ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2024 ᠣᠨ᠎ᠤ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠤᠯᠤᠰ᠎ᠤᠨ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-04-29

              ᠥᠪᠥᠷ ᠰᠤᠷᠭ᠋ᠠᠨ ᠰᠢᠨᠵᠢᠯᠡᠬᠦ ᠤᠬᠠᠭ᠋ᠠᠨ ᠭᠠᠳᠠᠭ᠋ᠠᠳᠤ

              ᠵᠠᠬᠢᠳᠠᠯ [2024] 102 ᠳ᠋ᠤᠭ᠋ᠠᠷ ᠲᠣᠭ᠋ᠠᠲᠤ


ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠳᠡᠭᠡᠳᠦ ᠰᠤᠷᠭ᠋ᠠᠭᠤᠯᠢ᠎ᠳᠤ᠄
      ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠵᠥᠪᠯᠡᠯ (ᠳᠣᠷᠣᠭᠰᠢ ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠦᠨ᠎ᠤ ᠵᠦᠪᠯᠡᠯ ᠭᠡᠵᠦ ᠳᠦᠭᠦᠮᠴᠢᠯᠡᠨ᠎ᠡ)᠎ᠤᠨ 《2024 ᠣᠨ᠎ᠤ ᠤᠯᠤᠰ᠎ᠤᠨ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠬᠦ ᠲᠤᠬᠠᠢ ᠪᠢᠴᠢᠭ》 (  ᠭᠠᠳᠠᠭ᠋ᠠᠳᠤ᠎ᠳᠤ ᠰᠤᠷᠤᠯᠴᠠᠬᠤ ᠮᠥᠩᠭᠥ ᠰᠣᠩᠭᠣᠬᠤ [2024] 6 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ 2024 ᠣᠨ᠎ᠤ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠤᠯᠤᠰ᠎ᠤᠨ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠠᠵᠢᠯ᠎ᠢ ᠰᠠᠶ᠋ᠢᠲᠤᠷ ᠬᠢᠬᠦ ᠵᠢᠨ ᠲᠥᠯᠦᠭᠡ᠂ ᠡᠳᠦᠭᠡ ᠬᠣᠯᠪᠣᠭᠳᠠᠯ ᠪᠦᠬᠦᠢ ᠵᠦᠢ᠍ᠯ᠎ᠢ ᠳᠣᠣᠷᠠᠬᠢ ᠮᠡᠲᠦ ᠮᠡᠳᠡᠭᠳᠡᠪᠡ᠃
      ᠨᠢᠭᠡ᠂ ᠬᠦᠯᠢᠶᠡᠨ ᠠᠪᠴᠤ ᠰᠢᠢ᠍ᠳᠪᠦᠷᠢᠯᠡᠬᠦ ᠬᠡᠪᠴᠢᠶ᠎ᠡ
      ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠡᠰᠡᠭ ᠲᠥᠷᠥᠯ ᠵᠦᠢ᠍ᠯ᠎ᠢ ᠲᠤᠰᠠᠭ᠋ᠠᠷ ᠬᠦᠯᠢᠶᠡᠨ ᠠᠪᠴᠤ ᠰᠢᠢ᠍ᠳᠪᠦᠷᠢᠯᠡᠬᠦ᠎ᠠᠴᠠ ᠭᠠᠳᠠᠨ᠎ᠠ᠂ ᠰᠤᠷᠭ᠋ᠠᠨ ᠬᠥᠮᠦᠵᠢᠯ᠎ᠤᠨ ᠲᠢᠩᠬᠢᠮ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠠᠵᠢᠯ᠎ᠤᠨ ᠪᠠᠶ᠋ᠢᠷᠢ᠎ᠳᠤ ᠪᠠᠶ᠋ᠢᠭ᠎ᠠ᠂ ᠰᠤᠷᠭ᠋ᠠᠭᠤᠯᠢ᠎ᠳᠤ ᠪᠠᠶ᠋ᠢᠭ᠎ᠠ ᠪᠠᠭᠰᠢ ᠰᠤᠷᠤᠭᠴᠢᠳ᠎ᠤᠨ ᠡᠯ᠎ᠡ ᠲᠥᠷᠥᠯ᠎ᠤᠨ ᠤᠯᠤᠰ᠎ᠤᠨ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠲᠥᠷᠥᠯ ᠵᠦᠢ᠍ᠯ᠎ᠤᠨ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠨ᠎ᠡ᠃ ᠲᠥᠷᠥᠯ ᠵᠦᠢ᠍ᠯ᠎ᠳᠤ ᠪᠤᠰᠤᠳ ᠲᠣᠭᠲᠠᠭ᠋ᠠᠯ᠎ᠲᠠᠢ ᠪᠣᠯ ᠵᠣᠬᠢᠬᠤ ᠱᠠᠭ᠋ᠠᠷᠳᠠᠯᠭ᠎ᠠ ᠶᠣᠰᠣᠭ᠋ᠠᠷ ᠬᠡᠷᠡᠭᠵᠢᠭᠦᠯᠦᠨ᠎ᠡ᠃ ᠰᠤᠷᠭ᠋ᠠᠨ ᠬᠥᠮᠦᠵᠢᠯ᠎ᠤᠨ ᠲᠢᠩᠬᠢᠮ ᠬᠤᠪᠢ ᠬᠥᠮᠦᠨ᠎ᠤ ᠭᠤᠶᠤᠴᠢᠯᠠᠯ᠎ᠢ ᠰᠢᠭᠤᠳ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃
      ᠬᠣᠶᠠᠷ᠂ ᠲᠥᠷᠥᠯ ᠵᠦᠢ᠍ᠯ᠎ᠤᠨ ᠮᠡᠳᠡᠭᠡ ᠵᠠᠩᠭᠢ
      ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠥᠨ᠎ᠤ ᠵᠥᠪᠯᠡᠯ᠎ᠤᠨ ᠠᠯᠪᠠᠨ ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠲᠥᠷᠥᠯ ᠵᠦᠢ᠍ᠯ᠎ᠳᠤ᠄ ᠤᠯᠤᠰ᠎ᠠᠴᠠ ᠪᠠᠢ᠌ᠭᠤᠯᠤᠭᠰᠠᠨ ᠥᠨᠳᠥᠷ ᠬᠢᠷᠢ ᠲᠦᠪᠰᠢᠨᠲᠦ ᠶᠡᠬᠡ ᠰᠤᠷᠭ᠋ᠠᠭᠤᠯᠢ ᠵᠢᠨ ᠠᠯᠪᠠᠨ᠎ᠠᠴᠠ ᠲᠣᠮᠢᠯᠠᠬᠤ ᠰᠣᠳᠤᠯᠬᠤ ᠰᠤᠷᠤᠭᠴᠢ ᠵᠢᠨ ᠲᠥᠷᠥᠯ ᠵᠦᠢ᠍ᠯ᠂ ᠤᠯᠤᠰ᠎ᠤᠨ ᠠᠯᠪᠠᠨ᠎ᠠᠴᠠ ᠲᠣᠮᠢᠯᠠᠬᠤ ᠳᠡᠭᠡᠳᠦ ᠵᠡᠷᠭᠡ ᠵᠢᠨ ᠰᠤᠳᠤᠯᠭ᠋ᠠᠨ᠎ᠤ ᠡᠷᠳᠡᠮᠲᠡᠨ᠂ ᠠᠶ᠋ᠢᠯᠴᠢᠯᠠᠬᠤ ᠡᠷᠳᠡᠮᠲᠡᠨ᠂ ᠠᠬᠠᠯᠠᠭᠴᠢ ᠳ᠋ᠣᠺᠲ᠋ᠣᠷ᠎ᠤᠨ ᠲᠥᠷᠥᠯ ᠵᠦᠢ᠍ᠯ᠂ ᠤᠷᠠᠯᠢᠭ᠎ᠤᠨ ᠲᠥᠷᠥᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠣᠨᠴᠠᠭ᠋ᠠᠢ ᠲᠥᠷᠥᠯ ᠵᠦᠢ᠍ᠯ᠂ ᠣᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ ᠵᠢᠨ ᠴᠢᠳᠠᠪᠤᠷᠢᠲᠠᠨ᠎ᠢ ᠬᠥᠮᠦᠵᠢᠭᠦᠯᠬᠦ ᠲᠥᠷᠥᠯ ᠵᠦᠢ᠍ᠯ᠂ ᠰᠢᠨ᠎ᠡ ᠵᠢ ᠡᠭᠦᠳᠬᠦ ᠬᠡᠯᠪᠡᠷᠢ ᠵᠢᠨ ᠴᠢᠳᠠᠪᠤᠷᠢᠲᠠᠨ᠎ᠢ ᠣᠯᠠᠨ ᠤᠯᠤᠰ ᠬᠠᠮᠲᠤᠷᠠᠨ ᠬᠥᠮᠦᠵᠢᠭᠦᠯᠬᠦ ᠲᠥᠷᠥᠯ ᠵᠦᠢ᠍ᠯ᠂ ᠣᠯᠠᠨ ᠤᠯᠤᠰ᠎ᠤᠨ ᠣᠷᠣᠨ ᠪᠦᠰᠡ ᠵᠢᠨ ᠠᠰᠠᠭᠤᠳᠠᠯ᠎ᠤᠨ ᠰᠤᠳᠤᠯᠤᠯ ᠵᠢᠴᠢ ᠭᠠᠳᠠᠭ᠋ᠠᠳᠤ ᠬᠡᠯᠡᠨ᠎ᠤ ᠳᠡᠭᠡᠳᠦ ᠳᠡᠰ᠎ᠤᠨ ᠴᠢᠳᠠᠪᠤᠷᠢᠲᠠᠨ᠎ᠢ ᠬᠥᠮᠦᠵᠢᠭᠦᠯᠬᠦ ᠲᠥᠷᠥᠯ ᠵᠦᠢ᠍ᠯ᠂ ᠵᠠᠯᠠᠭᠤ ᠭᠣᠣᠯᠯᠠᠭᠴᠢ ᠪᠠᠭᠰᠢ ᠭᠠᠳᠠᠭ᠋ᠠᠳᠤ᠎ᠳᠤ ᠭᠠᠷᠴᠤ ᠰᠤᠳᠤᠯᠤᠨ ᠰᠤᠷᠤᠯᠴᠠᠬᠤ ᠲᠥᠷᠥᠯ ᠵᠦᠢ᠍ᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ᠎ᠢ ᠬᠥᠮᠦᠵᠢᠭᠦᠯᠬᠦ ᠲᠤᠰᠬᠠᠢ ᠲᠥᠷᠥᠯ ᠵᠦᠢ᠍ᠯ᠂ ᠪᠠᠷᠠᠭᠤᠨ ᠣᠷᠣᠨ᠎ᠤ ᠴᠢᠳᠠᠪᠤᠷᠢᠲᠠᠨ᠎ᠢ ᠬᠥᠮᠦᠵᠢᠭᠦᠯᠬᠦ ᠣᠨᠴᠠᠭ᠋ᠠᠢ ᠲᠥᠷᠥᠯ ᠵᠦᠢ᠍ᠯ ᠵᠢᠴᠢ ᠬᠣᠯᠪᠣᠭᠳᠠᠯ ᠪᠦᠬᠦᠢ ᠤᠯᠤᠰ᠎ᠤᠨ ᠬᠠᠮᠲᠤᠷᠠᠯᠴᠠᠭ᠋ᠠᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ ᠵᠢᠨ ᠲᠥᠷᠥᠯ ᠵᠦᠢ᠍ᠯ ᠵᠡᠷᠭᠡ ᠵᠢ ᠪᠠᠭᠲᠠᠭ᠋ᠠᠨ᠎ᠠ᠃
      2024 ᠣᠨ᠎ᠳᠤ ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠦᠨ᠎ᠤ ᠵᠥᠪᠯᠡᠯ᠎ᠠᠴᠠ ᠭᠠᠳᠠᠭ᠋ᠠᠳᠤ᠎ᠳᠤ ᠰᠤᠷᠤᠯᠴᠠᠭᠰᠠᠳ᠎ᠢ ᠳᠡᠳᠬᠦᠨ ᠳᠡᠮᠵᠢᠬᠦ ᠡᠯ᠎ᠡ ᠲᠥᠷᠥᠯ ᠵᠦᠢ᠍ᠯ᠎ᠤᠨ ᠲᠣᠪᠴᠢ ᠳᠦᠷᠢᠮ᠂ ᠰᠣᠩᠭᠣᠨ ᠲᠣᠮᠢᠯᠠᠬᠤ ᠠᠷᠭ᠎ᠠ ᠵᠢ ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠦᠨ᠎ᠤ ᠵᠥᠪᠯᠡᠯ᠎ᠤᠨ ᠠᠯᠪᠠᠨ ᠰᠦᠯᠵᠢᠶ᠎ᠡ᠎ᠳᠤ ᠣᠷᠣᠵᠤ ᠪᠠᠶ᠋ᠢᠴᠠᠭ᠋ᠠᠨ ᠯᠠᠪᠯᠠᠨ᠎ᠠ (https://www.csc.edu.cn/chuguo᠎ᠳᠤ ᠣᠷᠣᠵᠤ ᠨᠠᠷᠢᠯᠢᠭ ᠦᠵᠡᠭᠡᠷᠡᠢ)᠃ ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠦᠨ᠎ᠤ ᠵᠥᠪᠯᠡᠯ᠎ᠤᠨ ᠠᠯᠪᠠᠨ᠎ᠤ ᠰᠦᠯᠵᠢᠶᠡᠨ᠎ᠳᠤ ᠨᠡᠶ᠋ᠢᠲᠡᠯᠡᠭᠰᠡᠨ ᠲᠥᠷᠥᠯ ᠵᠦᠢ᠍ᠯ᠎ᠳᠤ ᠨᠥᠬᠥᠴᠡᠯ᠎ᠳᠤ ᠨᠡᠶ᠋ᠢᠴᠡᠬᠦ ᠪᠠᠭᠰᠢ ᠰᠤᠷᠤᠭᠴᠢᠳ ᠴᠥᠮ ᠨᠡᠷ᠎ᠡ ᠮᠡᠳᠡᠭᠦᠯᠵᠦ ᠪᠣᠯᠤᠨ᠎ᠠ᠃ ᠣᠨᠴᠠ ᠵᠠᠷᠢᠮ ᠲᠥᠷᠥᠯ ᠵᠦᠢ᠍ᠯ᠎ᠳᠤ ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠥᠨ᠎ᠤ ᠵᠥᠪᠯᠡᠯ᠎ᠠᠴᠠ ᠲᠤᠰᠠᠭ᠋ᠠᠷ ᠪᠢᠴᠢᠭ ᠮᠠᠲ᠋ᠧᠷᠢᠶᠠᠯ ᠶᠠᠪᠤᠭᠤᠯᠬᠤ᠎ᠠᠴᠠ ᠭᠠᠳᠠᠨ᠎ᠠ ᠰᠤᠷᠭ᠋ᠠᠨ ᠬᠥᠮᠦᠵᠢᠯ᠎ᠤᠨ ᠲᠢᠩᠬᠢᠮ ᠳᠠᠬᠢᠵᠤ ᠲᠤᠰᠠᠭ᠋ᠠᠷ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃
      ᠭᠤᠷᠪᠠ᠂ ᠠᠵᠢᠯ᠎ᠤᠨ ᠱᠠᠭ᠋ᠠᠷᠳᠠᠯᠭ᠎ᠠ
      (ᠨᠢᠭᠡ) ᠤᠯᠤᠰ᠎ᠤᠨ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠪᠣᠯ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠪᠣᠯᠤᠨ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠬᠡᠷᠡᠭᠴᠡᠭᠡ ᠵᠢ ᠬᠠᠩᠭ᠋ᠠᠬᠤ ᠵᠢᠨ ᠲᠥᠯᠥᠭᠡ ᠪᠠᠶ᠋ᠢᠭᠤᠯᠤᠭᠰᠠᠨ ᠭᠠᠳᠠᠭ᠋ᠠᠳᠤ᠎ᠳᠤ ᠲᠣᠮᠢᠯᠠᠨ ᠰᠤᠷᠤᠯᠴᠠᠭᠤᠯᠬᠤ ᠲᠥᠷᠥᠯ ᠵᠦᠢ᠍ᠯ ᠪᠣᠯᠬᠤ ᠪᠥᠭᠡᠳ ᠤᠯᠤᠰ᠎ᠤᠨ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠵᠢ ᠳᠡᠳᠬᠦᠨ ᠳᠡᠮᠵᠢᠬᠦ ᠠᠭᠤᠯᠭ᠎ᠠ᠎ᠨᠢ ᠡᠩ᠎ᠤᠨ ᠪᠠᠶ᠋ᠢᠳᠠᠯ᠎ᠳᠤ ᠶᠠᠪᠤᠵᠤ ᠢᠷᠡᠬᠦ ᠣᠯᠠᠨ ᠤᠯᠤᠰ᠎ᠤᠨ ᠵᠢᠭᠤᠯᠴᠢᠯᠠᠯ᠎ᠤᠨ ᠵᠠᠷᠤᠳᠠᠯ ᠪᠣᠯᠤᠨ ᠳᠡᠳᠬᠦᠨ ᠲᠤᠰᠠᠯᠠᠬᠤ ᠬᠤᠭᠤᠴᠠᠭ᠋ᠠᠨ᠎ᠳᠠᠬᠢ ᠨᠢᠭᠡ ᠤᠳᠠᠭ᠋ᠠᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ ᠪᠣᠯᠤᠨ᠎ᠠ᠃ ᠰᠤᠷᠤᠯᠭ᠎ᠠ ᠵᠢᠨ ᠱᠠᠩᠨᠠᠯ᠎ᠤᠨ ᠮᠥᠩᠭᠥ᠎ᠳᠤ ᠬᠣᠭᠣᠯᠠᠨ ᠰᠦᠢ᠍ᠳᠬᠡᠯ᠂ ᠪᠠᠶ᠋ᠢᠷᠢ᠎ᠳᠤ ᠰᠠᠭᠤᠬᠤ ᠰᠦᠢ᠍ᠳᠬᠡᠯ᠂ ᠳᠠᠩᠰᠠᠯᠠᠬᠤ ᠰᠦᠢ᠍ᠳᠬᠡᠯ᠂ ᠰᠠᠨᠳᠠᠯᠢ ᠵᠢᠨ ᠰᠦᠢ᠍ᠳᠬᠡᠯ᠂ ᠵᠠᠮ ᠬᠠᠷᠢᠯᠴᠠᠭ᠋ᠠᠨ᠎ᠤ ᠰᠦᠢ᠍ᠳᠬᠡᠯ᠂ ᠤᠲᠠᠰᠤᠨ᠎ᠤ           ᠰᠦᠢ᠍ᠳᠬᠡᠯ᠂ ᠨᠣᠮ ᠪᠢᠴᠢᠭ ᠮᠠᠲ᠋ᠧᠷᠢᠶᠠᠯ᠎ᠤᠨ ᠰᠦᠢ᠍ᠳᠬᠡᠯ᠂ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ ᠵᠡᠷᠭᠡ ᠵᠢ ᠪᠠᠭᠲᠠᠭ᠋ᠠᠨ᠎ᠠ᠃ ᠰᠤᠷᠭ᠋ᠠᠨ ᠬᠥᠮᠦᠵᠢᠯ᠎ᠤᠨ ᠲᠢᠩᠬᠢᠮ᠎ᠤᠨ᠎ᠬᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠡᠯ᠎ᠡ ᠲᠥᠷᠥᠯ᠎ᠤᠨ ᠬᠥᠮᠦᠰ᠎ᠤᠨ ᠤᠯᠤᠰ ᠎ᠤᠨ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠲᠥᠷᠥᠯ ᠵᠦᠢ᠍ᠯ᠎ᠢ ᠮᠡᠳᠡᠭᠦᠯᠬᠦ  ᠵᠢ ᠳᠡᠮᠵᠢᠨ ᠵᠣᠷᠢᠭᠵᠢᠭᠤᠯᠵᠤ᠂ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ ᠎ᠤ ᠰᠠᠯᠠᠭ᠎ᠠ ᠮᠥᠴᠢᠷ᠂ ᠡᠯ᠎ᠡ ᠳᠡᠭᠡᠳᠦ ᠰᠤᠷᠭ᠋ᠠᠭᠤᠯᠢ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠰᠠᠳ᠎ᠲᠤ ᠰᠠᠶ᠋ᠢᠨ ᠰᠠᠶ᠋ᠢᠬᠠᠨ ᠣᠷᠴᠢᠨ ᠠᠬᠤᠢ ᠵᠢ ᠢᠳᠡᠪᠬᠢᠲᠡᠢ ᠪᠣᠢ ᠪᠣᠯᠭ᠋ᠠᠨ ᠥᠭᠴᠦ᠂ ᠠᠯᠪᠠᠨ᠎ᠠᠴᠠ ᠲᠣᠮᠢᠯᠠᠵᠤ ᠭᠠᠳᠠᠭ᠋ᠠᠳᠤ᠎ᠳᠤ ᠰᠤᠷᠤᠯᠴᠠᠭᠤᠯᠬᠤ᠎ᠳᠤ᠎ᠪᠠᠨ ᠴᠢᠬᠤᠯᠠ ᠪᠦᠬᠦᠢ ᠴᠠᠯᠢᠩ ᠣᠯᠭᠣᠮᠵᠢ᠂ ᠲᠤᠰᠢᠶᠠᠯ᠎ᠤᠨ ᠴᠣᠯᠠ ᠲᠣᠭᠲᠠᠭ᠋ᠠᠬᠤ ᠵᠡᠷᠭᠡ ᠵᠢ ᠪᠠᠲᠤᠯᠠᠨ᠂ ᠠᠯᠪᠠᠨ᠎ᠠᠴᠠ ᠲᠣᠮᠢᠯᠠᠵᠤ ᠭᠠᠳᠠᠭ᠋ᠠᠳᠤ᠎ᠳᠤ ᠰᠤᠷᠤᠯᠴᠠᠭᠰᠠᠳ᠎ᠤᠨ ᠬᠠᠮᠢᠶ᠎ᠠ ᠪᠦᠬᠦᠢ ᠬᠡᠪ᠎ᠤᠨ ᠣᠯᠭᠣᠮᠵᠢ ᠵᠢ ᠬᠡᠯᠪᠡᠷᠢ ᠵᠢ᠎ᠨᠢ ᠥᠭᠡᠷᠡᠲᠦᠭᠦᠯᠦᠨ ᠬᠠᠷᠰᠢᠯᠠᠬᠤ ᠦᠭᠡᠢ ᠪᠠᠢ᠌ᠵᠤ᠂ ᠭᠠᠳᠠᠭ᠋ᠠᠳᠤ᠎ᠳᠤ ᠰᠤᠷᠤᠯᠴᠠᠭᠰᠠᠳ᠎ᠤᠨ ᠰᠠᠨᠠᠭ᠎ᠠ ᠠᠮᠤᠷ ᠭᠠᠳᠠᠭ᠋ᠠᠳᠤ᠎ᠳᠤ ᠰᠤᠷᠤᠯᠴᠠᠬᠤ ᠵᠢ ᠦᠨᠡᠨ ᠬᠦ᠌ ᠪᠠᠲᠤᠯᠠᠨ᠎ᠠ᠃
      (ᠬᠣᠶᠠᠷ) ᠡᠯ᠎ᠡ ᠠᠶ᠋ᠢᠮᠠᠭ ᠬᠣᠲᠠ᠂ ᠡᠯ᠎ᠡ ᠳᠡᠭᠡᠳᠦ ᠰᠤᠷᠭ᠋ᠠᠭᠤᠯᠢ ᠤᠯᠤᠰ᠎ᠤᠨ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠲᠥᠷᠥᠯ ᠵᠦᠢ᠍ᠯ᠎ᠢ ᠢᠳᠡᠪᠬᠢᠲᠡᠢ ᠤᠬᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠪᠣᠳᠠᠲᠠᠢ ᠠᠵᠢᠯᠲᠠᠨ᠎ᠢ ᠵᠢᠭ᠋ᠠᠨ ᠲᠣᠭᠲᠠᠭ᠋ᠠᠵᠤ ᠲᠤᠰ ᠭᠠᠵᠠᠷ ᠣᠷᠣᠨ ᠲᠤᠰ ᠨᠢᠭᠡᠴᠢ ᠵᠢᠨ ᠮᠡᠳᠡᠭᠦᠯᠬᠦ ᠠᠵᠢᠯ᠎ᠢ ᠬᠠᠷᠢᠭᠤᠴᠠᠭᠤᠯᠤᠨ᠂ ᠭᠤᠶᠤᠴᠢᠯᠠᠭᠴᠢ ᠵᠢ ᠵᠢᠯᠣᠭᠣᠳᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠲᠠᠭᠯᠠᠨ ᠮᠡᠳᠡᠭᠦᠯᠵᠦ᠂ ᠭᠤᠶᠤᠴᠢᠯᠠᠯ᠎ᠢ ᠴᠠᠭ ᠲᠤᠬᠠᠢ᠎ᠳᠤ᠎ᠨᠢ ᠬᠦᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ᠂ ᠭᠤᠶᠤᠴᠢᠯᠠᠯ᠎ᠤᠨ ᠮᠠᠲ᠋ᠧᠷᠢᠶᠠᠯ᠎ᠢ ᠬᠢᠨᠠᠨ ᠪᠠᠢ᠌ᠴᠠᠭ᠋ᠠᠵᠤ᠂ ᠪᠤᠷᠤᠭᠤ ᠦᠭᠡᠢ ᠵᠢ ᠨᠤᠲᠠᠯᠠᠭ᠋ᠠᠳ᠂ ᠲᠠᠨᠢᠯᠴᠠᠭᠤᠯᠤᠭᠰᠠᠨ ᠵᠢᠱ᠌ᠢᠭᠳᠡᠭᠴᠢ ᠵᠢ ᠮᠡᠳᠡᠭᠦᠯᠦᠨ ᠬᠦᠷᠭᠡᠨ᠎ᠡ᠃ ᠡᠯ᠎ᠡ ᠠᠶ᠋ᠢᠮᠠᠭ ᠬᠣᠲᠠ᠂ ᠡᠯ᠎ᠡ ᠳᠡᠭᠡᠳᠦ ᠰᠤᠷᠭ᠋ᠠᠭᠤᠯᠢ ᠵᠢᠨ᠎ᠬᠢᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠤᠯᠤᠰ ᠲᠥᠷᠥ ᠵᠢᠨ ᠪᠣᠭᠣᠮᠲᠠ᠂ ᠮᠠᠲ᠋ᠧᠷᠢᠶᠠᠯ᠎ᠤᠨ ᠪᠣᠭᠣᠮᠲᠠ ᠵᠢ ᠴᠢᠩᠭ᠎ᠠ ᠠᠳᠬᠤᠵᠤ᠂ ᠭᠤᠶᠤᠴᠢᠯᠠᠯ᠎ᠢ ᠤᠴᠢᠷ ᠰᠢᠯᠲᠠᠭ᠋ᠠᠨ ᠦᠭᠡᠢ᠎ᠪᠠᠷ ᠲᠡᠪᠴᠢᠵᠦ ᠪᠣᠯᠬᠤ ᠦᠭᠡᠢ᠂ ᠬᠢᠨᠠᠨ ᠪᠠᠢ᠌ᠴᠠᠭ᠋ᠠᠬᠤ          ᠎ᠳᠤ ᠬᠢᠷᠢ ᠲᠡᠩᠴᠡᠭᠰᠡᠨ ᠦᠭᠡᠢ ᠮᠠᠲ᠋ᠧᠷᠢᠶᠠᠯ᠎ᠢ ᠮᠡᠳᠡᠭᠦᠯᠦᠨ ᠬᠦᠷᠭᠡᠵᠦ ᠪᠣᠯᠬᠤ ᠦᠭᠡᠢ᠂ ᠮᠡᠳᠡᠭᠦᠯᠬᠦ ᠨᠥᠬᠥᠴᠡᠯ          ᠎ᠳᠤ ᠨᠡᠶ᠋ᠢᠴᠡᠬᠦ ᠦᠭᠡᠢ ᠭᠤᠶᠤᠴᠢᠯᠠᠭᠴᠢ᠎ᠳᠤ ᠰᠢᠯᠲᠠᠭ᠋ᠠᠨ᠎ᠢ᠎ᠨᠢ ᠴᠠᠭ ᠲᠤᠬᠠᠢ᠎ᠳᠤ᠎ᠨᠢ ᠬᠠᠷᠢᠭᠤ ᠲᠤᠰᠬᠠᠬᠤ           ᠬᠡᠷᠡᠭᠲᠡᠢ᠃ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠵᠣᠬᠢᠶᠠᠨ ᠪᠠᠶ᠋ᠢᠭᠤᠯᠵᠤ ᠬᠢᠨᠠᠨ ᠲᠣᠭᠲᠠᠭ᠋ᠠᠯᠭ᠋ᠠᠬᠤ ᠴᠢᠬᠤᠯᠠᠲᠠᠢ ᠤᠯᠤᠰ᠎ᠤᠨ ᠠᠯᠪᠠᠨ᠎ᠠᠴᠠ ᠲᠣᠮᠢᠯᠠᠨ ᠰᠤᠷᠤᠯᠴᠠᠭᠤᠯᠬᠤ ᠲᠥᠷᠥᠯ ᠵᠦᠢ᠍ᠯ᠎ᠢ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠳᠣᠭᠲᠠᠭ᠋ᠠᠵᠤ᠂ ᠬᠢᠨᠠᠨ ᠲᠣᠭᠲᠠᠭ᠋ᠠᠬᠤ ᠨᠠᠷᠢᠨ ᠵᠦᠢ᠍ᠯ᠂ ᠬᠢᠨᠠᠨ ᠲᠣᠭᠲᠠᠭ᠋ᠠᠬᠤ ᠱᠠᠭ᠋ᠠᠷᠳᠠᠯᠭ᠎ᠠ᠂  ᠬᠢᠷᠢ ᠲᠡᠩᠴᠡᠭᠰᠡᠨ ᠬᠥᠮᠦᠰ᠎ᠤᠨ ᠰᠢᠯᠲᠠᠭ᠋ᠠᠨ ᠳᠣᠲᠣᠭ᠋ᠠᠳᠤ ᠵᠢᠨ ᠮᠡᠳᠡᠭᠡ ᠵᠠᠩᠭᠢ᠎ᠳᠤ ᠬᠠᠷᠢᠶᠠᠯᠠᠭᠳᠠᠵᠤ᠂ ᠭᠠᠳᠠᠭᠰᠢ ᠨᠡᠶ᠋ᠢᠲᠡᠯᠡᠬᠦ ᠦᠭᠡᠢ᠃
      (ᠭᠤᠷᠪᠠ) ᠡᠯ᠎ᠡ ᠠᠶ᠋ᠢᠮᠠᠭ ᠬᠣᠲᠠ᠂ ᠡᠯ᠎ᠡ ᠳᠡᠭᠡᠳᠦ ᠰᠤᠷᠭ᠋ᠠᠭᠤᠯᠢ ᠭᠤᠶᠤᠴᠢᠯᠠᠭᠴᠢ ᠵᠢᠨ ᠦᠵᠡᠯ ᠰᠠᠨᠠᠭ᠎ᠠ ᠶᠣᠰᠣ ᠮᠣᠷᠠᠯ ᠪᠠ ᠰᠤᠷᠭ᠋ᠠᠭᠤᠯᠢ᠎ᠳᠤ ᠪᠠᠶ᠋ᠢᠭ᠎ᠠ ᠵᠠᠩ ᠰᠤᠷᠲᠠᠯ᠎ᠤᠨ ᠢᠯᠡᠷᠡᠯ᠂ ᠬᠠᠤᠯᠢ ᠴᠠᠭ᠋ᠠᠵᠠ ᠰᠠᠬᠢᠯᠭ᠎ᠠ ᠪᠠᠲᠤ᠎ᠠᠴᠠ ᠵᠥᠷᠢᠴᠡᠭᠰᠡᠨ ᠪᠠ ᠰᠢᠢ᠍ᠳᠭᠡᠯ ᠥᠭᠭᠦᠭᠰᠡᠨ ᠪᠠᠶ᠋ᠢᠳᠠᠯ ᠪᠠᠶ᠋ᠢᠬᠤ ᠡᠰᠡᠬᠦ᠂ ᠰᠠᠶ᠋ᠢᠨ ᠰᠠᠶ᠋ᠢᠬᠠᠨ ᠰᠡᠳᠬᠢᠴᠡ ᠵᠢᠨ ᠬᠡᠪ ᠴᠢᠨᠠᠷ ᠪᠠᠶ᠋ᠢᠬᠤ ᠡᠰᠡᠬᠦ᠂ ᠪᠡᠶ᠎ᠡ᠎ᠪᠠᠨ ᠳᠠᠭ᠋ᠠᠭ᠋ᠠᠭᠰᠠᠨ ᠠᠮᠢᠳᠤᠷᠠᠯ᠎ᠤᠨ ᠴᠢᠳᠠᠪᠤᠷᠢ ᠪᠠ ᠭᠠᠳᠠᠭ᠋ᠠᠳᠤ ᠶᠠᠪᠤᠯᠴᠠᠭ᠎ᠠ ᠨᠡᠪᠲᠡᠷᠡᠯᠴᠡᠬᠦ ᠴᠢᠳᠠᠪᠤᠷᠢ ᠪᠠᠶ᠋ᠢᠬᠤ ᠡᠰᠡᠬᠦ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ ᠰᠢᠯᠭ᠋ᠠᠨ ᠬᠢᠨᠠᠬᠤ ᠵᠢᠨ ᠬᠠᠮᠲᠤ ᠶᠡᠷᠦᠩᠬᠡᠶ᠋ᠢᠯᠡᠨ ᠦᠨᠡᠯᠡᠬᠦ ᠮᠠᠲ᠋ᠧᠷᠢᠶᠠᠯ ᠭᠠᠷᠭ᠋ᠠᠵᠤ᠂ ᠶᠡᠷᠦᠩᠬᠡᠶ᠋ᠢᠯᠡᠨ ᠦᠨᠡᠯᠡᠬᠦ ᠮᠠᠲ᠋ᠧᠷᠢᠶᠠᠯ᠎ᠢ ᠲᠠᠨᠢᠯᠴᠠᠭᠤᠯᠬᠤ ᠠᠯᠪᠠᠨ ᠪᠢᠴᠢᠭ᠎ᠲᠠᠢ ᠬᠠᠮᠲᠤ ᠮᠡᠳᠡᠭᠦᠯᠦᠨ ᠬᠦᠷᠭᠡᠨ᠎ᠡ᠃
      (ᠳᠥᠷᠪᠡ) ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠵᠥᠪᠯᠡᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠤᠯᠤᠰ᠎ᠠᠴᠠ ᠥᠨᠳᠥᠷ ᠬᠢᠷᠢ ᠲᠦᠪᠰᠢᠨᠲᠦ ᠶᠡᠬᠡ ᠰᠤᠷᠭ᠋ᠠᠭᠤᠯᠢ ᠵᠢᠨ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠰᠣᠳᠤᠯᠬᠤ ᠰᠤᠷᠤᠭᠴᠢ ᠵᠢᠨ ᠲᠥᠷᠥᠯ ᠵᠦᠢ᠍ᠯ᠎ᠢ ᠪᠠᠶ᠋ᠢᠭᠤᠯᠵᠤ᠂ ᠤᠯᠤᠰ᠎ᠤᠨ ᠠᠯᠪᠠᠨ᠎ᠠᠴᠠ ᠲᠣᠮᠢᠯᠠᠭᠰᠠᠨ ᠳᠡᠭᠡᠳᠦ ᠵᠡᠷᠭᠡ ᠵᠢᠨ ᠰᠤᠳᠤᠯᠭ᠋ᠠᠨ᠎ᠤ ᠡᠷᠳᠡᠮᠲᠡᠨ᠂ ᠠᠶ᠋ᠢᠯᠴᠢᠯᠠᠬᠤ ᠡᠷᠳᠡᠮᠲᠡᠨ᠂ ᠠᠬᠠᠯᠠᠭᠴᠢ ᠳ᠋ᠣᠺᠲ᠋ᠣᠷ᠎ᠤᠨ ᠲᠥᠷᠥᠯ ᠵᠦᠢ᠍ᠯ ᠵᠡᠷᠭᠡ ᠲᠥᠷᠥᠯ ᠵᠦᠢ᠍ᠯ᠎ᠤᠨ ᠬᠢᠷᠢ ᠭᠡᠮ᠎ᠢ ᠬᠢᠨᠠᠨ ᠪᠠᠢ᠌ᠴᠠᠭ᠋ᠠᠬᠤ ᠪᠠ ᠮᠠᠲ᠋ᠧᠷᠢᠶᠠᠯ᠎ᠢ ᠬᠢᠨᠠᠨ ᠪᠠᠢ᠌ᠴᠠᠭ᠋ᠠᠬᠤ ᠠᠵᠢᠯ᠎ᠢ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠬᠠᠷᠢᠭᠤᠴᠠᠵᠤ᠂ ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠵᠥᠪᠯᠡᠯ᠎ᠨᠢ ᠬᠠᠮᠢᠶ᠎ᠠ ᠪᠦᠬᠦᠢ ᠲᠣᠭ᠎ᠠ ᠪᠠᠷᠢᠮᠲᠠ᠎ᠢ ᠴᠢᠩᠭ᠎ᠠ ᠪᠠᠶ᠋ᠢᠴᠠᠭ᠋ᠠᠬᠤ ᠪᠤᠶᠤ ᠰᠤᠭᠤᠴᠢᠨ ᠪᠠᠢ᠌ᠴᠠᠭ᠋ᠠᠨ᠎ᠠ᠃ ᠬᠠᠮᠢᠶ᠎ᠠ ᠪᠦᠬᠦᠢ ᠲᠥᠷᠥᠯ ᠵᠦᠢ᠍ᠯ᠎ᠳᠤ ᠣᠷᠣᠰᠢᠵᠤ ᠪᠠᠶ᠋ᠢᠭ᠎ᠠ ᠠᠰᠠᠭᠤᠳᠠᠯ ᠨᠡᠯᠢᠶᠡᠳ ᠣᠯᠠᠨ ᠨᠢᠭᠡᠴᠢ ᠪᠤᠶᠤ ᠣᠯᠠᠨ ᠲᠥᠷᠥᠯ ᠵᠦᠢ᠍ᠯ᠎ᠤᠨ ᠭᠤᠶᠤᠴᠢᠯᠠᠯ᠎ᠤᠨ ᠮᠠᠲ᠋ᠧᠷᠢᠶᠠᠯ᠎ᠤᠨ ᠬᠢᠷᠢ ᠲᠡᠩᠴᠡᠬᠦ ᠦᠭᠡᠢ ᠨᠣᠷᠮ᠎ᠠ ᠵᠣᠬᠢᠬᠤ ᠬᠡᠮᠵᠢᠶᠡᠨ᠎ᠳᠤ ᠬᠦᠷᠦᠭᠰᠡᠨ ᠨᠢᠭᠡᠴᠢ ᠵᠢ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠦᠢ᠍ᠯᠡ ᠪᠠᠶ᠋ᠢᠳᠠᠯ᠎ᠤᠨ ᠬᠦᠨᠳᠦ ᠨᠣᠴᠢᠲᠠᠢ ᠵᠢᠨ ᠬᠡᠮᠵᠢᠶ᠎ᠡ ᠵᠢ ᠦᠵᠡᠵᠦ᠂ ᠭᠤᠶᠤᠴᠢᠯᠠᠯ᠎ᠢ ᠪᠤᠴᠠᠭ᠋ᠠᠬᠤ᠂ ᠮᠡᠳᠡᠭᠳᠡᠨ ᠰᠢᠭᠦᠮᠵᠢᠯᠡᠬᠦ᠂ ᠲᠤᠰ ᠨᠢᠭᠡᠴᠢ ᠵᠢᠨ ᠳᠠᠷᠠᠭ᠎ᠠ ᠵᠢᠯ᠎ᠤᠨ ᠲᠠᠨᠢᠯᠴᠠᠭᠤᠯᠬᠤ ᠬᠢᠷᠢ ᠭᠡᠮ᠎ᠢ ᠲᠦᠷ ᠵᠣᠭᠰᠣᠭ᠋ᠠᠬᠤ ᠵᠡᠷᠭᠡ ᠠᠷᠭ᠎ᠠ ᠬᠡᠮᠵᠢᠶ᠎ᠡ ᠠᠪᠤᠨ᠎ᠠ᠃
      (ᠲᠠᠪᠤ) ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠬᠤ ᠠᠵᠢᠯ᠎ᠤᠨ ᠦᠢ᠍ᠯᠡᠴᠢᠯᠡᠬᠦ ᠪᠠ ᠪᠠᠲᠤᠯᠠᠬᠤ ᠡᠷᠴᠢᠮ᠎ᠢ ᠴᠢᠩᠭ᠋ᠠᠳᠭ᠋ᠠᠬᠤ ᠵᠢᠨ ᠲᠥᠯᠦᠭᠡ᠂ ᠵᠢᠯ᠎ᠤᠨ ᠳᠣᠲᠣᠷ᠎ᠠ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠂ ᠥᠪᠥᠷ ᠮᠣᠩᠭᠣᠯ᠎ᠤᠨ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠠᠩᠭ᠍ᠯᠢ ᠬᠡᠯᠡᠨ᠎ᠤ ᠳᠡᠭᠡᠳᠦ ᠵᠡᠷᠭᠡ ᠵᠢᠨ ᠪᠣᠯᠪᠠᠰᠤᠷᠠᠯ᠎ᠤᠨ ᠠᠩᠭᠢ᠂ ᠳᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠪᠣᠯᠪᠠᠰᠤᠷᠠᠯ ᠵᠡᠷᠭᠡ ᠠᠵᠢᠯ᠎ᠢ ᠵᠣᠬᠢᠶᠠᠨ ᠪᠠᠶ᠋ᠢᠭᠤᠯᠵᠤ᠂ ᠪᠣᠳᠠᠲᠠᠢ ᠠᠭᠤᠯᠭ᠎ᠠ ᠪᠠ ᠴᠠᠭ᠎ᠢ ᠠᠰ᠎ᠲᠤ᠎ᠨᠢ ᠮᠡᠳᠡᠭᠳᠡᠨ᠎ᠡ᠃
      (ᠵᠢᠷᠭᠤᠭ᠎ᠠ) ᠡᠯ᠎ᠡ ᠠᠶ᠋ᠢᠮᠠᠭ ᠬᠣᠲᠠ᠂ ᠡᠯ᠎ᠡ ᠶᠡᠬᠡ ᠳᠡᠭᠡᠳᠦ ᠰᠤᠷᠭ᠋ᠠᠭᠤᠯᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠰᠤᠷᠭ᠋ᠠᠨ ᠬᠥᠮᠦᠵᠢᠯ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠲᠠᠢ ᠤᠶᠠᠯᠳᠤᠭᠤᠯᠤᠨ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠵᠤ᠂ 2024 ᠣᠨ᠎ᠤ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠰᠣᠩᠭᠣᠨ ᠲᠣᠮᠢᠯᠠᠬᠤ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠢ ᠲᠣᠭᠲᠠᠭ᠋ᠠᠵᠤ᠂ ᠰᠣᠩᠭᠣᠨ ᠲᠣᠮᠢᠯᠠᠬᠤ ᠲᠥᠯᠥᠪᠵᠢᠭᠦᠯᠭᠡ ᠵᠢᠨ ᠬᠡᠷᠡᠭᠵᠢᠭᠦᠯᠵᠦ  ᠪᠣᠯᠬᠤᠢ᠌ᠴᠠ ᠲᠥᠷᠥᠯ ᠵᠦᠢ᠍ᠯ᠂ ᠮᠡᠳᠡᠭᠦᠯᠬᠦ ᠲᠥᠷᠥᠯ ᠵᠦᠢ᠍ᠯ᠂ ᠰᠣᠩᠭᠣᠨ ᠲᠣᠮᠢᠯᠠᠬᠤ ᠬᠥᠮᠦᠨ᠎ᠤ ᠲᠣᠭ᠎ᠠ᠂ ᠠᠵᠢᠯ᠎ᠤᠨ ᠪᠠᠲᠤᠯᠠᠭ᠎ᠠ ᠵᠡᠷᠭᠡ ᠵᠢ ᠲᠣᠳᠣᠷᠬᠠᠶ᠋ᠢᠯᠠᠵᠤ᠂ ᠡᠯ᠎ᠡ ᠳᠡᠭᠡᠳᠦ ᠰᠤᠷᠭ᠋ᠠᠭᠤᠯᠢ ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠵᠥᠪᠯᠡᠯ᠎ᠤᠨ ᠵᠠᠯᠠᠭᠤ ᠭᠣᠣᠯᠯᠠᠭᠴᠢ ᠪᠠᠭᠰᠢ ᠵᠢᠨ ᠭᠠᠳᠠᠭ᠋ᠠᠳᠤ᠎ᠳᠤ ᠭᠠᠷᠴᠤ ᠰᠤᠳᠤᠯᠤᠨ ᠰᠤᠷᠤᠯᠴᠠᠬᠤ ᠲᠥᠷᠥᠯ ᠵᠦᠢ᠍ᠯ ᠵᠡᠷᠭᠡ ᠥᠪᠡᠷᠮᠢᠴᠡ ᠲᠥᠷᠥᠯ ᠵᠦᠢ᠍ᠯ᠎ᠢ ᠢᠳᠡᠪᠬᠢᠲᠡᠢ ᠮᠡᠳᠡᠭᠦᠯᠵᠦ᠂ ᠰᠣᠩᠭᠣᠨ ᠲᠣᠮᠢᠯᠠᠬᠤ᠎ᠳᠤ ᠡᠷᠬᠡᠪᠰᠢ ᠲᠤᠰ ᠨᠢᠭᠡᠴᠢ᠎ᠪᠠᠷ ᠵᠶ᠋ᠠᠨ ᠨᠤᠲᠠᠯᠠᠭᠤᠯᠤᠭᠰᠠᠨ᠎ᠤ ᠳᠠᠷᠠᠭ᠎ᠠ 5 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ ᠡᠮᠦᠨ᠎ᠡ ᠠᠯᠪᠠᠨ ᠵᠠᠬᠢᠳᠠᠯ᠎ᠤᠨ ᠳᠠᠷᠤᠮᠠᠯᠠᠯ᠎ᠢ ᠰᠤᠷᠭ᠋ᠠᠨ ᠬᠥᠮᠦᠵᠢᠯ᠎ᠤᠨ ᠲᠢᠩᠬᠢᠮ᠎ᠳᠤ ᠮᠡᠳᠡᠭᠦᠯᠦᠨ ᠬᠦᠷᠭᠡᠵᠦ᠂ ᠡᠯᠧᠺᠲᠷᠣᠨ ᠮᠠᠲ᠋ᠧᠷᠢᠶᠠᠯ᠎ᠢ  ᠳᠣᠭᠲᠠᠭᠰᠠᠨ ᠢᠮᠧᠯ᠎ᠳᠤ ᠢᠯᠡᠭᠡᠨ᠎ᠡ᠃
      (ᠳᠣᠯᠣᠭ᠎ᠠ) ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠵᠥᠪᠯᠡᠯ ᠪᠠᠷᠠᠭᠤᠨ ᠣᠷᠣᠨ᠎ᠤ ᠴᠢᠳᠠᠪᠤᠷᠢᠲᠠᠨ᠎ᠢ ᠬᠥᠮᠦᠵᠢᠭᠦᠯᠬᠦ ᠲᠤᠬᠠᠢ ᠣᠨᠴᠠᠭ᠋ᠠᠢ ᠲᠥᠷᠥᠯ ᠵᠦᠢ᠍ᠯ᠎ᠤᠨ ᠲᠤᠬᠠᠢ ᠱᠠᠭ᠋ᠠᠷᠳᠠᠯᠭ᠎ᠠ ᠵᠢ ᠦᠨᠳᠦᠰᠦᠯᠡᠨ᠂ 2024 ᠣᠨ᠎ᠠᠴᠠ ᠡᠬᠢᠯᠡᠨ᠂ ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠵᠥᠪᠯᠡᠯ ᠪᠠᠶ᠋ᠢᠭ᠎ᠠ ᠨᠢᠭᠡᠴᠢ ᠪᠠ ᠬᠤᠪᠢ ᠬᠥᠮᠦᠨ᠎ᠢ ᠰᠣᠩᠭᠣᠨ           ᠲᠣᠮᠢᠯᠠᠬᠤ ᠠᠷᠭ᠎ᠠ ᠵᠠᠮ᠎ᠢ ᠬᠦᠴᠦᠨ ᠦᠭᠡᠢ ᠪᠣᠯᠭ᠋ᠠᠵᠤ᠂ ᠲᠥᠷᠥᠯ ᠵᠦᠢ᠍ᠯ᠎ᠤᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ᠃ ᠡᠯ᠎ᠡ ᠳᠡᠭᠡᠳᠦ ᠰᠤᠷᠭ᠋ᠠᠭᠤᠯᠢ ᠲᠥᠷᠥᠯ ᠵᠦᠢ᠍ᠯ᠎ᠤᠨ ᠳᠦᠷᠢᠮ᠎ᠢ ᠬᠡᠷᠡᠭᠵᠢᠭᠦᠯᠬᠦ ᠴᠢᠬᠤᠯᠠ ᠠᠵᠠ ᠲᠣᠬᠢᠶᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠤᠰ᠎ᠤᠨ ᠪᠠᠶ᠋ᠢᠯᠳᠤᠬᠤ ᠪᠣᠳᠣᠯᠭ᠎ᠠ᠂ ᠣᠷᠣᠨ ᠪᠦᠰᠡ ᠵᠢᠨ ᠨᠡᠶ᠋ᠢᠭᠡᠮ᠎ᠤᠨ ᠠᠵᠤ ᠠᠬᠤᠢ ᠵᠢᠨ ᠬᠥᠭᠵᠢᠯᠲᠡ᠂ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠢ ᠬᠥᠭᠵᠢᠭᠦᠯᠬᠦ ᠲᠥᠯᠥᠪᠵᠢᠭᠦᠯᠭᠡ ᠵᠢᠨ ᠬᠠᠷᠠᠯᠲᠠ᠎ᠳᠤ ᠦᠢ᠍ᠯᠡᠴᠢᠯᠡᠬᠦ᠎ᠳᠤ ᠠᠩᠬᠠᠷᠤᠯ ᠵᠶ᠋ᠠᠨ ᠬᠠᠨᠳᠤᠭᠤᠯᠤᠨ᠂ ᠵᠣᠭᠰᠣᠴᠠ᠎ᠪᠠᠨ ᠳᠡᠭᠡᠭᠰᠢᠯᠡᠭᠦᠯᠦᠨ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠰᠤᠷᠭ᠋ᠠᠭᠤᠯᠢ ᠵᠢᠨ ᠳᠣᠲᠤᠨ᠎ᠠ ᠭᠠᠳᠠᠨᠠᠬᠢ ᠠᠯᠢᠪᠠ ᠠᠰᠢᠭᠯᠠᠵᠤ ᠪᠣᠯᠬᠤᠢ᠌ᠴᠠ ᠡᠬᠢ ᠪᠠᠶᠠᠯᠢᠭ᠎ᠢ ᠪᠠᠷᠠᠭᠤᠨ ᠣᠷᠣᠨ᠎ᠤ ᠣᠷᠣᠨ ᠨᠤᠲᠤᠭ᠎ᠤᠨ ᠲᠥᠷᠥᠯ ᠵᠦᠢ᠍ᠯ᠎ᠤᠨ ᠬᠤᠪᠢᠶᠠᠷᠢ ᠲᠥᠷᠥᠯ ᠵᠦᠢ᠍ᠯ᠎ᠢ ᠢᠳᠡᠪᠬᠢᠲᠡᠢ ᠭᠤᠶᠤᠴᠢᠯᠠᠨ ᠮᠡᠳᠡᠭᠦᠯᠬᠦ ᠵᠢ ᠳᠠᠢ᠌ᠴᠢᠯᠠᠨ᠎ᠠ᠃ ᠵᠣᠬᠢᠬᠤ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠰᠠᠭᠤᠷᠢ ᠪᠠ ᠬᠠᠮᠢᠶ᠎ᠠ ᠪᠦᠬᠦᠢ ᠰᠢᠨᠵᠢᠯᠡᠭᠡᠨ᠎ᠤ ᠰᠠᠯᠠᠭ᠋ᠠᠨ᠎ᠤ ᠳᠠᠪᠠᠭᠤᠯᠢᠭ ᠵᠶ᠋ᠠᠷ ᠨᠡᠯᠢᠶᠡᠳ ᠴᠢᠩᠭ᠎ᠠ ᠰᠤᠷᠭ᠋ᠠᠭᠤᠯᠢ᠂  ᠣᠨᠴᠠᠭ᠋ᠠᠢ᠌ᠯᠠᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠶᠡᠬᠡ ᠳᠡᠭᠡᠳᠦ ᠰᠤᠷᠭ᠋ᠠᠭᠤᠯᠢ ᠨᠢᠭᠡ ᠪᠦᠷᠢ ᠬᠠᠮᠤᠭ᠎ᠤᠨ ᠪᠠᠭ᠎ᠠ᠎ᠳᠤ ᠎ᠪᠠᠨ 1 ᠬᠤᠪᠢᠶᠠᠷᠢ ᠲᠥᠷᠥᠯ ᠵᠦᠢ᠍ᠯ᠎ᠢ ᠮᠡᠳᠡᠭᠦᠯᠦᠨ᠎ᠡ; ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠰᠠᠭᠤᠷᠢ ᠨᠡᠯᠢᠶᠡᠳ ᠠᠨᠠᠢ᠂ ᠬᠠᠮᠢᠶ᠎ᠠ ᠪᠦᠬᠦᠢ ᠰᠢᠨᠵᠢᠯᠡᠭᠡᠨ᠎ᠤ ᠰᠠᠯᠠᠭ᠎ᠠ᠎ᠨᠢ ᠵᠣᠬᠢᠬᠤ ᠣᠨᠴᠠᠯᠢᠭ ᠎ᠲᠠᠢ ᠮᠥᠷᠲᠡᠭᠡᠨ ᠳᠠᠪᠠᠭᠤᠯᠢᠭ ᠰᠤᠷᠭ᠋ᠠᠭᠤᠯᠢ ᠣᠯᠠᠨ ᠰᠤᠷᠭ᠋ᠠᠭᠤᠯᠢ ᠬᠠᠮᠲᠤᠷᠠᠨ 1 ᠬᠤᠪᠢᠶᠠᠷᠢ ᠲᠥᠷᠥᠯ ᠵᠦᠢ᠍ᠯ ᠎ᠢ ᠮᠡᠳᠡᠭᠦᠯᠵᠦ ᠪᠣᠯᠤᠨ᠎ᠠ᠃ ᠪᠣᠳᠠᠲᠠᠢ ᠲᠥᠷᠥᠯ ᠵᠦᠢ᠍ᠯ᠎ᠤᠨ ᠠᠭᠤᠯᠭ᠎ᠠ ᠪᠣᠯᠤᠨ ᠱᠠᠭ᠋ᠠᠷᠳᠠᠯᠭ᠎ᠠ ᠵᠢ ᠠᠰ ᠎ᠲᠤ᠎ᠨᠢ ᠮᠡᠳᠡᠭᠳᠡᠨ᠎ᠡ᠃
      (ᠨᠠᠢ᠍ᠮᠠ) ᠤᠤᠯ᠎ᠤᠨ ᠤᠯᠤᠰ᠎ᠤᠨ ᠰᠤᠷᠭ᠋ᠠᠨ ᠬᠥᠮᠦᠵᠢᠯ᠎ᠤᠨ ᠵᠥᠪᠯᠡᠯ᠂ ᠳᠣᠲᠣᠭ᠋ᠠᠳᠤ  ᠵᠢ ᠬᠠᠮᠠᠭ᠋ᠠᠯᠠᠬᠤ ᠶᠠᠮᠤᠨ᠂ ᠭᠠᠳᠠᠭ᠋ᠠᠳᠤ ᠶᠠᠪᠤᠳᠠᠯ᠎ᠤᠨ ᠶᠠᠮᠤᠨ᠎ᠤ « ᠠᠷᠠᠳ ᠢᠷᠭᠡᠨ ᠭᠠᠳᠠᠭ᠋ᠠᠳᠤ᠎ᠳᠤ ᠭᠠᠷᠴᠤ ᠰᠤᠷᠤᠯᠴᠠᠬᠤ᠎ᠳᠤ ᠬᠤᠪᠢ ᠵᠢᠨ ᠡᠩ᠎ᠤᠨ ᠫᠠᠰᠫᠣᠷᠲ ᠎ᠢ ᠬᠡᠷᠡᠭᠯᠡᠬᠦ  ᠲᠤᠬᠠᠢ ᠮᠡᠳᠡᠭᠳᠡᠯ » (ᠰᠤᠷᠭ᠋ᠠᠨ ᠭᠠᠳᠠᠭ᠋ᠠᠳᠤ  [1993] 50 ᠳ᠋ᠤᠭ᠋ᠠᠷ ᠲᠣᠭ᠋ᠠᠲᠤ)᠎ᠤᠨ ᠳᠣᠭᠲᠠᠭ᠋ᠠᠯ᠎ᠢ ᠦᠨᠳᠦᠰᠦᠯᠡᠨ᠂ ᠤᠯᠤᠰ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠰᠠᠳ ᠭᠠᠳᠠᠭ᠋ᠠᠳᠤ᠎ᠳᠤ ᠰᠤᠷᠤᠯᠴᠠᠬᠤ᠎ᠪᠠᠷ ᠶᠠᠪᠤᠬᠤ᠎ᠳᠤ᠎ᠪᠠᠨ ᠬᠢᠯᠢ ᠵᠢᠨ ᠭᠠᠳᠠᠨ᠎ᠠ ᠪᠠᠢ᠌ᠬᠤ ᠴᠠᠭ᠎ᠤᠨ ᠤᠷᠲᠤ ᠣᠬᠣᠷ᠎ᠢ ᠬᠠᠮᠢᠶᠠᠷᠬᠤ ᠦᠭᠡᠢ᠂ ᠵᠠᠷᠴᠢᠮ ᠳᠡᠭᠡᠷ᠎ᠡ᠎ᠪᠠᠨ ᠴᠥᠮ ᠬᠤᠪᠢ ᠵᠢᠨ  ᠡᠩ᠎ᠤᠨ ᠫᠠᠰᠫᠣᠷᠲ᠎ᠢ ᠬᠡᠷᠡᠭᠯᠡᠨ᠎ᠡ᠃
      (ᠶᠢᠰᠦ) ᠡᠯ᠎ᠡ ᠲᠣᠮᠢᠯᠠᠭᠰᠠᠨ ᠨᠢᠭᠡᠴᠢ ᠲᠤᠰ ᠨᠢᠭᠡᠴᠢ ᠵᠢᠨ ᠵᠶ᠋ᠠᠨ ᠭᠠᠳᠠᠭ᠋ᠠᠳᠤ᠎ᠳᠤ ᠭᠠᠷᠴᠤ ᠰᠤᠷᠤᠯᠴᠠᠬᠤ ᠬᠠᠮᠢᠶᠠᠷᠤᠯᠲᠠ ᠵᠢᠨ ᠠᠷᠭ᠎ᠠ ᠵᠢ ᠴᠠᠭ ᠲᠤᠬᠠᠢ᠎ᠳᠤ᠎ᠨᠢ ᠲᠣᠭᠲᠠᠭ᠋ᠠᠵᠤ᠂ ᠬᠡᠷᠡᠭᠵᠢᠭᠦᠯᠬᠦ ᠳᠦᠷᠢᠮ᠎ᠢ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠭᠠᠳᠠᠭ᠋ᠠᠳᠤ᠎ᠳᠤ ᠭᠠᠷᠴᠤ ᠰᠤᠷᠤᠯᠴᠠᠭᠰᠠᠳ᠎ᠤᠨ ᠶᠠᠪᠤᠬᠤ᠎ᠠᠴᠠ ᠡᠮᠦᠨᠡᠬᠢ  ᠪᠣᠯᠪᠠᠰᠤᠷᠠᠯ ᠬᠥᠮᠦᠵᠢᠯ᠎ᠢ ᠴᠢᠩᠭ᠋ᠠᠳᠬᠠᠵᠤ᠂ ᠭᠠᠳᠠᠭ᠋ᠠᠳᠤ᠎ᠳᠤ ᠰᠤᠷᠤᠯᠴᠠᠭᠰᠠᠳ᠎ᠤᠨ ᠭᠠᠳᠠᠨ᠎ᠠ ᠪᠠᠶ᠋ᠢᠬᠤ ᠬᠤᠭᠤᠴᠠᠭ᠋ᠠᠨ᠎ᠳᠠᠬᠢ ᠠᠮᠢᠳᠤᠷᠠᠯ᠂ ᠦᠵᠡᠯ ᠰᠠᠨᠠᠭ᠎ᠠ ᠪᠣᠯᠤᠨ ᠰᠤᠷᠤᠯᠴᠠᠵᠤ ᠠᠵᠢᠯᠯᠠᠵᠤ ᠪᠠᠶ᠋ᠢᠭ᠎ᠠ ᠪᠠᠶ᠋ᠢᠳᠠᠯ᠎ᠢ ᠬᠠᠯᠠᠮᠵᠢᠯᠠᠨ᠎ᠠ᠃ ᠡᠯ᠎ᠡ ᠲᠥᠷᠥᠯ ᠵᠦᠢ᠍ᠯ᠎ᠤᠨ ᠲᠣᠮᠢᠯᠠᠭᠰᠠᠨ ᠡᠲᠡᠭᠡᠳ ᠭᠠᠳᠠᠭ᠋ᠠᠳᠤ᠎ᠳᠤ ᠰᠤᠷᠤᠯᠴᠠᠵᠤ ᠠᠵᠢᠯᠯᠠᠬᠤ ᠬᠤᠭᠤᠴᠠᠭ᠋ᠠᠨ᠎ᠳᠤ ᠬᠤᠪᠢ ᠬᠥᠮᠦᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠠᠩᠬᠠᠷᠴᠤ᠂ ᠠᠶᠤᠯ ᠲᠦᠭᠰᠢᠭᠦᠷᠢ᠎ᠲᠠᠢ ᠤᠯᠤᠰ (ᠭᠠᠵᠠᠷ ᠣᠷᠣᠨ)᠎ᠳᠤ ᠣᠴᠢᠬᠤ ᠦᠭᠡᠢ᠂ ᠲᠣᠮᠢᠯᠠᠭᠰᠠᠨ ᠨᠢᠭᠡᠴᠢ ᠪᠠ ᠮᠠᠨ᠎ᠤ ᠤᠯᠤᠰ᠎ᠤᠨ ᠭᠠᠳᠠᠭ᠋ᠠᠳᠤ᠎ᠳᠤ ᠰᠠᠭᠤᠭ᠎ᠠ ᠡᠯᠴᠢᠨ ᠰᠠᠶ᠋ᠢᠳ᠎ᠤᠨ ᠶᠠᠮᠤᠨ᠎ᠤ ᠬᠠᠮᠢᠶᠠᠷᠤᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃ ᠡᠯ᠎ᠡ ᠲᠥᠷᠥᠯ ᠵᠦᠢ᠍ᠯ᠎ᠤᠨ ᠲᠣᠮᠢᠯᠠᠭᠰᠠᠨ ᠬᠥᠮᠦᠰ 《ᠡᠭᠦᠷᠭᠡ ᠠᠪᠴᠤ》 ᠭᠠᠷᠬᠤ᠂ 《ᠦᠷ᠎ᠡ ᠪᠦᠲᠦᠭᠡᠯ ᠠᠪᠴᠤ》 ᠢᠷᠡᠬᠦ ᠬᠠᠷᠢᠭᠤᠴᠠᠯᠭ᠋ᠠᠲᠤ ᠦᠵᠡᠯ ᠤᠬᠠᠮᠰᠠᠷ᠎ᠢ ᠪᠣᠢ ᠪᠣᠯᠭ᠋ᠠᠵᠤ᠂ ᠤᠯᠤᠰ᠎ᠤᠨ ᠭᠠᠳᠠᠭ᠋ᠠᠳᠤ ᠵᠢᠨ ᠰᠤᠷᠭ᠋ᠠᠨ ᠬᠥᠮᠦᠵᠢᠯ᠎ᠤᠨ ᠴᠢᠨᠠᠷᠯᠢᠭ ᠡᠬᠢ ᠪᠠᠶᠠᠯᠢᠭ᠎ᠢ ᠣᠷᠣᠭᠤᠯᠤᠨ ᠠᠪᠴᠢᠷᠠᠬᠤ᠂ ᠬᠠᠮᠢᠶ᠎ᠠ ᠪᠦᠬᠦᠢ ᠵᠢᠭ᠋ᠠᠨ ᠰᠤᠷᠭ᠋ᠠᠯᠲᠠ ᠵᠢ ᠳᠡᠯᠭᠡᠨ ᠦᠵᠡᠭᠦᠯᠬᠦ ᠵᠡᠷᠭᠡ ᠠᠭᠤᠯᠭ᠎ᠠ ᠵᠢ ᠦᠷ᠎ᠡ ᠪᠦᠲᠦᠮᠵᠢ ᠵᠢ ᠬᠢᠨᠠᠨ ᠰᠢᠯᠭ᠋ᠠᠬᠤ ᠲᠣᠭᠲᠠᠴᠠ᠎ᠳᠤ ᠣᠷᠣᠭᠤᠯᠬᠤ ᠬᠡᠷᠡᠭᠲᠡᠢ᠃
      (ᠠᠷᠪᠠ) ᠣᠨᠴᠠ ᠵᠠᠷᠢᠮ ᠲᠥᠷᠥᠯ ᠵᠦᠢ᠍ᠯ᠎ᠢ ᠭᠠᠷᠭ᠋ᠠᠪᠠᠯ᠂ 2024 ᠣᠨ᠎ᠠᠴᠠ ᠡᠬᠢᠯᠡᠨ᠂ ᠰᠤᠷᠭ᠋ᠠᠨ ᠬᠥᠮᠦᠵᠢᠯ᠎ᠤᠨ ᠲᠢᠩᠬᠢᠮ ᠬᠤᠪᠢ ᠬᠥᠮᠦᠨ᠎ᠤ ᠭᠤᠶᠤᠴᠢᠯᠠᠯ᠎ᠤᠨ ᠮᠠᠲ᠋ᠧᠷᠢᠶᠠᠯ᠎ᠢ ᠳᠠᠭᠢᠵᠤ ᠬᠦᠯᠢᠶᠡᠨ ᠠᠪᠬᠤ ᠦᠭᠡᠢ᠂ ᠬᠤᠪᠢ ᠬᠥᠮᠦᠨ᠎ᠤ ᠮᠠᠲ᠋ᠧᠷᠢᠶᠠᠯ᠎ᠢ ᠡᠯ᠎ᠡ ᠠᠶ᠋ᠢᠮᠠᠭ ᠬᠣᠲᠠ᠂ ᠡᠯ᠎ᠡ ᠳᠡᠭᠡᠳᠦ ᠰᠤᠷᠭ᠋ᠠᠭᠤᠯᠢ ᠥᠪᠡᠰᠦᠪᠡᠨ ᠦᠯᠡᠳᠡᠭᠡᠨ ᠬᠠᠳᠠᠭ᠋ᠠᠯᠠᠵᠤ᠂ ᠦᠯᠡᠳᠡᠭᠡᠨ ᠬᠠᠳᠠᠭ᠋ᠠᠯᠠᠬᠤ ᠴᠠᠭ ᠲᠠᠪᠤᠨ ᠵᠢᠯ ᠪᠣᠯᠤᠨ᠎ᠠ᠃ ᠡᠯ᠎ᠡ ᠲᠥᠷᠥᠯ ᠵᠦᠢ᠍ᠯ᠎ᠤᠨ ᠰᠦᠯᠵᠢᠶᠡᠨ᠎ᠳᠤ ᠮᠡᠳᠡᠭᠦᠯᠬᠦ ᠠᠵᠢᠯ ᠳᠠᠭᠤᠰᠤᠭᠰᠠᠨ᠎ᠤ ᠳᠠᠷᠠᠭ᠋ᠠᠬᠢ 2 ᠡᠳᠦᠷ᠎ᠤᠨ ᠳᠣᠲᠣᠷ᠎ᠠ᠂ ᠡᠯ᠎ᠡ ᠨᠢᠭᠡᠴᠢ ᠲᠠᠨᠢᠯᠴᠠᠭᠤᠯᠬᠤ ᠠᠯᠪᠠᠨ ᠪᠢᠴᠢᠭ᠎ᠤᠨ ᠳᠠᠷᠤᠮᠠᠯᠯᠠᠯ᠂ ᠲᠠᠨᠢᠯᠴᠠᠭᠤᠯᠬᠤ ᠨᠡᠷᠡᠰ᠂ ᠶᠡᠷᠦᠩᠬᠡᠶ᠋ᠢᠯᠡᠨ ᠦᠨᠡᠯᠡᠭᠰᠡᠨ ᠮᠠᠲ᠋ᠧᠷᠢᠶᠠᠯ᠎ᠢ ᠰᠤᠷᠭ᠋ᠠᠨ ᠬᠥᠮᠦᠵᠢᠯ᠎ᠤᠨ ᠲᠢᠩᠬᠢᠮ᠎ᠳᠤ ᠮᠡᠳᠡᠭᠦᠯᠦᠨ ᠬᠦᠷᠭᠡᠬᠦ ᠵᠢᠨ ᠬᠠᠮᠲᠤ ᠠᠯᠪᠠᠨ ᠵᠠᠬᠢᠳᠠᠯ᠂ ᠲᠠᠨᠢᠯᠴᠠᠭᠤᠯᠬᠤ ᠨᠡᠷᠡᠰ᠂ 《ᠭᠠᠳᠠᠭ᠋ᠠᠳᠤ᠎ᠳᠤ ᠭᠠᠷᠴᠤ ᠰᠤᠷᠤᠯᠴᠠᠬᠤ ᠵᠢ ᠭᠤᠶᠤᠴᠢᠯᠠᠭᠰᠠᠨ ᠨᠢᠭᠡᠴᠢ ᠵᠢᠨ ᠲᠠᠨᠢᠯᠴᠠᠭᠤᠯᠬᠤ ᠰᠠᠨᠠᠯ᠎ᠤᠨ ᠬᠦᠰᠦᠨᠦᠭᠲᠦ》᠂ ᠨᠠᠶ᠋ᠢᠷᠠᠭᠤᠯᠵᠤ ᠪᠣᠯᠬᠣᠢ᠌ᠴᠠ word ᠬᠡᠪᠯᠡᠯ᠎ᠤᠨ ᠨᠢᠭᠡᠴᠢ ᠵᠢᠨ ᠲᠠᠨᠢᠯᠴᠠᠭᠤᠯᠬᠤ ᠰᠠᠨᠠᠯ (500 ᠦᠰᠦᠭ᠎ᠠᠴᠠ ᠬᠡᠲᠦᠷᠡᠬᠦ ᠦᠭᠡᠢ)᠎ᠤᠨ ᠡᠯᠧᠺᠲᠷᠣᠨ ᠬᠡᠪᠯᠡᠯ᠎ᠤᠨ ᠪᠣᠭᠣᠳᠠᠯᠯᠠᠭᠰᠠᠨ ᠮᠠᠲ᠋ᠧᠷᠢᠶᠠᠯ᠎ᠢ  ᠳᠣᠭᠲᠠᠭᠰᠠᠨ ᠢᠮᠧᠯ᠎ᠲᠤ ᠢᠯᠡᠭᠡᠨ᠎ᠡ᠃
      ᠬᠠᠷᠢᠯᠴᠠᠬᠤ ᠬᠥᠮᠦᠨ᠄ ᠰᠢᠦᠢ ᠽᠢ ᠵᠢᠶᠠᠨ  ᠬᠠᠷᠢᠯᠴᠠᠬᠤ ᠤᠲᠠᠰᠤ᠄ 0471-2857134
      ᠢᠮᠧᠯ᠄ nmgjytwsc@163.com
      ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ  ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ  ᠪᠣᠯᠤᠨ  ᠬᠠᠮᠲᠤᠷᠠᠯᠴᠠᠬᠤ ᠰᠣᠯᠢᠯᠴᠠᠬᠤ ᠭᠠᠵᠠᠷ᠂ ᠰᠢᠤᠳᠠᠨ ᠨᠣᠮᠧᠷ 010011᠃


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
              2024 ᠣᠨ᠎ᠤ 4 ᠰᠠᠷ᠎ᠠ ᠵᠢᠨ 25᠎ᠤ ᠡᠳᠦᠷ


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号