᠭᠤᠣᠯ᠎ᠤᠨ ᠬᠢᠯᠢ ᠳᠣᠲᠣᠷᠠᠬᠢ ᠬᠡᠰᠡᠭ᠎ᠢ ᠬᠠᠮᠠᠭ᠋ᠠᠯᠠᠵᠤ ᠵᠠᠰᠠᠭᠰᠠᠨ᠎ᠨᠢ ᠪᠦᠬᠦ ᠤᠯᠤᠰ᠎ᠤᠨ ᠦᠵᠡᠰᠬᠦᠯᠡᠩᠲᠦ ᠨᠠᠭᠤᠷ ᠭᠤᠣᠯ᠎ᠤᠨ ᠰᠢᠯᠢᠳᠡᠭ ᠵᠢᠱ᠌ᠢᠶ᠎ᠡ᠎ᠪᠠᠷ ᠰᠣᠩᠭᠤᠭᠳᠠᠪᠠ᠃ ᠪᠣᠬᠢᠷᠳᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ 21.3 ᠲᠦᠮᠡᠨ ᠡᠷᠦᠭᠡ ᠵᠢᠨ ᠴᠡᠪᠡᠷ ᠳᠤᠯᠠᠭ᠋ᠠᠯᠠᠭ᠎ᠠ᠎ᠪᠠᠷ ᠥᠭᠡᠷᠡᠴᠢᠯᠡᠵᠦ ᠰᠢᠨᠡᠳᠬᠡᠬᠦ ᠠᠵᠢᠯ᠎ᠢ ᠪᠡᠶᠡᠯᠡᠭᠦᠯᠦᠨ᠂ 《ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ》᠂ ᠴᠠᠭ᠋ᠠᠨᠨᠠᠭᠤᠷ ᠵᠡᠷᠭᠡ ᠵᠢ ᠶᠡᠷᠦᠩᠬᠡᠶ᠋ᠢᠯᠡᠨ ᠵᠠᠰᠠᠭᠰᠠᠨ ᠦᠷ᠎ᠡ ᠪᠦᠲᠦᠮᠵᠢ ᠤᠯᠤᠰ᠎ᠲᠤ ᠦᠨᠡᠯᠡᠭᠳᠡᠨ ᠨᠤᠲᠠᠯᠠᠭᠳᠠᠵᠤ᠂ ᠤᠯᠠᠭ᠋ᠠᠨᠰᠤᠬᠠᠢ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠳᠦᠷᠢᠮ᠎ᠢ ᠨᠡᠶ᠋ᠢᠲᠡᠯᠡᠨ ᠬᠡᠷᠡᠭᠵᠢᠭᠦᠯᠵᠦ᠂ ᠪᠦᠬᠦ ᠣᠷᠣᠨ᠎ᠤ ᠤᠯᠤᠰ᠎ᠤᠨ ᠰᠢᠯᠭ᠋ᠠᠨ ᠬᠢᠨᠠᠬᠤ ᠭᠠᠵᠠᠷ ᠳᠡᠭᠡᠷᠡᠬᠢ ᠤᠰᠤᠨ᠎ᠤ ᠣᠭᠲᠣᠯᠣᠭ᠋ᠠᠰᠤ ᠵᠢᠨ ᠤᠰᠤᠨ᠎ᠤ ᠴᠢᠨᠠᠷ᠎ᠤᠨ ᠰᠢᠯᠢᠳᠡᠭ ᠰᠠᠶ᠋ᠢᠨ ᠪᠠᠷᠢᠮᠵᠢᠶ᠎ᠠ᠎ᠳᠤ ᠬᠦᠷᠦᠭᠦᠯᠬᠦ ᠬᠠᠷᠢᠴᠠᠯ᠂ ᠦᠬᠠᠢ ᠵᠢᠴᠢ ᠡᠷᠭᠢᠨ ᠲᠣᠭᠤᠷᠢᠨ ᠭᠠᠵᠠᠷ ᠣᠷᠣᠨ ᠤ PM2.5 ᠵᠢᠨ ᠥᠳᠬᠡᠴᠡ ᠲᠡᠦᠬᠡᠨ᠎ᠳᠠᠬᠢ ᠬᠠᠮᠤᠭ ᠰᠠᠶ᠋ᠢᠨ ᠲᠦᠪᠰᠢᠨ ᠳᠤ ᠬᠦᠷᠪᠡ᠃ ᠪᠦᠬᠦ ᠲᠠᠯ᠎ᠠ᠎ᠪᠠᠷ ᠠᠷᠪᠢᠯᠠᠨ ᠭᠠᠮᠨᠠᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ 《ᠲᠠᠪᠤ ᠵᠢ ᠲᠤᠶ᠋ᠢᠯᠪᠤᠷᠢᠲᠠᠢ ᠰᠢᠢ᠍ᠳᠪᠦᠷᠢᠯᠡᠬᠦ》 ᠠᠵᠢᠯᠯᠠᠭ᠋ᠠᠨ᠎ᠢ ᠥᠷᠭᠦᠯᠵᠢᠯᠡᠨ ᠥᠷᠨᠢᠭᠦᠯᠵᠦ᠂ ᠵᠥᠪᠰᠢᠶᠡᠷᠡᠭᠦᠯᠬᠦ᠎ᠪᠠᠷ ᠪᠠᠶ᠋ᠢᠭ᠎ᠠ 9326 ᠲᠦᠷᠦᠯ ᠵᠦᠢ᠍ᠯ᠎ᠤᠨ ᠵᠥᠪᠰᠢᠶᠡᠷᠡᠵᠦ ᠪᠣᠯᠬᠤ ᠪᠦᠬᠦᠨ᠎ᠢ᠎ᠨᠢ ᠵᠥᠪᠰᠢᠶᠡᠷᠡᠵᠦ᠂ ᠵᠥᠪᠰᠢᠶᠡᠷᠡᠭᠰᠡᠨ ᠪᠠᠶ᠋ᠢᠲᠠᠯ᠎ᠠ ᠬᠠᠩᠭ᠋ᠠᠭ᠋ᠠᠳᠤᠢ ᠪᠠ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠢ ᠵᠢ ᠰᠢᠩᠭᠡᠭᠡᠵᠦ ᠰᠢᠢ᠍ᠳᠪᠦᠷᠢᠯᠡᠭᠰᠡᠨ᠎ᠨᠢ ᠨᠡᠶ᠋ᠢᠯᠡᠭᠡᠳ 40 ᠲᠦᠮᠡᠨ ᠮᠦ᠍᠎ᠠᠴᠠ ᠳᠠᠪᠠᠵᠤ᠂ ᠠᠩᠬᠠᠨ᠎ᠤ ᠪᠦᠯᠦᠭ 22 ᠳ᠋ᠦᠩᠰᠢᠭᠤᠷ ᠲᠥᠭᠦᠷᠢᠭ᠎ᠤᠨ ᠭᠠᠵᠠᠷ ᠰᠢᠷᠣᠢ ᠵᠢᠨ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠤᠭᠰᠠᠨ ᠦᠯᠡᠳᠡᠪᠦᠷᠢ ᠵᠢᠨ ᠭᠦᠢ᠍ᠴᠡᠳᠬᠡᠯ ᠲᠤᠭ᠎ᠠ ᠵᠢᠨ ᠮᠤᠵᠢ ᠠᠯᠤᠰᠯᠠᠨ ᠠᠷᠠᠯᠵᠢᠶᠠᠯᠠᠬᠤ ᠵᠢ ᠪᠡᠶᠡᠯᠡᠭᠦᠯᠵᠦ᠂ 《ᠬᠠᠭ᠋ᠠᠰ ᠳᠤᠲᠠᠭᠤ ᠣᠷᠬᠢᠭᠳᠠᠭᠰᠠᠨ》 ᠢᠨᠵᠧᠨᠧᠷᠢᠩ᠎ᠢ ᠰᠡᠷᠭᠦᠭᠡᠬᠦ ᠪᠠ ᠨᠡᠭᠡᠭᠡᠯᠲᠡ ᠵᠢᠨ ᠲᠣᠭᠤᠷᠢᠭ᠎ᠤᠨ 《ᠲᠤᠶ᠋ᠢᠯᠪᠤᠷᠢᠲᠠᠢ ᠰᠢᠢ᠍ᠳᠪᠦᠷᠢᠯᠡᠯᠲᠡ》 ᠵᠢ ᠦᠨᠳᠦᠰᠦᠨ᠎ᠳᠤ᠎ᠪᠠᠨ ᠪᠡᠶᠡᠯᠡᠭᠦᠯᠪᠡ᠂ ᠲᠠᠷᠢᠶᠠᠯᠠᠩ᠎ᠤᠨ ᠤᠰᠤ ᠠᠷᠪᠢᠯᠠᠭᠰᠠᠨ ᠬᠡᠮᠵᠢᠶ᠎ᠡ 3.73 ᠳ᠋ᠦᠩᠰᠢᠭᠤᠷ ᠺᠦᠪ ᠮᠧᠳ᠋ᠷ᠎ᠲᠤ ᠬᠦᠷᠴᠦ᠂ ᠲᠠᠷᠢᠶᠠᠨ ᠭᠠᠵᠠᠷ᠎ᠢ ᠤᠰᠤᠯᠠᠬᠤ ᠤᠰᠤ ᠵᠢ ᠪᠦᠲᠦᠮᠵᠢᠲᠡᠢ ᠠᠰᠢᠭᠯᠠᠭᠰᠠᠨ ᠢᠯᠡᠳᠬᠡᠮᠵᠢ᠎ᠨᠢ ᠠᠩᠬ᠎ᠠ ᠤᠳᠠᠭ᠎ᠠ ᠤᠯᠤᠰ᠎ᠤᠨ ᠳᠤᠮᠳᠠᠴᠢ ᠲᠦᠪᠰᠢᠨ᠎ᠠᠴᠠ ᠳᠠᠪᠠᠵᠤ᠂ ᠨᠡᠭᠦᠷᠡᠰᠦᠲᠥ᠋ᠷᠥᠭᠴᠢ ᠵᠢᠨ ᠬᠤᠷᠠᠮᠠᠯ᠎ᠢ ᠠᠷᠠᠯᠵᠢᠶᠠᠯᠠᠭᠰᠠᠨ ᠬᠡᠮᠵᠢᠶ᠎ᠡ 80.5 ᠲᠦᠮᠡᠨ ᠲᠤᠨ᠂ ᠠᠷᠠᠯᠵᠢᠶᠠᠯᠠᠭᠰᠠᠨ ᠲᠤᠭ᠎ᠠ 2709 ᠲᠦᠮᠡᠨ ᠲᠥᠭᠦᠷᠢᠭ᠎ᠲᠤ ᠬᠦᠷᠴᠦ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ᠎ᠢ 4᠂ ᠪᠣᠬᠢᠷᠳᠤᠯ ᠦᠭᠡᠢ ᠠᠵᠤ ᠦᠢ᠍ᠯᠡᠳᠪᠦᠷᠢ ᠵᠢ 67 ᠰᠢᠨ᠎ᠡ᠎ᠪᠠᠷ ᠡᠭᠦᠳᠦᠨ ᠪᠠᠶ᠋ᠢᠭᠤᠯᠪᠠ᠃
ᠵᠢᠷᠭᠤᠭ᠎ᠠ᠎ᠳᠤ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠥᠷᠨᠢᠭᠦᠨ ᠰᠡᠷᠭᠦᠯᠲᠡ᠎ᠲᠠᠢ ᠪᠣᠯᠬᠤ ᠵᠢ ᠪᠦᠲᠦᠮᠵᠢᠲᠡᠢ ᠠᠬᠢᠭᠤᠯᠪᠠ᠃ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠰᠡᠷᠭᠦᠨ ᠬᠥᠭᠵᠢᠬᠦ ᠵᠢ ᠳᠡᠮᠵᠢᠬᠦ 15 ᠵᠦᠢ᠍ᠯ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠶ᠋ᠢᠲᠡᠯᠡᠵᠦ᠂ 《ᠪᠡᠭᠡᠵᠢᠩ ᠱᠠᠩᠬᠠᠢ ᠭᠤᠸᠠᠩᠵᠧᠦ ᠱᠧᠨᠵᠧᠨ》 ᠵᠡᠷᠭᠡ ᠣᠯᠠᠨ ᠬᠤᠲᠠ᠎ᠯᠤᠭ᠎ᠠ ᠬᠠᠮᠲᠤᠷᠠᠨ 《ᠵᠠᠭᠤᠨ ᠲᠦᠮᠡᠨ ᠬᠥᠮᠥᠨ ᠬᠠᠷᠢᠯᠴᠠᠨ ᠵᠢᠭᠤᠯᠴᠢᠯᠠᠬᠤ》 ᠠᠵᠢᠯᠯᠠᠭ᠋ᠠᠨ᠎ᠢ ᠥᠷᠨᠢᠭᠦᠯᠵᠦ᠂ ᠷᠠᠰᠢᠶᠠᠨ᠂ ᠬᠥᠯᠥᠨ ᠪᠦᠢ᠍ᠷ ᠵᠡᠷᠭᠡ ᠭᠤᠣᠯᠳᠠᠯᠭ᠎ᠠ᠎ᠲᠠᠢ ᠵᠢᠭᠤᠯᠴᠢᠯᠠᠯ᠎ᠤᠨ ᠵᠣᠷᠢᠭᠰᠠᠨ ᠭᠠᠵᠠᠷ᠎ᠲᠤ ᠬᠦᠷᠬᠦ ᠲᠤᠰᠬᠠᠢ ᠴᠤᠪᠤᠭ᠎ᠠ ᠲᠡᠷᠭᠡ 400᠂ ᠲᠦᠷᠢᠶᠡᠰᠦᠨ ᠨᠢᠰᠬᠡᠯ 700 ᠤᠳᠠᠭ᠎ᠠ ᠪᠠᠶ᠋ᠢᠵᠤ᠂ ᠪᠦᠬᠦ ᠣᠷᠣᠨ᠎ᠳᠤ ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ᠎ᠠᠴᠠ ᠳᠠᠪᠠᠵᠤ᠂ ᠣᠷᠣᠯᠭ᠎ᠠ 3350 ᠳ᠋ᠦᠩᠰᠢᠭᠤᠷ ᠲᠥᠭᠦᠷᠢᠭ ᠢ ᠳᠠᠪᠠᠵᠤ᠂ ᠴᠥᠮ 2019 ᠣᠨ᠎ᠤ 1.2 ᠳᠠᠬᠢᠨ ᠪᠠᠶ᠋ᠢᠪᠠ᠃ ᠤᠯᠤᠰ᠎ᠤᠨ ᠳᠡᠰ᠎ᠤᠨ ᠰᠣᠶᠣᠯ ᠵᠢᠭᠤᠯᠴᠢᠯᠠᠯ᠎ᠤᠨ ᠨᠡᠷᠡᠲᠦ ᠲᠡᠮᠳᠡᠭ ᠵᠶ᠋ᠠᠷ 17 ᠵᠦᠢ᠍ᠯ ᠵᠥᠪᠰᠢᠶᠡᠷᠡᠭᠳᠡᠵᠦ᠂ ᠤᠯᠤᠰ᠎ᠤᠨ 5C᠂ 4C ᠳᠡᠰ᠎ᠤᠨ ᠬᠤᠪᠢ ᠵᠢᠨ ᠮᠠᠰᠢᠨ ᠲᠡᠷᠭᠡ᠎ᠪᠠᠷ ᠪᠠᠭᠤᠳᠠᠯᠯᠠᠬᠤ ᠰᠠᠭᠤᠷᠢᠨ᠎ᠤ ᠲᠤᠭ᠎ᠠ ᠪᠦᠬᠦ ᠤᠯᠤᠰ᠎ᠤᠨ ᠲᠡᠷᠢᠭᠦᠨ᠎ᠳᠤ ᠪᠠᠶ᠋ᠢᠷᠢᠰᠢᠵᠤ᠂ ᠤᠯᠤᠰ᠎ᠤᠨ ᠳᠡᠰ᠎ᠤᠨ ᠴᠠᠰᠤᠨ᠎ᠳᠤ ᠭᠤᠯᠭᠤᠬᠤ ᠵᠢᠭᠤᠯᠴᠢᠯᠠᠯ ᠠᠮᠠᠷᠠᠯᠲᠠ ᠵᠢᠨ ᠭᠠᠵᠠᠷ᠎ᠤᠨ ᠲᠤᠭ᠎ᠠ ᠪᠦᠬᠦ ᠤᠯᠤᠰ᠎ᠤᠨ ᠬᠤᠶᠠᠳᠤᠭ᠋ᠠᠷ᠎ᠲᠤ ᠪᠠᠶ᠋ᠢᠷᠢᠰᠢᠪᠠ᠃ ᠵᠢᠭᠤᠯᠴᠢᠯᠠᠯ᠎ᠤᠨ 《ᠳᠥᠷᠪᠡᠨ ᠭᠠᠵᠠᠷ》᠎ᠤᠨ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠲᠠᠰᠤᠷᠠᠯᠲᠠ ᠦᠭᠡᠢ ᠲᠣᠳᠣᠷᠠᠵᠤ᠂ 《ᠲᠠᠯ᠎ᠠ ᠨᠤᠲᠤᠭ᠎ᠤᠨ ᠪᠣᠯᠵᠣᠯ》᠂ 《ᠤᠴᠠᠷᠠᠯ᠎ᠳᠤ ᠨᠠᠭ᠋ᠠᠳᠤᠮ》 ᠵᠡᠷᠭᠡ ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ ᠦᠷᠭᠦᠯᠵᠢᠯᠡᠨ ᠨᠡᠮᠡᠭᠳᠡᠵᠦ᠂ ᠬᠥᠬᠡᠬᠤᠲᠠ ᠵᠢᠨ ᠰᠢᠨ᠎ᠡ ᠣᠨ ᠵᠶ᠋ᠠᠨ ᠤᠭᠲᠤᠬᠤ ᠦᠳᠡᠰᠢ ᠵᠢᠨ ᠠᠵᠢᠯᠯᠠᠭ᠋ᠠᠨ ᠪᠦᠬᠦ ᠬᠤᠲᠠᠨ᠎ᠠ ᠬᠦᠷ ᠬᠥᠭᠵᠢᠶᠡᠨ ᠪᠢᠯᠬᠠᠭᠤᠯᠵᠤ᠂ ᠤᠯᠠᠭ᠋ᠠᠨᠴᠠᠪ᠎ᠤᠨ ᠦᠳᠡᠰᠢ ᠬᠡᠮᠡᠬᠦ ᠠᠵᠢᠯᠯᠠᠭ᠋ᠠᠨ ᠵᠢᠭᠤᠯᠴᠢᠯᠠᠭᠴᠢᠳ᠎ᠢ 500 ᠲᠦᠮᠡᠨ ᠬᠥᠮᠥᠨ ᠤᠳᠠᠭ᠎ᠠ ᠲᠠᠲᠠᠵᠤ᠂ ᠲᠥᠪ ᠲᠧᠯᠸᠢᠰ ᠰᠤᠪᠠᠭ APP᠎ᠤᠨ 《ᠰᠠᠭᠤᠳᠠᠯ᠎ᠤᠨ ᠮᠠᠰᠢᠨ ᠵᠶ᠋ᠠᠷ ᠳᠤᠮᠳᠠᠳᠤ ᠤᠯᠤᠰ ᠵᠶ᠋ᠠᠷ ᠠᠶᠠᠯᠠᠬᠤᠢ》 ᠰᠢᠭᠤᠳ ᠨᠡᠪᠲᠡᠷᠡᠭᠦᠯᠭᠡ᠎ᠨᠢ 《ᠲᠡᠭᠷᠢ ᠵᠢᠨ ᠬᠠᠶᠠᠭ᠋ᠠᠨᠤ ᠤᠯᠠᠭ᠋ᠠᠢ》 ᠵᠢᠨ ᠠᠯᠳᠠᠷ ᠴᠤᠤ ᠵᠢ ᠮᠠᠨᠳᠤᠭᠤᠯᠪᠠ᠃ ᠨᠢᠭᠡ ᠪᠦᠯᠦᠭ ᠰᠣᠶᠣᠯ ᠤᠷᠠᠯᠢᠭ᠎ᠤᠨ ᠰᠣᠳᠣᠨ ᠪᠦᠲᠦᠭᠡᠯ 《ᠯᠢᠩᠬᠤᠸ᠎ᠠ ᠱᠠᠩᠨᠠᠯ》 ᠵᠡᠷᠭᠡ ᠤᠯᠤᠰ᠎ᠤᠨ ᠳᠡᠰ᠎ᠤᠨ ᠱᠠᠩᠨᠠᠯ᠎ᠢ 47 ᠬᠦᠷᠲᠡᠵᠦ᠂ ᠯᠢᠶᠣᠤ ᠤᠯᠤᠰ᠎ᠤᠨ ᠳᠡᠭᠡᠳᠦ ᠨᠡᠶ᠋ᠢᠰᠯᠡᠯ᠎ᠤᠨ ᠬᠠᠭ᠋ᠠᠨ᠎ᠤ ᠬᠤᠲᠠ ᠵᠢᠨ ᠪᠠᠭᠤᠷᠢ ᠵᠢᠨ ᠡᠮᠦᠨ᠎ᠡ ᠬᠡᠰᠡᠭ᠎ᠤᠨ ᠪᠠᠷᠢᠯᠭ᠎ᠠ ᠪᠠ ᠾᠧᠦ ᠴᠧᠩ ᠽᠦᠢ ᠴᠢᠯᠠᠭᠤᠨ ᠬᠤᠲᠠ ᠵᠢᠨ ᠪᠠᠭᠤᠷᠢ᠎ᠨᠢ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠰᠢᠨ᠎ᠡ ᠢᠯᠡᠷᠡᠭᠦᠯᠦᠯᠲᠡ᠎ᠳᠤ ᠣᠷᠣᠪᠠ᠃ ᠪᠦᠬᠦ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠲᠠᠮᠢᠷ᠎ᠤᠨ ᠴᠤᠭᠯᠠᠭ᠋ᠠᠨ᠂ ᠵᠢᠷᠭᠤᠳᠤᠭ᠋ᠠᠷ ᠬᠤᠭᠤᠴᠠᠭ᠋ᠠᠨ᠎ᠤ ᠵᠡᠮᠳᠡᠭᠴᠦᠳ᠎ᠤᠨ ᠲᠠᠮᠢᠷ᠎ᠤᠨ ᠴᠤᠭᠯᠠᠭ᠋ᠠᠨ᠂ ᠠᠷᠪᠠᠳᠤᠭ᠋ᠠᠷ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠬᠢᠯᠡᠵᠦ᠂ ᠪᠦᠬᠦ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ ᠪᠦᠬᠦ ᠬᠦᠴᠦᠨ ᠵᠶ᠋ᠠᠷ ᠵᠶ᠋ᠠᠨ ᠪᠡᠯᠡᠳᠬᠡᠪᠡ᠃
ᠳᠣᠯᠤᠭ᠎ᠠ᠎ᠳᠤ ᠠᠷᠠᠳ᠎ᠤᠨ ᠠᠮᠢᠳᠤᠷᠠᠯ᠎ᠤᠨ ᠪᠣᠳᠠᠲᠤ ᠠᠵᠢᠯ᠎ᠢ ᠰᠡᠳᠬᠢᠯ ᠲᠠᠯᠪᠢᠨ ᠬᠦᠴᠦ ᠣᠷᠣᠭᠤᠯᠵᠤ ᠰᠠᠶ᠋ᠢᠲᠤᠷ ᠬᠢᠪᠡ᠃ ᠪᠦᠬᠦ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 6.1% ᠨᠡᠮᠡᠭᠳᠡᠵᠦ᠂ 2022 ᠣᠨ᠎ᠤ᠎ᠲᠠᠢ ᠠᠳᠠᠯᠢᠳᠬᠠᠪᠠᠯ 0.8 ᠵᠠᠭᠤᠨ᠎ᠤ ᠴᠡᠭ ᠳᠡᠭᠡᠭᠰᠢᠯᠡᠪᠡ᠃ ᠵᠢᠯ᠎ᠤᠨ ᠡᠬᠢᠨ᠎ᠳᠤ ᠪᠠᠶ᠋ᠢᠷᠢᠯᠠᠭᠤᠯᠤᠭᠰᠠᠨ 43 ᠵᠦᠢ᠍ᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠦᠬᠦᠨ᠎ᠢ ᠪᠡᠶᠡᠯᠡᠭᠦᠯᠪᠡ᠃ ᠬᠤᠲᠠ ᠪᠠᠯᠭ᠋ᠠᠰᠤᠨ᠎ᠤ 21.87 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠤᠪᠠ᠃ ᠬᠤᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠥᠨᠥᠴᠢᠨ ᠬᠡᠦᠬᠡᠳ᠎ᠤᠨ ᠪᠠᠲᠤᠯᠠᠭ᠎ᠠ ᠵᠢᠨ ᠪᠠᠷᠢᠮᠵᠢᠶ᠎ᠠ᠎ᠨᠢ ᠴᠥᠮ ᠪᠦᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠢ 893 ᠰᠢᠨ᠎ᠡ᠎ᠪᠠᠷ ᠪᠠᠶ᠋ᠢᠭᠤᠯᠬᠤ ᠪᠤᠶᠤ ᠥᠭᠡᠷᠡᠴᠢᠯᠡᠨ ᠥᠷᠭᠡᠳᠬᠡᠨ ᠪᠠᠶ᠋ᠢᠭᠤᠯᠵᠤ᠂ ᠬᠡᠦᠬᠡᠳ ᠪᠠ ᠰᠤᠷᠤᠭᠴᠢᠳ᠎ᠤᠨ ᠰᠤᠷᠤᠯᠭ᠎ᠠ ᠵᠢᠨ ᠣᠷᠣ ᠵᠢ 7 ᠲᠦᠮᠡ ᠰᠢᠨ᠎ᠡ᠎ᠪᠠᠷ ᠨᠡᠮᠡᠭᠳᠡᠭᠦᠯᠪᠡ; ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠢ 327 ᠰᠢᠨ᠎ᠡ᠎ᠪᠠᠷ ᠲᠣᠬᠢᠷᠠᠭᠤᠯᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠋ᠠᠨ᠎ᠳᠤ ᠵᠢᠩᠬᠢᠨᠢ ᠠᠩᠭᠢ ᠵᠢᠨ ᠲᠤᠰᠬᠠᠢ ᠮᠡᠷᠭᠡᠵᠢᠯ᠎ᠢ ᠰᠢᠨ᠎ᠡ᠎ᠪᠠᠷ 20 ᠲᠣᠬᠢᠷᠠᠭᠤᠯᠵᠤ᠂ ᠶᠡᠭᠡ ᠳᠡᠭᠡᠳᠦ ᠰᠤᠷᠭ᠋ᠠᠭᠤᠯᠢ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢ 97 ᠪᠠᠶ᠋ᠢᠭᠤᠯᠪᠠ᠃ 236 ᠵᠦᠢ᠍ᠯ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢ ᠬᠥᠳᠡᠯᠦᠩᠭᠦᠢ᠎ᠪᠠᠷ ᠲᠣᠬᠢᠷᠠᠭᠤᠯᠵᠤ᠂ ᠣᠯᠠᠨ ᠲᠦᠮᠡᠨ᠎ᠤ ᠥᠪᠡᠷ ᠵᠶ᠋ᠠᠨ ᠲᠤᠰᠢᠶᠠᠬᠤ ᠡᠮᠨᠡᠭᠦᠯᠦᠭᠰᠡᠨ ᠵᠠᠷᠤᠳᠠᠯ ᠳᠤᠮᠳᠠᠴᠢ᠎ᠪᠠᠷ 19% ᠪᠠᠭᠤᠷᠠᠵᠤ᠂ ᠪᠡᠭᠡᠵᠢᠩ ᠶᠡᠭᠡ ᠰᠤᠷᠭ᠋ᠠᠭᠤᠯᠢ ᠵᠢᠨ ᠬᠠᠪᠤᠳᠠᠷ᠎ᠤᠨ ᠡᠮᠨᠡᠯᠭᠡ ᠵᠢᠨ ᠬᠤᠷᠢᠶᠠᠨ᠎ᠤ ᠥᠪᠥᠷ ᠮᠣᠩᠭᠤᠯ᠎ᠤᠨ ᠡᠮᠨᠡᠯᠭᠡ ᠵᠢᠨ ᠬᠤᠷᠢᠶᠠᠨ᠎ᠤ ᠡᠭᠦᠳᠡᠨ ᠡᠮᠨᠡᠯᠭᠡ᠎ᠳᠤ ᠡᠮᠨᠡᠭᠦᠯᠦᠭᠰᠡᠨ ᠬᠡᠮᠵᠢᠶ᠎ᠡ 52% ᠨᠡᠮᠡᠭᠳᠡᠵᠦ᠂ ᠮᠡᠰᠡ ᠵᠠᠰᠠᠯ ᠬᠢᠭᠰᠡᠨ ᠬᠡᠮᠵᠢᠶ᠎ᠡ 83% ᠨᠡᠮᠡᠭᠳᠡᠪᠡ᠃ ᠰᠤᠮᠤ ᠰᠢᠶᠠᠩ ᠪᠠᠯᠭ᠋ᠠᠰᠤᠨ᠎ᠤ ᠬᠡᠪᠴᠢᠶᠡᠨ᠎ᠳᠤ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ 350᠂ ᠲᠤᠰᠬᠤᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ 2000 ᠰᠢᠨ᠎ᠡ᠎ᠪᠠᠷ ᠪᠠᠶ᠋ᠢᠭᠤᠯᠵᠤ᠂ ᠮᠢᠩᠭ᠋ᠠᠨ ᠬᠥᠮᠥᠨ ᠠᠮᠠ ᠪᠦᠷᠢ᠎ᠳᠤ ᠨᠣᠭᠳᠠᠬᠤ ᠨᠠᠶ᠋ᠢᠳᠠᠨ ᠠᠰᠠᠷᠠᠭᠤᠯᠬᠤ ᠦᠢ᠍ᠯᠡᠴᠢᠯᠡᠭᠡᠨ᠎ᠤ ᠣᠷᠣ ᠵᠢᠨ ᠲᠤᠭ᠎ᠠ 3.4᠎ᠳᠤ ᠬᠦᠷᠪᠡ᠃ ᠬᠤᠲᠠ ᠪᠠᠯᠭ᠋ᠠᠰᠤᠨ᠎ᠤ ᠬᠠᠭᠤᠴᠢᠨ ᠬᠤᠭᠤᠯᠠᠢ ᠭᠤᠤᠷᠰᠤᠨ᠎ᠤ ᠲᠣᠣᠷ᠎ᠢ 2220 ᠺᠢᠯᠣᠮᠧᠳ᠋ᠷ᠂ ᠬᠠᠭᠤᠴᠢᠨ ᠰᠠᠭᠤᠭ᠋ᠠᠯᠢ ᠲᠣᠭᠤᠷᠢᠭ᠎ᠢ 1639᠂ ᠳᠦᠬᠦᠮ ᠪᠦᠲᠦᠴᠡᠲᠦ ᠣᠷᠣᠨ ᠰᠠᠭᠤᠴᠠ ᠵᠢᠨ ᠲᠣᠭᠤᠷᠢᠭ᠎ᠢ 1.56 ᠲᠦᠮᠡᠨ ᠢᠵᠢ ᠥᠭᠡᠷᠡᠴᠢᠯᠡᠨ ᠰᠢᠨᠡᠳᠬᠡᠵᠦ᠂ ᠬᠥᠳᠡᠭᠡ ᠲᠤᠰᠬᠤᠨ ᠮᠠᠯᠵᠢᠬᠤ ᠣᠷᠣᠨ᠎ᠤ ᠡᠷᠦᠬᠡ ᠵᠢᠨ ᠵᠣᠷᠯᠦᠩᠢ 6.2 ᠲᠦᠮᠡ᠂ ᠵᠠᠰᠠᠮᠠᠯ ᠵᠠᠮ᠎ᠢ 5106 ᠺᠢᠯᠣᠮᠧᠳ᠋ᠷ ᠪᠠᠶ᠋ᠢᠭᠤᠯᠵᠤ᠂ ᠨᠤᠷᠠᠬᠤ ᠠᠶᠤᠯᠲᠠᠢ ᠭᠡᠷ ᠪᠠᠶ᠋ᠢᠰᠢᠩ᠎ᠢ 4211 ᠡᠷᠦᠬᠡ ᠥᠭᠡᠷᠡᠴᠢᠯᠡᠨ ᠰᠢᠨᠡᠳᠬᠡᠵᠦ᠂ ᠬᠢᠯᠢ ᠬᠢᠵᠠᠭ᠋ᠠᠷ ᠣᠷᠣᠨ᠎ᠳᠤ ᠷᠠᠳᠢᠣ᠋ ᠲᠧᠯᠸᠢᠰ᠎ᠤᠨ ᠭᠡᠷᠡᠯᠯᠢᠭ ᠤᠲᠠᠰᠤ 4000 ᠺᠢᠯᠣᠮᠧᠳ᠋ᠷ ᠳᠡᠪᠢᠰᠪᠡ᠃ ᠪᠦᠢ᠍ᠳᠠ ᠪᠥᠭᠯᠡᠭᠦᠦ ᠭᠠᠵᠠᠷ ᠣᠷᠣᠨ᠎ᠤ ᠴᠠᠬᠢᠯᠭ᠋ᠠᠨ ᠬᠡᠷᠡᠭᠯᠡᠬᠦ ᠳᠡᠰ ᠳᠡᠪᠰᠢᠭᠦᠯᠬᠦ ᠰᠢᠨ᠎ᠡ ᠨᠢᠭᠡᠨ ᠡᠭᠡᠯᠵᠢ ᠵᠢᠨ ᠢᠨᠵᠧᠨᠧᠷᠢᠩ᠎ᠢ ᠡᠬᠢᠯᠡᠭᠦᠯᠵᠦ᠂ ᠪᠦᠢ᠍ᠳᠠ ᠪᠥᠭᠯᠡᠭᠦᠦ ᠭᠠᠵᠠᠷ ᠣᠷᠣᠨ᠎ᠤ 2.4 ᠲᠦᠮᠡᠨ ᠲᠠᠷᠢᠶᠠᠯᠠᠬᠤ ᠮᠠᠯᠵᠢᠬᠤ ᠡᠷᠦᠭᠡ ᠪᠠ 58 ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠴᠠᠬᠢᠯᠭ᠋ᠠᠨ ᠬᠡᠷᠡᠭᠯᠡᠬᠦ᠎ᠳᠤ ᠬᠦᠴᠢᠷᠲᠡᠢ ᠪᠠᠶ᠋ᠢᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠪᠡ᠃ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠢ 531᠂ ᠲᠠᠷᠠᠬᠠᠢ ᠮᠠᠶᠢᠭ᠎ᠤᠨ ᠤᠰᠤᠨ᠎ᠤ ᠰᠣᠷᠪᠣᠯᠵᠢ ᠵᠢᠨ ᠢᠨᠵᠧᠨᠧᠷᠢᠩ᠎ᠢ 909 ᠰᠢᠨ᠎ᠡ᠎ᠪᠠᠷ ᠪᠠᠶ᠋ᠢᠭᠤᠯᠬᠤ ᠪᠠ ᠥᠷᠭᠡᠳᠬᠡᠨ ᠪᠠᠶ᠋ᠢᠭᠤᠯᠵᠤ᠂ 32 ᠲᠦᠮᠡᠨ ᠲᠠᠷᠢᠶᠠᠴᠢᠨ ᠮᠠᠯᠴᠢᠳ ᠠᠰᠢᠭ ᠬᠦᠷᠲᠡᠪᠡ᠃ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠵᠢᠷᠭᠤᠭ᠋ᠠᠨ 《ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠬᠡᠷᠡᠭᠵᠢᠭᠦᠯᠵᠦ᠂ ᠥᠪᠥᠷ ᠮᠣᠩᠭᠤᠯ᠎ᠳᠤ ᠣᠷᠣᠭᠤᠯᠤᠭᠰᠠᠨ ᠪᠡᠭᠡᠵᠢᠩ᠎ᠤᠨ ᠪᠡᠯᠡ ᠮᠥᠩᠭᠦ 150 ᠳ᠋ᠦᠩᠰᠢᠭᠤᠷ ᠲᠥᠭᠦᠷᠢᠭ ᠰᠢᠨ᠎ᠡ᠎ᠪᠠᠷ ᠨᠡᠮᠡᠭᠳᠡᠵᠦ᠂ ᠥᠪᠥᠷ ᠮᠣᠩᠭᠤᠯ᠎ᠢ ᠲᠤᠰᠠᠯᠠᠷ᠎ᠠ ᠢᠷᠡᠭᠰᠡᠨ ᠪᠡᠭᠡᠵᠢᠩ᠎ᠤᠨ ᠪᠠᠭᠰᠢ ᠪᠡᠭᠡᠵᠢᠩ᠎ᠤᠨ ᠡᠮᠴᠢ ᠮᠢᠩᠭ᠎ᠠ ᠰᠢᠬᠠᠮ ᠬᠥᠮᠥᠨ ᠪᠣᠯᠵᠤ᠂ ᠥᠪᠥᠷ ᠮᠣᠩᠭᠤᠯ᠎ᠠᠴᠠ ᠪᠡᠭᠡᠵᠢᠩ ᠤᠷᠤᠭᠤ ᠳᠠᠮᠵᠢᠭᠤᠯᠤᠭᠰᠠᠨ ᠴᠠᠬᠢᠯᠭ᠋ᠠᠨ 200 ᠳ᠋ᠦᠩᠰᠢᠭᠤᠷ ᠭ᠋ᠷᠡᠳᠦ᠋ᠰ᠎ᠢ ᠳᠠᠪᠠᠵᠤ᠂ ᠪᠡᠭᠡᠵᠢᠩ᠎ᠳᠤ ᠣᠷᠣᠭᠤᠯᠤᠭᠰᠠᠨ ᠥᠪᠥᠷ ᠮᠣᠩᠭᠤᠯ᠎ᠤᠨ ᠢᠳᠡᠭᠡᠨ 200 ᠳ᠋ᠦᠩᠰᠢᠭᠤᠷ ᠲᠥᠭᠦᠷᠢᠭ᠎ᠠᠴᠠ ᠳᠠᠪᠠᠵᠤ᠂ ᠪᠡᠭᠡᠵᠢᠩ ᠥᠪᠥᠷ ᠮᠣᠩᠭᠤᠯ᠎ᠤᠨ ᠬᠠᠷᠢᠯᠴᠠᠨ ᠵᠢᠭᠤᠯᠴᠢᠯᠠᠭᠰᠠᠳ 1000 ᠲᠦᠮᠡᠨ ᠬᠥᠮᠥᠨ ᠤᠳᠠᠭ᠎ᠠ᠎ᠠᠴᠠ ᠳᠠᠪᠠᠵᠤ᠂ ᠪᠡᠭᠡᠵᠢᠩ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠲᠦᠷᠦᠯ ᠵᠦᠢ᠍ᠯ 72% ᠨᠡᠮᠡᠭᠳᠡᠪᠡ᠃ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ ᠳᠦᠷᠢᠮ᠎ᠢ ᠳᠡᠯᠭᠡᠷᠡᠭᠦᠯᠵᠦ᠂ 《ᠲᠥᠯᠥᠭᠡᠯᠡᠭᠴᠢ + ᠭᠡᠰᠢᠭᠦᠨ + ᠰᠢᠭᠦᠬᠦ ᠬᠤᠷᠢᠶ᠎ᠠ》 ᠵᠢᠨ ᠢᠷᠭᠡᠨ᠎ᠤ ᠪᠠ ᠬᠤᠳᠠᠯᠳᠤᠭ᠋ᠠᠨ᠎ᠤ ᠬᠡᠷᠡᠭ᠎ᠤᠨ ᠵᠢᠭᠤᠷᠠᠯᠳᠤᠭ᠋ᠠᠨ᠎ᠢ ᠠᠷᠢᠯᠭ᠋ᠠᠨ ᠰᠢᠢ᠍ᠳᠪᠦᠷᠢᠯᠡᠬᠦ ᠲᠣᠭᠲᠠᠴᠠ ᠵᠢ ᠪᠠᠶ᠋ᠢᠭᠤᠯᠵᠤ᠂ ᠢᠳᠡᠭᠡᠨ᠎ᠤ ᠵᠦᠢ᠍ᠯ᠎ᠤᠨ 《ᠬᠤᠶᠠᠷ᠎ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ》 ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ ᠵᠣᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ ᠲᠠᠰᠤᠷᠠᠯᠲᠠ ᠦᠭᠡᠢ ᠳᠡᠭᠡᠭᠰᠢᠯᠡᠪᠡ᠃
ᠨᠠᠢ᠍ᠮᠠ᠎ᠳᠤ ᠭᠤᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠴᠢᠩᠭ᠎ᠠ ᠪᠣᠳᠠᠲᠠᠢ ᠰᠡᠷᠭᠡᠶ᠋ᠢᠯᠡᠵᠦ ᠠᠷᠢᠯᠭ᠋ᠠᠪᠠ᠃ ᠪᠢᠳᠡ 《2 • 22》᠎ᠤᠨ ᠠᠳᠡᠯ᠎ᠠᠴᠠ ᠭᠦᠨ ᠰᠤᠷᠭ᠋ᠠᠮᠵᠢ ᠠᠪᠴᠤ᠂ ᠬᠦᠨᠳᠦ ᠣᠨᠴᠠ ᠶᠡᠭᠡ ᠠᠳᠡᠯ᠎ᠢ ᠰᠡᠷᠭᠡᠶ᠋ᠢᠯᠡᠨ ᠬᠤᠷᠢᠭᠯᠠᠬᠤ 135 ᠵᠤᠷᠪᠤᠰ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠ 《ᠭᠤᠷᠪᠠ ᠵᠢ ᠬᠠᠮᠢᠶᠠᠷᠬᠤ᠎ᠳᠤ ᠭᠤᠷᠪᠠᠨ ᠡᠷᠬᠡᠪᠰᠢ ᠵᠢ ᠭᠦᠢ᠍ᠴᠡᠳᠬᠡᠬᠦ》 ᠲᠣᠭᠲᠠᠭ᠋ᠠᠯ᠎ᠤᠳ᠎ᠢ ᠲᠣᠭᠲᠠᠭ᠋ᠠᠨ ᠬᠡᠷᠡᠭᠵᠢᠭᠦᠯᠵᠦ᠂ ᠶᠡᠭᠡ᠎ᠪᠠᠷ ᠵᠢᠭᠰᠠᠭ᠋ᠠᠨ ᠪᠠᠶ᠋ᠢᠴᠠᠭ᠋ᠠᠬᠤ ᠪᠠ ᠶᠡᠭᠡ᠎ᠪᠠᠷ ᠴᠡᠭᠴᠡᠯᠡᠨ ᠵᠠᠰᠠᠬᠤ ᠵᠢ 3 ᠡᠭᠡᠯᠵᠢ᠎ᠪᠠᠷ ᠳᠠᠷᠠᠭ᠋ᠠᠯᠠᠨ ᠥᠷᠨᠢᠭᠦᠯᠵᠦ᠂ ᠭᠤᠣᠯᠳᠠᠯᠭ᠎ᠠ᠎ᠲᠠᠢ ᠬᠦᠷᠢᠶᠡᠨ᠎ᠤ ᠲᠤᠰᠬᠠᠢ ᠴᠡᠭᠴᠡᠯᠡᠨ ᠵᠠᠰᠠᠬᠤ ᠪᠠ ᠰᠣᠯᠪᠢᠴᠠᠭᠤᠯᠤᠭ᠋ᠠᠳ ᠪᠠᠶ᠋ᠢᠴᠠᠭ᠋ᠠᠬᠤ ᠵᠢ ᠭᠦᠨᠵᠡᠭᠡᠢ ᠥᠷᠨᠢᠭᠦᠯᠵᠦ᠂ ᠪᠦᠬᠦ ᠵᠢᠯ᠎ᠳᠤ ᠡᠭᠦᠰᠦᠭᠰᠡᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠠᠳᠡᠯ᠎ᠤᠨ ᠲᠤᠭ᠎ᠠ ᠪᠠ ᠠᠳᠡᠭᠰᠡᠨ ᠬᠥᠮᠥᠨ᠎ᠤ ᠲᠤᠭ᠎ᠠ ᠲᠤᠰ ᠪᠦᠷᠢ 22.8% ᠪᠠ 12.9% ᠪᠠᠭᠤᠷᠠᠪᠠ᠃ ᠪᠢᠳᠡ ᠠᠵᠤ ᠠᠬᠤᠢ ᠵᠢᠨ ᠬᠦᠷᠢᠶᠡᠨ᠎ᠳᠠᠬᠢ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠎ᠪᠠᠷ ᠴᠢᠬᠤᠯᠠ ᠤᠯᠤᠰ ᠲᠦᠷᠣ ᠵᠢᠨ ᠡᠭᠦᠷᠭᠡ᠎ᠪᠠᠨ ᠪᠣᠯᠭ᠋ᠠᠵᠣ᠂ ᠪᠠᠶ᠋ᠢᠳᠠᠭ ᠵᠶ᠋ᠠᠨ ᠰᠢᠪᠬᠠᠵᠤ ᠥᠷᠢ ᠲᠥᠯᠥᠬᠦ ᠵᠢ ᠪᠠᠷᠢᠮᠲᠠᠯᠠᠵᠤ᠂ 《1 + 8》 ᠥᠷᠢ ᠥᠭᠴᠡᠭᠡ ᠵᠢ ᠠᠷᠢᠯᠭ᠋ᠠᠬᠤ ᠲᠥᠰᠥᠯ᠎ᠢ ᠲᠣᠭᠲᠠᠭ᠋ᠠᠨ ᠨᠠᠶ᠋ᠢᠳᠠᠪᠤᠷᠢᠵᠢᠭᠤᠯᠵᠤ᠂ 《ᠲᠦᠷᠪᠡᠨ ᠨᠢᠭᠡ ᠪᠦᠯᠦᠭ》 ᠪᠠ ᠥᠷᠢ ᠥᠭᠴᠡᠭᠡ ᠵᠢ ᠠᠷᠢᠯᠭ᠋ᠠᠬᠤ ᠱᠠᠩᠨᠠᠯ ᠨᠥᠬᠦᠪᠦᠷᠢ᠎ᠠᠴᠠ 206 ᠳ᠋ᠦᠩᠰᠢᠭᠤᠷ ᠲᠥᠭᠦᠷᠢᠭ ᠭᠠᠷᠭ᠋ᠠᠵᠤ ᠦᠨᠳᠦᠰᠦᠨ ᠱᠠᠲᠤᠨ᠎ᠤ ᠥᠷᠢ ᠥᠭᠴᠡᠭᠡ᠎ᠪᠠᠨ ᠠᠷᠢᠯᠭ᠋ᠠᠬᠤ ᠵᠢ ᠳᠡᠮᠵᠢᠵᠣ᠂ ᠥᠷᠢ ᠥᠭᠴᠡᠭᠡ ᠵᠢ ᠠᠷᠢᠯᠭ᠋ᠠᠬᠤ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ᠂ ᠠᠯᠠᠱ᠌ᠠ᠂ ᠦᠬᠠᠢ 2 ᠠᠶ᠋ᠢᠮᠠᠭ ᠬᠤᠲᠠ ᠵᠢᠨ ᠲᠤᠰ ᠱᠠᠲᠤ ᠪᠠ ᠤᠷᠠᠳ᠎ᠤᠨ ᠡᠮᠦᠨᠡᠲᠦ ᠬᠤᠰᠢᠭᠤ᠂ ᠵᠦᠸᠧᠽᠢ ᠰᠢᠶᠠᠨ ᠵᠡᠷᠭᠡ 8 ᠬᠤᠰᠢᠭᠤ ᠰᠢᠶᠠᠨ ᠤᠯᠠᠪᠤᠷ ᠥᠩᠭᠡ ᠵᠢᠨ ᠳᠡᠰ᠎ᠠᠴᠠ ᠭᠠᠷᠪᠠ᠃ 7 ᠲᠦᠮᠡᠨ ᠢᠵᠢ ᠠᠰᠠᠷ᠎ᠢ ᠴᠠᠭ᠎ᠲᠤ᠎ᠪᠠᠨ ᠪᠠᠲᠤᠯᠠᠨ ᠲᠤᠰᠢᠶᠠᠪᠠ᠃
ᠨᠢᠭᠡ ᠵᠢᠯ᠎ᠤᠨ ᠲᠤᠷᠰᠢ᠂ ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠵᠠᠰᠠᠭ᠎ᠤᠨ ᠣᠷᠳᠣᠨ᠎ᠤ ᠡᠯ᠎ᠡ ᠵᠦᠢ᠍ᠯ᠎ᠤᠨ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠲᠣᠭᠲᠠᠭ᠋ᠠᠯ᠎ᠢ ᠭᠦᠨᠵᠡᠭᠡᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ 6 ᠢᠵᠢ ᠠᠬᠢᠭᠤᠯᠬᠤ ᠳᠦᠷᠢᠮ᠎ᠢ ᠬᠢᠨᠠᠮᠠᠭ᠋ᠠᠢ ᠭᠦᠢ᠍ᠴᠡᠳᠬᠡᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠢᠯᠭ᠋ᠠᠭᠤᠯᠬᠤ ᠰᠢᠯᠭ᠋ᠠᠯᠲᠠ ᠵᠢᠨ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ ᠬᠡᠷᠡᠭᠯᠡᠭᠰᠡᠨ ᠬᠢᠴᠢᠶᠡᠯ ᠲᠦᠷᠦᠯ᠎ᠳᠤ 《ᠠᠳᠠᠯᠢᠬᠠᠨ ᠬᠠᠭᠤᠳᠠᠰᠤ ᠰᠢᠯᠭ᠋ᠠᠯᠲᠠ》 ᠵᠢ ᠠᠩᠬ᠎ᠠ ᠤᠳᠠᠭ᠎ᠠ ᠬᠡᠷᠡᠭᠵᠢᠭᠦᠯᠵᠦ᠂ ᠳᠤᠮᠳᠠᠳᠤ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠡᠬᠢᠯᠡᠬᠦ ᠠᠩᠭᠢ᠎ᠳᠤ ᠴᠥᠮ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠬᠡᠯᠪᠡᠷᠢ᠎ᠲᠠᠢ ᠰᠡᠳᠬᠢᠯᠭᠡ᠎ᠲᠠᠢ ᠪᠦᠲᠦᠮᠵᠢᠲᠡᠢ ᠥᠷᠨᠢᠭᠦᠯᠵᠦ᠂ ᠨᠠᠮ᠎ᠤᠨ ᠠᠷᠠᠳ᠎ᠲᠤ ᠠᠰᠢᠭ ᠬᠦᠷᠲᠡᠭᠡᠬᠦ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠰᠢᠰᠲ᠋ᠧᠮ᠎ᠲᠠᠢ ᠡᠮᠬᠢᠯᠡᠨ᠂ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠰᠡᠳᠬᠢᠯ᠎ᠠᠴᠠ᠎ᠪᠠᠨ ᠨᠠᠮ ᠤᠨ ᠰᠠᠶ᠋ᠢᠨ᠎ᠢ ᠣᠶ᠋ᠢᠯᠠᠭ᠋ᠠᠨ ᠮᠡᠳᠡᠷᠡᠭᠦᠯᠵᠦ᠂ ᠨᠠᠮ᠎ᠤᠨ ᠠᠴᠢ᠎ᠳᠤ ᠲᠠᠯᠠᠷᠬᠠᠭᠤᠯᠤᠨ᠂ ᠨᠠᠮ ᠵᠶ᠋ᠠᠨ᠎ᠲᠠᠭᠠᠨ ᠤᠷᠤᠭᠰᠢᠯᠠᠭᠤᠯᠪᠠ᠃
ᠨᠢᠭᠡ ᠵᠢᠯ᠎ᠤᠨ ᠲᠤᠷᠰᠢ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠣᠨᠣᠯ ᠵᠶ᠋ᠠᠷ ᠵᠡᠪᠰᠡᠭᠯᠡᠬᠦ᠎ᠪᠠᠨ ᠴᠢᠩᠭ᠋ᠠᠷᠠᠭᠤᠯᠵᠤ᠂ ᠪᠠᠶ᠋ᠢᠴᠠᠭ᠋ᠠᠨ ᠰᠤᠳᠤᠯᠤᠯᠲᠠ ᠬᠢᠬᠦ᠎ᠪᠠᠨ ᠴᠢᠩᠭ᠋ᠠᠳᠬᠠᠨ᠂ ᠴᠡᠭᠴᠡᠯᠡᠨ ᠰᠠᠶ᠋ᠢᠵᠢᠷᠠᠭᠤᠯᠵᠤ ᠴᠡᠭᠴᠡᠯᠡᠨ ᠵᠠᠰᠠᠬᠤ ᠵᠢ ᠴᠢᠩᠭ᠎ᠠ ᠠᠳᠬᠤᠵᠤ᠂ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠠᠵᠢᠯ ᠬᠢᠵᠦ ᠦᠢ᠍ᠯᠡᠰ ᠴᠣᠭᠴᠠᠯᠠᠬᠤ ᠴᠤᠭ ᠵᠠᠯᠢ᠎ᠪᠠᠨ ᠤᠯᠠᠮ ᠨᠢᠭᠡ ᠠᠯᠬᠤᠮ ᠬᠥᠭᠵᠢᠭᠡᠪᠡ; ᠲᠥᠪ᠎ᠤᠨ ᠲᠣᠭᠤᠷᠢᠨ ᠪᠠᠶ᠋ᠢᠴᠠᠭ᠋ᠠᠯᠲᠠ᠂ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠯᠲᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠮᠳᠠᠭᠤᠯᠤᠨ ᠪᠠᠶ᠋ᠢᠴᠠᠭ᠋ᠠᠯᠲᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠮᠳᠠᠭᠤᠯᠤᠨ ᠪᠠᠶ᠋ᠢᠴᠠᠭ᠋ᠠᠯᠲᠠ᠂ ᠬᠢᠨᠠᠨ ᠪᠣᠳᠣᠯᠲᠠ ᠵᠢᠨ ᠬᠢᠨᠠᠨ ᠪᠠᠶ᠋ᠢᠴᠠᠭ᠋ᠠᠯᠲᠠ ᠵᠡᠷᠭᠡ᠎ᠳᠤ ᠢᠯᠡᠷᠡᠭᠦᠯᠦᠭᠰᠡᠨ ᠠᠰᠠᠭᠤᠳᠠᠯ᠎ᠤᠳ᠎ᠢ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ ᠵᠶ᠋ᠠᠨ ᠠᠰᠢᠭᠯᠠᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠲᠠᠯ᠎ᠠ ᠵᠢᠨ᠎ᠬᠢᠨ᠎ᠤ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ᠎ᠤᠨ 660 ᠰᠠᠨᠠᠭᠤᠯᠭ᠎ᠠ᠂ ᠤᠯᠤᠰ ᠲᠦᠷᠦ ᠵᠢᠨ ᠵᠥᠪᠯᠡᠯᠭᠡᠨ᠎ᠤ 737 ᠰᠠᠨᠠᠯ ᠳᠤᠷᠠᠳᠤᠯᠭ᠎ᠠ ᠵᠢ ᠴᠠᠭᠲᠤᠨᠢ ᠭᠦᠢ᠍ᠴᠡᠳᠬᠡᠨ ᠬᠠᠷᠢᠭᠤᠯᠵᠤ᠂ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠢᠯᠭ᠋ᠠᠷᠠᠭᠤᠯᠤᠨ ᠪᠠᠶ᠋ᠢᠴᠠᠭ᠋ᠠᠯᠲᠠ ᠪᠠ ᠲᠤᠷᠰᠢᠯᠲᠠ ᠵᠢᠨ ᠴᠡᠭ᠎ᠤᠨ ᠡᠭᠦᠷᠭᠡ᠎ᠪᠠᠨ ᠪᠡᠶᠡᠯᠡᠭᠦᠯᠪᠡ; ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠬᠡᠷᠡᠭᠵᠢᠭᠦᠯᠵᠦ᠂ 《ᠳᠣᠯᠤᠭ᠎ᠠ ᠵᠢ ᠲᠠᠶᠠᠭᠳᠠᠬᠤ》 ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭ᠋ᠠᠨ》 ᠠᠰᠠᠭᠤᠳᠠᠯ᠎ᠢ ᠬᠦᠴᠦᠯᠡᠨ ᠴᠡᠭᠴᠡᠯᠡᠨ ᠵᠠᠰᠠᠵᠤ᠂ ᠵᠠᠰᠠᠭ᠎ᠤᠨ ᠣᠷᠳᠣᠨ᠎ᠤ ᠭᠦᠢ᠍ᠴᠡᠳᠬᠡᠬᠦ ᠴᠢᠳᠠᠪᠤᠷᠢ ᠨᠡᠶ᠋ᠢᠲᠡ᠎ᠳᠤ ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃
ᠲᠥᠯᠥᠭᠡᠯᠡᠭᠴᠢᠳ ᠠ᠋! ᠪᠦᠬᠦ ᠣᠷᠣᠨ᠎ᠤ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠣᠯᠣᠭᠰᠠᠨ ᠠᠯᠢᠪᠠ ᠬᠥᠭᠵᠢᠯᠲᠡ ᠳᠠᠪᠰᠢᠯᠲᠠ ᠵᠢᠨ ᠤᠭ ᠦᠨᠳᠦᠰᠦ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠮᠥᠨ ᠴᠦ᠍ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠣᠭᠤᠳᠤᠮᠵᠢ᠎ᠳᠤ ᠪᠠᠶ᠋ᠢᠬᠤ ᠶᠤᠮ᠂ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠦᠴᠢᠷ᠎ᠢ ᠰᠥᠷᠦᠨ ᠴᠢᠷᠮᠠᠶ᠋ᠢᠨ ᠲᠡᠮᠡᠴᠡᠭᠰᠡᠨ᠎ᠤ ᠦᠷ᠎ᠡ ᠳ᠋ᠦᠩ ᠪᠣᠯᠣᠨ᠎ᠠ᠃ ᠠᠳᠡ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ᠂ ᠥᠪᠥᠷ ᠮᠣᠩᠭᠤᠯ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠶ᠋ᠢᠨ᠎ᠠ!
ᠪᠢᠳᠠ ᠪᠠᠰᠠ ᠮᠠᠨ᠎ᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ᠎ᠳᠤ ᠴᠥᠭᠡᠨ ᠪᠤᠰᠤ ᠳᠤᠲᠠᠭᠤᠳᠠᠯ ᠪᠠᠭᠤᠷᠠᠢ ᠲᠠᠯ᠎ᠠ ᠪᠠᠶ᠋ᠢᠬᠤ ᠵᠢ ᠰᠡᠷᠭᠡᠭ ᠵᠶ᠋ᠠᠷ ᠲᠠᠨᠢᠵᠤ ᠣᠯᠪᠠ᠂ ᠭᠤᠣᠯᠳᠠᠭᠤ ᠨᠢᠭᠡ ᠪᠦᠯᠦᠭ ᠠᠰᠢᠭᠲᠠᠢ ᠲᠥᠷᠥ ᠵᠢᠨ ᠪᠣᠳᠣᠯᠭ᠎ᠠ ᠪᠠᠰᠠ ᠪᠦᠷᠢᠮᠦᠰᠦᠨ ᠦᠷ᠎ᠡ ᠪᠥᠲᠥᠮᠵᠢ ᠣᠯᠣᠭ᠋ᠠᠳᠤᠢ᠂ ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠠᠯᠬᠤᠮ ᠪᠠᠰᠠ ᠴᠦ᠍ ᠤᠳᠠᠭ᠋ᠠᠪᠲᠤᠷ ᠪᠠᠶ᠋ᠢᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠬᠥᠲᠥᠯᠥᠨ ᠳᠠᠭ᠋ᠠᠭᠤᠯᠬᠤ ᠴᠢᠳᠠᠪᠤᠷᠢ ᠪᠠᠰᠠ ᠲᠡᠶ᠋ᠢᠮᠤ ᠴᠢᠩᠭ᠎ᠠ ᠪᠤᠰᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠳᠤ ᠪᠤᠰᠤᠳ᠎ᠲᠤ ᠵᠢᠮᠡᠯᠡᠭᠳᠡᠬᠦ ᠭᠠᠵᠠᠷ ᠮᠥᠨ ᠪᠠᠭ᠎ᠠ ᠪᠤᠰᠤ ᠣᠷᠣᠰᠢᠭᠰᠠᠭ᠋ᠠᠷ᠂ ᠡᠬᠢ ᠪᠠᠶᠠᠯᠢᠭ᠎ᠢ ᠪᠦᠷᠢᠯᠭᠡᠨ ᠰᠦᠢ᠍ᠳᠬᠡᠬᠦ ᠦᠵᠡᠭᠳᠡᠯ ᠮᠥᠨ ᠣᠷᠣᠰᠢᠭᠰᠠᠭ᠋ᠠᠷ᠂ 《ᠭᠠᠷ ᠳᠠᠮᠵᠢᠪᠠᠴᠤ ᠠᠰᠢᠭ ᠬᠦᠷᠲᠡᠬᠦ ᠦᠭᠡᠢ》 ᠠᠰᠠᠭᠤᠳᠠᠯ ᠮᠥᠨ ᠵᠢᠩᠬᠢᠨᠢ᠎ᠪᠠᠷ ᠰᠢᠢ᠍ᠳᠪᠦᠷᠢᠯᠡᠭᠳᠡᠭᠡᠳᠦᠢ᠂ ᠣᠷᠣᠨ ᠨᠤᠲᠤᠭ᠎ᠤᠨ ᠥᠷᠢ ᠥᠭᠴᠡᠭᠡ ᠵᠢ ᠠᠷᠢᠯᠭ᠋ᠠᠬᠤ ᠡᠭᠦᠷᠭᠡ ᠮᠥᠨ ᠮᠠᠰᠢ ᠬᠦᠨᠳᠦ ᠬᠡᠴᠡᠭᠦᠦ ᠪᠠᠶ᠋ᠢᠭᠰᠠᠭ᠋ᠠᠷ᠂ ᠳᠤᠮᠳᠠ ᠵᠢᠵᠢᠭ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠲᠦᠭᠰᠢᠭᠦᠷᠢ ᠬᠠᠷᠠᠬᠠᠨ ᠠᠷᠢᠯᠤᠭ᠎ᠠ ᠦᠭᠡᠢ᠂ ᠠᠶᠤᠯ ᠦᠭᠡᠢ ᠦᠢ᠍ᠯᠡᠳᠪᠦᠷᠢᠯᠡᠯ᠎ᠤᠨ ᠰᠠᠭᠤᠷᠢ ᠨᠢᠮᠭᠡᠨ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠳᠤᠲᠠᠭᠤᠳᠠᠯ᠎ᠢ ᠨᠥᠬᠦᠪᠦᠷᠢᠯᠡᠬᠦ ᠵᠢ ᠲᠤᠯᠭ᠋ᠠᠮ ᠱᠠᠭ᠋ᠠᠷᠳᠠᠵᠤ ᠪᠤᠢ᠂ ᠨᠡᠶ᠋ᠢᠭᠡᠮ᠎ᠤᠨ ᠵᠠᠰᠠᠯᠲᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠂ ᠠᠵᠢᠯ᠎ᠤᠨ ᠳᠤᠮᠳᠠ 《ᠤᠳᠠᠭ᠋ᠠᠨ ᠪᠦᠳᠦᠭᠦᠯᠢᠭ ᠬᠡᠶ᠋ᠢᠰᠪᠦᠷᠢ》 ᠠᠰᠠᠭᠤᠳᠠᠯ᠎ᠤᠳ ᠠᠳᠠᠯᠢ ᠪᠤᠰᠤ ᠬᠡᠮᠵᠢᠶ᠎ᠡ᠎ᠪᠠᠷ ᠣᠷᠣᠰᠢᠵᠤ᠂ ᠵᠠᠷᠢᠮ ᠺᠠᠳ᠋ᠷᠴᠤᠳ᠎ᠤᠨ ᠰᠡᠳᠬᠢᠮᠵᠢ ᠬᠠᠷᠠᠭ᠎ᠠ᠎ᠨᠢ ᠲᠡᠨᠢᠭᠡᠷ ᠪᠤᠰᠤ᠂ ᠡᠷᠳᠡᠮ ᠴᠢᠳᠠᠪᠤᠷᠢ᠎ᠨᠢ ᠬᠦᠷᠦᠯᠴᠡᠬᠦ ᠦᠭᠡᠢ᠂ ᠠᠵᠢᠯ᠎ᠤᠨ ᠰᠤᠷᠲᠠᠯ᠎ᠨᠢ ᠲᠥᠪ ᠪᠤᠰᠤ ᠪᠠᠶ᠋ᠢᠨ᠎ᠠ᠃ ᠬᠡᠷᠪᠡ ᠡᠳᠡᠭᠡᠷ ᠠᠰᠠᠭᠤᠳᠠᠯ᠎ᠢ ᠰᠢᠢ᠍ᠳᠪᠦᠷᠢᠯᠡᠬᠦ ᠦᠭᠡᠢ ᠪᠣᠯ᠂ ᠮᠠᠨ᠎ᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠬᠦᠨᠳᠦ ᠨᠣᠴᠢᠲᠠᠢ ᠬᠦᠯᠢᠶᠡᠰᠦᠯᠡᠵᠦ᠂ ᠰᠢᠨ᠎ᠡ ᠵᠠᠮ᠎ᠢ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ ᠬᠠᠷᠠᠯᠲᠠ᠎ᠪᠠᠨ ᠪᠡᠶᠡᠯᠡᠭᠦᠯᠬᠦ᠎ᠳᠤ ᠪᠡᠷᠬᠡ ᠪᠣᠯᠣᠨ᠎ᠠ᠂ ᠡᠶ᠋ᠢᠮᠦ᠎ᠠᠴᠠ ᠪᠢᠳᠡ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠬᠠᠨᠳᠤᠯᠭ᠋ᠠᠲᠤ ᠴᠢᠨᠠᠷᠲᠠᠢ᠎ᠪᠠᠷ ᠰᠢᠢ᠍ᠳᠪᠦᠷᠢᠯᠡᠬᠦ ᠬᠡᠷᠡᠭᠲᠡᠢ᠃
ᠬᠤᠶᠠᠷ᠂ 2024 ᠣᠨ᠎ᠤ ᠠᠵᠢᠯ᠎ᠤᠨ ᠲᠣᠬᠢᠷᠠᠭᠤᠯᠤᠯᠲᠠ
ᠣᠳᠣᠬᠠᠨ᠎ᠳᠤ᠂ ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠠᠨᠳᠤᠰᠢ ᠮᠠᠰᠢ ᠰᠠᠶ᠋ᠢᠨ ᠪᠠᠶ᠋ᠢᠵᠤ᠂ ᠠᠵᠠ ᠲᠣᠬᠢᠶᠠᠯ ᠲᠣᠬᠢᠶᠠᠯᠳᠤᠬᠤᠶ᠎ᠠ ᠪᠡᠷᠬᠡ ᠶᠤᠮ᠃ ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠬᠢᠭᠡᠳ ᠨᠠᠮ᠎ᠤᠨ ᠲᠥᠪ ᠬᠤᠷᠢᠶᠠᠨ᠎ᠤ ᠬᠠᠯᠠᠮᠵᠢᠯᠠᠯ ᠳᠡᠮᠵᠢᠯᠭᠡ ᠪᠣᠯ ᠪᠢᠳᠡᠨ᠎ᠤ ᠡᠷᠡᠮᠡᠬᠡᠶ᠋ᠢᠯᠡᠨ ᠤᠷᠤᠭᠰᠢᠯᠠᠬᠤ ᠬᠠᠮᠤᠭ᠎ᠤᠨ ᠶᠡᠭᠡ ᠬᠥᠳᠡᠯᠭᠡᠭᠴᠢ ᠬᠦᠴᠦᠨ ᠶᠤᠮ᠂ ᠪᠢᠳᠡ ᠬᠤᠪᠢ ᠳᠠᠬᠢᠨ ᠨᠠᠨᠳᠢᠩᠨᠠᠵᠤ᠂ ᠠᠴᠢ ᠡᠨᠡᠷᠢᠯ᠎ᠳᠤ ᠲᠠᠯᠠᠷᠬᠠᠵᠤ ᠴᠢᠷᠮᠠᠶ᠋ᠢᠨ ᠤᠷᠤᠭᠰᠢᠯᠠᠬᠤ ᠬᠡᠷᠡᠭᠲᠡᠢ; ᠡᠨᠡ ᠬᠤᠶᠠᠷ ᠵᠢᠯ ᠮᠠᠨ᠎ᠤ ᠣᠷᠣᠨ᠎ᠤ ᠬᠥᠭᠵᠢᠯᠲᠡ ᠵᠢᠨ ᠴᠤᠪᠤᠭ᠎ᠠ ᠲᠡᠷᠭᠡ ᠬᠤᠷᠳᠤ ᠨᠡᠮᠡᠨ ᠤᠷᠤᠭᠰᠢᠯᠠᠭᠰᠠᠨ᠎ᠨᠢ ᠮᠠᠰᠢ ᠬᠢᠯᠪᠠᠷ ᠪᠤᠰᠤ ᠤᠴᠢᠷ ᠪᠣᠯᠣᠨ᠎ᠠ᠂ ᠪᠢᠳᠡ ᠬᠤᠪᠢ ᠳᠠᠬᠢᠨ ᠴᠢᠷᠮᠠᠶ᠋ᠢᠬᠤ ᠬᠡᠷᠡᠭᠲᠡᠢ᠂ ᠤᠳᠠᠭ᠋ᠠᠰᠢᠷᠠᠵᠤ ᠪᠣᠯᠬᠤ ᠦᠭᠡᠢ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠠᠴᠠ ᠺᠠᠳ᠋ᠷᠴᠤᠳ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠵᠤ ᠪᠠᠶ᠋ᠢᠭ᠋ᠠᠳ ᠪᠤᠢ ᠪᠣᠯᠤᠭᠰᠠᠨ ᠡᠷᠡᠮᠡᠬᠡᠶ᠋ᠢᠯᠡᠨ ᠳᠠᠪᠠᠵᠤ ᠲᠡᠷᠢᠭᠦᠨ᠎ᠤ᠎ᠬᠢ ᠵᠢ ᠬᠥᠭᠡᠭᠡᠴᠡᠯᠳᠦᠬᠦ᠂ ᠬᠥᠭᠵᠢᠯᠲᠡ ᠵᠢ ᠲᠦᠷᠭᠡᠨ ᠠᠳᠬᠤᠬᠤ ᠭᠦᠨ ᠵᠤᠵᠠᠭ᠋ᠠᠨ ᠠᠭᠤᠷ ᠠᠮᠢᠰᠬᠤᠯ᠎ᠨᠢ ᠲᠤᠶ᠋ᠢᠯ᠎ᠤᠨ ᠬᠤᠪᠣᠷ ᠨᠠᠨᠳᠢᠨ ᠶᠤᠮ᠂ ᠪᠢᠳᠡ ᠢᠯᠠᠯᠲᠠ ᠵᠢᠨ ᠡᠷᠴᠢᠨ ᠳᠡᠭᠡᠷ᠎ᠡ᠎ᠪᠠᠨ ᠤᠷᠤᠭᠰᠢᠯᠠᠵᠤ᠂ ᠰᠢᠨ᠎ᠡ ᠥᠨᠳᠥᠷᠴᠡ᠎ᠳᠤ ᠭᠠᠷᠬᠤ᠎ᠪᠠᠷ ᠴᠢᠷᠮᠠᠶ᠋ᠢᠬᠤ ᠬᠡᠷᠡᠭᠲᠡᠢ᠃
ᠨᠠᠮ᠎ᠤᠨ ᠲᠥᠪ ᠬᠤᠷᠢᠶᠠᠨ᠎ᠠᠴᠠ ᠨᠢᠭᠡᠨᠲᠡ ᠡᠨᠡ ᠵᠢᠯ᠎ᠤᠨ ᠠᠵᠢᠯ᠎ᠢ ᠪᠦᠬᠦ ᠲᠠᠯ᠎ᠠ᠎ᠪᠠᠷ ᠰᠠᠶ᠋ᠢᠲᠤᠷ ᠬᠢᠬᠦ᠎ᠳᠤ ᠪᠠᠶ᠋ᠢᠷᠢᠯᠠᠭᠤᠯᠤᠯᠲᠠ ᠬᠢᠪᠡ᠂ ᠪᠢᠳᠡ ᠡᠷᠬᠡᠪᠰᠢ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠤᠭᠤᠰᠢᠯᠠᠭᠤᠯᠤᠯᠲᠠ ᠨᠠᠶ᠋ᠢᠳᠠᠪᠤᠷᠢᠵᠢᠭᠤᠯᠤᠯᠲᠠ ᠵᠢ ᠪᠦᠲᠦᠭᠡᠯᠴᠢ᠎ᠪᠠᠷ ᠰᠠᠶ᠋ᠢᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶᠠᠨ᠎ᠤ ᠳᠣᠯᠣᠳᠤᠭ᠋ᠠᠷ ᠪᠦᠭᠦᠳᠡ ᠬᠤᠷᠠᠯ ᠳᠡᠭᠡᠷ᠎ᠡ ᠳᠤᠷᠠᠳᠤᠭᠰᠠᠨ 《ᠵᠢᠷᠭᠤᠭ᠋ᠠᠨ ᠢᠨᠵᠧᠨᠧᠷᠢᠩ》᠎ᠨᠢ ᠪᠦᠬᠦ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠲᠤᠯᠭ᠋ᠠᠭᠤᠷᠢᠯᠠᠬᠤ ᠴᠢᠨᠠᠷᠲᠠᠢ᠂ ᠬᠥᠲᠥᠯᠥᠨ ᠳᠠᠭ᠋ᠠᠭᠤᠯᠬᠤ ᠴᠢᠨᠠᠷᠲᠠᠢ᠂ ᠬᠥᠰᠢᠵᠦ ᠬᠥᠳᠡᠯᠭᠡᠬᠦ ᠴᠢᠨᠠᠷᠲᠠᠢ ᠦᠢ᠍ᠯᠡᠳᠦᠯ ᠪᠦᠬᠦᠢ ᠴᠢᠬᠤᠯᠠ ᠶᠡᠭᠡ ᠡᠭᠦᠷᠭᠡ ᠪᠣᠯᠣᠨ᠎ᠠ᠂ ᠪᠢᠳᠡ ᠡᠷᠬᠡᠪᠰᠢ ᠬᠢᠨᠠᠮᠠᠭ᠋ᠠᠢ ᠵᠣᠬᠢᠶᠠᠨ ᠪᠠᠶ᠋ᠢᠭᠤᠯᠵᠤ᠂ ᠵᠦᠢ᠍ᠯ ᠵᠤᠷᠪᠤᠰ ᠳᠠᠷᠠᠭ᠋ᠠᠯᠠᠨ᠎ᠲᠠᠭᠠᠨ ᠮᠥᠷᠳᠡᠵᠦ ᠨᠠᠶ᠋ᠢᠳᠠᠪᠤᠷᠢᠵᠢᠭᠤᠯᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠦᠭᠦᠳᠡ ᠬᠤᠷᠠᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠡᠨᠡ ᠵᠢᠯ᠎ᠤᠨ ᠠᠵᠢᠯ᠎ᠢ ᠰᠠᠶ᠋ᠢᠲᠤᠷ ᠬᠢᠬᠦ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠨ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠵᠤ᠂ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠤᠷᠤᠭᠰᠢᠯᠠᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ᠎ᠪᠠᠷ ᠤᠳᠤᠷᠢᠳᠤᠮᠵᠢ ᠪᠣᠯᠭ᠋ᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠡᠯ᠎ᠡ ᠵᠦᠢ᠍ᠯ᠎ᠤᠨ ᠠᠵᠢᠯ᠎ᠤᠨ ᠭᠤᠣᠯ ᠰᠢᠵᠢᠮ ᠪᠣᠯᠭ᠋ᠠᠵᠤ᠂ ᠬᠤᠶᠠᠷ ᠶᠡᠭᠡ ᠶᠠᠪᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠰᠢᠨ᠎ᠡ ᠵᠠᠮ᠎ᠢ ᠨᠡᠭᠡᠭᠡᠨ᠂ ᠳᠤᠮᠳᠠ ᠲᠦᠪᠰᠢᠨ᠎ᠳᠤ ᠣᠷᠣᠵᠤ᠂ ᠣᠮᠤᠭ ᠵᠣᠷᠢᠭ ᠪᠠᠳᠠᠷᠠᠩᠭᠤᠢ᠎ᠪᠠᠷ ᠡᠷᠡᠯᠬᠡᠭᠯᠡᠨ ᠲᠡᠮᠡᠴᠡᠵᠦ᠂ ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠲᠠᠰᠤᠷᠠᠯᠲᠠ ᠦᠭᠡᠢ ᠪᠢᠴᠢᠭᠯᠡᠨ᠎ᠡ᠃
ᠪᠦᠬᠦ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 6%᠎ᠠᠴᠠ ᠳᠡᠭᠡᠭᠰᠢ ᠨᠡᠮᠡᠭᠳᠡᠭᠦᠯᠦᠨ᠎ᠡ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠢ 7% ᠣᠷᠴᠢᠮ ᠨᠡᠮᠡᠭᠳᠡᠭᠦᠯᠦᠨ᠎ᠡ; ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 15% ᠣᠷᠴᠢᠮ ᠨᠡᠮᠡᠭᠳᠡᠭᠦᠯᠦᠨ᠎ᠡ; ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ ᠵᠢ ᠠᠳᠠᠯᠢ ᠪᠠᠷᠢᠮᠵᠢᠶ᠎ᠠ᠎ᠪᠠᠷ 5.5% ᠣᠷᠴᠢᠮ ᠨᠡᠮᠡᠭᠳᠡᠭᠦᠯᠦᠨ᠎ᠡ; ᠬᠤᠲᠠ ᠪᠠᠯᠭ᠋ᠠᠰᠤᠨ᠎ᠤ 18 ᠲᠦᠮᠡ ᠭᠠᠷᠤᠢ ᠬᠥᠮᠥᠨ᠎ᠳᠤ ᠰᠢᠨ᠎ᠡ᠎ᠪᠠᠷ ᠠᠵᠢᠯ ᠣᠯᠭᠤᠵᠤ᠂ ᠬᠤᠲᠠ ᠪᠠᠯᠭ᠋ᠠᠰᠤᠨ᠎ᠤ ᠪᠠᠶ᠋ᠢᠴᠠᠭ᠋ᠠᠯᠲᠠ᠎ᠳᠠᠬᠢ ᠠᠵᠢᠯ ᠠᠯᠳᠠᠭᠰᠠᠳ᠎ᠤᠨ ᠨᠣᠷᠮ᠎ᠠ ᠵᠢ 6% ᠣᠷᠴᠢᠮ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠯᠦᠭᠡ ᠦᠨᠳᠦᠰᠦᠨ᠎ᠳᠤ᠎ᠪᠠᠨ ᠠᠳᠠᠯᠢ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠥᠰᠦᠯᠲᠡ ᠵᠢ 3% ᠣᠷᠴᠢᠮ ᠪᠠᠶ᠋ᠢᠯᠭ᠋ᠠᠨ᠎ᠠ; ᠨᠢᠭᠡᠴᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠡᠨᠧᠷᠭᠢ ᠵᠢᠨ ᠬᠤᠷᠣᠭᠳᠠᠯ᠎ᠢ 1.6% ᠣᠷᠴᠢᠮ ᠪᠠᠭᠤᠷᠠᠭᠤᠯᠤᠨ᠎ᠠ᠃ ᠡᠳᠡᠭᠡᠷ ᠬᠠᠷᠠᠯᠲᠠ᠎ᠨᠢ ᠨᠠᠮ᠎ᠤᠨ ᠲᠥᠪ ᠬᠤᠷᠢᠶᠠᠨ᠎ᠤ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠤᠷᠤᠭᠰᠢᠯᠠᠬᠤ᠂ ᠤᠷᠤᠭᠰᠢᠯᠠᠬᠤ᠎ᠪᠠᠷ ᠲᠣᠭᠲᠠᠭᠤᠨ ᠪᠠᠶ᠋ᠢᠳᠠᠯ᠎ᠢ ᠠᠬᠢᠭᠤᠯᠬᠤ᠂ ᠤᠷᠢᠳ ᠵᠶ᠋ᠠᠷ ᠲᠣᠭᠲᠠᠭ᠋ᠠᠵᠤ ᠳᠠᠷᠠᠭ᠎ᠠ᠎ᠨᠢ ᠥᠭᠡᠷᠡᠴᠢᠯᠡᠬᠦ ᠴᠢᠬᠤᠯᠠ ᠱᠠᠭ᠋ᠠᠷᠳᠠᠯᠭ᠎ᠠ ᠵᠢ ᠲᠤᠭᠤᠰᠢᠯᠠᠭᠤᠯᠵᠤ᠂ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ᠂ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠂ ᠨᠡᠶ᠋ᠢᠭᠡᠮ᠎ᠤᠨ ᠵᠢᠱ᠌ᠢᠯᠲᠡ ᠵᠢ ᠰᠠᠶ᠋ᠢᠵᠢᠷᠠᠭᠤᠯᠬᠤ ᠢᠯᠡ ᠲᠣᠳᠣ ᠬᠥᠲᠥᠯᠥᠮᠵᠢ ᠵᠢ ᠬᠠᠷᠠᠭᠤᠯᠵᠤ᠂ ᠶᠡᠷᠦᠩᠬᠡᠢ᠎ᠳᠤ᠎ᠪᠠᠨ ᠥᠭᠡᠳᠡᠷᠬᠡᠭ ᠪᠠᠶ᠋ᠢᠵᠤ᠂ ᠬᠦᠴᠦ ᠭᠠᠷᠭ᠋ᠠᠵᠤ ᠬᠦᠴᠦᠯᠡᠨ ᠲᠡᠮᠡᠴᠡᠬᠦ ᠴᠢᠬᠤᠯᠠᠲᠠᠢ᠃ ᠪᠢᠳᠡ ᠡᠷᠬᠡᠪᠰᠢ ᠢᠲᠡᠭᠡᠯ ᠵᠣᠷᠢᠭ ᠵᠶ᠋ᠠᠨ ᠪᠠᠲᠤᠳᠬᠠᠨ᠂ ᠦᠨᠡᠨ ᠪᠣᠳᠠᠲᠠᠢ᠎ᠪᠠᠷ ᠠᠵᠢᠯᠯᠠᠵᠤ᠂ ᠠᠯᠢ ᠰᠠᠶ᠋ᠢᠨ ᠠᠯᠢ ᠲᠦᠷᠭᠡᠨ ᠪᠠᠶ᠋ᠢᠬᠤ ᠵᠢ ᠪᠠᠷᠢᠮᠲᠠᠯᠠᠵᠤ᠂ ᠭᠤᠣᠯ ᠪᠣᠯᠬᠤ ᠠᠵᠤ ᠠᠬᠤᠢ ᠵᠢᠨ ᠭᠦᠢ᠍ᠴᠡᠳᠬᠡᠯ ᠲᠣᠭ᠋ᠠᠨ᠎ᠤ ᠨᠡᠮᠡᠭᠳᠡᠯ᠎ᠤᠨ ᠬᠤᠷᠳᠤᠴᠠ ᠵᠢ ᠦᠷᠭᠦᠯᠵᠢᠯᠡᠨ ᠪᠦᠬᠦ ᠤᠯᠤᠰ᠎ᠤᠨ ᠲᠡᠷᠢᠭᠦᠨ ᠡᠩᠨᠡᠭᠡᠨ᠎ᠳᠤ ᠪᠠᠶ᠋ᠢᠯᠭ᠋ᠠᠬᠤ᠎ᠪᠠᠷ ᠴᠢᠷᠮᠠᠶ᠋ᠢᠨ᠎ᠠ᠃
ᠭᠤᠣᠯᠳᠠᠭᠤ ᠳᠠᠷᠠᠭ᠋ᠠᠬᠢ 10 ᠲᠠᠯ᠎ᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠃
(ᠨᠢᠭᠡ) ᠪᠦᠬᠦ ᠬᠦᠴᠦᠨ ᠵᠶ᠋ᠠᠷ ᠵᠶ᠋ᠠᠨ ᠲᠥᠷᠥ ᠵᠢᠨ ᠪᠣᠳᠣᠯᠭ᠎ᠠ ᠵᠢᠨ ᠪᠤᠲᠠᠲᠠᠶ᠋ᠢᠵᠢᠭᠤᠯᠤᠯᠲᠠ ᠵᠢ ᠠᠳᠬᠤᠨ᠎ᠠ᠃ ᠲᠥᠷᠥ ᠵᠢᠨ ᠪᠣᠳᠣᠯᠭ᠎ᠠ ᠵᠢ ᠪᠣᠳᠠᠲᠠᠶ᠋ᠢᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠷᠢᠯᠠᠭᠤᠯᠤᠭᠰᠠᠨ 《ᠵᠢᠷᠭᠤᠭ᠋ᠠᠨ ᠢᠨᠵᠧᠨᠧᠷᠢᠩ》᠎ᠤᠨ ᠲᠡᠷᠢᠭᠦᠨ ᠢᠨᠵᠧᠨᠧᠷᠢᠩ ᠪᠣᠯᠣᠨ᠎ᠠ᠂ ᠪᠦᠬᠦ ᠣᠷᠣᠨ᠎ᠤ ᠵᠠᠰᠠᠭ ᠤᠨ ᠣᠷᠳᠣᠨ᠎ᠤ ᠰᠢᠰᠲ᠋ᠧᠮ᠎ᠤᠨ᠎ᠬᠢᠨ ᠡᠨᠡ ᠵᠢᠯ᠎ᠢ 《ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢᠯ》 ᠪᠣᠯᠭ᠋ᠠᠵᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ 《ᠴᠠᠭ᠋ᠠᠰᠤᠨ ᠳᠡᠭᠡᠷ᠎ᠡ》᠎ᠠᠴᠠ 《ᠭᠠᠵᠠᠷ ᠲᠤᠰᠬᠠᠵᠤ》 ᠪᠣᠳᠠᠲᠠᠶ᠋ᠢᠵᠢᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠠᠰᠢᠭ᠎ᠢ ᠦᠨᠡᠨ ᠬᠦ᠌ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ᠃ ᠲᠥᠷᠥ ᠵᠢᠨ ᠶᠠᠪᠤᠳᠠᠯ᠎ᠤᠨ ᠬᠤᠷᠢᠶᠠᠨ᠎ᠤ ᠳᠡᠮᠵᠢᠯᠭᠡ ᠵᠢᠨ ᠰᠠᠨᠠᠯ ᠵᠢᠴᠢ ᠡᠯ᠎ᠡ ᠶᠠᠮᠤᠨ ᠵᠥᠪᠯᠡᠯ᠎ᠤᠨ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠡ᠂ ᠶᠠᠮᠤᠨ ᠥᠪᠡᠷᠲᠡᠭᠡᠨ ᠵᠠᠰᠠᠬᠤ ᠣᠷᠣᠨ᠎ᠤ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠢ ᠭᠦᠢ᠍ᠴᠡᠳ ᠰᠠᠶ᠋ᠢᠲᠤᠷ ᠠᠰᠢᠭᠯᠠᠵᠤ᠂ ᠮᠠᠨ᠎ᠤ ᠣᠷᠣᠨ᠎ᠤ ᠬᠦᠷᠲᠡᠵᠦ ᠪᠠᠶ᠋ᠢᠭ᠎ᠠ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ ᠵᠡᠷᠭᠡ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠭᠦᠢ᠍ᠴᠡᠳ ᠰᠠᠶ᠋ᠢᠲᠤᠷ ᠠᠰᠢᠭᠯᠠᠵᠤ᠂ ᠤᠯᠤᠰ᠎ᠤᠨ ᠬᠥᠭᠵᠢᠭᠡᠳᠦᠢ ᠭᠠᠵᠠᠷ ᠣᠷᠣᠨ᠂ ᠡᠬᠢ ᠪᠠᠶᠠᠯᠢᠭ᠎ᠤᠨ ᠬᠡᠯᠪᠡᠷᠢ ᠪᠦᠬᠦᠢ ᠭᠠᠵᠠᠷ ᠣᠷᠣᠨ᠂ ᠬᠢᠯᠢ ᠬᠢᠵᠠᠭ᠋ᠠᠷ᠎ᠤᠨ ᠭᠠᠵᠠᠷ ᠣᠷᠣᠨ᠂ ᠦᠨᠳᠦᠰᠦᠲᠡᠨ᠎ᠤ ᠭᠠᠵᠠᠷ ᠣᠷᠣᠨ᠎ᠳᠠᠬᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠭᠦᠢ᠍ᠴᠡᠳ ᠰᠠᠶ᠋ᠢᠲᠤᠷ ᠠᠰᠢᠭᠯᠠᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ ᠳᠤᠷᠠᠳᠤᠭᠰᠠᠨ ᠰᠢᠨ᠎ᠡ ᠨᠢᠭᠡ ᠪᠦᠯᠦᠭ ᠠᠰᠢᠭᠲᠠᠢ ᠲᠥᠷᠥ ᠵᠢᠨ ᠪᠣᠳᠣᠯᠭ᠎ᠠ ᠵᠢ ᠭᠦᠢ᠍ᠴᠡᠳ ᠰᠠᠶ᠋ᠢᠲᠤᠷ ᠠᠰᠢᠭᠯᠠᠵᠤ᠂ ᠳᠡᠮᠵᠢᠯᠭᠡ ᠵᠢᠨ ᠲᠥᠷᠥ ᠵᠢᠨ ᠪᠣᠳᠣᠯᠭ᠎ᠠ ᠪᠦᠷᠢ ᠵᠢ ᠴᠥᠮ ᠦᠨᠡᠨ ᠪᠣᠳᠠᠲᠠᠢ ᠪᠥᠭᠡᠳ ᠮᠡᠳᠡᠷᠡᠵᠦ ᠬᠦᠷᠲᠡᠵᠦ ᠪᠣᠯᠬᠤᠶ᠋ᠢᠴᠠ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠵᠤ᠂ ᠳᠡᠮᠵᠢᠯᠭᠡ ᠵᠢᠨ ᠵᠦᠢ᠍ᠯᠡᠰ ᠪᠦᠷᠢ ᠵᠢ ᠴᠥᠮ ᠨᠢᠳᠦᠨ᠎ᠳᠤ ᠦᠵᠡᠭᠳᠡᠮ᠎ᠡ᠂ ᠭᠠᠷ᠎ᠲᠤ ᠪᠠᠷᠢᠭᠳᠠᠮ᠎ᠠ ᠲᠦᠷᠦᠯ ᠵᠦᠢ᠍ᠯ ᠪᠣᠯᠭ᠋ᠠᠬᠤ ᠬᠡᠷᠡᠭᠲᠡᠢ᠂ ᠶᠠᠭ᠋ᠠᠬᠢᠭᠰᠠᠨ ᠴᠦ᠍ ᠨᠠᠮ᠎ᠤᠨ ᠲᠥᠪ ᠬᠤᠷᠢᠶᠠᠨ᠎ᠤ ᠳᠡᠮᠵᠢᠯᠭᠡ ᠵᠢ ᠬᠥᠰᠡᠷᠳᠡᠭᠦᠯᠵᠦ ᠪᠣᠯᠬᠤ ᠦᠭᠡᠢ᠂ ᠡᠷᠬᠢᠮ ᠨᠠᠨᠳᠢᠨ ᠠᠵᠠ ᠲᠣᠬᠢᠶᠠᠯ᠎ᠢ ᠠᠯᠳᠠᠵᠤ ᠪᠣᠯᠬᠤ ᠦᠭᠡᠢ᠃
(ᠬᠤᠶᠠᠷ) ᠪᠡᠯᠡ ᠣᠷᠣᠭᠤᠯᠤᠯᠲᠠ᠎ᠪᠠᠷ ᠳᠠᠶ᠋ᠢᠴᠢᠯᠠᠬᠤ ᠪᠠᠶ᠋ᠢᠯᠳᠤᠬᠤ ᠪᠣᠳᠣᠯᠭ᠎ᠠ ᠵᠢ ᠰᠢᠭᠤᠷᠬᠠᠢ ᠬᠡᠷᠡᠭᠵᠢᠭᠦᠯᠦᠨ᠎ᠡ᠃ ᠡᠨᠡ ᠬᠤᠶᠠᠷ ᠵᠢᠯ᠎ᠳᠤ ᠮᠠᠨ᠎ᠤ ᠣᠷᠣᠨ᠎ᠤ ᠠᠵᠤ ᠠᠬᠤᠢ ᠲᠦᠷᠭᠡᠨ ᠬᠥᠭᠵᠢᠭᠰᠡᠨ᠎ᠨᠢ ᠭᠤᠣᠯᠳᠠᠭᠤ ᠪᠡᠯᠡ ᠣᠷᠣᠭᠤᠯᠤᠯᠲᠠ ᠵᠢᠨ ᠳᠠᠶ᠋ᠢᠴᠢᠯᠠᠭᠰᠠᠨ᠎ᠳᠤ ᠪᠠᠶ᠋ᠢᠬᠤ ᠶᠤᠮ᠂ ᠡᠶ᠋ᠢᠮᠦᠷᠬᠦᠦ ᠬᠠᠨᠳᠤᠰᠢ ᠪᠠ ᠡᠷᠴᠢᠮ᠎ᠢ ᠪᠠᠷᠢᠮᠲᠠᠯᠠᠨ᠂ ᠠᠷᠠᠳ᠎ᠤᠨ ᠳᠤᠮᠳᠠᠬᠢ ᠪᠡᠯᠡ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠵᠦ᠂ ᠴᠢᠬᠤᠯᠠ ᠶᠡᠭᠡ ᠲᠦᠷᠦᠯ ᠵᠦᠢ᠍ᠯ᠎ᠤᠨ ᠪᠡᠯᠡ ᠣᠷᠣᠭᠤᠯᠣᠯᠳᠡ ᠵᠢ 9000 ᠳ᠋ᠦᠩᠰᠢᠭᠤᠷ ᠲᠥᠭᠦᠷᠢᠭ᠎ᠠᠴᠠ ᠳᠡᠭᠡᠭᠰᠢ ᠪᠡᠶᠡᠯᠡᠭᠦᠯᠬᠦ᠎ᠪᠠᠷ ᠴᠢᠷᠮᠠᠶ᠋ᠢᠬᠤ ᠬᠡᠷᠡᠭᠲᠡᠢ᠃ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢ ᠰᠤᠯᠠᠷᠠᠰᠢ ᠦᠭᠡᠢ ᠴᠢᠩᠭ᠎ᠠ ᠠᠳᠬᠤᠨ᠎ᠠ᠃ ᠮᠠᠨ᠎ᠤ ᠣᠷᠣᠨ᠎ᠤ ᠡᠯᠡᠰᠦᠨ ᠴᠦᠯ ᠭᠤᠪᠢ ᠴᠥᠯᠡᠷᠬᠡᠭ ᠣᠷᠣᠨ᠎ᠳᠠᠬᠢ ᠲᠣᠮᠣ ᠬᠡᠯᠪᠡᠷᠢ ᠵᠢᠨ ᠰᠠᠯᠬᠢᠨ ᠬᠦᠴᠦ᠎ᠪᠠᠷ ᠴᠠᠬᠢᠯᠭ᠋ᠠᠨ ᠭᠠᠷᠭ᠋ᠠᠬᠤ ᠭᠡᠷᠡᠯᠴᠢ ᠴᠡᠨᠡᠭ᠎ᠤᠨ 4 ᠰᠠᠭᠤᠷᠢᠨ ᠭᠠᠵᠠᠷ᠎ᠢ ᠨᠢᠭᠡᠨᠲᠡ ᠴᠥᠮ ᠤᠯᠤᠰ᠎ᠤᠨ ᠲᠥᠯᠦᠪᠵᠢᠭᠦᠯᠭᠡ᠎ᠳᠤ ᠣᠷᠣᠭᠤᠯᠵᠤ᠂ ᠬᠠᠮᠤᠭ ᠬᠦᠴᠦ᠎ᠪᠠᠷ ᠵᠶ᠋ᠠᠨ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ᠃ ᠠᠲ᠋ᠧᠰ ᠭᠡᠷᠡᠯᠴᠢ ᠴᠡᠨᠡᠭ᠂ ᠰᠠᠢ ᠱᠧᠩ ᠡᠯᠧᠺᠳ᠋ᠷᠣᠨ ᠳᠡᠰ᠎ᠤᠨ ᠨᠡᠭᠦᠷᠡᠰᠦᠲᠥ᠋ᠷᠥᠭᠴᠢᠲᠦ ᠴᠠᠬᠢᠭᠤᠷ᠂ ᠪᠣᠣ ᠹᠧᠩ ᠨᠡᠭᠦᠷᠡᠰᠦ᠎ᠪᠠᠷ ᠦᠢ᠍ᠯᠡᠳᠦᠭᠰᠡᠨ ᠠᠯᠺᠧᠨ ᠨᠡᠬᠦᠷᠦᠭᠴᠢ᠂ ᠬᠤᠸᠠ ᠸᠧᠢ ᠡᠭᠦᠯᠡᠨ ᠳ᠋ᠠᠶ᠋ᠢᠲ᠋ᠠ ᠵᠢᠨ ᠲᠥᠪ ᠵᠡᠷᠭᠡ ᠨᠢᠭᠡ ᠪᠦᠯᠦᠭ ᠮᠢᠩᠭ᠋ᠠᠨ ᠳ᠋ᠦᠩᠰᠢᠭᠤᠷ ᠳᠡᠰ᠎ᠤᠨ ᠪᠡᠯᠭᠡ ᠲᠡᠮᠳᠡᠭ᠎ᠤᠨ ᠴᠢᠨᠠᠷᠲᠠᠢ ᠲᠦᠷᠦᠯ ᠵᠦᠢ᠍ᠯ᠎ᠢ ᠠᠬᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠴᠢᠬᠤᠯᠠ ᠶᠡᠭᠡ ᠠᠵᠤ ᠦᠢ᠍ᠯᠡᠰ᠎ᠤᠨ ᠲᠦᠷᠥᠯ ᠵᠦᠢ᠍ᠯ᠎ᠢ 1400᠎ᠠᠴᠠ ᠳᠡᠭᠡᠭᠰᠢ ᠬᠡᠷᠡᠭᠵᠢᠭᠦᠯᠦᠨ᠂ ᠥᠨᠥᠳᠥᠷ᠎ᠤᠨ ᠪᠡᠯᠡ ᠣᠷᠣᠭᠤᠯᠤᠯᠲᠠ ᠵᠢ ᠮᠠᠷᠭ᠋ᠠᠰᠢ ᠵᠢᠨ ᠦᠢ᠍ᠯᠡᠳᠪᠦᠷᠢᠯᠡᠯ᠎ᠤᠨ ᠬᠦᠴᠦᠨ ᠪᠠ ᠥᠷᠢᠰᠦᠯᠳᠦᠬᠦ ᠬᠦᠴᠦᠨ ᠪᠣᠯᠭ᠋ᠠᠨ ᠲᠦᠷᠭᠡᠨ ᠤᠯᠠᠷᠢᠭᠤᠯᠬᠤ᠎ᠪᠠᠷ ᠴᠢᠷᠮᠠᠶ᠋ᠢᠨ᠎ᠠ᠃ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠡᠷᠴᠢᠮ᠎ᠢ ᠡᠷᠡᠰ ᠲᠠᠰᠤᠷᠬᠠᠢ ᠡᠷᠡᠮᠡᠬᠡᠢ ᠵᠣᠷᠢᠭ ᠵᠶ᠋ᠠᠷ ᠦᠷᠭᠦᠯᠵᠢᠯᠡᠨ ᠴᠢᠩᠭ᠋ᠠᠷᠠᠭᠤᠯᠤᠨ᠎ᠠ᠃ ᠣᠳᠣ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠳᠠᠷᠤᠭ᠋ᠠᠰᠤ ᠴᠥᠮ ᠲᠣᠩ ᠬᠦᠨᠳᠦ ᠪᠠᠶ᠋ᠢᠨ᠎ᠠ᠂ ᠭᠡᠪᠡᠴᠦ ᠰᠠᠭᠤᠷᠢ ᠪᠡᠯᠡᠳᠬᠡᠮᠵᠢ ᠵᠢᠨ ᠳᠤᠲᠠᠭᠤᠳᠠᠯ᠎ᠢ ᠨᠥᠬᠦᠪᠦᠷᠢᠯᠡᠬᠦ ᠲᠠᠯ᠎ᠠ᠎ᠪᠠᠷ ᠬᠦᠴᠦ᠎ᠪᠠᠨ ᠰᠤᠯᠠᠷᠠᠭᠤᠯᠵᠤ ᠪᠣᠯᠬᠤ ᠦᠭᠡᠢ᠂ ᠲᠥᠪ᠎ᠤᠨ ᠲᠥᠰᠥᠪ᠎ᠲᠠᠬᠢ ᠪᠡᠯᠡ ᠣᠷᠣᠭᠤᠯᠤᠯᠲᠠ ᠵᠢ ᠣᠯᠬᠤ᠎ᠪᠠᠷ ᠬᠦᠴᠦᠯᠡᠨ ᠴᠢᠷᠮᠠᠶ᠋ᠢᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ᠂ ᠡᠯ᠎ᠡ ᠲᠦᠷᠦᠯ᠎ᠤᠨ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢᠨ ᠪᠠᠭ᠋ᠠᠵᠢ ᠵᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠡᠷᠡᠭᠯᠡᠵᠦ᠂ ᠵᠠᠭᠪᠤᠷ᠎ᠲᠤ ᠰᠢᠨ᠎ᠡ ᠵᠢ ᠡᠭᠦᠳᠴᠦ ᠠᠷᠠᠳ᠎ᠤᠨ ᠳᠤᠮᠳᠠᠬᠢ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ᠂ ᠰᠠᠭᠤᠷᠢ ᠪᠡᠯᠡᠳᠬᠡᠮᠵᠢ ᠵᠢᠨ ᠴᠢᠬᠤᠯᠠ ᠶᠡᠭᠡ ᠲᠦᠷᠦᠯ ᠵᠦᠢ᠍ᠯ᠎ᠤᠨ ᠪᠡᠯᠡ ᠣᠷᠣᠭᠤᠯᠤᠯᠲᠠ ᠵᠢ 1700 ᠳ᠋ᠦᠩᠰᠢᠭᠤᠷ ᠲᠥᠭᠦᠷᠢᠭ᠎ᠠᠴᠠ ᠳᠤᠲᠠᠭᠤ ᠦᠭᠡᠢ ᠪᠠᠶ᠋ᠢᠯᠭ᠋ᠠᠬᠤ᠎ᠪᠠᠷ ᠴᠢᠷᠮᠠᠶ᠋ᠢᠨ᠎ᠠ᠃ G5511 ᠲᠦᠩᠯᠢᠶᠣᠣ᠎ᠳᠠᠬᠢ ᠬᠡᠰᠡᠭ᠂ G0616 ᠭᠠᠭᠴᠠᠮᠣᠳᠤ᠎ᠠᠴᠠ ᠬᠠᠯᠢᠭᠤᠲᠤ ᠬᠦᠷᠬᠦ ᠬᠡᠰᠡᠭ᠎ᠢ ᠪᠠᠶ᠋ᠢᠭᠤᠯᠵᠤ ᠳᠠᠭᠤᠰᠬᠠᠨ᠂ ᠲᠦᠷᠭᠡᠨ᠎ᠤ ᠵᠠᠰᠠᠮᠠᠯ ᠵᠠᠮ᠎ᠤᠨ ᠵᠡᠭᠦᠨ ᠪᠠᠷᠠᠭᠤᠨ᠎ᠢ ᠰᠤᠨᠳᠠᠯᠠᠬᠤ᠂ ᠠᠶ᠋ᠢᠮᠠᠭ ᠬᠤᠲᠠ ᠬᠠᠷᠢᠯᠴᠠᠨ ᠨᠡᠪᠲᠡᠷᠡᠬᠦ᠂ ᠭᠤᠣᠯᠳᠠᠯᠭ᠎ᠠ ᠪᠣᠯᠬᠤ ᠬᠢᠯᠢ ᠵᠢᠨ ᠪᠣᠭᠤᠮᠲᠠ ᠵᠢ ᠬᠤᠯᠪᠣᠨ ᠨᠡᠪᠲᠡᠷᠡᠭᠦᠯᠬᠦ ᠵᠢ ᠪᠡᠶᠡᠯᠡᠭᠦᠯᠦᠨ᠎ᠡ; ᠬᠢᠯᠢ ᠳᠠᠭ᠋ᠠᠤ ᠤᠯᠤᠰ᠎ᠤᠨ ᠵᠠᠮ G331 ᠵᠢ ᠪᠦᠭᠦ ᠱᠤᠭᠤᠮ ᠵᠶ᠋ᠠᠷ᠎ᠨᠢ ᠨᠡᠪᠲᠡᠷᠡᠭᠦᠯᠬᠦ᠎ᠪᠠᠷ ᠴᠢᠷᠮᠠᠶ᠋ᠢᠵᠤ᠂ ᠤᠯᠤᠰ ᠮᠤᠵᠢ ᠵᠢᠨ ᠭᠤᠣᠯ ᠱᠤᠭᠤᠮ᠎ᠤᠨ 《ᠮᠤᠬᠤᠷ ᠵᠠᠮ》᠎ᠤᠨ ᠰᠠᠭ᠋ᠠᠳ ᠦᠭᠡᠢ ᠨᠡᠪᠲᠡᠷᠡᠬᠦ ᠢᠨᠵᠧᠨᠧᠷᠢᠩ᠎ᠢ 700 ᠺᠢᠯᠣᠮᠧᠳ᠋ᠷ ᠬᠡᠷᠡᠭᠵᠢᠭᠦᠯᠦᠨ᠂ ᠠᠵᠤ ᠦᠢ᠍ᠯᠡᠰ᠎ᠤᠨ ᠵᠠᠮ᠂ ᠵᠢᠭᠤᠯᠴᠢᠯᠠᠯ᠎ᠤᠨ ᠵᠠᠮ᠎ᠢ 1700 ᠺᠢᠯᠣᠮᠧᠳ᠋ᠷ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠨ᠎ᠠ᠃ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠂ ᠲᠠᠶ᠋ᠢᠽᠢ᠎ᠠᠴᠠ ᠰᠢᠯᠢ ᠵᠢᠨ ᠬᠤᠲᠠ ᠬᠦᠷᠬᠦ ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ ᠪᠠ ᠵᠢᠨᠢᠩ᠎ᠠᠴᠠ ᠲᠦᠩᠯᠢᠶᠣᠣ ᠬᠦᠷᠬᠦ ᠲᠡᠮᠦᠷ ᠵᠠᠮ᠎ᠢ ᠴᠠᠬᠢᠯᠭ᠋ᠠᠨᠵᠢᠭᠤᠯᠤᠨ ᠥᠭᠡᠷᠡᠴᠢᠯᠡᠬᠦ ᠵᠢ ᠲᠦᠷᠭᠡᠳᠬᠡᠵᠦ᠂ ᠯᠢᠨ ᠾᠧ᠎ᠠᠴᠠ ᠴᠡᠭᠡ ᠪᠣᠭᠤᠮᠲᠠ ᠬᠦᠷᠬᠦ ᠲᠡᠮᠦᠷ ᠵᠠᠮ᠎ᠤᠨ ᠴᠢᠳᠠᠮᠵᠢ ᠵᠢ᠎ᠨᠢ ᠥᠷᠭᠡᠳᠬᠡᠨ ᠥᠭᠡᠷᠡᠴᠢᠯᠡᠬᠦ᠂ ᠪᠠᠢ ᠴᠧᠩ᠎ᠠᠴᠠ ᠷᠠᠰᠢᠶᠠᠨ ᠬᠦᠷᠬᠦ ᠲᠡᠮᠦᠷ ᠵᠠᠮ᠎ᠤᠨ ᠬᠦᠳᠡᠯᠭᠡᠭᠦᠷᠲᠦ ᠲᠡᠷᠭᠡᠨ᠎ᠤ ᠥᠭᠡᠷᠡᠴᠢᠯᠡᠬᠦ ᠲᠦᠷᠦᠯ ᠵᠦᠢ᠍ᠯ᠎ᠢ ᠠᠵᠢᠯ ᠡᠬᠢᠯᠡᠭᠦᠯᠦᠨ᠂ ᠵᠢᠨᠢᠩ ᠳ᠋ᠠᠲ᠋ᠦ᠋ᠩ ᠶᠤᠸᠠᠨᠫᠢᠩ᠎ᠤᠨ ᠲᠦᠷᠭᠡᠨ᠎ᠤ ᠲᠡᠮᠦᠷ ᠵᠠᠮ᠎ᠢ ᠪᠠᠶ᠋ᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ᠎ᠪᠠᠷ ᠴᠢᠷᠮᠠᠶ᠋ᠢᠵᠤ᠂ ᠣᠷᠳᠣᠰ᠎ᠠᠴᠠ ᠲᠡᠮᠡᠭᠡᠲᠦ ᠬᠦᠷᠬᠦ ᠲᠦᠷᠭᠡᠨ᠎ᠤ ᠲᠡᠮᠦᠷ ᠵᠠᠮ ᠪᠠ ᠬᠠᠶ᠋ᠢᠯᠠᠷ᠎ᠠᠴᠠ ᠷᠠᠰᠢᠶᠠᠨ ᠬᠦᠷᠬᠦ ᠲᠡᠮᠦᠷ ᠵᠠᠮ᠎ᠢ ᠥᠭᠡᠷᠡᠴᠢᠯᠡᠬᠦ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠢ ᠠᠬᠢᠭᠤᠯᠤᠨ᠎ᠠ᠃ ᠬᠦᠬᠡᠬᠤᠲᠠ ᠵᠢᠨ ᠰᠢᠨ᠎ᠡ ᠨᠢᠰᠬᠡᠯ᠎ᠤᠨ ᠪᠠᠭᠤᠳᠠᠯ᠎ᠤᠨ ᠠᠶᠠᠯᠠᠯ᠎ᠤᠨ ᠥᠷᠲᠡᠭᠡᠨ᠎ᠤ ᠲᠣᠭᠤᠷᠢᠭ᠂ ᠨᠢᠰᠦᠯᠲᠡ ᠵᠢᠨ ᠲᠣᠭᠤᠷᠢᠭ᠎ᠢ ᠪᠠᠶ᠋ᠢᠭᠤᠯᠵᠤ ᠳᠠᠭᠤᠰᠬᠠᠨ᠂ ᠤᠯᠠᠭ᠋ᠠᠢ ᠵᠡᠷᠭᠡ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠠᠬᠢᠭᠤᠯᠤᠨ᠎ᠠ᠃ ᠴᠤᠤᠯ ᠭᠤᠣᠯ᠎ᠤᠨ ᠤᠰᠤ ᠵᠢ ᠲᠠᠲᠠᠵᠤ ᠯᠢᠶᠣᠣ ᠾᠧ ᠭᠤᠣᠯ᠎ᠳᠤ ᠨᠡᠮᠡᠷᠢᠯᠡᠬᠦ ᠬᠤᠶᠠᠳᠤᠭ᠋ᠠᠷ ᠬᠤᠭᠤᠴᠠᠭ᠎ᠠ᠂ ᠥᠪᠥᠷ ᠮᠣᠩᠭᠤᠯ᠎ᠤᠨ ᠰᠠᠯᠪᠤᠷᠢ ᠱᠤᠭᠤᠮ᠎ᠤᠨ ᠤᠰᠤ ᠬᠠᠩᠭ᠋ᠠᠯᠭ᠎ᠠ ᠵᠡᠷᠭᠡ ᠤᠰᠤᠨ ᠲᠣᠣᠷ᠎ᠤᠨ ᠭᠤᠣᠯᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠠᠲᠤᠨ ᠭᠤᠣᠯ᠎ᠤᠨ ᠥᠪᠥᠷ ᠮᠣᠩᠭᠤᠯ᠎ᠤᠨ ᠬᠡᠰᠡᠭ᠎ᠲᠠᠬᠢ ᠭᠤᠣᠯ᠎ᠤᠨ ᠵᠠᠮ᠎ᠢ ᠵᠠᠰᠠᠬᠤ ᠢᠨᠵᠧᠨᠧᠷᠢᠩ᠎ᠤᠨ ᠵᠥᠪᠰᠢᠶᠡᠷᠡᠯ᠎ᠢ ᠲᠦᠷᠭᠡᠬᠡᠨ ᠣᠯᠬᠤ᠂ ᠬᠠᠲᠤᠨ ᠭᠤᠣᠯ᠎ᠤᠨ ᠤᠰᠤ ᠵᠢ ᠲᠠᠲᠠᠵᠤ ᠬᠦᠬᠡᠬᠤᠲᠠ᠎ᠳᠤ ᠲᠤᠰᠠᠯᠠᠬᠤ ᠭᠤᠷᠪᠠᠳᠤᠭ᠋ᠠᠷ ᠬᠤᠭᠤᠴᠠᠭ᠋ᠠᠨ᠎ᠤ ᠢᠨᠵᠧᠨᠧᠷᠢᠩ ᠪᠠ ᠤᠯᠠᠭ᠋ᠠᠨᠴᠠᠪ᠎ᠤᠨ ᠲᠥᠪ ᠬᠤᠲᠠ ᠵᠢᠨ ᠲᠣᠭᠤᠷᠢᠭ᠎ᠤᠨ ᠤᠰᠤ ᠳᠠᠮᠵᠢᠭᠤᠯᠤᠨ ᠬᠠᠩᠭ᠋ᠠᠬᠤ ᠢᠨᠵᠧᠨᠧᠷᠢᠩ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ᠎ᠪᠠᠷ ᠴᠢᠷᠮᠠᠶ᠋ᠢᠨ᠎ᠠ᠃ ᠴᠠᠬᠢᠯᠭ᠋ᠠᠨ ᠬᠦᠴᠦᠨ᠎ᠤ ᠰᠢᠰᠲ᠋ᠧᠮ᠎ᠤᠨ ᠲᠣᠣᠷ ᠴᠢᠩᠭ᠋ᠠᠯᠠᠬᠤ ᠢᠨᠵᠧᠨᠧᠷᠢᠩ᠂ ᠭᠠᠳᠠᠭᠰᠢ ᠳᠠᠮᠵᠢᠭᠤᠯᠬᠤ ᠢᠨᠵᠧᠨᠧᠷᠢᠩ᠂ ᠲᠣᠣᠷ ᠬᠤᠯᠪᠣᠬᠤ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠵᠦ᠂ ᠵᠠᠩᠪᠧᠢ᠎ᠠᠴᠠ ᠱᠧᠩ ᠯᠢ ᠬᠦᠷᠬᠦ᠂ ᠪᠠᠭ᠋ᠠᠷᠢᠨ ᠪᠠᠷᠠᠭᠤᠨ ᠬᠤᠰᠢᠭᠤᠨ᠎ᠠᠴᠠ ᠨᠠᠢ᠍ᠮᠠᠨ ᠪᠠ ᠹᠦᠰᠢᠨ ᠬᠦᠷᠬᠦ ᠵᠡᠷᠭᠡ ᠢᠨᠵᠧᠨᠧᠷᠢᠩ᠎ᠢ ᠪᠠᠶ᠋ᠢᠭᠤᠯᠵᠤ ᠳᠠᠭᠤᠰᠬᠠᠨ᠂ ᠥᠪᠥᠷ ᠮᠣᠩᠭᠤᠯ᠎ᠤᠨ ᠪᠠᠷᠠᠭᠤᠨ ᠬᠡᠰᠡᠭ᠎ᠠᠴᠠ ᠪᠡᠭᠡᠵᠢᠩ ᠲᠢᠶᠠᠨᠵᠢᠨ ᠾᠧᠪᠧᠢ ᠤᠷᠤᠭᠤ ᠴᠠᠬᠢᠯᠭ᠋ᠠᠨ ᠳᠠᠮᠵᠢᠭᠤᠯᠬᠤ ᠨᠡᠪᠲᠡᠷᠡᠯ ᠵᠠᠮ᠎ᠤᠨ ᠢᠨᠵᠧᠨᠧᠷᠢᠩ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ᠎ᠪᠠᠷ ᠴᠢᠷᠮᠠᠶ᠋ᠢᠵᠤ᠂ ᠴᠠᠬᠢᠯᠭ᠋ᠠᠨ ᠲᠣᠣᠷ᠎ᠤᠨ ᠴᠠᠬᠢᠯᠭ᠋ᠠᠨ ᠬᠠᠩᠭ᠋ᠠᠬᠤ ᠴᠢᠳᠠᠪᠤᠷᠢ ᠪᠠ ᠰᠢᠨ᠎ᠡ ᠡᠨᠧᠷᠬᠢ ᠵᠢᠨ ᠵᠠᠯᠭ᠋ᠠᠭᠤᠯᠬᠤ ᠴᠢᠳᠠᠪᠤᠷᠢ ᠵᠢ ᠪᠦᠭᠦ ᠲᠠᠯ᠎ᠠ᠎ᠪᠠᠷ ᠳᠡᠭᠡᠭᠰᠢᠯᠡᠭᠦᠯᠦᠨ᠎ᠡ᠃
ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠡᠷᠴᠢᠮ ᠵᠶ᠋ᠠᠨ ᠰᠤᠯᠠᠷᠠᠭᠤᠯᠵᠤ ᠪᠣᠯᠬᠤ ᠦᠭᠡᠢ᠂ ᠣᠨᠣᠪᠴᠢ ᠵᠢᠨ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠪᠦᠯᠦᠭᠵᠢᠯ᠎ᠤᠨ ᠠᠵᠤ ᠦᠢ᠍ᠯᠡᠰ᠎ᠤᠨ ᠬᠡᠯᠬᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠂ ᠴᠧᠩᠳᠦ᠋ ᠴᠦᠩᠴᠢᠩ ᠵᠡᠷᠭᠡ ᠭᠠᠵᠠᠷ ᠣᠷᠣᠨ᠎ᠯᠤᠭ᠎ᠠ ᠵᠢᠨ ᠵᠣᠯᠭ᠋ᠠᠯᠴᠠᠭ᠎ᠠ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠴᠡᠭ᠎ᠢ ᠴᠡᠭ᠎ᠲᠤ ᠬᠠᠨᠳᠤᠭᠤᠯᠵᠤ ᠬᠤᠳᠠᠯᠳᠤᠭ᠋ᠠᠴᠢᠨ ᠤᠷᠢᠬᠤ ᠵᠢ ᠥᠷᠨᠢᠭᠦᠯᠵᠦ᠂ ᠨᠢᠭᠡ ᠪᠦᠯᠦᠭ ᠠᠵᠤ ᠦᠢ᠍ᠯᠡᠰ᠎ᠤᠨ ᠰᠢᠯᠵᠢᠯᠲᠡ ᠵᠢ ᠳᠠᠭ᠋ᠠᠭ᠋ᠠᠨ ᠠᠪᠴᠤ ᠵᠠᠯᠭ᠋ᠠᠭᠤᠯᠬᠤ᠂ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠵᠢ ᠠᠬᠢᠭᠤᠯᠬᠤ ᠶᠡᠭᠡ ᠲᠦᠷᠦᠯ ᠵᠦᠢ᠍ᠯ ᠰᠠᠶ᠋ᠢᠨ ᠲᠦᠷᠦᠯ ᠵᠦᠢ᠍ᠯ᠎ᠢ ᠢᠳᠡᠪᠬᠢᠲᠡᠢ᠎ᠪᠠᠷ ᠠᠷᠭ᠎ᠠ ᠰᠦᠪᠡᠭᠴᠢᠯᠡᠨ ᠣᠷᠣᠭᠤᠯᠤᠨ ᠠᠪᠴᠢᠷᠠᠵᠤ᠂ ᠣᠷᠣᠭᠤᠯᠤᠨ ᠠᠪᠴᠢᠷᠠᠬᠤ ᠪᠡᠯᠡ ᠮᠥᠩᠭᠦ ᠵᠢ 5500 ᠳ᠋ᠦᠩᠰᠢᠭᠤᠷ ᠲᠥᠭᠦᠷᠢᠭ᠎ᠠᠴᠠ ᠳᠤᠲᠠᠭᠤ ᠦᠭᠡᠢ ᠪᠠᠶ᠋ᠢᠯᠭ᠋ᠠᠬᠤ᠎ᠪᠠᠷ ᠴᠢᠷᠮᠠᠶ᠋ᠢᠨ᠎ᠠ᠃ ᠬᠤᠶᠠᠳᠤᠭ᠋ᠠᠷ ᠬᠤᠭᠤᠴᠠᠭ᠋ᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ᠎ᠤ ᠵᠥᠪᠳᠡᠯᠴᠡᠬᠦ ᠬᠤᠷᠠᠯ᠂ ᠬᠤᠶᠠᠳᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠰᠢᠨ᠎ᠡ ᠡᠨᠧᠷᠬᠢ ᠰᠢᠨ᠎ᠡ ᠮᠠᠲ᠋ᠧᠷᠢᠶᠠᠯ᠎ᠤᠨ ᠶᠡᠭᠡ ᠬᠤᠷᠠᠯ᠂ ᠳᠡᠯᠡᠬᠡᠢ ᠵᠢᠨ ᠰᠦ ᠰᠠᠭ᠋ᠠᠯᠢ ᠵᠢᠨ ᠦᠢ᠍ᠯᠡᠰ᠎ᠤᠨ ᠰᠢᠨ᠎ᠡ ᠡᠭᠦᠳᠦᠯᠲᠡ ᠵᠢᠨ ᠲᠦᠷᠦᠭᠦᠴᠦᠳ᠎ᠤᠨ ᠬᠤᠷᠠᠯ᠂ ᠳᠡᠯᠡᠬᠡᠢ ᠵᠢᠨ ᠡᠪᠡᠰᠦᠨ᠎ᠤ ᠦᠢ᠍ᠯᠡᠰ᠎ᠤᠨ ᠶᠡᠭᠡ ᠬᠤᠷᠠᠯ᠂ ᠲᠣᠮᠳᠠᠳᠣ ᠤᠯᠤᠰ᠎ᠤᠨ ᠪᠣᠬᠢᠷᠳᠤᠯ ᠦᠭᠡᠢ ᠲᠣᠭ᠋ᠠᠵᠢᠭᠤᠯᠵᠤ ᠪᠣᠳᠣᠬᠤ ᠬᠦᠴᠦᠨ᠎ᠤ ᠶᠡᠭᠡ ᠬᠤᠷᠠᠯ ᠵᠡᠷᠭᠡ ᠪᠦᠭᠦ ᠪᠥᠮᠪᠥᠷᠴᠡᠭ᠎ᠤᠨ ᠴᠢᠨᠠᠷᠲᠠᠢ᠂ ᠪᠦᠭᠦ ᠤᠯᠤᠰ᠎ᠤᠨ ᠴᠢᠨᠠᠷᠲᠠᠢ ᠴᠢᠬᠤᠯᠠ ᠶᠡᠭᠡ ᠠᠵᠢᠯᠯᠠᠭ᠎ᠠ ᠵᠢ ᠬᠢᠨᠠᠮᠠᠭ᠋ᠠᠢ ᠰᠠᠶ᠋ᠢᠲᠤᠷ ᠡᠷᠬᠢᠯᠡᠵᠣ᠂ ᠣᠯᠠᠨ ᠤᠯᠤᠰ᠎ᠤᠨ ᠣᠶᠣᠨ ᠤᠬᠠᠭ᠋ᠠᠨ᠎ᠢ ᠬᠤᠷᠠᠭᠤᠯᠤᠭᠰᠠᠨ᠂ ᠲᠡᠷᠢᠭᠦᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠬᠠᠷᠠᠭᠤᠯᠤᠭᠰᠠᠨ᠂ ᠠᠵᠤ ᠦᠢ᠍ᠯᠡᠰ᠎ᠤᠨ ᠬᠥᠭᠵᠢᠯᠲᠡ ᠵᠢ ᠳᠠᠶ᠋ᠢᠴᠢᠯᠠᠭᠰᠠᠨ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠳᠤ ᠦᠢ᠍ᠯᠡᠴᠢᠯᠡᠬᠦ ᠨᠢᠭᠡ ᠪᠦᠯᠦᠭ ᠲᠡᠷᠢᠭᠦᠨ ᠳᠡᠰ᠎ᠤᠨ ᠲᠠᠪᠴᠠᠩᠤᠳᠢ ᠴᠣᠭᠴᠠᠯᠠᠨ᠎ᠠ᠃
(ᠭᠤᠷᠪᠠ) ᠠᠷᠭ᠎ᠠ ᠪᠦᠭᠦᠨ᠎ᠢ ᠰᠦᠪᠡᠭᠴᠢᠯᠡᠨ ᠬᠡᠷᠡᠭᠯᠡᠭᠡ ᠵᠢᠨ ᠳᠠᠯᠳᠡ ᠬᠦᠴᠦᠨ᠎ᠢ ᠠᠭᠤᠳᠠᠯᠵᠤ ᠬᠥᠭᠵᠢᠭᠡᠨ᠎ᠡ᠃ ᠬᠡᠷᠡᠭᠯᠡᠭᠡ ᠵᠢᠨ ᠳᠠᠯᠳᠠ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠠᠭᠤᠳᠠᠯᠵᠤ᠂ ᠬᠡᠷᠡᠭᠯᠡᠭᠡ᠎ᠳᠤ ᠣᠷᠣᠯᠴᠠᠵᠣ ᠲᠠᠶ᠋ᠢᠯᠭᠦ᠂ ᠵᠣᠷᠢᠭᠲᠠᠢ᠎ᠪᠠᠷ ᠬᠡᠷᠡᠭᠯᠡᠭᠡ᠎ᠳᠤ ᠣᠷᠣᠯᠴᠠᠬᠤ᠂ ᠬᠡᠷᠡᠭᠯᠡᠭᠡ᠎ᠳᠤ ᠣᠷᠣᠯᠴᠠᠬᠤ ᠳᠤᠷᠠᠲᠠᠢ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠶᠡᠭᠡ᠎ᠪᠠᠷ ᠪᠣᠢ ᠪᠣᠯᠭ᠋ᠠᠵᠣ᠂ ᠬᠡᠷᠡᠭᠯᠡᠭᠡ ᠵᠢ ᠬᠢᠵᠢᠭ᠎ᠤᠨ ᠳᠠᠷᠠᠭ᠋ᠠᠬᠢ ᠰᠡᠷᠭᠦᠯᠲᠡ᠎ᠠᠴᠠ ᠦᠷᠭᠦᠯᠵᠢᠯᠡᠨ ᠥᠷᠭᠡᠳᠬᠦ ᠲᠡᠶ᠋ᠢᠰᠢ ᠬᠤᠪᠢᠷᠠᠭᠤᠯᠬᠤ ᠵᠢ ᠠᠬᠢᠭᠤᠯᠤᠨ᠎ᠠ᠃
ᠠᠮᠢᠳᠤᠷᠠᠯ ᠊ᠤ᠊᠊ᠨ ᠬᠡᠷᠡᠭᠯᠡᠭᠡ ᠪᠣᠯ ᠬᠡᠷᠡᠭᠯᠡᠭᠡ ᠵᠢ ᠲᠣᠭᠲᠠᠪᠤᠷᠢᠵᠢᠭᠤᠯᠬᠤ ᠪᠠ ᠥᠷᠭᠡᠳᠬᠡᠬᠦ 《ᠴᠢᠭᠳᠠᠭ᠎ᠠ》 ᠮᠥᠨ᠂ ᠬᠤᠲᠠ ᠵᠢᠨ 《ᠨᠢᠭᠡ ᠮᠥᠴᠡ ᠵᠢᠨ ᠠᠷᠠᠳ᠎ᠲᠤ ᠳᠦᠭᠦᠮ ᠦᠵᠡᠭᠦᠯᠬᠦ ᠠᠮᠢᠳᠤᠷᠠᠯ᠎ᠤᠨ ᠲᠣᠭᠤᠷᠢᠭ》᠎ᠢ ᠲᠦᠷᠭᠡᠳᠬᠡᠨ ᠪᠠᠶ᠋ᠢᠭᠤᠯᠵᠤ᠂ ᠮᠠᠰᠢᠨ ᠲᠡᠷᠭᠡ᠂ ᠭᠡᠷ᠎ᠤᠨ ᠴᠠᠬᠢᠯᠭ᠋ᠠᠨ ᠬᠡᠷᠡᠭᠰᠡᠯ ᠵᠡᠷᠭᠡ ᠥᠷᠭᠡᠨ ᠬᠡᠷᠡᠭᠴᠡᠭᠡᠨ᠎ᠤ ᠲᠠᠸᠠᠷ᠎ᠤᠨ ᠬᠡᠷᠡᠭᠯᠡᠭᠡ ᠵᠢᠨ ᠬᠥᠭᠵᠢᠭᠡᠨ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠦᠷᠦᠭᠦᠴᠢ ᠳᠡᠯᠭᠡᠭᠦᠷ᠎ᠲᠤ ᠠᠩᠬ᠎ᠠ ᠲᠠᠷᠬᠠᠭ᠋ᠠᠬᠤ ᠠᠵᠤ ᠠᠬᠤᠢ᠂ ᠬᠥᠭᠵᠢᠶᠡᠨᠲᠦ ᠰᠥᠨᠢ ᠵᠢᠨ ᠠᠵᠤ ᠠᠬᠤᠢ ᠵᠢ ᠬᠥᠭᠵᠢᠭᠦᠯᠬᠦ ᠵᠢ ᠵᠣᠷᠢᠭᠵᠢᠭᠤᠯᠤᠨ᠂ 《ᠬᠡᠷᠡᠭᠯᠡᠭᠡ ᠵᠢ ᠠᠬᠢᠭᠤᠯᠬᠤ ᠣᠨ》᠎ᠤ ᠠᠵᠢᠯᠯᠠᠭ᠎ᠠ ᠵᠢ ᠶᠡᠭᠡ᠎ᠪᠠᠷ ᠥᠷᠨᠢᠭᠦᠯᠵᠦ᠂ ᠬᠦᠬᠡᠬᠤᠲᠠ ᠵᠢᠨ ᠬᠥᠭᠵᠢᠶᠡᠨ ᠶᠡᠬᠡᠲᠡᠢ ᠳᠠᠭᠤᠤ ᠬᠥᠭᠵᠢᠮ᠎ᠤᠨ ᠦᠳᠡᠰᠢᠯᠡᠭᠡ ᠪᠠ ᠰᠢᠨ᠎ᠡ ᠣᠨ ᠵᠶ᠋ᠠᠨ ᠤᠭᠲᠤᠬᠤ ᠦᠳᠡᠰᠢ᠂ ᠪᠤᠭᠤᠲᠤ ᠵᠢᠨ ᠴᠣᠣ ᠾᠧ ᠵᠡᠭᠡᠯᠢ ᠲᠣᠭᠤᠷᠢᠭ᠎ᠤᠨ 《ᠰᠢᠵᠢᠷ ᠠᠯᠳᠠᠨ 6 ᠴᠠᠭ᠎ᠤᠨ ᠬᠤᠭᠤᠴᠠᠭ᠎ᠠ》᠂ ᠣᠷᠳᠣᠰ᠎ᠤᠨ 《ᠬᠤᠳᠡ ᠵᠢ ᠳᠤᠯᠠᠭ᠋ᠠᠯᠠᠬᠤ 7 ᠴᠠᠭ ᠬᠠᠭ᠋ᠠᠰ》᠂ 《ᠪᠡᠭᠡᠵᠢᠩ᠎ᠠᠴᠠ ᠪᠠᠷᠠᠭᠤᠨᠰᠢ᠎ᠪᠠᠨ ᠨᠢᠭᠡ ᠠᠯᠬᠤᠬᠤ·ᠤᠯᠠᠭ᠋ᠠᠨᠴᠠᠪ᠎ᠤᠨ ᠦᠳᠡᠰᠢ》 ᠬᠡᠮᠡᠬᠦ ᠡᠳᠡᠭᠡᠷ ᠨᠢᠭᠡᠨᠲᠡ ᠬᠡᠷᠡᠭᠯᠡᠭᠴᠢᠳ᠎ᠲᠤ ᠮᠡᠳᠡᠷᠡᠭᠳᠡᠭᠰᠡᠨ ᠠᠵᠢᠯᠯᠠᠭ᠎ᠠ ᠪᠠ ᠨᠡᠷᠡᠳᠣ ᠲᠡᠮᠳᠡᠭ᠎ᠢ ᠦᠷᠭᠦᠯᠵᠢᠯᠡᠨ ᠬᠢᠬᠦ ᠬᠡᠷᠡᠭᠲᠡᠢ᠃ 《ᠪᠤᠭᠤᠷᠤᠯᠴᠤᠳ᠎ᠤᠨ ᠠᠵᠤ ᠠᠬᠤᠢ》 ᠵᠢᠨ ᠬᠥᠭᠵᠢᠯᠲᠡ ᠵᠢᠨ ᠣᠷᠣᠨ ᠵᠠᠢ ᠯᠤᠲᠤ ᠶᠡᠭᠡ᠂ ᠮᠠᠨ᠎ᠤ ᠣᠷᠣᠨ᠎ᠳᠤ 60 ᠨᠠᠰᠤ᠎ᠠᠴᠠ ᠳᠡᠭᠡᠭᠰᠢᠬᠢ ᠨᠠᠰᠤᠲᠠᠶ᠋ᠢᠴᠤᠳ 546 ᠲᠦᠮᠡ ᠪᠠᠶ᠋ᠢᠵᠤ᠂ ᠪᠠᠶ᠋ᠢᠩᠭᠤ ᠰᠠᠭᠤᠭ᠎ᠠ ᠬᠥᠮᠥᠨ ᠠᠮᠠ ᠵᠢᠨ 22.8% ᠵᠢ ᠡᠵᠡᠯᠡᠨ᠂ ᠠᠷᠭ᠎ᠠ ᠰᠦᠪᠡᠭᠴᠢᠯᠡᠨ ᠬᠦᠴᠦ ᠵᠠᠷᠤᠴᠠᠭᠤᠯᠵᠤ ᠪᠠᠶ᠋ᠢᠭ᠋ᠠᠳ ᠡᠨᠡ ᠬᠦ᠌ ᠦᠯᠦ ᠮᠡᠳᠡᠭᠳᠡᠬᠦ ᠵᠠᠬ᠎ᠠ ᠳᠡᠯᠭᠡᠭᠦᠷ᠎ᠤᠨ ᠣᠷᠣᠨ ᠵᠠᠢ ᠵᠢ ᠰᠡᠷᠭᠦᠭᠡᠨ᠂ ᠡᠮᠴᠢᠯᠡᠭᠡ᠂ ᠨᠠᠰᠤᠵᠢᠯ ᠡᠷᠡᠭᠦᠯ ᠮᠡᠨᠳᠣ᠂ ᠰᠤᠪᠢᠯᠠᠯᠲᠠ᠂ ᠬᠥᠮᠦᠵᠢᠯ᠂ ᠵᠤᠭ᠎ᠠ ᠴᠡᠩᠭᠡᠯ᠂ ᠠᠮᠤᠷᠯᠢᠩᠭᠤᠢ ᠵᠡᠷᠭᠡ ᠳᠣᠯᠤᠭ᠋ᠠᠨ ᠵᠦᠢ᠍ᠯ᠎ᠢ ᠨᠢᠭᠡ ᠴᠣᠭᠴᠠᠵᠢᠭᠤᠯᠤᠭᠰᠠᠨ ᠨᠠᠰᠤᠵᠢᠯ᠎ᠤᠨ ᠵᠠᠭᠪᠤᠷ᠎ᠢ ᠬᠥᠭᠵᠢᠭᠦᠯᠵᠦ᠂ ᠨᠠᠰᠤᠵᠢᠯ᠎ᠤᠨ ᠦᠢ᠍ᠯᠡᠴᠢᠯᠡᠭᠡ ᠵᠢ 《ᠪᠠᠶ᠋ᠢᠬᠤ》᠎ᠠᠴᠠ 《ᠣᠯᠠᠨ》 ᠲᠡᠶ᠋ᠢᠰᠢ᠂ 《ᠣᠯᠠᠨ》 ᠪᠠᠶ᠋ᠢᠭᠰᠠᠨ᠎ᠠᠴᠠ 《ᠴᠢᠨᠠᠷᠵᠢᠭᠤᠨ》 ᠲᠡᠶ᠋ᠢᠰᠢ ᠳᠡᠰ ᠳᠡᠪᠰᠢᠭᠦᠯᠬᠦ ᠵᠢ ᠠᠬᠢᠭᠤᠯᠤᠨ᠎ᠠ᠃ ᠰᠢᠨ᠎ᠡ ᠮᠠᠶᠢᠭ᠎ᠤᠨ ᠬᠡᠷᠡᠭᠯᠡᠭᠡ ᠪᠣᠯ ᠯᠤᠲᠤ ᠶᠡᠭᠡ ᠨᠡᠮᠡᠭᠳᠡᠯ ᠴᠡᠭ ᠮᠥᠨ᠂ ᠲᠣᠭ᠋ᠠᠵᠢᠭᠤᠯᠤᠭᠰᠠᠨ ᠬᠡᠷᠡᠭᠯᠡᠭᠡ᠂ ᠪᠣᠬᠢᠷᠳᠤᠯ ᠦᠭᠡᠢ ᠬᠡᠷᠡᠭᠯᠡᠭᠡ᠂ ᠡᠷᠡᠭᠦᠯ ᠬᠡᠷᠡᠭᠯᠡᠭᠡ ᠵᠢ ᠶᠡᠭᠡ᠎ᠪᠠᠷ ᠬᠥᠭᠵᠢᠭᠦᠯᠦᠨ᠂ ᠰᠣᠶᠣᠯ ᠴᠡᠩᠭᠡᠯ᠂ ᠲᠠᠮᠢᠷ᠎ᠤᠨ ᠴᠤᠭᠯᠠᠭ᠋ᠠᠨ᠂ ᠤᠯᠤᠰ᠎ᠤᠨ ᠪᠠᠷᠠᠭ᠋ᠠᠨ᠎ᠤ 《ᠤᠷᠤᠰᠬᠠᠯ ᠲᠠᠸᠠᠷ》 ᠵᠡᠷᠭᠡ ᠰᠢᠨ᠎ᠡ ᠬᠡᠷᠡᠭᠯᠡᠭᠡ ᠵᠢᠨ ᠬᠠᠯᠠᠮᠰᠢᠯ᠎ᠢ ᠢᠳᠡᠪᠬᠢᠲᠡᠢ᠎ᠪᠠᠷ ᠪᠤᠢ ᠪᠣᠯᠭ᠋ᠠᠵᠤ᠂ ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠨ ᠰᠢᠨᠡᠳᠬᠡᠬᠦ ᠮᠡᠷᠭᠡᠵᠢᠯ᠂ ᠪᠢᠣᠨᠢᠺᠰ ᠮᠠᠰᠢᠨ ᠬᠥᠮᠥᠨ᠂ ᠡᠮᠦᠰᠴᠦ ᠵᠡᠭᠦᠵᠦ ᠪᠣᠯᠬᠤ ᠲᠥᠬᠦᠭᠡᠷᠦᠮᠵᠢ ᠵᠡᠷᠭᠡ ᠬᠡᠷᠡᠭᠯᠡᠭᠡᠨ᠎ᠤ ᠠᠬᠤᠢ ᠪᠠᠶ᠋ᠢᠳᠠᠯ᠎ᠢ ᠥᠷᠭᠡᠵᠢᠭᠦᠯᠦᠨ᠂ ᠥᠪᠡᠷ ᠵᠶ᠋ᠠᠨ ᠡᠵᠡᠩᠨᠡᠭᠰᠡᠨ ᠡᠯᠧᠺᠲᠷᠣᠨ ᠬᠤᠳᠠᠯᠳᠤᠭ᠎ᠠ᠂ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠵᠠᠭᠪᠤᠷ ᠰᠢᠨ᠎ᠡ ᠡᠵᠡᠩᠨᠡᠯᠲᠡ ᠵᠢᠨ ᠪᠠᠶ᠋ᠢᠳᠠᠯ᠎ᠢ ᠵᠣᠷᠢᠭᠵᠢᠭᠤᠯᠤᠨ ᠬᠥᠭᠵᠢᠭᠦᠯᠵᠦ᠂ ᠰᠦᠯᠵᠢᠶᠡᠨ᠎ᠤ ᠵᠢᠵᠢᠭᠯᠡᠨ ᠪᠣᠷᠣᠯᠠᠭᠤᠯᠬᠤ ᠲᠤᠭ᠎ᠠ ᠵᠢ 700 ᠳ᠋ᠦᠩᠰᠢᠭᠤᠷ ᠲᠥᠭᠦᠷᠢᠭ᠎ᠠᠴᠠ ᠳᠠᠪᠠᠭᠤᠯᠤᠨ᠎ᠠ᠃ ᠬᠤᠲᠠ ᠵᠢᠨ ᠰᠢᠨ᠎ᠡ ᠠᠷᠠᠳ᠎ᠤᠨ ᠬᠡᠷᠡᠭᠯᠡᠭᠡ ᠪᠣᠯ ᠳᠠᠯᠳᠠ ᠬᠦᠴᠦᠨ ᠮᠥᠨ᠂ 44.6% ᠵᠢᠨ ᠡᠷᠦᠬᠡᠲᠦ ᠬᠥᠮᠥᠨ ᠠᠮᠠ ᠵᠢᠨ ᠬᠤᠲᠠ ᠪᠠᠯᠭ᠋ᠠᠰᠤᠵᠢᠯᠲᠠ ᠵᠢᠨ ᠨᠣᠷᠮ᠎ᠠ ᠵᠢ 69.6% ᠵᠢᠨ ᠪᠠᠶ᠋ᠢᠩᠭᠤ ᠰᠠᠭᠤᠭ᠎ᠠ ᠬᠥᠮᠥᠨ ᠠᠮᠠ ᠵᠢᠨ ᠬᠤᠲᠠ ᠪᠠᠯᠭ᠋ᠠᠰᠤᠵᠢᠯᠲᠠ ᠵᠢᠨ ᠨᠣᠷᠮ᠎ᠠ ᠬᠦᠷᠲᠡᠯ᠎ᠡ ᠳᠡᠭᠡᠭᠰᠢᠯᠡᠭᠦᠯᠭᠦ᠎ᠳᠤ ᠬᠦᠷᠪᠡᠯ᠂ ᠬᠤᠲᠠ ᠵᠢᠨ ᠰᠢᠨ᠎ᠡ ᠠᠷᠠᠳ 599 ᠲᠦᠮᠡ ᠰᠢᠨ᠎ᠡ᠎ᠪᠠᠷ ᠨᠡᠮᠡᠭᠳᠡᠨ᠎ᠡ᠂ ᠡᠨᠡ᠎ᠨᠢ ᠬᠦᠬᠡᠬᠤᠲᠠ ᠪᠤᠭᠤᠲᠤ ᠣᠷᠳᠣᠰ ᠭᠤᠷᠪᠠ ᠵᠢᠨ ᠬᠤᠲᠠ ᠲᠣᠭᠤᠷᠢᠭ᠎ᠤᠨ ᠶᠡᠷᠦᠩᠬᠡᠢ ᠬᠥᠮᠥᠨ ᠠᠮᠠ᠎ᠲᠠᠢ ᠲᠡᠩᠴᠡᠵᠦ᠂ ᠡᠳᠡᠭᠡᠷ ᠬᠥᠮᠥᠰ᠎ᠤᠨ ᠬᠤᠲᠠᠨ᠎ᠳᠠᠬᠢ ᠢᠳᠡᠵᠦ ᠡᠮᠦᠰᠴᠦ ᠶᠠᠪᠤᠵᠤ ᠰᠠᠭᠤᠬᠤ᠂ ᠰᠣᠶᠣᠯ ᠬᠥᠮᠦᠵᠢᠯ ᠵᠤᠭ᠎ᠠ ᠴᠡᠩᠭᠡᠯ᠎ᠨᠢ ᠯᠤᠲᠤ ᠶᠡᠭᠡ ᠨᠢᠭᠤᠭᠳᠠᠮᠠᠯ ᠵᠠᠬ᠎ᠠ ᠳᠡᠯᠭᠡᠭᠦᠷ ᠪᠣᠯᠣᠨ᠎ᠠ᠃ ᠡᠷᠦᠬᠡ ᠠᠮᠠ ᠵᠢᠨ ᠳᠦᠷᠢᠮ᠎ᠤᠨ ᠥᠭᠡᠷᠡᠴᠢᠯᠡᠯᠲᠡ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠲᠦᠷᠦ ᠵᠢᠨ ᠪᠣᠳᠣᠯᠭ᠎ᠠ᠂ ᠣᠯᠠᠨ ᠨᠡᠶ᠋ᠢᠲᠡ ᠵᠢᠨ ᠦᠢ᠍ᠯᠡᠴᠢᠯᠡᠭᠡ ᠵᠡᠷᠭᠡ ᠲᠠᠯ᠎ᠠ᠎ᠪᠠᠷ ᠶᠡᠷᠦᠩᠬᠡᠶ᠋ᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ᠎ᠪᠠᠨ ᠭᠦᠨᠵᠡᠭᠡᠶ᠋ᠢᠷᠡᠭᠦᠯᠵᠦ᠂ ᠬᠤᠲᠠ ᠵᠢᠨ ᠰᠢᠨ᠎ᠡ ᠠᠷᠠᠳ ᠪᠠᠲᠠᠭᠠᠨ ᠨᠡᠭᠦᠵᠦ ᠢᠷᠡᠭᠰᠡᠨ ᠭᠡᠷ ᠪᠦᠯᠢ ᠵᠢᠨ᠎ᠬᠢᠨ᠎ᠤ ᠬᠤᠳᠡ ᠪᠠᠯᠭ᠋ᠠᠰᠤᠨ᠎ᠳᠤ ᠡᠷᠣᠭᠡ ᠠᠮᠠ ᠣᠷᠣᠬᠤ ᠵᠢ᠎ᠨᠢ ᠵᠣᠷᠢᠭᠵᠢᠭᠤᠯᠤᠨ᠂ ᠡᠨᠡ ᠬᠡᠰᠡᠭ ᠬᠡᠷᠡᠭᠯᠡᠭᠡ ᠵᠢᠨ ᠳᠠᠯᠳᠠ ᠬᠦᠴᠦᠨ᠎ᠢ ᠪᠦᠬᠦ ᠲᠠᠯ᠎ᠠ᠎ᠪᠠᠷ ᠪᠠᠳᠠᠷᠠᠭ᠋ᠠᠬᠤ ᠬᠡᠷᠡᠭᠲᠡᠢ᠃ ᠰᠣᠶᠣᠯ ᠵᠢᠭᠤᠯᠴᠢᠯᠠᠯ᠎ᠤᠨ ᠠᠵᠤ ᠦᠢ᠍ᠯᠡᠰ ᠪᠣᠯ ᠨᠡᠶ᠋ᠢᠲᠡᠯᠢᠭ ᠬᠡᠷᠡᠭᠯᠡᠭᠡᠨ᠎ᠤ ᠠᠵᠤ ᠠᠬᠤᠢ᠂ ᠠᠷᠠᠳ᠎ᠢ ᠪᠠᠶᠠᠵᠢᠭᠤᠯᠬᠤ ᠠᠵᠤ ᠦᠢ᠍ᠯᠡᠰ ᠮᠥᠨ᠂ ᠨᠢᠳᠤᠨᠤᠨ ᠮᠠᠨ᠎ᠤ ᠣᠷᠣᠨ᠎ᠤ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠡᠨᠡ ᠵᠢᠯ 2.5 ᠳ᠋ᠦᠩᠰᠢᠭᠤᠷ᠎ᠢ ᠳᠠᠪᠠᠭᠤᠯᠬᠤ᠎ᠪᠠᠷ ᠴᠢᠷᠮᠠᠶ᠋ᠢᠵᠤ᠂ ᠡᠨᠡ ᠬᠦ᠌ 2.5 ᠳ᠋ᠦᠩᠰᠢᠭᠤᠷ ᠵᠢᠭᠤᠯᠴᠢᠯᠠᠭᠴᠢᠳ᠎ᠤᠨ ᠲᠣᠭᠤᠷᠢᠨ᠎ᠳᠤ ᠵᠢᠭᠤᠯᠴᠢᠯᠠᠯ᠎ᠤᠨ ᠡᠵᠡᠩᠨᠡᠯᠲᠡ ᠵᠢᠨ ᠪᠠᠶ᠋ᠢᠳᠠᠯ᠎ᠢ ᠪᠠᠶᠠᠯᠢᠭᠵᠢᠭᠤᠯᠤᠨ᠂ ᠦᠢ᠍ᠯᠡᠴᠢᠯᠡᠭᠡ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠨᠢᠭᠡ ᠪᠦᠯᠦᠭ 5A ᠳᠡᠰ᠎ᠤᠨ ᠦᠵᠡᠮᠵᠢ ᠵᠢᠨ ᠣᠷᠣᠨ᠎ᠢ ᠡᠭᠦᠳᠦᠨ ᠪᠠᠶ᠋ᠢᠭᠤᠯᠵᠤ᠂ ᠷᠠᠰᠢᠶᠠᠨ ᠤᠯᠤᠰ᠎ᠤᠨ ᠳᠡᠰ᠎ᠤᠨ ᠵᠢᠭᠤᠯᠴᠢᠯᠠᠯ᠎ᠤᠨ ᠠᠮᠠᠷᠠᠯᠲᠠ ᠵᠢᠨ ᠲᠣᠭᠤᠷᠢᠭ᠎ᠢ ᠰᠠᠶ᠋ᠢᠲᠤᠷ ᠴᠣᠭᠴᠠᠯᠠᠵᠤ᠂ 《ᠪᠢ ᠲᠠᠯ᠎ᠠ ᠨᠤᠲᠤᠭ᠎ᠲᠠᠢ᠎ᠪᠠᠨ ᠪᠣᠯᠵᠤᠭ᠎ᠠ᠎ᠲᠠᠢ》 ᠭᠡᠬᠦ ᠣᠨᠴᠠᠯᠢᠭᠲᠤ ᠨᠡᠷᠡᠲᠦ ᠲᠡᠮᠳᠡᠭ᠎ᠢ ᠦᠷᠭᠦᠯᠵᠢᠯᠡᠨ ᠬᠡᠷᠡᠯᠳᠦᠭᠦᠯᠵᠣ᠂ ᠵᠢᠭᠤᠯᠴᠢᠯᠠᠯ᠎ᠤᠨ 《ᠳᠥᠷᠪᠡᠨ ᠭᠠᠵᠠᠷ》᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠂ ᠵᠢᠭᠤᠯᠴᠢᠯᠠᠭᠴᠢᠳ᠎ᠢ ᠬᠠᠨᠣᠮᠵᠢᠳᠠᠢ ᠵᠢᠭᠤᠯᠴᠢᠯᠠᠭᠤᠯᠤᠨ ᠪᠠᠶᠠᠰᠬᠠᠨ᠎ᠠ᠃ ᠤᠮᠠᠷᠠᠲᠤ ᠬᠢᠯᠢ ᠵᠢᠨ ᠰᠣᠶᠣᠯ᠎ᠤᠨ ᠨᠡᠷᠡᠲᠦ ᠲᠡᠮᠳᠡᠭ᠎ᠢ ᠴᠤᠤᠷᠢᠶᠠᠲᠤᠭᠤᠯᠤᠨ᠂ ᠬᠤᠩᠱ᠌ᠠᠨ᠎ᠤ ᠰᠣᠶᠣᠯ᠂ ᠲᠦᠮᠡᠨ ᠭᠠᠵᠠᠷ᠎ᠤᠨ ᠴᠠᠢ ᠵᠢᠨ ᠠᠶᠠᠨ᠎ᠢ ᠰᠣᠶᠣᠯ᠎ᠤᠨ ᠥᠪ ᠵᠶ᠋ᠠᠷ ᠭᠤᠶᠤᠴᠢᠯᠠᠬᠤ ᠪᠠ ᠪᠠᠷᠠᠭᠤᠨ ᠯᠢᠶᠣᠣ ᠾᠧ ᠭᠤᠣᠯ᠎ᠤᠨ ᠳᠤᠮᠳᠠᠳᠤ ᠵᠢᠨ ᠦᠨᠳᠦᠰᠦᠲᠡᠨ᠎ᠤ ᠪᠣᠯᠪᠠᠰᠤᠨ᠎ᠤ ᠡᠭᠦᠰᠦᠯ ᠢᠷᠡᠯᠲᠡ ᠵᠢ ᠬᠠᠶ᠋ᠢᠬᠤ ᠢᠨᠵᠧᠨᠧᠷᠢᠩ᠎ᠢ ᠲᠦᠷᠭᠡᠳᠬᠡᠨ ᠠᠬᠢᠭᠤᠯᠵᠤ᠂ ᠤᠮᠠᠷᠠᠲᠤ ᠬᠢᠯᠢ ᠵᠢᠨ ᠰᠣᠶᠣᠯ ᠪᠦᠲᠦᠭᠡᠯ᠎ᠤᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ᠂ ᠨᠢᠭᠡ ᠪᠦᠯᠦᠭ ᠰᠣᠶᠣᠯ᠎ᠤᠨ ᠬᠥᠲᠥᠴᠢ ᠠᠵᠤ ᠦᠢ᠍ᠯᠡᠰ᠎ᠢ ᠴᠣᠭᠴᠠᠯᠠᠨ᠂ ᠳᠠᠬᠢᠭ᠋ᠠᠣᠨ 《ᠮᠣᠷᠢᠲᠤ ᠴᠡᠷᠢᠭ》᠂ 《ᠪᠤᠭᠤᠷᠤᠯ ᠲᠡᠦᠬᠡ ᠵᠢᠨ ᠬᠦᠯᠥᠭ᠎ᠤᠨ ᠮᠠᠭᠲᠠᠭ᠋ᠠᠯ》᠂ 《ᠮᠣᠷᠢᠨ᠎ᠤ ᠬᠤᠩᠬ᠎ᠠ ᠵᠣᠯ ᠵᠢᠷᠭ᠋ᠠᠯ᠎ᠤᠨ ᠳᠠᠭᠤᠤ ᠵᠢ ᠬᠠᠩᠭᠢᠨᠠᠭᠤᠯᠤᠨ᠎ᠠ》 ᠮᠡᠲᠦ ᠵᠢᠨ ᠨᠢᠭᠡ ᠪᠦᠯᠦᠭ ᠰᠣᠶᠣᠯ ᠤᠷᠠᠯᠢᠭ᠎ᠤᠨ ᠰᠣᠳᠣᠨ ᠪᠦᠲᠦᠭᠡᠯ ᠭᠠᠷᠭ᠋ᠠᠵᠤ᠂ ᠤᠯᠠᠭ᠋ᠠᠨᠮᠥ᠋ᠴᠢᠷ᠎ᠤᠨ ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ᠎ᠤᠨ ᠦᠢ᠍ᠯᠡᠳᠦᠯ᠎ᠢ ᠪᠠᠳᠠᠷᠠᠭᠤᠯᠵᠤ᠂ ᠨᠠᠮ᠎ᠤᠨ ᠬᠠᠶ᠋ᠢᠷ᠎ᠠ ᠬᠠᠯᠠᠮᠵᠢ ᠪᠠ ᠳᠠᠭᠤᠨ ᠬᠤᠭᠤᠯᠠᠢ ᠵᠢ ᠤᠮᠠᠷᠠᠲᠤ ᠬᠢᠯᠢ ᠣᠷᠣᠨ᠎ᠳᠤ ᠳᠠᠭᠤᠷᠢᠰᠤᠭᠤᠯᠤᠨ᠎ᠠ᠃ 《ᠪᠦᠬᠦ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》 ᠡᠬᠢᠯᠡᠮᠡᠷ ᠴᠠᠭ ᠮᠥᠴᠡ᠎ᠳᠤ᠂ ᠣᠷᠣᠨ ᠳᠠᠶᠠᠭ᠋ᠠᠷ ᠵᠶ᠋ᠠᠨ ᠬᠦᠴᠦᠯᠡᠵᠦ ᠴᠤᠭᠯᠠᠭ᠋ᠠᠨ᠎ᠢ ᠰᠠᠶ᠋ᠢᠲᠤᠷ ᠡᠷᠬᠢᠯᠡᠨ᠂ ᠨᠢᠭᠡ ᠬᠤᠭᠤᠴᠠᠭ᠋ᠠᠨ᠎ᠤ ᠲᠣᠪᠴᠢ ᠠᠪᠰᠠᠷᠬᠠᠨ᠂ ᠠᠮᠤᠷ ᠲᠦᠪᠰᠢᠨ᠂ ᠭᠤᠶ᠋ᠢᠳᠠ ᠰᠠᠶ᠋ᠢᠬᠠᠨ ᠲᠠᠮᠢᠷ᠎ᠤᠨ ᠥᠪᠡᠳᠡᠭᠰᠢ ᠴᠤᠭᠯᠠᠭ᠋ᠠᠨ᠎ᠢ ᠡᠷᠭᠦᠨ ᠳᠡᠪᠰᠢᠭᠦᠯᠵᠦ᠂ ᠡᠨᠡ ᠬᠦ᠌ ᠲᠠᠰᠢᠷᠠᠮ ᠵᠶ᠋ᠠᠷ ᠮᠥᠰᠥ ᠴᠠᠰᠤᠨ᠎ᠤ ᠠᠵᠤ ᠦᠢ᠍ᠯᠡᠰ᠎ᠢ ᠡᠬᠢᠯᠡᠭᠦᠯᠦᠨ ᠬᠥᠭᠵᠢᠭᠦᠯᠵᠦ᠂ ᠵᠢᠭᠤᠯᠴᠢᠯᠠᠭᠴᠢᠳ᠎ᠲᠤ ᠮᠥᠰᠥ ᠴᠠᠰᠤᠨ᠎ᠤ ᠪᠠᠶᠠᠷ ᠪᠠᠭ᠍ᠠᠳᠤᠯ᠎ᠢ ᠬᠠᠨᠳᠤᠯ᠎ᠠ ᠬᠦᠷᠲᠡᠭᠡᠨ᠂ ᠡᠪᠦᠯ᠎ᠤᠨ ᠤᠯᠠᠷᠢᠯ᠎ᠤᠨ ᠵᠢᠭᠤᠯᠴᠢᠯᠠᠯ᠎ᠳᠤ ᠳᠠᠭᠤᠰᠤᠰᠢ ᠦᠭᠡᠢ ᠬᠠᠯᠠᠭᠤᠨ ᠤᠷᠤᠰᠬᠠᠯ ᠠᠪᠴᠢᠷᠠᠨ᠎ᠠ᠃
(ᠳᠥᠷᠪᠡ) ᠣᠨᠴᠠᠭ᠋ᠠᠢ ᠠᠷᠭ᠎ᠠ ᠬᠡᠮᠵᠢᠶ᠎ᠡ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠠᠬᠢᠭᠤᠯᠤᠨ᠎ᠠ ᠃ ᠤᠯᠠᠮ ᠬᠥᠭᠵᠢᠭᠡᠳᠦᠢ ᠭᠠᠵᠠᠷ ᠣᠷᠣᠨ ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠤᠯᠠᠮ ᠴᠢᠬᠤᠯᠠᠴᠢᠯᠠᠵᠤ᠂ ᠬᠠᠭᠤᠴᠢᠨ ᠠᠪᠲᠠᠯ ᠵᠶ᠋ᠠᠨ ᠤᠯᠠᠮ ᠲᠠᠶᠠᠭᠳᠠᠨ᠂ ᠵᠤᠷᠰᠢᠯ᠎ᠢ ᠵᠣᠷᠢᠭᠲᠠᠢ ᠡᠪᠳᠡᠵᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠲᠠᠯ᠎ᠠ᠎ᠪᠠᠷ ᠨᠡᠬᠡᠵᠦ ᠭᠦᠢ᠍ᠴᠡᠬᠦ᠎ᠪᠠᠷ ᠴᠢᠷᠮᠠᠶ᠋ᠢᠬᠤ ᠬᠡᠷᠡᠭᠲᠡᠢ᠃
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠶᠠᠭᠤᠨ᠎ᠤ ᠤᠷᠢᠳ ᠬᠠᠷᠠᠮ ᠦᠭᠡᠢ᠎ᠪᠠᠷ ᠣᠷᠣᠭᠤᠯᠣᠯᠳᠡ ᠬᠢᠬᠦ ᠬᠡᠷᠡᠭᠲᠡᠢ᠃ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠣᠭᠤᠯᠣᠯᠳᠡ ᠵᠢᠨ ᠪᠠᠲᠤᠯᠠᠭ᠋ᠠᠲᠤ ᠨᠡᠮᠡᠭᠳᠡᠯ᠎ᠤᠨ ᠲᠣᠭᠲᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ ᠴᠥᠮ ᠪᠣᠳᠠᠲᠠᠢ ᠵᠣᠭᠤᠰ ᠮᠥᠩᠭᠦ ᠭᠠᠷᠭ᠋ᠠᠵᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠰᠢᠨ᠎ᠡ ᠵᠢ ᠡᠭᠦᠳᠬᠦ ᠵᠢ ᠳᠡᠮᠵᠢᠵᠦ᠂ ᠠᠵᠤ ᠠᠬᠤᠶ᠋ᠢᠯᠠᠯ᠂ ᠶᠡᠭᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠵᠣᠷᠢᠭᠲᠠᠢ᠎ᠪᠠᠷ ᠰᠢᠨ᠎ᠡ ᠵᠢ ᠡᠭᠦᠳᠬᠦ᠎ᠳᠤ ᠠᠰᠢᠭᠲᠠᠢ ᠠᠮᠢ ᠠᠬᠤᠢ ᠵᠢᠨ ᠪᠠᠶ᠋ᠢᠳᠠᠯ᠎ᠢ ᠪᠣᠢ ᠪᠣᠯᠭ᠋ᠠᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠦᠨ ᠭᠦᠢ᠍ᠯᠭᠡᠭᠡᠨ᠎ᠤ ᠠᠵᠢᠯ᠎ᠢ ᠬᠦᠴᠦᠯᠡᠨ ᠰᠠᠶ᠋ᠢᠲᠤᠷ ᠠᠳᠬᠤᠵᠤ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠢᠯᠤᠭᠤᠳᠴᠤ ᠪᠠᠶ᠋ᠢᠭ᠋ᠠᠳ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠦᠨ ᠭᠦᠢ᠍ᠯᠭᠡᠭᠡᠨ᠎ᠤ ᠨᠡᠷᠡᠳᠬᠦᠨ᠎ᠢ ᠪᠠᠶᠠᠯᠢᠭᠵᠢᠭᠤᠯᠵᠤ᠂ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠦᠨ᠎ᠤ ᠵᠠᠮᠴᠢᠯᠠᠨ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠠᠳᠠᠯ ᠦᠢ᠍ᠯᠡᠰ ᠴᠣᠭᠴᠠᠯᠠᠬᠤ ᠪᠡᠯᠡ ᠣᠷᠣᠭᠤᠯᠣᠯᠳᠡ᠂ ᠰᠲ᠋ᠣᠺ᠎ᠤᠨ ᠡᠷᠬᠡ ᠵᠢᠨ ᠪᠡᠯᠡ ᠣᠷᠣᠭᠤᠯᠣᠯᠳᠡ ᠵᠢ ᠬᠥᠭᠵᠢᠭᠦᠯᠬᠦ ᠵᠢ ᠵᠣᠷᠢᠭᠵᠢᠭᠤᠯᠤᠨ᠂ ᠲᠦᠭᠰᠢᠭᠦᠷᠢᠲᠦ ᠪᠡᠯᠡ ᠣᠷᠣᠭᠤᠯᠣᠯᠳᠡ ᠵᠢᠨ ᠰᠠᠭᠤᠷᠢ ᠮᠥᠩᠭᠦ ᠵᠢ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠠᠵᠤ ᠠᠬᠤᠶ᠋ᠢᠯᠠᠯ᠎ᠤᠨ ᠪᠦᠭᠦ ᠦᠶᠡᠯᠡᠯ᠎ᠤᠨ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢᠨ ᠲᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ 《ᠦᠷ᠎ᠡ》᠎ᠳᠤ ᠨᠡᠩ ᠣᠯᠠᠨ ᠮᠥᠩᠭᠦᠨ ᠭᠦᠢ᠍ᠯᠭᠡᠭᠡᠨ᠎ᠤ ᠤᠷᠤᠰᠬᠠᠯ ᠣᠰᠣᠨ᠎ᠤ ᠰᠢᠮ᠎ᠡ ᠲᠡᠵᠢᠭᠡᠯ ᠬᠠᠩᠭ᠋ᠠᠨ᠎ᠠ᠃
ᠡᠬᠢ ᠪᠠᠶᠠᠯᠢᠭ᠎ᠤᠨ ᠬᠦᠴᠦᠨ ᠴᠢᠳᠠᠯ᠎ᠢ ᠲᠥᠪᠯᠡᠷᠡᠭᠦᠯᠦᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠠᠪᠴᠠᠩ᠎ᠢ ᠬᠦᠴᠦᠷᠬᠡᠭᠵᠢᠭᠦᠯᠦᠨ ᠪᠠᠶ᠋ᠢᠭᠤᠯᠤᠨ᠎ᠠ᠃ 《ᠤᠯᠤᠰ᠎ᠤᠨ ᠠᠩᠭᠢ》 ᠵᠢ ᠪᠤᠵᠠᠭ᠋ᠠᠶ᠋ᠢᠷᠠᠭᠤᠯᠬᠤ ᠬᠡᠷᠡᠭᠲᠡᠢ᠂ ᠬᠦᠬᠡᠬᠤᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ᠂ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ ᠪᠠ ᠡᠪᠡᠰᠦᠨ᠎ᠤ ᠦᠢ᠍ᠯᠡᠰ᠎ᠤᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠢ ᠪᠦᠬᠦ ᠬᠦᠴᠦᠨ ᠵᠶ᠋ᠠᠷ ᠵᠶ᠋ᠠᠨ ᠡᠭᠦᠳᠦᠨ ᠪᠠᠶ᠋ᠢᠭᠤᠯᠵᠤ᠂ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠤᠨ ᠬᠤᠶᠠᠳᠤᠭ᠋ᠠᠷ ᠬᠤᠭᠤᠴᠠᠭ᠋ᠠᠨ᠎ᠤ ᠲᠦᠷᠣᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠲᠠᠯ᠎ᠠ ᠨᠤᠲᠤᠭ᠎ᠤᠨ ᠭᠡᠷ᠎ᠤᠨ ᠲᠡᠵᠢᠭᠡᠪᠦᠷᠢ ᠵᠢᠨ ᠡᠭᠦᠯᠳᠡᠷ ᠪᠣᠶ᠋ᠢᠵᠢᠭᠤᠯᠬᠤ᠂ ᠲᠠᠯ᠎ᠠ ᠨᠤᠲᠤᠭ᠎ᠤᠨ ᠠᠮᠢ ᠠᠬᠤᠢ ᠵᠢᠨ ᠬᠠᠮᠠᠭ᠋ᠠᠯᠠᠯᠲᠠ ᠬᠢᠭᠡᠳ ᠠᠰᠢᠭᠯᠠᠯᠲᠠ ᠵᠢᠨ ᠪᠦᠬᠦ ᠤᠯᠤᠰ᠎ᠤᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠪᠣᠶ᠋ᠢᠵᠢᠭᠤᠯᠤᠨ᠎ᠠ᠃ 《ᠣᠷᠣᠨ ᠨᠤᠲᠤᠭ᠎ᠤᠨ ᠠᠩᠭᠢ》 ᠵᠢ ᠬᠦᠴᠦᠷᠬᠡᠭᠵᠢᠭᠦᠯᠬᠦ ᠬᠡᠷᠡᠭᠲᠡᠢ᠂ ᠥᠪᠡᠷᠲᠡᠭᠡᠨ ᠵᠠᠰᠠᠬᠤ ᠣᠷᠣᠨ᠎ᠤ ᠲᠤᠷᠰᠢᠯᠲᠠ ᠵᠢᠨ ᠲᠠᠰᠤᠭ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠭᠠᠵᠠᠷ᠂ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠪᠡᠭᠡᠵᠢᠩ ᠶᠡᠭᠡ ᠰᠤᠷᠭ᠋ᠠᠭᠤᠯᠢ ᠵᠢᠨ ᠣᠷᠳᠣᠰ᠎ᠲᠠᠬᠢ ᠡᠨᠧᠷᠬᠢ ᠵᠢᠨ ᠰᠤᠳᠤᠯᠭ᠋ᠠᠨ᠎ᠤ ᠬᠦᠷᠢᠶᠡᠯᠡᠩ ᠵᠡᠷᠭᠡ ᠪᠠᠶ᠋ᠢᠭᠤᠯᠤᠮᠵᠢ᠎ᠨᠢ ᠵᠣᠷᠢᠭᠲᠠᠢ ᠬᠢᠵᠦ ᠲᠤᠷᠰᠢᠨ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠴᠦᠨ᠎ᠢ ᠪᠤᠵᠠᠭ᠋ᠠᠶ᠋ᠢᠷᠠᠭᠤᠯᠤᠨ᠂ ᠴᠠᠭ᠋ᠠᠷᠠᠭᠰᠠᠨ ᠦᠷ᠎ᠡ ᠪᠥᠲᠥᠮᠵᠢ ᠭᠠᠷᠭ᠋ᠠᠬᠤ ᠬᠡᠷᠡᠭᠲᠡᠢ; ᠮᠧᠩ ᠺᠧ ᠵᠢᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠠᠪᠴᠠᠩ᠎ᠨᠢ 《ᠪᠥᠭᠡᠭᠡᠨᠡᠷᠡᠯ》᠎ᠤᠨ ᠦᠢ᠍ᠯᠡᠳᠦᠯ ᠵᠶ᠋ᠠᠨ ᠪᠠᠳᠠᠷᠠᠭᠤᠯᠵᠤ᠂ 《ᠨᠡᠶ᠋ᠢᠯᠡᠯᠲᠡ》 ᠵᠢᠨ ᠦᠢ᠍ᠯᠡᠳᠦᠯ ᠵᠶ᠋ᠠᠨ ᠭᠠᠷᠭ᠋ᠠᠵᠤ᠂ ᠠᠵᠤ ᠠᠬᠤᠶ᠋ᠢᠯᠠᠯ᠂ ᠶᠡᠭᠡ ᠳᠡᠭᠡᠳᠦ ᠰᠤᠷᠭ᠋ᠠᠭᠤᠯᠢ᠂ ᠬᠦᠷᠢᠶᠡᠯᠡᠩ ᠭᠠᠵᠠᠷ᠎ᠢ ᠬᠠᠮᠲᠤᠳᠬᠠᠨ᠂ ᠠᠵᠤ ᠦᠢ᠍ᠯᠡᠰ᠎ᠤᠨ ᠬᠡᠯᠬᠢᠶ᠎ᠡ᠂ ᠰᠢᠨ᠎ᠡ ᠡᠭᠦᠳᠦᠯᠲᠡ ᠵᠢᠨ ᠬᠡᠯᠬᠢᠶ᠎ᠡ᠂ ᠪᠡᠯᠡ ᠮᠥᠩᠭᠦᠨ᠎ᠤ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠂ ᠮᠡᠳᠡᠭᠡ ᠵᠠᠩᠭᠢ ᠵᠢᠨ ᠬᠡᠯᠬᠢᠶ᠎ᠡ ᠵᠢ ᠬᠤᠷᠠᠭᠤᠯᠬᠤ ᠬᠡᠷᠡᠭᠲᠡᠢ᠃ ᠣᠨᠴᠠᠭ᠋ᠠᠶ᠋ᠢᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠶᠡᠭᠡ᠎ᠪᠠᠷ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠠᠵᠤ ᠦᠢ᠍ᠯᠡᠰ᠎ᠤᠨ ᠰᠢᠨ᠎ᠡ ᠡᠭᠦᠳᠦᠯᠲᠡ ᠵᠢ ᠠᠬᠢᠭᠤᠯᠵᠤ᠂ ᠴᠡᠭ ᠪᠠᠶ᠋ᠢᠷᠢᠯᠠᠯ ᠵᠶ᠋ᠠᠨ ᠣᠯᠵᠤ᠂ ᠪᠦᠯᠭᠦᠮ ᠨᠠᠶ᠋ᠢᠳᠡ᠎ᠪᠠᠨ ᠣᠯᠵᠤ᠂ ᠵᠠᠭᠪᠤᠷ ᠵᠶ᠋ᠠᠨ ᠵᠥᠪ ᠣᠯᠵᠤ᠂ ᠤᠰᠤᠲᠥ᠋ᠷᠥᠭᠴᠢᠲᠤ ᠡᠨᠧᠷᠬᠢ᠂ ᠰᠢᠨ᠎ᠡ ᠬᠡᠯᠪᠡᠷᠢ ᠵᠢᠨ ᠡᠨᠧᠷᠬᠢ ᠨᠥᠭᠡᠴᠡᠯᠡᠬᠦ᠂ ᠬᠤᠪᠣᠷ ᠰᠢᠷᠣᠢ ᠵᠢᠨ ᠰᠢᠨ᠎ᠡ ᠮᠠᠲ᠋ᠧᠷᠢᠶᠡᠯ ᠳᠤ ᠠᠩᠬᠠᠷᠤᠯ ᠵᠶ᠋ᠠᠨ ᠲᠥᠪᠯᠡᠷᠡᠭᠦᠯᠦᠨ᠂ ᠪᠦᠭᠦ ᠤᠯᠤᠰ ᠴᠢᠨᠠᠭᠰᠢᠯᠠᠨ ᠳᠡᠯᠡᠬᠡᠢ᠎ᠳᠤ ᠣᠷᠣᠶ᠋ᠢᠯᠠᠭᠰᠠᠨ ᠲᠤᠰᠬᠠᠢ ᠮᠡᠷᠭᠡᠵᠢᠯᠲᠡᠨ᠎ᠤ ᠪᠦᠯᠭᠦᠮ᠎ᠢ ᠣᠷᠣᠭᠤᠯᠤᠨ ᠠᠪᠴᠢᠷᠠᠵᠤ᠂ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠯᠦᠭᠡ ᠬᠤᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠵᠡᠷᠭᠡ ᠲᠠᠯ᠎ᠠ᠎ᠪᠠᠷ ᠪᠦᠬᠦ ᠬᠦᠴᠦᠨ ᠵᠶ᠋ᠠᠷ ᠵᠶ᠋ᠠᠨ ᠰᠢᠪᠲᠤᠯᠤᠯᠲᠠ ᠭᠠᠷᠭ᠋ᠠᠨ᠎ᠠ᠃
ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠤᠣᠯᠯᠠᠬᠤ ᠴᠡᠷᠢᠭ ᠪᠣᠯᠬᠤ ᠵᠢ ᠪᠦᠭᠦ ᠬᠦᠴᠦᠨ ᠵᠶ᠋ᠠᠷ ᠵᠶ᠋ᠠᠨ ᠳᠡᠮᠵᠢᠨ᠎ᠡ᠃ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶ᠋ᠢᠯᠠᠯ — ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ — ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠠᠭ᠋ᠠᠭᠤᠯᠤᠭᠴᠢ ᠠᠵᠤ ᠠᠬᠤᠶ᠋ᠢᠯᠠᠯ》᠎ᠤᠨ ᠱᠠᠲᠤᠯᠢᠭ ᠬᠡᠯᠪᠡᠷᠢ ᠪᠦᠬᠦᠢ ᠪᠣᠶ᠋ᠢᠵᠢᠭᠤᠯᠬᠤ ᠲᠣᠭᠲᠠᠯᠴᠠᠭ᠎ᠠ ᠵᠢ ᠪᠠᠶ᠋ᠢᠭᠤᠯᠤᠨ᠂ ᠬᠥᠲᠥᠴᠢ ᠠᠵᠤ ᠠᠬᠤᠶ᠋ᠢᠯᠠᠯ᠂ ᠬᠡᠯᠬᠢᠶ᠎ᠡ ᠵᠢᠨ ᠭᠤᠣᠯ ᠪᠣᠯᠬᠤ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠬᠤᠯᠪᠣᠭ᠋ᠠᠲᠤ ᠴᠣᠭᠴᠠ ᠵᠢ ᠵᠣᠬᠢᠶᠠᠨ ᠪᠠᠶ᠋ᠢᠭᠤᠯᠬᠤ ᠵᠢ ᠳᠡᠮᠵᠢᠵᠦ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ 2000᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶ᠋ᠢᠯᠠᠯ᠎ᠢ 3000᠎ᠳᠤ ᠬᠦᠷᠦᠭᠦᠯᠬᠦ᠎ᠪᠠᠷ ᠴᠢᠷᠮᠠᠶ᠋ᠢᠨ᠎ᠠ᠃ ᠠᠵᠤ ᠠᠬᠤᠶ᠋ᠢᠯᠠᠯ ᠵᠶ᠋ᠠᠷ ᠭᠤᠣᠯᠯᠠᠭᠤᠯᠤᠭᠰᠠᠨ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠨᠡᠯᠡᠯᠲᠡ ᠬᠢᠬᠦ᠂ ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠲᠦᠷᠣᠯ ᠵᠦᠢ᠍ᠯ ᠪᠠ ᠵᠠᠷᠤᠳᠠᠯ᠎ᠤᠨ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ 《ᠵᠠᠷᠯᠠᠯ ᠨᠡᠶ᠋ᠢᠲᠡᠯᠡᠵᠦ ᠬᠤᠰᠢᠭᠤᠷᠠᠨ ᠠᠵᠢᠯᠯᠠᠬᠤ》 ᠲᠣᠭᠲᠠᠴᠠ ᠵᠢ ᠪᠦᠷᠢᠨᠰᠢᠭᠦᠯᠦᠨ᠂ ᠡᠯ᠎ᠡ ᠲᠦᠷᠣᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠰᠠᠭᠤᠷᠢᠨ ᠭᠠᠵᠠᠷ᠂ ᠵᠠᠪᠰᠠᠷ᠎ᠤᠨ ᠰᠢᠯᠭ᠋ᠠᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠪᠠ ᠬᠡᠷᠡᠭᠯᠡᠭᠡᠨ᠎ᠤ ᠰᠢᠯᠭ᠋ᠠᠯᠲᠠ ᠵᠢᠨ ᠲᠠᠪᠴᠠᠩ᠎ᠢ ᠪᠠᠶ᠋ᠢᠷᠢᠰᠢᠭᠤᠯᠤᠨ ᠪᠠᠶ᠋ᠢᠭᠤᠯᠬᠤ ᠵᠢ ᠵᠣᠷᠢᠭᠵᠢᠭᠤᠯᠵᠤ᠂ 《ᠰᠢᠨᠵᠢᠯᠡᠬᠦ ᠤᠬᠠᠭ᠋ᠠᠨᠲᠠᠨ + ᠢᠨᠵᠧᠨᠧᠷ + ᠠᠵᠤ ᠠᠬᠤᠶ᠋ᠢᠯᠠᠯᠲᠠᠨ》᠎ᠤ ᠵᠠᠭᠪᠤᠷ᠎ᠢ ᠬᠡᠷᠡᠭᠵᠢᠭᠦᠯᠦᠨ᠂ ᠲᠤᠰᠬᠠᠢ ᠠᠰᠢᠭ᠎ᠢ ᠤᠯᠠᠷᠢᠭᠤᠯᠤᠨ ᠬᠡᠷᠡᠭᠯᠡᠬᠦ ᠲᠤᠰᠬᠠᠢ ᠵᠦᠢ᠍ᠯ᠎ᠤᠨ ᠠᠵᠢᠯᠯᠠᠭ᠋ᠠᠨ᠎ᠢ ᠥᠷᠨᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ 《ᠲᠤᠷᠰᠢᠯᠲᠠ ᠵᠢᠨ ᠲᠠᠰᠤᠭ》᠎ᠠᠴᠠ 《ᠦᠢ᠍ᠯᠡᠳᠪᠦᠷᠢᠯᠡᠯ᠎ᠤᠨ ᠱᠤᠭᠤᠮ》᠎ᠳᠤ ᠭᠠᠷᠭ᠋ᠠᠬᠤ ᠬᠡᠷᠡᠭᠲᠡᠢ᠃
ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠤᠷᠮ᠎ᠠ ᠵᠣᠷᠢᠭ ᠵᠶ᠋ᠠᠷ ᠴᠢᠳᠠᠪᠤᠷᠢᠲᠠᠨ ᠤᠷᠢᠵᠤ ᠤᠶᠤᠨ ᠤᠬᠠᠭ᠋ᠠᠨ᠎ᠢ ᠲᠥᠪᠯᠡᠷᠡᠭᠦᠯᠦᠨ᠎ᠡ᠃ ᠴᠢᠳᠠᠪᠤᠷᠢᠲᠠᠨ᠎ᠢ ᠥᠮᠴᠢᠷᠬᠡᠬᠦ ᠵᠢ ᠪᠣᠳᠣᠬᠤ ᠦᠭᠡᠢ᠂ ᠪᠠᠶ᠋ᠢᠵᠤ ᠲᠣᠭᠲᠠᠬᠤ᠎ᠪᠠᠷ ᠱᠠᠭ᠋ᠠᠷᠳᠠᠬᠤ ᠦᠭᠡᠢ᠂ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ᠂ ᠨᠥᠬᠦᠴᠡᠯ ᠪᠣᠯᠣᠮᠵᠢ ᠪᠦᠷᠢᠯᠳᠦᠭᠦᠯᠦᠨ ᠴᠢᠳᠠᠪᠤᠷᠢᠲᠠᠳ᠎ᠢ ᠲᠠᠲᠠᠬᠤ᠎ᠪᠠᠷ ᠪᠠᠷᠠᠬᠤ ᠦᠭᠡᠢ᠂ ᠪᠠᠰᠠ ᠡᠷᠳᠡᠮ ᠴᠢᠳᠠᠪᠤᠷᠢ᠎ᠪᠠᠨ ᠪᠠᠳᠠᠷᠠᠭᠤᠯᠬᠤ ᠣᠷᠴᠢᠨ ᠨᠥᠬᠦᠴᠡᠯ᠎ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ᠎ᠤ ᠪᠡᠭᠡᠵᠢᠩ ᠱᠠᠩᠬᠠᠢ ᠵᠧᠵᠢᠶᠠᠩ ᠵᠡᠷᠭᠡ ᠭᠠᠵᠠᠷ᠎ᠲᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠤᠭᠤᠷᠴᠤᠭ ᠬᠠᠷᠢᠶ᠎ᠠ ᠭᠠᠵᠠᠷ᠎ᠢ ᠰᠠᠶ᠋ᠢᠲᠤᠷ ᠴᠣᠭᠴᠠᠯᠠᠵᠤ᠂ ᠣᠷᠣᠨ ᠨᠤᠲᠤᠭ ᠪᠠ ᠠᠵᠤ ᠠᠬᠤᠶ᠋ᠢᠯᠠᠯ᠎ᠤᠨ ᠳᠠᠪᠰᠢᠭᠰᠠᠨ ᠭᠠᠵᠠᠷ ᠣᠷᠣᠨ᠎ᠳᠤ ᠴᠢᠳᠠᠪᠤᠷᠢᠲᠠᠨ᠎ᠤ ᠤᠭᠤᠷᠴᠤᠭ ᠬᠠᠷᠢᠶ᠎ᠠ ᠭᠠᠵᠠᠷ ᠪᠦᠲᠦᠭᠡᠨ ᠪᠠᠶ᠋ᠢᠭᠤᠯᠬᠤ ᠵᠢ ᠵᠣᠷᠢᠭᠵᠢᠭᠤᠯᠤᠨ ᠲᠡᠮᠵᠢᠵᠦ᠂ ᠢᠯᠢ ᠪᠦᠯᠦᠭᠯᠡᠯ᠎ᠤᠨ ᠡᠸᠦ᠋ᠷᠦᠫᠡ᠎ᠳᠠᠬᠢ ᠰᠤᠳᠤᠯᠤᠨ ᠨᠡᠭᠡᠭᠡᠬᠦ ᠲᠥᠪ᠂ ᠣᠷᠳᠣᠰ ᠪᠦᠯᠦᠭᠯᠡᠯ᠎ᠤᠨ ᠱᠠᠩᠬᠠᠢ᠎ᠳᠠᠬᠢ ᠰᠤᠳᠤᠯᠤᠨ ᠨᠡᠭᠡᠭᠡᠬᠦ ᠲᠥᠪ ᠵᠡᠷᠭᠡ ᠵᠠᠭᠪᠤᠷ᠎ᠢ ᠳᠡᠯᠭᠡᠷᠡᠭᠦᠯᠵᠦ᠂ ᠰᠢ ᠠᠨ᠎ᠤ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ ᠵᠡᠷᠭᠡ ᠶᠡᠭᠡ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ᠎ᠯᠤᠭ᠎ᠠ ᠬᠠᠮᠲᠤᠷᠠᠯᠴᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠠᠵᠤ ᠦᠢ᠍ᠯᠡᠰ᠎ᠤᠨ ᠬᠡᠷᠡᠭᠯᠡᠭᠡᠨ᠎ᠤ 《ᠬᠤᠣᠰ ᠴᠢᠭᠯᠡᠯᠲᠦ ᠤᠭᠤᠷᠴᠤᠭ ᠬᠠᠷᠢᠶ᠎ᠠ ᠭᠠᠵᠠᠷ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠪᠠᠨ ᠲᠦᠷᠭᠡᠳᠬᠡᠨ᠎ᠡ᠃
(ᠲᠠᠪᠤ) ᠥᠪᠥᠷ ᠮᠣᠩᠭᠤᠯ᠎ᠤᠨ ᠣᠨᠴᠠᠯᠢᠭ᠎ᠲᠠᠢ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠬᠢᠨᠠᠮᠠᠭ᠋ᠠᠢ ᠴᠣᠭᠴᠠᠯᠠᠨ᠎ᠠ᠃ ᠣᠳᠣᠬᠢᠴᠢᠯᠠᠭᠰᠠᠨ ᠥᠪᠥᠷ ᠮᠣᠩᠭᠤᠯ᠎ᠢ ᠪᠦᠲᠦᠭᠡᠨ ᠪᠠᠶ᠋ᠢᠭᠤᠯᠬᠤ ᠵᠢᠨ ᠦᠨᠳᠦᠰᠦ᠎ᠨᠢ ᠪᠣᠳᠠᠲᠤ ᠴᠣᠭᠴᠠ ᠵᠢᠨ ᠠᠵᠤ ᠠᠬᠤᠢ᠎ᠳᠤ ᠪᠠᠶ᠋ᠢᠵᠤ᠂ ᠵᠠᠩᠭᠢᠯᠠᠭ᠎ᠠ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠪᠠᠶ᠋ᠢᠵᠤ᠂ ᠴᠢᠭᠯᠡᠯ᠎ᠨᠢ ᠠᠵᠤ ᠦᠢ᠍ᠯᠡᠰ᠎ᠢ ᠳᠡᠰ ᠳᠡᠪᠰᠢᠭᠦᠯᠬᠦ᠎ᠳᠤ ᠪᠠᠶ᠋ᠢᠨ᠎ᠠ᠃ 《ᠬᠤᠶᠠᠷ ᠰᠠᠭᠤᠷᠢᠨ ᠭᠠᠵᠠᠷ》᠎ᠲᠤ ᠠᠩᠬᠠᠷᠤᠯ ᠵᠶ᠋ᠠᠨ ᠲᠥᠪᠯᠡᠷᠡᠭᠦᠯᠦᠨ᠂ 《ᠭᠤᠷᠪᠠᠨ ᠶᠡᠭᠡ ᠳᠠᠪᠠᠭᠤᠯᠢᠭ》 ᠢ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠭᠦ᠂ ᠠᠵᠤ ᠦᠢ᠍ᠯᠡᠳᠪᠦᠷᠢᠵᠢᠯᠲᠡ ᠵᠢᠨ ᠬᠦᠨᠳᠦ ᠡᠭᠦᠷᠭᠡ ᠡᠭᠦᠷᠭᠡᠯᠡᠬᠦ᠂ ᠰᠢᠨ᠎ᠡ ᠡᠨᠧᠷᠭᠢ ᠵᠢᠨ ᠭᠤᠣᠯᠯᠠᠬᠤ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠳᠡᠰ ᠳᠡᠪᠰᠢᠬᠦ ᠵᠢ᠎ᠨᠢ ᠠᠬᠢᠭᠤᠯᠤᠨ᠎ᠠ᠃
ᠲᠠᠷᠢᠶᠠᠯᠠᠩ ᠮᠠᠯ ᠠᠵᠤ ᠠᠬᠤᠢ᠎ᠨᠢ ᠣᠳᠣᠬᠢᠴᠢᠯᠠᠭᠰᠠᠨ ᠶᠡᠭᠡ ᠠᠵᠤ ᠦᠢ᠍ᠯᠡᠰ᠎ᠢ ᠴᠣᠭᠴᠠᠯᠠᠬᠤ ᠪᠠ ᠠᠵᠤ ᠦᠢ᠍ᠯᠡᠰ᠎ᠤᠨ ᠬᠦᠴᠦᠷᠬᠡᠭ ᠣᠷᠣᠨ᠎ᠢ ᠪᠦᠲᠦᠭᠡᠨ ᠪᠠᠶ᠋ᠢᠭᠤᠯᠬᠤ᠎ᠪᠠᠷ ᠬᠠᠷᠠᠯᠲᠠ ᠪᠣᠯᠭ᠋ᠠᠨ ᠬᠦᠴᠦᠯᠡᠬᠦ ᠬᠡᠷᠡᠭᠲᠡᠢ᠃ ᠶᠡᠭᠡ ᠲᠠᠷᠢᠶᠠᠯᠠᠩ᠎ᠤᠨ ᠦᠵᠡᠯᠲᠡ ᠵᠢ ᠪᠠᠲᠤ ᠴᠣᠭᠴᠠᠯᠠᠵᠤ᠂ ᠬᠡᠪᠴᠢᠶᠡᠵᠢᠭᠦᠯᠬᠦ᠂ ᠠᠵᠤ ᠦᠢ᠍ᠯᠡᠰᠵᠢᠭᠦᠯᠬᠦ᠂ ᠨᠡᠷᠡᠲᠤ ᠲᠡᠮᠳᠡᠭᠵᠢᠭᠦᠯᠬᠦ ᠳᠡᠭᠡᠷ᠎ᠡ ᠬᠦᠴᠦ ᠵᠠᠷᠤᠴᠠᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠬᠦᠨ᠎ᠤ ᠥᠷᠲᠡᠭ᠎ᠢ ᠲᠦᠮᠡᠨ ᠳ᠋ᠦᠩᠰᠢᠭᠤᠷ ᠲᠥᠭᠦᠷᠢᠭ᠎ᠠᠴᠠ ᠳᠠᠪᠠᠭᠤᠯᠬᠤ ᠵᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢ ᠲᠠᠷᠠᠬᠠᠢ ᠪᠤᠲᠠᠷᠬᠠᠢ ᠪᠠᠶ᠋ᠢᠭᠰᠠᠨ᠎ᠠᠴᠠ᠎ᠨᠢ ᠡᠷᠴᠢᠮᠵᠢᠭᠦᠯᠬᠦ ᠲᠡᠶ᠋ᠢᠰᠢ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ᠃ ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠮᠤ ᠪᠤᠳᠠᠭ᠎ᠠ ᠲᠠᠷᠢᠬᠤ ᠲᠠᠯᠠᠪᠠᠢ ᠵᠢ ᠲᠣᠭᠲᠠᠪᠤᠷᠢᠵᠢᠭᠤᠯᠤᠨ᠂ ᠬᠡᠪᠴᠢᠶᠡᠵᠢᠭᠦᠯᠦᠭᠰᠡᠨ ᠡᠵᠡᠩᠨᠡᠯᠲᠡ ᠨᠡᠶ᠋ᠢᠭᠡᠮᠴᠢᠯᠡᠭᠰᠡᠨ ᠦᠢ᠍ᠯᠡᠴᠢᠯᠡᠭᠡ ᠵᠢ ᠲᠦᠷᠭᠡᠳᠬᠡᠨ ᠠᠬᠢᠭᠤᠯᠵᠤ᠂ ᠪᠡᠯᠡᠳᠭᠡᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠬᠤᠷᠢᠵᠤ ᠲᠡᠵᠢᠭᠡᠬᠦ᠂ ᠬᠦᠷᠢᠶᠡᠨ ᠠᠵᠤ ᠠᠬᠤᠢ ᠵᠢ ᠬᠥᠭᠵᠢᠭᠦᠯᠬᠦ᠎ᠪᠠᠨ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠵᠦ᠂ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠢ ᠣᠳᠣᠬᠢᠴᠢᠯᠠᠨ ᠥᠭᠡᠷᠡᠴᠢᠯᠡᠵᠦ ᠰᠢᠨᠡᠳᠬᠡᠬᠦ᠂ ᠤᠯᠤᠰ᠎ᠤᠨ ᠬᠤᠵᠢᠷᠰᠢᠭᠰᠠᠨ ᠭᠠᠵᠠᠷ᠎ᠢ ᠥᠭᠡᠷᠡᠴᠢᠯᠡᠨ ᠰᠠᠶ᠋ᠢᠵᠢᠷᠠᠭᠤᠯᠵᠤ ᠶᠡᠷᠦᠩᠬᠡᠶ᠋ᠢᠯᠡᠨ ᠠᠰᠢᠭᠯᠠᠬᠤ ᠲᠤᠷᠰᠢᠯᠲᠠ ᠵᠢᠨ ᠴᠡᠭ᠎ᠢ ᠠᠬᠢᠭᠤᠯᠵᠤ᠂ ᠬᠢᠩᠭ᠋ᠠᠨ ᠠᠶ᠋ᠢᠮᠠᠭ᠎ᠤᠨ ᠣᠳᠣ ᠦᠶ᠎ᠡ ᠵᠢᠨ ᠮᠠᠯ ᠠᠵᠤ ᠠᠬᠤᠢ ᠵᠢᠨ ᠲᠤᠷᠰᠢᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 850 ᠲᠦᠮᠡᠨ ᠮᠦ᠍ ᠰᠢᠨ᠎ᠡ᠎ᠪᠠᠷ ᠪᠠᠶ᠋ᠢᠭᠤᠯᠤᠨ᠂ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠢᠨᠵᠧᠨᠧᠷᠢᠩ᠎ᠢ 900 ᠲᠦᠮᠡᠨ ᠮᠦ᠍ ᠬᠡᠷᠡᠭᠵᠢᠭᠦᠯᠵᠦ᠂ ᠪᠡᠯᠡᠳᠭᠡᠮᠵᠢᠲᠦ ᠲᠠᠷᠢᠶᠠᠯᠠᠩ᠎ᠢ 24 ᠲᠦᠮᠡᠨ ᠮᠦ᠍ ᠰᠢᠨ᠎ᠡ᠎ᠪᠠᠷ ᠪᠠᠶ᠋ᠢᠭᠤᠯᠤᠨ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠵᠢ 200 ᠰᠠᠶ᠋ᠢᠵᠢᠷᠠᠭᠤᠯᠤᠨ ᠥᠭᠡᠷᠡᠴᠢᠯᠡᠵᠦ᠂ ᠡᠯᠪᠡᠭ ᠬᠤᠷᠢᠶᠠᠯᠲᠠ᠎ᠲᠠᠢ ᠵᠢᠯ᠎ᠢ ᠳᠠᠬᠢᠨ ᠡᠭᠦᠳᠬᠦ᠎ᠪᠠᠷ ᠴᠢᠷᠮᠠᠶ᠋ᠢᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠨᠡᠩ ᠢᠯᠡᠭᠦᠦ ᠥᠪᠥᠷ ᠮᠣᠩᠭᠤᠯ ᠤᠨ ᠬᠦᠴᠦᠨ ᠴᠢᠳᠠᠯ ᠵᠶ᠋ᠠᠨ ᠨᠡᠮᠡᠷᠢᠯᠡᠨ᠎ᠡ᠃ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ ᠳᠡᠭᠡᠭᠰᠢᠯᠡᠭᠦᠯᠬᠦ ᠬᠡᠷᠡᠭᠲᠡᠢ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠣᠷᠠᠭᠤᠯᠬᠤ ᠬᠡᠮᠵᠢᠶ᠎ᠡ᠎ᠪᠠᠨ ᠬᠦᠴᠦᠯᠡᠨ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢ ᠲᠠᠰᠣᠷᠠᠯᠳᠡ ᠦᠭᠡᠢ ᠤᠷᠲᠤᠳᠬᠠᠨ᠂ ᠬᠠᠩᠭ᠋ᠠᠯᠭ᠎ᠠ ᠵᠢᠨ ᠬᠡᠯᠬᠢᠶ᠎ᠡ ᠵᠢ ᠰᠢᠯᠢᠳᠡᠭᠵᠢᠭᠦᠯᠦᠨ᠂ ᠥᠷᠳᠡᠭ᠎ᠤᠨ ᠬᠡᠯᠬᠢᠶ᠎ᠡ ᠵᠢ ᠳᠡᠭᠡᠭᠰᠢᠯᠡᠭᠦᠯᠵᠦ᠂ 7 ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠬᠦᠨ᠎ᠤ ᠥᠷᠳᠡᠭ᠎ᠢ 7000 ᠳ᠋ᠦᠩᠰᠢᠭᠤᠷ ᠲᠥᠭᠦᠷᠢᠭ᠎ᠠᠴᠠ ᠳᠠᠪᠠᠭᠤᠯᠬᠤ᠎ᠪᠠᠷ ᠴᠢᠷᠮᠠᠶ᠋ᠢᠨ᠎ᠠ᠃ ᠰᠦ ᠰᠠᠭ᠋ᠠᠯᠢ ᠵᠢᠨ ᠦᠢ᠍ᠯᠡᠰ᠎ᠤᠨ ᠲᠠᠯ᠎ᠠ᠎ᠪᠠᠷ ᠭᠤᠣᠯᠳᠠᠭᠤ ᠪᠢᠰᠢᠯᠠᠭ ᠵᠡᠷᠭᠡ ᠬᠠᠲᠠᠭᠤ ᠲᠥᠯᠥᠪᠲᠦ ᠰᠦ ᠴᠠᠭ᠋ᠠᠨ ᠢᠳᠡᠭᠡ ᠵᠢ ᠨᠠᠷᠢᠯᠢᠭ ᠭᠦᠨ ᠡᠳ᠋ᠰᠢᠭᠦᠯᠬᠦ ᠪᠠ ᠣᠷᠣᠨ ᠨᠤᠲᠤᠭ᠎ᠤᠨ ᠣᠨᠴᠠᠯᠢᠭᠲᠤ ᠰᠦ ᠴᠠᠭ᠋ᠠᠨ ᠢᠳᠡᠭᠡ ᠵᠢ ᠳᠡᠰ ᠳᠡᠪᠰᠢᠭᠦᠯᠬᠦ ᠵᠢ᠎ᠨᠢ ᠲᠦᠷᠭᠡᠳᠬᠡᠵᠦ᠂ 《ᠰᠢᠷᠬᠡᠭ ᠡᠪᠡᠰᠦ᠎ᠠᠴᠠ ᠠᠶᠠᠭ᠎ᠠ ᠰᠦ ᠬᠦᠷᠲᠡᠯᠡᠬᠢ᠂ ᠳᠠᠬᠢᠭ᠋ᠠᠣᠨ ᠬᠡᠰᠡᠭ ᠪᠢᠰᠢᠯᠠᠭ ᠬᠦᠷᠲᠡᠯᠡᠬᠢ》 ᠪᠦᠬᠦ ᠠᠵᠤ ᠦᠢ᠍ᠯᠡᠰ᠎ᠤᠨ ᠬᠡᠯᠬᠢᠶᠡᠨ᠎ᠤ ᠳᠡᠰ ᠳᠡᠪᠰᠢᠭᠰᠡᠨ ᠪᠠᠷᠯᠠᠯ᠎ᠢ ᠡᠭᠦᠳᠦᠨ᠎ᠡ; ᠡᠷᠳᠡᠨᠢ ᠰᠢᠰᠢ ᠵᠢᠨ ᠲᠠᠯ᠎ᠠ᠎ᠪᠠᠷ ᠭᠤᠣᠯᠳᠠᠭᠤ ᠲᠷᠢᠫᠲ᠋ᠣᠹᠠᠨ᠂ ᠦᠷ᠎ᠡ ᠵᠢᠨ ᠠᠮᠢᠨᠤ᠋ ᠬᠦᠴᠢᠯ᠂ ᠰᠢᠷ᠎ᠠ ᠤᠭ ᠴᠠᠪᠠᠤᠯᠢᠭ ᠰᠢᠬᠢᠷ ᠵᠡᠷᠭᠡ ᠥᠨᠳᠥᠷ ᠨᠡᠮᠡᠯᠲᠡ ᠦᠷᠲᠡᠭ᠎ᠲᠠᠢ ᠦᠢ᠍ᠯᠡᠳᠬᠦᠨ᠎ᠢ ᠥᠷᠭᠡᠳᠬᠡᠨ ᠬᠥᠭᠵᠢᠭᠦᠯᠦᠨ᠎ᠡ; ᠠᠯᠠᠰᠢᠨ ᠬᠤᠨᠢ ᠠᠯᠠᠰᠢᠨ ᠦᠬᠡᠷ᠎ᠤᠨ ᠲᠠᠯ᠎ᠠ᠎ᠪᠠᠷ ᠭᠤᠣᠯᠳᠠᠭᠤ ᠠᠮᠢᠳᠤ ᠮᠠᠯ᠎ᠢ ᠭᠠᠳᠠᠭᠰᠢ ᠠᠷᠠᠯᠵᠢᠶᠠᠯᠠᠬᠤ᠂ ᠪᠣᠯᠪᠠᠰᠤᠷᠠᠭᠤᠯᠤᠨ ᠡᠳ᠋ᠰᠢᠭᠦᠯᠦᠭᠰᠡᠨ ᠵᠶ᠋ᠠᠷ ᠬᠦᠷᠦᠯᠴᠡᠬᠦ ᠦᠭᠡᠢ ᠵᠡᠷᠭᠡ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ 《ᠠᠯᠠᠰᠢᠨ ᠬᠤᠨᠢ ᠠᠯᠠᠰᠢᠨ ᠦᠬᠡᠷ》 ᠬᠤᠳᠠᠯᠳᠤᠵᠤ ᠪᠠᠶ᠋ᠢᠭᠰᠠᠨ᠎ᠠᠴᠠ 《ᠬᠤᠨᠢᠨ ᠮᠢᠬ᠎ᠠ ᠦᠬᠡᠷ᠎ᠤᠨ ᠮᠢᠬ᠎ᠠ》 ᠬᠤᠳᠠᠯᠳᠤᠬᠤ ᠪᠣᠯᠭ᠋ᠠᠨ᠎ᠠ; ᠲᠡᠵᠢᠭᠡᠯ ᠡᠪᠡᠰᠦ ᠵᠢᠨ ᠲᠠᠯ᠎ᠠ᠎ᠪᠠᠷ ᠭᠤᠣᠯᠳᠠᠭᠤ ᠠᠵᠤ ᠦᠢ᠍ᠯᠡᠰ᠎ᠤᠨ ᠬᠡᠯᠬᠢᠶᠡᠨ᠎ᠤ ᠵᠣᠯᠭ᠋ᠠᠯᠴᠠᠭ᠎ᠠ ᠵᠢ ᠴᠢᠩᠭ᠋ᠠᠷᠠᠭᠤᠯᠵᠤ᠂ ᠲᠡᠵᠢᠭᠡᠨ ᠦᠷᠡᠵᠢᠭᠦᠯᠬᠦ ᠵᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ᠎ᠪᠠᠨ ᠤᠶᠠᠯᠳᠤᠭᠤᠯᠬᠤ ᠵᠢ ᠠᠬᠢᠭᠤᠯᠵᠤ᠂ ᠡᠪᠡᠰᠦᠨ᠎ᠤ ᠦᠷ᠎ᠡ ᠵᠢᠨ ᠴᠢᠨᠠᠷ ᠴᠢᠨᠰᠠᠭ᠎ᠠ ᠪᠠ ᠴᠢᠨᠠᠷ ᠰᠠᠶ᠋ᠢᠲᠠᠢ ᠲᠡᠵᠢᠭᠡᠯ ᠡᠪᠡᠰᠦ ᠵᠢᠨ ᠲᠠᠯ᠎ᠠ᠎ᠪᠠᠷ ᠥᠪᠡᠷ᠎ᠢ᠎ᠪᠠᠨ ᠬᠠᠩᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ; ᠢᠮᠠᠭ᠋ᠠᠨ ᠨᠣᠣᠯᠣᠭᠤᠷ᠎ᠤᠨ ᠲᠠᠯ᠎ᠠ᠎ᠪᠠᠷ ᠭᠤᠣᠯᠳᠠᠭᠤ ᠨᠣᠣᠯᠣᠭᠤᠷ᠎ᠤᠨ ᠢᠮᠠᠭ᠋ᠠᠨ᠎ᠤ ᠡᠭᠦᠯᠳᠡᠷ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠨᠡᠷᠡᠲᠦ ᠲᠡᠮᠳᠡᠭ᠎ᠤᠨ ᠪᠠᠶ᠋ᠢᠭᠤᠯᠤᠯᠲᠠ ᠵᠢ ᠬᠦᠴᠦᠲᠡᠢ ᠠᠳᠬᠤᠨ᠂ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ᠎ᠢ᠎ᠨᠢ ᠳᠡᠭᠡᠭᠰᠢᠯᠡᠭᠦᠯᠦᠨ᠎ᠡ; ᠲᠥᠮᠥᠰᠥ ᠵᠢᠨ ᠲᠠᠯ᠎ᠠ᠎ᠪᠠᠷ ᠭᠤᠣᠯᠳᠠᠭᠤ ᠰᠠᠶ᠋ᠢᠨ ᠦᠷ᠎ᠡ ᠡᠭᠦᠯᠳᠡᠷ᠎ᠢ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠠᠷᠳᠠᠭᠤᠯ᠂ ᠤᠷᠢᠳᠴᠢᠯᠠᠨ ᠬᠢᠭᠰᠡᠨ ᠨᠣᠭᠤᠭ᠎ᠠ᠂ ᠰᠤᠯᠠ ᠢᠳᠡᠭᠡᠨ ᠵᠡᠷᠭᠡ ᠵᠢ ᠰᠤᠳᠤᠯᠤᠨ ᠨᠡᠭᠡᠭᠡᠵᠦ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ; ᠪᠣᠬᠢᠷᠳᠤᠯ ᠦᠭᠡᠢ ᠠᠮᠢ ᠠᠬᠤᠢ ᠵᠢᠨ 《ᠥᠪᠥᠷ ᠮᠣᠩᠭᠤᠯ》 ᠨᠡᠷᠡᠮᠵᠢᠲᠦ ᠨᠡᠷᠡᠲᠦ ᠲᠡᠮᠳᠡᠭ᠎ᠢ ᠰᠢᠯᠢᠳᠡᠭᠵᠢᠭᠦᠯᠦᠨ᠎ᠡ᠃ 《ᠥᠷᠭᠡᠨ ᠲᠡᠨᠢᠭᠡᠷ ᠲᠠᠯ᠎ᠠ ᠨᠤᠲᠤᠭ᠂ ᠥᠩ ᠰᠢᠮᠡᠯᠢᠭ ᠮᠠᠯᠵᠢᠯ᠎ᠤᠨ ᠲᠠᠯᠠᠪᠠᠢ᠂ ᠠᠮᠢ ᠠᠬᠤᠢ ᠵᠢᠨ ᠥᠪᠥᠷ ᠮᠣᠩᠭᠤᠯ᠂ ᠪᠠᠶ᠋ᠢᠭ᠋ᠠᠯᠢᠯᠢᠭ ᠰᠠᠶ᠋ᠢᠬᠠᠨ ᠠᠮᠲᠠᠲᠤ ᠢᠳᠡᠭᠡᠨ》 ᠵᠶ᠋ᠠᠨ ᠠᠯᠳᠠᠷᠰᠢᠭᠤᠯᠤᠨ ᠴᠤᠤᠷᠢᠶᠠᠲᠤᠭᠤᠯᠵᠤ᠂ ᠲᠠᠸᠠᠷ᠎ᠤᠨ ᠲᠡᠮᠳᠡᠭ ᠨᠡᠷᠡᠲᠦ ᠲᠡᠮᠳᠡᠭ᠎ᠤᠨ ᠦᠨ᠎ᠡ ᠦᠷᠲᠡᠭ᠎ᠢ ᠳᠡᠭᠡᠭᠰᠢᠯᠡᠭᠦᠯᠬᠦ ᠪᠠ ᠭᠠᠵᠠᠷ ᠵᠦᠢ ᠵᠢᠨ ᠪᠡᠯᠭᠡ ᠲᠡᠮᠳᠡᠭ᠎ᠤᠨ ᠬᠡᠷᠡᠭᠯᠡᠯᠲᠡ ᠵᠢ ᠠᠬᠢᠭᠤᠯᠬᠤ ᠢᠨᠵᠧᠨᠧᠷᠢᠩ᠎ᠢ ᠬᠡᠷᠡᠭᠵᠢᠭᠦᠯᠦᠨ᠂ ᠨᠡᠩ ᠣᠯᠠᠨ ᠨᠡᠷᠡᠲᠦ ᠲᠡᠮᠳᠡᠭ᠎ᠢ ᠨᠡᠷ᠎ᠡ ᠴᠤᠤ ᠮᠠᠨᠳᠤᠭᠰᠠᠨ᠂ ᠲᠣᠭᠲᠠᠵᠤ ᠳᠡᠶ᠋ᠢᠯᠬᠦ᠂ ᠣᠯᠠᠨ᠎ᠤ ᠰᠡᠳᠬᠢᠯ᠎ᠢ ᠣᠯᠣᠭᠰᠠᠨ᠂ ᠤᠷᠲᠤ ᠤᠳᠠᠭ᠋ᠠᠨ ᠬᠥᠭᠵᠢᠵᠦ ᠪᠣᠯᠬᠤᠶ᠋ᠢᠴᠠ ᠪᠣᠯᠭ᠋ᠠᠵᠤ᠂ ᠲᠡᠨᠢᠭᠡᠷ ᠶᠡᠭᠡ ᠲᠠᠯ᠎ᠠ ᠨᠤᠲᠤᠭ᠎ᠤᠨ ᠵᠶ᠋ᠠᠨ ᠠᠩᠬᠢᠯᠤᠮ᠎ᠠ ᠰᠠᠶ᠋ᠢᠬᠠᠨ ᠠᠮᠲᠠᠲᠤ ᠢᠳᠡᠭᠡᠨ ᠵᠶ᠋ᠠᠨ ᠪᠦᠬᠦ ᠪᠥᠮᠪᠥᠷᠴᠡᠭ᠎ᠲᠤ ᠠᠯᠳᠠᠷᠰᠢᠭᠤᠯᠤᠨ ᠮᠠᠨᠳᠤᠭᠤᠯᠤᠨ᠎ᠠ᠃
ᠠᠵᠤ ᠦᠢ᠍ᠯᠡᠳᠪᠦᠷᠢ ᠵᠢ ᠤᠷᠢᠳ ᠵᠶ᠋ᠠᠷ 《ᠳᠤᠮᠳᠠ ᠲᠦᠪᠰᠢᠨ᠎ᠳᠤ ᠣᠷᠤᠭᠤᠯᠬᠤ》 ᠬᠠᠷᠠᠯᠲᠠ ᠵᠢᠨ ᠲᠣᠭᠤᠷᠢᠨ᠎ᠳᠤ ᠳᠠᠪᠠᠭᠤᠯᠢᠭ ᠵᠶ᠋ᠠᠨ ᠳᠠᠪᠲᠠᠵᠤ᠂ ᠳᠤᠲᠠᠭᠤᠳᠠᠯ ᠵᠶ᠋ᠠᠨ ᠨᠥᠬᠦᠪᠦᠷᠢᠯᠡᠨ᠂ ᠪᠦᠯᠦᠭᠵᠢᠯ᠎ᠢ ᠪᠤᠵᠠᠭ᠋ᠠᠶ᠋ᠢᠷᠠᠭᠤᠯᠵᠤ᠂ ᠲᠤᠯᠭ᠋ᠠᠭᠤᠷᠢᠯᠠᠯ᠎ᠢ ᠴᠢᠩᠭ᠋ᠠᠳᠬᠠᠨ᠂ ᠰᠢᠨ᠎ᠡ ᠰᠢᠨᠵᠢ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠪᠴᠢᠯᠡᠨ ᠪᠣᠢ ᠪᠣᠯᠭ᠋ᠠᠨ᠎ᠠ᠃ ᠰᠢᠨ᠎ᠡ ᠡᠨᠧᠷᠬᠢ᠎ᠪᠠᠷ ᠰᠢᠨ᠎ᠡ ᠠᠵᠤ ᠦᠢ᠍ᠯᠡᠳᠪᠦᠷᠢ ᠵᠢ ᠳᠠᠶ᠋ᠢᠴᠢᠯᠠᠬᠤ᠂ ᠲᠡᠷᠢᠭᠦᠨ᠎ᠤ ᠦᠢ᠍ᠯᠡᠳᠬᠦ ᠦᠢ᠍ᠯᠡᠰ ᠵᠶ᠋ᠠᠷ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠳᠠᠶ᠋ᠢᠴᠢᠯᠠᠬᠤ ᠵᠢ ᠪᠠᠷᠢᠮᠲᠠᠯᠠᠵᠤ᠂ ᠰᠢᠨ᠎ᠡ ᠬᠡᠯᠪᠡᠷᠢ ᠪᠦᠬᠦᠢ ᠠᠵᠤ ᠦᠢ᠍ᠯᠡᠳᠪᠦᠷᠢᠵᠢᠯᠲᠡ ᠵᠢᠨ 《1 + 7》 ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠪᠡᠯᠡ ᠮᠥᠩᠭᠦ ᠵᠢ ᠠᠵᠤ ᠦᠢ᠍ᠯᠡᠰ᠎ᠤᠨ ᠰᠢᠨ᠎ᠡ ᠡᠭᠦᠳᠦᠯᠲᠡ᠂ ᠦᠢ᠍ᠯᠡᠳᠬᠦ ᠦᠢ᠍ᠯᠡᠰ᠎ᠤᠨ ᠬᠥᠭᠵᠢᠯᠲᠡ ᠲᠡᠶ᠋ᠢᠰᠢ ᠭᠤᠣᠯᠳᠠᠯᠭ᠎ᠠ᠎ᠲᠠᠢ ᠬᠡᠯᠪᠡᠶ᠋ᠢᠯᠭᠡᠬᠦ ᠬᠡᠷᠡᠭᠲᠡᠢ᠃ ᠳᠠᠪᠠᠭᠤᠯᠢᠭ ᠵᠶ᠋ᠠᠨ ᠳᠠᠪᠲᠠᠬᠤ ᠭᠡᠳᠡᠭ᠎ᠨᠢ 《ᠠᠵᠤ ᠦᠢ᠍ᠯᠡᠳᠪᠦᠷᠢᠵᠢᠭᠰᠡᠨ ᠥᠪᠥᠷ ᠮᠣᠩᠭᠤᠯ᠎ᠢ ᠳᠠᠬᠢᠨ ᠨᠢᠭᠡ ᠴᠣᠭᠴᠠᠯᠠᠬᠤ》 ᠬᠠᠷᠠᠯᠲᠠ᠎ᠪᠠᠷ ᠰᠢᠨ᠎ᠡ ᠡᠨᠧᠷᠬᠢ ᠵᠢᠨ ᠠᠵᠤ ᠦᠢ᠍ᠯᠡᠰ᠎ᠢ ᠲᠦᠷᠭᠡᠳᠬᠡᠨ ᠪᠤᠵᠠᠭ᠋ᠠᠶ᠋ᠢᠷᠠᠭᠤᠯᠬᠤ ᠵᠢ ᠵᠢᠭ᠋ᠠᠵᠤ ᠪᠣᠢ᠃ ᠨᠡᠭᠡᠭᠡᠨ ᠬᠥᠭᠵᠢᠭᠦᠯᠬᠦ᠎ᠳᠤ ᠬᠡᠮᠵᠢᠶ᠎ᠡ᠎ᠪᠠᠨ ᠨᠡᠮᠡᠭᠳᠡᠭᠦᠯᠦᠨ ᠬᠤᠷᠳᠤᠴᠠ᠎ᠪᠠᠨ ᠲᠦᠷᠭᠡᠳᠬᠡᠵᠦ᠂ ᠰᠢᠩᠭᠡᠬᠡᠨ ᠪᠠᠭᠲᠠᠭ᠋ᠠᠬᠤ᠎ᠳᠤ ᠪᠣᠭᠤᠮᠢ ᠬᠦᠯᠢᠶᠡᠰᠦᠯᠡᠯ᠎ᠢ ᠦᠭᠡᠶ᠋ᠢᠰᠬᠡᠨ ᠠᠷᠢᠯᠭ᠋ᠠᠬᠤ᠂ ᠰᠠᠯᠬᠢ ᠪᠣᠯᠣᠨ ᠨᠠᠷᠠᠨ᠎ᠤ ᠡᠨᠧᠷᠬᠢ᠎ᠪᠠᠷ ᠴᠠᠬᠢᠯᠭ᠋ᠠᠨ ᠭᠠᠷᠭ᠋ᠠᠬᠤ ᠵᠢ ᠶᠡᠭᠡ ᠬᠡᠪᠴᠢᠶ᠎ᠡ᠎ᠪᠠᠷ ᠲᠠᠶᠠᠭᠳᠠᠬᠤ ᠵᠢ ᠡᠷᠡᠰ ᠰᠡᠷᠭᠡᠶ᠋ᠢᠯᠡᠨ᠎ᠡ᠂ ᠰᠢᠨ᠎ᠡ ᠬᠡᠯᠪᠡᠷᠢ ᠪᠦᠬᠦᠢ ᠴᠠᠬᠢᠯᠭ᠋ᠠᠨ ᠬᠦᠴᠦᠨ᠎ᠤ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠪᠣᠬᠢᠷᠳᠤᠯ ᠦᠭᠡᠢ ᠴᠠᠬᠢᠯᠭ᠋ᠠᠨ ᠪᠣᠬᠢᠷᠳᠤᠯ ᠦᠭᠡᠢ ᠴᠠᠬᠢᠯᠭ᠋ᠠᠨ᠎ᠤ ᠦᠨᠡᠮᠯᠡᠯ᠎ᠤᠨ ᠠᠷᠠᠯᠵᠢᠶ᠎ᠠ ᠵᠢ ᠪᠦᠬᠦ ᠲᠠᠯ᠎ᠠ᠎ᠪᠠᠷ ᠳᠡᠯᠭᠡᠷᠡᠭᠦᠯᠵᠦ᠂ ᠰᠢᠨ᠎ᠡ ᠡᠨᠧᠷᠬᠢ ᠵᠢᠨ ᠲᠤᠨᠤᠭ ᠲᠥᠬᠦᠭᠡᠷᠦᠮᠵᠢ ᠦᠢ᠍ᠯᠡᠳᠬᠦ ᠵᠢᠨ ᠦᠷ᠎ᠡ ᠠᠰᠢᠭ᠎ᠢ ᠬᠦᠴᠦᠯᠡᠨ ᠨᠡᠮᠡᠭᠳᠡᠭᠦᠯᠵᠦ᠂ ᠲᠤᠭ᠎ᠠ ᠬᠡᠮᠵᠢᠶ᠎ᠡ ᠶᠠᠰᠤ ᠴᠢᠨᠠᠷ᠎ᠢ ᠵᠡᠷᠭᠡ᠎ᠳᠤ᠎ᠨᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠡᠨᠧᠷᠬᠢ ᠵᠢᠨ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠪᠡᠯᠡ ᠣᠷᠤᠭᠤᠯᠤᠯᠲᠠ ᠵᠢ 3000 ᠳ᠋ᠦᠩᠰᠢᠭᠤᠷ ᠲᠥᠭᠦᠷᠢᠭ ᠴᠢᠷᠮᠠᠶ᠋ᠢᠨ ᠪᠡᠶᠡᠯᠡᠭᠦᠯᠵᠦ᠂ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ 4000 ᠲᠦᠮᠡᠨ ᠺᠢᠯᠣᠸᠠᠲ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠂ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠠᠴᠠ ᠳᠠᠪᠠᠭᠤᠯᠬᠤ ᠬᠠᠷᠠᠯᠲᠠ ᠵᠢ ᠵᠢᠯ ᠤᠷᠢᠳᠴᠢᠯᠠᠨ ᠪᠡᠶᠡᠯᠡᠭᠦᠯᠵᠦ᠂ ᠰᠢᠨ᠎ᠡ ᠡᠨᠧᠷᠬᠢ ᠵᠢᠨ ᠮᠠᠰᠢᠨ ᠴᠣᠭᠴᠠᠯᠠᠪᠤᠷᠢ ᠵᠢᠨ ᠰᠢᠨ᠎ᠡ᠎ᠪᠠᠷ ᠨᠡᠮᠡᠭᠳᠡᠭᠰᠡᠨ ᠬᠡᠪᠴᠢᠶ᠎ᠡ᠂ ᠪᠠᠶ᠋ᠢᠭᠤᠯᠵᠤ ᠪᠠᠶ᠋ᠢᠭ᠎ᠠ ᠬᠡᠪᠴᠢᠶ᠎ᠡ᠂ ᠶᠡᠷᠦᠩᠬᠡᠢ ᠬᠡᠪᠴᠢᠶ᠎ᠡ᠎ᠪᠠᠷ ᠵᠶ᠋ᠠᠨ ᠪᠦᠬᠦ ᠤᠯᠤᠰ᠎ᠲᠤ ᠲᠦᠷᠦᠭᠦᠯᠡᠬᠦ᠎ᠪᠠᠨ ᠪᠠᠷᠢᠮᠲᠠᠯᠠᠬᠤ᠎ᠪᠠᠷ ᠴᠢᠷᠮᠠᠶ᠋ᠢᠨ᠎ᠠ᠂ ᠶᠡᠷᠦᠩᠬᠡᠶ᠋ᠢᠯᠡᠪᠡᠯ ᠪᠦᠬᠦ ᠤᠯᠤᠰ᠎ᠤᠨ ᠰᠢᠨ᠎ᠡ ᠡᠨᠧᠷᠬᠢ ᠵᠢᠨ ᠲᠦᠷᠦᠭᠦᠦ ᠪᠠᠶ᠋ᠢᠷᠢ᠎ᠪᠠᠨ ᠠᠯᠳᠠᠵᠤ ᠪᠣᠯᠬᠤ ᠦᠭᠡᠢ᠃ ᠳᠤᠲᠠᠭᠤᠳᠠᠯ ᠵᠶ᠋ᠠᠨ ᠨᠥᠬᠦᠪᠦᠷᠢᠯᠡᠬᠦ ᠭᠡᠳᠡᠭ᠎ᠨᠢ ᠤᠯᠠᠮᠵᠢᠯᠠᠯᠲᠤ ᠠᠵᠤ ᠦᠢ᠍ᠯᠡᠰ᠎ᠢ ᠲᠤᠶ᠋ᠢᠯᠪᠤᠷᠢᠲᠠᠢ ᠥᠭᠡᠷᠡᠴᠢᠯᠡᠵᠦ᠂ ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ᠎ᠤᠨ ᠬᠦᠴᠦᠨ ᠴᠢᠳᠠᠯ᠎ᠢ᠎ᠨᠢ ᠴᠢᠩᠭ᠋ᠠᠷᠠᠭᠤᠯᠤᠨ᠂ ᠢᠷᠡᠭᠡᠳᠦᠢ ᠵᠢᠨ ᠠᠵᠤ ᠦᠢ᠍ᠯᠡᠰ᠎ᠢ ᠬᠥᠭᠵᠢᠭᠦᠯᠦᠨ ᠪᠠᠳᠠᠷᠠᠭ᠋ᠠᠬᠤ ᠵᠢ ᠵᠢᠭ᠋ᠠᠵᠤ ᠪᠣᠢ᠃ ᠡᠨᠧᠷᠬᠢ᠂ ᠲᠡᠮᠦᠷᠯᠢᠭ ᠬᠠᠶ᠋ᠢᠯᠤᠭᠤᠯᠬᠤ᠂ ᠪᠠᠷᠢᠯᠭ᠎ᠠ ᠵᠢᠨ ᠮᠠᠲ᠋ᠧᠷᠢᠶᠠᠯ᠂ ᠬᠢᠮᠢ ᠵᠢᠨ ᠠᠵᠤ ᠦᠢ᠍ᠯᠡᠳᠪᠦᠷᠢ ᠵᠡᠷᠭᠡ ᠤᠯᠠᠮᠵᠢᠯᠠᠯᠲᠤ ᠠᠵᠤ ᠦᠢ᠍ᠯᠡᠰ ᠪᠣᠯ ᠮᠠᠨ᠎ᠤ ᠣᠷᠣᠨ᠎ᠤ ᠬᠥᠭᠵᠢᠯᠲᠡ ᠵᠢᠨ ᠬᠥᠷᠥᠩᠭᠡ ᠪᠥᠭᠡᠳ ᠰᠢᠷᠭ᠋ᠠᠭᠤ ᠬᠠᠲᠠᠭᠤᠵᠢᠯᠲᠠᠢ᠎ᠪᠠᠷ ᠪᠣᠢ ᠪᠣᠯᠭ᠋ᠠᠨ ᠬᠥᠭᠵᠢᠭᠦᠯᠦᠭᠰᠡᠨ ᠠᠵᠤ ᠦᠢ᠍ᠯᠡᠰ ᠪᠣᠯᠬᠤᠷ ᠶᠠᠭ᠋ᠠᠬᠢᠭᠰᠠᠨ ᠴᠦ᠍ ᠥᠴᠥᠬᠡᠨ ᠲᠡᠳᠦᠢ ᠪᠣᠯᠭ᠋ᠠᠬᠤ ᠪᠤᠶᠤ ᠠᠯᠳᠠᠵᠤ ᠪᠣᠯᠬᠤ ᠦᠭᠡᠢ᠂ 《ᠳᠣᠣᠷᠠᠳᠤ ᠳᠡᠰ᠎ᠤᠨ ᠠᠵᠤ ᠦᠢ᠍ᠯᠡᠰ》 ᠪᠣᠯᠭ᠋ᠠᠨ ᠳᠥᠭᠦᠮᠬᠡᠨ ᠵᠶ᠋ᠠᠷ ᠪᠤᠴᠠᠭ᠋ᠠᠨ ᠭᠠᠷᠭ᠋ᠠᠵᠤ ᠨᠡᠩ ᠪᠣᠯᠬᠤ ᠦᠭᠡᠢ᠃ ᠳᠡᠭᠡᠳᠦ ᠳᠡᠰᠵᠢᠭᠦᠯᠬᠦ᠂ ᠣᠶᠤᠨᠴᠢᠯᠠᠬᠤ᠂ ᠪᠣᠬᠢᠷᠳᠤᠯ ᠦᠭᠡᠢ ᠪᠣᠯᠭ᠋ᠠᠬᠤ ᠬᠠᠷᠠᠯᠲᠠ᠎ᠪᠠᠷ᠂ ᠶᠡᠭᠡ ᠬᠡᠪᠴᠢᠶᠡᠨ᠎ᠤ ᠮᠡᠷᠭᠡᠵᠢᠯ᠎ᠤᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠲᠥᠬᠦᠭᠡᠷᠦᠮᠵᠢ ᠵᠢ ᠰᠢᠨᠡᠳᠬᠡᠬᠦ᠂ ᠤᠷ᠎ᠠ ᠮᠡᠷᠭᠡᠰᠢᠯ᠎ᠢ ᠳᠡᠰ ᠳᠡᠪᠰᠢᠭᠦᠯᠬᠦ᠂ ᠲᠤᠭ᠋ᠠᠵᠢᠭᠤᠯᠬᠤ᠎ᠪᠠᠷ ᠬᠦᠴᠦᠨ ᠨᠡᠮᠡᠷᠢᠯᠡᠬᠦ ᠵᠢ ᠠᠬᠢᠭᠤᠯᠤᠨ᠎ᠠ; 《ᠪᠣᠬᠢᠷᠳᠤᠯ ᠦᠭᠡᠢ ᠴᠠᠬᠢᠯᠭ᠋ᠠᠨ》᠎ᠢ ᠰᠠᠶ᠋ᠢᠲᠤᠷ ᠬᠥᠭᠵᠢᠭᠦᠯᠵᠦ᠂ 《ᠨᠢᠭᠡ ᠠᠵᠤ ᠠᠬᠤᠶ᠋ᠢᠯᠠᠯ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》᠂ 《ᠨᠢᠭᠡ ᠬᠦᠷᠢᠶᠡᠯᠡᠩ ᠲᠣᠭᠤᠷᠢᠭ᠎ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》᠎ᠪᠠᠷ ᠡᠪᠴᠡᠯᠳᠦᠨ ᠬᠥᠭᠵᠢᠬᠦ ᠪᠠ ᠪᠣᠬᠢᠷᠳᠤᠯ ᠦᠭᠡᠢ ᠴᠠᠬᠢᠯᠭ᠋ᠠᠨ ᠵᠶ᠋ᠠᠷ ᠣᠷᠣᠯᠠᠭᠤᠯᠬᠤ ᠵᠢ ᠠᠬᠢᠭᠤᠯᠵᠤ᠂ ᠳᠣᠣᠷ᠎ᠠ ᠨᠡᠭᠦᠷᠡᠰᠦᠲᠥ᠋ᠷᠥᠭᠴᠢᠲᠦ᠂ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠎ᠢ ᠨᠡᠩ ᠣᠯᠠᠨ ᠴᠣᠭᠴᠠᠯᠠᠵᠤ᠂ ᠡᠨᠧᠷᠬᠢ ᠶᠡᠭᠡ ᠠᠴᠢᠶᠠᠯᠠᠬᠤ ᠲᠡᠷᠢᠭᠦᠨ᠎ᠤ ᠠᠵᠤ ᠦᠢ᠍ᠯᠡᠰ᠎ᠢ ᠮᠠᠨ᠎ᠤ ᠣᠷᠣᠨ᠎ᠳᠤ ᠨᠡᠩ ᠣᠯᠠᠨ ᠲᠠᠲᠠᠨ ᠠᠪᠴᠢᠷᠠᠵᠤ ᠪᠥᠭᠡᠭᠡᠨᠡᠷᠡᠭᠦᠯᠦᠨ ᠨᠤᠲᠤᠭᠰᠢᠭᠤᠯᠤᠨ᠎ᠠ᠃ ᠦᠬᠠᠢ ᠵᠢᠨ ᠪᠦᠬᠦ ᠪᠥᠮᠪᠥᠷᠴᠡᠭ᠎ᠤᠨ ᠬᠠᠮᠤᠭ᠎ᠤᠨ ᠲᠣᠮᠣ BDO᠎ᠤᠨ ᠨᠢᠭᠡ ᠴᠣᠭᠴᠠᠵᠢᠭᠰᠠᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠠᠶ᠋ᠢᠭᠤᠯᠬᠤ ᠵᠢ ᠲᠡᠮᠵᠢᠨ᠎ᠡ᠃ ᠠᠭᠤᠷᠬᠠᠢ ᠬᠠᠶ᠋ᠢᠬᠤ ᠲᠠᠯ᠎ᠠ᠎ᠪᠠᠷ ᠰᠢᠪᠲᠤᠯᠤᠯᠲᠠ ᠭᠠᠷᠬᠤ ᠵᠢ ᠲᠦᠷᠭᠡᠳᠬᠡᠵᠦ᠂ 《ᠶᠡᠭᠡ ᠠᠭᠤᠷᠬᠠᠢ ᠵᠢ ᠪᠤᠰᠢᠭᠤ ᠨᠡᠭᠡᠭᠡᠬᠦ᠂ ᠪᠠᠶᠠᠯᠢᠭ ᠠᠭᠤᠷᠬᠠᠢ ᠵᠢ ᠨᠠᠷᠢᠯᠢᠭ ᠨᠡᠭᠡᠭᠡᠬᠦ》 ᠵᠢ ᠪᠠᠷᠢᠮᠲᠠᠯᠠᠨ᠂ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠲᠦᠷᠦᠯ ᠵᠦᠢ᠍ᠯ᠎ᠢ ᠵᠠᠭᠤᠨ ᠲᠦᠮᠡᠨ ᠲᠤᠨ ᠮᠢᠩᠭ᠋ᠠᠨ ᠳ᠋ᠦᠩᠰᠢᠭᠤᠷ ᠳᠡᠰ᠎ᠠᠴᠠ ᠡᠬᠢᠯᠡᠭᠦᠯᠬᠦ ᠪᠠ ᠠᠵᠤ ᠦᠢ᠍ᠯᠡᠰ᠎ᠢ ᠪᠦᠬᠦ ᠬᠡᠯᠬᠢᠶ᠎ᠡ᠎ᠪᠠᠷ ᠪᠦᠯᠦᠭᠵᠢᠭᠦᠯᠦᠨ ᠬᠥᠭᠵᠢᠭᠦᠯᠬᠦ ᠵᠢ ᠠᠬᠢᠭᠤᠯᠬᠤ ᠬᠡᠷᠡᠭᠲᠡᠢ᠃ ᠤᠯᠠᠭ᠋ᠠᠨᠬᠠᠳᠠ᠂ ᠰᠢᠯᠢ ᠵᠢᠨ ᠭᠤᠣᠯ᠎ᠤᠨ ᠪᠦᠬᠦ ᠤᠯᠤᠰ᠎ᠤᠨ ᠰᠢᠨ᠎ᠡ ᠨᠢᠭᠡᠨ ᠡᠭᠡᠯᠵᠢ ᠵᠢᠨ ᠠᠭᠤᠷᠬᠠᠢ ᠬᠠᠶ᠋ᠢᠬᠤ ᠰᠢᠪᠲᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠋ᠠᠨ᠎ᠤ ᠲᠤᠷᠰᠢᠯᠲᠠ ᠵᠢᠨ ᠴᠡᠭ ᠪᠤᠯᠬᠤ᠎ᠪᠠᠷ ᠴᠢᠷᠮᠠᠶ᠋ᠢᠬᠤ ᠵᠢ ᠲᠡᠮᠵᠢᠨ᠎ᠡ᠃ ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ ᠪᠠ ᠢᠷᠡᠭᠡᠳᠦᠢ ᠵᠢᠨ ᠠᠵᠤ ᠦᠢ᠍ᠯᠡᠰ ᠵᠶ᠋ᠠᠷ ᠲᠥᠯᠥᠭᠡᠯᠡᠭᠦᠯᠦᠭᠰᠡᠨ ᠰᠢᠨ᠎ᠡ ᠰᠢᠨᠵᠢ ᠪᠦᠬᠦᠢ ᠦᠢ᠍ᠯᠡᠳᠪᠦᠷᠢᠯᠡᠯ᠎ᠤᠨ ᠬᠦᠴᠦᠨ ᠪᠣᠯ ᠮᠠᠨ᠎ᠤ ᠣᠷᠣᠨ᠎ᠤ ᠰᠢᠨ᠎ᠡ ᠳᠠᠪᠠᠭᠤᠯᠢᠭ ᠵᠶ᠋ᠠᠨ ᠪᠣᠢ ᠪᠣᠯᠭ᠋ᠠᠬᠤ᠂ ᠰᠢᠨ᠎ᠡ ᠬᠥᠳᠡᠯᠭᠡᠭᠦᠷ᠎ᠢ ᠴᠣᠭᠴᠠᠯᠠᠬᠤ ᠵᠢᠨ ᠵᠠᠩᠭᠢᠯᠠᠭ᠎ᠠ ᠪᠠᠶ᠋ᠢᠵᠤ᠂ ᠡᠷᠬᠡᠪᠰᠢ ᠢᠳᠡᠪᠬᠢᠲᠡᠢ᠎ᠪᠠᠷ ᠱᠠᠯᠠᠪᠳᠠᠭᠤᠯᠤᠨ ᠪᠠᠶ᠋ᠢᠷᠢᠰᠢᠭᠤᠯᠵᠤ᠂ ᠨᠢᠭᠡ ᠬᠤᠶᠠᠷ ᠴᠡᠭ ᠪᠠᠶ᠋ᠢᠷᠢᠨ᠎ᠳᠤ ᠤᠷᠢᠳ ᠵᠶ᠋ᠠᠷ ᠰᠢᠪᠲᠤᠯᠤᠯᠲᠠ ᠭᠠᠷᠭ᠋ᠠᠨ᠂ ᠠᠵᠤ ᠦᠢ᠍ᠯᠡᠰ᠎ᠤᠨ ᠬᠥᠭᠵᠢᠯᠲᠡ ᠵᠢᠨ ᠭᠤᠣᠯᠯᠠᠭᠴᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ ᠰᠢᠨ᠎ᠡ ᠮᠠᠲ᠋ᠧᠷᠢᠶᠠᠯ᠂ ᠣᠳᠣ ᠦᠶ᠎ᠡ ᠵᠢᠨ ᠲᠤᠨᠤᠭ ᠲᠥᠬᠦᠭᠡᠷᠦᠮᠵᠢ ᠦᠢ᠍ᠯᠡᠳᠬᠦ᠂ ᠠᠮᠢᠳᠤ ᠪᠣᠳᠠᠰ᠎ᠤᠨ ᠡᠮ ᠡᠮᠨᠡᠯᠭᠡ᠂ ᠬᠤᠳᠠᠯᠳᠤᠭ᠋ᠠᠨ᠎ᠤ ᠰᠠᠨᠰᠠᠷ ᠠᠶᠠᠯᠠᠯ᠂ ᠳᠣᠣᠷ᠎ᠠ ᠠᠭ᠋ᠠᠷ᠎ᠤᠨ ᠠᠵᠤ ᠠᠬᠤᠢ ᠵᠡᠷᠭᠡ ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ᠎ᠤᠨ ᠲᠠᠯ᠎ᠠ᠎ᠪᠠᠷ᠂ ᠬᠥᠭᠵᠢᠯᠲᠡ ᠵᠢᠨ ᠬᠠᠨᠳᠤᠰᠢ ᠵᠢ ᠡᠵᠡᠮᠳᠡᠵᠦ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠬᠠᠨᠳᠤᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠵᠢᠯᠣᠭᠤᠳᠤᠮᠵᠢ ᠪᠣᠯᠭ᠋ᠠᠵᠤ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠂ ᠭᠤᠣᠯ ᠪᠣᠯᠬᠤ ᠰᠡᠯᠪᠢᠭ ᠲᠤᠨᠤᠭ᠎ᠢ ᠰᠤᠳᠤᠯᠤᠨ ᠨᠡᠭᠡᠭᠡᠵᠦ ᠦᠢ᠍ᠯᠡᠳᠬᠦ ᠪᠣᠭᠤᠮᠲᠠ ᠵᠢ ᠰᠢᠪᠲᠤᠯᠬᠤ᠎ᠪᠠᠨ ᠲᠦᠷᠭᠡᠳᠬᠡᠵᠦ᠂ ᠠᠭᠤᠰᠤᠯᠴᠠᠭᠤᠯᠵᠤ ᠪᠦᠯᠦᠭᠵᠢᠭᠦᠯᠦᠨ ᠬᠥᠭᠵᠢᠭᠦᠯᠬᠦ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠲᠦᠷᠭᠡᠬᠡᠨ ᠬᠡᠪᠴᠢᠶ᠎ᠡ᠎ᠪᠠᠨ ᠥᠷᠭᠡᠵᠢᠭᠦᠯᠵᠦ ᠬᠤᠪᠢ ᠵᠢᠨ ᠵᠢᠩ ᠵᠶ᠋ᠠᠨ ᠳᠡᠭᠡᠭᠰᠢᠯᠡᠭᠦᠯᠦᠨ᠎ᠡ᠃ ᠲᠣᠭ᠋ᠠᠵᠢᠯᠲᠣ ᠠᠵᠤ ᠠᠬᠤᠢ ᠵᠢ ᠶᠡᠭᠡ᠎ᠪᠠᠷ ᠬᠥᠭᠵᠢᠭᠦᠯᠵᠦ᠂ ᠠᠵᠤ ᠦᠢ᠍ᠯᠡᠰ᠎ᠤᠨ ᠲᠣᠭ᠋ᠠᠵᠢᠭᠤᠯᠤᠭᠰᠠᠨ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠪᠠ ᠣᠶᠤᠨᠴᠢᠯᠠᠨ ᠳᠡᠰ ᠳᠡᠪᠰᠢᠭᠦᠯᠬᠦ ᠵᠢ᠎ᠨᠢ ᠲᠦᠷᠭᠡᠳᠬᠡᠵᠦ᠂ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠲᠣᠭ᠋ᠠᠵᠢᠭᠤᠯᠵᠤ ᠪᠤᠳᠤᠬᠤ ᠬᠦᠴᠦᠨ᠎ᠤ ᠰᠦᠯᠵᠢᠶ᠎ᠡ ᠵᠢᠨ ᠥᠪᠥᠷ ᠮᠣᠩᠭᠤᠯ᠎ᠤᠨ ᠬᠦᠢ᠍ᠰᠦ ᠵᠠᠩᠭᠢᠶᠠᠰᠤ᠂ ᠬᠤᠷᠢᠨᠭᠡᠷ ᠳ᠋ᠠᠶ᠋ᠢᠲ᠋ᠠ ᠵᠢᠨ ᠲᠥᠪ᠎ᠤᠨ ᠪᠦᠯᠦᠭᠵᠢᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠪᠡᠭᠡᠵᠢᠩ ᠲᠢᠶᠠᠨᠵᠢᠨ ᠾᠧᠪᠧᠢ ᠵᠢᠨ ᠮᠤᠨᠳᠠᠭ ᠶᠡᠭᠡ ᠵᠣᠬᠢᠶᠠᠮᠠᠯ ᠤᠶᠤᠨ᠂ ᠲᠣᠮᠣ ᠵᠠᠭᠪᠤᠷ᠎ᠤᠨ ᠵᠠᠬ᠎ᠠ ᠳᠡᠯᠭᠡᠭᠦᠷ᠎ᠤᠨ ᠲᠣᠭᠤᠷᠢᠨ᠎ᠳᠤ᠂ ᠬᠦᠴᠦᠷᠬᠡᠭ ᠪᠥᠭᠡᠳ ᠨᠠᠶ᠋ᠢᠳᠠᠪᠤᠷᠢᠲᠠᠢ ᠪᠣᠬᠢᠷᠳᠤᠯ ᠦᠭᠡᠢ ᠲᠣᠭ᠋ᠠᠵᠢᠭᠤᠯᠵᠤ ᠪᠤᠳᠤᠬᠤ ᠬᠦᠴᠦᠨ᠎ᠤ ᠪᠠᠲᠤᠯᠠᠭ᠎ᠠ ᠵᠢ ᠬᠠᠩᠭ᠋ᠠᠵᠤ᠂ ᠣᠶᠤᠨᠴᠢᠯᠠᠭᠰᠠᠨ ᠲᠣᠭ᠋ᠠᠵᠢᠭᠤᠯᠵᠤ ᠪᠤᠳᠤᠬᠤ ᠬᠡᠪᠴᠢᠶ᠎ᠡ ᠵᠢ 2 ᠲᠦᠮᠡᠨ P᠎ᠠᠴᠠ ᠳᠠᠪᠠᠭᠤᠯᠬᠤ᠎ᠪᠠᠷ ᠴᠢᠷᠮᠠᠶ᠋ᠢᠨ᠎ᠠ᠃ ᠢᠷᠡᠭᠡᠳᠦᠢ ᠵᠢᠨ ᠠᠵᠤ ᠦᠢ᠍ᠯᠡᠰ᠎ᠤᠨ ᠲᠠᠯ᠎ᠠ᠎ᠪᠠᠷ᠂ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠬᠢ᠂ ᠬᠤᠰᠢᠭᠤᠷᠠᠯ ᠮᠠᠲ᠋ᠧᠷᠢᠶᠠᠯ᠂ ᠢᠷᠡᠭᠡᠳᠦᠢ ᠵᠢᠨ ᠰᠦᠯᠵᠢᠶ᠎ᠡ᠂ ᠠᠭ᠋ᠠᠷ ᠰᠠᠨᠰᠠᠷ᠂ ᠠᠮᠢ ᠨᠠᠰᠤ ᠬᠢᠭᠡᠳ ᠡᠷᠡᠭᠦᠯ ᠴᠢᠭᠢᠷᠠᠭ ᠵᠡᠷᠭᠡ ᠲᠠᠪᠤᠨ ᠶᠡᠭᠡ ᠬᠦᠷᠢᠶ᠎ᠡ ᠴᠠᠷᠠᠭ᠎ᠠ ᠪᠠ ᠰᠢᠨ᠎ᠡ ᠬᠡᠯᠪᠡᠷᠢ ᠵᠢᠨ ᠨᠥᠭᠡᠴᠡ ᠡᠨᠧᠷᠬᠢ᠂ ᠤᠰᠤᠳᠦ᠋ᠷᠦᠭᠴᠢ ᠡᠨᠧᠷᠬᠢ᠂ ᠥᠨᠳᠥᠷ ᠴᠢᠳᠠᠮᠵᠢᠲᠤ ᠨᠡᠶ᠋ᠢᠯᠡᠮᠡᠯ ᠮᠠᠲ᠋ᠧᠷᠢᠶᠠᠯ᠂ ᠥᠨᠳᠥᠷ ᠪᠦᠲᠦᠮᠵᠢᠲᠡᠢ ᠲᠦᠷᠭᠡᠳᠬᠡᠬᠦ ᠮᠠᠲ᠋ᠧᠷᠢᠶᠠᠯ᠂ ᠭᠤᠷᠪᠠᠳᠠᠭᠢ ᠦᠶ᠎ᠡ ᠵᠢᠨ ᠬᠠᠭ᠋ᠠᠰ ᠳᠠᠮᠵᠢᠭᠤᠯᠤᠭᠴᠢ᠂ ᠲᠣᠭ᠋ᠠᠵᠢᠭᠤᠯᠵᠤ ᠪᠤᠳᠤᠬᠤ ᠬᠦᠴᠦᠨ᠎ᠤ ᠰᠦᠯᠵᠢᠶ᠎ᠡ᠂ ᠳᠠᠭ᠋ᠠᠭᠤᠯᠢ ᠤᠳᠤᠨ᠎ᠤ ᠴᠢᠮᠡᠭᠡ ᠬᠤᠯᠪᠣᠭ᠋ᠠᠨ᠎ᠤ ᠵᠠᠮᠴᠢᠯᠠᠭᠤᠷ᠂ ᠠᠮᠢᠳᠤ ᠪᠣᠳᠠᠰ᠎ᠤᠨ ᠡᠭᠦᠯᠳᠡᠷ ᠪᠣᠶ᠋ᠢᠵᠢᠭᠤᠯᠬᠤ ᠵᠡᠷᠭᠡ ᠨᠠᠢ᠍ᠮᠠᠨ ᠶᠡᠭᠡ ᠴᠢᠭᠯᠡᠯ᠎ᠳᠤ ᠲᠥᠪᠯᠡᠷᠡᠭᠦᠯᠵᠦ᠂ ᠠᠯᠤᠰ᠎ᠢ ᠪᠣᠳᠣᠯᠬᠢᠯᠠᠨ ᠰᠡᠳᠦᠨ ᠲᠥᠯᠥᠪᠯᠡᠵᠦ᠂ ᠴᠡᠭ ᠪᠠᠶ᠋ᠢᠷᠢᠯᠠᠯ ᠵᠶ᠋ᠠᠨ ᠣᠨᠣᠪᠴᠢᠲᠠᠢ ᠣᠯᠵᠤ᠂ ᠵᠠᠪᠠᠯ ᠰᠢᠪᠲᠤᠯᠤᠯᠲᠠ ᠭᠠᠷᠭ᠋ᠠᠬᠤ᠎ᠪᠠᠷ ᠴᠢᠷᠮᠠᠶ᠋ᠢᠬᠤ ᠬᠡᠷᠡᠭᠲᠡᠢ᠃ ᠬᠥᠬᠡᠬᠤᠲᠠ ᠵᠢᠨ ᠠᠭ᠋ᠠᠷ ᠠᠶᠠᠯᠠᠯ᠎ᠤᠨ ᠠᠵᠤ ᠠᠬᠤᠢ ᠵᠢᠨ ᠨᠡᠭᠡᠭᠡᠯᠲᠡ ᠵᠢᠨ ᠲᠣᠭᠤᠷᠢᠭ ᠪᠦᠲᠦᠭᠡᠨ ᠪᠠᠶ᠋ᠢᠭᠤᠯᠬᠤ ᠵᠢ ᠳᠡᠮᠵᠢᠵᠦ᠂ ᠤᠯᠤᠰ᠎ᠤᠨ ᠳᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠴᠣᠭᠴᠠᠯᠠᠨ᠎ᠠ᠃ ᠪᠦᠯᠦᠭᠵᠢᠯ᠎ᠢ ᠪᠤᠵᠠᠭ᠋ᠠᠶ᠋ᠢᠷᠠᠭᠤᠯᠬᠤ ᠭᠡᠳᠡᠭ᠎ᠨᠢ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠪᠦᠬᠦᠢ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠪᠦᠲᠦᠭᠡᠨ ᠪᠠᠶ᠋ᠢᠭᠤᠯᠬᠤ ᠵᠢ ᠵᠢᠭ᠋ᠠᠵᠤ ᠪᠣᠢ᠃ ᠦᠢ᠍ᠯᠡᠳᠬᠦ ᠦᠢ᠍ᠯᠡᠰ᠎ᠤᠨ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠴᠢᠨᠠᠷ ᠰᠠᠶ᠋ᠢᠲᠠᠢ ᠬᠥᠭᠵᠢᠭᠦᠯᠬᠦ ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ᠂ ᠰᠦ ᠴᠠᠭ᠋ᠠᠨ ᠢᠳᠡᠭᠡᠨ᠎ᠤ ᠳᠡᠯᠡᠬᠡᠢ ᠵᠢᠨ ᠳᠡᠰ᠎ᠤᠨ ᠪᠦᠯᠦᠭᠵᠢᠯ᠂ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠂ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠴᠠᠬᠢᠭᠤᠷ ᠲᠠᠯᠠᠰᠲᠤ ᠵᠢᠨ ᠰᠢᠨ᠎ᠡ ᠮᠠᠲ᠋ᠧᠷᠢᠶᠠᠯ ᠵᠢᠴᠢ ᠭᠡᠷᠡᠯᠴᠢ ᠴᠡᠨᠡᠭ ᠦᠢ᠍ᠯᠡᠳᠬᠦ ᠤᠯᠤᠰ᠎ᠤᠨ ᠳᠡᠰ᠎ᠤᠨ ᠪᠦᠯᠦᠭᠵᠢᠯ᠎ᠢ 3᠂ ᠰᠠᠯᠬᠢᠨ ᠬᠦᠴᠦᠨ᠎ᠤ ᠴᠠᠬᠢᠯᠭ᠋ᠠᠨ᠎ᠤ ᠲᠤᠨᠤᠭ ᠲᠥᠬᠦᠭᠡᠷᠦᠮᠵᠢ᠂ ᠤᠰᠤᠳᠦ᠋ᠷᠦᠭᠴᠢ ᠡᠨᠧᠷᠬᠢ ᠦᠢ᠍ᠯᠡᠳᠬᠦ᠂ ᠰᠢᠨ᠎ᠡ ᠬᠡᠯᠪᠡᠷᠢ ᠵᠢᠨ ᠨᠥᠭᠡᠴᠡ ᠡᠨᠧᠷᠬᠢ᠂ ᠠᠮᠢᠳᠤ ᠪᠣᠳᠠᠰ᠎ᠤᠨ ᠡᠮ ᠡᠮᠨᠡᠯᠭᠡ᠂ ᠨᠠᠷᠢᠯᠢᠭ ᠬᠢᠮᠢ ᠵᠢᠨ ᠠᠵᠤ ᠦᠢ᠍ᠯᠡᠳᠪᠦᠷᠢ᠂ ᠬᠠᠶ᠋ᠢᠯᠤᠰᠢ ᠵᠢᠨ ᠮᠠᠲ᠋ᠧᠷᠢᠶᠠᠯ ᠵᠡᠷᠭᠡ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠦᠯᠦᠭᠵᠢᠯ᠎ᠢ 9 ᠬᠦᠴᠦ᠎ᠪᠠᠨ ᠲᠥᠪᠯᠡᠷᠡᠭᠦᠯᠦᠨ ᠴᠣᠭᠴᠠᠯᠠᠵᠤ᠂ ᠴᠢᠨᠠᠷ ᠰᠠᠶ᠋ᠢᠲᠠᠢ ᠠᠵᠤ ᠠᠬᠤᠶ᠋ᠢᠯᠠᠯ᠂ ᠡᠬᠢ ᠪᠠᠶᠠᠯᠢᠭ᠎ᠤᠨ ᠬᠦᠴᠦᠨ ᠵᠦᠢ᠍ᠯ᠂ ᠰᠢᠨ᠎ᠡ ᠵᠢ ᠡᠭᠦᠳᠬᠦ ᠴᠢᠳᠠᠪᠤᠷᠢᠲᠠᠨ ᠵᠡᠷᠭᠡ ᠵᠢ ᠬᠡᠯᠬᠢᠶᠡᠯᠡᠨ ᠳᠦᠬᠦᠷᠵᠢᠭᠦᠯᠬᠦ ᠵᠢ ᠠᠬᠢᠭᠤᠯᠤᠨ᠂ ᠠᠵᠤ ᠦᠢ᠍ᠯᠡᠰ᠎ᠤᠨ ᠬᠡᠯᠬᠢᠶ᠎ᠡ ᠵᠢ ᠳᠤᠮᠳᠠ ᠳᠣᠣᠷ᠎ᠠ ᠬᠡᠯᠬᠢᠶ᠎ᠡ ᠲᠡᠶ᠋ᠢᠰᠢ ᠤᠷᠲᠤᠳᠬᠠᠬᠤ᠂ ᠥᠷᠲᠡᠭ᠎ᠤᠨ ᠬᠡᠯᠬᠢᠶ᠎ᠡ ᠵᠢ ᠳᠤᠮᠳᠠ ᠳᠡᠭᠡᠷ᠎ᠡ ᠦᠵᠦᠭᠦᠷ ᠲᠡᠶ᠋ᠢᠰᠢ ᠳᠡᠭᠡᠭᠰᠢᠯᠡᠭᠦᠯᠬᠦ᠎ᠪᠠᠷ ᠬᠥᠲᠥᠯᠥᠨ ᠳᠠᠭ᠋ᠠᠭᠤᠯᠤᠨ᠎ᠠ᠃ ᠲᠤᠯᠭ᠋ᠠᠭᠤᠷᠢᠯᠠᠯ᠎ᠢ ᠴᠢᠩᠭ᠋ᠠᠳᠬᠠᠬᠤ ᠭᠡᠳᠡᠭ᠎ᠨᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠶᠡᠷᠦᠩᠬᠡᠢ ᠪᠣᠳᠠᠲᠤ ᠬᠦᠴᠦᠨ᠎ᠢ ᠶᠡᠭᠡ ᠬᠡᠮᠵᠢᠶ᠎ᠡ᠎ᠪᠠᠷ ᠨᠡᠮᠡᠭᠳᠡᠭᠦᠯᠬᠦ ᠵᠢ ᠵᠢᠭ᠋ᠠᠵᠤ ᠪᠣᠢ᠃ ᠠᠵᠤ ᠠᠬᠤᠶ᠋ᠢᠯᠠᠯ᠎ᠢ ᠲᠠᠲᠠᠨ ᠬᠦᠷᠢᠶᠡᠯᠡᠩ ᠲᠣᠭᠤᠷᠢᠭ᠎ᠲᠤ ᠣᠷᠤᠭᠤᠯᠬᠤ᠂ ᠠᠵᠤ ᠠᠬᠤᠶ᠋ᠢᠯᠠᠯ᠎ᠢ ᠲᠡᠳᠬᠦᠨ ᠬᠦᠷᠢᠶᠡᠯᠡᠩ ᠲᠣᠭᠤᠷᠢᠭ᠎ᠢ ᠬᠦᠴᠦᠷᠬᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠠᠭᠤᠷᠢᠰᠢᠭᠤᠯᠤᠭᠰᠠᠨ ᠲᠦᠷᠦᠯ ᠵᠦᠢ᠍ᠯ ᠵᠶ᠋ᠠᠷ ᠣᠯᠠᠨ᠂ ᠬᠥᠭᠵᠢᠯᠲᠡ ᠵᠢᠨ ᠳᠠᠯᠳᠠ ᠬᠦᠴᠦᠨ ᠶᠡᠭᠡ᠂ ᠰᠢᠨ᠎ᠡ ᠵᠢ ᠡᠭᠦᠳᠬᠦ ᠴᠢᠳᠠᠪᠤᠷᠢ᠎ᠪᠠᠷ ᠴᠢᠩᠭ᠎ᠠ᠂ ᠪᠡᠯᠡ ᠣᠷᠤᠭᠤᠯᠬᠤ ᠡᠷᠴᠢᠮ ᠴᠢᠩᠭ᠎ᠠ ᠪᠠᠶ᠋ᠢᠭ᠎ᠠ ᠬᠦᠷᠢᠶᠡᠯᠡᠩ ᠲᠣᠭᠤᠷᠢᠭ᠎ᠤᠨ ᠳᠡᠰ ᠳᠡᠪᠰᠢᠬᠦ ᠵᠢ ᠭᠤᠣᠯᠳᠠᠯᠭ᠎ᠠ᠎ᠲᠠᠢ ᠳᠡᠮᠵᠢᠨ᠎ᠡ; ᠬᠡᠯᠬᠢᠶᠡᠨ᠎ᠤ ᠭᠤᠣᠯ ᠠᠵᠤ ᠠᠬᠤᠶ᠋ᠢᠯᠠᠯ᠎ᠤᠨ ᠲᠣᠭᠤᠷᠢᠨ᠎ᠳᠤ ᠪᠦᠬᠦ ᠲᠠᠯ᠎ᠠ᠎ᠪᠠᠷ ᠦᠢ᠍ᠯᠡᠴᠢᠯᠡᠬᠦ᠂ ᠪᠦᠬᠦ ᠬᠦᠴᠦᠨ ᠵᠦᠢ᠍ᠯ ᠵᠶ᠋ᠠᠷ ᠪᠠᠲᠤᠯᠠᠬᠤ᠂ ᠪᠦᠬᠦ ᠬᠡᠯᠬᠢᠶ᠎ᠡ᠎ᠪᠠᠷ ᠲᠠᠲᠠᠨ ᠣᠷᠤᠭᠤᠯᠬᠤ ᠵᠢ ᠴᠢᠩᠭ᠋ᠠᠳᠬᠠᠵᠤ᠂ ᠨᠡᠩ ᠣᠯᠠᠨ ᠳᠡᠭᠡᠷ᠎ᠡ ᠳᠣᠣᠷ᠎ᠠ ᠬᠡᠯᠬᠢᠶᠡᠨ᠎ᠤ ᠬᠤᠷᠰᠢᠭᠰᠠᠨ ᠬᠤᠳᠠᠯᠳᠤᠭ᠋ᠠᠴᠢᠨ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠬᠦᠷᠢᠶᠡᠯᠡᠩ ᠲᠣᠭᠤᠷᠢᠭ᠎ᠲᠤ ᠪᠥᠭᠡᠭᠡᠨᠡᠷᠡᠭᠦᠯᠵᠦ᠂ ᠳᠠᠩ ᠳᠠᠩ ᠵᠶ᠋ᠠᠷ᠎ᠨᠢ ᠬᠦᠴᠦᠷᠬᠡᠭᠵᠢᠭᠦᠯᠦᠨ ᠭᠢᠯᠠᠷᠠᠭᠤᠯᠵᠤ᠂ ᠴᠡᠭ ᠴᠡᠭ ᠵᠶ᠋ᠠᠷ᠎ᠨᠢ ᠬᠡᠯᠬᠢᠶᠡᠰᠦᠯᠡᠨ ᠬᠥᠭᠵᠢᠭᠦᠯᠦᠨ᠎ᠡ᠃
ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠵᠦ᠂ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠲᠡᠢ᠃ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠪᠣᠯᠣᠨ ᠲᠡᠷᠢᠭᠦᠨ᠎ᠤ ᠦᠢ᠍ᠯᠡᠳᠬᠦ ᠦᠢ᠍ᠯᠡᠰ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ᠎ᠯᠤᠭ᠎ᠠ ᠵᠢᠨ ᠭᠦᠨᠵᠡᠭᠡᠢ ᠠᠭᠤᠰᠤᠯᠴᠠᠯ᠎ᠢ ᠶᠡᠭᠡ᠎ᠪᠠᠷ ᠠᠬᠢᠭᠤᠯᠵᠤ᠂ ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ᠂ ᠵᠠᠬᠢᠶᠠᠯᠠᠨ ᠬᠢᠯᠭᠡᠬᠦ ᠦᠢ᠍ᠯᠡᠴᠢᠯᠡᠭᠡ᠂ ᠪᠠᠶ᠋ᠢᠴᠠᠭ᠋ᠠᠨ ᠰᠢᠯᠭ᠋ᠠᠵᠤ ᠬᠡᠮᠵᠢᠬᠦ᠂ ᠮᠡᠳᠡᠭᠡ ᠵᠠᠩᠭᠢ ᠵᠢᠨ ᠯᠠᠪᠯᠠᠭ᠎ᠠ ᠵᠡᠷᠭᠡ ᠦᠢ᠍ᠯᠡᠴᠢᠯᠡᠭᠡᠨ᠎ᠤ ᠡᠵᠡᠩᠨᠡᠯᠲᠡ ᠵᠢᠨ ᠪᠠᠶ᠋ᠢᠳᠠᠯ᠎ᠢ ᠢᠳᠡᠪᠬᠢᠲᠡᠢ ᠬᠥᠭᠵᠢᠭᠦᠯᠦᠨ᠂ ᠦᠢ᠍ᠯᠡᠴᠢᠯᠡᠭᠡᠨ᠎ᠤ ᠦᠢ᠍ᠯᠡᠰ᠎ᠤᠨ ᠨᠢᠭᠡ ᠪᠦᠯᠦᠭ ᠬᠥᠲᠥᠴᠢ ᠪᠣᠯᠬᠤ ᠨᠢᠷᠤᠭᠤᠪᠴᠢ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠵᠤ ᠪᠣᠶ᠋ᠢᠵᠢᠭᠤᠯᠬᠤ᠎ᠪᠠᠷ ᠬᠦᠴᠦᠯᠡᠵᠦ᠂ ᠦᠢ᠍ᠯᠡᠴᠢᠯᠡᠭᠡᠨ᠎ᠤ ᠦᠢ᠍ᠯᠡᠰ᠎ᠤᠨ ᠨᠢᠭᠡ ᠪᠦᠯᠦᠭ ᠨᠡᠷ᠎ᠡ ᠠᠯᠳᠠᠷᠰᠢᠭᠰᠠᠨ ᠨᠡᠷᠡᠲᠦ ᠲᠡᠮᠳᠡᠭ᠎ᠢ ᠬᠦᠴᠦᠷᠬᠡᠭᠵᠢᠭᠦᠯᠬᠦ ᠵᠢ ᠵᠣᠷᠢᠭᠵᠢᠭᠤᠯᠤᠨ᠂ ᠣᠷᠣᠨ᠎ᠤ ᠲᠥᠪ ᠬᠤᠲᠠ ᠵᠢᠨ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠰᠢᠨ᠎ᠡ ᠥᠨᠳᠦᠷᠯᠢᠭ᠎ᠢ ᠴᠣᠭᠴᠠᠯᠠᠬᠤ ᠵᠢ᠎ᠨᠢ ᠳᠡᠮᠵᠢᠵᠦ᠂ ᠬᠥᠯᠥᠨ ᠪᠦᠢ᠍ᠷ᠎ᠤᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠬᠦᠢ᠍ᠲᠡᠨ᠎ᠢ ᠳᠠᠭ᠋ᠠᠭ᠋ᠠᠬᠤ ᠲᠤᠷᠰᠢᠯᠲᠠ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠵᠢ᠎ᠨᠢ ᠳᠡᠮᠵᠢᠨ᠎ᠡ᠃ ᠰᠢᠨ᠎ᠡ ᠡᠨᠧᠷᠬᠢ ᠵᠢᠨ ᠠᠵᠢᠯᠯᠠᠭᠤᠯᠵᠤ ᠬᠠᠮᠠᠭ᠋ᠠᠯᠠᠬᠤ ᠦᠢ᠍ᠯᠡᠴᠢᠯᠡᠭᠡᠨ᠎ᠤ ᠦᠢ᠍ᠯᠡᠰ ᠰᠠᠷᠠᠭᠤᠯ ᠠᠭᠤᠳᠠᠮ ᠬᠡᠳᠦ ᠵᠢᠨ ᠲᠥᠯᠥᠪ᠎ᠲᠠᠢ᠂ ᠵᠢᠱ᠌ᠢᠭᠰᠡᠨ ᠵᠶ᠋ᠠᠷ 2025 ᠣᠨ ᠪᠣᠯᠬᠤ᠎ᠳᠤ ᠰᠢᠨ᠎ᠡ ᠡᠨᠧᠷᠬᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ 1.5 ᠳ᠋ᠦᠩᠰᠢᠭᠤᠷ ᠺᠢᠯᠣᠸᠠᠲ᠎ᠲᠤ ᠬᠦᠷᠬᠦ ᠪᠣᠯᠣᠨ᠎ᠠ᠂ ᠣᠶᠤᠨᠯᠢᠭ ᠵᠶ᠋ᠠᠷ ᠪᠠᠶ᠋ᠢᠴᠠᠭ᠋ᠠᠨ ᠰᠡᠯᠪᠢᠬᠦ᠂ ᠨᠠᠷᠢᠯᠢᠭ ᠬᠠᠮᠢᠶᠠᠷᠤᠨ ᠡᠵᠡᠮᠳᠡᠬᠦ᠂ ᠲᠥᠬᠦᠭᠡᠷᠦᠮᠵᠢ ᠵᠢ ᠰᠢᠯᠢᠳᠡᠭᠵᠢᠭᠦᠯᠬᠦ ᠵᠡᠷᠭᠡ ᠦᠢ᠍ᠯᠡᠴᠢᠯᠡᠭᠡᠨ᠎ᠤ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠵᠦ᠂ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠬᠤᠳᠠᠯᠳᠤᠭ᠋ᠠᠴᠢᠨ᠎ᠢ ᠪᠣᠶ᠋ᠢᠵᠢᠭᠤᠯᠵᠤ᠂ ᠪᠦᠬᠦ ᠤᠯᠤᠰ᠎ᠤᠨ ᠰᠢᠨ᠎ᠡ ᠡᠨᠧᠷᠬᠢ ᠵᠢᠨ ᠠᠵᠢᠯᠯᠠᠭᠤᠯᠵᠤ ᠬᠠᠮᠠᠭ᠋ᠠᠯᠠᠬᠤ ᠠᠵᠤ ᠦᠢ᠍ᠯᠡᠰ᠎ᠤᠨ 《ᠲᠦᠷᠦᠭᠦᠦ ᠬᠤᠨᠢ》 ᠪᠣᠯᠬᠤ᠎ᠪᠠᠷ ᠴᠢᠷᠮᠠᠶ᠋ᠢᠬᠤ ᠬᠡᠷᠡᠭᠲᠡᠢ᠃ ᠪᠠᠷᠠᠭ᠋ᠠᠨ᠎ᠤ ᠭᠦᠢ᠍ᠯᠭᠡᠭᠡᠨ᠎ᠤ ᠬᠦᠮᠦᠷᠭᠡᠯᠡᠯᠲᠡ ᠲᠡᠭᠡᠭᠡᠪᠦᠷᠢ ᠵᠢᠨ ᠦᠢ᠍ᠯᠡᠰ᠎ᠤᠨ ᠳᠠᠯᠳᠠ ᠬᠦᠴᠦᠨ ᠯᠤᠲᠤ ᠶᠡᠭᠡ ᠪᠠᠶ᠋ᠢᠨ᠎ᠠ᠂ ᠮᠠᠨ᠎ᠤ ᠣᠷᠣᠨ᠎ᠤ ᠭᠦᠢ᠍ᠯᠭᠡᠭᠡᠨ ᠶᠡᠬᠡᠲᠡᠢ ᠲᠠᠸᠠᠷ ᠦᠢ᠍ᠯᠡᠳᠪᠦᠷᠢᠯᠡᠬᠦ ᠣᠯᠠᠨ᠂ ᠶᠡᠭᠡ᠎ᠪᠠᠷ ᠭᠠᠳᠠᠭᠰᠢ ᠭᠠᠷᠭ᠋ᠠᠬᠤ ᠶᠡᠭᠡ᠎ᠪᠠᠷ ᠭᠠᠳᠠᠨ᠎ᠠ᠎ᠠᠴᠠ ᠣᠷᠣᠭᠤᠯᠬᠤ ᠣᠯᠠᠨ᠂ ᠬᠤᠯᠠ ᠵᠠᠢ᠎ᠪᠠᠷ ᠲᠡᠭᠡᠭᠡᠪᠦᠷᠢᠯᠡᠬᠦ ᠣᠯᠠᠨ ᠵᠡᠷᠭᠡ ᠪᠣᠳᠠᠲᠠᠢ᠎ᠳᠤ ᠰᠠᠭᠤᠷᠢᠯᠠᠨ᠂ 《ᠨᠡᠪᠲᠡᠷᠡᠯ ᠵᠠᠮ + ᠵᠠᠩᠭᠢᠶᠠᠰᠤ + ᠲᠣᠣᠷ》᠎ᠤᠨ ᠣᠳᠣ ᠦᠶ᠎ᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠣᠷᠣᠨ ᠨᠤᠲᠤᠭ᠎ᠤᠨ ᠲᠣᠣᠷ ᠰᠦᠯᠵᠢᠶᠡᠨ᠎ᠤ ᠪᠠᠷᠠᠭ᠎ᠠ ᠲᠡᠭᠡᠭᠡᠪᠦᠷᠢᠯᠡᠬᠦ ᠲᠠᠪᠴᠠᠩᠲᠤ ᠠᠵᠤ ᠠᠬᠤᠶ᠋ᠢᠯᠠᠯ᠎ᠢ ᠪᠣᠶ᠋ᠢᠵᠢᠭᠤᠯᠵᠤ᠂ ᠣᠯᠠᠨ ᠬᠡᠯᠪᠡᠷᠢ᠎ᠪᠠᠷ ᠬᠤᠯᠪᠤᠭ᠋ᠠᠯᠠᠨ ᠲᠡᠭᠡᠭᠡᠪᠦᠷᠢᠯᠡᠬᠦ ᠵᠢ ᠲᠦᠷᠭᠡᠳᠬᠡᠨ ᠠᠬᠢᠭᠤᠯᠵᠤ᠂ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ᠎ᠨᠢ ᠪᠠᠭᠤᠷᠠᠭᠤᠯᠤᠨ᠂ ᠠᠵᠤ ᠠᠬᠤᠶ᠋ᠢᠯᠠᠯ᠎ᠢ ᠲᠡᠳᠬᠦᠨ᠂ ᠡᠵᠡᠩᠨᠡᠯᠲᠡ ᠵᠢᠨ ᠪᠠᠶ᠋ᠢᠳᠠᠯ᠎ᠢ᠎ᠨᠢ ᠬᠥᠭᠵᠢᠭᠦᠯᠬᠦ ᠮᠥᠷᠲᠡᠭᠡᠨ ᠠᠵᠢᠯ ᠣᠯᠭᠤᠯᠲᠠ ᠵᠢ ᠳᠠᠶ᠋ᠢᠴᠢᠯᠠᠨ᠂ ᠣᠷᠣᠯᠭ᠎ᠠ ᠵᠢ᠎ᠨᠢ ᠳᠡᠭᠡᠭᠰᠢᠯᠡᠭᠦᠯᠦᠨ᠎ᠡ᠃ ᠮᠥᠩᠭᠦᠨ ᠭᠦᠢ᠍ᠯᠭᠡᠭᠡ ᠪᠣᠯ ᠪᠣᠳᠠᠲᠤ ᠴᠣᠭᠴᠠ ᠵᠢᠨ ᠠᠵᠤ ᠠᠬᠤᠢ ᠵᠢᠨ ᠠᠮᠢᠨ ᠰᠤᠳᠠᠰᠤ᠂ ᠪᠣᠳᠠᠲᠤ ᠴᠣᠭᠴᠠ ᠵᠢᠨ ᠠᠵᠤ ᠠᠬᠤᠢ᠎ᠳᠤ ᠦᠢ᠍ᠯᠡᠴᠢᠯᠡᠬᠦ ᠪᠣᠯ ᠮᠥᠩᠭᠦᠨ ᠭᠦᠢ᠍ᠯᠭᠡᠭᠡᠨ᠎ᠤ ᠳᠠᠷᠬᠠᠨ ᠡᠭᠦᠷᠭᠡ ᠮᠥᠨ᠂ ᠮᠥᠩᠭᠦᠨ ᠭᠦᠢ᠍ᠯᠭᠡᠭᠡᠨ᠎ᠤ ᠦᠢ᠍ᠯᠡᠰ᠎ᠲᠤ ᠲᠣᠬᠢᠶᠠᠯᠳᠤᠭᠰᠠᠨ ᠴᠢᠬᠤᠯᠠ ᠶᠡᠭᠡ ᠬᠥᠭᠵᠢᠯᠲᠡ ᠵᠢᠨ ᠠᠵᠠ ᠲᠣᠬᠢᠶᠠᠯ᠎ᠢ ᠴᠢᠩᠭ᠎ᠠ ᠠᠳᠬᠤᠵᠤ ᠪᠠᠶ᠋ᠢᠭ᠋ᠠᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠦᠨ ᠭᠦᠢ᠍ᠯᠭᠡᠭᠡ᠂ ᠪᠣᠬᠢᠷᠳᠤᠯ ᠦᠭᠡᠢ ᠮᠥᠩᠭᠦᠨ ᠭᠦᠢ᠍ᠯᠭᠡᠭᠡ᠂ ᠲᠦᠭᠡᠮᠡᠯ ᠬᠠᠷᠠᠭ᠋ᠠᠯᠵᠠᠯᠲᠤ ᠮᠥᠩᠭᠦᠨ ᠭᠦᠢ᠍ᠯᠭᠡᠭᠡ᠂ ᠨᠠᠰᠤᠵᠢᠯ᠎ᠤᠨ ᠠᠰᠠᠷᠠᠮᠵᠢ ᠵᠢᠨ ᠮᠥᠩᠭᠦᠨ ᠭᠦᠢ᠍ᠯᠭᠡᠭᠡ᠂ ᠲᠣᠭ᠋ᠠᠵᠢᠯᠲᠣ ᠮᠥᠩᠭᠦᠨ ᠭᠦᠢ᠍ᠯᠭᠡᠭᠡ ᠲᠠᠪᠤᠨ ᠲᠣᠮᠣ ᠲᠦᠷᠦᠯ᠎ᠢ ᠬᠦᠴᠦ ᠣᠷᠣᠭᠤᠯᠤᠨ ᠰᠠᠶ᠋ᠢᠲᠤᠷ ᠬᠢᠵᠦ᠂ ᠲᠦᠷᠦᠯ ᠵᠦᠢ᠍ᠯ᠎ᠤᠨ ᠪᠡᠯᠡ ᠲᠣᠬᠢᠷᠠᠭᠤᠯᠬᠤ ᠠᠷᠭ᠎ᠠ ᠵᠠᠮ᠎ᠢ ᠤᠯᠠᠮ ᠨᠢᠭᠡ ᠠᠯᠬᠤᠮ ᠰᠢᠯᠤᠭᠤᠳᠬᠠᠵᠤ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠤᠭᠤᠳᠴᠤ ᠪᠠᠶ᠋ᠢᠭ᠋ᠠᠳ 《ᠲᠠᠪᠤᠨ ᠶᠡᠭᠡ ᠡᠭᠦᠷᠭᠡ》᠂ 《ᠵᠢᠷᠭᠤᠭ᠋ᠠᠨ ᠢᠨᠵᠧᠨᠧᠷᠢᠩ》᠎ᠢ ᠳᠡᠮᠵᠢᠬᠦ ᠡᠷᠴᠢᠮ᠎ᠢ᠎ᠨᠢ ᠴᠢᠩᠭ᠋ᠠᠷᠠᠭᠤᠯᠵᠤ᠂ ᠠᠵᠤ ᠦᠢ᠍ᠯᠡᠰ᠎ᠤᠨ ᠪᠡᠯᠡ ᠣᠷᠤᠭᠤᠯᠤᠯᠲᠠ ᠵᠢᠨ ᠰᠠᠭᠤᠷᠢ ᠮᠥᠩᠭᠦᠨ᠎ᠤ ᠴᠢᠳᠠᠮᠵᠢ ᠵᠢ ᠡᠮᠬᠢᠯᠡᠨ ᠨᠡᠶ᠋ᠢᠯᠡᠭᠦᠯᠵᠦ ᠰᠢᠯᠢᠳᠡᠭᠵᠢᠭᠦᠯᠦᠨ᠂ ᠬᠦᠬᠡᠬᠤᠲᠠ ᠵᠢᠨ ᠣᠷᠣᠨ ᠪᠦᠰᠡ ᠵᠢᠨ ᠴᠢᠨᠠᠷᠲᠠᠢ ᠮᠥᠩᠭᠦᠨ ᠭᠦᠢ᠍ᠯᠭᠡᠭᠡᠨ᠎ᠤ ᠲᠥᠪ᠎ᠢ ᠬᠦᠴᠦᠨ ᠵᠶ᠋ᠠᠨ ᠲᠥᠪᠯᠡᠷᠡᠭᠦᠯᠦᠨ ᠴᠣᠭᠴᠠᠯᠠᠵᠤ᠂ ᠠᠵᠤ ᠠᠬᠤᠶ᠋ᠢᠯᠠᠯ᠎ᠢ ᠰᠲ᠋ᠣᠺ᠎ᠤᠨ ᠵᠠᠬ᠎ᠠ᠎ᠳᠤ ᠭᠠᠷᠭ᠋ᠠᠬᠤ 《ᠲᠢᠶᠠᠨ ᠵᠢᠶᠦ᠋ᠨ ᠲᠥᠯᠥᠪᠯᠡᠭᠡ》 ᠵᠢ ᠭᠦᠨᠵᠡᠭᠡᠢ ᠬᠡᠷᠡᠭᠵᠢᠭᠦᠯᠦᠨ᠂ ᠠᠵᠤ ᠠᠬᠤᠶ᠋ᠢᠯᠠᠯ᠎ᠢ ᠣᠯᠠᠨ ᠳᠡᠰ ᠳᠠᠪᠬᠤᠷᠭ᠎ᠠ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠯᠦᠭᠡ ᠵᠠᠯᠭ᠋ᠠᠯᠳᠤᠭᠤᠯᠬᠤ ᠪᠠ ᠣᠯᠠᠨ ᠡᠰᠢᠵᠢᠭᠰᠡᠨ ᠪᠡᠯᠡ ᠲᠣᠬᠢᠷᠠᠭᠤᠯᠬᠤ ᠠᠵᠢᠯ ᠥᠷᠨᠢᠭᠦᠯᠬᠦ ᠵᠢ᠎ᠨᠢ ᠪᠦᠬᠦ ᠬᠦᠴᠦᠨ ᠵᠶ᠋ᠠᠷ ᠵᠶ᠋ᠠᠨ ᠠᠬᠢᠭᠤᠯᠵᠤ᠂ ᠮᠥᠩᠭᠦᠨ ᠭᠦᠢ᠍ᠯᠭᠡᠭᠡᠨ᠎ᠤ ᠡᠬᠢ ᠪᠠᠶᠠᠯᠢᠭ᠎ᠢ ᠳᠦᠬᠦᠷᠵᠢᠭᠦᠯᠦᠨ ᠲᠣᠬᠢᠷᠠᠭᠤᠯᠬᠤ ᠠᠰᠢᠭᠯᠠᠮᠵᠢ ᠪᠣᠯᠣᠨ ᠴᠢᠳᠠᠪᠤᠷᠢ ᠵᠢ᠎ᠨᠢ ᠳᠡᠭᠡᠭᠰᠢᠯᠡᠭᠦᠯᠦᠨ᠂ ᠮᠥᠩᠭᠦᠨ ᠭᠦᠢ᠍ᠯᠭᠡᠭᠡᠨ᠎ᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ᠃
(ᠵᠢᠷᠭᠤᠭ᠎ᠠ) ᠭᠤᠶ᠋ᠢᠪᠢᠰᠢ ᠦᠭᠡᠢ᠎ᠪᠠᠷ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠨᠡᠭᠡᠭᠡᠯᠲᠡ ᠬᠢᠬᠦ ᠵᠢ ᠥᠷᠭᠡᠳᠬᠡᠨ᠎ᠡ ᠃ ᠣᠳᠣᠬᠢ ᠥᠪᠥᠷ ᠮᠣᠩᠭᠤᠯ᠎ᠳᠤ ᠠᠪᠴᠤ ᠬᠡᠯᠡᠪᠡᠯ ᠤᠯᠠᠮ ᠨᠢᠭᠡ ᠠᠯᠬᠤᠮ ᠦᠵᠡᠯ ᠰᠠᠨᠠᠭ᠎ᠠ᠎ᠪᠠᠨ ᠴᠢᠯᠦᠭᠡᠯᠡᠬᠦ᠂ ᠥᠭᠡᠷᠡᠴᠢᠯᠡᠯᠲᠡ ᠨᠡᠭᠡᠭᠡᠯᠲᠡ ᠬᠢᠬᠦ ᠪᠠ ᠤᠯᠠᠮ ᠨᠢᠭᠡ ᠠᠯᠬᠤᠮ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠂ ᠨᠡᠶ᠋ᠢᠭᠡᠮ᠎ᠤᠨ ᠡᠭᠦᠳᠦᠨ ᠪᠦᠲᠦᠭᠡᠬᠦ ᠴᠢᠳᠠᠪᠤᠷᠢ ᠵᠢ ᠬᠥᠭᠵᠢᠭᠡᠬᠦ ᠵᠢ ᠥᠩᠭᠡᠷᠡᠭᠰᠡᠨ᠎ᠤ ᠠᠯᠢ ᠴᠤ᠌ ᠴᠠᠭ ᠦᠶ᠎ᠡ᠎ᠠᠴᠠ ᠢᠯᠡᠭᠦᠦ ᠲᠤᠯᠭ᠋ᠠᠮ ᠱᠠᠭ᠋ᠠᠷᠳᠠᠵᠤ ᠪᠠᠶ᠋ᠢᠨ᠎ᠠ᠃
ᠦᠵᠡᠯᠲᠡ᠎ᠪᠠᠨ ᠬᠤᠪᠢᠷᠠᠭᠤᠯᠬᠤ᠂ ᠬᠥᠭᠵᠢᠯᠲᠡ ᠵᠢᠨ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠲᠠᠯ᠎ᠠ᠎ᠪᠠᠷ ᠵᠣᠷᠢᠭᠲᠠᠢ ᠬᠢᠵᠦ ᠠᠵᠢᠯᠯᠠᠬᠤ ᠬᠡᠷᠡᠭᠲᠡᠢ᠃ ᠣᠳᠣ ᠮᠠᠨ᠎ᠤ ᠣᠷᠣᠨ᠎ᠤ ᠬᠥᠭᠵᠢᠯᠲᠡ ᠵᠢᠨ ᠪᠠᠶ᠋ᠢᠳᠠᠯ ᠨᠡᠯᠢᠶᠡᠳ ᠰᠠᠶ᠋ᠢᠨ ᠪᠠᠶ᠋ᠢᠵᠤ᠂ ᠨᠡᠶ᠋ᠢᠭᠡᠮ ᠳᠠᠶᠠᠭ᠋ᠠᠷ᠎ᠤᠨ ᠴᠥᠭᠡᠨ ᠪᠤᠰᠤ ᠮᠠᠭᠲᠠᠭ᠋ᠠᠯ ᠰᠠᠶ᠋ᠢᠰᠢᠶᠠᠯ᠎ᠢ ᠣᠯᠪᠠ᠂ ᠭᠡᠪᠡᠴᠦ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠬᠤ ᠭᠡᠪᠡᠯ ᠡᠷᠬᠡᠪᠰᠢ ᠦᠵᠡᠯᠲᠡ᠎ᠪᠠᠨ ᠬᠤᠪᠢᠷᠠᠭᠤᠯᠬᠤ ᠲᠠᠯ᠎ᠠ᠎ᠪᠠᠷ ᠪᠠᠰᠠ ᠬᠦᠴᠦ ᠣᠷᠤᠭᠤᠯᠬᠤ ᠬᠡᠷᠡᠭᠲᠡᠢ᠃ ᠪᠦᠬᠦ ᠤᠯᠤᠰ᠎ᠤᠨ ᠲᠡᠷᠢᠭᠦᠨ᠎ᠤ᠎ᠬᠢ᠎ᠲᠠᠢ ᠵᠣᠷᠢᠭᠲᠠᠢ᠎ᠪᠠᠷ ᠬᠠᠷᠢᠴᠠᠭᠤᠯᠵᠤ᠂ ᠵᠣᠷᠢᠭᠲᠠᠢ ᠰᠤᠷᠤᠯᠴᠠᠨ ᠲᠣᠯᠢᠳᠠᠵᠤ᠂ ᠬᠥᠭᠵᠢᠭᠰᠡᠨ ᠭᠠᠵᠠᠷ ᠣᠷᠣᠨ᠎ᠤ᠎ᠬᠢᠨ ᠬᠢᠵᠦ ᠳᠡᠶ᠋ᠢᠯᠬᠦ ᠪᠦᠬᠦᠨ᠎ᠢ ᠪᠢᠳᠡ ᠪᠠᠰᠠ ᠬᠢᠵᠦ ᠳᠡᠶ᠋ᠢᠯᠬᠦ ᠶᠣᠰᠣᠲᠠᠢ᠂ ᠣᠷᠣᠨ ᠳᠠᠶᠠᠭ᠋ᠠᠷ ᠵᠶ᠋ᠠᠨ ᠬᠦᠴᠦ᠎ᠪᠠᠨ ᠬᠠᠮᠲᠤᠳᠬᠠᠨ᠂ 《ᠪᠡᠯᠡ ᠣᠷᠣᠭᠤᠯᠤᠯᠲᠠ ᠵᠢᠨ ᠥᠪᠥᠷ ᠮᠣᠩᠭᠤᠯ》 ᠨᠡᠷᠡᠲᠦ ᠲᠡᠮᠳᠡᠭ᠎ᠢ ᠬᠠᠮᠲᠤ᠎ᠪᠠᠷ ᠴᠢᠷᠮᠠᠶ᠋ᠢᠨ ᠠᠯᠳᠠᠷᠰᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠠᠴᠠ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ᠎ᠢ ᠳᠤᠷᠠᠳᠴᠤ᠂ ᠡᠯ᠎ᠡ ᠱᠠᠲᠤᠨ᠎ᠤ ᠵᠠᠰᠠᠭ᠎ᠤᠨ ᠣᠷᠳᠣᠨ ᠲᠦᠷᠦᠭᠦᠯᠡᠨ ᠢᠲᠡᠭᠡᠮᠵᠢ ᠵᠢ ᠡᠷᠬᠢᠮᠯᠡᠨ᠂ ᠬᠡᠯᠡᠭᠰᠡᠨ᠎ᠳᠤ᠎ᠪᠠᠨ ᠰᠠᠭᠤᠵᠤ᠂ ᠬᠤᠳᠠᠯᠳᠤᠭ᠋ᠠᠴᠢᠨ ᠤᠷᠢᠵᠤ ᠪᠡᠯᠡ ᠣᠷᠤᠭᠤᠯᠬᠤ᠎ᠳᠤ ᠠᠮᠠᠯᠳᠠᠭᠰᠠᠨ ᠵᠦᠢ᠍ᠯ ᠵᠶ᠋ᠠᠨ ᠡᠰᠡ ᠪᠡᠶᠡᠯᠡᠭᠦᠯᠬᠦ᠂ ᠠᠵᠤ ᠠᠬᠤᠶ᠋ᠢᠯᠠᠯ᠎ᠳᠤ ᠬᠠᠷᠠᠭ᠋ᠠᠯᠵᠠᠯ ᠦᠵᠡᠭᠦᠯᠬᠦ ᠲᠥᠷᠥ ᠵᠢᠨ ᠪᠣᠳᠣᠯᠭ᠎ᠠ᠎ᠪᠠᠨ ᠡᠰᠡ ᠪᠣᠳᠠᠲᠠᠶ᠋ᠢᠵᠢᠭᠤᠯᠬᠤ ᠵᠡᠷᠭᠡ ᠦᠢ᠍ᠯᠡ ᠠᠵᠢᠯᠯᠠᠭ᠎ᠠ ᠵᠢ ᠡᠷᠡᠰ ᠵᠠᠰᠠᠵᠤ ᠵᠠᠯᠠᠷᠠᠭᠤᠯᠤᠨ᠂ ᠥᠪᠥᠷ ᠮᠣᠩᠭᠤᠯ᠎ᠳᠤ ᠠᠵᠢᠯ ᠶᠠᠪᠤᠳᠠᠯ ᠭᠦᠢ᠍ᠴᠡᠳᠬᠡᠬᠦ᠎ᠳᠤ 《ᠳᠦᠷᠢᠮ᠎ᠢ ᠦᠨᠳᠦᠰᠦᠯᠡᠬᠦ᠎ᠠᠴᠠ ᠪᠢᠰᠢ ᠬᠠᠷᠢᠴᠠᠭ᠎ᠠ᠎ᠳᠤ ᠲᠦᠰᠢᠭᠯᠡᠬᠦ ᠦᠭᠡᠢ》 ᠨᠡᠶ᠋ᠢᠭᠡᠮ᠎ᠤᠨ ᠣᠷᠴᠢᠨ ᠠᠬᠤᠢ᠎ᠲᠠᠢ᠂ ᠲᠦᠷᠦᠯ ᠵᠦᠢ᠍ᠯ ᠣᠷᠤᠭᠤᠯᠬᠤ᠎ᠳᠤ 《ᠠᠮᠠᠯᠠᠯᠲᠠ ᠵᠢᠨ ᠳᠦᠷᠢᠮ + ᠪᠦᠬᠦᠨ᠎ᠢ ᠣᠷᠣᠯᠠᠨ ᠭᠦᠢ᠍ᠴᠡᠳᠬᠡᠬᠦ》 ᠰᠢᠯᠢᠳᠡᠭ ᠦᠢ᠍ᠯᠡᠴᠢᠯᠡᠭᠡ᠎ᠲᠠᠢ᠂ 《ᠰᠢᠨ᠎ᠡ ᠲᠤᠰᠢᠶᠠᠯᠲᠠᠨ᠎ᠨᠢ ᠴᠦ᠍ ᠬᠠᠭᠤᠴᠢᠨ ᠳᠠᠩᠰᠠ ᠵᠢ ᠬᠠᠮᠢᠶᠠᠷᠬᠤ》 ᠢᠷᠡᠭᠡᠳᠦᠢ ᠵᠢᠨ ᠲᠣᠭᠲᠠᠭᠤᠨ ᠵᠢᠱ᠌ᠢᠯᠲᠡ᠎ᠲᠠᠢ ᠪᠣᠯᠭ᠋ᠠᠵᠤ᠂ ᠬᠤᠳᠠᠯᠳᠤᠭ᠋ᠠᠴᠢᠨ᠎ᠢ ᠰᠠᠨᠠᠭ᠎ᠠ ᠠᠮᠤᠷ ᠪᠠᠶ᠋ᠢᠯᠭ᠋ᠠᠬᠤ ᠬᠤᠳᠠᠯᠳᠤᠭ᠋ᠠᠴᠢᠨ᠎ᠢ ᠳᠣᠲᠣᠨᠣᠴᠢᠯᠠᠬᠤ ᠬᠤᠳᠠᠯᠳᠤᠭ᠋ᠠᠴᠢᠨ᠎ᠢ ᠪᠠᠶᠠᠵᠢᠭᠤᠯᠬᠤ ᠵᠢ ᠤᠮᠠᠷᠠᠲᠤ ᠬᠢᠯᠢ ᠣᠷᠣᠨ᠎ᠳᠤ ᠠᠮᠢᠳᠤᠯᠢᠭ ᠪᠣᠳᠠᠲᠤ ᠠᠬᠤᠢ ᠪᠣᠯᠭ᠋ᠠᠨ᠎ᠠ᠃ ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ 4.0 ᠪᠠᠷᠯᠠᠯ᠎ᠤᠨ ᠲᠥᠰᠥᠯ᠎ᠢ ᠨᠡᠶ᠋ᠢᠲᠡᠯᠡᠵᠦ᠂ ᠪᠦᠬᠦ ᠣᠷᠣᠨ᠎ᠤ ᠨᠢᠭᠡ ᠴᠣᠭᠴᠠᠵᠢᠭᠤᠯᠤᠭᠰᠠᠨ ᠳ᠋ᠠᠶ᠋ᠢᠲ᠋ᠠ ᠵᠢᠨ ᠲᠠᠪᠴᠠᠩ᠎ᠤᠨ ᠪᠠᠶ᠋ᠢᠭᠤᠯᠤᠯᠲᠠ ᠵᠢ ᠲᠦᠷᠭᠡᠳᠬᠡᠨ᠂ 《ᠥᠨᠳᠥᠷ ᠪᠦᠲᠦᠮᠵᠢᠲᠡᠢ᠎ᠪᠠᠷ ᠨᠢᠭᠡ ᠶᠠᠪᠤᠳᠠᠯ᠎ᠢ ᠭᠦᠢ᠍ᠴᠡᠳᠬᠡᠬᠦ》 ᠵᠢᠨ 13 ᠢᠵᠢ ᠦᠢ᠍ᠯᠡᠴᠢᠯᠡᠭᠡ ᠭᠠᠷᠭ᠋ᠠᠵᠤ᠂ 《ᠪᠦᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 150 ᠵᠦᠢ᠍ᠯ ᠰᠢᠨ᠎ᠡ᠎ᠪᠠᠷ ᠨᠡᠮᠡᠭᠳᠡᠭᠦᠯᠦᠨ᠎ᠡ; ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠲᠤᠬᠠᠶ᠋ᠢᠯᠠᠭᠰᠠᠨ ᠠᠵᠢᠯ ᠤᠨ ᠭᠤᠣᠯᠯᠠᠬᠤ ᠬᠦᠴᠦᠨ ᠪᠠ ᠣᠷᠣᠯᠠᠨ ᠭᠦᠢ᠍ᠴᠡᠳᠬᠡᠬᠦ ᠦᠢ᠍ᠯᠡᠴᠢᠯᠡᠭᠡᠨ᠎ᠤ ᠬᠦᠴᠦᠨ᠎ᠢ ᠲᠡᠭᠦᠯᠳᠡᠷᠵᠢᠭᠦᠯᠵᠦ᠂ ᠠᠵᠢᠯ ᠶᠠᠪᠤᠳᠠᠯ ᠭᠦᠢ᠍ᠴᠡᠳᠬᠡᠬᠦ ᠦᠷ᠎ᠡ ᠪᠦᠲᠦᠮᠵᠢ ᠪᠠ ᠲᠤᠰᠬᠠᠶ᠋ᠢᠵᠢᠭᠰᠠᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃
ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠮᠵᠢᠬᠦ ᠲᠠᠯ᠎ᠠ᠎ᠪᠠᠷ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠡᠯ᠎ᠡ ᠲᠦᠷᠦᠯ᠎ᠤᠨ ᠠᠵᠤ ᠠᠬᠤᠶ᠋ᠢᠯᠠᠯ᠎ᠤᠨ ᠥᠪᠥᠷ ᠮᠣᠩᠭᠤᠯ᠎ᠳᠤ ᠥᠷᠨᠢᠩᠭᠦᠢ᠎ᠪᠠᠷ ᠬᠥᠭᠵᠢᠬᠦ ᠵᠢ ᠳᠡᠮᠵᠢᠬᠦ᠎ᠨᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ ᠠᠯᠢ᠎ᠨᠢ ᠴᠦ᠍ ᠭᠡᠰᠡᠨ ᠦᠭᠡᠢ᠂ ᠬᠦᠴᠢᠷᠳᠡᠯ ᠲᠤᠯᠭ᠋ᠠᠷᠠᠪᠠᠯ ᠪᠢᠳᠡ ᠪᠦᠷ ᠴᠢᠳᠠᠯ᠎ᠤᠨ ᠬᠢᠷᠢ᠎ᠪᠠᠷ ᠵᠶ᠋ᠠᠨ ᠬᠠᠪᠰᠤᠷᠴᠤ᠂ ᠠᠰᠠᠭᠤᠳᠠᠯ ᠲᠣᠬᠢᠶᠠᠯᠳᠤᠪᠠᠯ ᠪᠢᠳᠡ ᠪᠦᠷ ᠦᠨᠡᠨ ᠪᠣᠳᠠᠲᠠᠢ ᠰᠢᠢ᠍ᠳᠪᠦᠷᠢᠯᠡᠵᠦ ᠥᠭᠬᠦ ᠬᠡᠷᠡᠭᠲᠡᠢ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠰᠢᠨ᠎ᠡ ᠨᠢᠭᠡ ᠡᠭᠡᠯᠵᠢ ᠵᠢᠨ ᠥᠭᠡᠷᠡᠴᠢᠯᠡᠯᠲᠡ ᠵᠢᠨ 《ᠪᠦᠰᠡᠯᠡᠯᠲᠡ ᠰᠢᠪᠲᠤᠯᠬᠤ》 ᠠᠵᠢᠯᠯᠠᠭ᠋ᠠᠨ᠎ᠢ ᠥᠷᠨᠢᠭᠦᠯᠵᠦ᠂ ᠪᠤᠭᠤᠲᠤ ᠵᠢᠨ ᠪᠣᠯᠣᠳ ᠲᠡᠮᠦᠷ᠂ ᠴᠠᠬᠢᠯᠭ᠋ᠠᠨ ᠬᠦᠴᠦᠨ᠂ ᠥᠪᠥᠷ ᠮᠣᠩᠭᠤᠯ᠎ᠤᠨ ᠡᠨᠧᠷᠬᠢ᠂ ᠵᠠᠮ ᠬᠠᠷᠢᠯᠴᠠᠭ᠎ᠠ᠂ ᠣᠢ ᠰᠢᠭᠤᠢ ᠵᠢᠨ ᠠᠵᠤ ᠦᠢ᠍ᠯᠡᠳᠪᠦᠷᠢ᠂ ᠣᠯᠠᠨ ᠤᠯᠤᠰ᠎ᠤᠨ ᠠᠷᠠᠯᠵᠢᠶ᠎ᠠ᠂ ᠣᠢ ᠰᠢᠭᠤᠢ ᠨᠤᠲᠤᠭ ᠪᠡᠯᠴᠢᠭᠡᠷ᠂ ᠰᠣᠶᠣᠯ ᠵᠢᠭᠤᠯᠴᠢᠯᠠᠯ ᠵᠡᠷᠭᠡ ᠨᠢᠷᠤᠭᠤᠪᠴᠢ ᠠᠵᠤ ᠠᠬᠤᠶ᠋ᠢᠯᠠᠯ᠎ᠢ ᠪᠤᠵᠠᠭ᠋ᠠᠶ᠋ᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠵᠢ ᠠᠬᠢᠭᠤᠯᠵᠤ᠂ ᠭᠠᠵᠠᠷ ᠰᠢᠨᠵᠢᠯᠡᠭᠡ ᠠᠭᠤᠷᠬᠠᠢ ᠵᠢᠨ ᠭᠠᠷᠤᠯᠲᠠ᠂ ᠨᠡᠭᠦᠷᠡᠰᠦᠨ ᠠᠭᠤᠷᠬᠠᠢ ᠵᠢᠨ ᠬᠠᠶ᠋ᠢᠨ ᠪᠠᠶ᠋ᠢᠴᠠᠭ᠋ᠠᠯᠲᠠ᠂ ᠥᠩᠭᠡᠲᠦ ᠲᠡᠮᠦᠷᠯᠢᠭ᠎ᠤᠨ ᠠᠵᠤ ᠠᠬᠤᠶ᠋ᠢᠯᠠᠯ ᠤᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶ᠋ᠢᠭᠤᠯᠬᠤ ᠵᠢ ᠲᠦᠷᠭᠡᠳᠬᠡᠨ᠂ ᠠᠶ᠋ᠢᠮᠠᠭ ᠬᠤᠲᠠ᠂ ᠬᠤᠰᠢᠭᠤ ᠰᠢᠶᠠᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠯᠳᠠᠭᠳᠠᠯ᠎ᠲᠠᠢ ᠠᠵᠤ ᠠᠬᠤᠶ᠋ᠢᠯᠠᠯ ᠢ ᠪᠤᠴᠠᠭ᠋ᠠᠨ ᠭᠠᠷᠭ᠋ᠠᠬᠤ ᠲᠣᠭᠲᠠᠴᠠ ᠵᠢ ᠪᠠᠶ᠋ᠢᠭᠤᠯᠵᠤ᠂ ᠨᠡᠩ ᠣᠯᠠᠨ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠰᠢᠨ᠎ᠡ ᠠᠮᠢᠵᠢᠷᠠᠯ᠎ᠤᠨ ᠬᠦᠴᠦᠨ᠎ᠢ᠎ᠨᠢ ᠬᠥᠭᠵᠢᠭᠡᠨ ᠥᠷᠢᠰᠦᠯᠳᠦᠬᠦ ᠬᠦᠴᠦᠨ᠎ᠢ᠎ᠨᠢ ᠳᠡᠭᠡᠭᠰᠢᠯᠡᠭᠦᠯᠦᠨ᠎ᠡ᠃ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢ ᠴᠢᠩ ᠰᠡᠳᠬᠢᠯ᠎ᠠᠴᠠ᠎ᠪᠠᠨ ᠳᠡᠮᠵᠢᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠠ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠳᠤ ᠠᠳᠠᠯᠢᠬᠠᠨ ᠬᠠᠨᠳᠤᠵᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠬᠠᠮᠤᠭ᠎ᠤᠨ ᠥᠨᠳᠥᠷ ᠪᠠᠷᠢᠮᠵᠢᠶ᠎ᠠ᠎ᠪᠠᠷ ᠨᠠᠶ᠋ᠢᠳᠠᠪᠤᠷᠢᠵᠢᠭᠤᠯᠵᠤ᠂ ᠵᠠᠰᠠᠭ᠎ᠤᠨ ᠣᠷᠳᠣᠨ ᠬᠤᠳᠠᠯᠳᠤᠨ ᠠᠪᠬᠤ᠎ᠳᠤ᠎ᠪᠠᠨ ᠵᠣᠬᠢᠬᠤ ᠬᠠᠷᠢᠴᠠᠯ᠎ᠤᠨ ᠲᠤᠭ᠎ᠠ ᠨᠣᠷᠮ᠎ᠠ ᠵᠢ ᠲᠤᠰᠬᠠᠶ᠋ᠢᠯᠠᠨ ᠳᠤᠮᠳᠠ ᠵᠢᠵᠢᠭ ᠠᠵᠤ ᠠᠬᠤᠶ᠋ᠢᠯᠠᠯ᠎ᠳᠤ ᠬᠠᠨᠳᠤᠭᠤᠯᠤᠨ᠂ ᠥᠷᠢᠲᠦᠵᠦ ᠪᠠᠶ᠋ᠢᠭ᠎ᠠ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠳᠠᠩᠰᠠᠨ᠎ᠳᠠᠬᠢ ᠵᠣᠭᠤᠰ᠎ᠢ ᠪᠠᠶ᠋ᠢᠩᠭᠤᠵᠢᠭᠤᠯᠤᠭᠰᠠᠨ ᠲᠣᠭᠲᠠᠴᠠ ᠪᠠᠶ᠋ᠢᠭᠤᠯᠵᠤ ᠪᠠᠶ᠋ᠢᠭ᠋ᠠᠳ ᠲᠥᠯᠥᠵᠦ ᠳᠠᠭᠤᠰᠬᠠᠨ᠂ ᠤᠳᠠᠭ᠋ᠠᠨ ᠥᠷᠢᠲᠦᠵᠦ ᠤᠳᠠᠭ᠋ᠠᠰᠢᠷᠠᠭᠤᠯᠤᠨ ᠰᠢᠢ᠍ᠳᠪᠦᠷᠢᠯᠡᠬᠦ ᠦᠭᠡᠢ ᠪᠠᠶ᠋ᠢᠭ᠎ᠠ ᠨᠢᠭᠡ ᠪᠦᠯᠦᠭ ᠠᠵᠤ ᠠᠬᠤᠶ᠋ᠢᠯᠠᠯ᠎ᠳᠤ ᠬᠤᠯᠪᠣᠭᠳᠠᠭᠰᠠᠨ ᠬᠡᠷᠡᠭ᠎ᠢ ᠲᠥᠪᠯᠡᠷᠡᠭᠦᠯᠦᠨ ᠢᠯᠭ᠋ᠠᠷᠠᠭᠤᠯᠵᠤ᠂ ᠮᠡᠷᠭᠡᠵᠢᠯ ᠵᠶ᠋ᠠᠷ ᠰᠠᠶ᠋ᠢᠨ᠂ ᠪᠦᠲᠦᠭᠡᠭᠳᠡᠬᠦᠨ ᠵᠶ᠋ᠠᠷ ᠰᠠᠶ᠋ᠢᠨ ᠠᠵᠤ ᠠᠬᠤᠶ᠋ᠢᠯᠠᠯ᠎ᠢ ᠣᠷᠣᠰᠢᠨ ᠲᠣᠭᠲᠠᠨᠢᠭᠤᠯᠵᠤ᠂ ᠰᠠᠶ᠋ᠢᠲᠤᠷ ᠡᠵᠡᠩᠨᠡᠭᠦᠯᠬᠦ᠎ᠪᠠᠷ ᠴᠢᠷᠮᠠᠶ᠋ᠢᠬᠤ ᠬᠡᠷᠡᠭᠲᠡᠢ᠃ ᠡᠵᠡᠩᠨᠡᠯᠲᠡ ᠵᠢᠨ ᠭᠤᠣᠯ ᠴᠣᠭᠴᠠ ᠵᠢ 30 ᠲᠦᠮᠡᠨ ᠡᠷᠦᠬᠡ᠎ᠠᠴᠠ ᠳᠡᠭᠡᠭᠰᠢ ᠰᠢᠨ᠎ᠡ᠎ᠪᠠᠷ ᠪᠠᠶ᠋ᠢᠭᠤᠯᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠢ 4000᠎ᠠᠴᠠ ᠳᠡᠭᠡᠭᠰᠢ᠎ᠳᠤ ᠬᠦᠷᠭᠡᠬᠦ᠎ᠪᠠᠷ ᠴᠢᠷᠮᠠᠶ᠋ᠢᠨ᠎ᠠ᠃
ᠨᠡᠭᠡᠭᠡᠯᠲᠡ ᠬᠢᠬᠦ ᠵᠢ ᠨᠡᠩ ᠰᠥᠰᠥ ᠵᠣᠷᠢᠭᠲᠠᠢ᠎ᠪᠠᠷ ᠠᠬᠢᠭᠤᠯᠤᠨ᠎ᠠ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠨᠠᠢ᠍ᠮᠠᠨ ᠵᠦᠢ᠍ᠯ᠎ᠤᠨ ᠠᠵᠢᠯᠯᠠᠭ᠋ᠠᠨ ᠵᠶ᠋ᠠᠷ ᠠᠵᠠ ᠳᠣᠬᠢᠶᠠᠯ ᠪᠣᠯᠭ᠋ᠠᠵᠤ᠂ ᠳᠤᠮᠳᠠᠳᠤ ᠮᠣᠩᠭᠤᠯ ᠣᠷᠣᠰ᠎ᠤᠨ ᠠᠵᠤ ᠠᠬᠤᠢ ᠵᠢᠨ ᠬᠤᠩᠭᠢᠯ᠎ᠢ ᠪᠦᠲᠦᠭᠡᠨ ᠪᠠᠶ᠋ᠢᠭᠤᠯᠬᠤ᠎ᠪᠠᠷ ᠭᠤᠣᠯᠳᠠᠯᠭ᠎ᠠ ᠪᠣᠯᠭ᠋ᠠᠨ᠂ ᠨᠡᠩ ᠥᠷᠭᠡᠨ ᠬᠡᠪᠴᠢᠶᠡᠨ᠎ᠤ᠂ ᠨᠡᠩ ᠣᠯᠠᠨ ᠬᠦᠷᠢᠶ᠎ᠡ ᠴᠠᠷᠠᠭ᠋ᠠᠨ᠎ᠤ᠂ ᠨᠡᠩ ᠭᠦᠨ ᠳᠠᠪᠬᠤᠷᠭ᠎ᠠ ᠵᠢᠨ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠤᠨ᠎ᠠ᠃ ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠶ᠋ᠢᠭᠤᠯᠬᠤ ᠢᠨᠵᠧᠨᠧᠷᠢᠩ᠎ᠢ ᠡᠨᠡ ᠵᠢᠯ᠎ᠤᠨ ᠨᠡᠭᠡᠭᠡᠯᠲᠡ ᠬᠢᠬᠦ ᠠᠵᠢᠯ᠎ᠤᠨ ᠲᠡᠷᠢᠭᠦᠨ ᠴᠢᠬᠤᠯᠠ ᠶᠠᠪᠤᠳᠠᠯ ᠪᠣᠯᠭ᠋ᠠᠵᠤ᠂ ᠳᠦᠷᠢᠮ᠎ᠳᠤ ᠰᠢᠨ᠎ᠡ ᠵᠢ ᠡᠭᠦᠳᠬᠦ ᠡᠷᠴᠢᠮ ᠵᠶ᠋ᠠᠨ ᠴᠢᠩᠭ᠋ᠠᠷᠠᠭᠤᠯᠵᠤ᠂ ᠨᠢᠭᠡ ᠪᠦᠯᠦᠭ ᠰᠠᠭᠤᠷᠢᠯᠠᠬᠤ ᠴᠢᠨᠠᠷᠲᠠᠢ ᠥᠭᠡᠷᠡᠴᠢᠯᠡᠯᠲᠡ ᠵᠢᠨ ᠵᠦᠢ᠍ᠯᠡᠰ ᠪᠠ ᠥᠨᠳᠥᠷ ᠲᠦᠪᠰᠢᠨ ᠪᠦᠬᠦᠢ ᠨᠡᠭᠡᠭᠡᠯᠲᠡ ᠵᠢᠨ ᠠᠷᠭ᠎ᠠ ᠬᠡᠮᠵᠢᠶ᠎ᠡ ᠵᠢ ᠲᠦᠷᠭᠡᠳᠬᠡᠨ ᠭᠠᠷᠭ᠋ᠠᠵᠤ᠂ ᠡᠭᠦᠳᠦᠨ ᠪᠦᠲᠦᠭᠡᠬᠦ ᠠᠵᠢᠯ ᠦᠨᠡᠨ ᠪᠣᠳᠠᠲᠠᠢ ᠠᠬᠢᠯᠲᠠ᠎ᠲᠠᠢ ᠪᠣᠯᠬᠤ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠤᠨ᠎ᠠ᠃ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠴᠤᠪᠤᠭ᠎ᠠ ᠲᠡᠷᠭᠡᠨ᠎ᠤ ᠪᠠᠭᠲᠠᠭ᠋ᠠᠮᠵᠢ ᠵᠢ᠎ᠨᠢ ᠥᠷᠭᠡᠳᠬᠡᠨ ᠴᠢᠨᠠᠷ᠎ᠢ᠎ᠨᠢ ᠳᠡᠭᠡᠭᠰᠢᠯᠡᠭᠦᠯᠬᠦ ᠵᠢ ᠠᠬᠢᠭᠤᠯᠵᠤ᠂ ᠮᠠᠨᠵᠤᠤᠷ ᠡᠷᠢᠶᠡᠨ ᠬᠤᠲᠠ ᠵᠢᠨ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠴᠤᠪᠤᠭ᠎ᠠ ᠲᠡᠷᠭᠡᠨ᠎ᠤ ᠰᠠᠭᠤᠷᠢᠨ ᠭᠠᠵᠠᠷ ᠪᠠ ᠬᠦᠬᠡᠬᠤᠲᠠ ᠤᠯᠠᠭ᠋ᠠᠨᠴᠠᠪ᠎ᠤᠨ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠴᠤᠪᠤᠭ᠎ᠠ ᠲᠡᠷᠭᠡᠨ᠎ᠤ ᠲᠥᠪᠯᠡᠷᠡᠭᠦᠯᠵᠦ ᠬᠤᠪᠢᠶᠠᠷᠢᠯᠠᠬᠤ ᠲᠥᠪ᠎ᠢ ᠲᠦᠷᠭᠡᠳᠬᠡᠨ ᠪᠠᠶ᠋ᠢᠭᠤᠯᠵᠤ᠂ ᠣᠶᠤᠨᠲᠤ ᠪᠣᠭᠤᠮᠲᠠ᠂ ᠣᠶᠤᠨᠲᠤ ᠬᠢᠯᠢ ᠵᠢᠨ ᠪᠣᠭᠤᠮᠲᠠ ᠵᠢ ᠴᠣᠭᠴᠠᠯᠠᠵᠤ᠂ ᠣᠷᠣᠨ᠎ᠠᠴᠠ ᠡᠬᠢᠯᠡᠵᠦ ᠠᠶᠠᠯᠠᠬᠤ ᠡᠭᠡᠯᠵᠢ ᠵᠢᠨ ᠴᠤᠪᠤᠭ᠎ᠠ ᠲᠡᠷᠭᠡᠨ᠎ᠤ ᠶᠡᠷᠦᠩᠬᠡᠢ ᠬᠡᠮᠵᠢᠶ᠎ᠡ ᠵᠢ 10%᠎ᠠᠴᠠ ᠳᠡᠭᠡᠭᠰᠢ ᠨᠡᠮᠡᠭᠳᠡᠭᠦᠯᠬᠦ᠎ᠪᠠᠷ ᠴᠢᠷᠮᠠᠶ᠋ᠢᠨ᠎ᠠ᠃ 《ᠭᠠᠷ ᠳᠠᠮᠵᠢᠪᠠᠴᠤ ᠠᠰᠢᠭ ᠬᠦᠷᠲᠡᠬᠦ ᠦᠭᠡᠢ》 ᠠᠰᠠᠭᠤᠳᠠᠯ᠎ᠢ ᠬᠦᠴᠦ ᠣᠷᠣᠭᠤᠯᠤᠨ ᠦᠷᠭᠦᠯᠵᠢᠯᠡᠨ ᠰᠢᠢ᠍ᠳᠪᠦᠷᠢᠯᠡᠵᠦ᠂ ᠵᠡᠰ᠂ ᠲᠡᠮᠦᠷ᠂ ᠨᠡᠭᠦᠷᠡᠰᠦ᠂ ᠮᠣᠳᠣᠨ ᠮᠠᠲ᠋ᠧᠷᠢᠶᠠᠯ᠂ ᠠᠮᠤ ᠪᠤᠳᠠᠭ᠎ᠠ ᠵᠡᠷᠭᠡ ᠭᠠᠳᠠᠭ᠋ᠠᠳᠤ᠎ᠠᠴᠠ ᠣᠷᠤᠭᠤᠯᠬᠤ ᠭᠤᠣᠯ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠢᠳᠡᠪᠬᠢᠲᠡᠢ ᠬᠥᠭᠵᠢᠭᠦᠯᠦᠨ᠂ ᠳᠤᠮᠳᠠᠳᠤ ᠮᠣᠩᠭᠤᠯ᠎ᠤᠨ ᠡᠷᠢᠶᠡᠨ ᠬᠤᠲᠠ — ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠂ ᠬᠢᠯᠢ ᠠᠯᠤᠰᠯᠠᠭᠰᠠᠨ ᠵᠢᠭᠤᠯᠴᠢᠯᠠᠯ᠎ᠤᠨ ᠬᠠᠮᠲᠤᠷᠠᠯᠴᠠᠭ᠋ᠠᠨ᠎ᠤ ᠣᠷᠣᠨ ᠵᠶ᠋ᠠᠷ ᠵᠥᠪᠰᠢᠶᠡᠷᠡᠭᠳᠡᠬᠦ ᠵᠢ ᠠᠬᠢᠭᠤᠯᠵᠤ᠂ ᠮᠠᠨᠵᠤᠤᠷ ᠡᠷᠢᠶᠡᠨ ᠬᠤᠲᠠ ᠵᠢᠨ ᠬᠢᠯᠢ ᠵᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠰᠠᠭᠤᠷᠢᠰᠢᠭᠤᠯᠤᠨ ᠪᠣᠯᠪᠠᠰᠤᠷᠠᠭᠤᠯᠵᠤ ᠡᠳ᠋ᠰᠢᠭᠦᠯᠬᠦ ᠲᠤᠷᠰᠢᠯᠲᠠ ᠵᠢᠨ ᠴᠡᠭ᠎ᠤᠨ ᠪᠠᠶ᠋ᠢᠭᠤᠯᠤᠯᠲᠠ ᠵᠢ ᠳᠡᠮᠵᠢᠵᠦ᠂ ᠠᠯᠠᠱ᠌ᠠ ᠵᠢᠨ ᠭᠠᠳᠠᠭ᠋ᠠᠳᠤ᠎ᠠᠴᠠ ᠣᠷᠣᠭᠤᠯᠤᠭᠰᠠᠨ ᠨᠡᠭᠦᠷᠡᠰᠦ ᠵᠢ ᠨᠥᠭᠡᠴᠡᠯᠡᠨ ᠲᠣᠬᠢᠷᠠᠭᠤᠯᠬᠤ ᠠᠷᠠᠯᠵᠢᠶᠠᠨ᠎ᠤ ᠰᠠᠭᠤᠷᠢᠨ ᠭᠠᠵᠠᠷ᠎ᠤᠨ ᠪᠠᠶ᠋ᠢᠭᠤᠯᠤᠯᠲᠠ ᠵᠢ ᠳᠡᠮᠵᠢᠨ᠎ᠡ; 《ᠥᠪᠥᠷ ᠮᠣᠩᠭᠤᠯ᠎ᠤᠨ ᠬᠤᠳᠠᠯᠳᠤᠭ᠋ᠠᠴᠢᠳ᠎ᠤᠨ ᠲᠣᠷᠭ᠋ᠠᠨ ᠵᠠᠮ᠎ᠤᠨ ᠠᠶᠠᠯᠠᠯ》 ᠵᠡᠷᠭᠡ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠂ 《ᠥᠪᠥᠷ ᠮᠣᠩᠭᠤᠯ᠎ᠤᠨ ᠲᠠᠸᠠᠷ ᠬᠢᠯᠢ᠎ᠠᠴᠠ ᠭᠠᠷᠬᠤ》 ᠵᠢ ᠶᠡᠭᠡ᠎ᠪᠠᠷ ᠠᠬᠢᠭᠤᠯᠵᠤ᠂ ᠭᠠᠳᠠᠭ᠋ᠠᠳᠤ ᠠᠷᠠᠯᠵᠢᠶᠠᠨ᠎ᠤ ᠬᠡᠪᠴᠢᠶ᠎ᠡ ᠵᠢ 2100 ᠳ᠋ᠦᠩᠰᠢᠭᠤᠷ ᠲᠥᠭᠦᠷᠢᠭ᠎ᠠᠴᠠ ᠳᠠᠪᠠᠭᠤᠯᠵᠤ᠂ 10%᠎ᠠᠴᠠ ᠳᠡᠭᠡᠭᠰᠢ ᠨᠡᠮᠡᠭᠳᠡᠭᠦᠯᠬᠦ᠎ᠪᠠᠷ ᠴᠢᠷᠮᠠᠶ᠋ᠢᠨ᠎ᠠ᠃ ᠮᠠᠨ᠎ᠤ ᠣᠷᠣᠨ ᠪᠣᠯ ᠬᠢᠯᠢ ᠳᠠᠭ᠋ᠠᠤ ᠣᠷᠣᠨ ᠪᠣᠯᠪᠠᠴᠤ ᠳᠠᠯᠠᠢ ᠳᠠᠭ᠋ᠠᠤ ᠣᠷᠣᠨ ᠪᠢᠰᠢ ᠪᠣᠯᠬᠤᠷ ᠨᠡᠩ ᠥᠷᠭᠡᠨ ᠬᠡᠪᠴᠢᠶᠡᠨ᠎ᠤ ᠨᠡᠭᠡᠭᠡᠯᠲᠡ ᠬᠢᠬᠦ ᠵᠢ ᠪᠡᠶᠡᠯᠡᠭᠦᠯᠬᠦ ᠭᠡᠪᠡᠯ ᠡᠷᠬᠡᠪᠰᠢ ᠤᠯᠤᠰ᠎ᠤᠨ ᠳᠣᠲᠣᠭ᠋ᠠᠳᠤ ᠵᠢᠨ ᠪᠤᠰᠤᠳ ᠣᠷᠣᠨ ᠪᠦᠰᠡ᠎ᠯᠦᠭᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢᠨ ᠨᠢᠭᠡ ᠴᠣᠭᠴᠠᠵᠢᠭᠤᠯᠤᠭᠰᠠᠨ ᠬᠥᠭᠵᠢᠯᠲᠡ ᠵᠢ ᠲᠦᠷᠭᠡᠳᠬᠡᠨ᠂ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠭ᠋ᠠᠨ᠎ᠤ ᠬᠥᠭᠵᠢᠯᠲᠡ᠎ᠳᠤ ᠢᠳᠡᠪᠬᠢᠲᠡᠢ ᠠᠭᠤᠰᠤᠯᠴᠠᠵᠤ᠂ ᠵᠡᠭᠦᠨ ᠬᠤᠶ᠋ᠢᠲᠤ ᠵᠢᠨ ᠭᠤᠷᠪᠠᠨ ᠮᠤᠵᠢ᠎ᠲᠠᠢ ᠬᠤᠯᠪᠣᠯᠳᠤᠨ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ ᠪᠣᠯᠣᠨ ᠭᠤᠸᠠᠩᠳᠦ᠋ᠩ ᠰᠢᠶᠠᠩᠭ᠋ᠠᠩ ᠣᠣᠮᠧᠨ᠎ᠲᠠᠢ ᠬᠥᠳᠡᠯᠦᠯᠴᠡᠬᠦ᠎ᠪᠠᠨ ᠴᠢᠩᠭ᠋ᠠᠳᠬᠠᠵᠤ᠂ ᠤᠯᠠᠭ᠋ᠠᠨᠬᠠᠳᠠ ᠬᠢᠭᠡᠳ ᠵᠢᠨᠵᠧᠦ ᠭᠠᠷᠠᠮ᠎ᠤᠨ ᠭᠦᠨᠵᠡᠭᠡᠢ ᠬᠠᠮᠲᠤᠷᠠᠯᠴᠠᠭ᠎ᠠ ᠵᠢ ᠳᠡᠮᠵᠢᠵᠦ᠂ ᠡᠬᠡ ᠬᠠᠭᠤᠷᠠᠢ ᠪᠠ ᠭᠠᠷᠠᠮ᠎ᠤᠨ ᠬᠤᠯᠪᠤᠭ᠋ᠠᠯᠠᠨ ᠬᠥᠳᠡᠯᠦᠯᠴᠡᠬᠦ ᠠᠵᠢᠯ᠎ᠤᠨ ᠰᠢᠨ᠎ᠡ ᠠᠬᠢᠴᠠ ᠵᠢ ᠠᠬᠢᠭᠤᠯᠤᠨ᠎ᠠ᠃
(ᠳᠤᠯᠤᠭ᠎ᠠ) 《ᠤᠯᠤᠰ᠎ᠤᠨ ᠶᠡᠭᠡ ᠶᠠᠪᠤᠳᠠᠯ》᠎ᠤᠨ ᠥᠨᠳᠥᠷᠴᠡ᠎ᠠᠴᠠ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠰᠠᠶ᠋ᠢᠲᠤᠷ ᠪᠦᠲᠦᠭᠡᠨ ᠪᠠᠶ᠋ᠢᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ ᠪᠢᠳᠡᠨ᠎ᠳᠤ ᠡᠷᠬᠡᠪᠰᠢ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠬᠤ ᠬᠡᠷᠡᠭᠲᠡᠢ ᠭᠡᠵᠦ ᠣᠯᠠᠨᠲᠠ ᠵᠠᠬᠢᠪᠠ᠃ ᠪᠢᠳᠡ ᠪᠦᠬᠦ ᠬᠦᠴᠦᠨ ᠵᠦᠢ᠍ᠯ ᠪᠦᠬᠦ ᠲᠠᠯ᠎ᠠ ᠵᠢᠨ ᠠᠮᠢ ᠠᠬᠤᠢ ᠵᠢᠨ ᠵᠠᠰᠠᠯᠲᠠ ᠵᠢᠨ ᠪᠠᠶ᠋ᠢᠷᠢᠰᠢᠯ᠎ᠢ ᠬᠦᠴᠦᠯᠡᠨ ᠪᠣᠢ ᠪᠣᠯᠭ᠋ᠠᠵᠤ᠂ ᠤᠯᠤᠰ᠎ᠤᠨ ᠴᠢᠬᠤᠯᠠ ᠶᠡᠭᠡ ᠠᠮᠢ ᠠᠬᠤᠢ ᠵᠢᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ᠂ ᠦᠵᠡᠰᠬᠦᠯᠡᠩᠲᠦ ᠳᠤᠮᠳᠠᠳᠤ ᠤᠯᠤᠰ᠎ᠤᠨ ᠬᠤᠰᠢᠭᠤᠴᠢ ᠣᠷᠣᠨ᠎ᠢ ᠴᠢᠷᠮᠠᠶ᠋ᠢᠨ ᠴᠣᠭᠴᠠᠯᠠᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠨᠣᠮᠢᠨ ᠨᠣᠭᠤᠭ᠋ᠠᠨ ᠤᠷᠲᠤ ᠴᠠᠭ᠋ᠠᠨ ᠬᠡᠷᠡᠮ᠎ᠢ ᠨᠡᠩ ᠰᠠᠶ᠋ᠢᠲᠤᠷ ᠪᠦᠲᠦᠭᠡᠨ ᠪᠠᠶ᠋ᠢᠭᠤᠯᠬᠤ ᠬᠡᠷᠡᠭᠲᠡᠢ᠃
ᠭᠤᠣᠯ ᠬᠦᠴᠦᠨ ᠪᠥᠭᠡᠳ ᠬᠤᠰᠢᠭᠤᠴᠢ ᠪᠣᠯᠬᠤ ᠣᠪᠣᠷ ᠪᠠᠶ᠋ᠢᠳᠠᠯ ᠵᠶ᠋ᠠᠷ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠣᠯᠣᠨ᠎ᠠ᠃ ᠡᠷᠲᠡ᠎ᠠᠴᠠ ᠭᠠᠷᠳᠠᠵᠤ ᠡᠷᠲᠡᠬᠡᠨ ᠪᠠᠶ᠋ᠢᠷᠢᠯᠠᠭᠤᠯᠵᠤ᠂ ᠬᠠᠪᠤᠷ ᠰᠠᠭ᠋ᠠᠲᠠᠮᠠᠭᠴᠠ ᠬᠥᠳᠡᠯᠦᠯᠴᠡᠵᠦ᠂ ᠵᠢᠯ᠎ᠤᠨ ᠳᠣᠲᠣᠷ᠎ᠠ ᠬᠠᠲᠤᠨ ᠭᠤᠣᠯ᠎ᠤᠨ 《ᠶᠡᠭᠡ ᠲᠣᠬᠤᠢ》 ᠵᠢᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ 758 ᠲᠦᠮᠡᠨ ᠮᠦ᠍᠂ ᠬᠤᠷᠴᠢᠨ ᠪᠠ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠶ᠋ᠢᠯᠠᠯᠳᠤᠭ᠋ᠠᠨ᠎ᠢ 549 ᠲᠦᠮᠡᠨ ᠮᠦ᠍᠂ ᠾᠧᠰᠢ ᠵᠢᠨ ᠬᠤᠩᠭᠢᠯ— ᠲᠠᠺᠯᠢᠮᠠᠺᠠᠨ ᠡᠯᠡᠰᠦᠨ ᠴᠦᠯ᠎ᠤᠨ ᠬᠦᠪᠡᠭᠡ ᠵᠠᠬ᠎ᠠ ᠵᠢᠨ ᠬᠤᠷᠢᠭᠯᠠᠯᠲᠠ ᠵᠢᠨ ᠳᠠᠶ᠋ᠢᠯᠠᠯᠳᠤᠭ᠋ᠠᠨ᠎ᠢ 131 ᠲᠦᠮᠡᠨ ᠮᠦ᠍ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠶᠡᠭᠡ᠎ᠪᠠᠷ ᠬᠡᠷᠡᠭᠵᠢᠭᠦᠯᠵᠦ᠂ ᠬᠥᠪᠴᠢ ᠵᠢᠨ ᠵᠠᠭᠪᠤᠷ᠂ ᠳ᠋ᠧᠩᠺᠧᠥ ᠵᠢᠨ ᠵᠠᠭᠪᠤᠷ᠎ᠢ ᠢᠳᠡᠪᠬᠢᠲᠡᠢ᠎ᠪᠠᠷ ᠳᠡᠯᠭᠡᠷᠡᠭᠦᠯᠦᠨ᠂ ᠣᠷᠳᠣᠰ᠎ᠤᠨ 《ᠭᠡᠷᠡᠯᠴᠢ ᠴᠡᠨᠡᠭ᠎ᠤᠨ ᠤᠷᠲᠤ ᠴᠠᠭ᠋ᠠᠨ ᠬᠡᠷᠡᠮ》 ᠪᠠᠶ᠋ᠢᠭᠤᠯᠬᠤ ᠵᠢ᠎ᠨᠢ ᠳᠡᠮᠵᠢᠵᠦ᠂ ᠲᠠᠷᠢᠶᠠᠯᠠᠩ ᠭᠡᠷᠡᠯᠴᠢ ᠴᠡᠨᠡᠭ᠎ᠤᠨ ᠬᠠᠷᠢᠯᠴᠠᠨ ᠨᠥᠬᠦᠪᠦᠷᠢᠯᠡᠬᠦ᠂ ᠮᠠᠯ ᠠᠵᠤ ᠠᠬᠤᠢ ᠭᠡᠷᠡᠯᠴᠢ ᠴᠡᠨᠡᠭ᠎ᠤᠨ ᠬᠠᠷᠢᠯᠴᠠᠨ ᠨᠥᠬᠦᠪᠦᠷᠢᠯᠡᠬᠦ ᠵᠢ ᠠᠬᠢᠭᠤᠯᠵᠤ᠂ ᠡᠯᠡᠰᠦ ᠵᠢ ᠵᠠᠰᠠᠭᠰᠠᠨ ᠪᠥᠭᠡᠳ ᠪᠣᠬᠢᠷᠳᠤᠯ ᠦᠭᠡᠢ ᠴᠠᠬᠢᠯᠭ᠋ᠠᠨ ᠭᠠᠷᠭ᠋ᠠᠵᠤ ᠪᠠᠰᠠ ᠣᠯᠠᠨ ᠲᠦᠮᠡᠨ᠎ᠤ ᠣᠷᠣᠯᠭ᠎ᠠ ᠵᠢ᠎ᠨᠢ ᠨᠡᠮᠡᠭᠳᠡᠭᠦᠯᠵᠦ᠂ ᠠᠮᠢ ᠠᠬᠤᠢ᠂ ᠦᠢ᠍ᠯᠡᠳᠪᠦᠷᠢᠯᠡᠯ᠂ ᠠᠮᠢᠳᠤᠷᠠᠯ ᠭᠤᠷᠪᠠ᠎ᠳᠤ ᠴᠥᠮ 《ᠠᠰᠢᠭ ᠬᠦᠷᠲᠡᠭᠡᠬᠦ》 ᠵᠢ ᠪᠡᠶᠡᠯᠡᠭᠦᠯᠦᠨ᠂ ᠰᠢᠨ᠎ᠡ ᠴᠠᠭ ᠦᠶ᠎ᠡ ᠵᠢᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠰᠢᠨ᠎ᠡ ᠭᠠᠶ᠋ᠢᠬᠠᠮᠰᠢᠭ᠎ᠢ ᠡᠭᠦᠳᠦᠨ᠎ᠡ᠃
ᠴᠡᠩᠬᠡᠷ ᠣᠭᠲᠠᠷᠭᠤᠢ ᠴᠡᠩᠭᠡᠭ ᠤᠰᠤ ᠴᠡᠪᠡᠷ ᠬᠥᠷᠥᠰᠥ ᠵᠢᠨ ᠬᠠᠮᠠᠭ᠋ᠠᠯᠠᠯᠲᠠ ᠵᠢᠨ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠨ᠎ᠡ᠃ ᠬᠠᠲᠤᠨ ᠭᠤᠣᠯ᠎ᠤᠨ ᠥᠪᠥᠷ ᠮᠣᠩᠭᠤᠯ ᠵᠶ᠋ᠠᠷ ᠤᠷᠤᠰ᠎ᠤᠨ ᠥᠩᠭᠡᠷᠡᠬᠦ 843.5 ᠺᠢᠯᠣᠮᠧᠳ᠋ᠷ᠎ᠤᠨ ᠪᠦᠬᠦ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠡᠵᠢ ᠭᠤᠣᠯ ᠵᠶ᠋ᠠᠨ ᠰᠠᠶ᠋ᠢᠲᠤᠷ ᠬᠠᠮᠠᠭ᠋ᠠᠯᠠᠬᠤ ᠬᠡᠷᠡᠭᠲᠡᠢ᠃ ᠬᠦᠬᠡᠬᠤᠲᠠ ᠪᠤᠭᠤᠲᠤ ᠣᠷᠳᠣᠰ᠂ ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠳᠤᠯ᠎ᠢ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠬᠦ᠎ᠪᠠᠨ ᠴᠢᠩᠭ᠋ᠠᠳᠬᠠᠵᠤ᠂ 《ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ》 ᠵᠢᠴᠢ ᠴᠠᠭ᠋ᠠᠨᠨᠠᠭᠤᠷᠢ ᠶᠡᠷᠦᠩᠬᠡᠶ᠋ᠢᠯᠡᠨ ᠵᠠᠰᠠᠭᠰᠠᠨ ᠦᠷ᠎ᠡ ᠪᠦᠲᠦᠮᠵᠢ᠎ᠪᠠᠨ ᠪᠠᠬᠢᠵᠢᠭᠦᠯᠵᠦ᠂ ᠤᠰᠤᠨ ᠴᠦᠬᠦᠷᠦᠮ᠎ᠤᠨ ᠨᠦᠯᠦᠮᠡᠯ ᠰᠢᠪᠠᠷ᠎ᠢ ᠠᠷᠢᠯᠭ᠋ᠠᠨ ᠴᠡᠪᠡᠷᠯᠡᠬᠦ ᠲᠤᠷᠰᠢᠯᠲᠠ ᠵᠢ ᠡᠬᠢᠯᠡᠭᠦᠯᠦᠨ᠂ ᠠᠭᠤᠷᠬᠠᠢ ᠵᠢᠨ ᠣᠷᠣᠨ᠎ᠤ ᠠᠮᠢ ᠠᠬᠤᠢ ᠵᠢ ᠰᠡᠷᠭᠦᠭᠡᠬᠦ ᠠᠵᠢᠯ᠎ᠢ ᠰᠠᠶ᠋ᠢᠲᠤᠷ ᠠᠳᠬᠤᠵᠤ᠂ ᠨᠡᠩ ᠣᠯᠠᠨ ᠪᠣᠬᠢᠷᠳᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠵᠤ᠂ ᠭᠤᠣᠯᠳᠠᠯᠭ᠎ᠠ᠎ᠲᠠᠢ ᠣᠷᠣᠨ ᠪᠦᠰᠡ᠂ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠪᠣᠬᠢᠷᠳᠤᠯ᠎ᠢ ᠰᠡᠷᠭᠡᠶ᠋ᠢᠯᠡᠨ ᠵᠠᠰᠠᠬᠤ ᠠᠵᠢᠯ ᠰᠢᠨ᠎ᠡ ᠰᠢᠪᠲᠤᠯᠤᠯᠲᠠ᠎ᠲᠠᠢ ᠪᠣᠯᠬᠤ ᠵᠢ ᠠᠬᠢᠭᠤᠯᠤᠨ᠎ᠠ᠃
ᠡᠬᠢ ᠪᠠᠶᠠᠯᠢᠭ᠎ᠢ ᠠᠷᠪᠢᠲᠠᠢ ᠡᠷᠴᠢᠮᠲᠡᠢ ᠠᠰᠢᠭᠯᠠᠬᠤ ᠵᠢ ᠶᠡᠭᠡ᠎ᠪᠠᠷ ᠠᠬᠢᠭᠤᠯᠤᠨ᠎ᠠ᠃ 《ᠲᠠᠪᠤ ᠵᠢ ᠲᠤᠶ᠋ᠢᠯᠪᠤᠷᠢᠲᠠᠢ ᠰᠢᠢ᠍ᠳᠪᠦᠷᠢᠯᠡᠬᠦ》 ᠵᠢ ᠭᠦᠨᠵᠡᠭᠡᠶ᠋ᠢᠷᠡᠭᠦᠯᠦᠨ ᠥᠷᠭᠡᠳᠬᠡᠵᠦ᠂ ᠵᠥᠪᠰᠢᠶᠡᠷᠡᠭᠰᠡᠨ ᠪᠠᠶ᠋ᠢᠲᠠᠯ᠎ᠠ ᠬᠠᠩᠭ᠋ᠠᠭ᠋ᠠᠳᠤᠢ 14.6 ᠲᠦᠮᠡᠨ ᠮᠦ᠍ ᠭᠠᠵᠠᠷ ᠰᠢᠷᠣᠢ᠂ ᠰᠤᠯᠠ ᠲᠠᠯᠪᠢᠭᠳᠠᠵᠤ ᠪᠠᠶ᠋ᠢᠭ᠎ᠠ 1.2 ᠲᠦᠮᠡᠨ ᠮᠦ᠍ ᠭᠠᠵᠠᠷ ᠰᠢᠷᠣᠢ ᠵᠢ ᠰᠢᠩᠭᠡᠬᠡᠨ ᠰᠢᠢ᠍ᠳᠪᠦᠷᠢᠯᠡᠨ᠎ᠡ᠃ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢ ᠠᠬᠢᠭᠤᠯᠵᠤ᠂ ᠲᠤᠷᠰᠢᠯᠲᠠ ᠵᠢᠨ ᠴᠡᠭ ᠪᠣᠯᠬᠤ ᠬᠤᠰᠢᠭᠤ ᠰᠢᠶᠠᠨ᠎ᠤ ᠪᠠᠶ᠋ᠢᠭ᠋ᠠᠯᠢᠯᠢᠭ ᠨᠤᠲᠤᠭ ᠪᠡᠯᠴᠢᠭᠡᠷ᠎ᠤᠨ ᠮᠠᠯ ᠪᠡᠯᠴᠢᠭᠡᠷ ᠬᠤᠶᠠᠷ᠎ᠢ ᠲᠡᠩᠴᠡᠭᠦᠷᠢᠲᠡᠢ ᠪᠠᠶ᠋ᠢᠯᠭ᠋ᠠᠬᠤ ᠭᠦᠢ᠍ᠴᠡᠳᠬᠡᠯ ᠲᠤᠭ᠎ᠠ ᠵᠢ 10%᠎ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ᠎ᠪᠠᠷ ᠴᠢᠷᠮᠠᠶ᠋ᠢᠨ᠎ᠠ᠃ ᠤᠰᠤᠨ᠎ᠤ ᠡᠬᠢ ᠪᠠᠶᠠᠯᠢᠭ ᠪᠣᠯ ᠮᠠᠨ᠎ᠤ ᠣᠷᠣᠨ᠎ᠤ ᠬᠥᠭᠵᠢᠯᠲᠡ ᠵᠢᠨ ᠬᠠᠮᠤᠭ᠎ᠤᠨ ᠬᠠᠲᠠᠭᠤ ᠬᠢᠵᠠᠭ᠋ᠠᠷᠯᠠᠯ ᠪᠣᠯᠣᠨ᠎ᠠ᠂ 《ᠨᠢᠭᠡ ᠠᠶ᠋ᠢᠮᠠᠭ (ᠬᠤᠲᠠ)᠎ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ》 ᠰᠢᠨᠵᠢᠯᠡᠬᠦ ᠤᠬᠠᠭ᠋ᠠᠨᠴᠢ᠎ᠪᠠᠷ ᠤᠰᠤ ᠠᠷᠪᠢᠯᠠᠬᠤ ᠵᠢ ᠠᠬᠢᠭᠤᠯᠵᠤ᠂ ᠲᠠᠷᠢᠶᠠᠯᠠᠩ ᠠᠵᠤ ᠦᠢ᠍ᠯᠡᠳᠪᠦᠷᠢ ᠪᠠ ᠬᠤᠲᠠ ᠪᠠᠯᠭ᠋ᠠᠰᠤᠨ᠎ᠤ ᠤᠰᠤ ᠠᠷᠪᠢᠯᠠᠬᠤ ᠵᠢ ᠲᠦᠷᠦᠯ ᠠᠩᠭᠢᠯᠠᠨ ᠰᠠᠶ᠋ᠢᠲᠤᠷ ᠠᠳᠬᠤᠵᠤ᠂ 《ᠬᠤᠭᠤᠰᠤᠨ ᠭᠠᠵᠠᠷ᠎ᠢ ᠤᠰᠤᠯᠠᠬᠤ》᠂ 《ᠨᠡᠯᠦᠶ᠋ᠢᠲᠡᠯ᠎ᠡ ᠤᠰᠤᠯᠠᠬᠤ》 ᠵᠡᠷᠭᠡ ᠠᠰᠠᠭᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠢᠢ᠍ᠳᠪᠦᠷᠢᠯᠡᠵᠦ᠂ ᠲᠦᠩᠯᠢᠶᠣᠣ ᠪᠠᠶᠠᠨᠨᠠᠭᠤᠷ᠎ᠤᠨ ᠣᠳᠣ ᠦᠶ᠎ᠡ ᠵᠢᠨ ᠤᠰᠤ ᠠᠷᠪᠢᠯᠠᠬᠤ ᠥᠨᠳᠥᠷ ᠤᠨᠠᠯᠲᠠᠲᠤ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠬᠤ ᠵᠢ᠎ᠨᠢ ᠳᠡᠮᠵᠢᠨ᠎ᠡ᠃ 《ᠬᠠᠶᠠᠭᠳᠠᠮᠠᠯ᠎ᠢ ᠬᠡᠷᠡᠭᠴᠡᠭᠡ᠎ᠲᠠᠢ ᠵᠦᠢ᠍ᠯ ᠪᠣᠯᠭ᠋ᠠᠨ ᠠᠰᠢᠭᠯᠠᠬᠤ》 ᠲᠠᠯ᠎ᠠ᠎ᠪᠠᠷ ᠮᠠᠨ᠎ᠤ ᠣᠷᠣᠨ ᠮᠠᠰᠢ ᠣᠯᠠᠨ ᠠᠵᠢᠯ ᠬᠢᠵᠦ ᠪᠣᠯᠣᠨ᠎ᠠ᠂ ᠨᠢᠭᠡ ᠲᠠᠯ᠎ᠠ᠎ᠪᠠᠷ ᠨᠤᠨᠳᠠᠭ ᠨᠡᠭᠦᠷᠡᠰᠦᠨ᠎ᠤ ᠦᠨᠡᠰᠦ᠂ ᠨᠡᠭᠦᠷᠡᠰᠦᠨ ᠴᠢᠯᠠᠭᠤ ᠵᠡᠷᠭᠡ ᠶᠡᠭᠡ ᠬᠡᠮᠵᠢᠶᠡᠨ᠎ᠤ ᠤᠯᠠᠮᠵᠢᠯᠠᠯᠲᠤ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ᠎ᠢ ᠤᠯᠠᠷᠢᠭᠤᠯᠤᠨ ᠠᠰᠢᠭᠯᠠᠬᠤ ᠵᠢ ᠠᠳᠬᠤᠵᠤ᠂ ᠨᠥᠭᠦᠭᠡ ᠲᠠᠯ᠎ᠠ᠎ᠪᠠᠷ ᠴᠢᠳᠠᠮᠵᠢ᠎ᠨᠢ ᠪᠠᠭᠤᠷᠠᠭᠰᠠᠨ ᠳ᠋ᠢᠶᠠᠨ ᡂᠢ᠂ ᠭᠡᠷᠡᠯᠴᠢ ᠴᠡᠨᠡᠭ᠎ᠤᠨ ᠲᠣᠨᠣᠭᠯᠠᠯ᠂ ᠰᠠᠯᠬᠢᠨ ᠬᠦᠴᠦ᠎ᠪᠠᠷ ᠴᠠᠬᠢᠯᠭ᠋ᠠᠨ ᠭᠠᠷᠭ᠋ᠠᠬᠤ ᠮᠠᠰᠢᠨ ᠪᠦᠯᠦᠭ ᠵᠡᠷᠭᠡ ᠰᠢᠨ᠎ᠡ ᠬᠡᠯᠪᠡᠷᠢ ᠪᠦᠬᠦᠢ ᠬᠠᠶᠠᠭᠳᠠᠮᠠᠯ ᠪᠣᠳᠠᠰ᠎ᠢ ᠡᠷᠭᠢᠯᠳᠦᠭᠦᠯᠦᠨ ᠠᠰᠢᠭᠯᠠᠬᠤ ᠵᠢ ᠠᠳᠬᠤᠵᠤ᠂ ᠪᠤᠭᠤᠲᠤ ᠵᠢᠨ ᠰᠠᠯᠬᠢᠨ ᠬᠦᠴᠦ᠎ᠪᠠᠷ ᠴᠠᠬᠢᠯᠭ᠋ᠠᠨ ᠭᠠᠷᠭ᠋ᠠᠬᠤ ᠴᠢᠳᠠᠮᠵᠢ᠎ᠨᠢ ᠪᠠᠭᠤᠷᠠᠭᠰᠠᠨ ᠲᠤᠨᠤᠭ ᠲᠥᠬᠦᠭᠡᠷᠦᠮᠵᠢ ᠵᠢ ᠡᠬᠢ ᠪᠠᠶᠠᠯᠢᠭᠵᠢᠭᠤᠯᠤᠨ ᠳᠠᠬᠢᠨᠲᠠ ᠠᠰᠢᠭᠯᠠᠬᠤ ᠵᠢᠨ ᠵᠢᠱ᠌ᠢᠶ᠎ᠡ ᠦᠵᠡᠭᠦᠯᠬᠦ ᠣᠷᠣᠨ᠂ ᠣᠷᠳᠣᠰ᠎ᠤᠨ ᠨᠤᠨᠳᠠᠭ ᠨᠡᠭᠦᠷᠡᠰᠦᠨ ᠦᠨᠡᠰᠦ᠎ᠠᠴᠠ ᠰᠠᠯᠭ᠋ᠠᠨ ᠠᠪᠤᠭᠰᠠᠨ ᠢᠰᠦᠯᠳᠦᠭᠰᠡᠨ ᠬᠥᠩᠭᠡᠨᠴᠠᠭ᠋ᠠᠨ᠎ᠢ ᠶᠡᠷᠦᠩᠬᠡᠶ᠋ᠢᠯᠡᠨ ᠠᠰᠢᠭᠯᠠᠬᠤ ᠰᠠᠭᠤᠷᠢᠨ ᠭᠠᠵᠠᠷ᠂ ᠰᠢᠯᠢ ᠵᠢᠨ ᠭᠤᠣᠯ᠎ᠤᠨ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ᠎ᠢ ᠶᠡᠷᠦᠩᠬᠡᠶ᠋ᠢᠯᠡᠨ ᠠᠰᠢᠭᠯᠠᠬᠤ ᠰᠠᠭᠤᠷᠢᠨ ᠭᠠᠵᠠᠷ᠎ᠤᠨ ᠪᠠᠶ᠋ᠢᠭᠤᠯᠤᠯᠲᠠ ᠵᠢ ᠳᠡᠮᠵᠢᠬᠦ ᠬᠡᠷᠡᠭᠲᠡᠢ᠃ ᠤᠯᠤᠰ᠎ᠤᠨ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠣᠷᠬᠢᠯ ᠬᠡᠮᠵᠢᠭᠳᠡᠯ᠎ᠠᠴᠠ ᠪᠠᠭᠤᠷᠠᠭᠤᠯᠬᠤ ᠲᠤᠷᠰᠢᠯᠲᠠ ᠵᠢᠨ ᠴᠡᠭ᠎ᠤᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠦᠨ᠎ᠡ᠂ ᠡᠨᠧᠷᠬᠢ ᠵᠢᠨ ᠰᠠᠭᠤᠷᠢ ᠪᠡᠯᠡᠳᠬᠡᠮᠵᠢ᠂ ᠡᠨᠧᠷᠬᠢ ᠠᠷᠪᠢᠯᠠᠵᠤ ᠨᠡᠭᠦᠷᠡᠰᠦᠳᠦ᠋ᠷᠦᠭᠴᠢ ᠵᠢ ᠪᠠᠭᠤᠷᠠᠭᠤᠯᠬᠤ᠎ᠪᠠᠷ ᠥᠭᠡᠷᠡᠴᠢᠯᠡᠨ ᠰᠢᠨᠡᠳᠬᠡᠬᠦ᠂ ᠲᠡᠷᠢᠭᠦᠨ᠎ᠤ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠵᠡᠷᠭᠡ ᠬᠦᠷᠢᠶ᠎ᠡ ᠴᠠᠷᠠᠭ᠋ᠠᠨ᠎ᠳᠤ ᠨᠢᠭᠡ ᠪᠦᠯᠦᠭ ᠭᠤᠣᠯᠳᠠᠯᠭ᠎ᠠ᠎ᠲᠠᠢ ᠢᠨᠵᠧᠨᠧᠷᠢᠩ᠎ᠢ ᠲᠥᠯᠥᠪᠵᠢᠭᠦᠯᠦᠨ ᠬᠡᠷᠡᠭᠵᠢᠭᠦᠯᠦᠨ᠎ᠡ᠃ ᠨᠡᠭᠦᠷᠡᠰᠦᠳᠦ᠋ᠷᠦᠭᠴᠢ ᠵᠢᠨ ᠬᠤᠷᠠᠮᠠᠯ᠎ᠤᠨ 《ᠰᠠᠶ᠋ᠢᠨ ᠠᠷᠠᠯᠵᠢᠶ᠎ᠠ》 ᠵᠢ ᠶᠡᠭᠡ᠎ᠪᠠᠷ ᠬᠥᠭᠵᠢᠭᠦᠯᠬᠦ᠎ᠪᠠᠷ ᠴᠢᠷᠮᠠᠶ᠋ᠢᠨ᠎ᠠ᠂ ᠤᠢ ᠰᠢᠭᠤᠢ ᠨᠤᠲᠤᠭ ᠪᠡᠯᠴᠢᠭᠡᠷ᠎ᠤᠨ ᠨᠡᠭᠦᠷᠡᠰᠦᠳᠦ᠋ᠷᠦᠭᠴᠢ ᠬᠤᠷᠠᠭᠤᠯᠬᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ᠂ ᠤᠯᠤᠰ᠎ᠤᠨ ᠨᠡᠭᠦᠷᠡᠰᠦᠳᠦ᠋ᠷᠦᠭᠴᠢ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ᠎ᠳᠤ ᠢᠳᠡᠪᠬᠢᠲᠡᠢ᠎ᠪᠠᠷ ᠣᠷᠣᠯᠴᠠᠨ᠂ ᠬᠥᠯᠥᠨ ᠪᠦᠢ᠍ᠷ᠂ ᠬᠢᠩᠭ᠋ᠠᠨ ᠠᠶ᠋ᠢᠮᠠᠭ᠂ ᠤᠯᠠᠭ᠋ᠠᠨᠬᠠᠳᠠ ᠵᠡᠷᠭᠡ ᠭᠠᠵᠠᠷ᠎ᠤᠨ ᠠᠮᠢ ᠠᠬᠤᠢ ᠵᠢᠨ ᠪᠦᠲᠦᠭᠡᠭᠳᠡᠬᠦᠨ᠎ᠤ ᠦᠨ᠎ᠡ ᠥᠷᠲᠡᠭ᠎ᠤᠨ ᠪᠡᠶᠡᠯᠡᠭᠳᠡᠯ᠎ᠤᠨ ᠲᠣᠭᠲᠠᠴᠠ ᠵᠢ ᠰᠦᠪᠡᠭᠴᠢᠯᠡᠬᠦ ᠵᠢ᠎ᠨᠢ ᠳᠡᠮᠵᠢᠵᠦ᠂ ᠠᠭᠤᠳᠠᠮ ᠲᠡᠨᠢᠭᠡᠷ ᠲᠠᠯ᠎ᠠ ᠨᠤᠲᠤᠭ᠂ ᠢᠭᠴᠤ ᠰᠠᠬᠤᠯᠢᠭ ᠣᠢ ᠰᠢᠭᠤᠢ᠂ ᠨᠡᠯᠦᠶ᠋ᠢᠮᠡ ᠶᠡᠭᠡ ᠨᠤᠭᠤ ᠭᠠᠵᠠᠷ᠎ᠠᠴᠠ ᠨᠡᠩ ᠣᠯᠠᠨ ᠨᠡᠭᠦᠷᠡᠰᠦᠳᠦ᠋ᠷᠦᠭᠴᠢ ᠵᠢᠨ ᠬᠤᠷᠠᠮᠠᠯ᠎ᠤᠨ ᠰᠢᠯᠢᠳᠡᠭ ᠪᠦᠲᠦᠭᠡᠭᠳᠡᠬᠦᠨ ᠤᠯᠠᠷᠢᠭᠤᠯᠤᠨ ᠭᠠᠷᠭ᠋ᠠᠨ᠎ᠠ᠃
(ᠨᠠᠢ᠍ᠮᠠ) ᠣᠷᠣᠨ ᠪᠦᠰᠡ ᠵᠢᠨ ᠬᠥᠭᠵᠢᠯᠲᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃ ᠬᠦᠬᠡᠬᠤᠲᠠ ᠪᠤᠭᠤᠲᠤ ᠵᠢ ᠨᠢᠭᠡ ᠬᠤᠲᠠᠵᠢᠭᠤᠯᠬᠤ 60 ᠵᠤᠷᠪᠤᠰ᠎ᠢ ᠪᠣᠳᠠᠲᠠᠶ᠋ᠢᠵᠢᠭᠤᠯᠬᠤ ᠵᠢ ᠳᠡᠮᠵᠢᠵᠦ᠂ ᠬᠦᠬᠡᠬᠤᠲᠠ ᠪᠤᠭᠤᠲᠤ ᠵᠢ ᠨᠢᠭᠡ ᠬᠤᠲᠠᠵᠢᠭᠤᠯᠬᠤ᠎ᠪᠠᠷ ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠴᠣᠭᠴᠠᠵᠢᠭᠤᠯᠵᠤ ᠲᠦᠷᠭᠡᠳᠬᠡᠨ ᠬᠥᠭᠵᠢᠭᠦᠯᠬᠦ ᠵᠢ ᠳᠠᠶ᠋ᠢᠴᠢᠯᠠᠵᠤ᠂ ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠢ ᠦᠨᠡᠨ ᠬᠦ᠌ ᠪᠦᠬᠦ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠠᠶ᠋ᠢᠴᠢᠯᠠᠬᠤ 《ᠪᠤᠬ᠎ᠠ ᠲᠡᠷᠭᠡ》 ᠪᠣᠯᠭ᠋ᠠᠨ᠎ᠠ᠃ ᠬᠦᠬᠡᠬᠤᠲᠠ ᠣᠷᠣᠨ᠎ᠤ ᠲᠥᠪ ᠪᠣᠯᠤᠭᠰᠠᠨ᠎ᠤ ᠬᠤᠪᠢ᠎ᠳᠤ᠂ ᠦᠨᠡᠨ ᠬᠦ᠌ 《ᠬᠦᠴᠦᠷᠬᠡᠭᠵᠢᠨ》᠂ 《ᠲᠥᠪᠯᠡᠨ ᠲᠡᠷᠢᠭᠦᠯᠡᠵᠦ》᠂ ᠶᠡᠷᠦᠩᠬᠡᠶ᠋ᠢᠯᠡᠭᠰᠡᠨ ᠪᠣᠳᠠᠲᠤ ᠬᠦᠴᠦᠨ ᠵᠶ᠋ᠠᠨ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠶᠡᠷᠦᠩᠬᠡᠢ ᠬᠡᠯᠲᠡᠰ ᠤᠨ ᠠᠵᠤ ᠠᠬᠤᠢ ᠵᠢᠨ ᠰᠠᠭᠤᠷᠢᠨ ᠭᠠᠵᠠᠷ᠎ᠢ ᠴᠣᠭᠴᠠᠯᠠᠵᠤ᠂ 《ᠳᠡᠯᠡᠬᠡᠢ ᠵᠢᠨ ᠰᠦ ᠰᠠᠭ᠋ᠠᠯᠢ ᠵᠢᠨ ᠬᠤᠲᠠ》 ᠵᠢ ᠪᠦᠲᠦᠭᠡᠨ ᠪᠠᠶ᠋ᠢᠭᠤᠯᠬᠤ ᠬᠡᠷᠡᠭᠲᠡᠢ᠃ ᠪᠤᠭᠤᠲᠤ ᠬᠠᠭᠤᠴᠢᠨ ᠠᠵᠤ ᠦᠢ᠍ᠯᠡᠳᠪᠦᠷᠢ ᠵᠢᠨ ᠰᠠᠭᠤᠷᠢᠨ ᠪᠣᠯᠤᠭᠰᠠᠨ᠎ᠤ ᠬᠤᠪᠢ᠎ᠳᠤ᠂ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ᠎ᠪᠠᠨ ᠲᠦᠷᠭᠡᠳᠬᠡᠵᠦ᠂ 《ᠪᠦᠬᠦ ᠤᠯᠤᠰ᠎ᠤᠨ ᠬᠠᠮᠤᠭ᠎ᠤᠨ ᠲᠣᠮᠣ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠭᠠᠵᠠᠷ ᠪᠠ ᠪᠦᠬᠦ ᠪᠥᠮᠪᠥᠷᠴᠡᠭ᠎ᠲᠤ ᠲᠦᠷᠦᠭᠦᠯᠡᠬᠦ ᠬᠤᠪᠣᠷ ᠰᠢᠷᠣᠢ ᠵᠢᠨ ᠬᠡᠷᠡᠭᠯᠡᠯᠲᠡ ᠵᠢᠨ ᠰᠠᠭᠤᠷᠢᠨ ᠭᠠᠵᠠᠷ》᠎ᠢ ᠪᠦᠬᠦ ᠬᠦᠴᠦᠨ ᠵᠶ᠋ᠠᠷ ᠵᠶ᠋ᠠᠨ ᠪᠦᠲᠦᠭᠡᠨ ᠪᠠᠶ᠋ᠢᠭᠤᠯᠬᠤ ᠬᠡᠷᠡᠭᠲᠡᠢ᠃ ᠣᠷᠳᠣᠰ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠰᠠᠶ᠋ᠢᠨ 《ᠨᠢᠷᠤᠭᠤ ᠲᠤᠯᠭ᠋ᠠᠭᠤᠷᠢ》᠂ 《ᠬᠤᠰᠢᠭᠤᠴᠢ ᠴᠡᠷᠢᠭ》 ᠪᠣᠯᠵᠤ᠂ ᠤᠯᠤᠰ᠎ᠤᠨ ᠳᠡᠰ᠎ᠤᠨ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠵᠢᠱ᠌ᠢᠶ᠎ᠡ ᠦᠵᠡᠭᠦᠯᠬᠦ ᠣᠷᠣᠨ᠎ᠢ ᠰᠠᠶ᠋ᠢᠲᠤᠷ ᠪᠦᠲᠦᠭᠡᠨ ᠪᠠᠶ᠋ᠢᠭᠤᠯᠵᠤ᠂ ᠳᠡᠯᠡᠬᠡᠢ ᠵᠢᠨ ᠲᠠᠰ᠎ᠤᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠥᠨᠳᠦᠷᠯᠢᠭ᠎ᠢ ᠴᠣᠭᠴᠠᠯᠠᠬᠤ ᠬᠡᠷᠡᠭᠲᠡᠢ᠃ ᠤᠯᠠᠭ᠋ᠠᠨᠴᠠᠪ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠮᠦᠷ᠎ᠤᠨ ᠬᠠᠶ᠋ᠢᠯᠤᠰᠢ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠬᠦ ᠬᠦᠴᠦᠨ ᠵᠶ᠋ᠠᠷ ᠵᠶ᠋ᠠᠨ ᠪᠦᠲᠦᠭᠡᠨ ᠪᠠᠶ᠋ᠢᠭᠤᠯᠵᠤ᠂ ᠬᠢᠯᠢ ᠬᠢᠵᠠᠭ᠋ᠠᠷ ᠪᠠ ᠳᠣᠲᠣᠷ ᠭᠠᠵᠠᠷ ᠬᠤᠯᠪᠤᠭ᠋ᠠᠯᠠᠨ ᠬᠥᠳᠡᠯᠦᠯᠴᠡᠬᠦ ᠬᠦᠢ᠍ᠰᠦ ᠪᠣᠯᠬᠤ ᠠᠵᠤ ᠠᠬᠤᠢ ᠵᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠤᠯᠠᠭ᠋ᠠᠨᠬᠠᠳᠠ᠂ ᠲᠦᠩᠯᠢᠶᠣᠣ ᠤᠯᠤᠰ᠎ᠤᠨ ᠠᠵᠤ ᠦᠢ᠍ᠯᠡᠰ᠎ᠤᠨ ᠰᠢᠯᠵᠢᠯᠲᠡ ᠵᠢᠨ ᠳᠠᠭ᠋ᠠᠭ᠋ᠠᠨ ᠠᠪᠴᠤ ᠵᠠᠯᠭ᠋ᠠᠭᠤᠯᠬᠤ ᠵᠢᠨ ᠵᠢᠱ᠌ᠢᠶ᠎ᠡ ᠦᠵᠡᠭᠦᠯᠬᠦ ᠣᠷᠣᠨ ᠪᠣᠯᠤᠭᠰᠠᠨ᠎ᠤ ᠬᠤᠪᠢ᠎ᠳᠤ᠂ ᠠᠵᠠ ᠲᠣᠬᠢᠶᠠᠯ ᠵᠶ᠋ᠠᠨ ᠨᠠᠨᠳᠢᠩᠨᠠᠨ᠂ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠦᠨ ᠬᠤᠳᠠᠯᠳᠤᠭ᠋ᠠᠴᠢᠨ ᠤᠷᠢᠵᠤ ᠪᠡᠯᠡ ᠣᠷᠤᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠣᠬᠢᠷᠳᠤᠯ ᠦᠭᠡᠢ ᠤᠰᠤᠳᠦ᠋ᠷᠦᠭᠴᠢ᠂ ᠪᠣᠬᠢᠷᠳᠤᠯ ᠦᠭᠡᠢ ᠠᠮᠢᠨᠤ᠋᠂ ᠪᠣᠬᠢᠷᠳᠤᠯ ᠦᠭᠡᠢ ᠠᠯᠺᠤᠤᠯ ᠵᠡᠷᠭᠡ ᠠᠵᠤ ᠦᠢ᠍ᠯᠡᠰ᠎ᠢ ᠬᠥᠭᠵᠢᠭᠦᠯᠦᠨ ᠪᠤᠵᠠᠭ᠋ᠠᠶ᠋ᠢᠷᠠᠭᠤᠯᠬᠤ᠎ᠳᠤ ᠬᠦᠴᠦᠯᠡᠨ᠂ 《ᠬᠤᠶᠠᠷ ᠬᠥᠪᠡᠭᠦᠨ ᠣᠳᠣ》 ᠵᠢᠨ ᠦᠳᠲᠡᠷ ᠲᠦᠷᠭᠡᠨ ᠬᠥᠭᠵᠢᠯᠲᠡ᠎ᠪᠠᠷ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠪᠦᠬᠦ ᠲᠠᠯ᠎ᠠ ᠵᠢᠨ ᠬᠥᠭᠵᠢᠯᠲᠡ ᠮᠠᠨᠳᠤᠯᠲᠠ᠎ᠳᠤ ᠬᠤᠷᠳᠤ ᠨᠡᠮᠡᠬᠦ ᠵᠢ ᠳᠠᠶ᠋ᠢᠴᠢᠯᠠᠬᠤ ᠬᠡᠷᠡᠭᠲᠡᠢ᠃ ᠤᠯᠠᠭ᠋ᠠᠨᠬᠠᠳᠠ 《ᠥᠩᠭᠡᠲᠦ ᠲᠡᠮᠦᠷᠯᠢᠭ᠎ᠤᠨ ᠨᠤᠲᠤᠭ》᠎ᠤᠨ ᠨᠡᠷ᠎ᠡ ᠨᠢᠳᠡᠷ᠎ᠲᠤ᠎ᠪᠠᠨ ᠦᠨᠡᠨ ᠬᠦ᠌ ᠲᠡᠩᠴᠡᠬᠦ᠎ᠪᠠᠷ ᠴᠢᠷᠮᠠᠶ᠋ᠢᠬᠤ ᠬᠡᠷᠡᠭᠲᠡᠢ᠂ ᠪᠣᠬᠢᠷᠳᠤᠯ ᠦᠭᠡᠢ ᠯᠢᠲ᠋ᠢ ᠵᠢᠨ ᠰᠠᠭᠤᠷᠢ ᠬᠥᠩᠭᠡᠨᠴᠠᠭ᠋ᠠᠨ᠎ᠤ ᠰᠠᠭᠤᠷᠢ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠬᠦ ᠬᠡᠷᠡᠭᠲᠡᠢ᠃ ᠲᠦᠩᠯᠢᠶᠣᠣ ᠵᠡᠭᠦᠨ ᠬᠤᠶ᠋ᠢᠲᠤ ᠭᠠᠵᠠᠷ ᠣᠷᠣᠨ᠎ᠤ ᠬᠠᠮᠤᠭ᠎ᠤᠨ ᠲᠣᠮᠣ ᠡᠬᠡ ᠬᠠᠭᠤᠷᠠᠢ ᠵᠢᠨ ᠰᠠᠯᠬᠢᠨ ᠬᠦᠴᠦᠨ᠎ᠤ ᠴᠠᠬᠢᠯᠭ᠋ᠠᠨ᠎ᠤ ᠲᠤᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠰᠠᠭᠤᠷᠢᠨ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ᠃
(ᠶᠢᠰᠦ) ᠠᠷᠠᠳ᠎ᠤᠨ ᠠᠮᠢᠳᠤᠷᠠᠯ᠎ᠤᠨ ᠶᠠᠪᠤᠳᠠᠯ ᠪᠣᠯ ᠬᠡᠵᠢᠶᠡᠳᠡ ᠴᠢᠬᠤᠯᠠ ᠶᠠᠪᠤᠳᠠᠯ ᠪᠠᠶ᠋ᠢᠵᠤ᠂ ᠡᠷᠬᠡᠪᠰᠢ ᠪᠣᠳᠠᠲᠠᠢ ᠭᠦᠢ᠍ᠴᠡᠳᠬᠡᠵᠦ ᠰᠠᠶ᠋ᠢᠲᠤᠷ ᠭᠦᠢ᠍ᠴᠡᠳᠬᠡᠬᠦ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠦᠨᠳᠦᠰᠦᠨ ᠪᠠᠷᠢᠮᠵᠢᠶ᠎ᠠ ᠵᠢ ᠪᠦᠬᠦ ᠤᠯᠤᠰ᠎ᠤᠨ ᠳᠤᠮᠳᠠᠴᠢ ᠲᠦᠪᠰᠢᠨ᠎ᠳᠤ ᠬᠦᠷᠦᠭᠦᠯᠬᠦ ᠪᠤᠶᠤ ᠳᠠᠪᠠᠭᠤᠯᠬᠤ ᠵᠢ ᠠᠬᠢᠭᠤᠯᠬᠤ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠷᠢᠯᠠᠭᠤᠯᠤᠭᠰᠠᠨ ᠠᠷᠠᠳ᠎ᠤᠨ ᠠᠮᠢᠳᠤᠷᠠᠯ᠎ᠤᠨ ᠠᠵᠢᠯ᠎ᠤᠨ ᠬᠠᠲᠠᠭᠤ ᠡᠭᠦᠷᠭᠡ ᠪᠣᠯᠣᠨ᠎ᠠ᠂ ᠪᠣᠢ ᠪᠦᠬᠦᠢ ᠪᠠᠲᠤᠯᠠᠭ᠎ᠠ ᠵᠢᠨ ᠪᠠᠷᠢᠮᠵᠢᠶ᠎ᠠ ᠵᠢ ᠪᠦᠬᠦ ᠲᠠᠯ᠎ᠠ᠎ᠪᠠᠷ ᠡᠮᠬᠢᠯᠡᠵᠦ᠂ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠠᠴᠠ ᠳᠣᠣᠷ᠎ᠠ ᠪᠠᠶ᠋ᠢᠭ᠎ᠠ ᠵᠢ᠎ᠨᠢ ᠳᠡᠭᠡᠭᠰᠢᠯᠡᠭᠦᠯᠵᠦ᠂ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠠᠴᠠ ᠳᠣᠣᠷ᠎ᠠ ᠪᠢᠰᠢ᠎ᠳᠤᠨᠢ ᠲᠣᠭᠲᠠᠭᠤᠨ ᠵᠶ᠋ᠠᠷ ᠠᠶᠠᠨᠳᠠᠭ᠋ᠠᠨ ᠨᠡᠮᠡᠭᠳᠡᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠡᠨᠡ ᠵᠢᠯ ᠪᠢᠳᠡ ᠦᠷᠭᠦᠯᠵᠢᠯᠡᠨ ᠠᠷᠠᠳ᠎ᠤᠨ ᠠᠮᠢᠳᠤᠷᠠᠯ᠎ᠤᠨ 33 ᠪᠣᠳᠠᠲᠤ ᠶᠠᠪᠤᠳᠠᠯ᠎ᠢ ᠳᠤᠷᠠᠳᠴᠤ᠂ ᠡᠷᠬᠡᠪᠰᠢ ᠨᠢᠭᠡ ᠵᠢ ᠬᠢᠪᠡᠯ ᠨᠢᠭᠡ ᠵᠢ ᠪᠦᠲᠦᠭᠡᠵᠦ᠂ ᠣᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶ᠋ᠢᠭ᠎ᠠ ᠵᠢ ᠦᠨᠡᠨ ᠪᠣᠳᠠᠲᠠᠢ ᠰᠢᠢ᠍ᠳᠪᠦᠷᠢᠯᠡᠬᠦ ᠬᠡᠷᠡᠭᠲᠡᠢ᠃
ᠳᠤᠯᠠᠭ᠋ᠠᠯᠠᠭ᠎ᠠ ᠵᠢᠨ ᠢᠨᠵᠧᠨᠧᠷᠢᠩ᠎ᠨᠢ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠥᠭᠡᠳ ᠪᠠᠰᠠ ᠬᠥᠭᠵᠢᠯᠲᠡ ᠵᠢᠨ ᠢᠨᠵᠧᠨᠧᠷᠢᠩ ᠪᠣᠯᠣᠨ᠎ᠠ᠃ ᠬᠤᠲᠠ ᠵᠢᠨ ᠰᠢᠨᠡᠳᠬᠡᠯ᠎ᠤᠨ ᠠᠵᠢᠯᠯᠠᠭ᠋ᠠᠨ᠎ᠲᠠᠢ ᠤᠶᠠᠯᠳᠤᠭᠤᠯᠤᠨ᠂ ᠬᠤᠭᠤᠯᠠᠢ ᠭᠤᠤᠷᠰᠤ ᠵᠢᠨ ᠲᠣᠣᠷ᠎ᠢ ᠰᠢᠨᠡᠳᠬᠡᠬᠦ᠂ ᠬᠠᠭᠤᠴᠢᠨ ᠰᠠᠭᠤᠭ᠋ᠠᠯᠢ ᠲᠣᠭᠤᠷᠢᠭ᠎ᠢ ᠥᠭᠡᠷᠡᠴᠢᠯᠡᠨ ᠰᠢᠨᠡᠳᠬᠡᠬᠦ ᠵᠢ ᠨᠢᠭᠡ ᠴᠣᠭᠴᠠ᠎ᠪᠠᠷ ᠠᠬᠢᠭᠤᠯᠤᠨ᠂ ᠪᠦᠬᠦ ᠵᠢᠯ᠎ᠳᠤ ᠰᠢᠲᠠᠮᠠᠬᠠᠢ ᠬᠡᠢ᠂ ᠢᠯᠴᠢ ᠬᠠᠩᠭ᠋ᠠᠬᠤ᠂ ᠤᠰᠤ ᠬᠠᠩᠭ᠋ᠠᠵᠤ ᠭᠠᠳᠠᠭᠰᠢᠯᠠᠭᠤᠯᠬᠤ ᠬᠤᠭᠤᠯᠠᠢ ᠭᠤᠤᠷᠰᠤ ᠵᠢᠨ ᠲᠣᠣᠷ᠎ᠢ 1500 ᠺᠢᠯᠣᠮᠧᠳ᠋ᠷ ᠥᠭᠡᠷᠡᠴᠢᠯᠡᠨ ᠰᠢᠨᠡᠳᠬᠡᠬᠦ ᠪᠠ ᠬᠠᠭᠤᠴᠢᠨ ᠰᠠᠭᠤᠭ᠋ᠠᠯᠢ ᠲᠣᠭᠤᠷᠢᠭ᠎ᠢ 1185 ᠥᠭᠡᠷᠡᠴᠢᠯᠡᠨ ᠰᠢᠨᠡᠳᠬᠡᠬᠦ ᠵᠢ ᠪᠡᠶᠡᠯᠡᠭᠦᠯᠵᠦ᠂ ᠬᠤᠲᠠ ᠵᠢᠨ ᠳᠤᠮᠳᠠᠬᠢ ᠲᠤᠰᠬᠤᠨ᠂ ᠬᠤᠲᠠ ᠵᠢᠨ ᠵᠠᠬ᠎ᠠ ᠵᠢᠨ ᠲᠤᠰᠬᠤᠨ᠎ᠤ ᠲᠦᠯᠡᠰᠢᠨ ᠨᠡᠭᠦᠷᠡᠰᠦ ᠵᠢ ᠲᠠᠷᠠᠬᠠᠢ ᠰᠢᠲᠠᠭ᠋ᠠᠬᠤ ᠵᠢ ᠶᠡᠷᠦᠩᠬᠡᠶ᠋ᠢᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠠᠵᠢᠯᠯᠠᠭ᠋ᠠᠨ᠎ᠢ ᠡᠬᠢᠯᠡᠭᠦᠯᠵᠦ᠂ ᠬᠤᠲᠠ ᠵᠢᠨ ᠲᠣᠭᠤᠷᠢᠭ᠎ᠤᠨ ᠲᠥᠪᠯᠡᠷᠡᠭᠦᠯᠦᠨ ᠢᠯᠴᠢ ᠬᠠᠩᠭ᠋ᠠᠬᠤ ᠵᠢ ᠥᠭᠡᠷᠡᠴᠢᠯᠡᠨ ᠰᠢᠨᠡᠳᠬᠡᠬᠦ ᠵᠢ ᠲᠦᠷᠭᠡᠳᠬᠡᠵᠦ᠂ ᠣᠯᠠᠨ ᠲᠦᠮᠡᠨ᠎ᠤ ᠬᠠᠯᠠᠭᠤᠨ ᠳᠤᠯᠠᠭ᠋ᠠᠨ ᠵᠶ᠋ᠠᠷ ᠡᠪᠦᠯᠵᠢᠬᠦ ᠵᠢ ᠪᠠᠲᠤᠯᠠᠨ᠎ᠠ᠃
ᠠᠵᠢᠯ ᠣᠯᠭᠤᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ᠃ ᠬᠥᠭᠵᠢᠯᠲᠡ ᠵᠢᠨ ᠳᠤᠮᠳᠠ ᠠᠵᠢᠯ ᠣᠯᠭᠤᠬᠤ ᠠᠰᠠᠭᠤᠳᠠᠯ᠎ᠢ ᠰᠢᠢ᠍ᠳᠪᠦᠷᠢᠯᠡᠬᠦ ᠵᠢ ᠪᠠᠷᠢᠮᠲᠠᠯᠠᠵᠤ᠂ ᠠᠵᠤ ᠠᠬᠤᠶ᠋ᠢᠯᠠᠯ᠎ᠢ ᠲᠤᠰᠠᠯᠠᠵᠤ ᠠᠵᠢᠯ᠎ᠤᠨ ᠪᠠᠶ᠋ᠢᠷᠢ ᠵᠢ ᠲᠣᠭᠲᠠᠭᠤᠨ ᠪᠠᠶ᠋ᠢᠯᠭ᠋ᠠᠬᠤ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠭᠤᠣᠯᠳᠠᠯᠭ᠎ᠠ᠎ᠲᠠᠢ ᠬᠥᠮᠥᠰ᠎ᠲᠤ ᠠᠵᠢᠯ ᠣᠯᠭᠤᠬᠤ᠎ᠪᠠᠷ ᠬᠠᠪᠰᠤᠷᠤᠨ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠵᠤ᠂ ᠢᠯᠠᠩᠭᠤᠶ᠎ᠠ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠵᠡᠷᠭᠡ ᠴᠢᠬᠤᠯᠠ ᠶᠡᠭᠡ ᠲᠦᠷᠦᠯ ᠵᠦᠢ᠍ᠯ᠎ᠳᠤ ᠣᠯᠠᠨ ᠲᠦᠮᠡᠨ᠎ᠢ ᠨᠡᠩ ᠣᠯᠠᠨ ᠣᠷᠣᠯᠴᠠᠭᠤᠯᠵᠤ᠂ ᠣᠷᠣᠯᠭ᠎ᠠ ᠵᠢ᠎ᠨᠢ ᠨᠡᠮᠡᠭᠳᠡᠭᠦᠯᠬᠦ ᠬᠡᠷᠡᠭᠲᠡᠢ᠃ ᠪᠣᠳᠠᠲᠠᠢ ᠵᠢ ᠤᠯᠠᠮ ᠢᠯᠡᠭᠦᠦ ᠡᠷᠬᠢᠮᠯᠡᠭᠰᠡᠨ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠨᠡᠩ ᠣᠯᠠᠨ ᠣᠶᠤᠲᠠᠳ᠎ᠢ ᠥᠪᠥᠷ ᠮᠣᠩᠭᠤᠯ᠎ᠳᠤ ᠢᠷᠡᠭᠦᠯᠵᠦ᠂ ᠥᠪᠥᠷ ᠮᠣᠩᠭᠤᠯ᠎ᠳᠤ ᠦᠯᠡᠳᠡᠭᠡᠨ ᠠᠵᠢᠯ ᠣᠯᠭᠤᠵᠤ ᠦᠢ᠍ᠯᠡᠰ ᠪᠣᠰᠬᠠᠯᠭ᠋ᠠᠨᠠ᠃ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠲᠤ ᠠᠵᠢᠯ ᠣᠯᠭᠤᠬᠤ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠨ᠎ᠠ᠃ ᠡᠯ᠎ᠡ ᠠᠶ᠋ᠢᠮᠠᠭ ᠬᠤᠲᠠ ᠵᠢᠨ᠎ᠬᠢᠨ ᠨᠢᠭᠡ ᠪᠦᠯᠦᠭ ᠡᠳᠦᠷ᠎ᠤᠨ ᠬᠦᠴᠦ ᠶᠠᠪᠤᠭᠰᠠᠳ᠎ᠤᠨ ᠵᠠᠬ᠎ᠠ ᠳᠡᠯᠭᠡᠭᠦᠷ᠂ ᠡᠳᠦᠷ᠎ᠤᠨ ᠬᠦᠴᠦ ᠶᠠᠪᠤᠭᠰᠠᠳ᠎ᠤᠨ ᠥᠷᠲᠡᠭᠡ ᠵᠢ ᠲᠦᠷᠭᠡᠳᠬᠡᠨ ᠪᠠᠶ᠋ᠢᠭᠤᠯᠵᠤ᠂ ᠣᠯᠠᠨ ᠲᠦᠮᠡᠨ᠎ᠤ ᠠᠵᠢᠯ ᠣᠯᠬᠤ᠎ᠳᠤ ᠳᠦᠭᠦᠮ ᠦᠵᠡᠭᠦᠯᠬᠦ ᠬᠡᠷᠡᠭᠲᠡᠢ᠃
ᠰᠤᠷᠭ᠋ᠠᠨ ᠬᠥᠮᠦᠵᠢᠯ᠎ᠨᠢ ᠦᠢ ᠲᠦᠮᠡᠨ ᠠᠶ᠋ᠢᠯ ᠡᠷᠦᠬᠡ᠎ᠳᠤ ᠬᠤᠯᠪᠣᠭᠳᠠᠨ᠎ᠠ᠃ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠨᠢ ᠲᠦᠭᠡᠮᠡᠯ ᠬᠠᠷᠠᠭ᠋ᠠᠯᠵᠠᠯᠲᠤ ᠬᠥᠭᠵᠢᠯᠲᠡ ᠵᠢ ᠳᠣᠪᠦ᠋ᠢ᠍ᠯᠭ᠋ᠠᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠴᠢᠨᠠᠷᠵᠢᠭᠤᠨ ᠪᠥᠭᠡᠳ ᠲᠡᠩᠴᠡᠭᠦᠷᠢᠲᠡᠢ ᠬᠥᠭᠵᠢᠭᠦᠯᠵᠦ᠂ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠣᠯᠠᠨ ᠶᠠᠩᠵᠤᠴᠢᠯᠠᠨ᠂ ᠣᠨᠴᠠᠯᠢᠬ᠍ᠵᠢᠭᠤᠯᠤᠨ ᠬᠥᠭᠵᠢᠭᠦᠯᠵᠦ᠂ 126 ᠬᠡᠦᠬᠡᠳ᠎ᠤᠨ ᠴᠡᠴᠡᠷᠯᠢᠭ᠂ 578 ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠨᠥᠬᠦᠴᠡᠯ᠎ᠢ ᠥᠭᠡᠷᠡᠴᠢᠯᠡᠨ ᠰᠠᠶ᠋ᠢᠵᠢᠷᠠᠭᠤᠯᠵᠤ᠂ ᠰᠢᠶᠠᠩ ᠪᠠᠯᠭ᠋ᠠᠰᠤ ᠪᠦᠷᠢ ᠠᠳᠠᠭ᠎ᠲᠤ᠎ᠪᠠᠨ ᠨᠢᠭᠡ ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠢ ᠰᠠᠶ᠋ᠢᠲᠤᠷ ᠡᠷᠬᠢᠯᠡᠵᠦ᠂ ᠬᠤᠰᠢᠭᠤ ᠰᠢᠶᠠᠨ ᠪᠦᠷᠢ ᠠᠳᠠᠭ᠎ᠲᠤ᠎ᠪᠠᠨ ᠨᠢᠭᠡ ᠴᠢᠨᠠᠷᠯᠢᠭ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠰᠠᠶ᠋ᠢᠲᠤᠷ ᠡᠷᠬᠢᠯᠡᠬᠦ ᠬᠡᠷᠡᠭᠲᠡᠢ᠃ ᠶᠡᠭᠡ ᠳᠡᠭᠡᠳᠦ ᠰᠤᠷᠭ᠋ᠠᠭᠤᠯᠢ ᠡᠷᠡᠯᠬᠡᠭ ᠵᠣᠷᠢᠭ ᠠᠤᠭ᠎ᠠ ᠬᠦᠰᠡᠯ᠎ᠢ ᠡᠪᠦᠷᠯᠡᠨ᠂ ᠲᠡᠷᠢᠭᠦᠨ ᠳᠡᠰ᠎ᠤᠨ ᠪᠠᠷᠢᠮᠵᠢᠶ᠎ᠠ᠎ᠪᠠᠷ ᠬᠠᠷᠠᠯᠲᠠ᠎ᠪᠠᠨ ᠪᠣᠯᠭ᠋ᠠᠵᠤ᠂ ᠲᠡᠷᠢᠭᠦᠨ ᠳᠡᠰ᠎ᠤᠨ ᠲᠤᠰᠬᠠᠢ ᠮᠡᠷᠭᠡᠵᠢᠯ᠂ ᠲᠡᠷᠢᠭᠦᠨ ᠳᠡᠰ᠎ᠤᠨ ᠬᠢᠴᠢᠶᠡᠯ ᠰᠢᠨᠵᠢᠯᠡᠭᠡᠨ᠎ᠤ ᠰᠠᠯᠠᠭ᠎ᠠ ᠵᠢ ᠴᠣᠭᠴᠠᠯᠠᠨ᠂ ᠬᠤᠪᠣᠷ ᠰᠢᠷᠣᠢ᠂ ᠰᠦ ᠰᠠᠭ᠋ᠠᠯᠢ ᠵᠢᠨ ᠦᠢ᠍ᠯᠡᠰ᠂ ᠡᠨᠧᠷᠬᠢ᠂ ᠲᠡᠷᠢᠭᠦᠨ᠎ᠤ ᠦᠢ᠍ᠯᠡᠳᠬᠦ ᠠᠵᠢᠯ᠎ᠤᠨ ᠲᠣᠭᠤᠷᠢᠨ᠎ᠳᠤ ᠰᠤᠷᠭ᠋ᠠᠨ ᠬᠥᠮᠦᠵᠢᠯ᠎ᠤᠨ ᠶᠠᠮᠤᠨ᠎ᠯᠤᠭ᠎ᠠ ᠳᠡᠭᠡᠳᠦ ᠵᠡᠷᠭᠡ ᠵᠢᠨ ᠰᠤᠳᠤᠯᠭ᠋ᠠᠨ᠎ᠤ ᠬᠦᠷᠢᠶᠡᠯᠡᠩ᠎ᠢ ᠬᠠᠮᠲᠤ᠎ᠪᠠᠷ ᠪᠠᠶ᠋ᠢᠭᠤᠯᠵᠤ᠂ ᠠᠮᠢᠳᠤ ᠪᠣᠳᠠᠰ᠂ ᠠᠮᠢ ᠠᠬᠤᠢ᠂ ᠡᠪᠡᠰᠦᠨ᠎ᠤ ᠤᠬᠠᠭ᠋ᠠᠨ᠂ ᠲᠡᠮᠦᠷᠯᠢᠭ ᠬᠠᠶ᠋ᠢᠯᠤᠭᠤᠯᠬᠤ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠣᠨᠴᠠᠯᠢᠭᠲᠤ ᠬᠢᠴᠢᠶᠡᠯ ᠰᠢᠨᠵᠢᠯᠡᠭᠡᠨ᠎ᠤ ᠰᠠᠯᠠᠭ᠎ᠠ ᠵᠢ ᠰᠠᠶ᠋ᠢᠲᠤᠷ ᠪᠠᠶ᠋ᠢᠭᠤᠯᠵᠤ᠂ ᠣᠳᠣ ᠦᠶ᠎ᠡ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢ 23᠂ ᠲᠤᠰᠬᠠᠢ ᠮᠡᠷᠭᠡᠵᠢᠯ᠎ᠤᠨ ᠣᠨᠴᠠᠯᠢᠭᠲᠤ ᠳᠡᠭᠡᠳᠦ ᠰᠤᠷᠭ᠋ᠠᠭᠤᠯᠢ ᠵᠢ 6᠂ ᠢᠷᠡᠭᠡᠳᠦᠢ ᠵᠢᠨ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ 2 ᠰᠠᠶ᠋ᠢᠲᠤᠷ ᠴᠣᠭᠴᠠᠯᠠᠨ᠂ ᠪᠦᠬᠦ ᠣᠷᠣᠨ᠎ᠤ ᠴᠢᠨᠠᠷ ᠰᠠᠶ᠋ᠢᠲᠠᠢ ᠬᠥᠭᠵᠢᠯᠲᠡ᠎ᠳᠤ ᠲᠤᠰᠬᠠᠢ ᠮᠡᠷᠭᠡᠵᠢᠯ᠎ᠤᠨ ᠤᠷ᠎ᠠ ᠮᠡᠷᠭᠡᠰᠢᠯ᠎ᠲᠠᠢ ᠴᠢᠳᠠᠪᠤᠷᠢᠲᠠᠨ᠎ᠢ ᠨᠡᠩ ᠣᠯᠠᠨ ᠴᠢᠷᠮᠠᠶ᠋ᠢᠨ ᠬᠥᠮᠥᠵᠢᠭᠦᠯᠬᠦ ᠬᠡᠷᠡᠭᠲᠡᠢ᠃ ᠥᠪᠥᠷ ᠮᠣᠩᠭᠤᠯ᠎ᠤᠨ ᠠᠵᠢᠯ ᠮᠡᠷᠭᠡᠵᠢᠯ ᠤᠨ ᠰᠤᠷᠭ᠋ᠠᠨ ᠬᠥᠮᠦᠵᠢᠯ᠎ᠤᠨ ᠬᠦᠷᠢᠶᠡᠯᠡᠩ ᠲᠣᠭᠤᠷᠢᠭ᠎ᠢ ᠲᠦᠷᠭᠡᠳᠬᠡᠨ ᠪᠠᠶ᠋ᠢᠭᠤᠯᠵᠤ᠂ ᠬᠥᠯᠥᠨ ᠪᠦᠢ᠍ᠷ᠎ᠤᠨ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠥᠭᠵᠢᠭᠦᠯᠬᠦ ᠵᠢ᠎ᠨᠢ ᠳᠡᠮᠵᠢᠵᠦ᠂ ᠪᠦᠬᠦ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠤᠷᠠᠨ ᠳᠠᠷᠬᠠᠨ᠎ᠤ ᠠᠩᠭᠢ》᠂ 《ᠵᠠᠬᠢᠶᠠᠯᠠᠭ᠎ᠠ ᠵᠢᠨ ᠮᠠᠶᠢᠭ᠎ᠤᠨ ᠠᠩᠭᠢ》᠎ᠳᠤ ᠬᠥᠮᠥᠵᠢᠭᠦᠯᠵᠦ ᠪᠠᠶ᠋ᠢᠭ᠎ᠠ ᠰᠤᠷᠤᠭᠴᠢ ᠵᠢ 3 ᠲᠦᠮᠡ᠎ᠠᠴᠠ ᠳᠡᠭᠡᠭᠰᠢ᠎ᠳᠤ ᠬᠦᠷᠭᠡᠵᠦ᠂ ᠦᠢ᠍ᠯᠡᠳᠪᠦᠷᠢᠯᠡᠬᠦ ᠵᠢᠭ᠋ᠠᠨ ᠰᠤᠷᠭ᠋ᠠᠬᠤ ᠵᠢ ᠠᠭᠤᠰᠤᠯᠴᠠᠭᠤᠯᠤᠭᠰᠠᠨ ᠬᠡᠯᠪᠡᠷᠢ ᠵᠢᠨ ᠠᠵᠤ ᠠᠬᠤᠶ᠋ᠢᠯᠠᠯ᠎ᠢ 50 ᠪᠣᠶ᠋ᠢᠵᠢᠭᠤᠯᠤᠨ᠎ᠠ᠃ ᠶᠡᠭᠡ ᠰᠤᠷᠭ᠋ᠠᠭᠤᠯᠢ ᠳᠤᠮᠳᠠᠳᠤ ᠰᠤᠷᠭ᠋ᠠᠭᠤᠯᠢ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠬᠤ ᠵᠢ ᠦᠷᠭᠦᠯᠵᠢᠯᠡᠨ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠬᠥᠯ ᠪᠥᠮᠪᠦᠭᠡ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠡᠷᠭᠡ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠰᠤᠷᠤᠭᠴᠢᠳ᠎ᠤᠨ ᠮᠣᠷᠠᠯ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠶ᠋ᠢᠬᠠᠨ ᠬᠦᠳᠡᠯᠮᠦᠷᠢ ᠪᠦᠬᠦ ᠲᠠᠯ᠎ᠠ᠎ᠪᠠᠷ ᠬᠥᠭᠵᠢᠬᠦ ᠵᠢ ᠠᠬᠢᠭᠤᠯᠤᠨ᠎ᠠ᠃ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ᠎ᠳᠤ ᠰᠠᠶ᠋ᠢᠨ ᠵᠠᠬᠢᠷᠤᠯ᠂ ᠰᠠᠶ᠋ᠢᠨ ᠪᠠᠭᠰᠢ ᠪᠣᠯ ᠵᠠᠩᠭᠢᠯᠠᠭ᠎ᠠ ᠶᠤᠮ᠂ ᠨᠡᠷᠡᠲᠦ ᠪᠠᠭᠰᠢ ᠨᠡᠷᠡᠲᠦ ᠵᠠᠬᠢᠷᠤᠯ᠎ᠢ ᠬᠥᠮᠥᠵᠢᠭᠦᠯᠬᠦ ᠢᠨᠵᠧᠨᠧᠷᠢᠩ᠎ᠢ ᠶᠡᠭᠡ᠎ᠪᠠᠷ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠰᠤᠷᠭ᠋ᠠᠨ ᠬᠥᠮᠦᠵᠢᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ᠎ᠪᠠᠷ ᠠᠵᠠ ᠳᠣᠬᠢᠶᠠᠯ ᠪᠣᠯᠭ᠋ᠠᠨ᠂ ᠨᠡᠩ ᠣᠯᠠᠨ ᠪᠡᠭᠡᠵᠢᠩ᠎ᠤᠨ ᠪᠠᠭᠰᠢ ᠵᠢ ᠥᠪᠥᠷ ᠮᠣᠩᠭᠤᠯ᠎ᠳᠤ ᠲᠠᠲᠠᠨ ᠢᠷᠡᠭᠦᠯᠵᠦ᠂ ᠣᠨᠴᠠᠭ᠋ᠠᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠪᠦᠬᠦ ᠤᠯᠤᠰ᠎ᠲᠤ ᠬᠠᠨᠳᠤᠭᠤᠯᠤᠨ ᠨᠡᠩ ᠣᠯᠠᠨ ᠰᠢᠯᠢᠳᠡᠭ ᠪᠠᠭᠰᠢ ᠵᠢ ᠣᠷᠣᠭᠤᠯᠤᠨ ᠠᠪᠴᠢᠷᠠᠵᠤ᠂ ᠥᠪᠥᠷ ᠮᠣᠩᠭᠤᠯ᠎ᠤᠨ ᠵᠶ᠋ᠠᠨ ᠬᠡᠦᠬᠡᠳ᠎ᠤᠳ᠎ᠲᠤ᠎ᠪᠠᠨ ᠨᠡᠩ ᠰᠠᠶ᠋ᠢᠨ ᠰᠤᠷᠭ᠋ᠠᠨ ᠬᠥᠮᠦᠵᠢᠯ ᠬᠦᠷᠲᠡᠭᠡᠬᠦ ᠬᠡᠷᠡᠭᠲᠡᠢ᠃
ᠨᠡᠩ ᠥᠨᠳᠥᠷ ᠲᠦᠪᠰᠢᠨ ᠪᠦᠬᠦᠢ ᠡᠮᠴᠢᠯᠡᠭᠡᠨ᠎ᠤ ᠦᠢ᠍ᠯᠡᠴᠢᠯᠡᠭᠡ ᠬᠦᠷᠲᠡᠬᠦ᠎ᠨᠢ ᠣᠯᠠᠨ ᠲᠦᠮᠡᠨ᠎ᠤ ᠴᠢᠩ ᠰᠡᠳᠬᠢᠯ᠎ᠤᠨ ᠬᠦᠰᠡᠯ ᠡᠷᠡᠮᠡᠯᠵᠡᠯ ᠪᠣᠯᠣᠨ᠎ᠠ᠃ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ ᠪᠠ ᠴᠢᠨᠠᠷ ᠰᠠᠶ᠋ᠢᠲᠠᠢ ᠬᠥᠭᠵᠢᠯᠲᠡ ᠵᠢ ᠥᠷᠭᠦᠯᠵᠢᠯᠡᠨ ᠭᠦᠨᠵᠡᠭᠡᠶ᠋ᠢᠷᠡᠭᠦᠯᠵᠦ᠂ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠡᠮᠴᠢᠯᠡᠭᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠵᠢ ᠭᠦᠨᠵᠡᠭᠡᠶ᠋ᠢᠷᠡᠭᠦᠯᠦᠨ ᠬᠡᠷᠡᠭᠵᠢᠭᠦᠯᠵᠦ᠂ ᠥᠪᠥᠷ ᠮᠣᠩᠭᠤᠯ ᠯᠢᠶᠣᠤᠨᠢᠩ᠂ ᠥᠪᠥᠷ ᠮᠣᠩᠭᠤᠯ ᠱᠠᠩᠬᠠᠢ ᠵᠢᠨ ᠡᠮᠴᠢᠯᠡᠭᠡᠨ᠎ᠤ ᠬᠠᠮᠲᠤᠷᠠᠯᠴᠠᠭ᠎ᠠ ᠵᠢ ᠥᠷᠭᠡᠳᠬᠡᠵᠦ᠂ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ 4᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠤᠰᠬᠠᠢ ᠰᠠᠯᠠᠭ᠋ᠠᠨ᠎ᠤ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ 20 ᠰᠠᠶ᠋ᠢᠲᠤᠷ ᠪᠠᠶ᠋ᠢᠭᠤᠯᠵᠤ᠂ ᠪᠤᠭᠤᠲᠤ ᠤᠯᠠᠭ᠋ᠠᠨᠬᠠᠳᠠ ᠦᠬᠠᠢ ᠭᠤᠷᠪᠠ ᠵᠢᠨ ᠤᠯᠤᠰ᠎ᠤᠨ ᠳᠡᠰ᠎ᠤᠨ ᠨᠢᠭᠲᠠ ᠬᠡᠯᠪᠡᠷᠢ ᠪᠦᠬᠦᠢ ᠬᠤᠲᠠ ᠵᠢᠨ ᠡᠮᠴᠢᠯᠡᠭᠡᠨ᠎ᠤ ᠪᠦᠯᠦᠭᠯᠡᠯ᠎ᠤᠨ ᠲᠤᠷᠰᠢᠯᠲᠠ ᠵᠢᠨ ᠴᠡᠭ᠎ᠢ ᠲᠦᠷᠭᠡᠳᠬᠡᠨ ᠪᠠᠶ᠋ᠢᠭᠤᠯᠵᠤ᠂ ᠣᠯᠠᠨ ᠳᠡᠰ ᠳᠠᠪᠬᠤᠷᠭ᠋ᠠᠲᠤ ᠡᠮᠴᠢᠯᠡᠭᠡᠨ᠎ᠤ ᠬᠤᠯᠪᠣᠭ᠋ᠠᠲᠤ ᠴᠣᠭᠴᠠ ᠪᠠ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃ ᠴᠢᠨᠠᠷ ᠰᠠᠶ᠋ᠢᠲᠠᠢ ᠡᠮᠴᠢᠯᠡᠭᠡᠨ᠎ᠤ ᠡᠬᠢ ᠪᠠᠶᠠᠯᠢᠭ᠎ᠤᠨ ᠪᠠᠭᠲᠠᠭ᠋ᠠᠮᠵᠢ ᠵᠢ᠎ᠨᠢ ᠥᠷᠭᠡᠳᠬᠡᠬᠦ ᠵᠢ ᠠᠬᠢᠭᠤᠯᠤᠨ᠂ ᠬᠢᠲᠠᠳ (ᠮᠣᠩᠭᠤᠯ) ᠡᠮᠨᠡᠯᠭᠡ ᠵᠢᠨ ᠡᠮᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠤᠪᠢᠯᠠᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠤᠯᠠᠮ ᠨᠢᠭᠡ ᠠᠯᠬᠤᠮ ᠨᠡᠮᠡᠭᠳᠡᠭᠦᠯᠦᠨ᠂ ᠡᠯ᠎ᠡ ᠭᠠᠵᠠᠷ᠎ᠤᠨ ᠣᠨᠴᠠ ᠬᠡᠷᠡᠭᠴᠡᠭᠡᠨ᠎ᠤ ᠡᠭᠦᠳᠡᠨ ᠡᠮᠨᠡᠯᠭᠡ᠂ ᠣᠨᠴᠠ ᠬᠡᠷᠡᠭᠴᠡᠭᠡᠨ᠎ᠤ ᠡᠪᠡᠳᠴᠢᠲᠡᠨ᠎ᠤ ᠥᠷᠥᠭᠡ ᠵᠢ ᠨᠡᠭᠡᠭᠡᠨ ᠲᠣᠬᠢᠷᠠᠭᠤᠯᠬᠤ ᠵᠢ ᠳᠡᠮᠵᠢᠵᠦ᠂ ᠰᠠᠶ᠋ᠢᠨ ᠡᠮᠨᠡᠯᠭᠡ ᠵᠢᠨ ᠬᠤᠷᠢᠶᠠᠨ ᠳᠠᠷᠤᠭ᠎ᠠ ᠵᠢ ᠰᠣᠩᠭᠤᠨ ᠲᠣᠮᠢᠯᠠᠵᠤ᠂ ᠰᠢᠯᠢᠳᠡᠭ ᠡᠮᠴᠢ ᠵᠢ ᠬᠥᠮᠥᠵᠢᠭᠦᠯᠵᠦ᠂ ᠣᠯᠠᠨ ᠲᠦᠮᠡᠨ᠎ᠳᠤ ᠭᠡᠷ᠎ᠤᠨ ᠬᠠᠶᠠᠭ᠋ᠠᠨ᠎ᠳᠤ᠎ᠨᠢ ᠴᠢᠨᠠᠷ ᠰᠠᠶ᠋ᠢᠲᠠᠢ ᠡᠮᠴᠢᠯᠡᠭᠡᠨ᠎ᠤ ᠦᠢ᠍ᠯᠡᠴᠢᠯᠡᠭᠡ ᠵᠢ ᠬᠦᠷᠲᠡᠭᠡᠨ᠎ᠡ᠃
《ᠨᠠᠰᠤᠲᠠᠶ᠋ᠢᠴᠤᠳ ᠪᠠ ᠨᠢᠯᠬᠠᠰ》᠎ᠲᠤ ᠨᠡᠩ ᠣᠯᠠᠨ ᠬᠠᠶ᠋ᠢᠷ᠎ᠠ ᠬᠠᠯᠠᠮᠵᠢ ᠬᠦᠷᠲᠡᠭᠡᠨ᠎ᠡ᠃ ᠭᠡᠷ᠎ᠲᠤ᠎ᠪᠠᠨ ᠠᠰᠠᠷᠠᠭᠤᠯᠬᠤ᠎ᠳᠤ ᠵᠣᠷᠢᠭᠤᠯᠤᠭᠰᠠᠨ ᠨᠡᠶ᠋ᠢᠭᠡᠮ ᠲᠣᠭᠤᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷ᠎ᠢ ᠳᠡᠭᠡᠭᠰᠢᠯᠡᠭᠦᠯᠬᠦ᠂ ᠪᠠᠶ᠋ᠢᠭᠤᠯᠤᠮᠵᠢ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠳᠡᠰ᠎ᠢ ᠳᠡᠪᠰᠢᠭᠦᠯᠬᠦ᠂ ᠲᠠᠷᠢᠶᠠᠯᠠᠬᠤ ᠮᠠᠯᠵᠢᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠬᠡᠪᠴᠢᠶ᠎ᠡ ᠵᠢ ᠥᠷᠭᠡᠳᠬᠡᠬᠦ᠂ ᠨᠠᠰᠤᠵᠢᠯ᠎ᠤᠨ ᠦᠢ᠍ᠯᠡᠴᠢᠯᠡᠭᠡᠨ᠎ᠤ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠰᠠᠭᠤᠷᠢ ᠵᠢ ᠪᠠᠲᠤᠳᠬᠠᠬᠤ 4 ᠵᠦᠢ᠍ᠯ᠎ᠤᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠰᠤᠮᠤ ᠰᠢᠶᠠᠩ ᠪᠠᠯᠭ᠋ᠠᠰᠤᠨ᠎ᠤ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ 170᠂ ᠲᠤᠰᠬᠤᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ 1500 ᠡᠬᠢᠯᠡᠭᠦᠯᠦᠨ ᠪᠠᠶ᠋ᠢᠭᠤᠯᠵᠤ᠂ 1.3 ᠲᠦᠮᠡᠨ ᠡᠷᠦᠬᠡ ᠣᠨᠴᠠᠭ᠋ᠠᠢ ᠬᠦᠴᠢᠷᠳᠡᠯᠲᠡᠢ ᠨᠠᠰᠤᠲᠠᠶ᠋ᠢᠴᠤᠳ᠎ᠤᠨ ᠭᠡᠷ ᠪᠦᠯᠢ ᠵᠢ ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠨ ᠰᠢᠨᠡᠳᠬᠡᠬᠦ ᠵᠢ ᠪᠡᠶᠡᠯᠡᠭᠦᠯᠦᠨ᠎ᠡ᠃ ᠦᠷᠡᠵᠢᠯ᠎ᠢ ᠳᠡᠮᠵᠢᠬᠦ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠬᠡᠦᠬᠡᠳ ᠰᠠᠭ᠋ᠠᠲᠠᠭᠤᠯᠵᠤ ᠠᠰᠠᠷᠠᠬᠤ ᠲᠦᠭᠡᠮᠡᠯ ᠬᠠᠷᠠᠭ᠋ᠠᠯᠵᠠᠯᠲᠤ ᠦᠢ᠍ᠯᠡᠴᠢᠯᠡᠭᠡ ᠵᠢᠨ ᠲᠣᠭᠲᠠᠯᠴᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠡᠴᠡᠷᠯᠢᠭ᠎ᠤᠨ ᠨᠢᠯᠬ᠎ᠠ ᠨᠢᠷᠠᠢ ᠬᠡᠦᠬᠡᠳ᠎ᠤᠨ ᠣᠷᠣ ᠵᠢ 1.5 ᠲᠦᠮᠡ ᠰᠢᠨ᠎ᠡ᠎ᠪᠠᠷ ᠨᠡᠮᠡᠭᠳᠡᠭᠦᠯᠦᠨ᠎ᠡ᠃
ᠠᠵᠤ ᠲᠦᠷᠦᠵᠦ ᠠᠮᠢᠳᠤᠷᠠᠬᠤ᠎ᠳᠤ ᠲᠣᠬᠢᠷᠠᠮᠵᠢᠲᠠᠢ ᠡᠶ᠎ᠡ ᠨᠠᠶ᠋ᠢᠷᠲᠠᠢ ᠭᠤᠶᠣ ᠰᠠᠶ᠋ᠢᠬᠠᠨ ᠬᠥᠳᠡᠭᠡ ᠲᠤᠰᠬᠤᠨ᠎ᠢ ᠪᠦᠲᠦᠭᠡᠨ ᠪᠠᠶ᠋ᠢᠭᠤᠯᠤᠨ᠎ᠠ᠃ 《ᠮᠢᠩᠭ᠎ᠠ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠤᠰᠬᠤᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ᠂ ᠬᠥᠳᠡᠭᠡ ᠲᠤᠰᠬᠤᠨ᠎ᠤ ᠪᠦᠲᠦᠭᠡᠨ ᠪᠠᠶ᠋ᠢᠭᠤᠯᠤᠯᠲᠠ ᠵᠢᠨ ᠬᠢᠷᠢ ᠲᠦᠪᠰᠢᠨ᠂ ᠬᠥᠳᠡᠭᠡ ᠲᠤᠰᠬᠤᠨ᠎ᠤ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠲᠠᠷᠢᠶᠠᠴᠢᠨ ᠮᠠᠯᠴᠢᠳ᠎ᠢ ᠲᠤᠬᠠᠢ ᠵᠢᠨ ᠭᠠᠵᠠᠷ᠎ᠲᠤᠨᠢ ᠣᠳᠣ ᠦᠶ᠎ᠡ ᠵᠢᠨ ᠪᠣᠯᠪᠠᠰᠤᠨ ᠠᠮᠢᠳᠤᠷᠠᠯ᠎ᠲᠠᠢ ᠪᠣᠯᠭ᠋ᠠᠨ᠎ᠠ᠃ ᠪᠤᠶ᠋ᠢᠲᠠ ᠪᠥᠭᠯᠡᠭᠦᠦ ᠪᠠᠶ᠋ᠢᠭ᠎ᠠ 2022 ᠲᠠᠷᠢᠶᠠᠯᠠᠬᠤ ᠮᠠᠯᠵᠢᠬᠤ ᠡᠷᠦᠬᠡ᠎ᠳᠤ ᠴᠠᠬᠢᠯᠭ᠋ᠠᠨ ᠲᠣᠣᠷ᠎ᠢ᠎ᠨᠢ ᠤᠷᠲᠤᠳᠬᠠᠵᠤ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ ᠪᠠ ᠪᠤᠶ᠋ᠢᠲᠠ ᠪᠥᠭᠯᠡᠭᠦᠦ ᠪᠠᠶ᠋ᠢᠭ᠎ᠠ 2 ᠲᠦᠮᠡᠨ ᠲᠠᠷᠢᠶᠠᠯᠠᠬᠤ ᠮᠠᠯᠵᠢᠬᠤ ᠡᠷᠦᠬᠡ᠂ ᠬᠢᠯᠢ ᠵᠢᠨ ᠰᠡᠷᠭᠡᠶ᠋ᠢᠯᠡᠯᠲᠡ ᠵᠢᠨ 40 ᠬᠠᠷᠠᠭᠤᠯ᠎ᠤᠨ ᠭᠠᠵᠠᠷ᠎ᠲᠤ ᠰᠢᠨ᠎ᠡ ᠡᠨᠧᠷᠬᠢ᠎ᠪᠠᠷ ᠴᠠᠬᠢᠯᠭ᠋ᠠᠨ ᠨᠡᠪᠲᠡᠷᠡᠭᠦᠯᠬᠦ ᠲᠡᠰ ᠳᠡᠪᠰᠢᠭᠦᠯᠬᠦ ᠢᠨᠵᠧᠨᠧᠷᠢᠩ᠎ᠢ ᠪᠡᠶᠡᠯᠡᠭᠦᠯᠵᠦ᠂ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠲᠤᠰᠬᠤᠨ᠎ᠳᠤ ᠴᠠᠬᠢᠯᠭ᠋ᠠᠨ ᠨᠡᠪᠲᠡᠷᠡᠭᠦᠯᠬᠦ ᠵᠢᠨ ᠪᠦᠬᠦᠨ᠎ᠢ ᠬᠠᠮᠤᠷᠬᠤ ᠵᠢ ᠪᠡᠶᠡᠯᠡᠭᠦᠯᠦᠨ᠎ᠡ᠃ ᠬᠥᠮᠥᠨ ᠠᠮᠠ ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭ᠋ᠠᠨ᠎ᠤ ᠲᠤᠰᠬᠤᠨ᠎ᠤ ᠠᠮᠢᠳᠤᠷᠠᠯ᠎ᠤᠨ ᠬᠤᠭ ᠨᠣᠪᠰᠢ ᠪᠠ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠵᠢ ᠠᠬᠢᠭᠤᠯᠤᠨ᠂ ᠠᠮᠢᠳᠤᠷᠠᠯ᠎ᠤᠨ ᠬᠤᠭ ᠨᠣᠪᠰᠢ ᠵᠢ ᠬᠤᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠲᠣᠭᠲᠠᠯᠴᠠᠭ᠋ᠠᠨ᠎ᠤ ᠬᠠᠮᠤᠷᠬᠤ ᠬᠡᠪᠴᠢᠶ᠎ᠡ ᠵᠢ 80%᠎ᠠᠴᠠ ᠳᠠᠪᠠᠭᠤᠯᠵᠤ᠂ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢ ᠪᠦᠷᠢᠳᠦᠭᠦᠯᠦᠭᠰᠡᠨ ᠪᠠᠶ᠋ᠢᠭᠤᠯᠤᠮᠵᠢᠲᠤ ᠪᠠᠯᠭ᠋ᠠᠰᠤ ᠵᠢ 50%᠎ᠠᠴᠠ ᠳᠠᠪᠠᠭᠤᠯᠬᠤ᠎ᠪᠠᠷ ᠴᠢᠷᠮᠠᠶ᠋ᠢᠨ᠎ᠠ᠃
(ᠠᠷᠪᠠ) ᠡᠬᠡ ᠤᠯᠤᠰ᠎ᠤᠨ 《ᠤᠮᠠᠷᠠᠲᠤ ᠶᠡᠭᠡ ᠬᠠᠭ᠋ᠠᠯᠭ᠎ᠠ》 ᠵᠢ ᠡᠷᠡᠰ ᠰᠠᠶ᠋ᠢᠲᠤᠷ ᠰᠠᠬᠢᠵᠤ᠂ ᠨᠡᠶ᠋ᠢᠰᠯᠡᠯ᠎ᠤᠨ 《ᠬᠤᠲᠠ ᠬᠠᠮᠠᠭ᠋ᠠᠯᠠᠬᠤ ᠭᠤᠣᠯ》 ᠪᠣᠯᠬᠤ ᠦᠢ᠍ᠯᠡᠳᠦᠯ ᠵᠶ᠋ᠠᠨ ᠰᠠᠶ᠋ᠢᠲᠤᠷ ᠪᠠᠳᠠᠷᠠᠭᠤᠯᠤᠨ᠎ᠠ᠃ ᠡᠯ᠎ᠡ ᠲᠥᠷᠥᠯ᠎ᠤᠨ ᠲᠦᠭᠰᠢᠭᠦᠷᠢ ᠵᠢᠨ ᠭᠡᠮ ᠰᠣᠭᠤᠭ᠎ᠢ ᠪᠦᠲᠦᠮᠵᠢᠲᠡᠢ ᠰᠡᠷᠭᠡᠶ᠋ᠢᠯᠡᠨ ᠠᠷᠢᠯᠭ᠋ᠠᠵᠤ᠂ ᠥᠨᠳᠥᠷ ᠲᠦᠪᠰᠢᠨ ᠪᠦᠬᠦᠢ ᠤᠮᠠᠷᠠᠲᠤ ᠬᠢᠯᠢ ᠵᠢᠨ ᠠᠮᠤᠷ ᠲᠦᠪᠰᠢᠨ᠎ᠤ ᠲᠣᠭᠲᠠᠯᠴᠠᠭ᠎ᠠ ᠵᠢ ᠪᠦᠬᠦ ᠬᠦᠴᠦᠨ ᠵᠶ᠋ᠠᠷ ᠵᠶ᠋ᠠᠨ ᠴᠣᠭᠴᠠᠯᠠᠨ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠤ ᠰᠠᠶ᠋ᠢᠨ ᠦᠢ᠍ᠯᠡᠳᠦᠯᠴᠡᠯ᠎ᠢ ᠠᠬᠢᠭᠤᠯᠤᠨ᠎ᠠ᠃ ᠠᠶᠤᠯ ᠦᠭᠡᠢ ᠦᠢ᠍ᠯᠡᠳᠪᠦᠷᠢᠯᠡᠯ᠎ᠤᠨ ᠲᠠᠯ᠎ᠠ᠎ᠪᠠᠷ ᠡᠷᠭᠢᠯᠲᠡ ᠭᠠᠷᠭ᠋ᠠᠬᠤ ᠠᠵᠢᠯᠯᠠᠭ᠎ᠠ ᠵᠢ ᠰᠠᠶ᠋ᠢᠲᠤᠷ ᠬᠢᠨ᠎ᠡ᠃ ᠠᠶᠤᠯ ᠦᠭᠡᠢ ᠦᠢ᠍ᠯᠡᠳᠪᠦᠷᠢᠯᠡᠯ᠎ᠢ ᠦᠨᠳᠦᠰᠦᠨ᠎ᠠᠴᠠ᠎ᠨᠢ ᠵᠠᠰᠠᠬᠤ ᠰᠢᠪᠲᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠋ᠠᠨ᠎ᠢ ᠡᠬᠢᠯᠡᠭᠦᠯᠦᠨ ᠬᠡᠷᠡᠭᠵᠢᠭᠦᠯᠵᠦ᠂ ᠡᠬᠢᠨ᠎ᠠᠴᠠ᠎ᠨᠢ ᠭᠠᠷᠳᠠᠨ ᠠᠵᠢᠯᠯᠠᠵᠤ᠂ ᠨᠢᠭᠡᠳᠦᠭᠡᠷ ᠹᠷᠣᠨᠲ᠎ᠢ ᠴᠢᠩᠭ᠎ᠠ ᠠᠳᠬᠤᠵᠤ ᠪᠣᠳᠠᠲᠠᠢ ᠠᠳᠬᠤᠨ᠂ ᠭᠤᠣᠯᠳᠠᠯᠭ᠎ᠠ᠎ᠲᠠᠢ ᠬᠦᠷᠢᠶ᠎ᠡ ᠪᠠ ᠭᠤᠭᠴᠤᠭ᠎ᠠ ᠵᠢ ᠳᠣᠪᠦ᠋ᠢ᠍ᠯᠭ᠋ᠠᠵᠤ᠂ ᠡᠯ᠎ᠡ ᠵᠦᠢ᠍ᠯ᠎ᠤᠨ ᠳᠦᠷᠢᠮ ᠪᠠ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠡᠯ᠎ᠡ ᠲᠥᠷᠥᠯ᠎ᠤᠨ ᠬᠦᠨᠳᠦ ᠶᠡᠭᠡ ᠠᠮᠤᠷ ᠲᠦᠪᠰᠢᠨ᠎ᠤ ᠠᠳᠡᠯ ᠭᠠᠷᠬᠤ ᠵᠢ ᠡᠷᠡᠰ ᠰᠡᠷᠡᠮᠵᠢᠯᠡᠨ ᠰᠡᠷᠭᠡᠶ᠋ᠢᠯᠡᠨ᠎ᠡ᠃ ᠠᠶᠤᠯ ᠦᠭᠡᠢ ᠦᠢ᠍ᠯᠡᠳᠪᠦᠷᠢᠯᠡᠯ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠲᠤᠯᠭ᠋ᠠᠭᠤᠷᠢᠯᠠᠬᠤ ᠪᠠᠲᠤᠯᠠᠭ᠋ᠠᠨ᠎ᠤ ᠴᠢᠳᠠᠪᠤᠷᠢ ᠵᠢ ᠳᠡᠭᠡᠭᠰᠢᠯᠡᠭᠦᠯᠦᠨ᠂ 《ᠵᠣᠬᠢᠶᠠᠮᠠᠯ ᠤᠶᠤᠨ +》 ᠠᠵᠢᠯᠯᠠᠭ᠋ᠠᠨ᠎ᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠵᠢᠨ ᠪᠣᠳᠠᠰ ᠪᠠ ᠲᠡᠮᠦᠷᠯᠢᠭ ᠬᠠᠶ᠋ᠢᠯᠤᠭᠤᠯᠬᠤ ᠵᠡᠷᠭᠡ ᠭᠤᠣᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶᠡᠨ᠎ᠳᠤ ᠮᠧᠬᠠᠨᠢᠭᠵᠢᠯᠲᠠ᠎ᠪᠠᠷ ᠬᠥᠮᠥᠨ᠎ᠢ ᠰᠣᠯᠢᠬᠤ᠂ ᠠᠦ᠋ᠲ᠋ᠣᠴᠢᠯᠠᠯᠲᠠ᠎ᠪᠠᠷ ᠬᠥᠮᠥᠨ᠎ᠢ ᠴᠥᠭᠡᠳᠬᠡᠬᠦ᠂ ᠣᠶᠤᠨᠴᠢᠯᠠᠯᠲᠠ᠎ᠪᠠᠷ ᠬᠥᠮᠥᠨ᠎ᠢ ᠣᠷᠣᠯᠠᠭᠤᠯᠬᠤ ᠵᠢ ᠠᠬᠢᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠪᠠ ᠡᠳ᠋ ᠪᠠᠷᠠᠭ᠋ᠠᠨ᠎ᠤ ᠪᠠᠲᠤᠯᠠᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠪᠦᠬᠦ ᠬᠦᠴᠦᠨ ᠵᠦᠢ᠍ᠯ ᠪᠦᠬᠦ ᠴᠤᠪᠤᠷᠠᠯ᠎ᠳᠤ ᠪᠣᠳᠠᠲᠤ ᠰᠣᠷᠢᠯᠲᠠ ᠵᠢ ᠥᠷᠨᠢᠭᠦᠯᠦᠨ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠢ ᠡᠰᠡᠷᠭᠦᠴᠡᠬᠦ ᠭᠠᠮᠰᠢᠭ᠎ᠠᠴᠠ ᠠᠪᠤᠷᠠᠬᠤ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠦᠨ᠎ᠡ᠃
ᠠᠵᠤ ᠠᠬᠤᠢ ᠮᠥᠩᠭᠦᠨ ᠭᠦᠢ᠍ᠯᠭᠡᠭᠡᠨ᠎ᠤ ᠲᠦᠭᠰᠢᠭᠦᠷᠢ ᠵᠢ ᠬᠦᠴᠦᠯᠡᠨ ᠰᠡᠷᠭᠡᠶ᠋ᠢᠯᠡᠵᠦ ᠠᠷᠢᠯᠭ᠋ᠠᠨ᠎ᠠ᠃ 《ᠦᠯᠡᠳᠡᠭᠳᠡᠯ᠎ᠢ ᠪᠠᠭ᠋ᠠᠰᠬᠠᠵᠤ ᠨᠡᠮᠡᠭᠳᠡᠯ᠎ᠢ ᠡᠷᠡᠰ ᠬᠤᠷᠢᠭᠯᠠᠬᠤ》 ᠵᠢ ᠪᠠᠷᠢᠮᠲᠠᠯᠠᠨ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠪᠦᠬᠦ ᠬᠦᠴᠦᠨ ᠵᠶ᠋ᠠᠷ ᠵᠶ᠋ᠠᠨ ᠠᠷᠢᠯᠭ᠋ᠠᠵᠤ᠂ 《1 + 8》 ᠥᠷᠢ ᠥᠭᠴᠡᠭᠡ ᠵᠢ ᠠᠷᠢᠯᠭ᠋ᠠᠬᠤ ᠲᠥᠰᠥᠯ᠎ᠢ ᠨᠠᠶ᠋ᠢᠳᠠᠪᠤᠷᠢᠵᠢᠭᠤᠯᠵᠤ᠂ ᠨᠢᠭᠡ ᠪᠦᠯᠦᠭ᠎ᠲᠤ᠎ᠨᠢ ᠳᠠᠮ ᠬᠦᠦ ᠮᠥᠩᠭᠦ ᠥᠭᠬᠦ᠂ ᠨᠢᠭᠡ ᠪᠦᠯᠦᠭ᠎ᠢ᠎ᠨᠢ ᠬᠠᠰᠤᠬᠤ᠂ ᠨᠢᠭᠡ ᠪᠦᠯᠦᠭ᠎ᠢ᠎ᠨᠢ ᠤᠯᠠᠪᠤᠷ ᠥᠩᠭᠡ ᠵᠢᠨ ᠳᠡᠰ᠎ᠠᠴᠠ ᠭᠠᠷᠭ᠋ᠠᠬᠤ᠂ ᠨᠢᠭᠡ ᠪᠦᠯᠦᠭ᠎ᠤᠨ ᠬᠢᠨᠢ ᠬᠦᠴᠢᠷᠳᠡᠯ᠎ᠢ ᠲᠠᠶ᠋ᠢᠯᠬᠤ ᠠᠷᠭ᠎ᠠ ᠬᠡᠮᠵᠢᠶ᠎ᠡ ᠠᠪᠴᠤ᠂ ᠦᠨᠳᠦᠰᠦᠨ ᠱᠠᠲᠤᠨ᠎ᠤ ᠥᠷᠢ ᠥᠭᠴᠡᠭᠡ᠎ᠪᠠᠨ ᠠᠷᠢᠯᠭ᠋ᠠᠬᠤ ᠵᠢ ᠦᠷᠭᠦᠯᠵᠢᠯᠡᠨ ᠳᠡᠮᠵᠢᠨ᠎ᠡ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ 2.5 ᠲᠦᠮᠡᠨ ᠢᠵᠢ ᠠᠰᠠᠷ᠎ᠢ ᠴᠠᠭ᠎ᠲᠤ᠎ᠪᠠᠨ ᠪᠠᠲᠤᠯᠠᠨ ᠲᠤᠰᠢᠶᠠᠬᠤ ᠡᠭᠦᠷᠭᠡ᠎ᠪᠠᠨ ᠪᠦᠬᠦ ᠬᠦᠴᠦᠨ ᠵᠶ᠋ᠠᠷ ᠵᠶ᠋ᠠᠨ ᠪᠡᠶᠡᠯᠡᠭᠦᠯᠦᠨ᠎ᠡ᠃ ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠤ ᠪᠠᠩᠬᠢ ᠵᠢᠨ ᠪᠤᠴᠠᠭ᠋ᠠᠯ ᠦᠭᠡᠢ ᠬᠥᠷᠥᠩᠭᠡ ᠵᠢ ᠢᠯᠭ᠋ᠠᠷᠠᠭᠤᠯᠤᠨ ᠬᠤᠷᠢᠶᠠᠵᠤ ᠰᠢᠢ᠍ᠳᠪᠦᠷᠢᠯᠡᠬᠦ ᠰᠢᠪᠲᠤᠯᠤᠯᠲᠠ ᠵᠢᠨ ᠳᠠᠶ᠋ᠢᠯᠠᠯᠳᠤᠭ᠋ᠠᠨ᠂ ᠲᠦᠭᠰᠢᠭᠦᠷᠢ ᠶᠡᠬᠡᠲᠡᠢ ᠪᠠᠶ᠋ᠢᠭᠤᠯᠤᠮᠵᠢ ᠵᠢᠨ ᠰᠥᠨᠥᠭᠡᠯᠲᠡ ᠵᠢᠨ ᠳᠠᠶ᠋ᠢᠯᠠᠯᠳᠤᠭ᠋ᠠᠨ᠂ ᠵᠠᠬ᠎ᠠ ᠵᠢᠨ ᠲᠦᠭᠰᠢᠭᠦᠷᠢ ᠶᠡᠬᠡᠲᠡᠢ ᠪᠠᠶ᠋ᠢᠭᠤᠯᠤᠮᠵᠢ ᠵᠢᠨ ᠬᠤᠷᠢᠭᠯᠠᠯᠲᠠ ᠵᠢᠨ ᠳᠠᠶ᠋ᠢᠯᠠᠯᠳᠤᠭ᠋ᠠᠨ᠎ᠢ ᠭᠦᠨᠵᠡᠭᠡᠢ ᠥᠷᠨᠢᠭᠦᠯᠵᠦ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ 《ᠥᠷᠭᠡᠰᠦ ᠰᠢᠪᠦᠭᠡ᠎ᠲᠠᠢ》 ᠴᠢᠩᠭ᠎ᠠ ᠬᠡᠷᠡᠭᠵᠢᠭᠦᠯᠵᠦ᠂ ᠰᠢᠰᠲ᠋ᠧᠮ᠎ᠤᠨ ᠴᠢᠨᠠᠷᠲᠠᠢ ᠮᠥᠩᠭᠦᠨ ᠭᠦᠢ᠍ᠯᠭᠡᠭᠡᠨ᠎ᠤ ᠲᠦᠭᠰᠢᠭᠦᠷᠢ ᠥᠯᠥ ᠡᠭᠦᠰᠬᠡᠬᠦ ᠵᠢ ᠦᠨᠡᠨ ᠬᠦ᠌ ᠪᠠᠲᠤᠯᠠᠨ᠎ᠠ᠃
ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠬᠤ ᠪᠠ ᠰᠢᠨ᠎ᠡ ᠵᠢ ᠡᠭᠦᠳᠦᠨ᠎ᠡ᠃ ᠰᠢᠨ᠎ᠡ ᠴᠠᠭ ᠦᠶ᠎ᠡ ᠵᠢᠨ 《ᠹᠧᠩ ᠴᠢᠶᠣᠣ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠬᠡᠬᠦ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠦᠦᠰᠢᠨ ᠬᠤᠰᠢᠭᠤᠨ᠎ᠤ 《ᠭᠤᠷᠪᠠᠨ ᠲᠦᠷᠦᠯ ᠬᠤᠪᠢᠶᠠᠵᠤ ᠡᠶᠡᠳᠡᠭᠦᠯᠦᠨ ᠰᠢᠢ᠍ᠳᠪᠦᠷᠢᠯᠡᠬᠦ ᠠᠷᠭ᠎ᠠ》 ᠵᠢ ᠳ᠋ᠦᠩᠨᠡᠨ ᠳᠡᠯᠭᠡᠷᠡᠭᠦᠯᠵᠦ᠂ ᠵᠥᠷᠢᠴᠡᠯ ᠵᠢᠭᠤᠷᠠᠯᠳᠤᠭ᠋ᠠᠨ᠎ᠢ ᠦᠨᠳᠦᠰᠦᠨ ᠱᠠᠲᠤᠨ᠎ᠳᠤ ᠡᠶᠡᠳᠡᠭᠦᠯᠦᠨ ᠰᠢᠢ᠍ᠳᠪᠦᠷᠢᠯᠡᠵᠦ᠂ ᠴᠣᠬᠤᠢ᠍ᠢ᠍ᠮᠠᠭᠴᠠ ᠠᠷᠢᠯᠭ᠋ᠠᠬᠤ᠎ᠪᠠᠷ ᠴᠢᠷᠮᠠᠶ᠋ᠢᠨ᠎ᠠ᠃ ᠠᠮᠤᠷ ᠠᠮᠤᠭᠤᠯᠠᠩ ᠥᠪᠥᠷ ᠮᠣᠩᠭᠤᠯ᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ 《ᠲᠣᠮᠣ ᠳ᠋ᠠᠶ᠋ᠢᠲ᠋ᠠ + ᠲᠣᠣᠷᠯᠢᠬ᠍ᠵᠢᠯ》 ᠵᠡᠷᠭᠡ ᠦᠨᠳᠦᠰᠦᠨ ᠱᠠᠲᠤᠨ᠎ᠤ ᠵᠠᠰᠠᠯᠲᠠ ᠵᠢᠨ ᠲᠠᠪᠴᠠᠩ᠎ᠢ ᠪᠦᠷᠢᠨᠰᠢᠭᠦᠯᠦᠨ᠂ ᠬᠢᠯᠢ ᠬᠢᠵᠠᠭ᠋ᠠᠷ᠎ᠤᠨ ᠭᠠᠵᠠᠷ ᠣᠷᠣᠨ᠎ᠤ 《ᠬᠥᠨᠳᠡᠶ᠋ᠢᠷᠡᠬᠦ》 ᠠᠰᠠᠭᠤᠳᠠᠯ᠎ᠢ ᠰᠢᠢ᠍ᠳᠪᠦᠷᠢᠯᠡᠵᠦ᠂ ᠢᠳᠡᠭᠡᠨ᠎ᠤ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠴᠢᠩᠭ᠎ᠠ ᠪᠠᠬᠢᠯᠡᠵᠦ᠂ ᠴᠠᠬᠢᠯᠭ᠋ᠠᠨ ᠬᠤᠯᠪᠣᠭ᠋ᠠᠨ᠎ᠤ ᠰᠦᠯᠵᠢᠶ᠎ᠡ᠎ᠪᠠᠷ ᠬᠢᠬᠠᠵᠤ ᠮᠡᠬᠡᠯᠡᠬᠦ᠎ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ᠎ᠤ ᠵᠣᠯ ᠵᠢᠷᠭ᠋ᠠᠯ ᠠᠮᠤᠷ ᠠᠮᠤᠭᠤᠯᠠᠩ᠎ᠢ ᠰᠠᠶ᠋ᠢᠲᠤᠷ ᠬᠠᠮᠠᠭ᠋ᠠᠯᠠᠨ᠎ᠠ᠃
ᠲᠥᠯᠥᠭᠡᠯᠡᠭᠴᠢᠳ ᠠ᠋! ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠣᠯ ᠰᠢᠵᠢᠮ ᠮᠥᠨ᠂ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠮᠠᠨ᠎ᠤ ᠣᠷᠣᠨ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ᠎ᠳᠤ ᠳᠤᠷᠠᠳᠤᠭᠰᠠᠨ ᠴᠢᠬᠤᠯᠠ ᠱᠠᠭ᠋ᠠᠷᠳᠠᠯᠭ᠎ᠠ ᠪᠣᠯᠣᠨ᠎ᠠ᠂ ᠡᠯ᠎ᠡ ᠱᠠᠲᠤᠨ᠎ᠤ ᠵᠠᠰᠠᠭ᠎ᠤᠨ ᠣᠷᠳᠣᠨ ᠠᠯᠢᠪᠠ ᠠᠵᠢᠯ ᠵᠶ᠋ᠠᠨ ᠴᠥᠮ ᠡᠨᠡ ᠬᠦ᠌ ᠭᠤᠣᠯ ᠰᠢᠵᠢᠮ᠎ᠤᠨ ᠲᠣᠭᠤᠷᠢᠨ᠎ᠳᠤ ᠨᠢᠭᠲᠠ ᠤᠶᠠᠯᠳᠤᠭᠤᠯᠤᠨ᠂ ᠥᠴᠥᠬᠡᠨ ᠲᠡᠳᠦᠢ ᠴᠦ᠍ ᠬᠡᠯᠪᠡᠶ᠋ᠢᠯᠭᠡᠬᠦ ᠦᠭᠡᠢ ᠪᠠᠶ᠋ᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠲᠣᠭᠲᠠᠭ᠋ᠠᠵᠤ᠂ ᠪᠢᠳᠡ ᠡᠷᠬᠡᠪᠰᠢ ᠨᠠᠷᠢᠨ ᠬᠢᠨᠠᠮᠠᠭ᠋ᠠᠢ᠎ᠪᠠᠷ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠵᠤ᠂ ᠢᠮᠠᠭᠲᠠ 《ᠵᠢᠷᠭᠤᠭ᠋ᠠᠨ ᠥᠭᠦᠯᠡᠪᠦᠷᠢ ᠵᠢᠨ ᠪᠣᠳᠠᠲᠤ ᠶᠠᠪᠤᠳᠠᠯ ᠪᠠ ᠶᠣᠰᠣ ᠤᠴᠢᠷ》᠎ᠢ ᠪᠠᠲᠤ ᠴᠡᠭᠡᠵᠢᠯᠡᠨ᠂ 《ᠳᠣᠯᠤᠭ᠋ᠠᠨ ᠲᠠᠯ᠎ᠠ᠎ᠪᠠᠷ ᠵᠢᠱ᠌ᠢᠶᠡᠴᠢ ᠪᠣᠯᠬᠤ》 ᠲᠠᠯ᠎ᠠ᠎ᠪᠠᠷ ᠵᠣᠷᠢᠭᠲᠠᠢ ᠡᠭᠦᠷᠭᠡᠯᠡᠵᠦ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠲᠤᠮᠲᠠᠲᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠬᠦᠯᠬᠦ ᠣᠷᠣᠨ᠎ᠢ ᠴᠢᠷᠮᠠᠶ᠋ᠢᠨ ᠪᠦᠲᠦᠭᠡᠨ ᠪᠠᠶ᠋ᠢᠭᠤᠯᠬᠤ ᠬᠡᠷᠡᠭᠲᠡᠢ᠃ ᠮᠠᠨ᠎ᠤ ᠥᠪᠥᠷ ᠮᠣᠩᠭᠤᠯ᠎ᠤᠨ ᠺᠠᠳ᠋ᠷ ᠣᠯᠠᠨ ᠲᠦᠮᠡᠨ ᠥᠪᠥᠷ ᠮᠣᠩᠭᠤᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠪᠦᠲᠦᠭᠡᠯ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠤᠳᠤᠮᠵᠢ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠣᠢ ᠭᠡᠳᠡᠭ᠎ᠢ ᠣᠨᠴᠠᠭ᠋ᠠᠶ᠋ᠢᠯᠠᠨ ᠭᠦᠨᠵᠡᠭᠡᠢ ᠲᠠᠨᠢᠵᠤ ᠣᠯᠬᠤ ᠬᠡᠷᠡᠭᠲᠡᠢ᠃ ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ ᠵᠶ᠋ᠠᠨ ᠦᠷᠭᠦᠯᠵᠢᠯᠡᠨ ᠪᠠᠲᠤᠯᠠᠬᠤ᠎ᠳᠤ ᠬᠥᠮᠥᠨ ᠪᠦᠬᠦᠨ ᠬᠠᠷᠢᠭᠤᠴᠠᠯᠭ᠎ᠠ᠎ᠲᠠᠢ᠂ ᠬᠥᠮᠥᠨ ᠪᠦᠬᠦᠨ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ᠃ ᠲᠠᠪᠢᠭ᠋ᠠᠳ ᠣᠨ᠎ᠠᠴᠠ 《ᠥᠩᠭᠡ ᠵᠢᠨ ᠴᠡᠴᠡᠭᠡᠰ ᠪᠠᠭᠰᠢᠷᠠᠨ ᠳᠡᠯᠭᠡᠷᠡᠵᠦ᠂ ᠦᠨᠳᠦᠰᠦᠲᠡᠨ ᠪᠦᠬᠦᠨ ᠨᠢᠭᠡ ᠭᠡᠷ ᠶᠤᠮ ᠠ᠋᠂ ᠥᠨᠢ ᠡᠭᠦᠷᠢᠳᠡ ᠨᠢᠭᠲᠠᠷᠠᠨ ᠪᠦᠯᠬᠦᠮᠳᠡᠵᠦ᠂ ᠦᠶ᠎ᠡ ᠵᠢᠨ ᠦᠶ᠎ᠡ᠎ᠳᠤ ᠨᠠᠮ ᠵᠶ᠋ᠠᠨ ᠳᠠᠭ᠋ᠠᠨ᠎ᠠ》 ᠭᠡᠬᠦ ᠳᠠᠭᠤᠤ ᠥᠷᠭᠡᠨ ᠵᠶ᠋ᠠᠷ ᠳᠠᠭᠤᠯᠠᠭᠳᠠᠭᠰᠠᠨ ᠶᠤᠮ᠂ ᠡᠨᠡ ᠪᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠠᠮᠢᠳᠤᠯᠢᠭ ᠵᠢᠷᠤᠭᠯᠠᠯ ᠮᠥᠨ᠂ ᠪᠠᠰᠠ ᠴᠦ᠍ ᠲᠠᠯ᠎ᠠ ᠨᠤᠲᠤᠭ᠎ᠤᠨ ᠦᠨᠳᠦᠰᠦᠲᠡᠨ᠎ᠨᠦᠭᠦᠳ᠎ᠤᠨ ᠥᠬᠢᠳ ᠬᠥᠪᠡᠭᠦᠳ᠎ᠤᠨ ᠬᠠᠮᠲᠤ ᠵᠢᠨ ᠳᠠᠭᠤᠨ ᠬᠤᠭᠤᠯᠠᠢ ᠪᠣᠯᠣᠨ᠎ᠠ!
ᠰᠢᠨ᠎ᠡ ᠪᠠᠶ᠋ᠢᠳᠠᠯ᠂ ᠰᠢᠨ᠎ᠡ ᠡᠭᠦᠷᠭᠡ᠂ ᠰᠢᠨ᠎ᠡ ᠥᠷᠢᠰᠦᠯᠳᠦᠭᠡᠨ᠎ᠳᠤ ᠴᠢᠭᠯᠡᠭᠦᠯᠦᠨ᠂ ᠡᠯ᠎ᠡ ᠱᠠᠲᠤᠨ᠎ᠤ ᠵᠠᠰᠠᠭ᠎ᠤᠨ ᠣᠷᠳᠣᠨ 《ᠤᠯᠤᠰ᠎ᠤᠨ ᠶᠡᠭᠡ ᠶᠠᠪᠤᠳᠠᠯ》᠎ᠢ ᠴᠠᠭ ᠢᠮᠠᠭᠲᠠ ᠪᠠᠲᠤ ᠴᠡᠭᠡᠵᠢᠯᠡᠵᠦ᠂ ᠨᠠᠮ᠎ᠤᠨ ᠤᠳᠤᠷᠢᠳᠤᠯᠭ᠎ᠠ ᠵᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠬᠦᠷᠢᠶ᠎ᠡ ᠴᠠᠷᠠᠭ᠎ᠠ ᠡᠯ᠎ᠡ ᠶᠠᠪᠤᠴᠠ᠎ᠳᠤ ᠨᠡᠶ᠋ᠢᠳᠡᠮ ᠲᠤᠭᠤᠰᠢᠯᠠᠭᠤᠯᠤᠨ᠂ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠳᠦᠷᠢᠮ᠎ᠢ ᠨᠠᠶ᠋ᠢᠳᠠᠪᠤᠷᠢᠵᠢᠭᠤᠯᠤᠨ᠂ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠦᠷᠭᠦᠯᠵᠢᠯᠡᠨ ᠴᠢᠩᠭ᠋ᠠᠳᠬᠠᠵᠤ᠂ ᠨᠠᠮ᠎ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠬᠤ ᠵᠢᠨ ᠰᠠᠶ᠋ᠢᠨ ᠭᠦᠢ᠍ᠴᠡᠳᠭᠡᠭᠴᠢ᠂ ᠭᠠᠷᠮᠠᠭ᠋ᠠᠢ ᠦᠢ᠍ᠯᠡᠳᠦᠯᠭᠡᠵᠢᠭᠦᠯᠦᠭᠴᠢ᠂ ᠰᠢᠷᠭ᠋ᠠᠭᠤ ᠠᠵᠢᠯᠯᠠᠭᠴᠢ ᠪᠣᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠵᠦ᠂ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠪᠣᠯ ᠡᠩ ᠲᠡᠷᠢᠭᠦᠨ᠎ᠳᠤ ᠤᠯᠤᠰ ᠲᠦᠷᠦ ᠵᠢᠨ ᠪᠠᠶ᠋ᠢᠭᠤᠯᠭ᠎ᠠ ᠪᠣᠯᠬᠤ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠰᠢᠵᠦ᠂ ᠤᠯᠤᠰ ᠲᠦᠷᠦ ᠵᠢ ᠡᠷᠬᠢᠮᠯᠡᠬᠦ ᠵᠢ ᠡᠭᠦᠷᠢᠳᠡ ᠲᠡᠷᠢᠭᠦᠨ ᠪᠠᠶ᠋ᠢᠷᠢᠨ᠎ᠳᠤ ᠲᠠᠯᠪᠢᠵᠤ᠂ 《ᠬᠤᠶᠠᠷ᠎ᠢ ᠲᠣᠭᠲᠠᠭ᠋ᠠᠭᠰᠠᠨ》᠎ᠢ ᠪᠠᠲᠤ ᠴᠢᠩᠭ᠎ᠠ᠎ᠪᠠᠷ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠦᠨ᠂ ᠤᠬᠠᠮᠰᠠᠷ ᠠᠴᠠ᠎ᠪᠠᠨ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠯᠭ᠋ᠠᠬᠤ ᠬᠡᠷᠡᠭᠲᠡᠢ᠃ ᠬᠠᠤᠯᠢ ᠶᠣᠰᠣᠭ᠋ᠠᠷ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠬᠠᠤᠯᠢ ᠶᠣᠰᠣᠭ᠋ᠠᠷ ᠠᠵᠢᠯ ᠶᠠᠪᠤᠳᠠᠯ ᠭᠦᠢ᠍ᠴᠡᠳᠬᠡᠬᠦ ᠵᠢ ᠪᠠᠷᠢᠮᠲᠠᠯᠠᠨ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠢᠨᠠᠯᠲᠠ ᠲᠠᠯᠪᠢᠯᠲᠠ ᠵᠢ ᠬᠠᠤᠯᠢ ᠶᠣᠰᠣᠭ᠋ᠠᠷ ᠬᠦᠯᠢᠶᠡᠵᠦ᠂ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ ᠨᠡᠶ᠋ᠢᠭᠡᠮ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠨ᠂ ᠬᠢᠨᠠᠨ ᠪᠣᠳᠣᠯᠲᠠ᠂ ᠡᠳ᠋᠎ᠤᠨ ᠵᠠᠰᠠᠭ᠂ ᠲᠤᠭ᠎ᠠ ᠪᠦᠷᠢᠳᠬᠡᠯ᠎ᠤᠨ ᠬᠢᠨᠠᠯᠲᠠ ᠲᠠᠯᠪᠢᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠡᠷᠬᠡ ᠵᠢ ᠣᠯᠠᠨ ᠨᠡᠶ᠋ᠢᠲᠡ ᠵᠢᠨ ᠬᠢᠨᠠᠯᠲᠠ ᠲᠠᠯᠪᠢᠯᠲᠠ ᠵᠢᠨ ᠳᠣᠣᠷ᠎ᠠ ᠶᠠᠪᠤᠭᠳᠠᠭᠤᠯᠬᠤ ᠬᠡᠷᠡᠭᠲᠡᠢ᠃ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠱᠠᠭ᠋ᠠᠷᠳᠠᠭᠰᠠᠨ 《ᠲᠡᠷᠡ ᠶᠣᠰᠣᠭ᠋ᠠᠷ᠎ᠨᠢ᠂ ᠡᠷᠡᠰ ᠰᠢᠭᠤᠷᠬᠠᠢ᠎ᠪᠠᠷ᠂ ᠦᠨᠡᠨ᠎ᠢ ᠪᠠᠷᠢᠮᠲᠠᠯᠠᠵᠤ ᠪᠣᠳᠠᠲᠠᠢ ᠵᠢ ᠡᠷᠬᠢᠮᠯᠡᠨ᠂ ᠵᠣᠷᠢᠭᠲᠠᠢ ᠣᠷᠣᠯᠳᠣᠨ ᠴᠢᠳᠠᠮᠠᠭ᠋ᠠᠢ ᠬᠢᠬᠦ》 ᠶᠣᠰᠣᠭ᠋ᠠᠷ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠲᠣᠭᠲᠠᠭᠰᠠᠨ ᠶᠠᠪᠤᠳᠠᠯ ᠵᠶ᠋ᠠᠨ ᠴᠢᠩᠭ᠎ᠠ ᠠᠳᠬᠤᠨ ᠲᠦᠷᠭᠡᠨ ᠭᠦᠢ᠍ᠴᠡᠳᠬᠡᠵᠦ᠂ ᠤᠷᠤᠭᠰᠢ ᠠᠬᠢᠭᠤᠯᠵᠤ ᠳᠡᠶ᠋ᠢᠯᠬᠦ ᠵᠢ᠎ᠨᠢ ᠤᠷᠤᠭᠰᠢ ᠠᠬᠢᠭᠤᠯᠤᠨ᠂ ᠶᠠᠮᠠᠷ ᠠᠰᠠᠭᠤᠳᠠᠯ ᠪᠠᠶ᠋ᠢᠪᠠᠯ ᠲᠡᠷᠡ ᠠᠰᠠᠭᠤᠳᠠᠯ᠎ᠢ᠎ᠨᠢ ᠰᠢᠢ᠍ᠳᠪᠦᠷᠢᠯᠡᠵᠦ᠂ ᠬᠤᠳᠠᠯ ᠬᠠᠭᠤᠷᠮᠠᠭ᠂ ᠵᠠᠪᠰᠢᠨ ᠳᠠᠯᠢᠮᠳᠠᠭᠤᠯᠬᠤ᠂ ᠲᠤᠭ᠎ᠠ ᠪᠠᠷᠢᠮᠲᠠ ᠵᠢ ᠬᠠᠭᠤᠷᠮᠠᠭᠯᠠᠬᠤ ᠵᠦᠢ᠍ᠯ᠎ᠢ ᠶᠠᠭ᠋ᠠᠬᠢᠭᠰᠠᠨ ᠴᠦ᠍ ᠬᠢᠬᠦ ᠦᠭᠡᠢ᠂ ᠠᠪᠤᠨ ᠳᠣᠣᠷ᠎ᠠ᠎ᠪᠠᠨ ᠠᠰᠢᠭ ᠣᠯᠬᠤ ᠵᠢ ᠶᠠᠭ᠋ᠠᠷᠠᠬᠤ᠂ ᠠᠷᠠᠳ᠎ᠢ ᠵᠦᠳᠡᠭᠡᠵᠦ ᠡᠳ᠋᠎ᠢ ᠰᠦᠢ᠍ᠳᠬᠡᠬᠦ᠂ ᠬᠤᠭᠤᠰᠤᠷᠠᠲᠠᠯ᠎ᠠ ᠰᠢᠪᠬᠠᠵᠤ ᠬᠤᠪᠠᠭ᠍ᠠᠶ᠋ᠢᠷᠠᠲᠠᠯᠠ ᠠᠪᠬᠤ ᠬᠡᠷᠡᠭ᠎ᠢ ᠶᠠᠭ᠋ᠠᠬᠢᠭᠰᠠᠨ ᠴᠦ᠍ ᠬᠢᠬᠦ ᠦᠭᠡᠢ᠃ ᠴᠡᠪᠡᠷ ᠡᠷᠬᠢᠮ ᠠᠷᠢᠭᠤᠨ ᠴᠢᠬᠡᠴᠢ ᠪᠠᠶ᠋ᠢᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠬᠡᠷᠡᠭᠵᠢᠭᠦᠯᠵᠦ᠂ ᠰᠤᠷᠲᠠᠯ᠎ᠢ ᠴᠡᠭᠴᠡᠯᠡᠨ ᠰᠠᠬᠢᠯᠭ᠎ᠠ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠵᠢ ᠰᠢᠨᠲᠠᠷᠠᠰᠢ ᠦᠭᠡᠢ ᠪᠠᠷᠢᠮᠲᠠᠯᠠᠨ᠂ ᠲᠥᠪ ᠬᠤᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠷᠪᠢᠴᠢ ᠭᠠᠮᠲᠠᠢ ᠠᠮᠢᠳᠤᠷᠠᠬᠤ ᠵᠢ ᠳᠠᠳᠬᠠᠯ ᠪᠤᠯᠭ᠋ᠠᠵᠤ᠂ ᠦᠨᠡᠨ᠎ᠢ ᠪᠠᠷᠢᠮᠲᠠᠯᠠᠨ ᠬᠠᠲᠠᠭᠤ᠎ᠲᠠᠢ ᠬᠦᠨᠳᠡᠵᠦ 《ᠳᠥᠷᠪᠡᠨ ᠰᠤᠷᠲᠠᠯ》᠎ᠤᠨ ᠠᠰᠠᠭᠤᠳᠠᠯ᠎ᠢ ᠡᠷᠡᠰ ᠴᠡᠭᠴᠡᠯᠡᠨ ᠵᠠᠰᠠᠵᠤ᠂ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭ᠋ᠠᠨ》 ᠠᠰᠠᠭᠤᠳᠠᠯ ᠪᠠ 《ᠤᠳᠠᠭ᠋ᠠᠨ ᠪᠦᠳᠦᠭᠦᠯᠢᠭ ᠬᠡᠶ᠋ᠢᠰᠪᠦᠷᠢ》 ᠣᠪᠣᠷ ᠰᠤᠷᠲᠠᠯ᠎ᠤᠨ ᠠᠷᠬᠠᠭ᠎ᠢ ᠡᠷᠡᠰ ᠵᠠᠰᠠᠨ ᠵᠠᠯᠠᠷᠠᠭᠤᠯᠵᠤ᠂ ᠣᠬᠤᠷᠬᠠᠨ ᠬᠤᠷᠠᠯ ᠬᠢᠵᠦ᠂ ᠠᠪᠰᠠᠷᠬᠠᠨ ᠶᠠᠷᠢᠶ᠎ᠠ ᠲᠠᠯᠪᠢᠨ᠂ ᠪᠣᠳᠠᠲᠠᠢ ᠠᠷᠭ᠎ᠠ ᠬᠡᠮᠵᠢᠶ᠎ᠡ᠎ᠲᠠᠢ ᠪᠢᠴᠢᠭ ᠮᠠᠲ᠋ᠧᠷᠢᠶᠠᠯ᠎ᠢ ᠲᠠᠷᠬᠠᠭ᠋ᠠᠵᠤ᠂ ᠠᠰᠠᠭᠤᠳᠠᠯ ᠰᠢᠢ᠍ᠳᠪᠦᠷᠢᠯᠡᠬᠦ ᠪᠠᠶ᠋ᠢᠴᠠᠭ᠋ᠠᠨ ᠰᠤᠳᠤᠯᠤᠯᠲᠠ ᠵᠢ ᠥᠷᠨᠢᠭᠦᠯᠦᠨ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠬᠦ ᠬᠡᠷᠡᠭᠲᠡᠢ᠃
ᠲᠥᠯᠥᠭᠡᠯᠡᠭᠴᠢᠳ ᠠ᠋! ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠪᠣᠯ ᠬᠠᠮᠤᠭ᠎ᠤᠨ ᠶᠡᠭᠡ ᠤᠯᠤᠰ ᠲᠦᠷᠦ᠂ ᠴᠢᠨᠠᠷ ᠰᠠᠶ᠋ᠢᠲᠠᠢ ᠬᠥᠭᠵᠢᠯᠲᠡ ᠵᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠵᠢᠨ ᠬᠠᠲᠠᠭᠤ ᠶᠣᠰᠣ ᠮᠥᠨ᠃ ᠪᠢᠳᠡ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠠᠭ᠋ᠠᠭᠤᠯᠭ᠎ᠠ ᠳᠣᠣᠷ᠎ᠠ᠂ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠨᠠᠮ᠎ᠤᠨ ᠠᠴᠢ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠵᠡᠭᠡᠶ᠎ᠡ!
ᠳᠠᠭ᠋ᠠᠯᠳᠤᠭᠤᠯᠤᠯ 1
ᠥᠪᠡᠷᠲᠡᠭᠡᠨ ᠵᠠᠰᠠᠬᠤ ᠣᠷᠣᠨ᠎ᠤ 2024 ᠣᠨ᠎ᠤ ᠠᠷᠠᠳ᠎ᠤᠨ ᠠᠮᠢᠳᠤᠷᠠᠯ᠎ᠤᠨ 33 ᠵᠦᠢ᠍ᠯ᠎ᠤᠨ ᠪᠣᠳᠠᠲᠤ ᠶᠠᠪᠤᠳᠠᠯ᠎ᠤᠨ ᠲᠣᠳᠣᠷᠬᠠᠢ ᠬᠠᠭᠤᠳᠠᠰᠤ
ᠨᠢᠭᠡ᠂ ᠣᠯᠠᠨ ᠲᠦᠮᠡᠨ᠎ᠳᠤ ᠠᠵᠢᠯ ᠣᠯᠭᠤᠵᠤ ᠣᠷᠤᠯᠭ᠎ᠠ ᠵᠢ᠎ᠨᠢ ᠨᠡᠮᠡᠭᠳᠡᠭᠦᠯᠬᠦ ᠵᠢ ᠠᠬᠢᠭᠤᠯᠬᠤ ᠲᠠᠯ᠎ᠠ᠎ᠪᠠᠷ᠎ᠬᠢ 5 ᠵᠦᠢ᠍ᠯ
1. ᠠᠵᠢᠯ ᠣᠯᠬᠤ᠎ᠳᠤ ᠬᠦᠴᠢᠷᠳᠡᠵᠦ ᠪᠠᠶ᠋ᠢᠭ᠎ᠠ ᠬᠥᠮᠥᠰ᠎ᠢ ᠬᠠᠪᠰᠤᠷᠤᠨ ᠲᠡᠳᠬᠦᠵᠦ 5 ᠲᠦᠮᠡᠨ ᠬᠥᠮᠥᠨ᠎ᠤ ᠠᠵᠢᠯ ᠣᠯᠭᠤᠯᠲᠠ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ)᠃
2. 8000 ᠢᠯᠡᠭᠦᠦ ᠵᠡᠮᠳᠡᠭᠴᠦᠳ᠎ᠲᠤ ᠰᠢᠨ᠎ᠡ᠎ᠪᠠᠷ ᠠᠵᠢᠯ ᠣᠯᠭᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ)᠃
3. ᠭᠡᠷ ᠠᠬᠤᠢ ᠵᠢᠨ ᠦᠢ᠍ᠯᠡᠴᠢᠯᠡᠭᠡᠨ᠎ᠤ ᠠᠵᠢᠯ ᠬᠢᠭᠰᠡᠳ᠎ᠢ ᠲᠦᠮᠡᠨ ᠬᠥᠮᠥᠨ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠵᠢᠯᠣᠭᠤᠳᠤᠭᠴᠢ ᠵᠢ ᠲᠦᠮᠡᠨ ᠬᠥᠮᠥᠨ ᠵᠣᠬᠢᠶᠠᠨ ᠪᠠᠶ᠋ᠢᠭᠤᠯᠵᠤ ᠪᠣᠯᠪᠠᠰᠤᠷᠠᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ)᠃
4. ᠲᠠᠷᠢᠶᠠᠴᠢᠨ ᠮᠠᠯᠴᠢᠨ ᠬᠦᠴᠦ ᠶᠠᠪᠤᠭᠰᠠᠳ᠎ᠲᠤ ᠴᠠᠯᠢᠩ ᠥᠷᠢᠲᠦᠵᠦ ᠪᠠᠶ᠋ᠢᠭ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠋ᠠᠨ᠎ᠢ ᠥᠷᠭᠦᠯᠵᠢᠯᠡᠨ ᠭᠦᠨᠵᠡᠭᠡᠶ᠋ᠢᠷᠡᠭᠦᠯᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠎ᠤᠨ ᠴᠠᠯᠢᠩ᠎ᠢ ᠴᠠᠭᠲᠤᠨᠢ ᠭᠦᠢ᠍ᠴᠡᠳ ᠲᠤᠭ᠎ᠠ᠎ᠪᠠᠷ ᠣᠯᠭᠤᠬᠤ ᠵᠢ ᠪᠠᠲᠤᠯᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ)᠃
5. ᠲᠠᠷᠢᠶᠠᠯᠠᠬᠤ ᠮᠠᠯᠵᠢᠬᠤ ᠡᠷᠦᠬᠡ᠎ᠳᠤ ᠪᠦᠬᠦ ᠬᠡᠯᠬᠢᠶ᠎ᠡ᠂ ᠪᠦᠬᠦ ᠭᠤᠭᠴᠣᠭ᠋ᠠᠨ᠎ᠤ ᠲᠠᠷᠢᠶᠠᠯᠠᠩ ᠮᠠᠯ ᠠᠵᠤ ᠠᠬᠤᠢ ᠵᠢᠨ ᠨᠡᠶ᠋ᠢᠭᠡᠮᠴᠢᠯᠡᠭᠰᠡᠨ ᠲᠤᠰᠬᠠᠢ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠵᠤ᠂ ᠦᠢ᠍ᠯᠡᠴᠢᠯᠡᠭᠡ ᠬᠠᠩᠭ᠋ᠠᠬᠤ ᠲᠠᠯᠠᠪᠠᠢ ᠵᠢ 200 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)᠃
ᠬᠤᠶᠠᠷ᠂ ᠨᠡᠶ᠋ᠢᠭᠡᠮ᠎ᠤᠨ ᠪᠠᠲᠤᠯᠠᠭ᠎ᠠ ᠵᠢ ᠴᠢᠩᠭ᠋ᠠᠳᠬᠠᠬᠤ ᠲᠠᠯ᠎ᠠ᠎ᠪᠠᠷ᠎ᠬᠢ 11 ᠵᠦᠢ᠍ᠯ
6. ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠬᠤ ᠬᠥᠮᠥᠨ᠎ᠢ 1769 ᠲᠦᠮᠡ᠎ᠳᠤ ᠬᠦᠷᠭᠡᠬᠦ ᠵᠢ ᠠᠬᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ)᠃
7. ᠭᠤᠷᠪᠠᠳᠤᠭ᠋ᠠᠷ ᠳᠡᠰ᠂ ᠬᠤᠶᠠᠳᠤᠭ᠋ᠠᠷ ᠳᠡᠰ᠂ ᠨᠢᠭᠡᠳᠦᠭᠡᠷ ᠳᠡᠰ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠨᠢᠭᠡᠳᠦᠯᠲᠡᠢ ᠲᠥᠯᠥᠪᠯᠡᠬᠦ ᠵᠢᠨ ᠡᠬᠢᠯᠡᠵᠦ ᠲᠥᠯᠥᠬᠦ ᠬᠢᠵᠠᠭ᠋ᠠᠷ ᠱᠤᠭᠤᠮ᠎ᠢ ᠨᠢᠭᠡᠳᠦᠯᠲᠡᠢ 1000 ᠲᠥᠭᠦᠷᠢᠭ᠎ᠠᠴᠠ ᠲᠤᠰ ᠲᠤᠰ 500 ᠲᠥᠭᠦᠷᠢᠭ᠂ 300 ᠲᠥᠭᠦᠷᠢᠭ᠂ 200 ᠲᠥᠭᠦᠷᠢᠭ ᠪᠣᠯᠭ᠋ᠠᠨ ᠪᠠᠭᠤᠷᠠᠭᠤᠯᠵᠤ᠂ ᠠᠵᠢᠯ᠎ᠠᠴᠠ᠎ᠪᠠᠨ ᠪᠠᠭᠤᠭᠰᠠᠳ᠎ᠤᠨ ᠪᠣᠯ ᠲᠤᠰ ᠲᠤᠰ 300 ᠲᠥᠭᠦᠷᠢᠭ᠂ 200 ᠲᠥᠭᠦᠷᠢᠭ᠂ 50 ᠲᠥᠭᠦᠷᠢᠭ ᠪᠣᠯᠭ᠋ᠠᠨ ᠪᠠᠭᠤᠷᠠᠭᠤᠯᠤᠨ᠎ᠠ; ᠭᠠᠴᠠᠭ᠎ᠠ ᠲᠤᠰᠬᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠴᠡᠭ᠎ᠢ 3176 ᠰᠢᠨ᠎ᠡ᠎ᠪᠠᠷ ᠪᠠᠶ᠋ᠢᠭᠤᠯᠵᠤ᠂ ᠪᠦᠬᠦᠨ᠎ᠳᠤ ᠬᠠᠮᠤᠷᠤᠭᠤᠯᠬᠤ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ)᠃
8. 1.3 ᠲᠦᠮᠡᠨ ᠡᠷᠥᠬᠡ ᠣᠨᠴᠠᠭ᠋ᠠᠢ ᠬᠦᠴᠢᠷᠳᠡᠯᠲᠡᠢ ᠨᠠᠰᠤᠲᠠᠶ᠋ᠢᠴᠤᠳ᠎ᠤᠨ ᠭᠡᠷ ᠪᠦᠯᠢ ᠵᠢ ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠨ ᠰᠢᠨᠡᠳᠬᠡᠬᠦ ᠵᠢ ᠪᠡᠶᠡᠯᠡᠭᠦᠯᠵᠦ᠂ ᠰᠤᠮᠤ ᠰᠢᠶᠠᠩ ᠪᠠᠯᠭ᠋ᠠᠰᠤᠨ᠎ᠤ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ 170᠂ ᠲᠤᠰᠬᠤᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ 1500 ᠡᠬᠢᠯᠡᠭᠦᠯᠦᠨ ᠪᠠᠶ᠋ᠢᠭᠤᠯᠵᠤ᠂ ᠬᠥᠳᠡᠭᠡ ᠲᠤᠰᠬᠤᠨ᠎ᠤ ᠬᠠᠷᠢᠯᠴᠠᠨ ᠲᠤᠰᠠᠯᠠᠯᠴᠠᠬᠤ ᠨᠠᠰᠤᠵᠢᠯ᠎ᠤᠨ ᠵᠣᠯ ᠵᠢᠷᠭ᠋ᠠᠯᠲᠤ ᠬᠦᠷᠢᠶᠡᠯᠡᠩ᠎ᠤᠨ 200 ᠬᠦᠷᠢᠶᠡᠯᠡᠩ᠎ᠤᠨ ᠴᠢᠳᠠᠮᠵᠢ ᠵᠢ ᠥᠷᠭᠡᠳᠬᠡᠨ ᠳᠡᠭᠡᠭᠰᠢᠯᠡᠭᠦᠯᠵᠦ᠂ ᠨᠠᠰᠤᠲᠠᠶ᠋ᠢᠴᠤᠳ᠎ᠤᠨ ᠢᠳᠡᠵᠦ ᠤᠤᠭᠤᠬᠤ᠎ᠳᠤᠨᠢ ᠲᠤᠰᠠᠯᠠᠬᠤ ᠴᠡᠭ᠎ᠢ 1200 ᠰᠢᠨ᠎ᠡ᠎ᠪᠠᠷ ᠨᠡᠮᠡᠭᠳᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ)᠃
9. ᠴᠡᠴᠡᠷᠯᠢᠭ᠎ᠤᠨ ᠨᠢᠯᠬ᠎ᠠ ᠨᠢᠷᠠᠢ ᠬᠡᠦᠬᠡᠳ᠎ᠤᠨ ᠣᠷᠣ ᠵᠢ 1.5 ᠲᠦᠮᠡ ᠰᠢᠨ᠎ᠡ᠎ᠪᠠᠷ ᠨᠡᠮᠡᠭᠳᠡᠭᠦᠯᠦᠨ᠂ ᠪᠦᠬᠦ ᠣᠷᠣᠨ᠎ᠤ ᠬᠤᠰᠢᠭᠤ ᠰᠢᠶᠠᠨ (ᠬᠤᠲᠠ᠂ ᠲᠣᠭᠤᠷᠢᠭ) ᠪᠦᠷᠢ᠎ᠳᠤ ᠠᠳᠠᠭ ᠲᠤ᠎ᠪᠠᠨ 1 ᠠᠯᠪᠠᠨ᠎ᠠᠴᠠ ᠡᠷᠬᠢᠯᠡᠭᠰᠡᠨ ᠬᠡᠦᠬᠡᠳ ᠰᠠᠭ᠋ᠠᠲᠠᠭᠤᠯᠵᠤ ᠠᠰᠠᠷᠠᠬᠤ ᠦᠢ᠍ᠯᠡᠴᠢᠯᠡᠭᠡᠨ ᠤ ᠪᠠᠶ᠋ᠢᠭᠤᠯᠤᠮᠵᠢ ᠵᠢ ᠪᠦᠲᠦᠭᠡᠨ ᠪᠠᠶ᠋ᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)᠃
10. ᠨᠡᠭᠦᠳᠡᠯ ᠬᠡᠦᠬᠡᠳ ᠪᠠᠭ᠋ᠠᠴᠤᠳ᠎ᠤᠨ ᠰᠠᠭᠤᠭ᠎ᠠ ᠭᠠᠵᠠᠷ᠎ᠲᠤ᠎ᠪᠠᠨ ᠬᠠᠶ᠋ᠢᠷ᠎ᠠ ᠬᠠᠯᠠᠮᠵᠢ ᠬᠦᠷᠲᠡᠬᠦ ᠦᠨᠳᠦᠰᠦᠨ ᠦᠢ᠍ᠯᠡᠴᠢᠯᠡᠭᠡᠨ᠎ᠤ ᠲᠣᠳᠣᠷᠬᠠᠢ ᠬᠠᠭᠤᠳᠠᠰᠤ ᠵᠢ ᠪᠠᠶ᠋ᠢᠭᠤᠯᠵᠤ᠂ ᠰᠢᠶᠠᠨ᠎ᠤ ᠱᠠᠲᠤᠨ᠎ᠤ (ᠬᠤᠲᠠ ᠵᠢᠨ ᠬᠠᠷᠢᠶ᠎ᠠ ᠲᠣᠭᠤᠷᠢᠭ᠎ᠢ ᠪᠠᠭᠲᠠᠭ᠋ᠠᠬᠤ ᠦᠭᠡᠢ) ᠨᠠᠰᠤᠨ᠎ᠳᠤ ᠦᠯᠦ ᠬᠦᠷᠦᠭᠰᠡᠳ᠎ᠢ ᠠᠪᠤᠷᠠᠨ ᠲᠤᠰᠠᠯᠠᠵᠤ ᠬᠠᠮᠠᠭ᠋ᠠᠯᠠᠬᠤ ᠲᠥᠪ᠎ᠢ 7 ᠰᠢᠨ᠎ᠡ᠎ᠪᠠᠷ ᠪᠠᠶ᠋ᠢᠭᠤᠯᠬᠤ ᠪᠤᠶᠤ ᠥᠭᠡᠷᠡᠴᠢᠯᠡᠨ ᠪᠠᠶ᠋ᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠵᠢᠨ 93%᠎ᠳᠤ ᠬᠦᠷᠭᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ)᠃
11. ᠬᠡᠦᠬᠡᠳ ᠪᠠᠭ᠋ᠠᠴᠤᠳ (ᠬᠡᠦᠬᠡᠳ ᠪᠠᠭ᠋ᠠᠴᠤᠳ᠎ᠢ ᠬᠠᠮᠠᠭ᠋ᠠᠯᠠᠬᠤ)᠎ᠤᠨ ᠭᠡᠷ᠎ᠢ 50 ᠰᠢᠨ᠎ᠡ᠎ᠪᠠᠷ ᠪᠠᠶ᠋ᠢᠭᠤᠯᠵᠤ᠂ ᠬᠢᠯᠢ ᠬᠢᠵᠠᠭ᠋ᠠᠷ᠂ ᠵᠠᠬ᠎ᠠ ᠬᠢᠵᠠᠭ᠋ᠠᠷ᠎ᠤᠨ ᠬᠤᠰᠢᠭᠤ ᠰᠢᠶᠠᠨ ᠪᠦᠬᠦᠨ᠎ᠳᠤ ᠬᠠᠮᠤᠷᠤᠭᠤᠯᠬᠤ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ)᠃
12. 6000 ᠡᠷᠦᠬᠡ ᠬᠦᠴᠢᠷᠳᠡᠯᠲᠡᠢ ᠬᠦᠨᠳᠦ ᠵᠡᠮᠳᠡᠭᠴᠦᠳ᠎ᠤᠨ ᠭᠡᠷ ᠪᠦᠯᠢ ᠵᠢ ᠰᠠᠭ᠋ᠠᠳ ᠦᠭᠡᠢ ᠪᠣᠯᠭ᠋ᠠᠨ ᠥᠭᠡᠷᠡᠴᠢᠯᠡᠨ ᠰᠢᠨᠡᠳᠬᠡᠵᠦ᠂ ᠣᠶᠤᠨ ᠤᠬᠠᠭ᠋ᠠᠨ᠂ ᠣᠶᠤᠨ ᠮᠡᠳᠡᠷᠡᠯ ᠵᠢᠴᠢ ᠦᠶ᠎ᠡ ᠮᠥᠴᠢ᠎ᠨᠢ ᠬᠦᠨᠳᠦ ᠳᠡᠰ᠎ᠤᠨ ᠵᠡᠮᠳᠡᠭ ᠪᠣᠯᠤᠭᠰᠠᠨ 6500 ᠠᠵᠢᠯᠯᠠᠬᠤ ᠨᠠᠰᠤᠨ᠎ᠤ ᠬᠥᠮᠥᠰ᠎ᠲᠤ ᠨᠠᠶ᠋ᠢᠳᠠᠨ ᠠᠰᠠᠷᠠᠭᠤᠯᠬᠤ ᠦᠢ᠍ᠯᠡᠴᠢᠯᠡᠭᠡ ᠬᠠᠩᠭ᠋ᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ)᠃
13. ᠲᠠᠷᠢᠶᠠᠯᠠᠬᠤ ᠮᠠᠯᠵᠢᠬᠤ ᠣᠷᠣᠨ ᠪᠠ ᠬᠤᠲᠠ ᠪᠠᠯᠭ᠋ᠠᠰᠤᠨ᠎ᠤ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠭᠰᠡᠨ ᠭᠡᠷ ᠪᠦᠯᠢ ᠵᠢᠨ ᠲᠣᠬᠢᠷᠠᠬᠤ ᠨᠠᠰᠤᠨ᠎ᠤ ᠡᠮᠡᠭᠲᠡᠶ᠋ᠢᠴᠦᠳ᠎ᠲᠤ 《ᠬᠤᠶᠠᠷ ᠵᠦᠢ᠍ᠯ᠎ᠤᠨ ᠦᠮᠠᠨ ᠡᠪᠡᠳᠴᠢᠨ》᠎ᠢ ᠰᠢᠭᠰᠢᠪᠡᠰᠦ ᠵᠣᠬᠢᠬᠤ ᠪᠦᠬᠦᠨ᠎ᠢ᠎ᠨᠢ ᠰᠢᠭᠰᠢᠵᠦ᠂ ᠪᠠᠶ᠋ᠢᠴᠠᠭ᠋ᠠᠪᠠᠰᠤ ᠵᠣᠬᠢᠬᠤ ᠪᠦᠬᠦᠨ᠎ᠢ᠎ᠨᠢ ᠪᠠᠶ᠋ᠢᠴᠠᠭ᠋ᠠᠨ ᠥᠭᠬᠦ ᠵᠢ ᠪᠡᠶᠡᠯᠡᠭᠦᠯᠦᠨ᠂ ᠰᠠᠪᠠᠨ ᠬᠦᠵᠦᠭᠦᠨ᠎ᠤ ᠦᠮᠡᠨ᠎ᠤ 9 ᠸᠠᠯᠧᠨ᠋ᠳ᠋ᠲᠦ ᠸᠠᠺᠼᠢᠨ᠎ᠢ 100 ᠲᠦᠮᠡᠨ ᠬᠥᠮᠥᠨ᠎ᠤ ᠬᠤᠪᠢ ᠰᠢᠨ᠎ᠡ᠎ᠪᠠᠷ ᠨᠡᠮᠡᠭᠳᠡᠭᠦᠯᠵᠦ᠂ ᠲᠣᠬᠢᠷᠠᠬᠤ ᠨᠠᠰᠤᠨ᠎ᠤ ᠡᠮᠡᠭᠲᠡᠶ᠋ᠢᠴᠦᠳ᠎ᠲᠤ ᠸᠠᠺᠼᠢᠨ ᠲᠠᠷᠢᠬᠤ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠲᠠᠷᠢᠭᠤᠯᠬᠤ ᠬᠦᠰᠡᠯ᠎ᠲᠠᠢ ᠪᠣᠯᠭ᠋ᠠᠨ᠎ᠳᠤ ᠲᠠᠷᠢᠵᠤ ᠥᠭᠬᠦ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ); ᠨᠥᠬᠦᠴᠡᠯ᠎ᠳᠤ ᠨᠡᠶ᠋ᠢᠴᠡᠭᠰᠡᠨ ᠣᠷᠣᠯᠭ᠎ᠠ ᠪᠠᠭ᠋ᠠᠲᠠᠢ ᠭᠡᠷ ᠪᠦᠯᠢ ᠵᠢᠨ 《ᠬᠤᠶᠠᠷ ᠵᠦᠢ᠍ᠯ᠎ᠤᠨ ᠦᠮᠠᠨ ᠡᠪᠡᠳᠴᠢᠨ》 ᠵᠶ᠋ᠠᠷ ᠣᠨᠣᠰᠢᠯᠠᠭᠳᠠᠭᠰᠠᠨ ᠡᠮᠡᠭᠲᠡᠢ ᠪᠦᠷᠢ᠎ᠳᠤ ᠲᠦᠮᠡᠨ ᠲᠥᠭᠦᠷᠢᠭ᠎ᠤᠨ ᠲᠤᠰᠠᠯᠠᠮᠵᠢ ᠣᠯᠭᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ)᠃
14. ᠣᠷᠣᠯᠭ᠎ᠠ ᠪᠠᠭ᠋ᠠᠲᠠᠢ ᠬᠦᠴᠢᠷᠳᠡᠯᠲᠡᠢ ᠭᠡᠷ ᠪᠦᠯᠢ ᠪᠠ ᠬᠢᠯᠢ ᠬᠢᠵᠠᠭ᠋ᠠᠷ᠎ᠤᠨ ᠬᠤᠰᠢᠭᠤ ᠬᠤᠲᠠ᠂ ᠴᠥᠭᠡᠨ ᠲᠣᠭ᠋ᠠᠲᠤ ᠦᠨᠳᠦᠰᠦᠲᠡᠨ᠎ᠤ ᠲᠥᠪᠯᠡᠷᠡᠨ ᠰᠠᠭᠤᠭᠰᠠᠨ ᠣᠷᠣᠨ᠎ᠤ ᠴᠠᠭ᠋ᠠᠨ ᠬᠠᠷᠠᠩ᠎ᠲᠠᠢ ᠡᠪᠡᠳᠴᠢᠲᠡᠨ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠬᠠᠷᠠᠭ᠎ᠠ ᠣᠷᠣᠭᠤᠯᠬᠤ ᠮᠡᠰᠡ ᠵᠠᠰᠠᠯ᠎ᠢ 3500 ᠭᠠᠷᠤᠢ ᠬᠢᠵᠦ ᠥᠭᠭᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ)᠃
15. ᠬᠢᠯᠢ ᠬᠢᠵᠠᠭ᠋ᠠᠷ ᠭᠠᠵᠠᠷ ᠣᠷᠣᠨ᠎ᠤ ᠣᠷᠣᠯᠭ᠎ᠠ ᠪᠠᠭ᠋ᠠᠲᠠᠢ ᠬᠦᠴᠢᠷᠳᠡᠯᠲᠡᠢ ᠭᠡᠷ ᠪᠦᠯᠢ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠡᠪᠦᠳᠦᠭ ᠰᠡᠭᠦᠵᠢ ᠵᠢᠨ ᠦᠶ᠎ᠡ ᠬᠠᠯᠠᠬᠤ ᠮᠡᠰᠡ ᠵᠠᠰᠠᠯ᠎ᠢ 200 ᠭᠠᠷᠤᠢ ᠬᠢᠵᠦ ᠥᠭᠭᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ)᠃
16. ᠤᠯᠠᠭ᠋ᠠᠨ ᠵᠠᠭ᠋ᠠᠯᠮᠠᠶ᠋ᠢᠲᠠᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠪᠤᠷᠠᠯᠲᠠ ᠰᠤᠪᠢᠯᠠᠯᠲᠠ ᠵᠢᠨ ᠦᠨᠡᠮᠯᠡᠯ ᠣᠯᠭᠤᠬᠤ ᠪᠣᠯᠪᠠᠰᠤᠷᠠᠯ᠎ᠢ 6 ᠲᠦᠮᠡᠨ ᠬᠥᠮᠥᠨ᠎ᠳᠤ ᠬᠦᠷᠲᠡᠭᠡᠵᠦ᠂ ᠲᠦᠭᠡᠮᠡᠯᠵᠢᠭᠦᠯᠬᠦ ᠴᠢᠨᠠᠷᠲᠠᠢ ᠪᠣᠯᠪᠠᠰᠤᠷᠠᠯ᠎ᠢ 20 ᠲᠦᠮᠡᠨ ᠬᠥᠮᠥᠨ ᠤᠳᠠᠭ᠎ᠠ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ)᠃
ᠭᠤᠷᠪᠠ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠢ ᠰᠢᠯᠢᠳᠡᠭᠵᠢᠭᠦᠯᠬᠦ ᠲᠠᠯ᠎ᠠ᠎ᠪᠠᠷ᠎ᠬᠢ 6 ᠵᠦᠢ᠍ᠯ
17. ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠤᠷᠭ᠋ᠠᠭᠤᠯᠢ ᠵᠢᠨ ᠨᠡᠷᠡᠲᠦ ᠵᠠᠬᠢᠷᠤᠯ᠎ᠤᠨ ᠠᠵᠢᠯᠯᠠᠬᠤ ᠲᠠᠰᠤᠭ᠂ ᠨᠡᠷᠡᠲᠦ ᠪᠠᠭᠰᠢ ᠵᠢᠨ ᠠᠵᠢᠯᠯᠠᠬᠤ ᠲᠠᠰᠤᠭ᠎ᠢ ᠲᠤᠰ ᠲᠤᠰ 30 ᠪᠠᠶ᠋ᠢᠭᠤᠯᠵᠤ᠂ ᠬᠤᠲᠠ ᠲᠣᠭᠤᠷᠢᠭ᠎ᠤᠨ 1000 ᠭᠠᠷᠤᠢ ᠰᠢᠯᠢᠳᠡᠭ ᠪᠠᠭᠰᠢ ᠵᠢ ᠬᠥᠳᠡᠭᠡ ᠲᠤᠰᠬᠤᠨ᠎ᠤ ᠨᠥᠬᠦᠴᠡᠯ ᠵᠶ᠋ᠠᠷ ᠪᠠᠷᠤᠭᠲᠠᠢ ᠰᠤᠷᠭ᠋ᠠᠭᠤᠯᠢ᠎ᠳᠤ ᠰᠣᠩᠭᠤᠨ ᠲᠣᠮᠢᠯᠠᠵᠤ ᠰᠤᠷᠭ᠋ᠠᠨ ᠬᠥᠮᠦᠵᠢᠯ᠎ᠢ᠎ᠨᠢ ᠳᠡᠮᠵᠢᠨ ᠲᠤᠰᠠᠯᠠᠬᠤ ᠠᠵᠢᠯ ᠥᠷᠨᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ)᠃
18. ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ 4᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠤᠰᠬᠠᠢ ᠰᠠᠯᠠᠭ᠋ᠠᠨ᠎ᠤ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ 20 ᠰᠠᠶ᠋ᠢᠲᠤᠷ ᠪᠠᠶ᠋ᠢᠭᠤᠯᠤᠨ᠂ ᠪᠤᠭᠤᠲᠤ ᠤᠯᠠᠭ᠋ᠠᠨᠬᠠᠳᠠ ᠦᠬᠠᠢ ᠭᠤᠷᠪᠠ ᠵᠢᠨ ᠤᠯᠤᠰ᠎ᠤᠨ ᠳᠡᠰ᠎ᠤᠨ ᠨᠢᠭᠲᠠ ᠬᠡᠯᠪᠡᠷᠢ ᠪᠦᠬᠦᠢ ᠬᠤᠲᠠ ᠵᠢᠨ ᠡᠮᠴᠢᠯᠡᠭᠡᠨ᠎ᠤ ᠪᠦᠯᠦᠭᠯᠡᠯ᠎ᠤᠨ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)᠃
19. ᠠᠮᠤᠷᠯᠢᠩᠭᠤᠢ ᠡᠮᠴᠢᠯᠡᠭᠡ ᠰᠤᠪᠢᠯᠠᠯᠲᠠ ᠵᠢᠨ ᠲᠤᠷᠰᠢᠯᠲᠠ ᠵᠢᠨ ᠴᠡᠭ ᠪᠤᠯᠬᠤ 6 ᠠᠶ᠋ᠢᠮᠠᠭ ᠬᠤᠲᠠ ᠵᠢᠨ ᠬᠤᠰᠢᠭᠤ ᠰᠢᠶᠠᠨ (ᠬᠤᠲᠠ᠂ ᠲᠣᠭᠤᠷᠢᠭ) ᠪᠦᠷᠢ᠎ᠳᠤ ᠠᠳᠠᠭ᠎ᠲᠤ᠎ᠪᠠᠨ 1 ᠠᠮᠤᠷᠯᠢᠩᠭᠤᠢ ᠡᠮᠴᠢᠯᠡᠭᠡ ᠰᠤᠪᠢᠯᠠᠯᠲᠠ ᠵᠢᠨ ᠡᠪᠡᠳᠴᠢᠲᠡᠨ᠎ᠤ ᠲᠣᠭᠤᠷᠢᠭ ᠪᠠᠶ᠋ᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)᠃
20. 《ᠤᠯᠠᠭ᠋ᠠᠨᠮᠥ᠋ᠴᠢᠷ᠎ᠤᠨ ᠲᠣᠭᠯᠠᠯᠲᠠ ᠵᠢ ᠲᠦᠮᠡᠨ ᠲᠤᠰᠬᠤᠨ᠎ᠳᠤ ᠬᠦᠷᠭᠡᠬᠦ》 ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠤᠷᠠᠨ ᠰᠠᠶ᠋ᠢᠬᠠᠨ᠎ᠤ ᠲᠣᠭᠯᠠᠯᠲᠠ ᠪᠠ ᠦᠨᠳᠦᠰᠦᠨ ᠱᠠᠲᠤᠨ᠎ᠤ ᠦᠢ᠍ᠯᠡᠴᠢᠯᠡᠭᠡᠨ᠎ᠢ ᠲᠦᠮᠡ ᠭᠠᠷᠤᠢ ᠲᠠᠯᠠᠪᠤᠷ ᠤᠳᠠᠭ᠎ᠠ ᠬᠠᠩᠭ᠋ᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ)᠃
21. 《ᠥᠨᠳᠥᠷ ᠪᠦᠲᠦᠮᠵᠢᠲᠡᠢ᠎ᠪᠠᠷ ᠨᠢᠭᠡ ᠶᠠᠪᠤᠳᠠᠯ᠎ᠢ ᠭᠦᠢ᠍ᠴᠡᠳᠬᠡᠬᠦ》 ᠢᠵᠢ ᠦᠢ᠍ᠯᠡᠴᠢᠯᠡᠭᠡ ᠵᠢ 13 ᠨᠡᠶ᠋ᠢᠲᠡᠯᠡᠵᠦ᠂ ᠬᠠᠯᠠᠮᠰᠢᠯ ᠤᠲᠠᠰᠤ 12345᠎ᠪᠠᠷ ᠲᠡᠷᠭᠡ ᠰᠢᠯᠵᠢᠭᠦᠯᠬᠦ ᠦᠢ᠍ᠯᠡᠴᠢᠯᠡᠭᠡᠨ᠎ᠤ ᠴᠢᠳᠠᠮᠵᠢ ᠵᠢ ᠨᠡᠮᠡᠭᠳᠡᠭᠦᠯᠦᠨ᠂ 《ᠪᠦᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 150 ᠰᠢᠨ᠎ᠡ᠎ᠪᠠᠷ ᠨᠡᠮᠡᠭᠳᠡᠭᠦᠯᠵᠦ᠂ ᠬᠡᠪ ᠳᠠᠭᠤᠷᠢᠶᠠᠯ ᠪᠣᠯᠬᠤᠶ᠋ᠢᠴᠠ ᠦᠨᠳᠦᠰᠦᠨ ᠱᠠᠲᠤᠨ᠎ᠤ ᠠᠷᠠᠳ᠎ᠲᠤ ᠳᠦᠭᠦᠮ ᠦᠵᠡᠭᠦᠯᠬᠦ ᠦᠢ᠍ᠯᠡᠴᠢᠯᠡᠭᠡᠨ᠎ᠤ ᠲᠥᠪ (ᠥᠷᠲᠡᠭᠡ)᠎ᠢ 24᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠰᠠᠨ ᠥᠷᠲᠡᠭᠡ ᠵᠢ 10 ᠴᠣᠭᠴᠠᠯᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ)᠃
22. ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠷᠦᠩᠬᠡᠶ᠋ᠢᠯᠡᠭᠰᠡᠨ ᠴᠣᠩᠬᠤᠪᠴᠢ ᠵᠢ 100 ᠪᠠ 《ᠨᠢᠭᠡ ᠥᠷᠲᠡᠭᠡᠴᠢᠯᠡᠭᠰᠡᠨ ᠮᠠᠶᠢᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢ 100 ᠴᠣᠭᠴᠠᠯᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ)᠃
ᠳᠥᠷᠪᠡ᠂ ᠣᠯᠠᠨ ᠲᠦᠮᠡᠨ᠎ᠤ ᠰᠠᠭᠤᠷᠢᠰᠢᠨ ᠠᠮᠢᠳᠤᠷᠠᠬᠤ ᠣᠷᠴᠢᠨ ᠨᠥᠬᠦᠴᠡᠯ᠎ᠢ ᠰᠠᠶ᠋ᠢᠵᠢᠷᠠᠭᠤᠯᠬᠤ ᠲᠠᠯ᠎ᠠ᠎ᠪᠠᠷ᠎ᠬᠢ 11 ᠵᠦᠢ᠍ᠯ
23. ᠳᠤᠯᠠᠭ᠋ᠠᠯᠠᠭ᠎ᠠ ᠵᠢᠨ ᠢᠨᠵᠧᠨᠧᠷᠢᠩ᠎ᠢ ᠬᠡᠷᠡᠭᠵᠢᠭᠦᠯᠦᠨ᠂ ᠢᠯᠴᠢ ᠬᠠᠩᠭ᠋ᠠᠬᠤ ᠬᠤᠭᠤᠯᠠᠢ ᠭᠤᠤᠷᠰᠤ ᠵᠢ 420 ᠺᠢᠯᠣᠮᠧᠳ᠋ᠷ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ); ᠲᠠᠷᠢᠶᠠᠴᠢᠨ ᠮᠠᠯᠴᠢᠳ᠎ᠲᠤ ᠡᠪᠦᠯ᠎ᠤᠨ ᠤᠯᠠᠷᠢᠯ᠎ᠤᠨ ᠳᠤᠯᠠᠭ᠋ᠠᠯᠠᠭ᠎ᠠ᠎ᠳᠤ ᠬᠡᠷᠡᠭᠯᠡᠬᠦ ᠨᠡᠭᠦᠷᠡᠰᠦ ᠵᠢ 320 ᠲᠦᠮᠡ ᠭᠠᠷᠤᠢ ᠲᠣᠨ ᠨᠠᠶ᠋ᠢᠳᠠᠪᠤᠷᠢᠵᠢᠭᠤᠯᠤᠨ᠂ ᠲᠥᠪᠯᠡᠷᠡᠭᠦᠯᠦᠨ ᠢᠯᠴᠢ ᠬᠠᠩᠭ᠋ᠠᠬᠤ ᠠᠵᠤ ᠠᠬᠤᠶ᠋ᠢᠯᠠᠯ᠎ᠳᠤ ᠬᠠᠩᠭ᠋ᠠᠯᠭ᠎ᠠ ᠵᠢ ᠪᠠᠲᠤᠯᠠᠬᠤ᠎ᠳᠤ ᠬᠡᠷᠡᠭᠯᠡᠬᠦ ᠨᠡᠭᠦᠷᠡᠰᠦ ᠵᠢ 1600 ᠲᠦᠮᠡ ᠭᠠᠷᠤᠢ ᠲᠣᠨ ᠨᠠᠶ᠋ᠢᠳᠠᠪᠤᠷᠢᠵᠢᠭᠤᠯᠵᠤ᠂ ᠣᠯᠠᠨ ᠲᠦᠮᠡᠨ ᠤ ᠬᠠᠯᠠᠭᠤᠨ ᠳᠤᠯᠠᠭ᠋ᠠᠨ ᠵᠶ᠋ᠠᠷ ᠡᠪᠦᠯᠵᠢᠬᠦ ᠵᠢ ᠪᠠᠲᠤᠯᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠬᠢ ᠵᠢᠨ ᠲᠣᠪᠴᠢᠶ᠎ᠠ)᠃
24. ᠤᠰᠤ ᠬᠠᠩᠭ᠋ᠠᠵᠤ ᠭᠠᠳᠠᠭᠰᠢᠯᠠᠭᠤᠯᠬᠤ ᠬᠠᠭᠤᠴᠢᠨ ᠬᠤᠭᠤᠯᠠᠢ ᠭᠤᠤᠷᠰᠤ ᠵᠢ 870 ᠺᠢᠯᠤᠮᠧᠲᠷ᠂ ᠰᠢᠲᠠᠮᠠᠬᠠᠢ ᠬᠡᠢ ᠵᠢᠨ ᠬᠤᠭᠤᠯᠠᠢ ᠭᠤᠤᠷᠰᠤ ᠵᠢ 210 ᠺᠢᠯᠤᠮᠧᠲᠷ ᠥᠭᠡᠷᠡᠴᠢᠯᠡᠨ ᠰᠢᠨᠡᠳᠬᠡᠵᠦ᠂ ᠲᠡᠷᠭᠡᠨ ᠵᠣᠭᠰᠣᠭ᠋ᠠᠯ᠎ᠤᠨ ᠬᠠᠩᠭ᠋ᠠᠯᠭ᠎ᠠ ᠵᠢ 3 ᠲᠦᠮᠡ ᠰᠢᠨ᠎ᠡ᠎ᠪᠠᠷ ᠨᠡᠮᠡᠭᠳᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ)᠃
25. ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠤᠷᠢᠭ᠎ᠢ 1185᠂ ᠬᠤᠲᠠ ᠵᠢᠨ ᠨᠤᠷᠠᠬᠤ ᠠᠶᠤᠯᠲᠠᠢ ᠬᠠᠭᠤᠴᠢᠨ ᠭᠡᠷ ᠪᠠᠶ᠋ᠢᠰᠢᠩ᠎ᠢ 1500 ᠢᠵᠢ᠂ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ 3419 ᠡᠷᠦᠬᠡ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ)᠃
26. ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ 1.69 ᠲᠦᠮᠡᠨ ᠢᠵᠢ ᠪᠠᠶ᠋ᠢᠭᠤᠯᠵᠤ᠂ 2 ᠲᠦᠮᠡᠨ ᠡᠷᠦᠭᠡ ᠬᠤᠲᠠ ᠪᠠᠯᠭ᠋ᠠᠰᠤᠨ᠎ᠤ ᠪᠠᠲᠤᠯᠠᠭ᠎ᠠ ᠵᠢᠨ ᠣᠷᠣᠨ ᠰᠠᠭᠤᠴᠠᠲᠤ ᠭᠡᠷ ᠪᠦᠯᠢ᠎ᠳᠤ ᠲᠦᠷᠢᠶᠡᠰᠦᠨ ᠨᠡᠮᠡᠭᠦᠷᠢ ᠣᠯᠭᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ)᠃
27. ᠪᠡᠶ᠎ᠡ ᠵᠢᠨ ᠲᠠᠮᠢᠷ᠎ᠤᠨ ᠴᠡᠴᠡᠷᠯᠢᠭ᠎ᠢ 20᠂ ᠣᠯᠠᠨ ᠲᠦᠮᠡᠨ᠎ᠤ ᠲᠡᠰᠢᠯᠲᠡ ᠵᠢᠨ ᠲᠠᠯᠠᠪᠤᠷ᠎ᠢ 28᠂ 《ᠫᠢᠩᠫᠠᠩ ᠪᠥᠮᠪᠦᠭᠡ ᠵᠢ ᠰᠠᠭᠤᠭ᠋ᠠᠯᠢ ᠲᠣᠭᠤᠷᠢᠭ᠎ᠲᠤ ᠣᠷᠣᠭᠤᠯᠬᠤ》 ᠲᠥᠷᠥᠯ ᠵᠦᠢ᠍ᠯ᠎ᠢ 150 ᠰᠢᠨ᠎ᠡ᠎ᠪᠠᠷ ᠪᠠᠶ᠋ᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶ᠋ᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ)᠃
28. 1000 ᠭᠠᠷᠤᠢ ᠬᠥᠮᠥᠨ ᠠᠮᠠ᠎ᠲᠠᠢ 100 ᠵᠠᠰᠠᠭ ᠵᠠᠬᠢᠷᠭ᠋ᠠᠨ᠎ᠤ ᠲᠤᠰᠬᠤᠨ᠎ᠤ ᠠᠮᠢᠳᠤᠷᠠᠯ᠎ᠤᠨ ᠬᠤᠭ ᠨᠣᠪᠰᠢ ᠵᠢ ᠲᠥᠪᠯᠡᠷᠡᠭᠦᠯᠦᠨ ᠰᠢᠢ᠍ᠳᠪᠦᠷᠢᠯᠡᠬᠦ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ); 400 ᠵᠠᠰᠠᠭ ᠵᠠᠬᠢᠷᠭ᠋ᠠᠨ᠎ᠤ ᠲᠤᠰᠬᠤᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ᠂ 3000 ᠭᠠᠷᠤᠢ ᠬᠥᠮᠥᠨ ᠠᠮᠠ᠎ᠲᠠᠢ 10 ᠵᠠᠰᠠᠭ ᠵᠠᠬᠢᠷᠭ᠋ᠠᠨ᠎ᠤ ᠲᠤᠰᠬᠤᠨ᠎ᠤ ᠠᠮᠢᠳᠤᠷᠠᠯ᠎ᠤᠨ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ)᠃
29. ᠲᠠᠷᠢᠶᠠᠯᠠᠬᠤ ᠮᠠᠯᠵᠢᠬᠤ ᠣᠷᠣᠨ᠎ᠤ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠢ 270᠂ ᠲᠠᠷᠠᠬᠠᠢ ᠮᠠᠶᠢᠭ᠎ᠤᠨ ᠤᠰᠤ ᠬᠠᠩᠭ᠋ᠠᠬᠤ ᠢᠨᠵᠧᠨᠧᠷᠢᠩ᠎ᠢ 900 ᠰᠢᠨ᠎ᠡ᠎ᠪᠠᠷ ᠪᠠᠶ᠋ᠢᠭᠤᠯᠬᠤ ᠪᠠ ᠰᠢᠨᠡᠳᠬᠡᠨ ᠰᠠᠶ᠋ᠢᠵᠢᠷᠠᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ)᠃
30. ᠲᠠᠷᠢᠶᠠᠯᠠᠬᠤ ᠮᠠᠯᠵᠢᠬᠤ ᠣᠷᠣᠨ᠎ᠤ ᠡᠷᠦᠬᠡ ᠵᠢᠨ ᠵᠣᠷᠯᠣᠩ᠎ᠢ 5.5 ᠲᠦᠮᠡ ᠰᠢᠨ᠎ᠡ᠎ᠪᠠᠷ ᠪᠠᠶ᠋ᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)᠃
31. ᠲᠤᠰᠬᠤᠨ᠎ᠤ ᠱᠠᠲᠤᠨ᠎ᠤ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠪᠠᠷᠢᠮᠵᠢᠶᠠᠲᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠴᠡᠭ᠎ᠢ 5000 ᠪᠠᠶ᠋ᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ)᠃
32. ᠪᠦᠢ᠍ᠳᠠ ᠪᠥᠭᠯᠡᠭᠦᠦ ᠪᠠᠶ᠋ᠢᠭ᠎ᠠ 2022 ᠲᠠᠷᠢᠶᠠᠯᠠᠬᠤ ᠮᠠᠯᠵᠢᠬᠤ ᠡᠷᠦᠬᠡ᠎ᠳᠤ ᠴᠠᠬᠢᠯᠭ᠋ᠠᠨ ᠲᠣᠣᠷ᠎ᠢ᠎ᠨᠢ ᠤᠷᠲᠤᠳᠬᠠᠵᠤ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ ᠪᠠ ᠪᠦᠢ᠍ᠳᠠ ᠪᠥᠭᠯᠡᠭᠦᠦ ᠪᠠᠶ᠋ᠢᠭ᠎ᠠ 2 ᠲᠦᠮᠡᠨ ᠲᠠᠷᠢᠶᠠᠯᠠᠬᠤ ᠮᠠᠯᠵᠢᠬᠤ ᠡᠷᠦᠬᠡ᠂ ᠬᠢᠯᠢ ᠵᠢᠨ ᠬᠠᠮᠠᠭ᠋ᠠᠯᠠᠯᠲᠠ ᠵᠢᠨ 40 ᠬᠠᠷᠠᠭᠤᠯ᠎ᠤᠨ ᠭᠠᠵᠠᠷ᠎ᠲᠤ ᠰᠢᠨ᠎ᠡ ᠡᠨᠧᠷᠬᠢ᠎ᠪᠠᠷ ᠴᠠᠬᠢᠯᠭ᠋ᠠᠨ ᠨᠡᠪᠲᠡᠷᠡᠭᠦᠯᠬᠦ ᠳᠡᠰ ᠳᠡᠪᠰᠢᠭᠦᠯᠬᠦ ᠢᠨᠵᠧᠨᠧᠷᠢᠩ᠎ᠢ ᠪᠡᠶᠡᠯᠡᠭᠦᠯᠦᠨ᠎ᠡ; 650 ᠬᠠᠭᠤᠴᠢᠨ ᠰᠠᠭᠤᠭ᠋ᠠᠯᠢ ᠲᠣᠭᠤᠷᠢᠭ᠎ᠤᠨ ᠴᠠᠬᠢᠯᠭ᠋ᠠᠨ ᠬᠠᠩᠭ᠋ᠠᠬᠤ ᠪᠡᠯᠡᠳᠬᠡᠮᠵᠢ᠂ 2 ᠲᠦᠮᠡᠨ ᠴᠠᠬᠢᠯᠭ᠋ᠠᠨ ᠴᠡᠨᠡᠭᠯᠡᠬᠦ ᠱᠣᠩ (ᠥᠷᠲᠡᠭᠡ)᠎ᠢ ᠢᠵᠢ ᠪᠦᠷᠢᠳᠦᠭᠦᠯᠦᠨ ᠴᠠᠬᠢᠯᠭ᠋ᠠᠨ ᠲᠣᠣᠷ᠎ᠲᠤ ᠵᠠᠯᠭ᠋ᠠᠭᠤᠯᠵᠤ ᠥᠭᠡᠷᠡᠴᠢᠯᠡᠨ ᠰᠢᠨᠡᠳᠬᠡᠬᠦ ᠠᠵᠢᠯ᠎ᠢ ᠬᠡᠷᠡᠭᠵᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠬᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ ᠪᠦᠯᠦᠭᠯᠡᠯ᠂ ᠤᠯᠤᠰ᠎ᠤᠨ ᠴᠠᠬᠢᠯᠭ᠋ᠠᠨ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ)᠃
33. ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ 5000 ᠺᠢᠯᠣᠮᠧᠳ᠋ᠷ ᠡᠬᠢᠯᠡᠭᠦᠯᠦᠨ ᠪᠠᠶ᠋ᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ)᠃
ᠳᠠᠭ᠋ᠠᠯᠳᠤᠭᠤᠯᠤᠯ 2
《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠬᠤᠯᠪᠣᠭᠳᠠᠯ ᠪᠦᠬᠦᠢ ᠨᠡᠷᠡᠰ᠎ᠤᠨ ᠲᠠᠶ᠋ᠢᠯᠪᠤᠷᠢ
《ᠨᠢᠭᠡ ᠲᠥᠯᠦᠪᠵᠢᠭᠦᠯᠭᠡ ᠭᠤᠷᠪᠠᠨ ᠲᠥᠰᠥᠯ》᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠦᠪᠵᠢᠭᠦᠯᠭᠡ (2021—2030 ᠣᠨ)》 ᠪᠠ 《ᠬᠠᠲᠤᠨ ᠭᠤᠣᠯ᠎ᠤᠨ 〈ᠶᠡᠭᠡ ᠲᠣᠬᠤᠢ〉 ᠵᠢᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠬᠡᠷᠡᠭᠵᠢᠭᠦᠯᠬᠦ ᠲᠥᠰᠥᠯ (2021—2030 ᠣᠨ)》᠂ 《ᠬᠤᠷᠴᠢᠨ ᠪᠠ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠶ᠋ᠢᠯᠠᠯᠳᠤᠭ᠋ᠠᠨ᠎ᠤ ᠬᠡᠷᠡᠭᠵᠢᠭᠦᠯᠬᠦ ᠲᠥᠰᠥᠯ (2021 — 2030 ᠣᠨ)》᠂ 《ᠡᠾᠧᠰᠢ ᠵᠢᠨ ᠬᠤᠩᠭᠢᠯ — ᠲᠠᠺᠯᠢᠮᠠᠺᠠᠨ ᠡᠯᠡᠰᠦᠨ ᠴᠦᠯ᠎ᠤᠨ ᠬᠥᠪᠡᠭᠡ ᠵᠠᠬ᠎ᠠ ᠵᠢᠨ ᠬᠤᠷᠢᠭᠯᠠᠯᠲᠠ ᠵᠢᠨ ᠳᠠᠶ᠋ᠢᠯᠠᠯᠳᠤᠭ᠋ᠠᠨ᠎ᠢ ᠬᠡᠷᠡᠭᠵᠢᠭᠦᠯᠬᠦ ᠲᠥᠰᠥᠯ (2021 — 2030 ᠣᠨ)》᠎ᠢ ᠵᠢᠭ᠋ᠠᠵᠤ ᠪᠤᠢ᠃
ᠮᠧᠩ ᠺᠧ ᠵᠢᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠠᠪᠴᠠᠩ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠰᠤᠳᠤᠯᠵᠤ ᠨᠡᠭᠡᠭᠡᠬᠦ᠂ ᠬᠥᠷᠥᠩᠭᠡ ᠵᠢ ᠭᠦᠢ᠍ᠯᠭᠡᠭᠡᠨ ᠠᠵᠢᠯᠯᠠᠭᠤᠯᠬᠤ᠂ ᠲᠥᠷᠥᠯ ᠵᠦᠢ᠍ᠯ᠎ᠢ ᠨᠡᠪᠴᠢᠭᠦᠯᠬᠦ᠂ ᠦᠷ᠎ᠡ ᠪᠦᠲᠦᠭᠡᠯ᠎ᠢ ᠤᠯᠠᠷᠢᠭᠤᠯᠬᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠡᠷᠭᠡ ᠴᠢᠳᠠᠮᠵᠢ ᠵᠢ ᠬᠤᠷᠠᠭᠤᠯᠤᠭᠰᠠᠨ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠲᠠᠪᠴᠠᠩ (www.mengkeju.com)᠎ᠢ ᠵᠢᠭ᠋ᠠᠵᠤ ᠪᠤᠢ᠃
《ᠳᠤᠷ᠎ᠠ᠎ᠪᠠᠷ ᠦᠢ᠍ᠯᠡᠳᠬᠦ ᠳᠥᠷᠪᠡ ᠵᠢ ᠴᠡᠪᠡᠷᠯᠡᠬᠦ》᠄ ᠦᠶᠡᠷ᠎ᠢ ᠰᠠᠭ᠋ᠠᠳ ᠦᠭᠡᠢ ᠵᠠᠯᠠᠬᠤ ᠵᠢᠨ ᠠᠮᠤᠷ ᠲᠦᠪᠰᠢᠨ᠎ᠢ ᠰᠦᠷᠳᠡᠭᠦᠯᠦᠭᠰᠡᠨ᠂ ᠭᠤᠣᠯ ᠮᠥᠷᠡᠨ ᠨᠠᠭᠤᠷ ᠴᠥᠬᠦᠷᠤᠮ᠎ᠤᠨ ᠬᠡᠪ᠎ᠤᠨ ᠪᠠᠶ᠋ᠢᠳᠠᠯ᠎ᠢ ᠠᠯᠳᠠᠭᠳᠠᠭᠤᠯᠤᠭᠰᠠᠨ ᠳᠤᠷ᠎ᠠ᠎ᠪᠠᠷ ᠡᠵᠡᠯᠡᠬᠦ᠂ ᠳᠤᠷ᠎ᠠ᠎ᠪᠠᠷ ᠮᠠᠯᠲᠠᠬᠤ᠂ ᠳᠤᠷ᠎ᠠ᠎ᠪᠠᠷ ᠣᠪᠣᠭ᠋ᠠᠯᠠᠬᠤ᠂ ᠳᠤᠷ᠎ᠠ᠎ᠪᠠᠷ ᠪᠠᠶ᠋ᠢᠭᠤᠯᠬᠤ ᠦᠵᠡᠭᠳᠡᠯ᠎ᠢ ᠴᠡᠭᠴᠡᠯᠡᠨ ᠵᠠᠰᠠᠵᠤ ᠴᠡᠪᠡᠷᠯᠡᠬᠦ ᠵᠢ ᠵᠢᠭ᠋ᠠᠵᠤ ᠪᠤᠢ᠃
《ᠵᠢᠭᠤᠯᠴᠢᠯᠠᠯ᠎ᠤᠨ ᠳᠥᠷᠪᠡᠨ ᠭᠠᠵᠠᠷ》 ᠄ ᠬᠤᠪᠢ ᠵᠢᠨ ᠮᠠᠰᠢᠨ ᠲᠡᠷᠭᠡ᠎ᠪᠠᠷ ᠵᠢᠭᠤᠯᠴᠢᠯᠠᠬᠤ ᠲᠡᠷᠢᠭᠦᠨ ᠰᠣᠩᠭᠤᠯᠲᠠ ᠵᠢᠨ ᠭᠠᠵᠠᠷ᠂ ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠶ᠋ᠢᠬᠠᠨ ᠭᠠᠵᠠᠷ᠂ ᠠᠮᠠᠷᠠᠯᠲᠠ᠎ᠪᠠᠷ ᠵᠠᠪᠠᠯ ᠵᠢᠭᠤᠯᠴᠢᠯᠠᠬᠤ ᠭᠠᠵᠠᠷ᠂ ᠡᠷᠡᠭᠦᠯᠵᠢᠯ ᠰᠤᠪᠢᠯᠠᠯᠲᠠ ᠬᠢᠬᠦ ᠰᠠᠶ᠋ᠢᠨ ᠭᠠᠵᠠᠷ᠎ᠢ ᠴᠣᠭᠴᠠᠯᠠᠬᠤ ᠵᠢ ᠵᠢᠭ᠋ᠠᠵᠤ ᠪᠤᠢ᠃
ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠵᠢᠷᠭᠤᠭ᠋ᠠᠨ 《ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》᠄ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠰᠤᠷᠭ᠋ᠠᠨ ᠬᠥᠮᠦᠵᠢᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ᠂ ᠡᠮᠴᠢᠯᠡᠭᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠤᠯᠠᠭᠤᠯᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ᠂ ᠵᠢᠭᠤᠯᠴᠢᠯᠠᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ᠂ ᠠᠵᠤ ᠦᠢ᠍ᠯᠡᠰ᠎ᠤᠨ ᠬᠠᠮᠲᠤᠷᠠᠯᠴᠠᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠵᠢ ᠵᠢᠭ᠋ᠠᠵᠤ ᠪᠤᠢ᠃
《ᠲᠥᠯᠥᠭᠡᠯᠡᠭᠴᠢ + ᠭᠡᠰᠢᠭᠦᠨ + ᠰᠢᠭᠦᠬᠦ ᠬᠤᠷᠢᠶ᠎ᠠ》 ᠵᠢᠨ ᠢᠷᠭᠡᠨ᠎ᠤ ᠪᠠ ᠬᠤᠳᠠᠯᠳᠤᠭ᠋ᠠᠨ᠎ᠤ ᠬᠡᠷᠡᠭ᠎ᠤᠨ ᠵᠢᠭᠤᠷᠠᠯᠳᠤᠭ᠋ᠠᠨ᠎ᠢ ᠠᠷᠢᠯᠭ᠋ᠠᠨ ᠰᠢᠢ᠍ᠳᠪᠦᠷᠢᠯᠡᠬᠦ ᠲᠣᠭᠲᠠᠴᠠ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠤᠯᠤᠰ ᠲᠦᠷᠦ ᠵᠢᠨ ᠵᠥᠪᠯᠡᠯᠭᠡᠨ ᠪᠠ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ ᠲᠠᠪᠴᠠᠩ ᠪᠠᠶ᠋ᠢᠭᠤᠯᠵᠤ᠂ ᠠᠷᠠᠳ᠎ᠤᠨ ᠲᠥᠯᠥᠭᠡᠯᠡᠭᠴᠢ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠎ᠢ ᠵᠣᠬᠢᠶᠠᠨ ᠪᠠᠶ᠋ᠢᠭᠤᠯᠤᠨ ᠢᠷᠭᠡᠨ᠎ᠤ ᠪᠠ ᠬᠤᠳᠠᠯᠳᠤᠭ᠋ᠠᠨ᠎ᠤ ᠬᠡᠷᠡᠭ᠎ᠤᠨ ᠵᠢᠭᠤᠷᠠᠯᠳᠤᠭ᠋ᠠᠨ᠎ᠢ ᠠᠷᠢᠯᠭ᠋ᠠᠨ ᠰᠢᠢ᠍ᠳᠪᠦᠷᠢᠯᠡᠬᠦ᠎ᠳᠤ ᠣᠷᠣᠯᠴᠠᠭᠤᠯᠬᠤ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠲᠣᠭᠲᠠᠴᠠ ᠵᠢ ᠵᠢᠭ᠋ᠠᠵᠤ ᠪᠤᠢ᠃
ᠢᠳᠡᠭᠡᠨ᠎ᠤ ᠵᠦᠢ᠍ᠯ᠎ᠤᠨ 《ᠬᠤᠶᠠᠷ᠎ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ》᠄ ᠢᠳᠡᠭᠡᠨ ᠦᠢ᠍ᠯᠡᠳᠪᠦᠷᠢᠯᠡᠬᠦ ᠭᠤᠭᠴᠣᠭ᠋ᠠᠨ᠎ᠳᠠᠬᠢ ᠢᠳᠡᠭᠡᠨ᠎ᠤ ᠨᠡᠮᠡᠯᠲᠡ ᠡᠳ᠋᠎ᠢ ᠬᠡᠪᠴᠢᠶᠡᠨ᠎ᠠᠴᠠ ᠬᠡᠲᠦᠷᠡᠭᠦᠯᠬᠦ᠂ ᠬᠢᠵᠠᠭ᠋ᠠᠷᠯᠠᠬᠤ ᠬᠡᠮᠵᠢᠶᠡᠨ᠎ᠠᠴᠠ ᠬᠡᠲᠦᠷᠡᠭᠦᠯᠬᠦ ᠪᠠ ᠢᠳᠡᠭᠡᠨ᠎ᠤ ᠵᠦᠢ᠍ᠯ᠎ᠳᠤ ᠦᠯᠦ ᠬᠡᠷᠡᠭᠯᠡᠬᠦ ᠪᠣᠳᠠᠰ᠎ᠢ ᠬᠠᠤᠯᠢ ᠪᠤᠰᠤ᠎ᠪᠠᠷ ᠨᠡᠮᠡᠬᠦ ᠵᠢ ᠵᠢᠭ᠋ᠠᠵᠤ ᠪᠤᠢ᠃
《ᠭᠤᠷᠪᠠ ᠵᠢ ᠬᠠᠮᠢᠶᠠᠷᠬᠤ᠎ᠳᠤ ᠭᠤᠷᠪᠠ ᠵᠢ ᠡᠷᠬᠡᠪᠰᠢ ᠭᠦᠢ᠍ᠴᠡᠳᠬᠡᠬᠦ》᠄ ᠠᠵᠢᠯ ᠲᠥᠷᠥᠯ᠎ᠢ ᠬᠠᠮᠢᠶᠠᠷᠬᠤ᠎ᠳᠤ ᠠᠮᠤᠷ ᠲᠦᠪᠰᠢᠨ᠎ᠢ ᠡᠷᠬᠡᠪᠰᠢ ᠬᠠᠮᠢᠶᠠᠷᠬᠤ᠂ ᠲᠤᠬᠠᠶ᠋ᠢᠯᠠᠭᠰᠠᠨ ᠠᠵᠢᠯ᠎ᠢ ᠬᠠᠮᠢᠶᠠᠷᠬᠤ᠎ᠳᠤ ᠠᠮᠤᠷ ᠲᠦᠪᠰᠢᠨ᠎ᠢ ᠡᠷᠬᠡᠪᠰᠢ ᠬᠠᠮᠢᠶᠠᠷᠬᠤ᠂ ᠦᠢ᠍ᠯᠡᠳᠪᠦᠷᠢᠯᠡᠯ ᠡᠵᠡᠩᠨᠡᠯᠲᠡ ᠵᠢ ᠬᠠᠮᠢᠶᠠᠷᠬᠤ᠎ᠳᠤ ᠠᠮᠤᠷ ᠲᠦᠪᠰᠢᠨ᠎ᠢ ᠡᠷᠬᠡᠪᠰᠢ ᠬᠠᠮᠢᠶᠠᠷᠬᠤ ᠵᠢ ᠵᠢᠭ᠋ᠠᠵᠤ ᠪᠤᠢ᠃
ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ 6 ᠢᠵᠢ ᠠᠬᠢᠭᠤᠯᠬᠤ ᠳᠦᠷᠢᠮ ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠬᠢᠵᠢᠭᠦᠯᠬᠦ ᠵᠢ ᠠᠬᠢᠭᠤᠯᠬᠤ ᠳᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠬᠢ ᠵᠢᠨ ᠰᠣᠷᠪᠣᠯᠵᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》᠎ᠢ ᠵᠢᠭ᠋ᠠᠵᠤ ᠪᠤᠢ᠃
《ᠲᠤᠯᠤᠭ᠎ᠠ ᠵᠢ ᠲᠠᠶᠠᠭᠳᠠᠬᠤ》᠄ 《ᠪᠢ ᠪᠤᠰᠤᠳ᠎ᠢ ᠬᠦᠷᠬᠦ ᠦᠭᠡᠢ》 ᠬᠡᠮᠡᠬᠦ ᠰᠡᠳᠬᠢᠯ᠂ 《ᠬᠥᠭᠵᠢᠭᠦᠯᠬᠦ᠎ᠳᠤ ᠳᠡᠩᠳᠡᠭᠦᠦ ᠶᠠᠭ᠋ᠠᠷᠠᠬᠤ ᠬᠡᠷᠡᠭ ᠦᠭᠡᠢ》 ᠬᠡᠮᠡᠬᠦ ᠪᠤᠳᠤᠯ᠂ 《ᠶᠠᠪᠤᠴᠠ ᠵᠢ ᠴᠢᠬᠤᠯᠠᠴᠢᠯᠠᠬᠤ᠎ᠠᠴᠠ ᠪᠢᠰᠢ ᠦᠷ᠎ᠡ ᠳ᠋ᠦᠩ᠎ᠢ ᠴᠢᠬᠤᠯᠠᠴᠢᠯᠠᠬᠤ ᠦᠭᠡᠢ》 ᠤᠬᠠᠮᠰᠠᠷ᠂ 《ᠵᠣᠷ ᠦᠭᠡᠢ ᠪᠣᠯ ᠡᠮ ᠥᠭᠬᠦ ᠵᠣᠷᠢᠭ ᠦᠭᠡᠢ》 ᠬᠢᠳᠡᠯ᠂ 《ᠨᠢᠳᠦᠨ ᠡᠮᠦᠨᠡᠬᠢ᠎ᠪᠠᠨ ᠬᠠᠷᠠᠬᠤ᠎ᠠᠴᠠ ᠪᠢᠰᠢ ᠠᠯᠤᠰ ᠬᠤᠯᠡ ᠵᠢ ᠬᠠᠷᠠᠬᠤ ᠦᠭᠡᠢ》 ᠰᠡᠳᠬᠢᠬᠦᠢ᠂ 《ᠨᠠᠷᠢᠯᠢᠭ ᠵᠦᠢ᠍ᠯ᠎ᠢ ᠠᠩᠬᠠᠷᠬᠤ ᠦᠭᠡᠢ ᠪᠠᠷᠤᠭ ᠲᠥᠯᠥᠪ ᠵᠶ᠋ᠠᠷ᠎ᠨᠢ ᠪᠤᠯᠭ᠋ᠠᠬᠤ》 ᠰᠡᠳᠬᠢᠴᠡ᠂ 《ᠦᠢ᠍ᠯᠡᠳᠪᠦᠷᠢᠯᠡᠯ᠎ᠢ ᠴᠢᠬᠤᠯᠠᠴᠢᠯᠠᠵᠤ ᠡᠵᠡᠩᠨᠡᠯᠲᠡ ᠵᠢ ᠬᠥᠩᠭᠡᠪᠴᠢᠯᠡᠬᠦ》 ᠦᠵᠡᠯᠲᠡ ᠵᠢ ᠵᠢᠭ᠋ᠠᠵᠤ ᠪᠤᠢ᠃
《ᠵᠢᠷᠭᠤᠭ᠋ᠠᠨ ᠢᠨᠵᠧᠨᠧᠷᠢᠩ》 ᠄ ᠲᠦᠷᠦ ᠵᠢᠨ ᠪᠣᠳᠣᠯᠭ᠎ᠠ ᠵᠢ ᠪᠣᠳᠠᠲᠠᠶ᠋ᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠂ ᠬᠠᠶ᠋ᠢᠷ᠎ᠠ ᠬᠠᠯᠠᠮᠵᠢ ᠵᠢᠨ ᠢᠨᠵᠧᠨᠧᠷᠢᠩ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠂ ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠶ᠋ᠢᠭᠤᠯᠬᠤ ᠢᠨᠵᠧᠨᠧᠷᠢᠩ᠎ᠢ ᠵᠢᠭ᠋ᠠᠵᠤ ᠪᠤᠢ᠃
ᠡᠯᠡᠰᠦᠨ ᠴᠦᠯ ᠭᠤᠪᠢ ᠴᠥᠯᠡᠷᠬᠡᠭ ᠣᠷᠣᠨ᠎ᠳᠠᠬᠢ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ 4 ᠰᠠᠭᠤᠷᠢᠨ ᠭᠠᠵᠠᠷ᠄ ᠬᠥᠪᠴᠢ ᠵᠢᠨ ᠡᠯᠡᠰᠦᠨ ᠴᠦᠯ᠎ᠤᠨ ᠣᠷᠳᠣᠰ᠎ᠤᠨ ᠳᠤᠮᠳᠠ ᠬᠤᠶ᠋ᠢᠲᠤ ᠬᠡᠰᠡᠭ᠂ ᠬᠥᠪᠴᠢ ᠵᠢᠨ ᠡᠯᠡᠰᠦᠨ ᠴᠦᠯ᠎ᠤᠨ ᠣᠷᠳᠣᠰ᠎ᠤᠨ ᠡᠮᠦᠨ᠎ᠡ ᠬᠡᠰᠡᠭ᠂ ᠲᠡᠭᠷᠢ ᠡᠯᠡᠰᠦᠨ ᠴᠦᠯ᠎ᠤᠨ ᠵᠡᠭᠦᠨ ᠡᠮᠦᠨᠡᠲᠦ ᠬᠡᠰᠡᠭ᠂ ᠤᠯᠠᠭ᠋ᠠᠨᠪᠤᠬ᠎ᠠ ᠡᠯᠡᠰᠦᠨ ᠴᠦᠯ᠎ᠤᠨ ᠵᠡᠭᠦᠨ ᠬᠤᠶ᠋ᠢᠲᠤ ᠬᠡᠰᠡᠭ᠎ᠤᠨ ᠰᠢᠨ᠎ᠡ ᠡᠨᠧᠷᠬᠢ ᠵᠢᠨ ᠰᠠᠭᠤᠷᠢᠨ᠎ᠢ ᠵᠢᠭ᠋ᠠᠵᠤ ᠪᠤᠢ᠃
《ᠭᠤᠷᠪᠠᠨ ᠶᠡᠭᠡ ᠳᠠᠪᠠᠭᠤᠯᠢᠭ》 ᠄ ᠡᠨᠧᠷᠬᠢ ᠵᠢᠨ ᠠᠵᠤ ᠦᠢ᠍ᠯᠡᠰ᠎ᠤᠨ ᠳᠠᠪᠠᠭᠤᠯᠢᠭ᠂ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠳᠠᠪᠠᠭᠤᠯᠢᠭ᠂ ᠲᠠᠷᠢᠶᠠᠯᠠᠩ ᠮᠠᠯ ᠠᠵᠤ ᠠᠬᠤᠢ ᠵᠢᠨ ᠳᠠᠪᠠᠭᠤᠯᠢᠭ᠎ᠢ ᠵᠢᠭ᠋ᠠᠵᠤ ᠪᠤᠢ᠃
《ᠲᠢᠶᠠᠨ ᠵᠢᠶᠦ᠋ᠨ ᠲᠥᠯᠥᠪᠯᠡᠭᠡ》᠄ ᠠᠵᠤ ᠠᠬᠤᠶ᠋ᠢᠯᠠᠯ᠎ᠢ ᠰᠲ᠋ᠣᠺ᠎ᠤᠨ ᠵᠠᠬ᠎ᠠ᠎ᠳᠤ ᠭᠠᠷᠭ᠋ᠠᠬᠤ᠎ᠳᠤ ᠦᠢ᠍ᠯᠡᠴᠢᠯᠡᠬᠦ ᠲᠥᠯᠥᠪᠯᠡᠭᠡ ᠪᠣᠯᠣᠨ᠎ᠠ᠂ ᠰᠲ᠋ᠣᠺ᠎ᠤᠨ ᠵᠠᠬ᠎ᠠ᠎ᠳᠤ ᠭᠠᠷᠭ᠋ᠠᠬᠤ ᠪᠡᠯᠡᠳᠬᠡᠯ ᠠᠵᠤ ᠠᠬᠤᠶ᠋ᠢᠯᠠᠯ᠎ᠤᠳ᠎ᠢ ᠬᠥᠳᠡᠯᠦᠩᠭᠦᠢ᠎ᠪᠠᠷ ᠠᠭᠤᠳᠠᠯᠤᠨ ᠰᠢᠭᠰᠢᠬᠦ᠎ᠪᠠᠷ ᠳᠠᠮᠵᠢᠵᠤ᠂ 《ᠠᠵᠤ ᠠᠬᠤᠶ᠋ᠢᠯᠠᠯ ᠰᠠᠨᠠᠭ᠋ᠠᠴᠢᠯᠠᠭ᠎ᠠ᠎ᠠᠴᠠ᠎ᠪᠠᠨ ᠬᠢᠬᠦ᠂ ᠵᠠᠰᠠᠭ᠎ᠤᠨ ᠣᠷᠳᠣᠨ᠎ᠠᠴᠠ ᠠᠬᠢᠭᠤᠯᠬᠤ᠂ ᠪᠠᠶ᠋ᠢᠭᠤᠯᠤᠮᠵᠢ᠎ᠠᠴᠠ ᠳᠠᠶ᠋ᠢᠴᠢᠯᠠᠬᠤ᠂ ᠨᠡᠶ᠋ᠢᠭᠡᠮ᠎ᠤᠨ᠎ᠬᠢᠨ ᠬᠤᠯᠪᠤᠭ᠋ᠠᠯᠠᠨ ᠬᠥᠳᠡᠯᠦᠯᠴᠡᠬᠦ》 ᠲᠣᠭᠲᠠᠴᠠ ᠵᠢ ᠬᠡᠷᠡᠭᠵᠢᠭᠦᠯᠵᠦ᠂ 《ᠨᠢᠭᠡ ᠪᠦᠯᠦᠭ᠎ᠢ᠎ᠨᠢ ᠪᠣᠶ᠋ᠢᠵᠢᠭᠤᠯᠬᠤ᠂ ᠨᠢᠭᠡ ᠪᠦᠯᠦᠭ᠎ᠢ᠎ᠨᠢ ᠬᠠᠪᠰᠤᠷᠤᠨ ᠵᠢᠯᠤᠭᠤᠳᠬᠤ᠂ ᠨᠢᠭᠡ ᠪᠦᠯᠦᠭ᠎ᠢ᠎ᠨᠢ ᠭᠤᠶᠤᠴᠢᠯᠠᠨ ᠮᠡᠳᠡᠭᠦᠯᠬᠦ᠂ ᠨᠢᠭᠡ ᠪᠦᠯᠦᠭ᠎ᠢ᠎ᠨᠢ ᠵᠠᠬ᠎ᠠ᠎ᠳᠤ ᠭᠠᠷᠭ᠋ᠠᠬᠤ》 ᠱᠠᠲᠤᠯᠢᠭ ᠬᠡᠯᠪᠡᠷᠢ ᠵᠢ ᠪᠣᠢ ᠪᠣᠯᠭ᠋ᠠᠨ᠂ 《ᠰᠠᠶ᠋ᠢᠨ ᠠᠵᠤ ᠠᠬᠤᠶ᠋ᠢᠯᠠᠯ᠎ᠢ ᠴᠣᠭᠴᠠᠯᠠᠬᠤ᠂ ᠰᠠᠶ᠋ᠢᠨ ᠠᠵᠤ ᠠᠬᠤᠶ᠋ᠢᠯᠠᠯ᠎ᠢ ᠰᠣᠩᠭᠤᠬᠤ᠂ ᠰᠠᠶ᠋ᠢᠨ ᠠᠵᠤ ᠠᠬᠤᠶ᠋ᠢᠯᠠᠯ᠎ᠢ ᠪᠣᠶ᠋ᠢᠵᠢᠭᠤᠯᠬᠤ᠂ ᠰᠠᠶ᠋ᠢᠨ ᠠᠵᠤ ᠠᠬᠤᠶ᠋ᠢᠯᠠᠯ᠎ᠢ ᠰᠲ᠋ᠣᠺ᠎ᠤᠨ ᠵᠠᠬ᠎ᠠ᠎ᠳᠤ ᠭᠠᠷᠭ᠋ᠠᠬᠤ》 ᠪᠠᠶ᠋ᠢᠷᠢᠰᠢᠯ᠎ᠢ ᠴᠣᠭᠴᠠᠯᠠᠬᠤ ᠵᠢ ᠵᠢᠭ᠋ᠠᠵᠤ ᠪᠤᠢ᠃
《ᠭᠤᠷᠪᠠᠨ ᠲᠦᠷᠦᠯ ᠬᠤᠪᠢᠶᠠᠵᠤ ᠡᠶᠡᠳᠡᠭᠦᠯᠦᠨ ᠰᠢᠢ᠍ᠳᠪᠦᠷᠢᠯᠡᠬᠦ ᠠᠷᠭ᠎ᠠ》᠄ ᠦᠦᠰᠢᠨ ᠬᠤᠰᠢᠭᠤᠨ᠎ᠤ ᠡᠭᠦᠳᠦᠭᠰᠡᠨ ᠦᠨᠳᠦᠰᠦᠨ ᠱᠠᠲᠤᠨ᠎ᠤ ᠵᠠᠰᠠᠯᠲᠠ ᠵᠢ ᠲᠡᠭᠦᠯᠳᠡᠷᠵᠢᠭᠦᠯᠬᠦ ᠲᠤᠷᠰᠢᠯᠭ᠎ᠠ ᠵᠢᠨ ᠠᠷᠭ᠎ᠠ ᠬᠢᠳᠡᠯ ᠪᠣᠯᠣᠨ᠎ᠠ᠂ 《ᠭᠤᠷᠪᠠᠨ ᠲᠦᠷᠦᠯ ᠬᠤᠪᠢᠶᠠᠬᠤ》 ᠭᠡᠳᠡᠭ᠎ᠨᠢ ᠪᠠᠭ᠎ᠠ ᠵᠥᠷᠢᠴᠡᠯ ᠵᠢᠭᠤᠷᠠᠯᠳᠤᠭ᠋ᠠᠨ᠎ᠢ ᠮᠡᠳᠡᠭᠰᠡᠨ ᠳᠠᠷᠤᠢ᠎ᠳᠤ᠎ᠨᠢ ᠡᠶᠡᠳᠡᠭᠦᠯᠬᠦ᠂ ᠪᠤᠳᠤᠯᠢᠶᠠᠨᠲᠠᠢ ᠵᠦᠢ᠍ᠯᠡᠰ᠎ᠢ ᠲᠦᠷᠦᠯ ᠬᠤᠪᠢᠶᠠᠨ ᠡᠶᠡᠳᠡᠭᠦᠯᠬᠦ᠂ ᠶᠠᠷᠰᠢᠭ ᠲᠦᠪᠡᠭᠲᠡᠢ ᠬᠡᠷᠡᠭ᠎ᠢ ᠬᠠᠮᠲᠤᠷᠠᠨ ᠬᠠᠮᠢᠶᠠᠷᠴᠤ ᠡᠶᠡᠳᠡᠭᠦᠯᠬᠦ ᠵᠢ ᠵᠢᠭ᠋ᠠᠵᠤ ᠪᠣᠢ; 《ᠡᠶᠡᠳᠡᠭᠦᠯᠦᠨ ᠰᠢᠢ᠍ᠳᠪᠦᠷᠢᠯᠡᠬᠦ》 ᠭᠡᠳᠡᠭ᠎ᠨᠢ ᠵᠠᠬᠢᠳᠠᠯ ᠰᠤᠷᠪᠤᠯᠵᠢᠯᠠᠯ ᠬᠢᠬᠦ ᠭᠡᠰᠡᠨ ᠣᠯᠠᠨ ᠲᠦᠮᠡᠨ᠎ᠢ ᠲᠤᠬᠠᠢ ᠵᠢᠨ ᠭᠠᠵᠠᠷ᠎ᠲᠤᠨᠢ ᠡᠶᠡᠳᠡᠭᠦᠯᠦᠨ᠂ ᠵᠥᠷᠢᠴᠡᠯ ᠵᠢᠭᠤᠷᠠᠯᠳᠤᠭ᠋ᠠᠨ᠎ᠢ ᠲᠤᠬᠠᠢ ᠵᠢᠨ ᠭᠠᠵᠠᠷ᠎ᠲᠤᠨᠢ ᠠᠷᠢᠯᠭ᠋ᠠᠨ ᠰᠢᠢ᠍ᠳᠪᠦᠷᠢᠯᠡᠵᠦ᠂ ᠣᠯᠠᠨ ᠲᠦᠮᠡᠨ᠎ᠢ ᠱᠠᠲᠤ ᠳᠠᠪᠠᠭᠤᠯᠤᠨ ᠰᠤᠷᠪᠤᠯᠵᠢᠯᠠᠯ ᠬᠢᠯᠭᠡᠬᠦ ᠦᠭᠡᠢ᠂ ᠠᠰᠠᠭᠤᠳᠠᠯ᠎ᠢ ᠬᠤᠰᠢᠭᠤᠨ᠎ᠤ ᠬᠡᠪᠴᠢᠶ᠎ᠡ᠎ᠠᠴᠠ ᠭᠠᠷᠭ᠋ᠠᠬᠤ ᠦᠭᠡᠢ᠂ ᠵᠥᠷᠢᠴᠡᠯ᠎ᠢ ᠳᠡᠭᠡᠭᠰᠢ ᠲᠤᠰᠢᠶᠠᠬᠤ ᠦᠭᠡᠢ ᠪᠣᠯᠭ᠋ᠠᠬᠤ ᠵᠢ ᠵᠢᠭ᠋ᠠᠵᠤ ᠪᠣᠢ᠃
《ᠵᠢᠷᠭᠤᠭ᠋ᠠᠨ ᠥᠭᠦᠯᠡᠪᠦᠷᠢ ᠵᠢᠨ ᠪᠣᠳᠠᠲᠤ ᠶᠠᠪᠤᠳᠠᠯ ᠪᠠ ᠶᠣᠰᠣ ᠤᠴᠢᠷ》᠄ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠤᠭᠰᠠᠨ ᠦᠨᠳᠦᠰᠦᠲᠡᠨ᠎ᠤ ᠭᠠᠵᠠᠷ ᠣᠷᠣᠨ ᠪᠣᠯᠣᠨ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠢᠭᠤᠳ ᠤᠳᠤᠷᠢᠳᠤᠯᠭ᠎ᠠ ᠳᠣᠣᠷ᠎ᠠ ᠪᠠᠶ᠋ᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ᠎ᠤᠨ ᠲᠥᠪ ᠬᠤᠷᠢᠶᠠᠨ᠎ᠤ ᠳᠡᠮᠵᠢᠯᠭᠡ ᠳᠣᠣᠷ᠎ᠠ ᠬᠥᠭᠵᠢᠭᠰᠡᠨ ᠶᠤᠮ᠂ ᠥᠪᠥᠷ ᠮᠣᠩᠭᠤᠯ᠎ᠤᠨ ᠠᠵᠢᠯ᠎ᠤᠨ ᠳᠤᠮᠳᠠ ᠢᠯᠡᠷᠡᠭᠰᠡᠨ ᠴᠢᠬᠤᠯᠠ ᠶᠡᠭᠡ ᠬᠡᠯᠪᠡᠷᠢᠯ ᠵᠥᠷᠢᠶ᠎ᠡ ᠵᠢ ᠴᠥᠮ ᠨᠠᠮ᠎ᠤᠨ ᠲᠥᠪ ᠬᠤᠷᠢᠶ᠎ᠠ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠣᠢ᠃
《ᠳᠤᠯᠤᠭ᠋ᠠᠨ ᠲᠠᠯ᠎ᠠ᠎ᠪᠠᠷ ᠵᠢᠱ᠌ᠢᠶᠡᠴᠢ ᠪᠣᠯᠬᠤ》᠄ ᠨᠠᠮ᠎ᠤᠨ ᠠᠴᠢ᠎ᠳᠤ ᠲᠠᠯᠠᠷᠬᠠᠨ ᠨᠠᠮ᠎ᠤᠨ ᠦᠭᠡ ᠵᠢ ᠰᠣᠨᠣᠰᠴᠤ᠂ ᠶᠡᠷᠦᠩᠬᠡᠢ ᠱᠦᠵᠢ ᠰᠢ ᠵᠢᠨ ᠫᠢᠩ᠎ᠢ ᠳᠠᠭ᠋ᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠲᠠᠯ᠎ᠠ᠎ᠪᠠᠷ ᠵᠢᠱ᠌ᠢᠶᠡᠴᠢ ᠪᠣᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠵᠢᠱ᠌ᠢᠶᠡᠴᠢ ᠪᠣᠯᠬᠤ᠂ ᠦᠨᠳᠦᠰᠦᠲᠡᠨ᠎ᠤ ᠭᠠᠵᠠᠷ ᠣᠷᠣᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠳᠤᠮᠳᠠ ᠵᠢᠱ᠌ᠢᠶᠡᠴᠢ ᠪᠣᠯᠬᠤ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ ᠵᠠᠮ ᠵᠶ᠋ᠠᠷ ᠵᠠᠮᠨᠠᠬᠤ ᠲᠠᠯ᠎ᠠ᠎ᠪᠠᠷ ᠵᠢᠱ᠌ᠢᠶᠡᠴᠢ ᠪᠣᠯᠬᠤ᠂ ᠬᠢᠯᠢ ᠬᠢᠵᠠᠭ᠋ᠠᠷ᠎ᠢ ᠬᠥᠭᠵᠢᠭᠦᠯᠵᠦ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠤᠨ ᠬᠢᠯᠢ ᠬᠢᠵᠠᠭ᠋ᠠᠷ᠎ᠢ ᠪᠠᠬᠢᠵᠢᠭᠦᠯᠬᠦ ᠲᠠᠯ᠎ᠠ᠎ᠪᠠᠷ ᠵᠢᠱ᠌ᠢᠶᠡᠴᠢ ᠪᠣᠯᠬᠤ᠂ ᠬᠢᠯᠢ ᠬᠢᠵᠠᠭ᠋ᠠᠷ᠎ᠤᠨ ᠭᠠᠵᠠᠷ ᠣᠷᠣᠨ᠎ᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠣᠰ ᠣᠷᠴᠢᠯ᠎ᠢ ᠬᠤᠯᠪᠤᠭ᠋ᠠᠯᠠᠨ ᠨᠡᠪᠲᠡᠷᠡᠯᠴᠡᠭᠦᠯᠬᠦ ᠲᠠᠯ᠎ᠠ᠎ᠪᠠᠷ ᠵᠢᠱ᠌ᠢᠶᠡᠴᠢ ᠪᠣᠯᠬᠤ᠂ ᠰᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠬᠤ ᠲᠠᠯ᠎ᠠ᠎ᠪᠠᠷ ᠵᠢᠱ᠌ᠢᠶᠡᠴᠢ ᠪᠣᠯᠬᠤ ᠵᠢ ᠵᠢᠭ᠋ᠠᠵᠤ ᠪᠤᠢ᠃