ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠦᠪᠯᠡᠯ᠎ᠤᠨ ᠠᠯᠪᠠᠨ ᠭᠡᠷ᠎ᠤᠨ 《ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2023 ᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ ᠪᠠᠢ᠌ᠳᠠᠯ᠎ᠢ ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠴᠤ ᠦᠨᠡᠯᠡᠬᠦ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-11-28

          ᠥᠪᠥᠷ ᠵᠠᠰᠠᠭ ᠠᠯᠪᠠᠨ ᠲᠠᠷᠬᠠᠭ᠋ᠠᠭᠰᠠᠨ [2023] 30 ᠳ᠋ᠤᠭ᠋ᠠᠷ ᠲᠣᠭ᠋ᠠᠲᠤ


ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠲᠤ᠄
       ᠵᠢᠯ᠎ᠤᠨ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠥᠪᠯᠡᠯ᠎ᠤᠨ ᠠᠯᠪᠠᠨ ᠭᠡᠷ᠎ᠠᠴᠠ 2023 ᠣᠨ᠎ᠤ 12 ᠳ᠋ᠤᠭ᠋ᠠᠷ ᠰᠠᠷ᠎ᠠ ᠵᠢᠨ ᠳᠤᠮᠳᠠᠴᠢ᠎ᠠᠴᠠ 2024 ᠣᠨ᠎ᠤ 1 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯᠠᠬᠢ ᠬᠤᠭᠤᠴᠠᠭ᠋ᠠᠨ᠎ᠳᠤ᠂ ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2023 ᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠢ ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠴᠤ ᠦᠨᠡᠯᠡᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ᠎ᠪᠠᠷ ᠲᠣᠭᠲᠠᠪᠠ᠂ ᠡᠳᠦᠭᠡ 《ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠎ᠤ 2023 ᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠢ ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠴᠤ ᠦᠨᠡᠯᠡᠬᠦ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠪᠠ᠂ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠭᠡᠷᠡᠢ᠃


        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ
       ᠣᠷᠳᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠥᠪᠯᠡᠯ᠎ᠤᠨ ᠠᠯᠪᠠᠨ ᠭᠡᠷ
             2023 ᠣᠨ᠎ᠤ 11 ᠰᠠᠷ᠎ᠠ ᠵᠢᠨ 20᠎ᠤ ᠡᠳᠦᠷ
 


      ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2023

      ᠣᠨ᠎ᠤ ᠰᠤᠷᠭ᠋ᠠᠨ ᠬᠥᠮᠦᠵᠢᠯ᠎ᠤᠨ ᠡᠭᠦᠷᠭᠡ  ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠢ

      ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠴᠤ ᠦᠨᠡᠯᠡᠬᠦ ᠠᠵᠢᠯ᠎ᠤᠨ ᠲᠥᠰᠦᠯ


      ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠠᠮ ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠪᠣᠯᠤᠨ ᠰᠤᠷᠭ᠋ᠠᠨ ᠬᠥᠮᠦᠵᠢᠯ᠎ᠤᠨ ᠬᠠᠤᠯᠢ ᠴᠠᠭ᠋ᠠᠵᠠ ᠬᠠᠤᠯᠢ ᠳᠦᠷᠢᠮ᠎ᠢ ᠤᠯᠠᠮ ᠨᠢᠭᠡ ᠠᠯᠬᠤᠮ ᠲᠤᠭᠤᠰᠢᠯᠠᠭᠤᠯᠤᠨ ᠬᠡᠷᠡᠭᠵᠢᠭᠦᠯᠵᠦ᠂ ᠰᠤᠷᠭ᠋ᠠᠨ ᠬᠥᠮᠦᠵᠢᠯ᠎ᠤᠨ ᠦᠢ᠍ᠯᠡᠰ᠎ᠢ ᠤᠷᠢᠳ ᠵᠶ᠋ᠠᠷ ᠬᠥᠭᠵᠢᠭᠦᠯᠦᠨ᠂ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠯᠠᠪᠳᠠᠭᠤᠨ ᠪᠠᠲᠤᠲᠠᠢ ᠳᠡᠭᠡᠭᠰᠢᠯᠡᠭᠦᠯᠵᠦ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠵᠢ ᠪᠦᠲᠦᠮᠵᠢᠲᠡᠢ ᠠᠬᠢᠭᠤᠯᠤᠨ᠂ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠭᠦᠢ᠍ᠴᠡᠳᠬᠡᠬᠦ ᠵᠢ ᠠᠬᠢᠭᠤᠯᠬᠤ ᠵᠢᠨ ᠲᠥᠯᠦᠭᠡ᠂ ᠡᠳᠦᠭᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2023 ᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠢ ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠴᠤ ᠦᠨᠡᠯᠡᠬᠦ ᠲᠤᠬᠠᠢ ᠠᠵᠢᠯ᠎ᠤᠨ ᠲᠥᠰᠦᠯ᠎ᠢ ᠲᠣᠭᠲᠠᠭ᠋ᠠᠪᠠ᠃
      ᠨᠢᠭᠡ᠂ ᠵᠢᠯᠣᠭᠣᠳᠬᠤ ᠦᠵᠡᠯ ᠰᠠᠨᠠᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠪᠣᠯᠤᠨ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ  ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠪᠠ ᠦᠷ᠎ᠡ ᠳ᠋ᠦᠩ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ ᠎ᠢ ᠬᠢᠨᠠᠨ ᠵᠢᠯᠣᠭᠣᠳᠬᠤ 《ᠬᠤᠷᠴᠠ ᠰᠡᠯᠡᠮ᠎ᠡ》 ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠎ᠢ ᠠᠬᠢᠭᠤᠯᠤᠨ᠂ ᠰᠤᠷᠭ᠋ᠠᠨ ᠬᠥᠮᠦᠵᠢᠯ᠎ᠤᠨ ᠳᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ  ᠵᠢ ᠠᠬᠢᠭᠤᠯᠵᠤ᠂ ᠳᠦᠷᠢᠮ᠎ᠢ ᠨᠡᠩ ᠪᠦᠷᠢᠨ ᠲᠡᠭᠦᠯᠳᠡᠷ᠂ ᠪᠦᠲᠦᠴᠡ ᠵᠢ ᠨᠡᠩ ᠰᠢᠯᠢᠳᠡᠭ᠂ ᠪᠠᠲᠤᠯᠠᠭ᠎ᠠ ᠵᠢ ᠨᠡᠩ ᠪᠦᠬᠦ ᠲᠠᠯ᠎ᠠ ᠵᠢᠨ᠂ ᠦᠢ᠍ᠯᠡᠴᠢᠯᠡᠭᠡ ᠵᠢ ᠨᠡᠩ ᠥᠨᠳᠥᠷ ᠪᠦᠲᠦᠮᠵᠢᠲᠡᠢ ᠪᠣᠯᠭ᠋ᠠᠭᠰᠠᠨ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠬᠤ ᠪᠠ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ᠎ᠳᠤ ᠪᠠᠲᠤᠯᠠᠭ᠎ᠠ ᠬᠠᠩᠭ᠋ᠠᠨ᠎ᠠ᠃
      ᠬᠣᠶᠠᠷ᠂ ᠠᠵᠢᠯ᠎ᠤᠨ ᠵᠠᠷᠴᠢᠮ
      (ᠨᠢᠭᠡ) ᠭᠣᠣᠯᠳᠠᠯᠭ᠎ᠠ ᠵᠢ ᠲᠣᠪᠤᠢ᠌ᠯᠭ᠋ᠠᠨ᠎ᠠ᠃ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠪᠠ ᠴᠢᠨᠠᠷᠯᠢᠭ ᠰᠤᠷᠭ᠋ᠠᠨ ᠬᠥᠮᠦᠵᠢᠯ᠎ᠤᠨ  ᠳᠣᠭᠲᠠᠯᠴᠠᠭ᠎ᠠ ᠵᠢ ᠪᠠᠶ᠋ᠢᠭᠤᠯᠬᠤ᠎ᠪᠠᠷ ᠭᠣᠣᠯᠯᠠᠭᠤᠯᠬᠤ ᠵᠢ ᠪᠠᠷᠢᠮᠲᠠᠯᠠᠵᠤ᠂ ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠴᠤ ᠦᠨᠡᠯᠡᠬᠦ ᠠᠵᠢᠯ᠎ᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠰᠤᠷᠭ᠋ᠠᠨ ᠬᠥᠮᠦᠵᠢᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠰᠤᠷᠭ᠋ᠠᠨ ᠬᠥᠮᠦᠵᠢᠯ᠎ᠤᠨ ᠵᠠᠰᠠᠯᠲᠠ ᠵᠢᠨ ᠴᠢᠳᠠᠪᠤᠷᠢ ᠪᠠ ᠵᠠᠰᠠᠯᠲᠠ ᠵᠢᠨ  ᠳᠣᠭᠲᠠᠯᠴᠠᠭ᠋ᠠᠨ᠎ᠤ ᠣᠳᠣᠬᠢᠴᠢᠯᠠᠯᠲᠠ ᠵᠢᠨ ᠲᠦᠪᠰᠢᠨ᠎ᠢ ᠦᠨᠡᠨ ᠬᠦ᠌  ᠳᠡᠭᠡᠭᠰᠢᠯᠡᠭᠦᠯᠦᠨ᠎ᠡ᠃
      (ᠬᠣᠶᠠᠷ) ᠬᠠᠤᠯᠢ ᠲᠣᠭᠲᠠᠭ᠋ᠠᠯ᠎ᠢ ᠵᠢᠷᠤᠮᠯᠠᠨ᠎ᠠ᠃ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠤᠷᠭ᠋ᠠᠨ ᠬᠥᠮᠦᠵᠢᠯ᠎ᠤᠨ ᠬᠠᠤᠯᠢ》᠂ 《ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠳᠦᠷᠢᠮ》 ᠵᠡᠷᠭᠡ ᠰᠤᠷᠭ᠋ᠠᠨ ᠬᠥᠮᠦᠵᠢᠯ᠎ᠤᠨ ᠬᠠᠤᠯᠢ ᠴᠠᠭ᠋ᠠᠵᠠ ᠬᠠᠤᠯᠢ ᠳᠦᠷᠢᠮ᠎ᠢ ᠦᠨᠳᠦᠰᠦᠯᠡᠨ᠂ 《ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠢ᠌ᠳᠠᠯ᠎ᠢ ᠦᠨᠡᠯᠡᠬᠦ ᠠᠷᠭ᠎ᠠ ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2017] 49 ᠳ᠋ᠦ᠍ᠭᠡᠷ ᠲᠣᠭ᠋ᠠᠲᠤ)᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 《ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ》 (ᠲᠢᠩᠬᠢᠮ ᠲᠠᠷᠬᠠᠭ᠋ᠠᠭᠰᠠᠨ  [2020] 7 ᠳ᠋ᠤᠭ᠋ᠠᠷ           ᠲᠣᠭ᠋ᠠᠲᠤ)᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠤᠷᠭ᠋ᠠᠨ ᠬᠥᠮᠦᠵᠢᠯ᠎ᠤᠨ ᠠᠵᠢᠯ᠎ᠢ ᠤᠳᠤᠷᠢᠳᠬᠤ ᠳᠤᠭᠤᠶ᠋ᠢᠯᠠᠩ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ 〈ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ  ᠵᠢ ᠭᠦᠨᠵᠡᠭᠡᠶ᠋ᠢᠷᠡᠭᠦᠯᠬᠦ ᠶᠡᠷᠦᠩᠬᠡᠢ           ᠲᠥᠰᠦᠯ〉᠎ᠤᠨ ᠡᠭᠦᠷᠭᠡ ᠵᠢᠨ ᠬᠤᠪᠢᠶᠠᠷᠢᠯᠠᠯ ᠪᠠ ᠠᠵᠢᠯ᠎ᠤᠨ ᠲᠣᠬᠢᠷᠠᠭᠤᠯᠤᠯᠲᠠ ᠵᠢᠨ ᠨᠠᠷᠢᠨ ᠳᠠᠩᠰᠠ᠂ ᠪᠣᠳᠠᠲᠠᠢ ᠠᠷᠭ᠎ᠠ ᠬᠡᠮᠵᠢᠶ᠎ᠡ ᠵᠢᠨ ᠨᠠᠷᠢᠨ ᠳᠠᠩᠰᠠ᠂ ᠨᠠᠵᠠᠭ᠋ᠠᠢ ᠲᠠᠯ᠎ᠠ ᠵᠢᠨ ᠨᠠᠷᠢᠨ ᠳᠠᠩᠰᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠢ ᠮᠡᠳᠡᠭᠳᠡᠯ》 (ᠥᠪᠥᠷ ᠨᠠᠮ᠎ᠤᠨ ᠬᠣᠷᠢᠶ᠎ᠠ ᠰᠤᠷᠭ᠋ᠠᠨ ᠳᠤᠭᠤᠶ᠋ᠢᠯᠠᠩ ᠲᠠᠷᠬᠠᠭ᠋ᠠᠭᠰᠠᠨ [2021] 3 ᠳ᠋ᠤᠭ᠋ᠠᠷ ᠲᠣᠭ᠋ᠠᠲᠤ)᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ ᠥᠪᠡᠷᠲᠡᠭᠡᠨ ᠵᠠᠰᠠᠬᠤ ᠣᠷᠣᠨ᠎ᠤ 〈ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠢ᠌ᠳᠠᠯ᠎ᠢ ᠦᠨᠡᠯᠡᠬᠦ ᠠᠷᠭ᠎ᠠ) ᠵᠢᠨ ᠬᠡᠷᠡᠭᠵᠢᠭᠦᠯᠬᠦ ᠳᠥᠰᠦᠯ᠎ᠤᠨ           ᠮᠡᠳᠡᠭᠳᠡᠯ》 ᠵᠢᠴᠢ 《ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠢ᠌ᠳᠠᠯ᠎ᠢ ᠦᠨᠡᠯᠡᠬᠦ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ  [2018] 2 ᠳ᠋ᠤᠭ᠋ᠠᠷ ᠲᠣᠭ᠋ᠠᠲᠤ)᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠥᠪᠯᠡᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠴᠤ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ》 (ᠥᠪᠥᠷ ᠵᠠᠰᠠᠭ ᠰᠤᠷᠭ᠋ᠠᠨ ᠬᠢᠨᠠᠨ ᠵᠢᠯᠣᠭᠣᠳᠬᠤ [2022] 1 ᠳ᠋ᠦ᠍ᠭᠡᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢᠴᠢ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠥᠪᠯᠡᠯ᠎ᠠᠴᠠ ᠨᠢᠭᠡᠳᠦᠯᠲᠡᠢ ᠲᠥᠯᠥᠪᠯᠡᠨ ᠤᠳᠤᠷᠢᠳᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠎ᠤᠨ ᠣᠷᠳᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠥᠪᠯᠡᠯ᠎ᠤᠨ ᠠᠯᠪᠠᠨ ᠭᠡᠷ (ᠳᠣᠷᠣᠭᠰᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠠᠯᠪᠠᠨ ᠭᠡᠷ ᠭᠡᠵᠦ ᠳᠦᠭᠦᠮᠴᠢᠯᠡᠨ᠎ᠡ)᠎ᠠᠴᠠ ᠪᠣᠳᠠᠲᠠᠢ ᠲᠦᠷᠦᠭᠦᠯᠡᠨ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠃
      (ᠭᠤᠷᠪᠠ) ᠪᠣᠳᠠᠲᠤ ᠦᠷ᠎ᠡ ᠠᠰᠢᠭ᠎ᠢ ᠴᠢᠬᠤᠯᠠᠴᠢᠯᠠᠨ᠎ᠠ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠴᠢᠬᠤᠯᠠᠴᠢᠯᠠᠵᠤ᠂ ᠠᠰᠠᠭᠤᠳᠠᠯ᠎ᠢ ᠢᠯᠡᠷᠡᠭᠦᠯᠬᠦ᠂ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠣᠣᠯᠳᠠᠯᠭ᠎ᠠ ᠪᠣᠯᠭ᠋ᠠᠵᠤ᠂ ᠪᠤᠰᠤᠳᠴᠢ ᠲᠥᠪ ᠭᠣᠣᠯᠴᠢ᠂ ᠦᠨᠡᠨ᠎ᠠᠴᠠ ᠵᠥᠪ᠎ᠢ ᠡᠷᠢᠬᠦ᠎ᠪᠠᠷ ᠴᠢᠷᠮᠠᠢ᠌ᠨ᠂ ᠡᠯ᠎ᠡ ᠭᠠᠵᠠᠷ᠎ᠤᠨ᠎ᠬᠢᠨ ᠬᠠᠨᠳᠤᠯᠭ᠋ᠠᠲᠠᠢ ᠴᠡᠭᠴᠡᠯᠡᠨ ᠰᠠᠶ᠋ᠢᠵᠢᠷᠠᠭᠤᠯᠬᠤ ᠪᠠ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠨᠡᠩ ᠰᠠᠶ᠋ᠢᠲᠤᠷ ᠭᠦᠢ᠍ᠴᠡᠳᠬᠡᠬᠦ ᠵᠢ ᠠᠬᠢᠭᠤᠯᠤᠨ᠎ᠠ᠃
      ᠭᠤᠷᠪᠠ᠂ ᠠᠵᠢᠯ᠎ᠤᠨ ᠠᠭᠤᠯᠭ᠎ᠠ
      2023 ᠣᠨ᠎ᠤ 3 ᠳ᠋ᠤᠭ᠋ᠠᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠤᠷᠭ᠋ᠠᠨ ᠬᠥᠮᠥᠵᠢᠯ᠎ᠢ ᠬᠢᠨᠠᠨ ᠵᠢᠯᠣᠭᠣᠳᠬᠤ ᠵᠦᠪᠯᠡᠯ᠎ᠤᠨ ᠠᠯᠪᠠᠨ ᠭᠡᠷ᠎ᠠᠴᠠ ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠲᠤ ᠳᠠᠷᠤᠮᠠᠯᠯᠠᠨ ᠲᠠᠷᠬᠠᠭ᠋ᠠᠭᠰᠠᠨ 《ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2023 ᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠢ᠌ᠳᠠᠯ᠎ᠢ ᠦᠨᠡᠯᠡᠬᠦ ᠭᠣᠣᠯᠳᠠᠯᠭ᠎ᠠ᠎ᠲᠠᠢ ᠠᠭᠤᠯᠭ᠎ᠠ》 (ᠥᠪᠥᠷ ᠵᠠᠰᠠᠭ ᠬᠢᠨᠠᠨ ᠵᠢᠯᠣᠭᠣᠳᠬᠤ [2023] 1 ᠳ᠋ᠦ᠍ᠭᠡᠷ ᠲᠣᠭ᠋ᠠᠲᠤ)᠎ᠪᠠᠷ ᠰᠠᠭᠤᠷᠢ ᠪᠣᠯᠭ᠋ᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠤᠷᠭ᠋ᠠᠨ ᠬᠥᠮᠦᠵᠢᠯ᠎ᠤᠨ ᠰᠢᠢ᠍ᠳᠪᠦᠷᠢᠲᠦ ᠪᠣᠳᠣᠯᠭ᠎ᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠪᠠ ᠵᠢᠯ᠎ᠤᠨ ᠰᠤᠷᠭ᠋ᠠᠨ ᠬᠥᠮᠦᠵᠢᠯ᠎ᠤᠨ ᠭᠣᠣᠯᠳᠠᠯᠭ᠎ᠠ᠎ᠲᠠᠢ ᠠᠵᠢᠯ᠎ᠢ ᠨᠠᠶ᠋ᠢᠳᠠᠪᠤᠷᠢᠵᠢᠭᠤᠯᠬᠤ ᠵᠢ ᠠᠬᠢᠭᠤᠯᠬᠤ᠎ᠳᠤ ᠠᠩᠬᠠᠷᠤᠯ ᠵᠶ᠋ᠠᠨ ᠬᠠᠨᠳᠤᠭᠤᠯᠤᠨ ᠲᠤᠬᠠᠢ  ᠵᠢᠨ  ᠭᠠᠵᠠᠷ᠎ᠲᠤ᠎ᠨᠢ ᠬᠢᠨᠠᠨ ᠵᠢᠯᠣᠭᠣᠳᠴᠤ ᠦᠨᠡᠯᠡᠬᠦ ᠠᠵᠢᠯ᠎ᠢ ᠥᠷᠨᠢᠭᠦᠯᠦᠨ᠎ᠡ᠃
      ᠳᠥᠷᠪᠡ᠂ ᠠᠵᠢᠯ᠎ᠤᠨ ᠳᠡᠰ ᠳᠠᠷᠠᠭ᠋ᠠᠯᠠᠯ
      (ᠨᠢᠭᠡ) ᠥᠪᠡᠷ᠎ᠢ᠎ᠪᠠᠨ ᠪᠠᠶ᠋ᠢᠴᠠᠭ᠋ᠠᠵᠤ ᠥᠪᠡᠷ᠎ᠢ᠎ᠪᠠᠨ ᠦᠨᠡᠯᠡᠬᠦ ᠃ ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ 2023 ᠣᠨ᠎ᠤ ᠦᠨᠡᠯᠡᠯᠲᠡ ᠵᠢᠨ ᠭᠣᠣᠯᠳᠠᠯᠭ᠎ᠠ᠎ᠲᠠᠢ ᠠᠭᠤᠯᠭ᠎ᠠ᠎ᠲᠠᠢ ᠬᠠᠷᠢᠴᠠᠭᠤᠯᠤᠨ᠂ ᠥᠪᠡᠷ᠎ᠢ ᠵᠶ᠋ᠠᠨ  ᠪᠠᠢ᠌ᠴᠠᠭ᠋ᠠᠨ ᠥᠪᠡᠷ᠎ᠢ ᠵᠶ᠋ᠠᠨ ᠦᠨᠡᠯᠡᠵᠦ᠂ 2023 ᠣᠨ᠎ᠤ 12 ᠰᠠᠷ᠎ᠠ ᠵᠢᠨ 10᠎ᠤ ᠡᠳᠦᠷ᠎ᠠᠴᠠ ᠡᠮᠦᠨ᠎ᠡ ᠥᠪᠡᠷ᠎ᠢ᠎ᠪᠠᠨ ᠦᠨᠡᠯᠡᠭᠰᠡᠨ ᠮᠡᠳᠡᠭᠦᠯᠦᠯᠲᠡ ᠵᠢ  ᠳᠤᠰᠢᠶᠠᠵᠤ᠂ ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠠᠴᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠤᠷᠭ᠋ᠠᠨ ᠬᠥᠮᠥᠵᠢᠯ᠎ᠢ ᠬᠢᠨᠠᠨ ᠵᠢᠯᠣᠭᠣᠳᠬᠤ ᠠᠯᠪᠠᠨ ᠭᠡᠷ᠎ᠲᠤ ᠮᠡᠳᠡᠭᠦᠯᠦᠨ᠎ᠡ᠃ ᠥᠪᠡᠷ᠎ᠢ ᠵᠶ᠋ᠡᠨ ᠦᠨᠡᠯᠡᠬᠦ ᠮᠡᠳᠡᠭᠦᠯᠦᠯᠲᠡ᠎ᠳᠤ ᠥᠪᠡᠷ᠎ᠤᠨ ᠪᠠᠢ᠌ᠴᠠᠭ᠋ᠠᠯᠲᠠ ᠵᠢ ᠥᠷᠨᠢᠭᠦᠯᠦᠭᠰᠡᠨ ᠪᠠᠶ᠋ᠢᠳᠠᠯ᠂  ᠵᠢᠯ᠎ᠤᠨ ᠠᠵᠢᠯ᠎ᠤᠨ ᠦᠷ᠎ᠡ ᠪᠦᠲᠦᠮᠵᠢ᠂ ᠲᠤᠷᠰᠢᠯᠭ᠎ᠠ ᠠᠷᠭ᠎ᠠ ᠪᠠᠷᠢᠯ᠂ ᠣᠷᠣᠰᠢᠵᠤ ᠪᠠᠶ᠋ᠢᠭ᠎ᠠ ᠠᠰᠠᠭᠤᠳᠠᠯ᠂ ᠬᠠᠯᠠᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠪᠠᠭᠲᠠᠭ᠋ᠠᠨ᠎ᠠ᠃ ᠥᠪᠡᠷ᠎ᠢ ᠵᠶ᠋ᠠᠨ ᠦᠨᠡᠯᠡᠬᠦ ᠮᠡᠳᠡᠭᠦᠯᠦᠯᠲᠡ᠎ᠨᠢ ᠪᠤᠰᠤᠳᠴᠢ ᠪᠥᠭᠡᠳ ᠣᠨᠣᠪᠴᠢᠲᠠᠢ᠂ ᠲᠣᠭ᠎ᠠ ᠪᠠᠷᠢᠮᠲᠠ ᠲᠣᠳᠤᠷᠬᠠᠢ᠂ ᠠᠭᠤᠯᠭ᠎ᠠ ᠪᠦᠬᠦ ᠲᠠᠯ᠎ᠠ ᠵᠢᠨ᠂ ᠪᠣᠳᠠᠲᠤ ᠵᠢᠱ᠌ᠢᠶ᠎ᠡ ᠲᠣᠳᠤᠷᠬᠠᠢ᠂ ᠣᠷᠣᠰᠢᠵᠤ ᠪᠠᠶ᠋ᠢᠭ᠎ᠠ ᠠᠰᠠᠭᠤᠳᠠᠯ ᠪᠠ ᠬᠠᠯᠠᠨ ᠰᠠᠶ᠋ᠢᠵᠢᠷᠠᠭᠤᠯᠬᠤ ᠠᠷᠭ᠎ᠠ ᠵᠢᠨ ᠠᠭᠤᠯᠭ᠎ᠠ᠎ᠨᠢ ᠥᠪᠡᠷ᠎ᠢ᠎ᠪᠠᠨ ᠦᠨᠡᠯᠡᠭᠰᠡᠨ ᠮᠡᠳᠡᠭᠦᠯᠦᠯᠲᠡ ᠵᠢᠨ ᠠᠭᠤᠯᠭ᠎ᠠ ᠵᠢᠨ 50%᠎ᠠᠴᠠ ᠳᠡᠭᠡᠭᠰᠢᠬᠢ ᠵᠢ ᠡᠵᠡᠯᠡᠨ᠎ᠡ᠃
      (ᠬᠣᠶᠠᠷ) ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠬᠤ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠤᠷᠭ᠋ᠠᠨ ᠬᠥᠮᠥᠵᠢᠯ᠎ᠢ ᠬᠢᠨᠠᠨ ᠵᠢᠯᠣᠭᠣᠳᠬᠤ ᠵᠦᠪᠯᠡᠯ ᠎ᠤᠨ ᠠᠯᠪᠠᠨ ᠭᠡᠷ ᠬᠣᠯᠪᠣᠭᠳᠠᠯ ᠪᠦᠬᠦᠢ ᠪᠤᠰᠤᠳᠴᠢ ᠪᠠᠶ᠋ᠢᠳᠠᠯ᠎ᠢ ᠦᠵᠡᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠤᠷᠭ᠋ᠠᠨ ᠬᠥᠮᠥᠵᠢᠯ᠎ᠢ ᠬᠢᠨᠠᠨ ᠵᠢᠯᠣᠭᠣᠳᠬᠤ ᠵᠦᠪᠯᠡᠯ ᠎ᠤᠨ ᠪᠦᠷᠢᠯᠳᠦᠬᠦᠨ ᠨᠢᠭᠡᠴᠢ ᠪᠣᠯᠤᠨ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠢ ᠴᠠᠭ᠎ᠲᠤ᠎ᠨᠢ ᠲᠣᠬᠢᠷᠠᠭᠤᠯᠤᠨ ᠵᠣᠬᠢᠶᠠᠨ ᠪᠠᠶ᠋ᠢᠭᠤᠯᠵᠤ᠂ ᠡᠯ᠎ᠡ ᠠᠶ᠋ᠢᠮᠠᠭ ᠬᠣᠲᠠ᠎ᠳᠤ ᠣᠴᠢᠭᠤᠯᠤᠨ ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠬᠤ ᠪᠤᠶᠤ ᠰᠤᠭᠤᠴᠢᠨ ᠪᠠᠶ᠋ᠢᠴᠠᠭ᠋ᠠᠨ᠎ᠠ᠃ ᠪᠣᠳᠠᠲᠠᠢ ᠠᠷᠭ᠎ᠠ ᠮᠠᠶᠢᠭ᠎ᠲᠤ ᠬᠠᠷᠢᠭᠤ ᠮᠡᠳᠡᠭᠦᠯᠦᠯᠲᠡ ᠰᠣᠨᠣᠰᠬᠤ᠂ ᠪᠢᠴᠢᠭ ᠮᠠᠲ᠋ᠧᠷᠢᠶᠠᠯ᠎ᠢ ᠪᠠᠶ᠋ᠢᠴᠠᠭ᠋ᠠᠨ ᠦᠵᠡᠬᠦ᠂ ᠠᠬᠤᠢ ᠲᠠᠯᠠᠪᠠᠢ᠎ᠳᠤ ᠰᠤᠭᠤᠴᠢᠨ ᠪᠠᠶ᠋ᠢᠴᠠᠭ᠋ᠠᠬᠤ᠂ ᠲᠠᠰᠢᠷᠠᠮ ᠵᠶ᠋ᠠᠷ ᠰᠤᠷᠪᠤᠯᠵᠢᠯᠠᠬᠤ᠂ ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠤᠭᠰᠠᠨ ᠰᠠᠨᠠᠯ᠎ᠢ ᠬᠠᠷᠢᠭᠤ  ᠪᠤᠴᠠᠭ᠋ᠠᠬᠤ ᠵᠡᠷᠭᠡ ᠵᠢ ᠪᠠᠭᠲᠠᠭ᠋ᠠᠨ᠎ᠠ᠃
      (ᠭᠤᠷᠪᠠ) ᠰᠠᠨᠠᠯ᠎ᠢ ᠬᠠᠷᠢᠭᠤ ᠪᠤᠴᠠᠭ᠋ᠠᠬᠤ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠤᠷᠭ᠋ᠠᠨ ᠬᠥᠮᠥᠵᠢᠯ᠎ᠢ ᠬᠢᠨᠠᠨ ᠵᠢᠯᠣᠭᠣᠳᠬᠤ ᠵᠦᠪᠯᠡᠯ᠎ᠤᠨ ᠠᠯᠪᠠᠨ ᠭᠡᠷ ᠡᠯ᠎ᠡ ᠠᠶ᠋ᠢᠮᠠᠭ ᠬᠣᠲᠠ ᠵᠢᠨ ᠥᠪᠡᠷ᠎ᠢ ᠵᠶ᠋ᠠᠨ ᠦᠨᠡᠯᠡᠭᠰᠡᠨ᠂ 2023 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠤᠷᠭ᠋ᠠᠨ ᠬᠥᠮᠦᠵᠢᠯ᠎ᠤᠨ ᠭᠣᠣᠯᠳᠠᠯᠭ᠎ᠠ᠎ᠲᠠᠢ ᠠᠵᠢᠯ᠎ᠢ ᠡᠳᠦᠷ ᠲᠤᠲᠤᠮ ᠬᠢᠨᠠᠨ ᠰᠢᠯᠭ᠋ᠠᠯᠲᠠ ᠵᠢ ᠬᠠᠷᠢᠭᠤ ᠪᠤᠴᠠᠭ᠋ᠠᠭᠰᠠᠨ ᠪᠠ ᠡᠨᠡ ᠤᠳᠠᠭ᠋ᠠᠨ᠎ᠤ ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠴᠤ ᠦᠨᠡᠯᠡᠭᠰᠡᠨ ᠪᠠᠶ᠋ᠢᠳᠠᠯ᠎ᠢ ᠦᠨᠳᠦᠰᠦᠯᠡᠨ᠂ ᠬᠢᠨᠠᠨ ᠵᠢᠯᠣᠭᠣᠳᠤᠭᠤᠯᠵᠤ ᠦᠨᠡᠯᠡᠭᠦᠯᠦᠭᠰᠡᠨ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠢ ᠳ᠋ᠦᠩᠨᠡᠵᠦ᠂ ᠵᠢᠯ᠎ᠤᠨ ᠠᠵᠢᠯ᠎ᠤᠨ ᠦᠷ᠎ᠡ ᠪᠦᠲᠦᠮᠵᠢ᠂ ᠣᠷᠣᠰᠢᠵᠤ ᠪᠠᠶ᠋ᠢᠭ᠎ᠠ ᠠᠰᠠᠭᠤᠳᠠᠯ ᠪᠠ ᠠᠵᠢᠯ᠎ᠤᠨ ᠰᠠᠨᠠᠭᠤᠯᠭ᠎ᠠ ᠵᠢ ᠵᠢᠭᠰᠠᠭ᠋ᠠᠨ ᠭᠠᠷᠭ᠋ᠠᠵᠤ᠂ ᠡᠯ᠎ᠡ ᠠᠶ᠋ᠢᠮᠠᠭ ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠲᠤᠰ ᠲᠤᠰ ᠦᠨᠡᠯᠡᠭᠰᠡᠨ ᠰᠠᠨᠠᠯ᠎ᠢ ᠬᠠᠷᠢᠭᠤ ᠲᠤᠰᠬᠠᠨ᠎ᠠ᠃ ᠬᠣᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠦᠨᠡᠯᠡᠭᠰᠡᠨ ᠰᠠᠨᠠᠯ᠎ᠳᠤ ᠰᠠᠨᠠᠯ᠎ᠲᠠᠢ ᠪᠣᠯ᠂ ᠦᠨᠡᠯᠡᠭᠰᠡᠨ ᠰᠠᠨᠠᠯ᠎ᠢ ᠣᠯᠤᠭᠰᠠᠨ ᠡᠳᠦᠷ᠎ᠠᠴᠠ ᠡᠬᠢᠯᠡᠨ 5 ᠠᠵᠢᠯ᠎ᠤᠨ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠤᠷᠭ᠋ᠠᠨ ᠬᠥᠮᠥᠵᠢᠯ᠎ᠢ ᠬᠢᠨᠠᠨ ᠵᠢᠯᠣᠭᠣᠳᠬᠤ ᠵᠦᠪᠯᠡᠯ᠎ᠤᠨ ᠠᠯᠪᠠᠨ ᠭᠡᠷ᠎ᠲᠤ ᠲᠣᠳᠣᠷᠬᠠᠶ᠋ᠢᠯᠠᠬᠤ ᠰᠠᠨᠠᠯ ᠵᠶ᠋ᠠᠨ ᠳᠤᠷᠠᠳᠤᠨ᠎ᠠ᠃
      (ᠲᠦᠷᠪᠡ) ᠴᠡᠭᠴᠡᠯᠡᠨ ᠰᠠᠶ᠋ᠢᠵᠢᠷᠠᠭᠤᠯᠵᠤ ᠳᠠᠬᠢᠨ ᠪᠠᠶ᠋ᠢᠴᠠᠭ᠋ᠠᠬᠤ᠃ ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠦᠨᠡᠯᠡᠭᠰᠡᠨ ᠰᠠᠨᠠᠯ ᠪᠠ ᠰᠠᠨᠠᠭᠤᠯᠭ᠎ᠠ ᠶᠣᠰᠣᠭ᠋ᠠᠷ ᠴᠡᠭᠴᠡᠯᠡᠨ ᠰᠠᠶ᠋ᠢᠵᠢᠷᠠᠭᠤᠯᠬᠤ ᠲᠥᠰᠦᠯ᠎ᠢ ᠲᠣᠭᠲᠠᠭ᠋ᠠᠵᠤ᠂ ᠪᠣᠳᠠᠲᠠᠢ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ᠎ᠤᠨ ᠬᠢᠵᠠᠭ᠋ᠠᠷ᠎ᠢ ᠳᠤᠷᠠᠳᠤᠨ ᠭᠠᠷᠭ᠋ᠠᠵᠤ᠂ ᠬᠠᠷᠢᠭᠤᠴᠠᠯᠭ᠋ᠠᠲᠤ ᠰᠠᠯᠠᠭ᠎ᠠ ᠮᠥᠴᠢᠷ᠎ᠢ ᠲᠣᠳᠣᠷᠬᠠᠶ᠋ᠢᠯᠠᠨ᠂ ᠴᠡᠭᠴᠡᠯᠡᠨ ᠰᠠᠶ᠋ᠢᠵᠢᠷᠠᠭᠤᠯᠬᠤ ᠬᠠᠷᠢᠭᠤᠴᠠᠯᠭ᠎ᠠ ᠵᠢ  ᠨᠠᠢ᠌ᠳᠠᠪᠤᠷᠢᠵᠢᠭᠤᠯᠤᠨ᠎ᠠ᠃ 2024 ᠣᠨ᠎ᠤ 7 ᠰᠠᠷ᠎ᠠ ᠵᠢᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠴᠡᠭᠴᠡᠯᠡᠨ ᠰᠠᠶ᠋ᠢᠵᠢᠷᠠᠭᠤᠯᠬᠤ ᠮᠡᠳᠡᠭᠦᠯᠦᠯᠲᠡ ᠵᠢ ᠳᠡᠪᠰᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠡᠯ᠎ᠡ ᠭᠠᠵᠠᠷ᠎ᠤᠨ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠦᠵᠡᠵᠦ 《ᠪᠤᠴᠠᠨ ᠬᠠᠷᠠᠬᠤ》 ᠠᠵᠢᠯ᠎ᠢ ᠵᠣᠬᠢᠶᠠᠨ ᠪᠠᠶ᠋ᠢᠭᠤᠯᠤᠨ᠎ᠠ᠃
      ᠲᠠᠪᠤ᠂ ᠦᠷ᠎ᠡ ᠳ᠋ᠦᠩ᠎ᠤᠨ ᠬᠡᠷᠡᠭᠯᠡᠯᠲᠡ
      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠴᠤ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠵᠢᠨ ᠬᠡᠷᠡᠭᠵᠢᠭᠦᠯᠬᠦ ᠨᠠᠷᠢᠨ ᠳᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠲᠤᠬᠠᠢ ᠵᠢᠨ ᠭᠠᠵᠠᠷ᠎ᠲᠤ ᠬᠢᠨᠠᠨ ᠵᠢᠯᠣᠭᠣᠳᠴᠤ ᠦᠨᠡᠯᠡᠬᠦ ᠪᠠ ᠵᠢᠯ᠎ᠤᠨ ᠦᠨᠡᠯᠡᠯᠲᠡ ᠵᠢᠨ ᠰᠠᠨᠠᠯ᠎ᠢ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ᠎ᠢ ᠰᠢᠯᠭ᠋ᠠᠨ ᠬᠢᠨᠠᠬᠤ᠂ ᠱᠠᠩᠨᠠᠵᠤ ᠲᠣᠷᠭ᠋ᠠᠬᠤ ᠴᠢᠬᠤᠯᠠ ᠦᠨᠳᠦᠰᠦᠯᠡᠯ ᠪᠣᠯᠭ᠋ᠠᠨ᠎ᠠ; ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠵᠶ᠋ᠠᠷ ᠬᠦᠷᠦᠯᠴᠡᠬᠦ ᠦᠭᠡᠢ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠵᠶ᠋ᠠᠷ ᠬᠦᠷᠦᠯᠴᠡᠬᠦ ᠦᠭᠡᠢ᠂ ᠰᠤᠷᠭ᠋ᠠᠨ ᠬᠥᠮᠦᠵᠢᠯ᠎ᠤᠨ ᠠᠮᠤᠷ ᠲᠦᠪᠰᠢᠨ᠎ᠤ ᠬᠦᠨᠳᠦ ᠶᠡᠬᠡ ᠠᠳᠠᠯ ᠭᠠᠷᠭ᠋ᠠᠭᠰᠠᠨ᠂ ᠦᠵᠡᠯ ᠤᠬᠠᠮᠰᠠᠷ᠎ᠤᠨ ᠬᠡᠯᠪᠡᠷᠢ ᠵᠢᠨ ᠴᠢᠬᠤᠯᠠ ᠶᠡᠬᠡ ᠬᠡᠷᠡᠭ  ᠭᠠᠷᠭ᠋ᠠᠭᠰᠠᠨ ᠪᠤᠶᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠵᠡᠷᠭᠡ ᠦᠢ᠍ᠯᠡ ᠠᠵᠢᠯᠯᠠᠭ᠎ᠠ᠎ᠲᠠᠢ ᠭᠠᠵᠠᠷ ᠣᠷᠣᠨ᠎ᠳᠤ᠂ ᠬᠠᠷᠢᠶᠠᠯᠠᠭᠳᠠᠬᠤ ᠬᠠᠷᠢᠴᠠᠭ᠎ᠠ ᠪᠠ ᠺᠠᠳ᠋ᠷ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠪᠣᠯᠵᠣᠨ ᠶᠠᠷᠢᠯᠴᠠᠵᠤ ᠬᠠᠷᠢᠭᠤᠴᠠᠯᠭ᠎ᠠ ᠨᠡᠬᠡᠮᠵᠢᠯᠡᠬᠦ᠂ ᠵᠠᠷᠯᠠᠨ ᠰᠢᠭᠦᠮᠵᠢᠯᠡᠬᠦ ᠪᠤᠶᠤ ᠵᠠᠯᠬᠠᠭ᠋ᠠᠨ ᠴᠡᠭᠡᠷᠯᠡᠭᠦᠯᠬᠦ ᠰᠢᠢ᠍ᠳᠭᠡᠯ ᠥᠭᠭᠦᠨ᠎ᠡ᠃  ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠴᠤ ᠦᠨᠡᠯᠡᠬᠦ ᠪᠠ ᠵᠢᠯ᠎ᠤᠨ ᠦᠨᠡᠯᠡᠯᠲᠡ ᠵᠢᠨ ᠰᠠᠨᠠᠯ᠎ᠢ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠳ᠋ ᠎ᠤᠨ ᠵᠠᠰᠠᠭ᠎ᠤᠨ ᠪᠡᠯᠡ ᠮᠥᠩᠭᠥ ᠵᠡᠷᠭᠡ ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠎ᠢ ᠲᠣᠬᠢᠷᠠᠭᠤᠯᠬᠤ ᠴᠢᠬᠤᠯᠠ ᠬᠦᠴᠦᠨ ᠵᠦᠢ᠍ᠯ ᠪᠣᠯᠭ᠋ᠠᠨ᠎ᠠ᠃ ᠡᠭᠦᠨ᠎ᠤ ᠬᠠᠮᠲᠤ᠂ ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠴᠤ ᠦᠨᠡᠯᠡᠬᠦ ᠪᠠ ᠵᠢᠯ᠎ᠤᠨ ᠦᠨᠡᠯᠡᠯᠲᠡ ᠵᠢᠨ ᠰᠠᠨᠠᠯ᠎ᠢ ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠰᠤᠷᠭ᠋ᠠᠨ ᠬᠥᠮᠦᠵᠢᠯ᠎ᠤᠨ ᠰᠢᠢ᠍ᠳᠪᠦᠷᠢᠲᠦ ᠪᠣᠳᠣᠯᠭ᠎ᠠ ᠳᠣᠭᠲᠠᠭ᠋ᠠᠬᠤ᠂ ᠰᠤᠷᠭ᠋ᠠᠨ ᠬᠥᠮᠦᠵᠢᠯ᠎ᠤᠨ ᠠᠵᠢᠯ᠎ᠢ ᠰᠠᠶ᠋ᠢᠵᠢᠷᠠᠭᠤᠯᠬᠤ ᠴᠢᠬᠤᠯᠠ ᠦᠨᠳᠦᠰᠦᠯᠡᠯ ᠪᠣᠯᠭ᠋ᠠᠨ᠂ ᠬᠢᠨᠠᠨ ᠵᠢᠯᠣᠭᠣᠳᠤᠭᠳᠠᠭᠰᠠᠨ ᠨᠢᠭᠡᠴᠢ ᠵᠢᠴᠢ ᠲᠡᠭᠦᠨ᠎ᠤ ᠭᠣᠣᠯ ᠬᠠᠷᠢᠭᠤᠴᠠᠯᠭ᠋ᠠᠲᠠᠨ᠎ᠢ ᠬᠢᠨᠠᠨ ᠰᠢᠯᠭ᠋ᠠᠬᠤ᠂ ᠱᠠᠩᠨᠠᠵᠤ ᠲᠣᠷᠭ᠋ᠠᠬᠤ ᠵᠢᠨ ᠴᠢᠬᠤᠯᠠ ᠦᠨᠳᠦᠰᠦᠯᠡᠯ ᠪᠣᠯᠭ᠋ᠠᠨ᠎ᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号