ᠥᠪᠥᠷ ᠰᠤᠷᠭ᠋ᠠᠨ ᠲᠠᠮᠢᠷ ᠤᠷᠠᠯᠢᠭ [2024] 98 ᠳ᠋ᠤᠭ᠋ᠠᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠶᠡᠬᠡ ᠳᠡᠭᠡᠳᠦ ᠰᠤᠷᠭ᠋ᠠᠭᠤᠯᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ᠎ᠳᠤ ᠭᠤᠸ᠎ᠠ ᠰᠠᠶ᠋ᠢᠬᠠᠨ᠎ᠤ ᠬᠥᠮᠦᠵᠢᠯ᠎ᠢ ᠠᠭᠤᠰᠬᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2024 ᠣᠨ᠎ᠤ 10 ᠰᠠᠷ᠎ᠠ ᠵᠢᠨ 9᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ᠎ᠳᠤ ᠭᠤᠸ᠎ᠠ
ᠰᠠᠶ᠋ᠢᠬᠠᠨ᠎ᠤ ᠬᠥᠮᠦᠵᠢᠯ᠎ᠢ ᠠᠭᠤᠰᠠᠬᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠰᠠᠨᠠᠯ》᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠦᠭᠡ᠂ 《ᠰᠤᠷᠭ᠋ᠠᠨ ᠬᠥᠮᠦᠵᠢᠯ᠎ᠤᠨ ᠶᠠᠮᠤᠨ᠎ᠤ ᠰᠤᠷᠭ᠋ᠠᠭᠤᠯᠢ᠎ᠳᠤ ᠭᠤᠸ᠎ᠠ ᠰᠠᠶ᠋ᠢᠬᠠᠨ ᠤ ᠬᠥᠮᠦᠵᠢᠯ᠎ᠢ ᠠᠭᠤᠰᠬᠠᠬᠤ ᠠᠵᠢᠯᠯᠠᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠣᠨᠴᠠᠭ᠋ᠠᠶ᠋ᠢᠯᠠᠨ ᠲᠤᠰ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃
ᠨᠢᠭᠡ᠂ ᠠᠵᠢᠯ᠎ᠤᠨ ᠵᠣᠷᠢᠯᠲᠠ
2027 ᠣᠨ ᠪᠣᠯᠬᠤ᠎ᠳᠤ᠂ ᠰᠤᠷᠤᠭᠴᠢᠳ᠎ᠤᠨ ᠪᠠᠢ᠌ᠩᠭᠤᠵᠢᠭᠤᠯᠤᠭᠰᠠᠨ ᠪᠦᠬᠦ ᠠᠵᠢᠯᠲᠠᠨ᠎ᠤ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢ ᠳᠡᠯᠭᠡᠨ ᠦᠵᠡᠭᠦᠯᠬᠦ ᠲᠣᠭᠲᠠᠴᠠ ᠵᠢ ᠦᠨᠳᠦᠰᠦᠨ᠎ᠳᠤ᠎ᠪᠠᠨ ᠪᠠᠶ᠋ᠢᠭᠤᠯᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠶᠡᠬᠡ ᠳᠡᠭᠡᠳᠦ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠮᠡᠳᠡᠯᠭᠡ ᠵᠢᠨ ᠬᠢᠴᠢᠶᠡᠯ᠂ ᠣᠯᠠᠨ ᠨᠡᠶ᠋ᠢᠲᠡ ᠵᠢᠨ ᠤᠷᠠᠯᠢᠭ᠎ᠤᠨ ᠬᠢᠴᠢᠶᠡᠯ᠎ᠢ ᠴᠢᠳᠠᠪᠤᠷᠢᠲᠠᠨ ᠬᠥᠮᠦᠵᠢᠭᠦᠯᠬᠦ ᠲᠥᠰᠦᠯ᠎ᠳᠤ ᠣᠷᠣᠭᠤᠯᠵᠤ᠂ ᠪᠠᠭᠰᠢ ᠵᠢᠨ ᠲᠥᠷᠦᠯ᠎ᠤᠨ ᠲᠤᠰᠬᠠᠢ ᠮᠡᠷᠭᠡᠵᠢᠯ᠎ᠳᠤ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠢ ᠨᠡᠭᠡᠭᠡᠬᠦ ᠵᠢ ᠨᠡᠶ᠋ᠢᠳᠡᠮ ᠪᠥᠷᠬᠦᠭᠦᠯᠬᠦ ᠵᠢ ᠪᠡᠶᠡᠯᠡᠭᠦᠯᠦᠨ᠎ᠡ; ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ᠂ ᠲᠤᠰᠬᠠᠢ ᠮᠡᠷᠭᠡᠵᠢᠯ ᠠᠯᠤᠰᠯᠠᠭᠰᠠᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠰᠢᠯᠢᠳᠡᠭ ᠦᠷ᠎ᠡ ᠪᠦᠲᠦᠭᠡᠯ᠎ᠢ ᠨᠡᠶ᠋ᠢᠯᠡᠭᠦᠯᠵᠦ ᠳᠡᠯᠭᠡᠷᠡᠭᠦᠯᠦᠨ᠎ᠡ; ᠪᠠᠭᠰᠢ ᠬᠥᠮᠦᠵᠢᠭᠦᠯᠬᠦ ᠠᠷᠭ᠎ᠠ ᠵᠠᠮ᠎ᠢ ᠥᠷᠭᠡᠳᠭᠡᠨ᠎ᠡ; ᠬᠥᠮᠦᠨ ᠪᠦᠬᠦᠨ᠎ᠳᠤ ᠬᠠᠨᠳᠤᠭᠤᠯᠤᠨ ᠨᠢᠭᠡ ᠴᠣᠭᠴᠠᠵᠢᠭᠤᠯᠤᠭᠰᠠᠨ ᠭᠡᠷ᠂ ᠰᠤᠷᠭ᠋ᠠᠭᠤᠯᠢ᠂ ᠨᠡᠶ᠋ᠢᠭᠡᠮ᠎ᠤᠨ ᠭᠤᠸ᠎ᠠ ᠰᠠᠶ᠋ᠢᠬᠠᠨ᠎ᠤ ᠬᠥᠮᠦᠵᠢᠯ᠎ᠢ ᠬᠠᠮᠵᠢᠨ ᠬᠥᠭᠵᠢᠭᠦᠯᠬᠦ ᠪᠠᠢ᠌ᠷᠢᠰᠢᠯᠠᠭᠤᠯᠤᠯᠲᠠ ᠵᠢ ᠠᠩᠬ᠎ᠠ ᠠᠯᠬᠤᠮ ᠪᠦᠷᠢᠯᠳᠦᠭᠦᠯᠦᠨ᠎ᠡ᠃ ᠪᠠᠰᠠ 3᠎ᠠᠴᠠ 5 ᠵᠢᠯ᠎ᠤᠨ ᠴᠠᠭ᠎ᠢ ᠵᠠᠷᠤᠴᠠᠭᠤᠯᠵᠤ᠂ ᠴᠢᠨᠠᠷᠯᠢᠭ ᠮᠥᠷᠲᠡᠭᠡᠨ ᠲᠡᠩᠴᠡᠭᠦᠷᠢᠲᠡᠢ ᠭᠤᠸ᠎ᠠ ᠰᠠᠶ᠋ᠢᠬᠠᠨ᠎ᠤ ᠬᠥᠮᠦᠵᠢᠯ᠎ᠢ ᠨᠠᠩ ᠲᠥᠭᠡᠮᠡᠯᠵᠢᠭᠦᠯᠦᠨ᠂ ᠰᠤᠷᠤᠭᠴᠢᠳ᠎ᠤᠨ ᠭᠤᠸ᠎ᠠ ᠲᠠᠭ᠋ᠠᠰᠢᠶᠠᠯ ᠪᠠ ᠬᠥᠮᠦᠨ ᠨᠡᠢ᠌ᠭᠡᠮ ᠰᠣᠶᠣᠯ᠎ᠤᠨ ᠬᠡᠪ ᠪᠣᠯᠪᠠᠰᠤᠷᠠᠯ᠎ᠢ ᠨᠡᠶ᠋ᠢᠳᠡᠮ ᠳᠡᠭᠡᠭᠰᠢᠯᠡᠭᠦᠯᠵᠦ᠂ ᠪᠠᠭᠰᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠡᠪ ᠪᠣᠯᠪᠠᠰᠤᠷᠠᠯ᠎ᠢ ᠢᠯᠡᠳᠲᠡ ᠳᠡᠭᠡᠭᠰᠢᠯᠡᠭᠦᠯᠦᠨ᠂ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠠᠵᠢᠯ᠎ᠤᠨ ᠪᠠᠶ᠋ᠢᠭᠤᠯᠤᠯ ᠲᠣᠭᠲᠠᠴᠠ ᠵᠢ ᠨᠠᠩ ᠲᠡᠭᠦᠯᠳᠡᠷᠵᠢᠭᠦᠯᠵᠦ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠠᠭᠤᠷ ᠠᠮᠢᠰᠬᠤᠯ᠎ᠢ ᠨᠡᠩ ᠭᠦᠨ ᠵᠤᠵᠠᠭ᠋ᠠᠨ ᠪᠣᠯᠭ᠋ᠠᠨ᠎ᠠ᠃ ᠦᠷᠭᠦᠯᠵᠢᠯᠡᠨ ᠴᠢᠷᠮᠠᠢ᠌ᠵᠤ᠂ ᠪᠦᠬᠦᠨ᠎ᠢ ᠬᠠᠮᠤᠷᠤᠭᠰᠠᠨ᠂ ᠣᠯᠠᠨ ᠶᠠᠩᠵᠤᠴᠢᠯᠠᠭᠰᠠᠨ᠂ ᠴᠢᠨᠠᠷᠯᠢᠭ ᠤᠮᠠᠷᠠᠲᠤ ᠬᠢᠯᠢ ᠵᠢᠨ ᠣᠨᠴᠠᠯᠢᠭ᠎ᠲᠠᠢ ᠣᠳᠣᠬᠢᠴᠢᠯᠠᠭᠰᠠᠨ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠳᠣᠭᠲᠠᠯᠴᠠᠭ᠎ᠠ ᠵᠢ ᠪᠦᠷᠢᠯᠳᠦᠭᠦᠯᠬᠦ ᠵᠢ ᠠᠬᠢᠭᠤᠯᠤᠨ᠎ᠠ᠃
ᠬᠣᠶᠠᠷ᠂ ᠭᠣᠣᠯᠳᠠᠯᠭ᠎ᠠ᠎ᠲᠠᠢ ᠡᠭᠦᠷᠭᠡ
(ᠨᠢᠭᠡ) ᠭᠤᠸ᠎ᠠ ᠰᠠᠶ᠋ᠢᠬᠠᠨ᠎ᠤ ᠬᠥᠮᠥᠵᠢᠯ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯᠯᠠᠭ᠎ᠠ
1. ᠭᠤᠸ᠎ᠠ ᠰᠠᠶ᠋ᠢᠬᠠᠨ᠎ᠤ ᠬᠥᠮᠥᠵᠢᠯ᠎ᠤᠨ ᠬᠢᠴᠢᠶᠡᠯ᠎ᠢ ᠪᠦᠷᠢᠨ ᠭᠦᠢ᠍ᠴᠡᠳ ᠨᠡᠭᠡᠭᠡᠨ᠎ᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠡᠯ᠎ᠡ ᠰᠤᠷᠭ᠋ᠠᠭᠤᠯᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠥᠰᠦᠯ᠎ᠳᠠᠬᠢ 《ᠨᠢᠭᠡ᠎ᠠᠴᠠ ᠳᠥᠷᠪᠡᠳᠦᠭᠡᠷ ᠣᠨ ᠬᠦᠷᠲᠡᠯ᠎ᠡ ᠭᠠᠷᠠᠭ ᠪᠦᠷᠢ 4 ᠬᠢᠴᠢᠶᠡᠯ᠎ᠤᠨ ᠴᠠᠭ᠂ ᠲᠠᠪᠤ᠎ᠠᠴᠠ ᠵᠢᠷᠭᠤᠳᠤᠭ᠋ᠠᠷ ᠣᠨ ᠪᠣᠯᠲᠠᠯ᠎ᠠ ᠭᠠᠷᠠᠭ ᠪᠦᠷᠢ 3 ᠬᠢᠴᠢᠶᠡᠯ᠎ᠤᠨ ᠴᠠᠭ᠂ ᠳᠣᠯᠤᠭ᠎ᠠ᠎ᠠᠴᠠ ᠶᠢᠰᠦᠳᠦᠭᠡᠷ ᠣᠨ ᠪᠣᠯᠲᠠᠯ᠎ᠠ ᠭᠠᠷᠠᠭ ᠪᠦᠷᠢ 2 ᠬᠢᠴᠢᠶᠡᠯ᠎ᠤᠨ ᠴᠠᠭ》 ᠭᠡᠬᠦ ᠤᠷᠠᠯᠢᠭ᠎ᠤᠨ ᠬᠢᠴᠢᠶᠡᠯ᠎ᠢ ᠲᠣᠬᠢᠷᠠᠭᠤᠯᠬᠤ ᠱᠠᠭ᠋ᠠᠷᠳᠠᠯᠭ᠎ᠠ ᠶᠣᠰᠣᠭ᠋ᠠᠷ ᠬᠡᠷᠡᠭᠵᠢᠭᠦᠯᠵᠦ᠂ ᠡᠯ᠎ᠡ ᠰᠤᠷᠭ᠋ᠠᠭᠤᠯᠢ ᠵᠢᠨ᠎ᠬᠢᠨ ᠣᠯᠠᠨ ᠶᠠᠩᠵᠤᠴᠢᠯᠠᠭᠰᠠᠨ᠂ ᠥᠪᠡᠷᠮᠢᠴᠡ ᠤᠷᠠᠯᠢᠭ ᠪᠥᠬᠦᠢ ᠰᠣᠩᠭᠣᠨ ᠰᠤᠷᠬᠤ ᠬᠢᠴᠢᠶᠡᠯ ᠪᠠ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠵᠢ ᠢᠳᠡᠪᠬᠢᠲᠡᠢ ᠬᠠᠩᠭ᠋ᠠᠵᠤ᠂ ᠰᠤᠷᠤᠭᠴᠢᠳ᠎ᠢ ᠬᠠᠪᠰᠤᠷᠤᠨ ᠰᠤᠷᠭ᠋ᠠᠭᠤᠯᠢ᠎ᠳᠤ 1 - 2 ᠵᠦᠢ᠍ᠯ᠎ᠤᠨ ᠤᠷᠠᠯᠢᠭ᠎ᠤᠨ ᠲᠤᠰᠬᠠᠢ ᠮᠡᠷᠭᠡᠵᠢᠯ᠎ᠤᠨ ᠣᠨᠴᠠ ᠴᠢᠳᠠᠪᠤᠷᠢ ᠵᠢ ᠰᠤᠷᠭ᠋ᠠᠵᠤ ᠡᠵᠡᠮᠰᠢᠭᠦᠯᠦᠨ᠎ᠡ; ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠳᠠᠭᠤᠤ ᠬᠥᠭᠵᠢᠮ᠂ ᠤᠷᠠᠨ ᠵᠢᠷᠤᠭ᠎ᠢ ᠲᠤᠰ ᠪᠦᠷᠢ ᠭᠤᠷᠪᠠᠨ ᠰᠤᠷᠤᠯᠭ᠎ᠠ ᠵᠢᠨ ᠬᠤᠭᠤᠴᠠᠭ᠎ᠠ ᠨᠡᠭᠡᠭᠡᠵᠦ᠂ ᠭᠠᠷᠠᠭ ᠪᠦᠷᠢ 1 ᠬᠢᠴᠢᠶᠡᠯ᠎ᠤᠨ ᠴᠠᠭ ᠳᠣᠭᠲᠠᠭ᠋ᠠᠵᠤ᠂ 6 ᠰᠤᠷᠤᠯᠭ᠎ᠠ ᠵᠢᠨ ᠬᠤᠪᠢ ᠡᠵᠡᠯᠡᠨ᠎ᠡ; ᠶᠡᠬᠡ ᠳᠡᠭᠡᠳᠦ ᠰᠤᠷᠭ᠋ᠠᠭᠤᠯᠢ ᠵᠢᠨ ᠵᠢᠩᠬᠢᠨᠢ ᠠᠩᠭᠢ᠂ ᠲᠤᠰᠬᠠᠢ ᠮᠡᠷᠭᠡᠵᠢᠯ᠎ᠤᠨ ᠠᠩᠭᠢ ᠵᠢᠨ ᠰᠤᠷᠤᠭᠴᠢᠳ ᠡᠷᠬᠡᠪᠰᠢ ᠣᠯᠠᠨ ᠨᠡᠶ᠋ᠢᠲᠡ ᠵᠢᠨ ᠤᠷᠠᠯᠢᠭ᠎ᠤᠨ ᠬᠢᠴᠢᠶᠡᠯ᠎ᠤᠨ 2 ᠰᠤᠷᠤᠯᠭ᠎ᠠ ᠵᠢᠨ ᠬᠤᠪᠢ ᠵᠢ ᠪᠦᠷᠢᠨ ᠣᠯᠬᠤ ᠬᠡᠷᠡᠭᠲᠡᠢ᠃ ᠤᠷᠠᠯᠢᠭ᠎ᠤᠨ ᠬᠢᠴᠢᠶᠡᠯ᠎ᠢ ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠣᠯᠠᠨ ᠨᠡᠶ᠋ᠢᠲᠡ ᠵᠢᠨ ᠬᠢᠴᠢᠶᠡᠯ᠎ᠤᠨ ᠳᠣᠭᠲᠠᠯᠴᠠᠭ᠋ᠠᠨ᠎ᠳᠤ ᠣᠷᠣᠭᠤᠯᠬᠤ ᠵᠢ ᠵᠣᠷᠢᠭᠵᠢᠭᠤᠯᠤᠨ᠎ᠠ᠃
2. ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠤᠨ ᠳᠣᠭᠲᠠᠯᠴᠠᠭ᠎ᠠ ᠵᠢ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠪᠠᠭ᠎ᠠ ᠰᠤᠷᠭ᠋ᠠᠭᠤᠯᠢ ᠵᠢᠨ ᠱᠠᠲᠤᠨ᠎ᠤ ᠳᠤᠷ᠎ᠠ ᠪᠠᠬᠠᠴᠢᠯᠠᠭᠰᠠᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠣᠯᠠᠨ ᠶᠠᠩᠵᠤᠴᠢᠯᠠᠭᠰᠠᠨ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠲᠤᠰᠬᠠᠢ ᠵᠦᠢ᠍ᠯᠴᠢᠯᠡᠭᠰᠡᠨ᠂ ᠶᠡᠬᠡ ᠳᠡᠭᠡᠳᠦ ᠰᠤᠷᠭ᠋ᠠᠭᠤᠯᠢ ᠵᠢᠨ ᠱᠠᠲᠤᠨ᠎ᠤ ᠮᠡᠳᠡᠭᠡᠯᠵᠢᠭᠦᠯᠦᠭᠰᠡᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢ ᠨᠢᠭᠡ ᠴᠣᠭᠴᠠᠵᠢᠭᠤᠯᠤᠭᠰᠠᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠤᠨ ᠳᠣᠭᠲᠠᠯᠴᠠᠭ᠎ᠠ ᠵᠢ ᠪᠠᠶ᠋ᠢᠭᠤᠯᠤᠨ᠎ᠠ᠃ ᠠᠯᠪᠠᠨ ᠵᠢᠷᠤᠮ ᠤᠨ ᠰᠤᠷᠭ᠋ᠠᠨ ᠬᠥᠮᠦᠵᠢᠯ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠳᠤ ᠤᠷᠠᠨ ᠪᠢᠴᠢᠯᠭᠡ᠂ ᠪᠥᠵᠢᠭ᠂ ᠰᠢ ᠵᠦᠴᠦᠭᠡ᠂ ᠺᠢᠨᠣ᠋ ᠲᠧᠯᠸᠢᠰ᠂ ᠲᠣᠭ᠋ᠠᠵᠢᠭᠰᠠᠨ ᠵᠠᠭᠤᠴᠢᠯᠠᠭᠤᠷ ᠵᠡᠷᠭᠡ ᠠᠭᠤᠯᠭ᠎ᠠ ᠵᠢ ᠠᠭᠤᠰᠬᠠᠨ᠎ᠠ; ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠱᠠᠲᠤᠨ᠎ᠤ ᠰᠣᠶᠣᠯ ᠲᠡᠦᠬᠡ ᠭᠦᠨ ᠤᠬᠠᠭ᠋ᠠᠨ ᠵᠢᠴᠢ ᠪᠠᠶ᠋ᠢᠭ᠋ᠠᠯᠢ ᠲᠧᠭᠨᠢᠭ᠎ᠤᠨ ᠤᠬᠠᠭ᠋ᠠᠨ᠎ᠤ ᠰᠢᠨᠵᠢᠯᠡᠭᠡᠨ᠎ᠤ ᠰᠠᠯᠠᠭ᠎ᠠ᠎ᠳᠤ ᠠᠭᠤᠰᠬᠠᠨ᠎ᠠ᠃ ᠭᠤᠸ᠎ᠠ ᠰᠠᠶ᠋ᠢᠬᠠᠨ᠎ᠤ ᠬᠥᠮᠦᠵᠢᠯ ᠪᠣᠯᠤᠨ ᠶᠣᠰᠣ ᠰᠤᠷᠲᠠᠬᠤᠨ᠎ᠤ ᠬᠥᠮᠦᠵᠢᠯ᠂ ᠣᠶᠤᠨ᠎ᠤ ᠬᠥᠮᠦᠵᠢᠯ᠂ ᠪᠡᠶ᠎ᠡ ᠵᠢᠨ ᠲᠠᠮᠢᠷ᠂ ᠬᠥᠳᠡᠯᠮᠦᠷᠢ ᠵᠢᠨ ᠬᠥᠮᠦᠵᠢᠯ᠂ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠠᠭᠤᠰᠬᠠᠬᠤ ᠵᠢ ᠴᠢᠩᠭ᠋ᠠᠳᠬᠠᠵᠤ᠂ ᠡᠯ᠎ᠡ ᠰᠢᠨᠵᠢᠯᠡᠭᠡᠨ᠎ᠤ ᠰᠠᠯᠠᠭ᠎ᠠ᠎ᠳᠤ ᠠᠭᠤᠯᠤᠭᠳᠠᠵᠤ ᠪᠠᠶ᠋ᠢᠭ᠎ᠠ ᠭᠤᠸ᠎ᠠ ᠰᠠᠶ᠋ᠢᠬᠠᠨ᠎ᠤ ᠬᠥᠮᠦᠵᠢᠯ᠎ᠤᠨ ᠦᠨ᠎ᠡ ᠥᠷᠲᠡᠭ ᠪᠠ ᠦᠢ᠍ᠯᠡᠳᠦᠯ ᠵᠢ ᠢᠯᠡᠷᠡᠭᠦᠯᠦᠨ᠎ᠡ᠃ ᠭᠤᠸ᠎ᠠ ᠰᠠᠶ᠋ᠢᠬᠠᠨ᠎ᠤ ᠬᠥᠮᠦᠵᠢᠯ᠎ᠤᠨ ᠦᠢ᠍ᠯᠡᠳᠦᠯᠭᠡ ᠪᠠ ᠬᠣᠶᠠᠳᠤᠭ᠋ᠠᠷ ᠬᠢᠴᠢᠶᠡᠯ᠎ᠤᠨ ᠲᠠᠩᠬᠢᠮ᠎ᠢ ᠪᠦᠲᠦᠮᠵᠢᠲᠡᠢ ᠤᠶᠠᠯᠳᠤᠭᠤᠯᠬᠤ ᠵᠢ ᠴᠢᠩᠭ᠋ᠠᠳᠬᠠᠵᠤ᠂ ᠤᠷᠠᠯᠢᠭ᠎ᠤᠨ ᠬᠢᠴᠢᠶᠡᠯ ᠪᠠ ᠦᠢ᠍ᠯᠡᠳᠦᠯᠭᠡ᠎ᠪᠠᠷ ᠰᠤᠷᠤᠭᠴᠢᠳ᠎ᠤᠨ ᠰᠤᠷᠤᠯᠴᠠᠬᠤ ᠢᠳᠡᠪᠬᠢᠵᠢᠯ᠎ᠢ ᠬᠥᠭᠵᠢᠭᠡᠨ᠎ᠡ᠃
3. ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠥᠵᠢᠯ᠎ᠤᠨ ᠵᠢᠭ᠋ᠠᠨ ᠰᠤᠷᠭ᠋ᠠᠯᠲᠠ ᠪᠣᠯᠤᠨ ᠦᠢ᠍ᠯᠡᠳᠦᠯᠭᠡ᠎ᠪᠠᠷ ᠳᠤᠮᠳᠠᠳᠤ ᠪᠠᠭ᠎ᠠ ᠰᠤᠷᠭ᠋ᠠᠭᠤᠯᠢ ᠵᠢᠨ ᠭᠣᠣᠯᠯᠠᠭᠴᠢ ᠬᠡᠪ ᠪᠣᠯᠪᠠᠰᠤᠷᠠᠯ᠎ᠢ ᠪᠣᠶ᠋ᠢᠵᠢᠭᠤᠯᠬᠤ ᠵᠢ ᠠᠬᠢᠭᠤᠯᠤᠨ᠎ᠠ᠃ ᠶᠡᠬᠡ ᠳᠡᠭᠡᠳᠦ ᠰᠤᠷᠭ᠋ᠠᠭᠤᠯᠢ ᠵᠢᠨ ᠣᠯᠠᠨ ᠨᠡᠶ᠋ᠢᠲᠡ ᠵᠢᠨ ᠤᠷᠠᠯᠢᠭ᠎ᠤᠨ ᠬᠢᠴᠢᠶᠡᠯ᠎ᠤᠨ 2 ᠰᠤᠷᠤᠯᠭ᠎ᠠ ᠵᠢᠨ ᠬᠤᠪᠢ (ᠵᠠᠪᠠᠯ ᠰᠤᠷᠬᠤ) + N ᠰᠤᠷᠤᠯᠭ᠎ᠠ ᠵᠢᠨ ᠬᠤᠪᠢ (ᠰᠣᠩᠭᠣᠨ ᠰᠤᠷᠬᠤ) ᠵᠢᠨ ᠬᠢᠴᠢᠶᠡᠯ᠎ᠤᠨ ᠪᠠᠶ᠋ᠢᠷᠢᠯᠠᠭᠤᠯᠤᠯᠲᠠ ᠵᠢᠴᠢ ᠰᠤᠷᠤᠯᠭ᠎ᠠ ᠵᠢᠨ ᠬᠤᠪᠢ ᠵᠢᠨ ᠴᠢᠨᠠᠷ ᠴᠢᠨᠰᠠᠭ᠋ᠠᠨ᠎ᠤ ᠬᠢᠷᠢ ᠲᠦᠪᠰᠢᠨ᠎ᠢ ᠦᠨᠡᠯᠡᠬᠦ ᠵᠢ ᠠᠬᠢᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠢ ᠦᠨᠡᠯᠡᠭᠰᠡᠨ ᠭᠦᠢ᠍ᠴᠡᠳᠬᠡᠯ ᠲᠣᠭ᠎ᠠ ᠵᠢ ᠨᠡᠶ᠋ᠢᠲᠡᠯᠡᠨ᠎ᠡ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ᠂ ᠲᠤᠰᠬᠠᠢ ᠮᠡᠷᠭᠡᠵᠢᠯ ᠠᠯᠤᠰᠯᠠᠭᠰᠠᠨ ᠭᠤᠸ᠎ᠠ ᠰᠠᠶ᠋ᠢᠬᠠᠨ᠎ᠤ ᠬᠥᠮᠥᠵᠢᠯ᠎ᠤᠨ ᠵᠢᠭ᠋ᠠᠨ ᠰᠤᠷᠭ᠋ᠠᠯᠲᠠ᠂ ᠵᠢᠭ᠋ᠠᠬᠤ ᠵᠢ ᠰᠣᠳᠤᠯᠬᠤ᠂ ᠵᠢᠭ᠋ᠠᠨ ᠰᠤᠷᠭ᠋ᠠᠯᠲᠠ ᠵᠢᠨ ᠰᠢᠯᠢᠳᠡᠭ ᠬᠡᠷᠡᠭ᠎ᠤᠨ ᠵᠢᠱ᠌ᠢᠶ᠎ᠡ ᠵᠢ ᠴᠤᠭᠯᠠᠭᠤᠯᠵᠤ᠂ ᠦᠷ᠎ᠡ ᠪᠦᠲᠦᠭᠡᠯ᠎ᠢ ᠬᠤᠪᠢᠷᠠᠭᠤᠯᠬᠤ ᠵᠢ ᠠᠬᠢᠭᠤᠯᠤᠨ᠂ ᠡᠯ᠎ᠡ ᠰᠢᠨᠵᠢᠯᠡᠭᠡᠨ᠎ᠤ ᠰᠠᠯᠠᠭ᠋ᠠᠨ᠎ᠤ ᠭᠤᠸ᠎ᠠ ᠰᠠᠶ᠋ᠢᠬᠠᠨ᠎ᠤ ᠬᠥᠮᠦᠵᠢᠯ᠎ᠤᠨ ᠰᠢᠨ᠎ᠡ ᠵᠢ ᠡᠭᠦᠳᠦᠨ ᠬᠥᠭᠵᠢᠭᠦᠯᠬᠦ ᠰᠢᠨ᠎ᠡ ᠬᠡᠯᠪᠡᠷᠢ ᠪᠠ ᠰᠢᠨ᠎ᠡ ᠬᠠᠨᠳᠤᠰᠢ ᠵᠢ ᠪᠤᠢ ᠪᠣᠯᠭ᠋ᠠᠨ᠎ᠠ᠃
(ᠬᠣᠶᠠᠷ) ᠪᠠᠭᠰᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠠᠵᠢᠯᠯᠠᠭ᠎ᠠ
4. ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠬᠤ ᠵᠢ ᠰᠤᠳᠤᠯᠬᠤ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠲᠡᠭᠦᠯᠳᠡᠷᠵᠢᠭᠦᠯᠦᠨ᠎ᠡ᠃ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠬᠠᠮᠤᠭ᠎ᠤᠨ ᠪᠠᠭ᠎ᠠ᠎ᠳᠤ᠎ᠪᠠᠨ ᠤᠷᠠᠯᠢᠭ᠎ᠤᠨ ᠲᠤᠰᠬᠠᠢ ᠵᠢᠭ᠋ᠠᠬᠤ ᠵᠢ ᠰᠤᠳᠤᠯᠤᠭᠴᠢ 1 ᠵᠢ ᠲᠣᠬᠢᠷᠠᠭᠤᠯᠵᠤ᠂ ᠣᠷᠣᠨ ᠪᠦᠰᠡ ᠵᠢᠨ ᠰᠤᠷᠭ᠋ᠠᠭᠤᠯᠢ ᠵᠢ ᠵᠢᠯᠣᠭᠣᠳᠴᠤ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠬᠤ ᠵᠢ ᠰᠤᠳᠤᠯᠬᠤ ᠠᠵᠢᠯ᠎ᠢ ᠰᠠᠶ᠋ᠢᠲᠤᠷ ᠬᠢᠬᠦ ᠵᠢ ᠬᠠᠷᠢᠭᠤᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠨ ᠰᠤᠷᠭ᠋ᠠᠯᠲᠠ ᠪᠣᠯᠤᠨ ᠦᠢ᠍ᠯᠡᠳᠦᠯᠭᠡ ᠵᠢ ᠵᠢᠯᠣᠭᠣᠳᠬᠤ ᠵᠥᠪᠯᠡᠯ᠎ᠤᠨ ᠲᠤᠰᠬᠠᠢ ᠮᠡᠷᠭᠡᠵᠢᠯᠲᠡᠨ᠎ᠤ ᠣᠶᠤᠨ᠎ᠤ ᠬᠥᠮᠥᠷᠭᠡ ᠵᠢᠨ ᠬᠥᠲᠥᠯᠥᠨ ᠳᠠᠭ᠋ᠠᠭᠤᠯᠬᠤ᠂ ᠳᠠᠶ᠋ᠢᠴᠢᠯᠠᠬᠤ ᠪᠠ ᠨᠥᠯᠥᠭᠡᠯᠡᠬᠦ ᠦᠢ᠍ᠯᠡᠳᠦᠯ᠎ᠳᠤ ᠲᠦᠰᠢᠭᠯᠡᠨ᠂ ᠡᠯ᠎ᠡ ᠱᠠᠲᠤᠨ᠎ᠤ ᠤᠷᠠᠯᠢᠭ᠎ᠤᠨ ᠲᠥᠷᠥᠯ᠎ᠤᠨ ᠪᠠᠭᠰᠢ ᠪᠣᠯᠤᠨ ᠵᠢᠭ᠋ᠠᠬᠤ ᠵᠢ ᠰᠤᠳᠤᠯᠤᠭᠴᠢᠳ᠎ᠤᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠡᠪ ᠪᠣᠯᠪᠠᠰᠤᠷᠠᠯ᠂ ᠵᠢᠭ᠋ᠠᠬᠤ ᠵᠢ ᠰᠤᠳᠤᠯᠬᠤ ᠪᠠ ᠦᠢ᠍ᠯᠡᠳᠦᠯᠭᠡᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠵᠢ ᠠᠬᠢᠭᠤᠯᠤᠨ᠎ᠠ᠃ ᠭᠤᠸ᠎ᠠ ᠰᠠᠶ᠋ᠢᠬᠠᠨ᠎ᠤ ᠬᠥᠮᠦᠵᠢᠯ᠎ᠤᠨ ᠰᠢᠯᠢᠳᠡᠭ ᠪᠠᠭᠰᠢ ᠵᠢᠨ ᠰᠢᠯᠢᠳᠡᠭ ᠬᠢᠴᠢᠶᠡᠯ᠎ᠢ ᠰᠢᠭᠤᠳ ᠨᠡᠪᠲᠡᠷᠡᠭᠦᠯᠬᠦ᠂ ᠦᠵᠡᠭᠦᠯᠦᠨ ᠨᠡᠪᠲᠡᠷᠡᠭᠦᠯᠬᠦ ᠵᠢ ᠳᠡᠮᠵᠢᠨ᠎ᠡ᠃ ᠵᠢᠯ ᠪᠦᠷᠢ ᠬᠡᠰᠡᠭ ᠪᠦᠯᠦᠭ ᠭᠤᠸ᠎ᠠ ᠰᠠᠶ᠋ᠢᠬᠠᠨ᠎ᠤ ᠬᠥᠮᠦᠵᠢᠯ᠎ᠤᠨ ᠰᠢᠯᠢᠳᠡᠭ ᠬᠡᠷᠡᠭ᠎ᠤᠨ ᠵᠢᠱ᠌ᠢᠶ᠎ᠡ ᠵᠢ ᠰᠣᠩᠭᠣᠵᠤ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠡᠷᠳᠡᠮ ᠰᠢᠨᠵᠢᠯᠡᠭᠡᠨ᠎ᠤ ᠲᠥᠷᠥᠯ ᠵᠦᠢ᠍ᠯ᠎ᠤᠨ ᠦᠷ᠎ᠡ ᠪᠦᠲᠦᠭᠡᠯ᠎ᠢ ᠪᠣᠶ᠋ᠢᠵᠢᠭᠤᠯᠬᠤ ᠪᠠ ᠳᠡᠯᠭᠡᠷᠡᠭᠦᠯᠬᠦ ᠵᠢ ᠴᠢᠩᠭ᠋ᠠᠷᠠᠭᠤᠯᠤᠨ᠎ᠠ᠃
5. ᠤᠷᠠᠯᠢᠭ᠎ᠤᠨ ᠰᠢᠨᠵᠢᠯᠡᠭᠡᠨ᠎ᠤ ᠰᠠᠯᠠᠭ᠋ᠠᠨ᠎ᠤ ᠪᠠᠭᠰᠢ ᠵᠢᠨ ᠡᠩᠨᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠭᠤᠸ᠎ᠠ ᠰᠠᠶ᠋ᠢᠬᠠᠨ᠎ᠤ ᠬᠥᠮᠦᠵᠢᠯ᠎ᠤᠨ ᠨᠡᠷᠡᠲᠦ ᠪᠠᠭᠰᠢ ᠰᠤᠷᠤᠯᠭ᠎ᠠ ᠵᠢᠨ ᠱᠠᠲᠤ ᠠᠯᠤᠰᠯᠠᠨ᠂ ᠰᠢᠨᠵᠢᠯᠡᠭᠡᠨ᠎ᠤ ᠰᠠᠯᠠᠭ᠎ᠠ ᠠᠯᠤᠰᠯᠠᠨ᠂ ᠣᠷᠣᠨ ᠪᠦᠰᠡ ᠠᠯᠤᠰᠯᠠᠨ ᠨᠢᠭᠡ ᠴᠣᠭᠴᠠᠵᠢᠭᠤᠯᠬᠤ ᠰᠣᠯᠢᠯᠴᠠᠭ᠎ᠠ ᠪᠠ ᠰᠤᠳᠤᠯᠤᠨ ᠰᠤᠷᠤᠯᠴᠠᠯᠭ᠎ᠠ ᠬᠢᠬᠦ ᠠᠬᠢᠭᠤᠯᠤᠨ᠎ᠠ᠃ ᠤᠳᠬ᠎ᠠ ᠤᠷᠠᠯᠢᠭ᠎ᠤᠨ ᠠᠵᠢᠯᠲᠠᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭᠴᠢ ᠵᠢᠴᠢ ᠤᠷᠠᠯᠢᠭ᠎ᠤᠨ ᠲᠤᠰᠬᠠᠢ ᠮᠡᠷᠭᠡᠵᠢᠯ᠎ᠤᠨ ᠤᠶᠤᠲᠠᠳ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢᠨ ᠲᠤᠰᠢᠶᠠᠯ᠎ᠢ ᠬᠠᠪᠰᠤᠷᠭ᠋ᠠᠨ ᠡᠭᠦᠷᠭᠡᠯᠡᠵᠦ᠂ ᠪᠠᠭᠰᠢ ᠬᠦᠷᠦᠯᠴᠡᠬᠦ ᠦᠭᠡᠢ ᠪᠠᠢ᠌ᠳᠠᠯ᠎ᠢ ᠨᠥᠬᠥᠪᠥᠷᠢᠯᠡᠬᠦ ᠵᠢ ᠵᠣᠷᠢᠭᠵᠢᠭᠤᠯᠤᠨ᠎ᠠ᠃ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠦᠵᠡᠭᠦᠯᠭᠡ ᠵᠢᠴᠢ ᠦᠨᠳᠦᠰᠦᠨ ᠴᠢᠳᠠᠪᠤᠷᠢ ᠵᠢᠨ ᠦᠵᠡᠭᠦᠯᠭᠡ ᠵᠡᠷᠭᠡ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠭᠤᠸ᠎ᠠ ᠰᠠᠶ᠋ᠢᠬᠠᠨ᠎ᠤ ᠬᠥᠮᠦᠵᠢᠯ᠎ᠤᠨ ᠨᠡᠷᠡᠲᠦ ᠪᠠᠭᠰᠢ ᠵᠢᠨ ᠠᠵᠢᠯ᠎ᠤᠨ ᠭᠠᠵᠠᠷ᠎ᠤᠨ ᠪᠣᠶ᠋ᠢᠵᠢᠭᠤᠯᠬᠤ᠂ ᠨᠥᠯᠥᠭᠡᠯᠡᠬᠦ ᠦᠢ᠍ᠯᠡᠳᠦᠯ᠎ᠢ ᠪᠠᠳᠠᠷᠠᠭᠤᠯᠵᠤ᠂ ᠬᠡᠰᠡᠭ ᠪᠦᠯᠦᠭ ᠭᠤᠸ᠎ᠠ ᠰᠠᠶ᠋ᠢᠬᠠᠨ᠎ᠤ ᠬᠥᠮᠦᠵᠢᠯ᠎ᠤᠨ ᠨᠡᠷᠡᠲᠦ ᠪᠠᠭᠰᠢ ᠪᠠ ᠭᠤᠸ᠎ᠠ ᠰᠠᠶ᠋ᠢᠬᠠᠨ᠎ᠤ ᠬᠥᠮᠦᠵᠢᠯ᠎ᠤᠨ ᠭᠣᠣᠯᠯᠠᠭᠴᠢ ᠪᠠᠭᠰᠢ ᠵᠢ ᠬᠥᠮᠦᠵᠢᠭᠦᠯᠦᠨ᠎ᠡ᠃
6. ᠰᠤᠷᠭ᠋ᠠᠨ ᠬᠥᠮᠦᠵᠢᠯ᠎ᠤᠨ ᠠᠵᠢᠯᠲᠠᠳ᠎ᠤᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠵᠢ ᠠᠬᠢᠭᠤᠯᠤᠨ᠎ᠠ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ ᠤ ᠺᠠᠳ᠋ᠷ᠂ ᠰᠤᠷᠭ᠋ᠠᠭᠤᠯᠢ ᠵᠢᠨ ᠤᠳᠤᠷᠢᠳᠤᠯᠭ᠎ᠠ ᠪᠠ ᠪᠠᠭᠰᠢ ᠵᠢᠨ ᠭᠤᠸ᠎ᠠ ᠰᠠᠶ᠋ᠢᠬᠠᠨ᠎ᠤ ᠬᠥᠮᠦᠵᠢᠯ ᠵᠶ᠋ᠠᠷ ᠬᠥᠮᠦᠨ ᠬᠥᠮᠦᠵᠢᠭᠦᠯᠬᠦ ᠴᠢᠳᠠᠮᠵᠢ ᠵᠢᠨ ᠲᠤᠬᠠᠢ ᠲᠠᠨᠢᠯᠲᠠ ᠵᠢ ᠴᠢᠩᠭ᠋ᠠᠳᠬᠠᠵᠤ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢ ᠲᠣᠭᠲᠠᠮᠠᠯ ᠬᠤᠭᠤᠴᠠᠭ᠎ᠠ᠎ᠲᠠᠢ ᠪᠣᠯᠪᠠᠰᠤᠷᠠᠭᠤᠯᠬᠤ ᠠᠭᠤᠯᠭ᠎ᠠ᠎ᠳᠤ ᠣᠷᠣᠭᠤᠯᠵᠤ᠂ ᠪᠦᠬᠦ ᠠᠵᠢᠯᠲᠠᠨ᠎ᠤ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠡᠪ ᠪᠣᠯᠪᠠᠰᠤᠷᠠᠯ᠎ᠢ ᠪᠦᠬᠦᠯᠢ ᠴᠣᠭᠴᠠ᠎ᠪᠠᠷ ᠳᠡᠭᠡᠭᠰᠢᠯᠡᠭᠦᠯᠬᠦ ᠵᠢ ᠠᠬᠢᠭᠤᠯᠤᠨ᠎ᠠ᠃ ᠪᠠᠭᠰᠢ ᠵᠢ ᠡᠬᠢᠨ᠎ᠠᠴᠠ᠎ᠨᠢ ᠬᠥᠮᠦᠵᠢᠭᠦᠯᠬᠦ ᠵᠢ ᠰᠠᠶ᠋ᠢᠲᠤᠷ ᠠᠳᠬᠤᠵᠤ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠢ ᠪᠠᠭᠰᠢ ᠵᠢᠨ ᠲᠥᠷᠥᠯ᠎ᠤᠨ ᠲᠤᠰᠬᠠᠢ ᠮᠡᠷᠭᠡᠵᠢᠯ᠎ᠤᠨ ᠬᠥᠮᠦᠨ ᠨᠡᠢ᠌ᠭᠡᠮ ᠰᠣᠶᠣᠯ᠎ᠤᠨ ᠬᠢᠴᠢᠶᠡᠯ᠎ᠳᠤ ᠣᠷᠣᠭᠤᠯᠤᠨ᠎ᠠ᠃ ᠠᠵᠢᠯ᠎ᠤᠨ ᠪᠠᠶ᠋ᠢᠷᠢ᠎ᠳᠤ ᠪᠠᠶ᠋ᠢᠭ᠎ᠠ ᠪᠠᠭᠰᠢ ᠵᠢᠨ 《ᠰᠢᠨᠵᠢᠯᠡᠭᠡᠨ᠎ᠤ ᠰᠠᠯᠠᠭ᠋ᠠᠨ᠎ᠤ ᠰᠤᠷᠭ᠋ᠠᠨ ᠬᠥᠮᠦᠵᠢᠯ + ᠭᠤᠸ᠎ᠠ ᠰᠠᠶ᠋ᠢᠬᠠᠨ᠎ᠤ ᠬᠥᠮᠦᠵᠢᠯ》᠎ᠤᠨ ᠵᠢᠭ᠋ᠠᠨ ᠰᠤᠷᠭ᠋ᠠᠯᠲᠠ ᠵᠢᠨ ᠣᠨᠣᠯᠵᠢᠬᠤᠨ᠎ᠢ ᠪᠣᠢ ᠪᠣᠯᠭ᠋ᠠᠬᠤ ᠵᠢ ᠠᠬᠢᠭᠤᠯᠵᠤ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠡᠪ ᠪᠣᠯᠪᠠᠰᠤᠷᠠᠯ᠎ᠤᠨ ᠬᠣᠯᠪᠣᠭᠳᠠᠯ ᠪᠦᠬᠦᠢ ᠠᠭᠤᠯᠭ᠎ᠠ ᠵᠢ ᠰᠢᠨ᠎ᠡ᠎ᠪᠠᠷ ᠠᠵᠢᠯ᠎ᠳᠤ ᠣᠷᠣᠬᠤ ᠪᠠᠭᠰᠢ ᠵᠢᠨ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠎ᠤᠨ ᠵᠠᠪᠠᠯ ᠰᠤᠷᠬᠤ ᠠᠭᠤᠯᠭ᠎ᠠ᠎ᠳᠤ ᠣᠷᠣᠭᠤᠯᠤᠨ᠎ᠠ᠃
(ᠭᠤᠷᠪᠠ) ᠤᠷᠠᠯᠢᠭ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠲᠦᠭᠡᠮᠡᠯᠵᠢᠭᠦᠯᠬᠦ ᠠᠵᠢᠯᠯᠠᠭ᠎ᠠ
7. ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢ ᠨᠢᠭᠡ ᠴᠣᠭᠴᠠᠵᠢᠭᠤᠯᠬᠤ ᠤᠷᠠᠯᠢᠭ᠎ᠤᠨ ᠦᠵᠡᠭᠦᠯᠭᠡ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠬᠥᠮᠦᠨ ᠪᠣᠯᠭ᠋ᠠᠨ᠎ᠳᠤ ᠬᠠᠨᠳᠤᠭᠤᠯᠤᠭᠰᠠᠨ ᠰᠤᠷᠭ᠋ᠠᠭᠤᠯᠢ ᠵᠢᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠠᠩᠭᠢ᠂ᠣᠨ᠂ ᠳᠡᠭᠡᠳᠦ ᠰᠤᠷᠭ᠋ᠠᠭᠤᠯᠢ ᠰᠠᠯᠪᠤᠷᠢ᠂ ᠰᠤᠷᠭ᠋ᠠᠭᠤᠯᠢ ᠵᠢᠨ ᠳᠡᠰ᠎ᠤᠨ ᠵᠡᠷᠭᠡ ᠤᠷᠠᠯᠢᠭ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠦᠨ᠎ᠡ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠵᠢᠯ ᠪᠦᠷᠢ ᠰᠤᠷᠤᠭᠴᠢᠳ᠎ᠤᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠠᠵᠢᠯᠯᠠᠭ᠎ᠠ ᠵᠢ ᠡᠷᠬᠢᠯᠡᠵᠦ᠂ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢ ᠭᠤᠯᠳᠤ᠎ᠪᠠᠷ ᠨᠡᠪᠲᠡᠷᠡᠭᠦᠯᠦᠭᠰᠡᠨ᠂ ᠡᠯ᠎ᠡ ᠱᠠᠲᠤᠨ᠎ᠤ ᠡᠯ᠎ᠡ ᠲᠥᠷᠥᠯ᠎ᠤᠨ ᠦᠵᠡᠭᠦᠯᠭᠡ ᠵᠢᠨ ᠲᠣᠭᠯᠠᠯᠲᠠ ᠵᠢ ᠬᠥᠨᠳᠡᠯᠡᠨ ᠵᠶ᠋ᠠᠷ ᠵᠣᠯᠭ᠋ᠠᠭᠤᠯᠤᠭᠰᠠᠨ᠂ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠶ᠋᠊ ᠤᠶᠠᠯᠳᠤᠭᠤᠯᠤᠨ ᠨᠢᠭᠡ ᠴᠣᠭᠴᠠᠵᠢᠭᠤᠯᠤᠭᠰᠠᠨ ᠰᠤᠷᠤᠭᠴᠢᠳ᠎ᠤᠨ ᠤᠷᠠᠯᠢᠭ᠎ᠤᠨ ᠦᠵᠡᠭᠦᠯᠭᠡ ᠵᠢᠨ ᠲᠣᠭᠲᠠᠴᠠ ᠵᠢ ᠪᠠᠶ᠋ᠢᠭᠤᠯᠵᠤ᠂ ᠪᠠᠭᠰᠢ ᠪᠠ ᠰᠤᠷᠤᠭᠴᠢᠳ ᠪᠦᠬᠦ ᠤᠯᠤᠰ᠎ᠤᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠵᠤ᠂ 《ᠵᠠᠯᠠᠭᠤ ᠨᠠᠰᠤᠨ᠎ᠳᠤ ᠪᠠᠨ ᠬᠤᠷᠠᠨ ᠴᠤᠭᠯᠠᠷᠠᠵᠤ ᠤᠮᠠᠷᠠᠲᠤ ᠬᠢᠯᠢ᠎ᠪᠠᠨ ᠮᠠᠭᠲᠠᠨ ᠳᠠᠭᠤᠯᠠᠬᠤ》 ᠰᠤᠷᠭ᠋ᠠᠭᠤᠯᠢ ᠵᠢᠨ ᠬᠦᠷᠢᠶᠡᠨ᠎ᠤ ᠳᠠᠭᠤᠴᠢᠨᠤ ᠤᠷᠤᠯᠳᠤᠭ᠋ᠠᠨ ᠵᠡᠷᠭᠡ ᠠᠯᠢ ᠣᠯᠠᠨ ᠨᠡᠷᠡᠲᠦ ᠲᠡᠮᠳᠡᠭᠲᠦ ᠵᠢᠨ ᠤᠷᠠᠯᠢᠭ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠰᠢᠯᠢᠳᠡᠭ ᠠᠮᠵᠢᠯᠲᠠ ᠣᠯᠤᠭᠰᠠᠨ ᠰᠤᠷᠭ᠋ᠠᠭᠤᠯᠢ ᠪᠠ ᠬᠤᠪᠢ ᠬᠥᠮᠦᠨ᠎ᠢ ᠱᠠᠩᠨᠠᠨ ᠬᠥᠬᠢᠭᠦᠯᠵᠦ᠂ ᠠᠵᠢᠯᠯᠠᠭ᠋ᠠᠨ᠎ᠤ ᠬᠠᠮᠤᠷᠬᠤ ᠬᠡᠪᠴᠢᠶ᠎ᠡ ᠵᠢ ᠲᠠᠰᠤᠷᠠᠯᠲᠠ ᠦᠭᠡᠢ ᠥᠷᠭᠡᠳᠬᠡᠨ᠂ ᠣᠷᠣᠯᠴᠠᠬᠤ ᠬᠡᠮᠵᠢᠶ᠎ᠡ ᠪᠠ ᠳᠡᠯᠭᠡᠨ ᠦᠵᠡᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
8. ᠡᠷᠬᠢᠮᠰᠦᠭ ᠤᠷᠠᠯᠢᠭ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠵᠤ ᠨᠥᠯᠥᠭᠡᠯᠡᠬᠦ ᠬᠦᠴᠦᠨ᠎ᠢ᠎ᠨᠢ ᠥᠷᠭᠡᠳᠬᠡᠨ᠎ᠡ᠃ ᠣᠯᠠᠨ ᠤᠯᠤᠰ᠂ ᠮᠤᠵᠢ ᠵᠢᠨ ᠬᠣᠭᠣᠷᠣᠨᠳᠣᠬᠢ᠂ ᠠᠶ᠋ᠢᠮᠠᠭ ᠬᠣᠲᠠ ᠵᠢᠨ ᠬᠣᠭᠣᠷᠣᠨᠳᠣᠬᠢ ᠵᠢᠴᠢ ᠶᠡᠬᠡ ᠳᠡᠭᠡᠳᠦ ᠰᠤᠷᠭ᠋ᠠᠭᠤᠯᠢ ᠵᠢᠨ ᠬᠣᠭᠣᠷᠣᠨᠳᠣᠬᠢ ᠭᠤᠸ᠎ᠠ ᠰᠠᠶ᠋ᠢᠬᠠᠨ᠎ᠤ ᠬᠥᠮᠦᠵᠢᠯ᠎ᠤᠨ ᠠᠵᠢᠯᠯᠠᠭ᠎ᠠ ᠵᠢᠨ ᠰᠣᠯᠢᠯᠴᠠᠭ᠋ᠠᠨ᠎ᠤ ᠦᠵᠡᠭᠦᠯᠭᠡ ᠵᠢ ᠠᠬᠢᠭᠤᠯᠤᠨ᠎ᠠ᠃ ᠤᠯᠤᠰ᠎ᠤᠨ ᠳᠡᠰ᠎ᠤᠨ ᠤᠷᠠᠯᠢᠭ᠎ᠤᠨ ᠬᠦᠷᠢᠶᠡᠯᠡᠩ ᠪᠦᠯᠬᠦᠮ ᠪᠣᠯᠤᠨ ᠰᠢᠯᠢᠳᠡᠭ ᠣᠷᠣᠨ ᠨᠤᠲᠤᠭ᠎ᠤᠨ ᠤᠷᠠᠯᠢᠭ᠎ᠤᠨ ᠬᠦᠷᠢᠶᠡᠯᠡᠩ ᠪᠦᠯᠬᠦᠮ ᠰᠤᠷᠭ᠋ᠠᠭᠤᠯᠢ᠎ᠳᠤ ᠭᠦᠨᠵᠡᠭᠡᠶ᠋ᠢᠷᠡᠨ ᠡᠷᠬᠢᠮᠰᠦᠭ ᠤᠷᠠᠯᠢᠭ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠥᠷᠨᠢᠭᠦᠯᠬᠦ ᠵᠢ ᠦᠷᠭᠦᠯᠵᠢᠯᠡᠨ ᠠᠬᠢᠭᠤᠯᠤᠨ᠎ᠠ᠃ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠦᠬᠦᠢ ᠤᠷᠠᠯᠢᠭ᠎ᠤᠨ ᠪᠦᠯᠬᠦᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠢᠨᠠᠷᠯᠢᠭ ᠮᠥᠷᠲᠡᠭᠡᠨ ᠰᠢᠯᠢᠳᠡᠭ ᠰᠤᠷᠤᠭᠴᠢ ᠵᠢᠨ ᠤᠷᠠᠯᠢᠭ᠎ᠤᠨ ᠪᠦᠯᠬᠦᠮ᠂ ᠵᠦᠴᠦᠭᠡ᠂ ᠪᠦᠲᠦᠭᠡᠯ᠎ᠢ ᠤᠯᠤᠰ᠎ᠤᠨ ᠳᠣᠲᠣᠭ᠋ᠠᠳᠤ᠂ ᠣᠯᠠᠨ ᠤᠯᠤᠰ᠎ᠯᠤᠭ᠎ᠠ ᠵᠢᠨ ᠰᠣᠯᠢᠯᠴᠠᠭ᠎ᠠ᠂ ᠦᠵᠡᠭᠦᠯᠭᠡ ᠵᠢᠨ ᠲᠣᠭᠯᠠᠯᠲᠠ ᠵᠢᠨ ᠠᠵᠢᠯᠯᠠᠭ᠎ᠠ᠎ᠳᠤ ᠣᠷᠣᠯᠴᠠᠭᠤᠯᠵᠤ᠂ ᠨᠡᠩ ᠣᠯᠠᠨ ᠰᠤᠷᠤᠭᠴᠢ᠎ᠳᠤ ᠳᠡᠷᠭᠡᠳᠡᠬᠢ ᠡᠷᠬᠢᠮᠰᠦᠭ ᠰᠣᠶᠣᠯ ᠤᠷᠠᠯᠢᠭ᠎ᠢ ᠮᠡᠳᠡᠷᠡᠭᠦᠯᠦᠨ᠎ᠡ᠃
(ᠳᠥᠷᠪᠡ) ᠰᠤᠷᠭ᠋ᠠᠭᠤᠯᠢ ᠵᠢᠨ ᠬᠦᠷᠢᠶᠡᠨ᠎ᠳᠤ ᠭᠤᠸ᠎ᠠ ᠰᠠᠶ᠋ᠢᠬᠠᠨ᠎ᠤ ᠰᠣᠶᠣᠯ᠎ᠢ ᠪᠣᠢ ᠪᠣᠯᠭ᠋ᠠᠬᠤ ᠠᠵᠢᠯᠯᠠᠭ᠎ᠠ
9. ᠰᠤᠷᠭ᠋ᠠᠭᠤᠯᠢ ᠵᠢᠨ ᠬᠦᠷᠢᠶᠡᠨ᠎ᠳᠤ ᠭᠤᠸ᠎ᠠ ᠰᠠᠶ᠋ᠢᠬᠠᠨ᠎ᠤ ᠬᠥᠮᠦᠵᠢᠯ᠎ᠤᠨ ᠰᠣᠶᠣᠯ᠎ᠤᠨ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠰᠤᠷᠭ᠋ᠠᠭᠤᠯᠢ ᠵᠢᠨ ᠬᠤᠩᠭᠢᠯ᠂ ᠠᠭᠤᠳᠠᠮ ᠲᠠᠯᠠᠪᠠᠢ᠂ ᠴᠣᠩᠬᠣᠷᠣᠭ᠂ ᠴᠡᠴᠡᠷᠯᠢᠭ ᠵᠡᠷᠭᠡ ᠣᠷᠣᠨ ᠵᠠᠢ ᠵᠢ ᠥᠷᠭᠡᠳᠬᠡᠵᠦ᠂ ᠰᠤᠷᠤᠭᠴᠢᠳ᠎ᠲᠤ ᠬᠡᠵᠢᠶ᠎ᠡ ᠴᠤ᠌ ᠭᠡᠰᠡᠨ᠂ ᠬᠠᠮᠢᠭ᠎ᠠ ᠴᠤ᠌ ᠭᠡᠰᠡᠨ ᠭᠤᠸ᠎ᠠ ᠰᠠᠶ᠋ᠢᠬᠠᠨ᠎ᠢ ᠮᠡᠳᠡᠷᠡᠭᠦᠯᠦᠨ᠎ᠡ᠃ ᠰᠤᠷᠭ᠋ᠠᠭᠤᠯᠢ ᠵᠢᠨ ᠬᠦᠷᠢᠶᠡᠨ᠎ᠤ ᠤᠷᠠᠯᠢᠭ᠎ᠤᠨ ᠦᠢ᠍ᠯᠡᠳᠦᠯᠭᠡ ᠵᠢᠨ ᠦᠢ᠍ᠯᠡᠳᠬᠡᠯ᠎ᠤᠨ ᠭᠠᠵᠠᠷ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠥᠷᠭᠡᠨ ᠳᠡᠯᠭᠡᠷ ᠣᠷᠣᠯᠴᠠᠭᠰᠠᠨ᠂ ᠢᠯᠡ ᠲᠣᠳᠣ ᠣᠨᠴᠠᠯᠢᠭ᠎ᠲᠠᠢ ᠰᠤᠷᠭ᠋ᠠᠭᠤᠯᠢ ᠵᠢᠨ ᠬᠦᠷᠢᠶᠡᠨ᠎ᠤ ᠨᠡᠷᠡᠲᠦ ᠲᠡᠮᠳᠡᠭᠲᠦ ᠪᠣᠯᠬᠤ ᠰᠤᠷᠤᠭᠴᠢᠳ᠎ᠤᠨ ᠤᠷᠠᠯᠢᠭ᠎ᠤᠨ ᠪᠦᠯᠬᠦᠮ᠎ᠢ ᠵᠣᠬᠢᠶᠠᠨ ᠪᠠᠶ᠋ᠢᠭᠤᠯᠵᠤ᠂ 《ᠣᠶᠤᠲᠠᠨ᠎ᠤ ᠤᠯᠠᠭ᠋ᠠᠨᠮᠥ᠋ᠴᠢᠷ》 ᠵᠡᠷᠭᠡ ᠤᠷᠠᠯᠢᠭ᠎ᠤᠨ ᠦᠢ᠍ᠯᠡᠳᠦᠯᠭᠡ ᠵᠢᠨ ᠨᠡᠶ᠋ᠢᠭᠡᠮ᠎ᠤᠨ ᠪᠦᠯᠬᠦᠮ᠎ᠤᠨ ᠠᠵᠢᠯᠯᠠᠭ᠎ᠠ ᠵᠢ ᠲᠦᠭᠡᠮᠡᠯᠵᠢᠭᠦᠯᠬᠦ ᠪᠠ ᠤᠬᠠᠭᠤᠯᠬᠤ ᠵᠢ ᠢᠳᠡᠪᠬᠢᠲᠡᠢ ᠠᠬᠢᠭᠤᠯᠵᠤ᠂ 《ᠰᠤᠷᠭ᠋ᠠᠭᠤᠯᠢ ᠪᠣᠯᠭ᠋ᠠᠨ᠎ᠳᠤ ᠨᠡᠶ᠋ᠢᠭᠡᠮ᠎ᠤᠨ ᠪᠦᠯᠬᠦᠮ᠎ᠲᠠᠢ᠂ ᠬᠥᠮᠦᠨ ᠪᠦᠬᠦᠨ ᠨᠡᠢ᠌ᠭᠡᠮ᠎ᠤᠨ ᠪᠥᠯᠬᠦᠮ᠎ᠳᠤ ᠣᠷᠣᠯᠴᠠᠬᠤ》 ᠬᠥᠮᠦᠨ ᠬᠥᠮᠦᠵᠢᠭᠦᠯᠬᠦ ᠬᠠᠨᠳᠤᠰᠢ ᠵᠢ ᠪᠡᠶᠡᠯᠡᠭᠦᠯᠵᠦ᠂ ᠰᠤᠷᠤᠭᠴᠢᠳ᠎ᠲᠤ ᠨᠡᠶ᠋ᠢᠭᠡᠮ᠎ᠤᠨ ᠪᠦᠯᠬᠦᠮ᠎ᠤᠨ ᠠᠵᠢᠯᠯᠠᠭ᠎ᠠ᠎ᠪᠠᠷ ᠳᠠᠮᠵᠢᠭᠤᠯᠤᠨ ᠤᠷᠠᠯᠢᠭ᠎ᠤᠨ ᠭᠤᠸ᠎ᠠ ᠰᠠᠶ᠋ᠢᠬᠠᠨ ᠢ ᠮᠡᠳᠡᠷᠡᠭᠦᠯᠵᠦ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢ ᠬᠥᠲᠥᠯᠥᠨ ᠳᠠᠶ᠋ᠢᠴᠢᠯᠠᠵᠤ ᠳᠡᠭᠡᠳᠦ ᠡᠷᠬᠢᠮᠰᠦᠭ᠂ ᠭᠣᠶᠣ ᠰᠠᠶ᠋ᠢᠬᠠᠨ᠂ ᠪᠥᠷᠢᠨ ᠲᠡᠭᠦᠯᠳᠡᠷ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠢ ᠪᠣᠢ ᠪᠣᠯᠭ᠋ᠠᠨ᠎ᠠ᠃
10. ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠨ᠎ᠠ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠪᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠣᠶᠣᠯ᠎ᠤᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠡᠬᠢ ᠪᠠᠶᠠᠯᠢᠭ᠎ᠢ ᠭᠦᠢ᠍ᠴᠡᠳ ᠢᠯᠡᠷᠡᠭᠦᠯᠵᠦ᠂ ᠴᠠᠭ ᠦᠶ᠎ᠡ᠎ᠳᠤ ᠵᠣᠬᠢᠴᠠᠭᠰᠠᠨ ᠠᠮᠢᠳᠤᠷᠠᠯ᠎ᠳᠤ ᠦᠨᠳᠦᠰᠦᠯᠡᠵᠦ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠣᠨᠴᠠᠯᠢᠭ᠎ᠢ ᠵᠢᠷᠤᠮᠯᠠᠨ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠪᠠ ᠤᠷᠠᠯᠢᠭ᠎ᠤᠨ ᠦᠢ᠍ᠯᠡᠳᠦᠯᠭᠡ ᠵᠢᠴᠢ ᠪᠡᠶᠡᠴᠢᠯᠡᠨ ᠣᠶ᠋ᠢᠯᠠᠭ᠋ᠠᠯᠲᠠ᠎ᠳᠤ ᠠᠭᠤᠰᠬᠠᠨ᠎ᠠ᠃ ᠳᠤᠮᠳᠠᠳᠤ ᠵᠢᠨ ᠤᠯᠠᠮᠵᠢᠯᠠᠯᠲᠤ ᠰᠢᠯᠢᠳᠡᠭ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠰᠤᠷᠭ᠋ᠠᠭᠤᠯᠢ᠂ ᠰᠠᠭᠤᠷᠢᠨ ᠭᠠᠵᠠᠷ᠎ᠢ ᠢᠳᠡᠪᠬᠢᠲᠡᠢ ᠪᠣᠶ᠋ᠢᠵᠢᠭᠤᠯᠵᠤ᠂ ᠬᠡᠰᠡᠭ ᠪᠦᠯᠦᠭ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠭᠠᠷᠭ᠋ᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠤᠯᠠᠷᠢᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠠᠬᠢᠭᠤᠯᠤᠨ᠎ᠠ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠤᠰ ᠭᠠᠵᠠᠷ ᠣᠷᠣᠨ᠂ ᠰᠤᠷᠭ᠋ᠠᠭᠤᠯᠢ ᠵᠢᠨ ᠳᠣᠲᠤᠨ᠎ᠠ ᠭᠠᠳᠠᠨᠠᠬᠢ ᠡᠬᠢ ᠪᠠᠶᠠᠯᠢᠭ᠎ᠢ ᠭᠦᠨᠵᠡᠭᠡᠢ ᠢᠯᠡᠷᠡᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠣᠣᠯ ᠰᠡᠳᠦᠪᠲᠦ ᠬᠢᠴᠢᠶᠡᠯ ᠪᠣᠯᠤᠨ ᠦᠢ᠍ᠯᠡᠳᠦᠯᠭᠡ ᠵᠢᠨ ᠠᠵᠢᠯᠯᠠᠭ᠎ᠠ ᠵᠢ ᠢᠳᠡᠪᠬᠢᠲᠡᠢ ᠨᠡᠭᠡᠭᠡᠨ ᠬᠥᠭᠵᠢᠭᠦᠯᠵᠦ᠂ ᠰᠤᠷᠤᠭᠴᠢᠳ ᠨᠡᠶ᠋ᠢᠭᠡᠮ᠎ᠤᠨ ᠪᠦᠯᠬᠦᠮ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭ᠋ᠠᠮᠵᠢᠯᠠᠬᠤ᠎ᠳᠤ ᠣᠷᠣᠯᠴᠠᠬᠤ ᠵᠢ ᠵᠣᠷᠢᠭᠵᠢᠭᠤᠯᠤᠨ ᠳᠡᠮᠵᠢᠵᠦ᠂ ᠰᠤᠷᠤᠭᠴᠢᠳ᠎ᠤᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠤᠷᠠᠯᠢᠭ ᠪᠣᠯᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠦᠵᠡᠯ ᠤᠬᠠᠮᠰᠠᠷ᠎ᠢ ᠬᠥᠮᠥᠵᠢᠭᠦᠯᠦᠨ᠎ᠡ᠃
(ᠲᠠᠪᠤ) ᠭᠤᠸ᠎ᠠ ᠰᠠᠶ᠋ᠢᠬᠠᠨ᠎ᠤ ᠬᠥᠮᠦᠵᠢᠯ᠎ᠢ ᠦᠨᠡᠯᠡᠬᠦ ᠲᠣᠭᠲᠠᠴᠠ ᠵᠢ ᠰᠢᠯᠢᠳᠡᠭᠵᠢᠭᠦᠯᠬᠦ ᠠᠵᠢᠯᠯᠠᠭ᠎ᠠ
11. ᠳᠤᠮᠳᠠᠳᠤ ᠪᠠᠭ᠎ᠠ ᠰᠤᠷᠭ᠋ᠠᠭᠤᠯᠢ ᠵᠢᠨ ᠤᠷᠠᠯᠢᠭ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠠᠬᠢᠭᠤᠯᠤᠨ᠎ᠠ᠃ ᠤᠷᠠᠯᠢᠭ᠎ᠤᠨ ᠦᠨᠡᠯᠡᠯᠲᠡ ᠵᠢᠨ ᠳᠦᠷᠢᠮ᠎ᠢ ᠲᠡᠭᠦᠯᠳᠡᠷᠵᠢᠭᠦᠯᠵᠦ᠂ ᠦᠨᠡᠯᠡᠬᠦ ᠤᠳᠤᠷᠢᠳᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠰᠤᠷᠤᠭᠴᠢᠳ᠎ᠤᠨ ᠦᠰᠦᠨ ᠪᠣᠶ᠋ᠢᠵᠢᠯᠲᠠ ᠵᠢ ᠠᠩᠬᠠᠷᠴᠤ᠂ ᠰᠤᠷᠤᠭᠴᠢᠳ᠎ᠤᠨ ᠳᠤᠷ᠎ᠠ ᠰᠣᠨᠢᠷᠬᠠᠯ ᠪᠠ ᠥᠪᠡᠷᠮᠢᠴᠡ ᠣᠨᠴᠠᠯᠢᠭ᠎ᠢ ᠬᠦᠨᠳᠦᠳᠬᠡᠨ ᠬᠠᠮᠠᠭ᠋ᠠᠯᠠᠬᠤ᠎ᠪᠠᠷ ᠭᠣᠣᠯᠳᠠᠯᠭ᠎ᠠ ᠪᠣᠯᠭ᠋ᠠᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠤᠷᠠᠯᠢᠭ᠎ᠤᠨ ᠬᠡᠪ ᠴᠢᠨᠠᠷ᠎ᠢ ᠬᠢᠨᠠᠨ ᠲᠣᠭᠲᠠᠭ᠋ᠠᠬᠤ ᠠᠵᠢᠯ᠎ᠢ ᠢᠳᠡᠪᠬᠢᠲᠡᠢ ᠠᠬᠢᠭᠤᠯᠵᠤ᠂ ᠶᠠᠪᠤᠴᠠ ᠵᠢᠨ ᠦᠨᠡᠯᠡᠯᠲᠡ ᠪᠣᠯᠤᠨ ᠦᠷ᠎ᠡ ᠳ᠋ᠦᠩ᠎ᠤᠨ ᠦᠨᠡᠯᠡᠯᠲᠡ ᠵᠢ ᠬᠠᠷᠢᠯᠴᠠᠨ ᠤᠶᠠᠯᠳᠤᠭᠤᠯᠬᠤ ᠵᠢ ᠴᠢᠬᠤᠯᠠᠴᠢᠯᠠᠨ᠂ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ᠎ᠳᠤ ᠣᠷᠣᠭᠤᠯᠵᠤ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠦᠨᠡᠯᠡᠯᠲᠡ ᠵᠢᠨ ᠤᠳᠤᠷᠢᠳᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃
12. ᠶᠡᠬᠡ ᠳᠡᠭᠡᠳᠦ ᠰᠤᠷᠭ᠋ᠠᠭᠤᠯᠢ ᠵᠢᠨ ᠣᠯᠠᠨ ᠨᠡᠶ᠋ᠢᠲᠡ ᠵᠢᠨ ᠤᠷᠠᠯᠢᠭ᠎ᠤᠨ ᠬᠢᠴᠢᠶᠡᠯ᠎ᠢ ᠦᠨᠡᠯᠡᠨ ᠵᠢᠱ᠌ᠢᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠶᠡᠬᠡ ᠳᠡᠭᠡᠳᠦ ᠰᠤᠷᠭ᠋ᠠᠭᠤᠯᠢ ᠵᠢᠨ ᠣᠯᠠᠨ ᠨᠡᠶ᠋ᠢᠲᠡ ᠵᠢᠨ ᠤᠷᠠᠯᠢᠭ᠎ᠤᠨ ᠬᠢᠴᠢᠶᠡᠯ᠎ᠢ ᠴᠢᠳᠠᠪᠤᠷᠢᠲᠠᠨ ᠬᠥᠮᠦᠵᠢᠭᠦᠯᠬᠦ ᠲᠥᠰᠦᠯ᠎ᠳᠤ ᠣᠷᠣᠭᠤᠯᠬᠤ ᠦᠨᠳᠦᠰᠦᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠭᠤᠸ᠎ᠠ ᠰᠠᠶ᠋ᠢᠬᠠᠨ᠎ᠤ ᠬᠡᠪ ᠪᠣᠯᠪᠠᠰᠤᠷᠠᠯ ᠪᠠ ᠰᠢᠨ᠎ᠡ ᠵᠢ ᠡᠭᠦᠳᠬᠦ ᠤᠬᠠᠮᠰᠠᠷ᠎ᠢ ᠬᠥᠮᠦᠵᠢᠭᠦᠯᠬᠦ ᠪᠠ ᠦᠨᠡᠯᠡᠬᠦ ᠵᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠠᠵᠢᠯ᠎ᠢ ᠦᠨᠡᠯᠡᠨ ᠵᠢᠱ᠌ᠢᠬᠦ ᠪᠠᠷᠢᠮᠵᠢᠶᠠᠵᠢᠭᠤᠯᠤᠭᠰᠠᠨ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢ ᠪᠠᠢ᠌ᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠣᠯᠠᠨ ᠨᠡᠶ᠋ᠢᠲᠡ ᠵᠢᠨ ᠤᠷᠠᠯᠢᠭ᠎ᠤᠨ ᠬᠢᠴᠢᠶᠡᠯ᠎ᠢ ᠨᠡᠭᠡᠭᠡᠭᠰᠡᠨ ᠪᠠᠶ᠋ᠢᠳᠠᠯ᠎ᠢ ᠪᠠᠶ᠋ᠢᠴᠠᠭ᠋ᠠᠨ ᠰᠣᠳᠤᠯᠵᠤ᠂ ᠬᠢᠨᠠᠨ ᠵᠢᠯᠣᠭᠣᠳᠬᠤ ᠪᠠ ᠰᠢᠯᠭ᠋ᠠᠨ ᠦᠨᠡᠯᠡᠬᠦ ᠠᠵᠢᠯ᠎ᠢ ᠶᠠᠪᠤᠭᠳᠠᠭᠤᠯᠤᠨ᠎ᠠ᠃
13. ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠪᠠᠭᠰᠢ ᠵᠢᠨ ᠮᠣᠷᠠᠯ ᠰᠤᠷᠲᠠᠯ᠎ᠢ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢ ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠭ᠋ᠠᠵᠤ᠂ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠦᠨᠡᠯᠡᠬᠦ ᠴᠢᠬᠤᠯᠠ ᠦᠨᠳᠦᠰᠦᠯᠡᠯ ᠪᠣᠯᠭ᠋ᠠᠨ᠂ ᠬᠥᠮᠦᠨ ᠬᠥᠮᠦᠵᠢᠭᠦᠯᠦᠭᠰᠡᠨ ᠦᠷ᠎ᠡ ᠪᠦᠲᠦᠮᠵᠢ ᠵᠢ ᠦᠨᠡᠯᠡᠵᠦ ᠬᠢᠨᠠᠨ ᠪᠠᠢ᠌ᠴᠠᠭ᠋ᠠᠬᠤ ᠦᠷ᠎ᠡ ᠳ᠋ᠦᠩ ᠪᠣᠯᠭ᠋ᠠᠵᠤ᠂ ᠤᠷᠠᠯᠢᠭ᠎ᠤᠨ ᠰᠢᠨᠵᠢᠯᠡᠭᠡᠨ᠎ᠤ ᠰᠠᠯᠠᠭ᠋ᠠᠨ᠎ᠤ ᠪᠠᠭᠰᠢ ᠵᠢᠨ ᠬᠡᠪ ᠴᠢᠨᠠᠷ ᠪᠠ ᠴᠢᠳᠠᠪᠤᠷᠢ ᠵᠢ ᠬᠢᠨᠠᠨ ᠪᠠᠢ᠌ᠴᠠᠭ᠋ᠠᠬᠤ ᠠᠵᠢᠯ᠎ᠢ ᠥᠷᠨᠢᠭᠦᠯᠦᠨ᠎ᠡ᠃ ᠤᠷᠠᠯᠢᠭ᠎ᠤᠨ ᠪᠠᠭᠰᠢ ᠵᠢᠨ ᠠᠵᠢᠯ᠎ᠤᠨ ᠬᠢᠷᠢ ᠪᠦᠲᠦᠮᠵᠢ ᠵᠢᠨ ᠴᠠᠯᠢᠩ᠂ ᠰᠢᠯᠭ᠋ᠠᠨ ᠬᠢᠨᠠᠵᠤ ᠦᠨᠡᠯᠡᠬᠦ ᠲᠣᠭᠲᠠᠴᠠ ᠪᠠ ᠮᠡᠷᠭᠡᠵᠢᠯ᠎ᠤᠨ ᠴᠣᠯᠠ ᠲᠣᠭᠲᠠᠭ᠋ᠠᠵᠤ ᠤᠷᠢᠬᠤ ᠪᠠᠷᠢᠮᠵᠢᠶ᠎ᠠ ᠵᠢ ᠰᠢᠯᠢᠳᠡᠭᠵᠢᠭᠦᠯᠬᠦ ᠵᠢᠨ ᠬᠠᠮᠲᠤ ᠲᠡᠭᠦᠯᠳᠡᠷᠵᠢᠭᠦᠯᠵᠦ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢᠨ ᠲᠤᠰᠢᠶᠠᠯ᠎ᠤᠨ ᠮᠡᠷᠭᠡᠵᠢᠯ᠎ᠤᠨ ᠴᠣᠯᠠ ᠵᠢ ᠳᠡᠪᠰᠢᠭᠦᠯᠬᠦ᠂ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠢ ᠦᠨᠡᠯᠡᠨ ᠲᠣᠭᠲᠠᠭ᠋ᠠᠬᠤ ᠵᠡᠷᠭᠡ ᠲᠠᠯ᠎ᠠ᠎ᠪᠠᠷ ᠪᠤᠰᠤᠳ ᠰᠢᠨᠵᠢᠯᠡᠭᠡᠨ᠎ᠤ ᠰᠠᠯᠠᠭ᠋ᠠᠨ᠎ᠤ ᠪᠠᠭᠰᠢ᠎ᠲᠠᠢ ᠠᠳᠠᠯᠢ ᠲᠡᠭᠰᠢ ᠬᠠᠷᠠᠭ᠋ᠠᠯᠵᠠᠯ ᠬᠦᠷᠲᠡᠬᠦ ᠵᠢ ᠦᠨᠡᠨ ᠬᠦ᠌ ᠪᠠᠲᠤᠯᠠᠨ᠎ᠠ᠃ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠰᠤᠷᠭ᠋ᠠᠭᠤᠯᠢ᠎ᠠᠴᠠ ᠲᠣᠬᠢᠷᠠᠭᠤᠯᠤᠭᠰᠠᠨ ᠤᠷᠠᠯᠢᠭ᠎ᠤᠨ ᠨᠡᠶ᠋ᠢᠭᠡᠮ᠎ᠤᠨ ᠪᠦᠯᠬᠦᠮ᠎ᠤᠨ ᠵᠢᠯᠣᠭᠣᠳᠤᠯᠭ᠎ᠠ᠂ ᠬᠢᠴᠢᠶᠡᠯ᠎ᠤᠨ ᠭᠠᠳᠠᠨᠠᠬᠢ ᠠᠵᠢᠯᠯᠠᠭ᠎ᠠ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠪᠠ ᠶᠠᠪᠤᠵᠤ ᠪᠠᠭᠰᠢᠯᠠᠬᠤ ᠵᠢᠴᠢ ᠰᠤᠷᠭ᠋ᠠᠨ ᠬᠥᠮᠦᠵᠢᠯ ᠢ ᠳᠡᠮᠵᠢᠬᠦ ᠵᠢ ᠡᠭᠦᠷᠭᠡᠯᠡᠵᠦ ᠪᠠᠢ᠌ᠭ᠎ᠠ ᠪᠠᠢ᠌ᠳᠠᠯ᠎ᠢ ᠠᠵᠢᠯ᠎ᠤᠨ ᠬᠡᠮᠵᠢᠶ᠎ᠡ᠎ᠳᠤ ᠪᠣᠳᠣᠵᠤ ᠣᠷᠣᠭᠤᠯᠤᠨ᠎ᠠ᠃ ᠵᠢᠭ᠋ᠠᠬᠤ ᠵᠢ ᠰᠤᠳᠤᠯᠬᠤ ᠠᠵᠢᠯ᠎ᠤᠨ ᠰᠢᠨᠵᠢ ᠴᠢᠨᠠᠷ ᠪᠠ ᠣᠨᠴᠠᠯᠢᠭ᠎ᠢ ᠦᠨᠳᠦᠰᠦᠯᠡᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠬᠤ ᠵᠢ ᠰᠤᠳᠤᠯᠤᠭᠴᠢ ᠵᠢ ᠦᠨᠡᠯᠡᠬᠦ ᠠᠷᠭ᠎ᠠ ᠵᠢ ᠲᠡᠭᠦᠯᠳᠡᠷᠵᠢᠭᠦᠯᠦᠨ᠎ᠡ᠃
(ᠵᠢᠷᠭᠤᠭ᠎ᠠ) ᠬᠥᠳᠡᠭᠡ ᠲᠣᠰᠬᠣᠨ᠎ᠤ ᠭᠤᠸ᠎ᠠ ᠰᠠᠶ᠋ᠢᠬᠠᠨ᠎ᠤ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠬᠥᠭᠵᠢᠭᠦᠯᠬᠦ ᠠᠵᠢᠯᠯᠠᠭ᠎ᠠ
14. ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠵᠢᠭ᠋ᠠᠨ ᠵᠢᠯᠣᠭᠣᠳᠬᠤ᠂ ᠠᠶ᠋ᠢᠮᠠᠭ ᠬᠣᠲᠠ ᠨᠢᠭᠡᠳᠦᠯᠲᠡᠢ ᠲᠥᠯᠥᠪᠯᠡᠬᠦ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠰᠢᠯᠢᠳᠡᠭ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢᠨ ᠰᠢᠯᠵᠢᠮᠡᠯ ᠬᠢᠴᠢᠶᠡᠯ ᠣᠷᠣᠬᠤ ᠪᠤᠶᠤ ᠲᠤᠰᠢᠶᠠᠯ ᠬᠠᠪᠰᠤᠷᠭ᠋ᠠᠭᠰᠠᠨ ᠠᠵᠢᠯ᠎ᠤᠨ ᠲᠣᠭᠲᠠᠴᠠ ᠵᠢ ᠰᠦᠪᠡᠭᠴᠢᠯᠡᠵᠦ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠡᠬᠢ ᠪᠠᠶᠠᠯᠢᠭ᠎ᠢ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ ᠵᠢ ᠠᠬᠢᠭᠤᠯᠤᠨ᠎ᠠ᠃ 《ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠎ᠠ》 ᠵᠢᠨ ᠲᠣᠭᠲᠠᠴᠠ᠎ᠳᠤ ᠲᠦᠰᠢᠭᠯᠡᠨ᠂ ᠬᠣᠰᠢᠭᠤ ᠰᠢᠶᠠᠨ (ᠬᠣᠲᠠ᠂ ᠲᠣᠭᠣᠷᠢᠭ)᠂ ᠬᠥᠳᠡᠭᠡ ᠲᠣᠰᠬᠣᠨ᠎ᠤ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢ ᠲᠤᠰᠬᠠᠢ ᠵᠦᠢ᠍ᠯ ᠵᠶ᠋ᠠᠷ ᠬᠠᠪᠰᠤᠷᠤᠨ ᠲᠡᠳᠬᠦᠬᠦ ᠪᠣᠯᠪᠠᠰᠤᠷᠠᠭᠤᠯᠤᠯ᠎ᠢ ᠥᠷᠨᠢᠭᠦᠯᠵᠦ᠂ ᠬᠥᠳᠡᠭᠡ ᠲᠣᠰᠬᠣᠨ᠎ᠤ ᠰᠤᠷᠭ᠋ᠠᠭᠤᠯᠢ ᠵᠢᠨ ᠡᠯ᠎ᠡ ᠬᠢᠴᠢᠶᠡᠯ ᠲᠥᠷᠥᠯ᠎ᠤᠨ ᠠᠵᠢᠯ ᠵᠢᠨ ᠪᠠᠢ᠌ᠷᠢ᠎ᠳᠤ ᠪᠠᠶ᠋ᠢᠭ᠎ᠠ ᠪᠠᠭᠰᠢ᠎ᠳᠤ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠣᠯᠪᠠᠰᠤᠷᠠᠭᠤᠯᠤᠯ ᠥᠷᠨᠢᠭᠦᠯᠬᠦ ᠵᠢ ᠵᠣᠷᠢᠭᠵᠢᠭᠤᠯᠤᠨ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠨ ᠰᠤᠷᠭ᠋ᠠᠯᠲᠠ ᠪᠣᠯᠤᠨ ᠠᠵᠢᠯᠯᠠᠭ᠎ᠠ ᠵᠢ ᠵᠢᠯᠣᠭᠣᠳᠬᠤ ᠵᠢ ᠡᠭᠦᠷᠭᠡᠯᠡᠵᠦ ᠳᠡᠢ᠌ᠯᠬᠦᠢ᠌ᠴᠡ ᠲᠤᠰᠢᠶᠠᠯ ᠬᠠᠪᠰᠤᠷᠭ᠋ᠠᠭᠰᠠᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢ ᠬᠥᠮᠦᠵᠢᠭᠦᠯᠦᠨ᠎ᠡ᠃ ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ ᠵᠢᠨ ᠰᠣᠯᠢᠯᠴᠠᠭ᠋ᠠᠨ᠎ᠤ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠵᠦ᠂ ᠬᠥᠳᠡᠭᠡ ᠲᠣᠰᠬᠣᠨ᠎ᠤ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
15. ᠶᠡᠬᠡ ᠳᠡᠭᠡᠳᠦ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠢ ᠬᠠᠪᠰᠤᠷᠤᠨ ᠲᠡᠳᠬᠦᠬᠦ ᠠᠵᠢᠯᠯᠠᠭ᠎ᠠ ᠵᠢ ᠠᠬᠢᠭᠤᠯᠤᠨ᠎ᠠ᠃ ᠣᠷᠣᠨ᠎ᠤ ᠳᠣᠲᠤᠨ᠎ᠠ ᠭᠠᠳᠠᠨᠠᠬᠢ ᠶᠡᠬᠡ ᠳᠡᠭᠡᠳᠦ ᠰᠤᠷᠭ᠋ᠠᠭᠤᠯᠢ ᠪᠣᠯᠤᠨ ᠠᠶ᠋ᠢᠮᠠᠭ ᠬᠣᠲᠠ ᠬᠣᠰᠢᠭᠤ ᠰᠢᠶᠠᠨ (ᠬᠣᠲᠠ᠂ ᠲᠣᠭᠣᠷᠢᠭ)᠂ ᠰᠢᠶᠠᠩ ᠲᠣᠰᠬᠣᠨ᠎ᠤ ᠳᠤᠮᠳᠠᠳᠤ ᠪᠠᠭ᠎ᠠ ᠰᠤᠷᠭ᠋ᠠᠭᠤᠯᠢ᠎ᠯᠤᠭ᠎ᠠ 《ᠭᠠᠷ ᠬᠣᠯᠪᠣᠵᠤ᠂ ᠬᠣᠷᠰᠢᠶᠠᠯᠠᠬᠤ》 ᠰᠣᠯᠢᠯᠴᠠᠬᠤ ᠪᠠ ᠬᠠᠪᠰᠤᠷᠤᠨ ᠲᠡᠳᠬᠦᠬᠦ ᠲᠣᠭᠲᠠᠴᠠ ᠵᠢ ᠪᠠᠢ᠌ᠭᠤᠯᠤᠨ᠎ᠠ᠃ ᠥᠪᠥᠷ ᠮᠣᠩᠭᠣᠯ᠎ᠤᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠣᠯᠪᠠᠰᠤᠷᠠᠯ᠎ᠤᠨ ᠯᠧᠺᠲ᠋ᠣᠷ᠎ᠤᠨ ᠪᠦᠯᠬᠦᠮ᠎ᠢ ᠵᠣᠬᠢᠶᠠᠨ ᠪᠠᠶ᠋ᠢᠭᠤᠯᠵᠤ᠂ ᠨᠡᠩ ᠣᠯᠠᠨ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ᠎ᠢ ᠬᠣᠰᠢᠭᠤ ᠰᠢᠶᠠᠨ (ᠬᠣᠲᠠ᠂ ᠲᠣᠭᠣᠷᠢᠭ) ᠪᠠ ᠬᠥᠳᠡᠭᠡ ᠲᠣᠰᠬᠣᠨ᠎ᠤ ᠰᠤᠷᠭ᠋ᠠᠭᠤᠯᠢ᠎ᠳᠤ ᠣᠴᠢᠭᠤᠯᠵᠤ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠤᠨ ᠵᠢᠭ᠋ᠠᠨ ᠰᠤᠷᠭ᠋ᠠᠯᠲᠠ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ᠂ ᠤᠷᠠᠯᠢᠭ᠎ᠤᠨ ᠦᠢ᠍ᠯᠡᠳᠦᠯᠭᠡ ᠵᠢᠨ ᠠᠵᠢᠯᠯᠠᠭ᠎ᠠ᠂ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠨᠢᠭᠡᠳᠦᠯᠲᠡᠢ ᠲᠥᠯᠥᠪᠯᠡᠨ ᠬᠠᠪᠰᠤᠷᠤᠨ ᠲᠡᠳᠬᠦᠵᠦ᠂ ᠦᠷᠭᠦᠯᠵᠢᠯᠡᠨ ᠲᠣᠭᠲᠠᠭᠤᠨ ᠪᠥᠭᠡᠳ ᠬᠠᠨᠳᠤᠯᠭ᠎ᠠ᠎ᠲᠠᠢ ᠨᠥᠯᠥᠭᠡᠯᠡᠨ ᠳᠠᠶ᠋ᠢᠴᠢᠯᠠᠬᠤ ᠪᠠ ᠰᠠᠶ᠋ᠢᠨ ᠳᠤᠷ᠎ᠠ ᠵᠢᠨ ᠦᠢ᠍ᠯᠡᠴᠢᠯᠡᠭᠡ ᠬᠠᠩᠭ᠋ᠠᠵᠤ᠂ ᠬᠥᠳᠡᠭᠡ ᠲᠣᠰᠬᠣᠨ᠎ᠤ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠨ᠎ᠡ᠃
(ᠳᠤᠯᠤᠭ᠎ᠠ) ᠭᠤᠸ᠎ᠠ ᠰᠠᠶ᠋ᠢᠬᠠᠨ᠎ᠤ ᠬᠥᠮᠦᠵᠢᠯ᠎ᠤᠨ ᠣᠶᠤᠨᠴᠢ ᠰᠤᠷᠭ᠋ᠠᠨ ᠬᠥᠮᠦᠵᠢᠯ᠎ᠤᠨ ᠡᠨᠧᠷᠭᠢ ᠣᠯᠭᠣᠬᠤ ᠠᠵᠢᠯᠯᠠᠭ᠎ᠠ
16. ᠣᠶᠤᠨᠴᠢ ᠰᠤᠷᠭ᠋ᠠᠨ ᠬᠥᠮᠦᠵᠢᠯ᠎ᠨᠢ ᠭᠤᠸ᠎ᠠ ᠰᠠᠶ᠋ᠢᠬᠠᠨ᠎ᠤ ᠬᠥᠮᠦᠵᠢᠯ᠎ᠳᠤ ᠡᠨᠧᠷᠭᠢ ᠣᠯᠭᠣᠨ᠎ᠠ᠃ ᠲᠣᠭ᠋ᠠᠵᠢᠭᠰᠠᠨ ᠮᠡᠷᠭᠡᠵᠢᠯ ᠵᠶ᠋ᠠᠷ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ ᠳᠤ ᠡᠨᠧᠷᠭᠢ ᠣᠯᠭᠣᠵᠤ᠂ ᠵᠢᠭ᠋ᠠᠨ ᠰᠤᠷᠭ᠋ᠠᠯᠲᠠ ᠵᠢᠨ ᠠᠭᠤᠯᠭ᠎ᠠ ᠵᠢ ᠠᠮᠢᠳᠤᠯᠢᠭᠵᠢᠭᠤᠯᠵᠤ᠂ ᠤᠷᠠᠯᠢᠭ᠎ᠤᠨ ᠪᠡᠶᠡᠴᠢᠯᠡᠨ ᠣᠶ᠋ᠢᠯᠠᠭ᠋ᠠᠯᠲᠠ ᠵᠢ ᠪᠠᠶᠠᠯᠢᠭᠵᠢᠭᠤᠯᠤᠨ᠂ ᠵᠢᠭ᠋ᠠᠨ ᠰᠤᠷᠭ᠋ᠠᠯᠲᠠ ᠵᠢᠨ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠵᠢ ᠪᠡᠶᠡᠯᠡᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠶᠤᠨᠴᠢ ᠰᠤᠷᠭ᠋ᠠᠨ ᠬᠥᠮᠦᠵᠢᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠨ ᠰᠤᠷᠭ᠋ᠠᠯᠲᠠ᠂ ᠦᠵᠡᠭᠦᠯᠭᠡ ᠵᠢᠨ ᠲᠣᠭᠯᠠᠯᠲᠠ᠂ ᠦᠢ᠍ᠯᠡᠳᠦᠯᠴᠡᠵᠦ ᠪᠡᠶᠡᠴᠢᠯᠡᠨ ᠣᠶ᠋ᠢᠯᠠᠭ᠋ᠠᠬᠤ ᠵᠡᠷᠭᠡ ᠴᠢᠨᠠᠷᠯᠢᠭ ᠭᠤᠸ᠎ᠠ ᠰᠠᠶ᠋ᠢᠬᠠᠨ ᠤ ᠬᠥᠮᠦᠵᠢᠯ᠎ᠤᠨ ᠲᠣᠭ᠋ᠠᠵᠢᠭᠰᠠᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠦᠨ᠎ᠡ᠃ ᠰᠢᠯᠢᠳᠡᠭ ᠭᠤᠸ᠎ᠠ ᠰᠠᠶ᠋ᠢᠬᠠᠨ᠎ᠤ ᠬᠥᠮᠦᠵᠢᠯ᠎ᠤᠨ ᠦᠢ᠍ᠯᠡᠳᠦᠯᠭᠡ ᠵᠢᠨ ᠠᠵᠢᠯᠯᠠᠭ᠎ᠠ᠂ ᠰᠢᠯᠢᠳᠡᠭ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠰᠢᠯᠢᠳᠡᠭ ᠪᠢᠴᠢᠯ ᠬᠢᠴᠢᠶᠡᠯ (ᠰᠦᠯᠵᠢᠶᠡᠨ᠎ᠤ ᠬᠢᠴᠢᠶᠡᠯ) ᠵᠡᠷᠭᠡ ᠴᠢᠨᠠᠷᠯᠢᠭ ᠰᠦᠯᠵᠢᠶᠡᠨ᠎ᠤ ᠡᠬᠢ ᠪᠠᠶᠠᠯᠢᠭ᠎ᠢ ᠬᠠᠮᠲᠤ᠎ᠳᠤ᠎ᠪᠠᠨ ᠪᠠᠶ᠋ᠢᠭᠤᠯᠵᠤ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ ᠵᠢ ᠴᠢᠩᠭ᠋ᠠᠳᠬᠠᠵᠤ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠡᠬᠢ ᠪᠠᠶᠠᠯᠢᠭ ᠪᠠᠭᠤᠷᠠᠢ ᠭᠠᠵᠠᠷ ᠣᠷᠣᠨ᠎ᠤ ᠳᠤᠲᠠᠭᠤᠳᠠᠯ᠎ᠢ ᠨᠥᠬᠥᠪᠥᠷᠢᠯᠡᠨ᠎ᠡ᠃
17. ᠪᠥᠬᠦ ᠬᠥᠮᠦᠰ᠎ᠲᠤ ᠬᠠᠨᠳᠤᠭᠤᠯᠤᠭᠰᠠᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠰᠦᠯᠵᠢᠶᠡᠨ᠎ᠤ ᠲᠠᠪᠴᠠᠩ᠎ᠢ ᠪᠠᠶ᠋ᠢᠭᠤᠯᠤᠨ᠎ᠠ᠃ ᠤᠷᠠᠯᠢᠭ᠎ᠤᠨ ᠵᠦᠢ᠍ᠯ᠎ᠤᠨ ᠳᠡᠯᠭᠡᠨ ᠦᠵᠡᠭᠦᠯᠬᠦ ᠪᠠ ᠤᠷᠤᠯᠳᠤᠭ᠋ᠠᠨ ᠵᠶ᠋ᠠᠷ ᠦᠨᠡᠯᠡᠬᠦ ᠵᠡᠷᠭᠡ ᠦᠢ᠍ᠯᠡᠳᠦᠯᠭᠡ ᠵᠢᠨ ᠲᠥᠷᠦᠯ᠎ᠤᠨ ᠰᠢᠨᠵᠢᠯᠡᠭᠡᠨ᠎ᠤ ᠰᠠᠯᠠᠭ᠋ᠠᠨ ᠤ ᠣᠨᠴᠠᠯᠢᠭ᠎ᠢ ᠭᠦᠢ᠍ᠴᠡᠳ ᠪᠠᠳᠠᠷᠠᠭᠤᠯᠵᠤ᠂ ᠡᠭᠦᠯᠡᠨ ᠦᠵᠦᠭᠦᠷ᠎ᠤᠨ ᠳᠠᠪᠴᠠᠩ᠂ ᠨᠡᠷᠡᠲᠦ ᠪᠠᠭᠰᠢ ᠵᠢᠨ ᠬᠢᠴᠢᠶᠡᠯᠯᠡᠭᠡ ᠵᠡᠷᠭᠡ ᠪᠤᠯᠤᠩ᠎ᠢ ᠪᠠᠢ᠌ᠭᠤᠯᠵᠤ᠂ ᠰᠦᠯᠵᠢᠶᠡᠨ᠎ᠳᠤ ᠰᠢᠯᠭ᠋ᠠᠷᠠᠭᠤᠯᠬᠤ᠂ ᠰᠤᠷᠤᠭᠴᠢᠳ ᠦᠢ᠍ᠯᠡᠳᠦᠯᠴᠡᠬᠦ ᠵᠡᠷᠭᠡ ᠠᠵᠢᠯᠯᠠᠭ᠎ᠠ ᠵᠢ ᠥᠷᠨᠢᠭᠦᠯᠵᠦ᠂ ᠤᠷᠠᠯᠢᠭ᠎ᠤᠨ ᠲᠥᠷᠥᠯ ᠵᠦᠢ᠍ᠯ᠎ᠳᠤ ᠥᠩᠭᠡ ᠪᠤᠳᠤᠭ ᠨᠡᠮᠡᠷᠢᠯᠡᠨ᠂ ᠤᠯᠠᠮᠵᠢᠯᠠᠬᠤ ᠬᠤᠷᠳᠤᠴᠠ ᠵᠢ ᠲᠦᠷᠭᠡᠳᠬᠡᠵᠦ᠂ ᠡᠯ᠎ᠡ ᠲᠥᠷᠥᠯ᠎ᠤᠨ ᠠᠵᠢᠯᠯᠠᠭ᠋ᠠᠨ᠎ᠤ ᠳᠠᠪᠲᠠᠮᠵᠢ ᠤᠳᠠᠭ᠎ᠠ᠂ ᠲᠣᠭ᠎ᠠ ᠬᠡᠮᠵᠢᠶ᠎ᠡ ᠪᠣᠯᠤᠨ ᠨᠥᠯᠦᠭᠡᠯᠡᠬᠦ ᠬᠦᠴᠦᠨ᠎ᠢ ᠴᠢᠩᠭ᠋ᠠᠷᠠᠭᠤᠯᠤᠨ᠎ᠠ᠃ ᠡᠭᠦᠨ᠎ᠤ ᠬᠠᠮᠲᠤ ᠰᠦᠯᠵᠢᠶᠡᠨ ᠭᠠᠳᠠᠨᠠᠬᠢ ᠰᠢᠯᠢᠳᠡᠭᠵᠢᠭᠦᠯᠵᠦ ᠬᠥᠭᠵᠢᠭᠦᠯᠵᠦ ᠪᠠᠶ᠋ᠢᠩᠭᠤᠵᠢᠭᠤᠯᠤᠭᠰᠠᠨ ᠰᠤᠷᠭ᠋ᠠᠭᠤᠯᠢ ᠵᠢᠨ ᠪᠠᠭᠰᠢ ᠰᠤᠷᠤᠭᠴᠢᠳ᠎ᠤᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠳᠡᠯᠭᠡᠨ ᠦᠵᠡᠭᠦᠯᠬᠦ ᠪᠤᠶᠤ ᠤᠷᠤᠯᠳᠤᠭ᠋ᠠᠨ ᠵᠶ᠋ᠠᠷ ᠦᠨᠡᠯᠡᠬᠦ ᠳᠣᠭᠲᠠᠯᠴᠠᠭ᠎ᠠ᠎ᠲᠠᠢ ᠤᠶᠠᠯᠳᠤᠭᠤᠯᠤᠨ᠂ ᠨᠡᠶ᠋ᠢᠭᠡᠮᠴᠢᠯᠡᠬᠦ᠂ ᠵᠠᠬ᠎ᠠ ᠳᠡᠯᠭᠡᠭᠦᠷᠴᠢᠯᠡᠬᠦ᠂ ᠨᠠᠷᠠᠲᠤ ᠲᠡᠮᠳᠡᠭᠵᠢᠭᠦᠯᠬᠦ᠂ ᠲᠠᠪᠴᠠᠩᠵᠢᠭᠤᠯᠬᠤ ᠲᠦᠪᠰᠢᠨ᠎ᠢ ᠲᠠᠰᠤᠷᠠᠯᠲᠠ ᠥᠬᠡᠶ ᠴᠢᠩᠭ᠋ᠠᠷᠠᠭᠤᠯᠵᠤ᠂ ᠡᠭᠦᠨ᠎ᠤ ᠤᠯᠠᠮ ᠵᠶ᠋ᠠᠷ ᠮᠠᠨ᠎ᠤ ᠣᠷᠣᠨ᠎ᠤ ᠭᠤᠸ᠎ᠠ ᠰᠠᠶ᠋ᠢᠬᠠᠨ᠎ᠤ ᠬᠥᠮᠦᠵᠢᠯ᠎ᠤᠨ ᠰᠣᠶᠣᠯ᠎ᠤᠨ ᠨᠡᠷᠡᠲᠦ ᠲᠡᠮᠳᠡᠭᠲᠦ ᠵᠢ ᠪᠣᠢ ᠪᠣᠯᠭ᠋ᠠᠵᠤ᠂ ᠰᠢᠨ᠎ᠡ ᠴᠠᠭ ᠦᠶ᠎ᠡ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠰᠢᠨ᠎ᠡ ᠬᠡᠯᠪᠡᠷᠢ ᠵᠢᠨ ᠰᠢᠨ᠎ᠡ ᠬᠠᠨᠳᠤᠰᠢ ᠪᠥᠬᠦᠢ ᠭᠤᠸ᠎ᠠ ᠰᠠᠶ᠋ᠢᠬᠠᠨ᠎ᠤ ᠬᠥᠮᠦᠵᠢᠯ᠎ᠤᠨ ᠲᠣᠭᠲᠠᠴᠠ ᠵᠢ ᠪᠤᠢ ᠪᠣᠯᠭ᠋ᠠᠨ᠎ᠠ᠃
(ᠨᠠᠢ᠍ᠮᠠ) ᠭᠤᠸ᠎ᠠ ᠰᠠᠶ᠋ᠢᠬᠠᠨ᠎ᠤ ᠬᠥᠮᠦᠵᠢᠯ᠎ᠤᠨ ᠡᠬᠢ ᠪᠠᠶᠠᠯᠢᠭ᠎ᠢ ᠨᠢᠭᠡᠳᠬᠡᠬᠦ ᠠᠵᠢᠯᠯᠠᠭ᠎ᠠ
18. ᠨᠡᠶ᠋ᠢᠭᠡᠮ᠎ᠤᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ ᠡᠮᠬᠢᠯᠡᠨ ᠨᠡᠶ᠋ᠢᠯᠡᠭᠦᠯᠦᠨᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠳᠣᠲᠤᠨ᠎ᠠ ᠭᠠᠳᠠᠨᠠᠬᠢ ᠨᠡᠶ᠋ᠢᠭᠡᠮ᠎ᠤᠨ ᠬᠦᠴᠦᠨ᠎ᠢ ᠡᠮᠬᠢᠯᠡᠨ ᠨᠡᠶ᠋ᠢᠯᠡᠭᠦᠯᠵᠦ᠂ ᠣᠷᠣᠨ᠎ᠤ ᠭᠠᠳᠠᠨᠠᠬᠢ ᠰᠤᠷᠭ᠋ᠠᠭᠤᠯᠢ᠎ᠲᠠᠢ ᠬᠣᠯᠪᠣᠭ᠋ᠠᠯᠠᠨ ᠴᠢᠨᠠᠷᠯᠢᠭ ᠭᠤᠸ᠎ᠠ ᠰᠠᠶ᠋ᠢᠬᠠᠨ᠎ᠤ ᠬᠥᠮᠦᠵᠢᠯ᠎ᠤᠨ ᠡᠬᠢ ᠪᠠᠶᠠᠯᠢᠭ᠎ᠢ 《ᠭᠠᠳᠠᠭᠰᠢ ᠭᠠᠷᠭ᠋ᠠᠬᠤ᠂ ᠣᠷᠣᠭᠤᠯᠤᠨ ᠠᠪᠴᠢᠷᠠᠬᠤ》 ᠠᠷᠭ᠎ᠠ ᠮᠠᠶᠢᠭ᠎ᠢ ᠠᠪᠴᠤ᠂ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠵᠢ ᠠᠬᠢᠭᠤᠯᠤᠨ᠎ᠠ᠃ ᠡᠯ᠎ᠡ ᠰᠤᠷᠭ᠋ᠠᠭᠤᠯᠢ ᠤᠷᠠᠨ ᠵᠢᠷᠤᠭ᠎ᠤᠨ ᠣᠷᠳᠣᠨ᠂ ᠮᠦᠽᠧᠢ᠂ ᠳᠠᠭᠤᠤ ᠬᠥᠭᠵᠢᠮ᠎ᠤᠨ ᠲᠢᠩᠬᠢᠮ᠂ ᠵᠦᠴᠦᠭᠡ ᠵᠢᠨ ᠬᠦᠷᠢᠶᠡᠯᠡᠩ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭ᠋ᠠᠮᠵᠢᠯᠠᠬᠤ ᠰᠠᠭᠤᠷᠢᠨ ᠭᠠᠵᠠᠷ ᠵᠡᠷᠭᠡ ᠣᠯᠠᠨ ᠨᠡᠶ᠋ᠢᠲᠡ ᠵᠢᠨ ᠤᠳᠬ᠎ᠠ ᠤᠷᠠᠯᠢᠭ᠎ᠤᠨ ᠲᠠᠯᠠᠪᠤᠷ ᠣᠷᠳᠣᠨ ᠪᠠ ᠤᠷᠠᠨ ᠰᠠᠶ᠋ᠢᠬᠠᠨ᠎ᠤ ᠬᠦᠷᠢᠶᠡᠯᠡᠩ ᠪᠦᠯᠬᠦᠮ᠎ᠲᠠᠢ ᠬᠣᠯᠪᠤᠯᠳᠤᠨ ᠬᠥᠳᠡᠯᠦᠯᠴᠡᠬᠦ ᠵᠢ ᠵᠣᠷᠢᠭᠵᠢᠭᠤᠯᠵᠤ᠂ ᠰᠤᠷᠤᠭᠴᠢᠳ᠎ᠤᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠨ ᠰᠤᠷᠭ᠋ᠠᠯᠲᠠ ᠪᠠ ᠦᠢ᠍ᠯᠡᠳᠦᠯᠭᠡ ᠵᠢᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠬᠦ ᠵᠢᠨ ᠬᠠᠮᠲᠤ ᠲᠡᠭᠦᠯᠳᠡᠷᠵᠢᠭᠦᠯᠵᠦ᠂ ᠨᠥᠬᠥᠴᠡᠯ᠎ᠲᠠᠢ ᠶᠡᠬᠡ ᠳᠡᠭᠡᠳᠦ ᠰᠤᠷᠭ᠋ᠠᠭᠤᠯᠢ ᠪᠣᠯᠤᠨ ᠣᠷᠣᠨ ᠨᠤᠲᠤᠭ᠎ᠤᠨ ᠳᠤᠮᠳᠠᠳᠤ ᠪᠠᠭ᠎ᠠ ᠰᠤᠷᠭ᠋ᠠᠭᠤᠯᠢ᠎ᠯᠤᠭ᠎ᠠ ᠭᠤᠸ᠎ᠠ ᠰᠠᠶ᠋ᠢᠬᠠᠨ᠎ᠤ ᠬᠥᠮᠦᠵᠢᠯ᠎ᠤᠨ ᠡᠬᠢ ᠪᠠᠶᠠᠯᠢᠭ᠎ᠤᠨ ᠬᠥᠮᠥᠷᠭᠡ ᠵᠢ ᠬᠠᠮᠲᠤ᠎ᠳᠤ᠎ᠪᠠᠨ ᠪᠠᠶ᠋ᠢᠭᠤᠯᠵᠤ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ ᠵᠢ ᠵᠣᠷᠢᠭᠵᠢᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠴᠢᠨᠠᠷᠯᠢᠭ ᠳᠠᠳᠤᠯᠭ᠎ᠠ ᠪᠣᠯᠪᠠᠰᠤᠷᠠᠯ᠎ᠤᠨ ᠦᠢ᠍ᠯᠡᠳᠦᠯᠭᠡ ᠵᠢᠨ ᠲᠥᠬᠥᠭᠡᠷᠦᠮᠵᠢ ᠵᠢ ᠠᠰᠢᠭᠯᠠᠨ᠂ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠢ ᠠᠭᠤᠰᠬᠠᠵᠤ ᠨᠢᠭᠡ ᠴᠣᠭᠴᠠᠵᠢᠭᠤᠯᠬᠤ ᠵᠢ ᠬᠠᠮᠵᠢᠨ ᠬᠥᠭᠵᠢᠭᠦᠯᠬᠦ ᠲᠠᠪᠴᠠᠩ᠎ᠢ ᠪᠠᠶ᠋ᠢᠭᠤᠯᠤᠨ᠎ᠠ᠃
19. ᠰᠤᠷᠭ᠋ᠠᠭᠤᠯᠢ ᠵᠢᠨ ᠬᠦᠷᠢᠶᠡᠨ᠎ᠤ ᠳᠣᠲᠤᠨ᠎ᠠ ᠭᠠᠳᠠᠨᠠᠬᠢ ᠡᠬᠢ ᠪᠠᠶᠠᠯᠢᠭ᠎ᠢ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ ᠲᠣᠭᠲᠠᠴᠠ ᠵᠢ ᠬᠥᠭᠵᠢᠭᠦᠯᠦᠨ᠎ᠡ᠃ ᠡᠯ᠎ᠡ ᠶᠡᠬᠡ ᠳᠡᠭᠡᠳᠦ ᠰᠤᠷᠭ᠋ᠠᠭᠤᠯᠢ ᠭᠤᠸ᠎ᠠ ᠰᠠᠶ᠋ᠢᠬᠠᠨ᠎ᠤ ᠬᠥᠮᠦᠵᠢᠯ᠎ᠤᠨ ᠲᠥᠪ᠎ᠢ ᠪᠠᠶ᠋ᠢᠭᠤᠯᠵᠤ᠂ ᠡᠯ᠎ᠡ ᠠᠶ᠋ᠢᠮᠠᠭ ᠬᠣᠲᠠ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠨ ᠰᠤᠷᠭ᠋ᠠᠯᠲᠠ ᠪᠠ ᠦᠢ᠍ᠯᠡᠳᠦᠯᠭᠡ ᠵᠢ ᠵᠢᠯᠣᠭᠣᠳᠬᠤ ᠵᠦᠪᠯᠡᠯ᠎ᠢ ᠪᠠᠢ᠌ᠭᠤᠯᠤᠨ᠂ ᠪᠦᠬᠦ ᠰᠤᠷᠤᠭᠴᠢᠳ᠎ᠲᠤ ᠬᠠᠨᠳᠤᠭᠤᠯᠤᠭᠰᠠᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢ ᠵᠢᠯᠣᠭᠣᠳᠤᠨ᠎ᠠ᠃ ᠨᠡᠶ᠋ᠢᠭᠡᠮ᠎ᠤᠨ ᠬᠦᠴᠦᠨ ᠢ ᠨᠢᠭᠡᠳᠦᠯᠲᠡᠢ ᠲᠥᠯᠥᠪᠯᠡᠨ᠂ ᠭᠤᠸ᠎ᠠ ᠰᠠᠶ᠋ᠢᠬᠠᠨ᠎ᠤ ᠬᠥᠮᠦᠵᠢᠯ ᠪᠠ ᠰᠢᠨ᠎ᠡ ᠵᠢ ᠡᠭᠦᠳᠬᠦ ᠵᠣᠬᠢᠴᠠᠯᠳᠤᠬᠤ ᠵᠢ ᠠᠬᠢᠭᠤᠯᠵᠤ᠂ ᠡᠯ᠎ᠡ ᠱᠠᠲᠤᠨ᠎ᠤ ᠭᠤᠸ᠎ᠠ ᠰᠠᠶ᠋ᠢᠬᠠᠨ᠎ᠤ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ ᠵᠢᠨ ᠬᠣᠯᠪᠣᠭ᠎ᠠ ᠪᠤᠶᠤ ᠬᠣᠯᠪᠣᠭ᠋ᠠᠲᠤ ᠬᠤᠷᠠᠯ᠎ᠢ ᠵᠣᠬᠢᠶᠠᠨ ᠪᠠᠶ᠋ᠢᠭᠤᠯᠵᠤ᠂ ᠰᠤᠷᠭ᠋ᠠᠭᠤᠯᠢ ᠪᠠ ᠰᠤᠷᠭ᠋ᠠᠭᠤᠯᠢ ᠬᠠᠮᠵᠢᠯᠴᠠᠭᠰᠠᠨ᠂ ᠰᠤᠷᠭ᠋ᠠᠭᠤᠯᠢ ᠪᠠ ᠡᠷᠳᠡᠮ ᠰᠢᠨᠵᠢᠯᠡᠭᠡᠨ᠎ᠤ ᠪᠠᠢ᠌ᠭᠤᠯᠤᠮᠵᠢ ᠬᠠᠮᠵᠢᠯᠴᠠᠭᠰᠠᠨ᠂ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠵᠢᠯᠴᠠᠭᠰᠠᠨ᠂ ᠰᠤᠷᠭ᠋ᠠᠭᠤᠯᠢ ᠪᠠ ᠣᠷᠣᠨ ᠨᠤᠲᠤᠭ ᠬᠠᠮᠵᠢᠯᠴᠠᠭᠰᠠᠨ ᠰᠢᠨ᠎ᠡ ᠵᠢ ᠡᠭᠦᠳᠦᠨ ᠬᠥᠮᠦᠵᠢᠭᠦᠯᠬᠦ ᠵᠠᠭᠪᠤᠷ᠎ᠢ ᠪᠠᠶ᠋ᠢᠭᠤᠯᠵᠤ᠂ ᠶᠡᠬᠡ ᠳᠡᠭᠡᠳᠦ ᠰᠤᠷᠭ᠋ᠠᠭᠤᠯᠢ ᠪᠣᠯᠤᠨ ᠰᠣᠶᠣᠯ ᠤᠬᠠᠭᠤᠯᠭ᠎ᠠ ᠵᠢᠨ ᠰᠠᠯᠠᠭ᠎ᠠ ᠮᠥᠴᠢᠷ᠂ ᠤᠳᠬ᠎ᠠ ᠤᠷᠠᠯᠢᠭ᠎ᠤᠨ ᠪᠦᠯᠬᠦᠮ᠂ ᠳᠤᠮᠳᠠᠳᠤ ᠪᠠᠭ᠎ᠠ ᠰᠤᠷᠭ᠋ᠠᠭᠤᠯᠢ ᠵᠡᠷᠭᠡ ᠵᠢᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠦᠨ᠎ᠡ᠃
ᠭᠤᠷᠪᠠ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ
ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠡᠯ᠎ᠡ ᠶᠡᠬᠡ ᠳᠡᠭᠡᠳᠦ ᠰᠤᠷᠭ᠋ᠠᠭᠤᠯᠢ ᠭᠤᠸ᠎ᠠ ᠰᠠᠶ᠋ᠢᠬᠠᠨ᠎ᠤ ᠬᠥᠮᠦᠵᠢᠯ᠎ᠢ ᠠᠭᠤᠰᠬᠠᠬᠤ ᠠᠵᠢᠯᠯᠠᠭ᠎ᠠ ᠵᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠬᠤ ᠵᠢᠨ ᠬᠠᠮᠲᠤ ᠠᠵᠢᠯ ᠥᠷᠨᠢᠭᠦᠯᠦᠭᠰᠡᠨ ᠪᠠᠶ᠋ᠢᠳᠠᠯ᠎ᠢ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠠᠵᠢᠯ᠎ᠢ ᠦᠨᠡᠯᠡᠬᠦ ᠭᠦᠢ᠍ᠴᠡᠳᠭᠡᠯ ᠲᠣᠭ᠋ᠠᠨ᠎ᠤ ᠳᠣᠭᠲᠠᠯᠴᠠᠭ᠋ᠠᠨ᠎ᠳᠤ ᠣᠷᠣᠭᠤᠯᠵᠤ᠂ ᠪᠦᠬᠦᠯᠢ ᠴᠣᠭᠴᠠ᠎ᠪᠠᠷ ᠲᠥᠯᠥᠪᠵᠢᠭᠦᠯᠦᠨ᠂ ᠪᠦᠬᠦ ᠲᠠᠯ᠎ᠠ᠎ᠪᠠᠷ ᠠᠬᠢᠭᠤᠯᠵᠤ᠂ ᠦᠨᠡᠨ ᠬᠦ᠌ ᠶᠠᠪᠤᠭᠳᠠᠬᠤᠢ᠌ᠴᠠ ᠠᠷᠭ᠎ᠠ ᠬᠡᠮᠵᠢᠶ᠎ᠡ ᠠᠪᠴᠤ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠬᠤ ᠬᠡᠷᠡᠭᠲᠡᠢ᠃ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠷᠠᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠪᠠᠭᠰᠢ ᠵᠢ ᠨᠥᠬᠥᠪᠥᠷᠢᠯᠡᠵᠦ᠂ ᠵᠢᠭ᠋ᠠᠬᠤ ᠵᠢ ᠰᠤᠳᠤᠯᠤᠭᠴᠢ ᠵᠢ ᠭᠦᠢ᠍ᠴᠡᠳ ᠲᠣᠬᠢᠷᠠᠭᠤᠯᠵᠤ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢᠨ ᠠᠭᠤᠰᠬᠠᠬᠤ ᠠᠵᠢᠯᠯᠠᠭ᠎ᠠ᠎ᠳᠤ ᠣᠷᠣᠯᠴᠠᠬᠤ ᠵᠢ ᠪᠠᠢ᠌ᠴᠠᠭ᠋ᠠᠵᠤ᠂ ᠦᠨᠡᠯᠡᠬᠦ ᠠᠷᠭ᠎ᠠ ᠵᠢ ᠲᠥᠷᠥᠯ ᠬᠤᠪᠢᠶᠠᠨ ᠲᠡᠭᠦᠯᠳᠡᠷᠵᠢᠭᠦᠯᠬᠦ ᠬᠡᠷᠡᠭᠲᠡᠢ᠃