ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠪᠦᠢ᠍ᠺᠦ ᠪᠥᠮᠪᠥᠭᠡᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠨᠡᠶ᠋ᠢᠲᠡᠯᠡᠭᠰᠡᠨ ᠴᠠᠭ᠄ 2024-11-29

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ  ᠮᠠᠲ᠋ᠧᠷᠢᠶᠠᠯ
           ᠥᠪᠥᠷ ᠵᠠᠰᠠᠭ ᠠᠯᠪᠠᠨ ᠲᠠᠷᠬᠠᠭ᠋ᠠᠭᠰᠠᠨ [2024] 20 ᠳ᠋ᠤᠭ᠋ᠠᠷ ᠲᠣᠭ᠋ᠠᠳ᠋᠊
᠎ᠤ


ᠪᠦᠢ᠍ᠺᠦ ᠪᠥᠮᠪᠥᠭᠡᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠤᠬᠠᠢ ᠥᠪᠥᠷ

ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 
                 ᠠᠯᠪᠠᠨ ᠲᠢᠩᠬᠢᠮ᠎ᠤᠨ ᠰᠠᠨᠠᠯ


ᠡᠯ᠎ᠡ ᠠᠶ᠋ᠢᠮᠠᠭ᠎ᠤᠨ ᠵᠠᠬᠢᠷᠭ᠎ᠠ ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠶ᠋ᠢᠯᠠᠯ ᠂  ᠠᠵᠢᠯ ᠦᠢ᠍ᠯᠡᠰ᠎ᠤᠨ ᠨᠢᠭᠡᠴᠢ᠎ᠳᠤ᠄
      ᠪᠡᠶ᠎ᠡ ᠵᠢᠨ ᠲᠠᠮᠢᠷ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠵᠢ ᠭᠦᠨᠵᠡᠭᠡᠢ  ᠲᠤᠭᠤᠰᠢᠯᠠᠭᠤᠯᠵᠤ ᠂  ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂  ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ ᠂  ᠪᠥᠬᠦ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠬᠤ ᠵᠢᠨ ᠲᠤᠰᠠᠳᠠ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ ᠃
      ᠨᠢᠭᠡ ᠂  ᠶᠡᠷᠦᠩᠬᠡᠢ ᠱᠠᠭ᠋ᠠᠷᠳᠠᠯᠭ᠎ᠠ
      ᠬᠥᠮᠥᠨ ᠵᠶ᠋ᠠᠷ ᠦᠨᠳᠦᠰᠦ ᠪᠣᠯᠭ᠋ᠠᠬᠤ ᠂  ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠵᠤ ᠂  ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤᠨ (ᠳᠣᠷᠣᠭᠰᠢ ᠮᠣᠷᠢᠨᠳᠠᠪᠠᠭ᠎ᠠ ᠬᠤᠰᠢᠭᠤ ᠭᠡᠵᠦ ᠲᠣᠪᠴᠢᠯᠠᠨ᠎ᠠ)᠎ᠤ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠤᠨ ᠬᠥᠭᠵᠢᠯᠲᠡ᠎ᠪᠠᠷ ᠵᠢᠱ᠌ᠢᠶ᠎ᠡ ᠦᠵᠡᠭᠦᠯᠵᠦ᠂  ᠪᠤᠶ᠋ᠢᠺᠤ ᠪᠥᠮᠪᠥᠭᠡᠨ᠎ᠤ  ᠮᠥᠷᠥᠶ᠋ᠢᠴᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠂  ᠪᠤᠶ᠋ᠢᠺᠤ  ᠪᠥᠮᠪᠥᠭᠡᠨ᠎ᠤ  ᠬᠥᠳᠡᠯᠭᠡᠭᠡᠨ᠎ᠳᠤ ᠣᠷᠤᠯᠴᠠᠬᠤ ᠬᠥᠮᠥᠨ ᠠᠮᠠ ᠵᠢᠨ ᠬᠡᠪᠴᠢᠶᠡᠵᠢᠯ᠎ᠢ ᠥᠷᠭᠡᠳᠬᠡᠨ᠎ᠡ᠃ 2025 ᠣᠨ ᠪᠣᠯᠬᠤ᠎ᠳᠤ ᠂  ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠢᠳᠡᠪᠬᠢᠲᠡᠢ ᠪᠡᠯᠡᠳᠬᠡᠯ ᠬᠢᠵᠦ᠂  ᠡᠷᠡᠭᠲᠡᠢ ᠵᠢᠨ ᠪᠤᠶ᠋ᠢᠺᠤ ᠪᠥᠮᠪᠥᠭᠡᠨ᠎ᠤ  ᠲᠥᠷᠥᠯ ᠵᠦᠢ᠍ᠯ᠎ᠳᠤ 《ᠬᠤᠶᠠᠳᠤᠭ᠋ᠠᠷ ᠵᠶ᠋ᠠᠨ ᠪᠠᠲᠤᠯᠠᠭᠰᠠᠨ ᠰᠠᠭᠤᠷᠢᠨ᠎ᠳᠤ  ᠮᠠᠩᠯᠠᠶ᠋ᠢᠯᠠᠬᠤ᠎ᠪᠠᠷ  ᠮᠡᠷᠡᠶ᠋ᠢᠨ ᠲᠡᠮᠡᠴᠡᠵᠦ》᠂  ᠡᠮᠡᠭᠲᠡᠢ ᠵᠢᠨ ᠪᠤᠶ᠋ᠢᠺᠤ  ᠪᠥᠮᠪᠥᠭᠡᠨ᠎ᠤ  ᠲᠥᠷᠥᠯ ᠵᠦᠢ᠍ᠯ᠎ᠳᠤ 《ᠳᠤᠮᠳᠠ ᠲᠦᠪᠰᠢᠨ᠎ᠳᠤ ᠳᠠᠪᠰᠢᠨ ᠣᠷᠣᠬᠤ》 ᠵᠢ ᠪᠡᠶᠡᠯᠡᠭᠦᠯᠵᠦ᠂  ᠱᠠᠲᠤᠯᠢᠭ ᠪᠡᠯᠡᠳᠬᠡᠯ ᠡᠩᠨᠡᠭᠡᠨ᠎ᠤ ᠪᠠᠶ᠋ᠢᠭᠤᠯᠤᠯᠲᠠ ᠵᠢ ᠠᠩᠬ᠎ᠠ ᠠᠯᠬᠤᠮ ᠬᠡᠪᠴᠢᠶ᠎ᠡ᠎ᠲᠠᠢ  ᠪᠣᠯᠭ᠋ᠠᠨ᠎ᠠ᠃ 2030 ᠣᠨ ᠪᠣᠯᠬᠤ᠎ᠳᠤ ᠂  ᠪᠥᠬᠦ ᠣᠷᠣᠨ᠎ᠳᠤ ᠪᠤᠶ᠋ᠢᠺᠤ ᠪᠥᠮᠪᠥᠭᠡᠨ᠎ᠤ  ᠪᠡᠯᠡᠳᠬᠡᠯ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠢ ᠨᠠᠭ᠋ᠠᠲᠤ ᠵᠠᠬ᠎ᠠ᠎ᠳᠤ᠎ᠪᠠᠨ 15 (ᠠᠶ᠋ᠢᠮᠠᠭ ᠬᠤᠲᠠ᠂  ᠬᠤᠰᠢᠭᠤ ᠰᠢᠶᠠᠨ᠎ᠤ ᠱᠠᠲᠤᠨ᠎ᠤ ᠰᠠᠭᠤᠷᠢᠨ ᠭᠠᠵᠠᠷ᠎ᠤᠨ ᠶᠡᠷᠦᠩᠬᠡᠢ ᠲᠤᠭ᠎ᠠ ᠬᠡᠮᠵᠢᠶ᠎ᠡ)  ᠪᠠᠶ᠋ᠢᠭᠤᠯᠵᠤ ᠂  ᠳᠠᠩᠰᠠᠯᠠᠭᠤᠯᠤᠭᠰᠠᠨ ᠲᠠᠮᠢᠷᠴᠢᠳ᠎ᠢ 2000 ᠬᠥᠮᠥᠨ᠎ᠳᠤ ᠬᠦᠷᠦᠭᠦᠯᠵᠦ ᠂ ᠪᠣᠯᠪᠠᠰᠤᠷᠠᠯ᠎ᠳᠤ ᠪᠠᠶ᠋ᠢᠩᠭᠤ ᠣᠷᠣᠯᠴᠠᠬᠤ ᠵᠠᠯᠠᠭᠤᠴᠤᠳ ᠪᠠᠭ᠋ᠠᠴᠤᠳ᠎ᠢ ᠲᠦᠮᠡᠨ ᠬᠥᠮᠥᠨ ᠎ᠠᠴᠠ ᠳᠠᠪᠠᠭᠤᠯᠤᠨ ᠂ ᠮᠥᠷᠥᠶ᠋ᠢᠴᠡᠭᠡᠨ᠎ᠤ  ᠬᠢᠷᠢ ᠲᠦᠪᠰᠢᠨ ᠲᠡᠷᠢᠭᠦᠯᠡᠭᠰᠡᠨ᠂  ᠤᠷᠤᠯᠳᠤᠭ᠋ᠠᠨ᠎ᠤ ᠲᠣᠭᠲᠠᠯᠴᠠᠭ᠎ᠠ ᠲᠡᠭᠦᠯᠳᠡᠷ ᠂  ᠲᠠᠯᠠᠪᠤᠷ ᠪᠡᠯᠡᠳᠬᠡᠮᠵᠢ ᠵᠢᠨ ᠪᠠᠲᠤᠯᠠᠭ᠎ᠠ ᠬᠦᠴᠦᠲᠡᠢ ᠂  ᠴᠢᠳᠠᠪᠤᠷᠢᠲᠠᠨ ᠬᠥᠮᠥᠵᠢᠭᠦᠯᠬᠦ ᠲᠣᠭᠲᠠᠯᠴᠠᠭ᠎ᠠ ᠪᠦᠷᠢᠨᠰᠢᠭᠰᠡᠨ ᠂  ᠲᠠᠮᠢᠷ᠎ᠤᠨ ᠬᠥᠳᠡᠯᠭᠡᠭᠡᠨ᠎ᠤ ᠲᠦᠭᠡᠮᠡᠯᠵᠢᠭᠦᠯᠦᠯᠲᠡ ᠵᠢᠨ ᠨᠣᠷᠮ᠎ᠠ᠎ᠪᠠᠷ ᠨᠡᠯᠢᠶᠡᠳ ᠥᠨᠳᠥᠷ ᠪᠠᠶ᠋ᠢᠬᠤ ᠪᠥᠬᠦ ᠤᠯᠤᠰ᠎ᠤᠨ ᠪᠤᠶ᠋ᠢᠺᠤ  ᠪᠥᠮᠪᠥᠭᠡᠨ᠎ᠤ  ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠤᠨ᠎ᠠ ᠃
      ᠬᠤᠶᠠᠷ ᠂  ᠪᠤᠶ᠋ᠢᠺᠤ  ᠪᠥᠮᠪᠥᠭᠡᠨ᠎ᠤ  ᠮᠥᠷᠥᠶ᠋ᠢᠴᠡᠭᠡᠨ᠎ᠤ ᠬᠢᠷᠢ ᠲᠦᠪᠰᠢᠨ᠎ᠢ  ᠲᠦᠷᠭᠡᠬᠡᠨ ᠳᠡᠭᠡᠭᠰᠢᠯᠡᠭᠦᠯᠦᠨ᠎ᠡ
      ᠰᠢᠨᠵᠢᠯᠡᠬᠦ ᠤᠬᠠᠭ᠋ᠠᠨᠴᠢ ᠪᠥᠭᠡᠳ ᠵᠢᠷᠣᠮᠵᠢᠭᠤᠨ ᠪᠦᠬᠦᠢ ᠲᠠᠮᠢᠷᠴᠢᠨ᠎ᠢ ᠰᠢᠯᠢᠨ ᠰᠣᠩᠭᠤᠬᠤ ᠲᠣᠭᠲᠠᠴᠠ᠂  ᠰᠢᠯᠭ᠋ᠠᠨ ᠬᠢᠨᠠᠬᠤ ᠪᠠᠷᠢᠮᠵᠢᠶ᠎ᠠ᠂  ᠡᠳᠦᠷ ᠲᠤᠳᠤᠮ᠎ᠤᠨ ᠬᠠᠮᠢᠶᠠᠷᠤᠯᠲᠠ᠂  ᠱᠠᠩᠨᠠᠵᠤ ᠲᠣᠷᠭ᠋ᠠᠬᠤ ᠵᠡᠷᠭᠡ ᠳᠦᠷᠢᠮ᠎ᠢ ᠲᠣᠭᠲᠠᠭ᠋ᠠᠵᠤ᠂  ᠴᠢᠳᠠᠪᠤᠷᠢᠲᠠᠨ᠎ᠢ ᠢᠯᠡᠷᠡᠭᠦᠯᠵᠦ ᠬᠥᠮᠥᠵᠢᠭᠦᠯᠦᠨ᠎ᠡ᠃ 2025 ᠣᠨ᠎ᠤ ᠰᠡᠭᠦᠯᠴᠢ ᠪᠣᠯᠬᠤ᠎ᠳᠤ᠂  ᠪᠥᠬᠦ ᠣᠷᠣᠨ᠎ᠤ ᠪᠤᠶ᠋ᠢᠺᠤ  ᠪᠥᠮᠪᠥᠭᠡᠨ᠎ᠤ  ᠲᠤᠰᠬᠠᠢ ᠮᠡᠷᠭᠡᠵᠢᠯ᠎ᠤᠨ ᠠᠩᠭᠢ ᠵᠢᠨ ᠪᠦᠲᠦᠴᠡ ᠵᠢ᠎ᠨᠢ  ᠨᠠᠩ ᠰᠢᠯᠢᠳᠡᠭ᠂  ᠪᠣᠳᠠᠲᠤ ᠬᠦᠴᠦᠨ ᠎ᠢ᠎ᠨᠢ  ᠨᠠᠩ ᠴᠢᠩᠭ᠎ᠠ ᠪᠣᠯᠭ᠋ᠠᠵᠤ᠂  ᠬᠤᠶᠠᠳᠤᠭ᠋ᠠᠷ ᠹᠷᠣᠨᠲ᠎ᠤᠨ ᠡᠩᠨᠡᠭᠡᠨ᠎ᠤ ᠲᠤᠭ᠎ᠠ ᠬᠡᠮᠵᠢᠶ᠎ᠡ ᠵᠢ ᠭᠦᠢ᠍ᠴᠡᠳ ᠬᠠᠩᠭ᠋ᠠᠭ᠋ᠠᠯᠳᠠᠢ᠂  ᠳᠠᠯᠳᠠ ᠬᠦᠴᠦᠨ᠎ᠢ᠎ᠨᠢ  ᠲᠣᠪᠣᠶ᠋ᠢᠮ᠎ᠠ ᠪᠣᠯᠭ᠋ᠠᠬᠤ᠎ᠪᠠᠷ ᠬᠦᠴᠦᠯᠡᠨ ᠴᠢᠷᠮᠠᠶ᠋ᠢᠨ᠎ᠠ᠃ 《  ᠬᠦᠴᠢᠷ ᠠᠭᠤᠯᠭ᠎ᠠ ᠲᠣᠬᠢᠷᠠᠭᠤᠯᠬᠤ ᠂  ᠴᠢᠩᠭ᠎ᠠ ᠱᠠᠭ᠋ᠠᠷᠳᠠᠬᠤ ᠂  ᠪᠣᠳᠠᠲᠤ ᠣᠷᠣᠯᠳᠣᠭ᠋ᠠᠨ᠎ᠠᠴᠠ ᠡᠭᠦᠰᠴᠦ ᠂  ᠪᠡᠶ᠎ᠡ ᠵᠢᠨ ᠳᠠᠭ᠋ᠠᠭ᠋ᠠᠴᠠ᠎ᠳᠤ  ᠣᠶ᠋ᠢᠷᠠᠲᠤᠭᠰᠠᠨ ᠬᠥᠳᠡᠯᠭᠡᠭᠡᠨ᠎ᠤ ᠬᠡᠮᠵᠢᠶ᠎ᠡ ᠵᠢ ᠦᠵᠡᠵᠦ ᠰᠢᠨᠵᠢᠯᠡᠬᠦ ᠤᠬᠠᠭ᠋ᠠᠨᠴᠢ᠎ᠪᠠᠷ ᠰᠤᠷᠭ᠋ᠠᠭᠤᠯᠢᠯᠠᠯ           ᠬᠦᠷᠲᠡᠭᠡᠬᠦ 》  ᠵᠠᠷᠴᠢᠮ᠎ᠢ ᠪᠠᠷᠢᠮᠲᠠᠯᠠᠨ ᠂  ᠪᠤᠶ᠋ᠢᠺᠤ  ᠪᠥᠮᠪᠥᠭᠡᠨ᠎ᠤ 《  ᠰᠤᠷᠭ᠋ᠠᠭᠤᠯᠢᠯᠠᠯ ᠂  ᠡᠷᠳᠡᠮ ᠰᠢᠨᠵᠢᠯᠡᠭᠡᠨ ᠂  ᠡᠮᠴᠢᠯᠡᠭᠡ ᠂  ᠵᠢᠭ᠋ᠠᠨ ᠰᠤᠷᠭ᠋ᠠᠯᠲᠠ ᠂ ᠦᠢ᠍ᠯᠡᠴᠢᠯᠡᠭᠡ》 ᠵᠢᠨ ᠬᠠᠮ ᠬᠡᠯᠪᠡᠷᠢᠲᠦ ᠰᠤᠷᠭ᠋ᠠᠭᠤᠯᠢᠯᠠᠯ᠎ᠤᠨ ᠪᠦᠯᠬᠦᠮ᠎ᠤᠨ ᠠᠵᠢᠯᠯᠠᠭ᠋ᠠᠨ᠎ᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂  ᠥᠨᠳᠥᠷ ᠬᠢᠷᠢ ᠲᠦᠪᠰᠢᠨ ᠪᠦᠬᠦᠢ ᠰᠤᠷᠭ᠋ᠠᠭᠴᠢ ᠵᠢᠨ ᠪᠦᠯᠬᠦᠮ᠎ᠢ ᠤᠷᠢᠵᠤ ᠂  ᠰᠢᠨᠵᠢᠯᠡᠬᠦ ᠤᠬᠠᠭ᠋ᠠᠨᠴᠢᠯᠠᠭᠰᠠᠨ ᠰᠤᠷᠭ᠋ᠠᠭᠤᠯᠢᠯᠠᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ ᠃ ᠤᠷᠤᠯᠳᠤᠭ᠋ᠠᠨ ᠵᠶ᠋ᠠᠷ ᠰᠤᠷᠭ᠋ᠠᠭᠤᠯᠢᠯᠠᠯ᠎ᠢ ᠠᠬᠢᠭᠤᠯᠵᠤ ᠂  ᠭᠤᠣᠯᠳᠠᠯᠭ᠎ᠠ᠎ᠲᠠᠢ ᠲᠠᠮᠢᠷᠴᠢᠨ᠎ᠢ ᠰᠣᠩᠭᠤᠨ ᠪᠤᠶ᠋ᠢᠺᠤ  ᠪᠥᠮᠪᠥᠭᠡᠨ᠎ᠤ  ᠬᠥᠭᠵᠢᠯᠲᠡ ᠵᠢᠨ ᠬᠢᠷᠢ ᠬᠡᠮᠵᠢᠶ᠎ᠡ᠎ᠪᠠᠷ ᠨᠡᠯᠢᠶᠡᠳ ᠥᠨᠳᠥᠷ ᠤᠯᠤᠰ᠎ᠲᠤ ᠣᠴᠢᠭᠤᠯᠤᠨ ᠰᠤᠷᠭ᠋ᠠᠭᠤᠯᠢᠯᠠᠯ ᠬᠦᠷᠲᠡᠭᠡᠵᠦ ᠂  ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠴᠢᠬᠤᠯᠠ ᠶᠡᠭᠡ ᠤᠷᠤᠯᠳᠤᠭ᠋ᠠᠨ᠎ᠳᠤ ᠣᠷᠣᠯᠴᠠᠬᠤ ᠵᠢ᠎ᠨᠢ  ᠲᠡᠮᠵᠢᠵᠤ ᠂  ᠪᠣᠳᠠᠲᠤ ᠣᠷᠣᠯᠳᠣᠭ᠋ᠠᠨ᠎ᠤ  ᠲᠤᠷᠰᠢᠯᠭ᠎ᠠ ᠵᠢ           ᠬᠤᠷᠠᠮᠳᠤᠭᠤᠯᠤᠨ᠎ᠠ ᠃
       ᠭᠤᠷᠪᠠ ᠂  ᠲᠠᠯᠠᠪᠤᠷ ᠭᠠᠵᠠᠷ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠬᠡᠨ ᠠᠬᠢᠭᠤᠯᠤᠨ᠎ᠠ
      ᠮᠣᠷᠢᠨᠳᠠᠪᠠᠭ᠎ᠠ ᠬᠤᠰᠢᠭᠤᠨ᠎ᠤ ᠤᠯᠤᠰ᠎ᠤᠨ ᠲᠠᠰ᠎ᠤᠨ ᠪᠤᠶ᠋ᠢᠺᠤ  ᠪᠥᠮᠪᠥᠭᠡᠨ᠎ᠤ  ᠰᠤᠷᠭ᠋ᠠᠭᠤᠯᠢᠯᠠᠯ᠎ᠤᠨ ᠰᠠᠭᠤᠷᠢᠨ ᠭᠠᠵᠠᠷ ᠪᠠᠶ᠋ᠢᠭᠤᠯᠬᠤ᠎ᠳᠤ᠎ᠨᠢ  ᠳᠡᠮᠵᠢᠯᠭᠡ ᠦᠵᠡᠭᠦᠯᠵᠦ ᠂  ᠣᠯᠠᠨ ᠤᠯᠤᠰ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠣᠷᠣᠭᠤᠯᠤᠨ ᠠᠪᠴᠢᠷᠠᠵᠤ ᠂ ᠪᠤᠶ᠋ᠢᠺᠤ  ᠪᠥᠮᠪᠥᠭᠡᠨ᠎ᠤ  ᠤᠷᠤᠯᠳᠤᠭ᠋ᠠᠨ᠎ᠤ ᠠᠵᠢᠯᠯᠠᠭ᠎ᠠ ᠵᠢᠨ ᠴᠢᠨᠠᠷ  ᠰᠠᠶ᠋ᠢᠲᠠᠢ ᠰᠣᠯᠢᠯᠴᠠᠭ᠋ᠠᠨ᠎ᠤ ᠲᠠᠪᠴᠠᠩ᠎ᠢ ᠪᠠᠶ᠋ᠢᠭᠤᠯᠤᠨ᠎ᠠ ᠃ ᠬᠥᠬᠡᠬᠤᠲᠠ ᠵᠢᠨ ᠣᠲᠣ ᠵᠢᠨ ᠪᠠᠶ᠋ᠢᠭ᠎ᠠ ᠲᠠᠯᠠᠪᠤᠷ  ᠭᠠᠵᠠᠷ ᠪᠡᠯᠡᠳᠬᠡᠮᠵᠢ ᠵᠢ ᠠᠰᠢᠭᠯᠠᠨ ᠭᠡᠷ᠎ᠤᠨ ᠭᠠᠳᠠᠨᠠᠬᠢ ᠪᠤᠶ᠋ᠢᠺᠤ ᠪᠥᠮᠪᠥᠭᠡᠨ᠎ᠤ  ᠰᠤᠷᠭ᠋ᠠᠭᠤᠯᠢᠯᠠᠯ ᠤᠷᠤᠯᠳᠤᠭ᠋ᠠᠨ᠎ᠤ 2 ᠲᠠᠯᠠᠪᠤᠷ ᠭᠠᠵᠠᠷ᠎ᠢ ᠥᠭᠡᠷᠡᠴᠢᠯᠡᠨ ᠪᠠᠶ᠋ᠢᠭᠤᠯᠵᠤ ᠂  ᠲᠤᠰᠬᠠᠢ ᠮᠡᠷᠭᠡᠵᠢᠯ᠎ᠤᠨ ᠠᠩᠭᠢ ᠵᠢᠨ ᠰᠤᠷᠭ᠋ᠠᠭᠤᠯᠢᠯᠠᠯ  ᠭᠦᠷᠲᠡᠬᠦ ᠵᠢ ᠪᠠᠲᠤᠯᠠᠨ ᠂  ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠣᠮᠣ ᠬᠡᠯᠪᠡᠷᠢ ᠵᠢᠨ ᠤᠷᠤᠯᠳᠤᠭ᠋ᠠᠨ ᠪᠠ  ᠰᠤᠷᠭ᠋ᠠᠭᠤᠯᠢᠯᠠᠯ᠎ᠤᠨ ᠡᠭᠦᠷᠭᠡ ᠵᠢ ᠳᠠᠭ᠋ᠠᠭ᠋ᠠᠵᠤ ᠠᠪᠤᠨ᠎ᠠ ᠃ ᠮᠣᠷᠢᠨᠳᠠᠪᠠᠭ᠎ᠠ ᠬᠤᠰᠢᠭᠤᠨ᠎ᠤ ᠡᠬᠢ ᠪᠠᠶᠠᠯᠢᠭ᠎ᠤᠨ ᠪᠠᠶ᠋ᠢᠷᠢᠰᠢᠭᠤᠯᠤᠯᠲᠠ᠎ᠪᠠᠨ ᠰᠢᠯᠢᠳᠡᠭᠵᠢᠭᠦᠯᠬᠦ ᠵᠢ᠎ᠨᠢ  ᠳᠡᠮᠵᠢᠵᠦ ᠂  ᠪᠤᠶ᠋ᠢᠺᠤ  ᠪᠥᠮᠪᠥᠭᠡᠨ᠎ᠤ  ᠪᠡᠯᠡᠳᠬᠡᠯ ᠴᠢᠳᠠᠪᠤᠷᠢᠲᠠᠨ᠎ᠤ ᠰᠤᠷᠭ᠋ᠠᠭᠤᠯᠢ ᠵᠢᠨ ᠲᠠᠯᠠᠪᠤᠷ ᠭᠠᠵᠠᠷ ᠪᠡᠯᠡᠳᠬᠡᠮᠵᠢ ᠵᠢ ᠵᠠᠰᠠᠵᠤ ᠪᠠᠶ᠋ᠢᠭᠤᠯᠬᠤ ᠪᠠ ᠥᠭᠡᠷᠡᠴᠢᠯᠡᠵᠦ ᠪᠠᠶ᠋ᠢᠭᠤᠯᠤᠨ᠎ᠠ ᠃ ᠨᠥᠬᠦᠴᠡᠯ᠎ᠲᠠᠢ ᠠᠶ᠋ᠢᠮᠠᠭ ᠬᠤᠲᠠ ᠂  ᠬᠤᠰᠢᠭᠤ ᠰᠢᠶᠠᠨ (ᠬᠤᠲᠠ ᠂  ᠲᠣᠭᠤᠷᠢᠭ)᠎ᠤ ᠬᠥᠮᠥᠨ ᠠᠮᠠ ᠵᠢᠨ ᠬᠡᠪᠴᠢᠶ᠎ᠡ ᠂  ᠪᠠᠶ᠋ᠢᠭ᠋ᠠᠯᠢ ᠵᠢᠨ ᠨᠥᠬᠦᠴᠡᠯ ᠂  ᠪᠦᠢ᠍ᠺᠦ  ᠪᠥᠮᠪᠥᠭᠡᠨ᠎ᠤ  ᠬᠥᠭᠵᠢᠯᠲᠡ ᠵᠢᠨ ᠰᠠᠭᠤᠷᠢ᠎ᠪᠠᠨ  ᠦᠨᠳᠦᠰᠦᠯᠡᠨ ᠂  ᠨᠢᠭᠡ ᠪᠦᠯᠦᠭ ᠪᠦᠢ᠍ᠺᠦ  ᠪᠥᠮᠪᠥᠭᠡᠨ᠎ᠤ  ᠲᠠᠯᠠᠪᠤᠷ ᠭᠠᠵᠠᠷ ᠪᠡᠯᠡᠳᠬᠡᠮᠵᠢ ᠵᠢ ᠲᠥᠯᠥᠪᠯᠡᠭᠡ᠎ᠲᠠᠢ᠎ᠪᠠᠷ ᠰᠢᠨ᠎ᠡ᠎ᠪᠠᠷ ᠪᠠᠶ᠋ᠢᠭᠤᠯᠬᠤ ᠪᠤᠶᠤ ᠥᠭᠡᠷᠡᠴᠢᠯᠡᠵᠦ ᠪᠠᠶ᠋ᠢᠭᠤᠯᠬᠤ ᠵᠢ᠎ᠨᠢ  ᠳᠡᠮᠵᠢᠨ᠎ᠡ ᠃ 2026 ᠣᠨ ᠪᠣᠯᠬᠤ᠎ᠳᠤ᠂  ᠬᠥᠬᠡᠬᠤᠲᠠ ᠂  ᠪᠤᠭᠤᠲᠤ ᠬᠤᠲᠠ ᠂  ᠬᠥᠯᠥᠨ ᠪᠤᠶ᠋ᠢᠷ ᠬᠤᠲᠠ ᠂  ᠲᠦᠩᠯᠢᠶᠣᠣ ᠬᠤᠲᠠ᠂  ᠣᠷᠳᠣᠰ ᠬᠤᠲᠠ ᠂ ᠪᠠᠶᠠᠨᠨᠠᠭᠤᠷ ᠬᠤᠲᠠ ᠵᠡᠷᠭᠡ ᠠᠶ᠋ᠢᠮᠠᠭ ᠬᠤᠲᠠ᠎ᠨᠤᠭᠤᠳ᠎ᠲᠤ ᠰᠤᠷᠭ᠋ᠠᠭᠤᠯᠢᠯᠠᠯ᠎ᠤᠨ ᠲᠠᠯᠠᠪᠤᠷ ᠣᠷᠳᠣᠨ ᠪᠡᠯᠡᠳᠬᠡᠮᠵᠢ ᠵᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠵᠦ ᠂  ᠣᠯᠠᠨ ᠡᠰᠢᠵᠢᠭᠰᠡᠨ ᠪᠠᠲᠤᠯᠠᠭ᠎ᠠ ᠵᠢᠨ ᠪᠠᠶ᠋ᠢᠷᠢᠰᠢᠯ᠎ᠢ ᠪᠣᠶ ᠪᠣᠯᠭ᠋ᠠᠨ᠎ᠠ ᠃
      ᠳᠥᠷᠪᠡ ᠂  ᠪᠤᠶ᠋ᠢᠺᠤ  ᠪᠥᠮᠪᠥᠭᠡᠨ᠎ᠤ  ᠴᠢᠳᠠᠪᠤᠷᠢᠲᠠᠨ ᠬᠥᠮᠥᠵᠢᠭᠦᠯᠬᠦ᠎ᠪᠠᠨ  ᠲᠦᠷᠭᠡᠳᠬᠡᠨ᠎ᠡ
      ᠡᠯ᠎ᠡ ᠠᠶ᠋ᠢᠮᠠᠭ ᠬᠤᠲᠠ᠎ᠨᠢ  ᠡᠬᠢ ᠪᠠᠶᠠᠯᠢᠭ ᠵᠶ᠋ᠠᠨ ᠭᠦᠢ᠍ᠴᠡᠳ ᠠᠭᠤᠳᠠᠯᠵᠤ ᠂  ᠬᠥᠭᠵᠢᠯᠲᠡ ᠵᠢᠨ  ᠲᠤᠯᠭ᠋ᠠᠮ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠂  ᠴᠢᠳᠠᠪᠤᠷᠢᠲᠠᠨ ᠬᠥᠮᠥᠵᠢᠭᠦᠯᠬᠦ ᠂  ᠣᠷᠣᠭᠤᠯᠵᠤ ᠠᠪᠴᠢᠷᠠᠬᠤ ᠂  ᠦᠨᠡᠯᠡᠬᠦ ᠂  ᠤᠷᠮᠠᠰᠢᠭᠤᠯᠵᠤ ᠪᠠᠲᠤᠯᠠᠬᠤ ᠵᠡᠷᠭᠡ ᠲᠣᠭᠲᠠᠴᠠ᠎ᠪᠠᠨ  ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂  ᠰᠢᠨᠵᠢᠯᠡᠬᠦ ᠤᠬᠠᠭ᠋ᠠᠨ  ᠲᠧᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠂  ᠮᠡᠳᠡᠯᠭᠡ᠎ᠪᠠᠨ ᠰᠢᠨᠡᠳᠬᠡᠬᠦ ᠂  ᠴᠢᠳᠠᠪᠤᠷᠢ          ᠎ᠪᠠᠨ ᠳᠡᠭᠡᠭᠰᠢᠯᠡᠭᠦᠯᠬᠦ ᠠᠵᠢᠯᠯᠠᠭ᠋ᠠᠨ᠎ᠢ ᠦᠷᠭᠦᠯᠵᠢᠯᠡᠨ ᠬᠡᠷᠡᠭᠵᠢᠭᠦᠯᠵᠦ ᠂  ᠪᠤᠶ᠋ᠢᠺᠤ  ᠪᠥᠮᠪᠥᠭᠡᠨ᠎ᠤ  ᠴᠢᠳᠠᠪᠤᠷᠢᠲᠠᠨ ᠬᠥᠮᠥᠵᠢᠭᠦᠯᠬᠦ ᠥᠨᠳᠦᠷᠯᠢᠭ᠎ᠢ ᠪᠣᠢ ᠪᠣᠯᠭ᠋ᠠᠨ᠎ᠠ ᠃ ᠵᠠᠯᠠᠭᠤᠴᠤᠳ ᠪᠠᠭ᠋ᠠᠴᠤᠳ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ ᠂  ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ᠎ᠳᠤ ᠪᠤᠶ᠋ᠢᠺᠤ ᠪᠥᠮᠪᠦᠭᠡ ᠵᠢ ᠲᠦᠭᠡᠮᠡᠯᠵᠢᠭᠦᠯᠬᠦ ᠬᠡᠪᠴᠢᠶ᠎ᠡ᠎ᠪᠠᠨ  ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ ᠃ 2026 ᠣᠨ ᠪᠣᠯᠬᠤ᠎ᠳᠤ᠂  ᠠᠶ᠋ᠢᠮᠠᠭ ᠬᠤᠲᠠ ᠨᠢᠭᠡᠪᠦᠷᠢ᠎ᠳᠤ ᠠᠳᠠᠭ᠎ᠲᠤ᠎ᠪᠠᠨ 1 ᠪᠤᠶ᠋ᠢᠺᠤ  ᠪᠥᠮᠪᠥᠭᠡᠨ᠎ᠤ  ᠵᠠᠯᠠᠭᠤᠴᠤᠳ ᠪᠠᠭ᠋ᠠᠴᠤᠳ᠎ᠤᠨ ᠠᠩᠭᠢ ᠵᠣᠬᠢᠶᠠᠨ ᠪᠠᠶ᠋ᠢᠭᠤᠯᠤᠨ᠎ᠠ ᠃ ᠬᠥᠯᠥᠨ ᠪᠤᠶ᠋ᠢᠷ ᠬᠤᠲᠠ ᠵᠢᠨ ᠴᠢᠨᠠᠷ ᠰᠠᠶ᠋ᠢᠲᠠᠢ ᠪᠠᠭ᠎ᠠ ᠰᠤᠷᠭ᠋ᠠᠭᠤᠯᠢ ᠂  ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂  ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠤᠶ᠋ᠢᠺᠤ  ᠪᠥᠮᠪᠥᠭᠡᠨ᠎ᠤ  ᠲᠥᠷᠥᠯ ᠵᠦᠢ᠍ᠯ᠎ᠤᠨ 《  ᠰᠤᠷᠭ᠋ᠠᠭᠤᠯᠢ ᠳᠡᠪᠰᠢᠬᠦ᠎ᠳᠤ ᠰᠢᠭᠤᠳ ᠨᠡᠪᠲᠡᠷᠡᠬᠦ ᠲᠡᠷᠭᠡ》  ᠪᠠᠶ᠋ᠢᠭᠤᠯᠬᠤ ᠵᠢ ᠰᠦᠪᠡᠭᠴᠢᠯᠡᠵᠦ᠂  ᠬᠠᠷᠢᠴᠠᠩᠭᠤᠢ ᠲᠣᠭᠲᠠᠩᠭᠤᠢ ᠂ ᠬᠤᠯᠪᠣᠯᠳᠤᠭᠤᠯᠵᠤ  ᠠᠬᠢᠭᠤᠯᠤᠭᠰᠠᠨ ᠵᠠᠯᠠᠭᠤᠴᠤᠳ ᠪᠠᠭ᠋ᠠᠴᠤᠳ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠲᠣᠭᠲᠠᠯᠴᠠᠭ᠎ᠠ ᠵᠢ ᠪᠣᠶ ᠪᠣᠯᠭ᠋ᠠᠨ᠎ᠠ ᠃  ᠴᠢᠳᠠᠪᠤᠷᠢᠲᠠᠨ ᠰᠣᠩᠭᠤᠬᠤ ᠬᠠᠷᠠᠭ᠎ᠠ᠎ᠪᠠᠨ  ᠥᠷᠭᠡᠵᠢᠭᠦᠯᠵᠦ ᠂  ᠨᠥᠬᠦᠴᠡᠯ᠎ᠳᠤ ᠨᠡᠶ᠋ᠢᠴᠡᠬᠦ ᠪᠤᠶ᠋ᠢᠺᠤ  ᠪᠥᠮᠪᠥᠭᠡᠨ᠎ᠤ  ᠲᠠᠮᠢᠷᠴᠢᠳ᠎ᠢ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠲᠠᠮᠢᠷᠴᠢᠨ᠎ᠤ ᠣᠷᠣᠨ ᠲᠤᠭ᠎ᠠ᠎ᠳᠤ ᠣᠷᠣᠭᠤᠯᠤᠨ᠎ᠠ ᠃ ᠥᠪᠡᠷᠲᠡᠭᠡᠨ ᠵᠠᠰᠠᠬᠤ ᠣᠷᠣᠨ᠎ᠤ ᠶᠡᠭᠡ ᠳᠡᠭᠡᠳᠦ ᠰᠤᠷᠭ᠋ᠠᠭᠤᠯᠢ ᠵᠢᠨ ᠲᠠᠮᠢᠷ᠎ᠤᠨ ᠬᠥᠳᠡᠯᠭᠡᠭᠡᠨ᠎ᠤ ᠰᠤᠷᠭ᠋ᠠᠭᠤᠯᠢᠯᠠᠯ᠎ᠤᠨ ᠲᠤᠰᠬᠠᠢ ᠮᠡᠷᠭᠡᠵᠢᠯ᠎ᠳᠤ ᠪᠤᠶ᠋ᠢᠺᠤ  ᠪᠥᠮᠪᠥᠭᠡᠨ᠎ᠤ  ᠰᠤᠷᠤᠯᠴᠠᠯᠭ᠎ᠠ ᠵᠢᠨ ᠴᠢᠭᠯᠡᠯ᠎ᠢ ᠨᠡᠮᠡᠵᠦ ᠲᠣᠬᠢᠷᠠᠭᠤᠯᠬᠤ ᠵᠢ ᠠᠯᠬᠤᠮ ᠠᠯᠬᠤᠮ ᠵᠶ᠋ᠠᠷ ᠰᠦᠪᠡᠭᠴᠢᠯᠡᠵᠦ ᠂  ᠲᠠᠮᠢᠷᠴᠢᠳ᠎ᠤᠨ ᠰᠤᠷᠭ᠋ᠠᠭᠤᠯᠢ ᠳᠡᠪᠰᠢᠬᠦ ᠵᠠᠮ ᠮᠥᠷ᠎ᠢ  ᠰᠢᠯᠤᠭᠤᠳᠬᠠᠨ᠎ᠠ ᠃
      ᠲᠠᠪᠤ᠂ ᠰᠤᠷᠭ᠋ᠠᠭᠤᠯᠢᠯᠠᠯ ᠤᠷᠤᠯᠳᠤᠭ᠋ᠠᠨ᠎ᠤ ᠠᠵᠢᠯᠯᠠᠭ᠎ᠠ ᠵᠢᠨ ᠲᠣᠭᠲᠠᠯᠴᠠᠭ᠎ᠠ ᠵᠢ ᠲᠦᠷᠭᠡᠬᠡᠨ ᠪᠠᠶ᠋ᠢᠭᠤᠯᠤᠨ᠎ᠠ
       ᠪᠤᠶ᠋ᠢᠺᠤ  ᠪᠥᠮᠪᠥᠭᠡᠨ᠎ᠤ  ᠰᠤᠷᠭ᠋ᠠᠭᠤᠯᠢᠯᠠᠯ᠎ᠤᠨ ᠬᠥᠲᠥᠯᠪᠦᠷᠢ ᠵᠢ ᠨᠠᠶ᠋ᠢᠷᠠᠭᠤᠯᠤᠨ ᠵᠣᠬᠢᠶᠠᠵᠤ᠂  ᠨᠠᠰᠤᠨ᠎ᠤ ᠦᠶ᠎ᠡ ᠵᠢ᠎ᠨᠢ  ᠦᠨᠳᠦᠰᠦᠯᠡᠨ ᠬᠥᠭᠵᠢᠯᠲᠡ ᠵᠢᠨ ᠬᠠᠷᠠᠯᠲᠠ᠂  ᠣᠬᠤᠷ ᠬᠤᠭᠤᠴᠠᠭ᠋ᠠᠨ᠎ᠤ ᠡᠭᠦᠷᠭᠡ ᠂  ᠰᠤᠷᠭ᠋ᠠᠭᠤᠯᠢᠯᠠᠯ᠎ᠤᠨ ᠠᠭᠤᠯᠭ᠎ᠠ ᠵᠢᠨ ᠪᠠᠷᠢᠮᠵᠢᠶ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ ᠂  ᠲᠤᠰᠬᠠᠢ ᠮᠡᠷᠭᠡᠵᠢᠯ᠎ᠤᠨ ᠠᠩᠭᠢ ᠬᠢᠭᠡᠳ ᠪᠡᠯᠡᠳᠬᠡᠯ ᠴᠢᠳᠠᠪᠤᠷᠢᠲᠠᠨ᠎ᠤ ᠰᠤᠷᠭ᠋ᠠᠭᠤᠯᠢ ᠵᠢᠨ ᠬᠠᠮᠲᠤᠷᠠᠨ ᠠᠵᠢᠯᠯᠠᠬᠤ ᠬᠡᠪ ᠵᠠᠭᠪᠤᠷ᠎ᠢ ᠲᠡᠭᠦᠯᠳᠡᠷᠵᠢᠭᠦᠯᠵᠦ ᠂  ᠰᠢᠨᠵᠢᠯᠡᠬᠦ ᠤᠬᠠᠭ᠋ᠠᠨᠴᠢ ᠪᠥᠭᠡᠳ ᠵᠢᠷᠣᠮᠵᠢᠭᠤᠨ ᠂  ᠠᠮᠤᠷ ᠲᠦᠪᠰᠢᠨ ᠪᠥᠭᠡᠳ ᠡᠮᠬᠢ ᠵᠢᠷᠤᠮ᠎ᠲᠠᠢ ᠰᠤᠷᠭ᠋ᠠᠭᠤᠯᠢᠯᠠᠯ᠎ᠤᠨ ᠲᠣᠭᠲᠠᠯᠴᠠᠭ᠎ᠠ ᠵᠢ ᠪᠠᠶ᠋ᠢᠭᠤᠯᠤᠨ᠎ᠠ ᠃ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭ᠋ᠠᠴᠤᠳ᠎ᠤᠨ ᠪᠤᠶ᠋ᠢᠺᠤ  ᠪᠥᠮᠪᠥᠭᠡᠨ᠎ᠤ  ᠱᠠᠩᠨᠠᠯᠲᠤ ᠤᠷᠤᠯᠳᠤᠭ᠋ᠠᠨ᠎ᠢ ᠰᠠᠶ᠋ᠢᠲᠤᠷ ᠠᠳᠬᠤᠵᠤ ᠂ 12 ᠨᠠᠰᠤ ᠂ 14 ᠨᠠᠰᠤ ᠵᠡᠷᠭᠡ ᠨᠠᠰᠤᠨ᠎ᠤ ᠦᠶ᠎ᠡ ᠵᠢᠨ U ᠰᠢᠷᠢᠰ ᠤᠷᠤᠯᠳᠤᠭ᠋ᠠᠨ᠎ᠤ ᠠᠵᠢᠯᠯᠠᠭ᠎ᠠ ᠵᠢ ᠨᠡᠮᠡᠨ ᠲᠣᠬᠢᠷᠠᠭᠤᠯᠵᠤ ᠂  ᠤᠷᠤᠯᠳᠤᠭ᠋ᠠᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠲᠥᠷᠥᠯ ᠬᠤᠪᠢᠶᠠᠨ ᠠᠬᠢᠭᠤᠯᠤᠨ᠎ᠠ ᠃ ᠨᠥᠬᠦᠴᠡᠯ᠎ᠲᠠᠢ ᠠᠶ᠋ᠢᠮᠠᠭ ᠬᠤᠲᠠ ᠵᠢᠨ᠎ᠬᠢᠨ᠎ᠤ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠨᠠᠷᠠᠲᠤ ᠲᠡᠮᠳᠡᠭ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠢᠳᠡᠪᠬᠢᠲᠡᠢ ᠭᠤᠶᠤᠴᠢᠯᠠᠨ ᠡᠷᠬᠢᠯᠡᠵᠦ ᠳᠠᠭ᠋ᠠᠭ᠋ᠠᠨ  ᠭᠦᠢ᠍ᠴᠡᠳᠬᠡᠵᠦ ᠂  ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠤᠶ᠋ᠢᠺᠤ  ᠪᠥᠮᠪᠥᠭᠡᠨ᠎ᠤ  ᠵᠤᠨ (ᠡᠪᠦᠯ)᠎ᠤ ᠠᠮᠠᠷᠠᠯᠲᠠ ᠵᠢᠨ ᠭᠠᠵᠠᠷ ᠂  ᠪᠥᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠤᠶ᠋ᠢᠺᠤ  ᠪᠥᠮᠪᠥᠭᠡᠨ᠎ᠤ  ᠤᠷᠢᠯᠭ᠎ᠠ ᠵᠢᠨ ᠤᠷᠤᠯᠳᠤᠭ᠋ᠠᠨ ᠵᠡᠷᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠡᠷᠬᠢᠯᠡᠭᠦ ᠵᠢ᠎ᠨᠢ  ᠵᠣᠷᠢᠭᠵᠢᠭᠤᠯᠵᠤ ᠂  ᠰᠢᠨᠵᠢᠯᠡᠬᠦ ᠤᠬᠠᠭ᠋ᠠᠨᠴᠢ ᠥᠨᠳᠥᠷ ᠪᠦᠲᠦᠮᠵᠢᠲᠡᠶ ᠂  ᠰᠢᠰᠲ᠋ᠧᠮ᠎ᠲᠠᠢ  ᠪᠥᠭᠡᠳ ᠪᠦᠷᠢᠨ ᠲᠡᠭᠦᠯᠳᠡᠷ ᠂  ᠠᠮᠢᠵᠢᠷᠠᠯ᠎ᠤᠨ ᠬᠦᠴᠦᠨ ᠪᠢᠯᠬᠠᠭᠰᠠᠨ ᠤᠷᠤᠯᠳᠤᠭ᠋ᠠᠨ᠎ᠤ ᠠᠵᠢᠯᠯᠠᠭ᠋ᠠᠨ᠎ᠤ  ᠲᠣᠭᠲᠠᠯᠴᠠᠭ᠎ᠠ ᠵᠢ ᠪᠦᠷᠢᠯᠳᠦᠭᠦᠯᠦᠨ᠎ᠡ ᠃
       ᠵᠢᠷᠭᠤᠭ᠎ᠠ ᠂  ᠪᠤᠶ᠋ᠢᠺᠤ  ᠪᠥᠮᠪᠥᠭᠡᠨ᠎ᠤ  ᠠᠵᠤ ᠦᠢ᠍ᠯᠡᠰ᠎ᠢ  ᠲᠦᠷᠭᠡᠬᠡᠨ ᠬᠥᠭᠵᠢᠭᠦᠯᠦᠨ᠎ᠡ
      ᠡᠯ᠎ᠡ ᠭᠠᠵᠠᠷ ᠣᠷᠣᠨ᠎ᠤ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ  ᠲᠣᠬᠢᠷᠠᠭᠤᠯᠤᠨ ᠪᠦᠢ᠍ᠺᠦ  ᠪᠥᠮᠪᠦᠭᠡ ᠮᠥᠷᠥᠶ᠋ᠢᠴᠡᠬᠦ ᠲᠣᠭᠯᠠᠯᠲᠠ ᠂  ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠂  ᠪᠡᠶ᠎ᠡ  ᠴᠢᠭᠢᠷᠠᠭᠵᠢᠭᠤᠯᠤᠯᠲᠠ ᠰᠡᠯᠡᠭᠦᠴᠡᠯ ᠂  ᠲᠣᠨᠤᠭ ᠲᠥᠬᠦᠭᠡᠷᠦᠮᠵᠢ ᠦᠢ᠍ᠯᠡᠳᠬᠦ ᠵᠡᠷᠭᠡ ᠠᠵᠤ ᠦᠢ᠍ᠯᠡᠰ᠎ᠢ ᠬᠥᠭᠵᠢᠭᠦᠯᠬᠦ ᠵᠢ᠎ᠨᠢ  ᠵᠣᠷᠢᠭᠵᠢᠭᠤᠯᠵᠤ ᠂  ᠦᠢ᠍ᠯᠡᠳᠬᠦᠨ ᠪᠠ ᠦᠢ᠍ᠯᠡᠴᠢᠯᠡᠭᠡᠨ᠎ᠤ ᠬᠠᠩᠭ᠋ᠠᠯᠭ᠎ᠠ᠎ᠪᠠᠨ ᠪᠠᠶᠠᠯᠢᠭᠵᠢᠭᠤᠯᠤᠨ ᠂  ᠤᠷᠤᠯᠳᠤᠭ᠋ᠠᠨ᠎ᠤ ᠠᠵᠢᠯᠯᠠᠭ᠋ᠠᠨ᠎ᠤ  ᠳᠠᠶ᠋ᠢᠴᠢᠯᠠᠬᠤ ᠦᠢ᠍ᠯᠡᠳᠦᠯ᠎ᠢ᠎ᠨᠢ  ᠪᠠᠳᠠᠷᠠᠭᠤᠯᠵᠤ ᠂  ᠨᠠᠩ ᠣᠯᠠᠨ ᠰᠢᠭᠢᠣᠡᠭᠡᠯᠳᠣ ᠮᠠᠶᠢᠭ᠎ᠤᠨ ᠂ ᠪᠡᠶᠡᠴᠢᠯᠡᠨ ᠣᠶ᠋ᠢᠯᠠᠭ᠋ᠠᠬᠤ ᠮᠠᠶᠢᠭ ᠎ᠤᠨ ᠦᠢ᠍ᠯᠡᠳᠬᠦᠨ ᠪᠠ ᠦᠢ᠍ᠯᠡᠴᠢᠯᠡᠭᠡ ᠵᠢ ᠰᠡᠳᠦᠵᠦ ᠂  ᠪᠦᠢ᠍ᠺᠦ  ᠪᠥᠮᠪᠥᠭᠡᠨ᠎ᠤ  ᠬᠥᠳᠡᠯᠭᠡᠭᠡᠨ ᠬᠢᠭᠡᠳ ᠰᠣᠶᠣᠯ ᠂  ᠵᠢᠭᠤᠯᠴᠢᠯᠠᠯ ᠵᠡᠷᠭᠡ ᠵᠢᠨ ᠠᠭᠤᠰᠤᠯᠴᠠᠨ ᠬᠥᠭᠵᠢᠬᠦ ᠰᠢᠨ᠎ᠡ ᠡᠵᠡᠩᠨᠡᠯᠲᠡ ᠵᠢᠨ ᠪᠠᠶ᠋ᠢᠳᠠᠯ᠎ᠢ ᠠᠬᠢᠭᠤᠯᠤᠨ᠎ᠠ ᠃  ᠮᠣᠷᠢᠨᠳᠠᠪᠠᠭ᠎ᠠ ᠬᠤᠰᠢᠭᠤᠨ᠎ᠤ ᠪᠤᠶ᠋ᠢᠺᠤ  ᠪᠥᠮᠪᠥᠭᠡᠨ᠎ᠤ  ᠠᠵᠤ ᠦᠢ᠍ᠯᠡᠰ᠎ᠤᠨ ᠬᠥᠭᠵᠢᠯᠲᠡ ᠵᠢᠨ ᠥᠨᠳᠦᠷᠯᠢᠭ ᠪᠠᠶ᠋ᠢᠭᠤᠯᠬᠤ᠎ᠳᠤ᠎ᠨᠢ  ᠳᠡᠮᠵᠢᠯᠭᠡ ᠦᠵᠡᠭᠦᠯᠦᠨ᠎ᠡ ᠃
       ᠳᠣᠯᠤᠭ᠎ᠠ ᠂  ᠪᠤᠶ᠋ᠢᠺᠤ  ᠪᠥᠮᠪᠥᠭᠡᠨ᠎ᠤ  ᠰᠣᠶᠣᠯ᠎ᠢ ᠲᠦᠷᠭᠡᠬᠡᠨ ᠪᠣᠶ᠋ᠢᠵᠢᠭᠤᠯᠤᠨ᠎ᠠ
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ ᠂  ᠪᠦᠢ᠍ᠺᠦ  ᠪᠥᠮᠪᠥᠭᠡᠨ᠎ᠤ  ᠰᠣᠶᠣᠯ ᠎ᠤᠨ ᠥᠪᠡᠷᠮᠢᠴᠡ ᠡᠭᠦᠰᠦᠯ ᠵᠢᠴᠢ ᠬᠥᠭᠵᠢᠯᠲᠡ ᠵᠢᠨ ᠶᠠᠪᠤᠴᠠ ᠵᠢ ᠭᠦᠨᠵᠡᠭᠡᠢ ᠠᠭᠤᠳᠠᠯᠤᠨ᠂  ᠪᠦᠢ᠍ᠺᠦ  ᠪᠥᠮᠪᠥᠭᠡᠨ᠎ᠤ  ᠰᠣᠶᠣᠯ᠎ᠤᠨ ᠤᠬᠢ ᠰᠣᠳᠣ ᠵᠢ  ᠠᠭᠤᠳᠠᠯᠤᠨ ᠭᠠᠷᠭ᠋ᠠᠵᠤ ᠂  ᠤᠮᠠᠷᠠᠲᠤ ᠬᠢᠯᠢ  ᠵᠢᠨ ᠰᠣᠶᠣᠯ᠎ᠤᠨ ᠪᠠᠶ᠋ᠢᠭᠤᠯᠤᠯᠲᠠ᠎ᠳᠤ ᠠᠭᠤᠰᠤᠯᠴᠠᠭᠤᠯᠤᠨ ᠂  ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠠᠪᠴᠠᠩ᠎ᠢ ᠴᠣᠭᠴᠠᠯᠠᠨ           ᠪᠠᠶ᠋ᠢᠭᠤᠯᠤᠨ᠎ᠠ ᠃  ᠳᠠᠭᠤᠷ ᠦᠨᠳᠦᠰᠦᠲᠡᠨ᠎ᠤ ᠤᠯᠠᠮᠵᠢᠯᠠᠯᠲᠤ ᠪᠤᠶ᠋ᠢᠺᠤ  ᠪᠥᠮᠪᠥᠭᠡᠨ᠎ᠤ ᠮᠥᠷᠥᠶ᠋ᠢᠴᠡᠭᠡᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠬᠠᠮᠠᠭ᠋ᠠᠯᠠᠬᠤ᠎ᠪᠠᠨ  ᠴᠢᠩᠭ᠋ᠠᠳᠬᠠᠵᠤ ᠂  ᠮᠣᠷᠢᠨᠳᠠᠪᠠᠭ᠎ᠠ ᠬᠤᠰᠢᠭᠤᠨ᠎ᠤ           ᠪᠤᠶ᠋ᠢᠺᠤ  ᠪᠥᠮᠪᠥᠭᠡᠨ᠎ᠤ  ᠰᠤᠳᠤᠯᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠪᠠᠶ᠋ᠢᠭᠤᠯᠤᠨ᠎ᠠ ᠃ ᠪᠤᠶ᠋ᠢᠺᠤ  ᠪᠥᠮᠪᠥᠭᠡᠨ᠎ᠤ  ᠰᠣᠶᠣᠯ ᠪᠠ ᠤᠷᠤᠯᠳᠤᠭ᠋ᠠᠨ᠎ᠤ ᠠᠵᠢᠯᠯᠠᠭ᠎ᠠ ᠵᠢ ᠤᠬᠠᠭᠤᠯᠤᠨ ᠬᠥᠲᠥᠯᠥᠨ ᠵᠢᠯᠤᠭᠤᠳᠬᠤ᠎ᠪᠠᠨ  ᠴᠢᠩᠭ᠋ᠠᠳᠬᠠᠵᠤ ᠂  ᠣᠯᠠᠨ ᠲᠦᠮᠡᠨ᠎ᠤ ᠲᠠᠭ᠋ᠠᠰᠢᠶᠠᠵᠤ ᠪᠠᠭ᠍ᠠᠰᠢᠶᠠᠬᠤ ᠠᠷᠭ᠎ᠠ ᠮᠠᠶᠢᠭ ᠪᠠ ᠠᠷᠭ᠎ᠠ ᠵᠠᠮ᠎ᠢ ᠠᠰᠢᠭᠯᠠᠨ ᠪᠤᠶ᠋ᠢᠺᠤ  ᠪᠥᠮᠪᠥᠭᠡᠨ᠎ᠤ  ᠲᠤᠬᠠᠢ ᠰᠠᠶ᠋ᠢᠲᠤᠷ ᠦᠯᠢᠭᠡᠷᠯᠡᠨ ᠶᠠᠷᠢᠵᠤ ᠂  ᠪᠤᠶ᠋ᠢᠺᠤ  ᠪᠥᠮᠪᠥᠭᠡᠨ᠎ᠤ  ᠮᠡᠳᠡᠯᠭᠡ ᠵᠢ ᠲᠦᠭᠡᠮᠡᠯᠵᠢᠭᠦᠯᠦᠨ ᠂  ᠪᠤᠶ᠋ᠢᠺᠤ  ᠪᠥᠮᠪᠥᠭᠡᠨ᠎ᠤ  ᠲᠤᠬᠠᠢ ᠣᠯᠠᠨ ᠨᠡᠶ᠋ᠢᠲᠡ ᠵᠢᠨ  ᠲᠠᠨᠢᠨ ᠮᠡᠳᠡᠬᠦ ᠬᠡᠮᠵᠢᠶ᠎ᠡ ᠪᠠ  ᠬᠠᠯᠠᠮᠵᠢᠯᠠᠨ ᠠᠩᠬᠠᠷᠬᠤ ᠬᠡᠮᠵᠢᠶ᠎ᠡ ᠵᠢ ᠳᠡᠭᠡᠭᠰᠢᠯᠡᠭᠦᠯᠦᠨ᠎ᠡ ᠃
       ᠨᠠᠢ᠍ᠮᠠ ᠂  ᠳᠡᠮᠵᠢᠵᠦ ᠪᠠᠲᠤᠯᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ
       ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠵᠢᠯ ᠪᠦᠷᠢ ᠬᠡᠷᠡᠭᠴᠡᠭᠡ᠎ᠪᠠᠨ ᠦᠨᠳᠦᠰᠦᠯᠡᠨ           ᠵᠣᠬᠢᠬᠤ ᠬᠡᠮᠵᠢᠶᠡᠨ᠎ᠤ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂  ᠪᠤᠶ᠋ᠢᠺᠤ  ᠪᠥᠮᠪᠥᠭᠡᠨ᠎ᠤ ᠲᠠᠯᠠᠪᠤᠷ ᠣᠷᠳᠣᠨ ᠲᠠᠯᠠᠪᠤᠷ ᠭᠠᠵᠠᠷ ᠪᠡᠯᠡᠳᠬᠡᠮᠵᠢ ᠵᠢ ᠪᠦᠲᠦᠭᠡᠨ ᠪᠠᠶ᠋ᠢᠭᠤᠯᠬᠤ᠂  ᠪᠠᠭ᠋ᠠᠵᠢ ᠬᠡᠷᠡᠭᠰᠡᠯ ᠬᠤᠳᠠᠯᠳᠤᠨ ᠠᠪᠬᠤ ᠂  ᠴᠢᠳᠠᠪᠤᠷᠢᠲᠠᠨ᠎ᠢ ᠣᠷᠣᠭᠤᠯᠵᠤ ᠠᠪᠴᠢᠷᠠᠬᠤ᠂  ᠪᠣᠯᠪᠠᠰᠤᠷᠠᠯ ᠰᠣᠯᠢᠯᠴᠠᠭ᠎ᠠ ᠬᠢᠬᠦ ᠂  ᠭᠠᠳᠠᠭ᠋ᠠᠳᠤ᠎ᠳᠤ ᠭᠠᠷᠴᠤ ᠰᠤᠷᠭ᠋ᠠᠭᠤᠯᠢᠯᠠᠯ ᠬᠦᠷᠲᠡᠵᠦ ᠤᠷᠤᠯᠳᠤᠭ᠋ᠠᠨ᠎ᠳᠤ  ᠣᠷᠤᠯᠴᠠᠬᠤ ᠵᠡᠷᠭᠡ ᠵᠢ᠎ᠨᠢ  ᠳᠡᠮᠵᠢᠨ᠎ᠡ ᠃ ᠪᠤᠶ᠋ᠢᠺᠤ  ᠪᠥᠮᠪᠥᠭᠡᠨ᠎ᠤ ᠲᠠᠮᠢᠷᠴᠢᠳ᠎ᠤᠨ ᠠᠯᠪᠠᠨ᠎ᠠᠴᠠ ᠪᠠᠭᠤᠬᠤ ᠂  ᠠᠵᠢᠯ᠎ᠤᠨ ᠪᠠᠶ᠋ᠢᠷᠢ ᠰᠣᠯᠢᠬᠤ ᠂  ᠠᠵᠢᠯ ᠣᠯᠭᠤᠬᠤ ᠠᠵᠢᠯ᠎ᠤᠳ᠎ᠢ ᠢᠳᠡᠪᠬᠢᠲᠡᠢ ᠰᠠᠶ᠋ᠢᠲᠤᠷ ᠬᠢᠵᠦ ᠂  ᠡᠯ᠎ᠡ ᠠᠶ᠋ᠢᠮᠠᠭ ᠬᠤᠲᠠ ᠂  ᠡᠯ᠎ᠡ ᠶᠡᠭᠡ ᠳᠡᠭᠡᠳᠦ ᠰᠤᠷᠭ᠋ᠠᠭᠤᠯᠢ᠎ᠨᠢ  ᠶᠡᠭᠡ ᠳᠤᠮᠳᠠᠳᠤ ᠪᠠᠭ᠎ᠠ ᠰᠤᠷᠭ᠋ᠠᠭᠤᠯᠢ᠎ᠳᠤ ᠪᠡᠶ᠎ᠡ ᠵᠢᠨ ᠲᠠᠮᠢᠷ᠎ᠤᠨ ᠰᠤᠷᠭ᠋ᠠᠭᠴᠢ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ ᠲᠣᠬᠢᠷᠠᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ ᠶᠣᠰᠣᠭ᠋ᠠᠷ᠂  ᠬᠡᠷᠡᠭᠴᠡᠭᠡ᠎ᠪᠠᠨ  ᠦᠨᠳᠦᠰᠦᠯᠡᠨ ᠪᠤᠶ᠋ᠢᠺᠤ  ᠪᠥᠮᠪᠥᠭᠡᠨ᠎ᠤ  ᠰᠤᠷᠭ᠋ᠠᠭᠴᠢ ᠵᠢᠨ ᠠᠵᠢᠯ᠎ᠤᠨ ᠪᠠᠶ᠋ᠢᠷᠢ ᠵᠢ ᠲᠣᠬᠢᠷᠠᠭᠤᠯᠵᠤ᠂  ᠮᠡᠷᠭᠡᠵᠢᠯ᠎ᠤᠨ ᠴᠣᠯᠠ  ᠰᠢᠯᠭ᠋ᠠᠷᠠᠭᠤᠯᠬᠤ ᠪᠠ  ᠤᠷᠢᠵᠤ ᠬᠡᠷᠡᠭᠯᠡᠬᠦ ᠪᠠᠷᠢᠮᠵᠢᠶ᠎ᠠ᠎ᠪᠠᠨ  ᠲᠡᠭᠦᠯᠳᠡᠷᠵᠢᠭᠦᠯᠦᠨ᠂  ᠪᠤᠶ᠋ᠢᠺᠤ  ᠪᠥᠮᠪᠥᠭᠡᠨ᠎ᠤ  ᠰᠤᠷᠭ᠋ᠠᠭᠴᠢ ᠵᠢᠨ ᠮᠡᠷᠭᠡᠵᠢᠯ᠎ᠤᠨ ᠴᠣᠯᠠ ᠳᠡᠪᠰᠢᠬᠦ ᠂  ᠵᠢᠭ᠋ᠠᠨ ᠰᠤᠷᠭ᠋ᠠᠯᠲᠠ ᠵᠢᠨ  ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠢ ᠦᠨᠡᠯᠡᠨ ᠲᠣᠭᠲᠠᠭ᠋ᠠᠬᠤ ᠵᠡᠷᠭᠡ ᠲᠠᠯ᠎ᠠ᠎ᠳᠤ ᠡᠯ᠎ᠡ ᠬᠢᠴᠢᠶᠡᠯ ᠲᠥᠷᠥᠯ᠎ᠤᠨ ᠪᠠᠭᠰᠢ᠎ᠯᠤᠭ᠎ᠠ ᠠᠳᠠᠯᠢᠬᠠᠨ ᠣᠯᠭᠤᠮᠵᠢ ᠬᠠᠷᠠᠭ᠋ᠠᠯᠵᠠᠯ ᠭᠥᠷᠳᠡᠬᠦ ᠵᠢ᠎ᠨᠢ  ᠦᠨᠡᠨ ᠬᠦ᠌ ᠪᠠᠲᠤᠯᠠᠬᠤ ᠬᠡᠷᠡᠭᠲᠡᠢ ᠃
       ᠶᠢᠰᠦ ᠂  ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠴᠢᠩᠭ᠋ᠠᠳᠬᠠᠨ᠎ᠠ
       ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ  ᠪᠤᠶ᠋ᠢᠺᠤ  ᠪᠥᠮᠪᠥᠭᠡᠨ᠎ᠤ  ᠬᠥᠭᠵᠢᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠵᠤ ᠂  ᠣᠷᠣᠰᠢᠵᠤ ᠪᠠᠶ᠋ᠢᠭ᠎ᠠ ᠬᠦᠴᠢᠷᠳᠡᠯ ᠪᠠ ᠠᠰᠠᠭᠤᠳᠠᠯ᠎ᠢ ᠴᠠᠭ ᠲᠤᠬᠠᠢ᠎ᠳᠤ᠎ᠨᠢ  ᠰᠤᠳᠤᠯᠤᠨ ᠰᠢᠢ᠍ᠳᠪᠦᠷᠢᠯᠡᠨ᠎ᠡ ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ  ᠪᠥᠬᠦ ᠣᠷᠣᠨ᠎ᠤ ᠪᠤᠶ᠋ᠢᠺᠤ  ᠪᠥᠮᠪᠥᠭᠡᠨ᠎ᠤ  ᠡᠩᠨᠡᠭᠡ ᠵᠢᠨ ᠪᠠᠶ᠋ᠢᠭᠤᠯᠤᠯᠲᠠ ᠂  ᠲᠠᠯᠠᠪᠤᠷ ᠭᠠᠵᠠᠷ᠎ᠤᠨ ᠪᠠᠲᠤᠯᠠᠭ᠎ᠠ ᠂  ᠤᠷᠤᠯᠳᠤᠭ᠋ᠠᠨ᠎ᠤ ᠠᠵᠢᠯᠯᠠᠭ᠎ᠠ ᠵᠡᠷᠭᠡ ᠵᠢ ᠨᠢᠭᠡᠳᠦᠯᠲᠡᠢ ᠲᠥᠯᠥᠪᠵᠢᠭᠦᠯᠵᠦ ᠂  ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠭᠤᠯᠤᠨ ᠂  ᠵᠢᠯᠣᠭᠤᠳᠤᠯᠭ᠎ᠠ᠎ᠪᠠᠨ ᠴᠢᠩᠭ᠋ᠠᠳᠬᠠᠵᠤ ᠂  ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠨ ᠂  ᠡᠯ᠎ᠡ ᠵᠦᠢ᠍ᠯ᠎ᠤᠨ ᠡᠭᠦᠷᠭᠡ᠎ᠪᠠᠨ  ᠨᠠᠶ᠋ᠢᠳᠠᠪᠤᠷᠢᠵᠢᠭᠤᠯᠬᠤ ᠵᠢ ᠵᠣᠬᠢᠴᠠᠭᠤᠯᠤᠨ ᠠᠬᠢᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠨᠢ  ᠪᠦᠢ᠍ᠺᠦ  ᠪᠥᠮᠪᠥᠭᠡᠨ᠎ᠤ  ᠲᠥᠷᠥᠯ ᠵᠦᠢ᠍ᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠢ ᠢᠳᠡᠪᠬᠢᠲᠡᠢ ᠠᠬᠢᠭᠤᠯᠵᠤ ᠂  ᠰᠤᠷᠭ᠋ᠠᠭᠤᠯᠢ ᠵᠢᠨ ᠬᠦᠷᠢᠶᠡᠨ᠎ᠤ ᠪᠦᠢ᠍ᠺᠦ  ᠪᠥᠮᠪᠥᠭᠡᠨ᠎ᠤ  ᠬᠥᠭᠵᠢᠯᠲᠡ ᠵᠢ ᠠᠬᠢᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ  ᠪᠡᠯᠡ ᠮᠥᠩᠭᠦᠨ᠎ᠤ ᠪᠠᠲᠤᠯᠠᠭ᠎ᠠ ᠵᠢ ᠨᠢᠭᠡᠳᠦᠯᠲᠡᠢ ᠲᠥᠯᠥᠪᠯᠡᠨ ᠨᠠᠶ᠋ᠢᠳᠠᠪᠤᠷᠢᠵᠢᠭᠤᠯᠬᠤ ᠬᠡᠷᠡᠭᠲᠡᠢ ᠃ ᠬᠥᠯᠥᠨ ᠪᠤᠶ᠋ᠢᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ  ᠮᠣᠷᠢᠨᠳᠠᠪᠠᠭ᠎ᠠ ᠬᠤᠰᠢᠭᠤᠨ᠎ᠤ ᠪᠤᠶ᠋ᠢᠺᠤ  ᠪᠥᠮᠪᠥᠭᠡᠨ᠎ᠤ  ᠲᠥᠷᠥᠯ ᠵᠦᠢ᠍ᠯ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ ᠂  ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ᠎ᠨᠢ  ᠪᠠᠳᠠᠷᠠᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠂  ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ  ᠡᠭᠦᠷᠭᠡ ᠬᠠᠷᠢᠭᠤᠴᠠᠯᠭ᠎ᠠ᠎ᠪᠠᠨ  ᠦᠨᠡᠨ ᠬᠦ᠌ ᠭᠦᠢ᠍ᠴᠡᠳᠬᠡᠵᠦ ᠂  ᠠᠵᠢᠯ᠎ᠤᠨ ᠵᠣᠯᠭ᠋ᠠᠭᠤᠯᠤᠯᠲᠠ᠎ᠪᠠᠨ ᠴᠢᠩᠭ᠋ᠠᠳᠬᠠᠨ ᠂  ᠡᠯ᠎ᠡ ᠵᠦᠢ᠍ᠯ᠎ᠤᠨ ᠡᠭᠦᠷᠭᠡ᠎ᠪᠠᠨ ᠪᠦᠲᠦᠮᠵᠢᠲᠡᠶ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ ᠂  ᠪᠤᠶ᠋ᠢᠺᠤ  ᠪᠥᠮᠪᠥᠭᠡᠨ᠎ᠤ  ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠃
                            2024 ᠣᠨ᠎ᠤ 5 ᠳ᠋ᠤᠭ᠋ᠠᠷ ᠰᠠᠷ᠎ᠠ ᠵᠢᠨ 9᠎ᠤ ᠡᠳᠦᠷ 


    (  ᠲᠣᠰ ᠪᠢᠴᠢᠭ  ᠮᠠᠲ᠋ᠧᠷᠢᠶᠠᠯ᠎ᠢ ᠢᠯᠡ ᠨᠡᠶ᠋ᠢᠲᠡᠯᠡᠨ᠎ᠡ )


      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ

       ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
        2024 ᠣᠨ᠎ᠤ 5 ᠳ᠋ᠤᠭ᠋ᠠᠷ ᠰᠠᠷ᠎ᠠ ᠵᠢᠨ 11᠎ᠤ ᠡᠳᠦᠷ ᠳᠠᠷᠤᠮᠠᠯᠯᠠᠨ ᠲᠠᠷᠬᠠᠭ᠋ᠠᠪᠠ


 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
             蒙ICP备05000248号