ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-06-13

          ᠥᠪᠥᠷ ᠰᠤᠷᠭ᠋ᠠᠨ ᠲᠠᠷᠬᠠᠭ᠋ᠠᠭᠰᠠᠨ [2024] 4 ᠳ᠋ᠦ᠍ᠭᠡᠷ ᠲᠣᠭ᠋ᠠᠲᠤ


ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠠᠷᠠᠳ᠎ᠤᠨ ᠶᠠᠪᠤᠳᠠᠯ᠎ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠎ᠤᠨ ᠲᠣᠪᠴᠢᠶ᠎ᠠ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠎ᠠ᠂ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠠᠵᠢᠯ᠎ᠤᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠲᠤ᠄
      ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ᠎ᠤᠨ 《ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠲᠤᠬᠠᠢ ᠰᠠᠨᠠᠯ》᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠣᠳᠣᠬᠠᠨ᠎ᠤ ᠮᠠᠨ᠎ᠤ ᠣᠷᠣᠨ᠎ᠤ ᠬᠠᠮᠵᠢᠯᠴᠠᠨ ᠬᠥᠮᠦᠨ ᠬᠥᠮᠦᠵᠢᠭᠦᠯᠬᠦ ᠬᠥᠭᠵᠢᠯᠲᠡ ᠵᠢᠨ ᠪᠠᠶ᠋ᠢᠳᠠᠯ᠎ᠲᠠᠢ ᠤᠶᠠᠯᠳᠤᠭᠤᠯᠵᠤ᠂ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠠᠷᠪᠠᠨ ᠰᠠᠯᠠᠭ᠎ᠠ ᠮᠥᠴᠢᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ》᠎ᠢ ᠰᠤᠳᠤᠯᠤᠨ ᠲᠣᠭᠲᠠᠭ᠋ᠠᠵᠤ᠂ ᠡᠳᠦᠭᠡ ᠳᠠᠷᠤᠮᠠᠯᠯᠠᠨ ᠲᠠᠷᠬᠠᠭ᠋ᠠᠪᠠ᠂  ᠨᠠᠷᠢᠨ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃


      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
      ᠬᠣᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠬᠣᠷᠢᠶᠠᠨ᠎ᠤ ᠠᠯᠪᠠᠨ ᠭᠡᠷ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ
      ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠪᠥᠷ ᠮᠣᠩᠭᠣᠯ᠎ᠤᠨ ᠥᠪᠡᠷᠲᠡᠭᠡᠨ

      ᠵᠠᠰᠠᠬᠤ ᠣᠷᠣᠨ᠎ᠤ ᠬᠣᠷᠢᠶ᠎ᠠ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ

      ᠠᠵᠢᠯ᠎ᠤᠨ ᠵᠥᠪᠯᠡᠯ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ

      ᠨᠡᠶ᠋ᠢᠭᠡᠮᠯᠢᠭ


                   2024 ᠣᠨ᠎ᠤ 5 ᠰᠠᠷ᠎ᠠ ᠵᠢᠨ 16᠎ᠤ ᠡᠳᠦᠷ


    
       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠭᠡᠷ ᠪᠦᠯᠢ ᠨᠡᠶ᠋ᠢᠭᠡᠮ
      ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠳᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ

   
      《ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ᠎ᠤᠨ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠲᠤᠬᠠᠢ ᠰᠠᠨᠠᠯ》᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠰᠢᠨᠵᠢᠯᠡᠬᠦ  ᠤᠬᠠᠭ᠋ᠠᠨ ᠰᠤᠷᠭ᠋ᠠᠨ ᠬᠥᠮᠥᠵᠢᠯ᠎ᠤᠨ ᠦᠵᠡᠯᠲᠡ ᠵᠢ ᠪᠠᠷᠢᠮᠲᠠᠯᠠᠨ᠂ ᠬᠠᠮᠵᠢᠯᠴᠠᠨ ᠬᠥᠮᠦᠨ ᠬᠥᠮᠦᠵᠢᠭᠦᠯᠬᠦ ᠬᠠᠮᠲᠤ ᠵᠢᠨ ᠲᠠᠨᠢᠯᠲᠠ ᠵᠢ ᠴᠢᠩᠭ᠋ᠠᠳᠬᠠᠵᠤ᠂ ᠮᠠᠨ᠎ᠤ ᠣᠷᠣᠨ᠎ᠤ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠰᠢᠨ᠎ᠡ ᠪᠠᠢ᠌ᠷᠢᠰᠢᠯᠠᠭᠤᠯᠤᠯᠲᠠ ᠵᠢ ᠢᠳᠡᠪᠬᠢᠲᠡᠢ ᠪᠠᠶ᠋ᠢᠭᠤᠯᠬᠤ ᠵᠢᠨ ᠲᠥᠯᠦᠭᠡ᠂ ᠲᠤᠰ ᠬᠡᠷᠡᠭᠵᠢᠭᠦᠯᠬᠦ ᠰᠠᠨᠠᠯ᠎ᠢ ᠲᠣᠭᠲᠠᠭ᠋ᠠᠪᠠ᠃
      ᠨᠢᠭᠡ᠂ ᠶᠡᠷᠦᠩᠬᠡᠢ ᠱᠠᠭ᠋ᠠᠷᠳᠠᠯᠭ᠎ᠠ
      ᠬᠥᠮᠦᠨ ᠬᠥᠮᠦᠵᠢᠭᠦᠯᠬᠦ᠎ᠪᠠᠷ ᠦᠨᠳᠦᠰᠦ ᠪᠣᠯᠭ᠋ᠠᠬᠤ ᠵᠢ ᠪᠠᠷᠢᠮᠲᠠᠯᠠᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ᠎ᠳᠠᠬᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠰᠢᠰᠲ᠋ᠧᠮ᠎ᠲᠠᠢ ᠲᠥᠯᠥᠪᠵᠢᠭᠦᠯᠬᠦ ᠵᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ᠎ᠬᠢᠨ ᠬᠣᠯᠪᠤᠯᠳᠤᠨ ᠬᠥᠳᠡᠯᠦᠯᠴᠡᠬᠦ ᠵᠢ ᠠᠬᠢᠭᠤᠯᠤᠨ᠂ ᠨᠥᠬᠥᠴᠡᠯ᠎ᠤᠨ ᠪᠠᠲᠤᠯᠠᠭ᠎ᠠ ᠵᠢ ᠴᠢᠩᠭ᠋ᠠᠷᠠᠭᠤᠯᠵᠤ᠂ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠂ ᠳᠦᠷᠢᠮ᠎ᠤᠨ ᠪᠠᠶ᠋ᠢᠭᠤᠯᠤᠯᠲᠠ᠂ ᠵᠢᠯᠣᠭᠣᠳᠬᠤ ᠦᠢ᠍ᠯᠡᠴᠢᠯᠡᠭᠡ᠂ ᠨᠥᠬᠥᠴᠡᠯ᠎ᠤᠨ ᠪᠠᠲᠤᠯᠠᠭ᠎ᠠ ᠵᠡᠷᠭᠡ ᠲᠠᠯ᠎ᠠ᠎ᠪᠠᠷ ᠣᠷᠣᠰᠢᠵᠤ ᠪᠠᠶ᠋ᠢᠭ᠎ᠠ ᠳᠣᠪᠣᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠰᠢᠨ᠎ᠡ ᠴᠠᠭ ᠦᠶ᠎ᠡ ᠵᠢᠨ ᠰᠤᠷᠤᠭᠴᠢᠳ᠎ᠤᠨ ᠥᠰᠦᠨ ᠪᠣᠢ᠌ᠵᠢᠯᠲᠠ ᠵᠢᠨ ᠵᠢᠮ᠎ᠡ ᠶᠣᠰᠣ ᠪᠠ ᠰᠤᠷᠭ᠋ᠠᠨ ᠬᠥᠮᠦᠵᠢᠯ᠎ᠤᠨ ᠵᠢᠮ᠎ᠡ ᠶᠣᠰᠣ ᠵᠢ ᠡᠵᠡᠮᠳᠡᠨ᠂ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠬᠥᠮᠦᠨ ᠬᠥᠮᠦᠵᠢᠭᠦᠯᠬᠦ ᠪᠦᠲᠦᠮᠵᠢᠲᠡᠢ ᠠᠷᠭ᠎ᠠ ᠪᠠᠷᠢᠯ ᠪᠠ ᠠᠷᠭ᠎ᠠ ᠵᠠᠮ᠎ᠢ ᠰᠦᠪᠡᠭᠴᠢᠯᠡᠨ᠂ ᠬᠥᠮᠦᠨ ᠬᠥᠮᠦᠵᠢᠭᠦᠯᠬᠦ ᠬᠠᠮ ᠬᠦᠴᠦᠨ᠎ᠢ ᠦᠨᠡᠨ ᠬᠦ᠌ ᠴᠢᠩᠭ᠋ᠠᠳᠬᠠᠵᠤ᠂ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠦᠴᠦᠯᠡᠨ ᠬᠥᠮᠦᠵᠢᠭᠦᠯᠦᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠡᠴᠦᠰ ᠪᠣᠯᠬᠤ᠎ᠳᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠨᠢᠭᠡᠳᠦᠯᠲᠡᠢ ᠲᠥᠯᠥᠪᠯᠡᠨ ᠤᠳᠤᠷᠢᠳᠬᠤ ᠵᠢ ᠨᠡᠩ ᠬᠦᠴᠦᠲᠡᠢ ᠠᠬᠢᠭᠤᠯᠵᠤ᠂ ᠳᠦᠷᠢᠮ᠎ᠤᠨ ᠳᠣᠭᠲᠠᠯᠴᠠᠭ᠎ᠠ ᠵᠢ ᠦᠨᠳᠦᠰᠦᠨ᠎ᠳᠤ᠎ᠪᠠᠨ ᠪᠠᠶ᠋ᠢᠭᠤᠯᠤᠨ  ᠲᠡᠭᠦᠯᠳᠡᠷᠵᠢᠭᠦᠯᠦᠨ᠎ᠡ; ᠰᠤᠷᠭ᠋ᠠᠭᠤᠯᠢ ᠢᠳᠡᠪᠬᠢᠲᠡᠢ ᠭᠣᠣᠯᠯᠠᠨ ᠤᠳᠤᠷᠢᠳᠬᠤ᠂ ᠭᠡᠷ ᠪᠦᠯᠢ ᠬᠠᠤᠯᠢ ᠶᠣᠰᠣᠭ᠋ᠠᠷ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠨᠡᠶ᠋ᠢᠭᠡᠮ᠎ᠤᠨ᠎ᠬᠢᠨ  ᠢᠳᠡᠪᠬᠢᠲᠡᠢ ᠳᠡᠮᠵᠢᠭᠰᠡᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠨᠡᠩ ᠲᠡᠭᠦᠯᠳᠡᠷᠵᠢᠭᠦᠯᠵᠦ᠂ ᠰᠤᠷᠤᠭᠴᠢᠳ᠎ᠤᠨ ᠪᠦᠬᠦ ᠲᠠᠯ᠎ᠠ ᠎ᠪᠠᠷ ᠬᠥᠭᠵᠢᠵᠦ ᠡᠷᠡᠭᠦᠯ ᠵᠶ᠋ᠠᠷ ᠥᠰᠦᠨ ᠪᠣᠶ᠋ᠢᠵᠢᠬᠤ ᠵᠢ ᠠᠬᠢᠭᠤᠯᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠨᠡᠩ ᠭᠦᠨ ᠵᠤᠵᠠᠭ᠋ᠠᠨ ᠪᠣᠯᠭ᠋ᠠᠨ᠎ᠠ; ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠭᠣᠣᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠭᠡᠷ᠎ᠤᠨ ᠬᠥᠮᠦᠵᠢᠯ᠎ᠢ ᠵᠢᠯᠣᠭᠣᠳᠬᠤ ᠦᠢ᠍ᠯᠡᠴᠢᠯᠡᠭᠡ ᠵᠢ ᠨᠡᠩ ᠲᠤᠰᠬᠠᠢ  ᠮᠡᠷᠭᠡᠵᠢᠭᠦᠯᠦᠨ᠎ᠡ; ᠭᠡᠷ ᠎ᠤᠨ ᠠᠬᠠᠮᠠᠳ᠎ᠤᠨ ᠰᠢᠨᠵᠢᠯᠡᠬᠦ ᠤᠬᠠᠭ᠋ᠠᠨᠴᠢ᠎ᠪᠠᠷ ᠬᠡᠦᠬᠡᠳ ᠬᠥᠮᠦᠵᠢᠭᠦᠯᠬᠦ ᠦᠵᠡᠯᠲᠡ ᠵᠢ ᠦᠨᠳᠦᠰᠦᠨ᠎ᠳᠤ᠎ᠪᠠᠨ ᠪᠣᠢ ᠪᠣᠯᠭ᠋ᠠᠵᠤ᠂ ᠭᠡᠷ᠎ᠤᠨ ᠬᠥᠮᠦᠵᠢᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠡᠩ ᠪᠣᠳᠠᠲᠠᠶ᠋ᠢᠵᠢᠭᠤᠯᠤᠨ᠎ᠠ; ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠭᠡᠷ᠎ᠤᠨ ᠬᠥᠮᠦᠵᠢᠯ᠎ᠢ ᠵᠢᠯᠣᠭᠣᠳᠬᠤ ᠦᠢ᠍ᠯᠡᠴᠢᠯᠡᠭᠡᠨ᠎ᠤ ᠥᠷᠲᠡᠭᠡ ᠵᠢ ᠨᠡᠶ᠋ᠢᠳᠡᠮ ᠪᠠᠶ᠋ᠢᠭᠤᠯᠵᠤ᠂ ᠨᠡᠶ᠋ᠢᠭᠡᠮ᠎ᠤᠨ ᠬᠥᠮᠦᠨ ᠬᠥᠮᠦᠵᠢᠭᠦᠯᠬᠦ ᠡᠬᠢ ᠪᠠᠶᠠᠯᠢᠭ᠎ᠤᠨ ᠠᠰᠢᠭᠯᠠᠯᠲᠠ ᠵᠢ ᠨᠡᠩ ᠲᠡᠭᠦᠯᠳᠡᠷᠵᠢᠭᠦᠯᠦᠨ᠎ᠡ᠃ 2035 ᠣᠨ ᠪᠣᠯᠬᠤ᠎ᠳᠤ᠂ ᠪᠠᠶ᠋ᠢᠷᠢ ᠲᠣᠭᠲᠠᠭ᠋ᠠᠯᠲᠠ ᠲᠣᠳᠣᠷᠬᠠᠢ᠂ ᠲᠣᠭᠲᠠᠴᠠ ᠪᠦᠷᠢᠨ ᠲᠡᠭᠦᠯᠳᠡᠷ᠂ ᠨᠢᠭᠲᠠ ᠬᠣᠯᠪᠣᠯᠳᠤᠨ ᠬᠥᠳᠡᠯᠦᠯᠴᠡᠬᠦ᠂ ᠰᠢᠨᠵᠢᠯᠡᠬᠦ ᠤᠬᠠᠭ᠋ᠠᠨᠴᠢ ᠪᠥᠭᠡᠳ ᠥᠨᠳᠥᠷ ᠪᠦᠲᠦᠮᠵᠢᠲᠡᠢ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ  ᠪᠠᠢ᠌ᠭᠤᠯᠤᠨ᠎ᠠ᠃
      ᠬᠣᠶᠠᠷ᠂ ᠭᠣᠣᠯᠳᠠᠯᠭ᠎ᠠ᠎ᠲᠠᠢ ᠡᠭᠦᠷᠭᠡ
      (ᠨᠢᠭᠡ) ᠰᠤᠷᠭ᠋ᠠᠭᠤᠯᠢ ᠵᠢᠨ ᠬᠠᠮᠵᠢᠯᠴᠠᠨ ᠬᠥᠮᠦᠨ ᠬᠥᠮᠦᠵᠢᠭᠦᠯᠬᠦ ᠭᠣᠣᠯᠯᠠᠬᠤ

       ᠦᠢ᠍ᠯᠡᠳᠦᠯ᠎ᠢ ᠪᠠᠳᠠᠷᠠᠭᠤᠯᠤᠨ᠎ᠠ
      1. ᠭᠡᠷ ᠪᠦᠯᠢ ᠪᠠ ᠰᠤᠷᠭ᠋ᠠᠭᠤᠯᠢ ᠵᠢᠨ ᠪᠦᠲᠦᠮᠵᠢᠲᠡᠢ ᠨᠡᠪᠲᠡᠷᠡᠬᠦ ᠲᠣᠭᠲᠠᠴᠠ ᠵᠢ ᠪᠠᠶ᠋ᠢᠭᠤᠯᠤᠨ᠎ᠠ᠃ ᠰᠤᠷᠭ᠋ᠠᠭᠤᠯᠢ ᠵᠢᠨ ᠪᠢᠴᠢᠭ ᠵᠢᠭ᠋ᠠᠵᠤ ᠬᠥᠮᠦᠨ ᠬᠥᠮᠦᠵᠢᠭᠦᠯᠬᠦ ᠭᠣᠣᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠰᠤᠷᠤᠭᠴᠢᠳ᠎ᠤᠨ ᠰᠤᠷᠭ᠋ᠠᠭᠤᠯᠢ᠎ᠳᠤ ᠪᠠᠶ᠋ᠢᠬᠤ ᠬᠤᠭᠤᠴᠠᠭ᠋ᠠᠨ᠎ᠳᠠᠬᠢ ᠦᠵᠡᠯ ᠰᠠᠨᠠᠭ᠎ᠠ ᠤᠷᠮ᠎ᠠ ᠰᠡᠳᠬᠢᠯᠭᠡ᠂ ᠰᠤᠷᠤᠯᠭ᠎ᠠ ᠵᠢᠨ ᠪᠠᠶ᠋ᠢᠳᠠᠯ᠂ ᠦᠢ᠍ᠯᠡ ᠠᠵᠢᠯᠯᠠᠭ᠋ᠠᠨ᠎ᠤ ᠢᠯᠡᠷᠡᠯ ᠪᠠ ᠪᠡᠶ᠎ᠡ ᠰᠡᠳᠬᠢᠯ᠎ᠤᠨ ᠬᠥᠭᠵᠢᠯᠲᠡ ᠵᠡᠷᠭᠡ ᠪᠠᠶ᠋ᠢᠳᠠᠯ᠎ᠢ ᠪᠦᠬᠦ ᠲᠠᠯ᠎ᠠ᠎ᠪᠠᠷ ᠡᠵᠡᠮᠰᠢᠬᠦ ᠵᠢᠨ ᠬᠠᠮᠲᠤ ᠳᠠᠷᠤᠢ᠎ᠳᠤ᠎ᠨᠢ ᠭᠡᠷ᠎ᠤᠨ ᠠᠬᠠᠮᠠᠳ᠎ᠲᠤ ᠮᠡᠳᠡᠭᠳᠡᠨ᠎ᠡ᠃ ᠡᠯ᠎ᠡ ᠰᠤᠷᠭ᠋ᠠᠭᠤᠯᠢ ᠭᠡᠷ ᠪᠦᠯᠢ ᠪᠠ ᠰᠤᠷᠭ᠋ᠠᠭᠤᠯᠢ ᠪᠦᠲᠦᠮᠵᠢᠲᠡᠢ  ᠨᠡᠪᠲᠡᠷᠡᠯᠴᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠭᠡᠷ᠎ᠤᠨ ᠠᠬᠠᠮᠠᠳ᠎ᠲᠠᠢ ᠬᠠᠷᠢᠯᠴᠠᠬᠤ ᠳᠡᠪᠲᠡᠷ᠎ᠢ ᠪᠡᠯᠡᠳᠭᠡᠨ᠂ ᠤᠲᠠᠰᠤ᠂ ᠸᠢᠴᠠᠲ᠂ QQ᠂ ᠳ᠋ᠢᠩ ᠳ᠋ᠢᠩ ᠵᠡᠷᠭᠡ ᠴᠠᠭ ᠲᠤᠬᠠᠢ᠎ᠳᠤ᠎ᠨᠢ ᠨᠡᠪᠲᠡᠷᠡᠵᠦ ᠪᠣᠯᠬᠤ ᠴᠢᠮᠡᠭᠡ ᠬᠣᠯᠪᠣᠭ᠋ᠠᠨ᠎ᠤ ᠪᠠᠭ᠋ᠠᠵᠢ ᠵᠢ ᠰᠠᠶ᠋ᠢᠲᠤᠷ ᠬᠡᠷᠡᠭᠯᠡᠨ᠂ ᠭᠡᠷ᠎ᠤᠨ ᠠᠬᠠᠮᠠᠳ ᠎ᠤᠨ ᠬᠤᠷᠠᠯ᠂ ᠭᠡᠷ᠎ᠤᠨ ᠰᠤᠷᠪᠤᠯᠵᠢᠯᠠᠭ᠎ᠠ᠂ ᠭᠡᠷ᠎ᠤᠨ ᠠᠬᠠᠮᠠᠳ᠎ᠤᠨ ᠨᠡᠭᠡᠭᠡᠯᠲᠡᠲᠦ ᠡᠳᠦᠷ᠂ ᠭᠡᠷ᠎ᠤᠨ ᠠᠬᠠᠮᠠᠳ᠎ᠢ ᠬᠦᠯᠢᠶᠡᠨ ᠠᠪᠴᠤ ᠠᠭᠤᠯᠵᠠᠬᠤ ᠡᠳᠦᠷ᠎ᠤᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠭᠡᠷ ᠪᠦᠯᠢ ᠪᠠ ᠰᠤᠷᠭ᠋ᠠᠭᠤᠯᠢ ᠪᠠᠢ᠌ᠩᠭᠤ ᠨᠡᠪᠲᠡᠷᠡᠨ ᠬᠠᠷᠢᠯᠴᠠᠬᠤ ᠵᠢ ᠰᠠᠶ᠋ᠢᠲᠤᠷ ᠪᠡᠶᠡᠯᠡᠭᠦᠯᠦᠨ᠎ᠡ᠃ ᠰᠤᠷᠭ᠋ᠠᠭᠤᠯᠢ ᠵᠢᠨ ᠤᠳᠤᠷᠢᠳᠤᠯᠭ᠎ᠠ ᠲᠦᠷᠦᠭᠦᠯᠡᠨ ᠭᠡᠷ᠎ᠤᠨ ᠰᠤᠷᠪᠤᠯᠵᠢᠯᠠᠭ᠎ᠠ ᠥᠷᠨᠢᠭᠦᠯᠵᠦ᠂ ᠠᠩᠭᠢ ᠵᠢᠨ ᠡᠷᠬᠢᠯᠡᠭᠴᠢ ᠵᠢᠯ ᠪᠦᠷᠢ ᠰᠤᠷᠤᠭᠴᠢ ᠨᠢᠭᠡ ᠪᠦᠷᠢ ᠵᠢᠨ ᠭᠡᠷ᠎ᠲᠤ ᠬᠠᠮᠤᠭ᠎ᠤᠨ ᠪᠠᠭ᠎ᠠ᠎ᠳᠤ᠎ᠪᠠᠨ ᠨᠢᠭᠡ ᠤᠳᠠᠭ᠎ᠠ ᠭᠡᠷ᠎ᠤᠨ ᠰᠤᠷᠪᠤᠯᠵᠢᠯᠠᠭ᠎ᠠ ᠬᠢᠵᠦ᠂ ᠭᠡᠷ᠎ᠲᠤ᠎ᠪᠠᠨ ᠦᠯᠡᠳᠡᠭᠰᠡᠨ ᠬᠡᠦᠬᠡᠳ᠎ᠤᠨ ᠭᠡᠷ᠎ᠲᠤ ᠲᠣᠭᠲᠠᠮᠠᠯ ᠬᠤᠭᠤᠴᠠᠭ᠎ᠠ᠎ᠲᠠᠢ ᠭᠡᠷ᠎ᠤᠨ ᠰᠣᠷᠪᠤᠯᠵᠢᠯᠠᠭ᠎ᠠ ᠬᠢᠵᠦ᠂ ᠪᠤᠰᠤᠳ ᠭᠣᠣᠯᠳᠠᠯᠭ᠎ᠠ᠎ᠲᠠᠢ ᠠᠩᠬᠠᠷᠬᠤ ᠴᠢᠬᠤᠯᠠᠲᠠᠢ ᠰᠤᠷᠤᠭᠴᠢ ᠵᠢᠨ ᠪᠣᠳᠠᠲᠤ ᠬᠡᠷᠡᠭᠴᠡᠭᠡ ᠵᠢ ᠦᠨᠳᠦᠰᠦᠯᠡᠨ ᠭᠡᠷ᠎ᠤᠨ ᠰᠤᠷᠪᠤᠯᠵᠢᠯᠠᠭ᠎ᠠ ᠬᠢᠬᠦ ᠵᠢ ᠨᠡᠮᠡᠭᠳᠡᠭᠦᠯᠦᠨ᠎ᠡ᠃ ᠠᠩᠭᠢ ᠪᠦᠷᠢ ᠰᠤᠷᠤᠯᠭ᠎ᠠ ᠵᠢᠨ ᠵᠢᠯ ᠪᠦᠷᠢ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠬᠠᠮᠤᠭ᠎ᠤᠨ ᠪᠠᠭ᠎ᠠ᠎ᠳᠤ᠎ᠪᠠᠨ 2 ᠤᠳᠠᠭ᠎ᠠ ᠭᠡᠷ᠎ᠤᠨ ᠠᠬᠠᠮᠠᠳ᠎ᠤᠨ ᠬᠤᠷᠠᠯ ᠬᠢᠵᠦ᠂ ᠬᠣᠯᠪᠣᠭᠳᠠᠯ ᠪᠦᠬᠦᠢ ᠬᠢᠴᠢᠶᠡᠯ ᠲᠥᠷᠦᠯ᠎ᠤᠨ ᠪᠠᠭᠰᠢ ᠪᠦᠬᠦ ᠶᠠᠪᠤᠴᠠ᠎ᠳᠤ ᠣᠷᠣᠯᠴᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ           ᠲᠢᠩᠬᠢᠮ)
      2. ᠭᠡᠷ᠎ᠤᠨ ᠬᠥᠮᠦᠵᠢᠯ᠎ᠢ ᠵᠢᠯᠣᠭᠣᠳᠬᠤ ᠳᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠭᠡᠷ᠎ᠤᠨ ᠬᠥᠮᠦᠵᠢᠯ᠎ᠢ ᠵᠢᠯᠣᠭᠣᠳᠬᠤ ᠵᠥᠪᠯᠡᠯ ᠪᠠ ᠭᠡᠷ᠎ᠤᠨ ᠠᠬᠠᠮᠠᠳ᠎ᠤᠨ ᠵᠥᠪᠯᠡᠯ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠳᠦᠷᠢᠮ ᠲᠣᠭᠲᠠᠭ᠋ᠠᠨ᠂ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠠᠵᠢᠯ᠎ᠤᠨ ᠳᠦᠷᠢᠮ᠎ᠢ ᠲᠡᠭᠦᠯᠳᠡᠷᠵᠢᠭᠦᠯᠦᠨ᠂ ᠠᠵᠢᠯ᠎ᠤᠨ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠭᠡᠷ᠎ᠤᠨ ᠠᠬᠠᠮᠠᠳ᠎ᠤᠨ ᠰᠤᠷᠭ᠋ᠠᠭᠤᠯᠢ᠂ ᠭᠡᠷ᠎ᠤᠨ ᠠᠬᠠᠮᠠᠳ᠎ᠤᠨ ᠵᠥᠪᠯᠡᠯ᠂ ᠭᠡᠷ᠎ᠤᠨ ᠰᠤᠷᠪᠤᠯᠵᠢᠯᠠᠭ᠎ᠠ ᠵᠢᠨ ᠳᠦᠷᠢᠮ ᠵᠡᠷᠭᠡ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠂ ᠭᠡᠷ᠎ᠤᠨ ᠠᠬᠠᠮᠠᠳ᠎ᠤᠨ ᠰᠤᠷᠭ᠋ᠠᠭᠤᠯᠢ ᠵᠢᠨ ᠪᠥᠲᠦᠭᠡᠨ ᠪᠠᠶ᠋ᠢᠭᠤᠯᠤᠯᠲᠠ ᠵᠢ ᠰᠤᠷᠭ᠋ᠠᠨ ᠬᠥᠮᠦᠵᠢᠯ᠎ᠤᠨ ᠠᠵᠢᠯ᠎ᠤᠨ ᠶᠡᠷᠦᠩᠬᠡᠢ ᠪᠠᠶ᠋ᠢᠷᠢᠯᠠᠭᠤᠯᠤᠯᠲᠠ᠎ᠳᠤ ᠣᠷᠣᠭᠤᠯᠵᠤ᠂ ᠠᠶ᠋ᠢᠮᠠᠭ ᠬᠣᠲᠠ᠂ ᠬᠣᠰᠢᠭᠤ ᠰᠢᠶᠠᠨ᠎ᠳᠤ ᠭᠡᠷ᠎ᠤᠨ ᠠᠬᠠᠮᠠᠳ᠎ᠤᠨ ᠰᠤᠷᠭ᠋ᠠᠭᠤᠯᠢ ᠵᠢᠨ ᠶᠡᠷᠦᠩᠬᠡᠢ ᠰᠤᠷᠭ᠋ᠠᠭᠤᠯᠢ ᠵᠢ ᠪᠠᠢ᠌ᠭᠤᠯᠤᠨ᠂ ᠡᠯ᠎ᠡ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠬᠤᠪᠢᠶᠠᠷᠢ ᠰᠤᠷᠭ᠋ᠠᠭᠤᠯᠢ ᠵᠢ ᠪᠠᠶ᠋ᠢᠭᠤᠯᠵᠤ᠂ ᠡᠯ᠎ᠡ ᠱᠠᠲᠤᠨ᠎ᠤ ᠡᠮᠡᠭᠲᠡᠶ᠋ᠢᠴᠦᠳ᠎ᠤᠨ ᠬᠣᠯᠪᠣᠭ᠎ᠠ ᠵᠢᠨ ᠵᠣᠬᠢᠶᠠᠨ ᠪᠠᠶ᠋ᠢᠭᠤᠯᠤᠭᠰᠠᠨ ᠨᠡᠶ᠋ᠢᠭᠡᠮ ᠲᠣᠭᠣᠷᠢᠭ᠎ᠤᠨ ᠭᠡᠷ᠎ᠤᠨ ᠠᠬᠠᠮᠠᠳ᠎ᠤᠨ ᠰᠤᠷᠭ᠋ᠠᠭᠤᠯᠢ᠎ᠯᠤᠭ᠎ᠠ ᠡᠬᠢ ᠪᠠᠶᠠᠯᠢᠭ᠎ᠢ ᠬᠤᠪᠢᠶᠠᠯᠴᠠᠨ ᠡᠳ᠋ᠯᠡᠵᠦ ᠪᠣᠯᠤᠨ᠎ᠠ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠭᠡᠷ᠎ᠤᠨ ᠬᠥᠮᠦᠵᠢᠯ᠎ᠢ ᠵᠢᠯᠣᠭᠣᠳᠬᠤ ᠦᠢ᠍ᠯᠡᠴᠢᠯᠡᠭᠡ ᠵᠢ ᠰᠠᠶ᠋ᠢᠲᠤᠷ ᠬᠢᠬᠦ ᠵᠢ ᠴᠢᠬᠤᠯᠠ ᠡᠭᠦᠷᠭᠡ ᠬᠠᠷᠢᠭᠤᠴᠠᠯᠭ᠎ᠠ ᠪᠣᠯᠭ᠋ᠠᠵᠤ᠂ ᠲᠡᠭᠦᠨ᠎ᠢ ᠰᠤᠷᠭ᠋ᠠᠭᠤᠯᠢ ᠵᠢᠨ ᠠᠵᠢᠯ᠎ᠤᠨ ᠲᠥᠯᠥᠪᠯᠡᠭᠡ᠎ᠳᠤ ᠣᠷᠣᠭᠤᠯᠤᠨ᠂ ᠪᠠᠭᠰᠢ ᠵᠢᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠵᠤ᠂ ᠪᠠᠭᠰᠢ ᠵᠢ ᠰᠢᠯᠭ᠋ᠠᠨ ᠦᠨᠡᠯᠡᠬᠦ ᠳᠣᠭᠲᠠᠯᠴᠠᠭ᠋ᠠᠨ᠎ᠳᠤ  ᠣᠷᠣᠭᠤᠯᠤᠨ᠎ᠠ᠃ ᠰᠤᠷᠭ᠋ᠠᠨ ᠬᠥᠮᠦᠵᠢᠯ᠎ᠤᠨ ᠶᠠᠮᠤᠨ᠎ᠤ ᠨᠠᠶ᠋ᠢᠷᠠᠭᠤᠯᠤᠨ ᠳᠠᠷᠤᠮᠠᠯᠯᠠᠭᠰᠠᠨ ᠭᠡᠷ᠎ᠤᠨ ᠬᠥᠮᠦᠵᠢᠯ᠎ᠢ ᠵᠢᠯᠣᠭᠣᠳᠬᠤ ᠤᠩᠰᠢᠬᠤ ᠪᠢᠴᠢᠭ᠎ᠢ ᠰᠠᠶ᠋ᠢᠲᠤᠷ ᠬᠡᠷᠡᠭᠯᠡᠵᠦ᠂ 《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠭᠡᠷ᠎ᠤᠨ ᠬᠥᠮᠦᠵᠢᠯ᠎ᠤᠨ ᠬᠢᠴᠢᠶᠡᠯ᠎ᠤᠨ ᠳᠣᠭᠲᠠᠯᠴᠠᠭ᠎ᠠ ᠵᠢ ᠪᠠᠶ᠋ᠢᠭᠤᠯᠬᠤ ᠲᠤᠬᠠᠢ ᠵᠢᠯᠣᠭᠣᠳᠬᠤ ᠬᠥᠲᠥᠯᠪᠦᠷᠢ》 ᠵᠢ ᠨᠠᠶ᠋ᠢᠳᠠᠪᠤᠷᠢᠵᠢᠭᠤᠯᠤᠨ᠂ ᠵᠢᠯᠣᠭᠣᠳᠬᠤ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠰᠤᠷᠤᠯᠭ᠎ᠠ ᠵᠢᠨ ᠬᠤᠭᠤᠴᠠᠭ᠎ᠠ ᠪᠦᠷᠢ᠎ᠳᠤ ᠬᠠᠮᠤᠭ᠎ᠤᠨ ᠪᠠᠭ᠎ᠠ᠎ᠳᠤ᠎ᠪᠠᠨ 2 ᠤᠳᠠᠭ᠎ᠠ ᠭᠡᠷ᠎ᠤᠨ ᠬᠥᠮᠦᠵᠢᠯ᠎ᠢ ᠵᠢᠯᠣᠭᠣᠳᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠃ ᠬᠥᠳᠡᠭᠡ ᠲᠣᠰᠬᠣᠨ᠎ᠤ ᠭᠡᠷ᠎ᠲᠤ᠎ᠪᠠᠨ ᠦᠯᠡᠳᠡᠭᠰᠡᠨ ᠬᠡᠦᠬᠡᠳ ᠵᠡᠷᠭᠡ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠭᠡᠷ᠎ᠤᠨ ᠬᠥᠮᠦᠵᠢᠯ᠎ᠢ ᠵᠢᠯᠣᠭᠣᠳᠬᠤ ᠦᠢ᠍ᠯᠡᠴᠢᠯᠡᠭᠡ ᠵᠢ ᠴᠢᠩᠭ᠋ᠠᠳᠬᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠭᠡᠷ᠎ᠤᠨ ᠬᠥᠮᠦᠵᠢᠯ᠎ᠢ ᠬᠠᠪᠰᠤᠷᠤᠨ ᠲᠡᠳᠬᠦᠬᠦ ᠡᠬᠡ ᠳᠠᠩᠰᠠ ᠵᠢ ᠪᠠᠶ᠋ᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠵᠥᠪᠯᠡᠯ)
      3. ᠭᠡᠷ᠎ᠤᠨ ᠬᠥᠮᠦᠵᠢᠯ᠎ᠢ ᠵᠢᠯᠣᠭᠣᠳᠬᠤ ᠬᠡᠯᠪᠡᠷᠢ ᠵᠢ ᠪᠠᠶᠠᠯᠢᠭᠵᠢᠭᠤᠯᠤᠨ᠎ᠠ᠃ ᠭᠡᠷ᠎ᠤᠨ ᠬᠥᠮᠦᠵᠢᠯ᠎ᠤᠨ ᠲᠤᠰᠬᠠᠢ ᠮᠡᠷᠭᠡᠵᠢᠯᠲᠡᠨ᠂ ᠰᠤᠷᠭ᠋ᠠᠭᠤᠯᠢ ᠵᠢᠨ ᠵᠠᠬᠢᠷᠤᠯ᠂ ᠬᠠᠮᠢᠶ᠎ᠠ ᠪᠦᠬᠦᠢ ᠪᠠᠭᠰᠢ᠂ ᠡᠴᠢᠭᠡ ᠡᠬᠡ ᠵᠢ ᠤᠷᠢᠵᠤ ᠯᠧᠺᠲ᠋ᠣᠷ᠎ᠤᠨ ᠪᠦᠯᠬᠦᠮ ᠪᠠᠶ᠋ᠢᠭᠤᠯᠵᠤ᠂ ᠪᠣᠯᠪᠠᠰᠤᠷᠠᠭᠤᠯᠤᠯ ᠪᠠ ᠲᠠᠶ᠋ᠢᠯᠤᠮᠵᠢ ᠬᠢᠬᠦ᠂ ᠵᠦᠪᠯᠡᠯᠭᠡ ᠥᠭᠬᠦ ᠦᠢ᠍ᠯᠡᠴᠢᠯᠡᠭᠡ᠂ ᠲᠤᠷᠰᠢᠯᠭ᠎ᠠ ᠰᠣᠯᠢᠯᠴᠠᠬᠤ᠂ ᠡᠴᠢᠭᠡ ᠡᠬᠡ ᠦᠷ᠎ᠡ ᠬᠡᠦᠬᠡᠳ᠎ᠤᠨ ᠠᠵᠢᠯᠯᠠᠭ᠎ᠠ ᠵᠡᠷᠭᠡ ᠣᠯᠠᠨ ᠶᠠᠩᠵᠤ ᠬᠡᠯᠪᠡᠷᠢ ᠵᠢᠨ ᠭᠡᠷ᠎ᠤᠨ ᠬᠥᠮᠦᠵᠢᠯ᠎ᠢ ᠵᠢᠯᠣᠭᠣᠳᠬᠤ ᠦᠢ᠍ᠯᠡᠴᠢᠯᠡᠭᠡ ᠪᠠ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠰᠢᠨᠵᠢᠯᠡᠬᠦ ᠤᠬᠠᠭ᠋ᠠᠨᠴᠢ ᠰᠤᠷᠭ᠋ᠠᠨ ᠬᠥᠮᠦᠵᠢᠯ᠎ᠤᠨ ᠣᠨᠣᠯᠵᠢᠬᠤᠨ᠂ ᠴᠢᠬᠤᠯᠠ ᠶᠡᠬᠡ ᠰᠤᠷᠭ᠋ᠠᠨ ᠬᠥᠮᠦᠵᠢᠯ᠎ᠤᠨ ᠲᠥᠷᠥ ᠵᠢᠨ ᠪᠣᠳᠣᠯᠭ᠎ᠠ ᠪᠠ ᠭᠡᠷ᠎ᠤᠨ ᠬᠥᠮᠦᠵᠢᠯ᠎ᠤᠨ ᠮᠡᠳᠡᠯᠭᠡ ᠵᠢ ᠤᠬᠠᠭᠤᠯᠵᠤ᠂ ᠭᠡᠷ᠎ᠤᠨ ᠠᠬᠠᠮᠠᠳ᠎ᠤᠨ ᠨᠡᠶ᠋ᠢᠳᠡᠮ ᠠᠩᠬᠠᠷᠴᠤ ᠪᠠᠶ᠋ᠢᠭ᠎ᠠ ᠠᠰᠠᠭᠤᠳᠠᠯ᠎ᠳᠤ ᠬᠠᠷᠢᠭᠤᠯᠲᠠ ᠥᠭᠭᠦᠨ᠎ᠡ᠃ ᠰᠤᠷᠭ᠋ᠠᠭᠤᠯᠢ ᠵᠢᠨ ᠬᠦᠷᠢᠶᠡᠨ᠎ᠤ ᠰᠦᠯᠵᠢᠶ᠎ᠡ᠂ ᠸᠢᠴᠠᠲ᠎ᠤᠨ ᠣᠯᠠᠨ ᠨᠡᠶ᠋ᠢᠲᠡ ᠵᠢᠨ ᠲᠠᠪᠴᠠᠩ ᠵᠡᠷᠭᠡ ᠮᠡᠳᠡᠭᠡ ᠵᠠᠩᠭᠢ ᠵᠢᠨ ᠲᠠᠪᠴᠠᠩ᠎ᠢ ᠰᠠᠶ᠋ᠢᠲᠤᠷ ᠬᠡᠷᠡᠭᠯᠡᠵᠦ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠮᠡᠳᠡᠭᠡ ᠵᠠᠩᠭᠢ ᠵᠢ ᠤᠬᠠᠭᠤᠯᠵᠤ᠂ ᠭᠡᠷ᠎ᠤᠨ ᠠᠬᠠᠮᠠᠳ᠎ᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠢ ᠰᠠᠨᠠᠭ᠋ᠠᠴᠢᠯᠠᠭ᠎ᠠ᠎ᠠᠴᠠ᠎ᠪᠠᠨ ᠬᠠᠯᠠᠮᠵᠢᠯᠠᠬᠤ᠎ᠪᠠᠷ ᠬᠥᠲᠦᠯᠦᠨ ᠵᠢᠯᠣᠭᠣᠳᠤᠨ᠎ᠠ᠃ ᠭᠡᠷ᠎ᠤᠨ ᠠᠬᠠᠮᠠᠳ ᠪᠠ ᠰᠤᠷᠤᠭᠴᠢᠳ ᠬᠠᠮᠲᠤ᠎ᠳᠤ᠎ᠪᠠᠨ ᠣᠷᠣᠯᠴᠠᠬᠤ ᠠᠵᠢᠯᠯᠠᠭ᠎ᠠ ᠵᠢ ᠥᠷᠨᠢᠭᠦᠯᠵᠦ᠂ ᠴᠢᠬᠤᠯᠠ ᠶᠡᠬᠡ ᠳᠤᠷᠠᠰᠬᠠᠯ᠎ᠤᠨ ᠡᠳᠦᠷ᠂ ᠳᠤᠮᠳᠠᠳᠤ ᠵᠢᠨ ᠤᠯᠠᠮᠵᠢᠯᠠᠯᠲᠤ ᠪᠠᠶᠠᠷ᠎ᠤᠨ ᠡᠳᠦᠷ ᠵᠶ᠋ᠠᠷ ᠠᠵᠠ ᠲᠣᠬᠢᠶᠠᠯ ᠪᠣᠯᠭ᠋ᠠᠨ᠂ ᠪᠠᠶᠠᠯᠢᠭ ᠰᠠᠶ᠋ᠢᠬᠠᠨ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠥᠷᠨᠢᠭᠦᠯᠬᠦ᠎ᠪᠠᠷ ᠳᠠᠮᠵᠢᠭᠤᠯᠤᠨ ᠡᠴᠢᠭᠡ ᠡᠬᠡ ᠬᠡᠦᠬᠡᠳ᠎ᠤᠨ ᠨᠡᠪᠲᠡᠷᠡᠯᠴᠡᠭᠡ ᠪᠠ ᠰᠣᠯᠢᠯᠴᠠᠭ᠎ᠠ ᠵᠢ ᠴᠢᠩᠭ᠋ᠠᠳᠬᠠᠵᠤ᠂ ᠭᠡᠷ᠎ᠤᠨ ᠠᠬᠠᠮᠠᠳ ᠪᠠ ᠰᠤᠷᠭ᠋ᠠᠭᠤᠯᠢ ᠬᠠᠮᠲᠤ᠎ᠳᠤ᠎ᠪᠠᠨ ᠪᠣᠶ᠋ᠢᠵᠢᠭᠤᠯᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ           ᠪᠣᠯᠭ᠋ᠠᠨ᠎ᠠ᠃ ᠭᠡᠷ᠎ᠤᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠲᠠᠶ᠋ᠢᠯᠤᠮᠵᠢ ᠵᠢ ᠦᠷᠭᠦᠯᠵᠢᠯᠡᠨ ᠥᠷᠨᠢᠭᠦᠯᠵᠦ᠂ 《ᠭᠡᠷ᠎ᠲᠤ᠎ᠪᠠᠨ ᠢᠯᠡᠭᠡᠭᠰᠡᠨ ᠵᠠᠬᠢᠳᠠᠯ》᠎ᠤᠨ ᠤᠩᠰᠢᠯᠭ᠎ᠠ ᠵᠢᠨ ᠤᠷᠤᠯᠳᠤᠭ᠋ᠠᠨ ᠪᠠ ᠰᠦᠯᠵᠢᠶᠡᠨ᠎ᠳᠤ 《ᠮᠢᠨᠦ ᠭᠡᠷ᠎ᠤᠨ ᠰᠤᠷᠲᠠᠯ᠎ᠤᠨ ᠦᠯᠢᠭᠡᠷ》᠎ᠤᠨ ᠶᠠᠷᠢᠶ᠎ᠠ ᠢᠯᠡᠳᠬᠡᠯ᠎ᠤᠨ ᠤᠷᠤᠯᠳᠤᠭ᠋ᠠᠨ᠎ᠢ ᠥᠷᠨᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ)
      4. ᠨᠡᠶ᠋ᠢᠭᠡᠮ᠎ᠤᠨ ᠡᠬᠢ ᠪᠠᠶᠠᠯᠢᠭ᠎ᠤᠨ ᠬᠥᠮᠦᠨ ᠬᠥᠮᠦᠵᠢᠭᠦᠯᠬᠦ ᠦᠢ᠍ᠯᠡᠳᠦᠯ᠎ᠢ ᠪᠠᠳᠠᠷᠠᠭᠤᠯᠤᠨ᠎ᠠ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠳᠣᠲᠣᠭ᠋ᠠᠳᠤ ᠵᠢ ᠬᠠᠮᠠᠭ᠋ᠠᠯᠠᠬᠤ᠂ ᠰᠣᠶᠣᠯ ᠪᠠ ᠵᠢᠭᠤᠯᠴᠢᠯᠠᠯ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ ᠵᠡᠷᠭᠡ ᠰᠠᠯᠠᠭ᠎ᠠ ᠮᠥᠴᠢᠷ᠎ᠲᠠᠢ ᠢᠳᠡᠪᠬᠢᠲᠡᠢ ᠬᠠᠷᠢᠯᠴᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠡᠬᠢ ᠪᠠᠶᠠᠯᠢᠭ᠎ᠢ ᠬᠠᠩᠭ᠋ᠠᠵᠤ᠂ ᠲᠤᠰ ᠭᠠᠵᠠᠷ ᠣᠷᠣᠨ᠎ᠤ ᠬᠠᠷᠢᠴᠠᠩᠭᠤᠢ ᠲᠣᠭᠲᠠᠭᠤᠨ ᠨᠡᠶ᠋ᠢᠭᠡᠮ᠎ᠤᠨ ᠦᠢ᠍ᠯᠡᠳᠦᠯᠭᠡ ᠵᠢᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ ᠪᠠ ᠡᠬᠢ ᠪᠠᠶᠠᠯᠢᠭ᠎ᠤᠨ ᠭᠠᠷᠴᠠᠭ᠎ᠤᠨ ᠨᠠᠷᠢᠨ ᠳᠠᠩᠰᠠ ᠵᠢ ᠪᠠᠢ᠌ᠭᠤᠯᠤᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠰᠤᠷᠭ᠋ᠠᠨ ᠬᠥᠮᠦᠵᠢᠯ᠎ᠤᠨ ᠪᠠᠭᠤᠴᠠ (ᠰᠠᠭᠤᠷᠢᠨ ᠭᠠᠵᠠᠷ) ᠵᠢᠨ ᠦᠢ᠍ᠯᠡᠳᠦᠯ᠎ᠢ ᠪᠠᠳᠠᠷᠠᠭᠤᠯᠤᠨ᠂ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠬᠠᠮᠢᠶᠠᠷᠤᠯᠲᠠ ᠵᠢ ᠨᠢᠭᠡᠳᠦᠯᠲᠡᠢ ᠲᠥᠯᠥᠪᠯᠡᠨ ᠴᠢᠩᠭ᠋ᠠᠳᠬᠠᠵᠤ᠂ ᠨᠡᠶ᠋ᠢᠭᠡᠮ᠎ᠤᠨ ᠦᠢ᠍ᠯᠡᠳᠦᠯᠭᠡ ᠵᠢᠨ ᠬᠢᠴᠢᠶᠡᠯ᠎ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠡᠪ ᠬᠠᠮᠲᠤ ᠵᠠᠯᠠᠭᠤᠴᠤᠳ᠎ᠤᠨ ᠡᠪᠯᠡᠯ ᠪᠠ ᠪᠠᠭ᠋ᠠᠴᠤᠳ᠎ᠤᠨ ᠬᠣᠰᠢᠭᠤᠴᠢ ᠠᠩᠭᠢ ᠵᠢᠨ ᠠᠵᠢᠯᠯᠠᠭ᠎ᠠ᠂ ᠬᠥᠳᠡᠯᠮᠦᠷᠢ ᠵᠢᠨ ᠬᠥᠮᠦᠵᠢᠯ᠂ ᠰᠠᠶ᠋ᠢᠨ ᠳᠤᠷ᠎ᠠ ᠵᠢᠨ ᠦᠢ᠍ᠯᠡᠴᠢᠯᠡᠭᠡ᠂ ᠬᠠᠤᠯᠢ᠎ᠪᠠᠷ ᠵᠠᠰᠠᠬᠤ ᠬᠥᠮᠦᠵᠢᠯ᠂ ᠠᠮᠤᠷ ᠲᠦᠪᠰᠢᠨ᠎ᠤ ᠬᠥᠮᠦᠵᠢᠯ ᠪᠠ ᠰᠤᠳᠤᠯᠤᠨ ᠰᠤᠷᠤᠯᠴᠠᠬᠤ ᠠᠵᠢᠯᠯᠠᠭ᠎ᠠ ᠵᠡᠷᠭᠡ ᠦᠵᠡᠭᠳᠡᠯᠲᠦ ᠬᠡᠯᠪᠡᠷᠢ ᠵᠢᠨ᠂ ᠪᠡᠶᠡᠴᠢᠯᠡᠨ ᠣᠶ᠋ᠢᠯᠠᠭ᠋ᠠᠬᠤ ᠬᠡᠯᠪᠡᠷᠢ ᠵᠢᠨ ᠰᠤᠷᠭ᠋ᠠᠨ ᠬᠥᠮᠦᠵᠢᠯ ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠬᠠᠨᠳᠤᠯᠭ᠋ᠠᠲᠠᠢ ᠪᠠᠶ᠋ᠢᠩᠭᠤᠵᠢᠭᠤᠯᠤᠨ ᠥᠷᠨᠢᠭᠦᠯᠦᠨ᠎ᠡ᠃ 《ᠲᠠᠪᠤᠨ ᠠᠬᠠᠮᠠᠳ》᠂ ᠬᠥᠳᠡᠯᠮᠦᠷᠢ ᠵᠢᠨ ᠵᠢᠱ᠌ᠢᠶᠡᠴᠢ᠂ ᠶᠣᠰᠣ ᠰᠤᠷᠲᠠᠬᠤᠨ᠎ᠤ ᠵᠢᠱ᠌ᠢᠶᠡᠴᠢ᠂ ᠴᠠᠭ ᠦᠶ᠎ᠡ ᠵᠢᠨ ᠦᠯᠢᠭᠡᠷ ᠳᠠᠭᠤᠷᠢᠶᠠᠯ᠂ ᠡᠯ᠎ᠡ ᠲᠥᠷᠥᠯ᠎ᠤᠨ ᠣᠶᠤᠨ᠎ᠤ ᠪᠣᠯᠪᠠᠰᠤᠨ᠎ᠤ ᠲᠡᠷᠢᠭᠦᠨ᠎ᠤ ᠲᠥᠯᠥᠭᠡᠯᠡᠭᠴᠢ᠂ ᠮᠣᠷᠠᠯ ᠤᠷᠠᠯᠢᠭ ᠬᠣᠣᠰᠯᠠᠭᠰᠠᠨ ᠤᠷᠠᠯᠢᠭᠴᠢᠳ᠎ᠢ ᠢᠳᠡᠪᠬᠢᠲᠡᠢ ᠤᠷᠢᠵᠤ ᠰᠤᠷᠭ᠋ᠠᠭᠤᠯᠢ᠎ᠳᠤ ᠤᠬᠠᠭᠤᠯᠤᠨ ᠲᠠᠶ᠋ᠢᠯᠪᠤᠷᠢᠯᠠᠬᠤ ᠬᠥᠮᠦᠵᠢᠯ᠎ᠤᠨ ᠠᠵᠢᠯᠯᠠᠭ᠎ᠠ ᠥᠷᠨᠢᠭᠦᠯᠦᠨ᠎ᠡ᠃ ᠡᠯ᠎ᠡ ᠲᠠᠯ᠎ᠠ ᠵᠢᠨ ᠨᠡᠶ᠋ᠢᠭᠡᠮ᠎ᠤᠨ ᠡᠬᠢ ᠪᠠᠶᠠᠯᠢᠭ᠎ᠢ ᠭᠦᠢ᠍ᠴᠡᠳ ᠠᠰᠢᠭᠯᠠᠵᠤ᠂ 《ᠤᠷᠢᠨ ᠠᠪᠴᠢᠷᠠᠬᠤ》 ᠪᠠ 《ᠭᠠᠳᠠᠭᠰᠢ ᠭᠠᠷᠬᠤ》 ᠵᠢ ᠤᠶᠠᠯᠳᠤᠭᠤᠯᠬᠤ ᠵᠢ ᠪᠠᠷᠢᠮᠲᠠᠯᠠᠨ᠂ ᠰᠤᠷᠭ᠋ᠠᠭᠤᠯᠢ ᠵᠢᠨ ᠬᠢᠴᠢᠶᠡᠯ ᠪᠠ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠠᠭᠤᠯᠭ᠎ᠠ ᠵᠢ ᠪᠠᠶᠠᠯᠢᠭᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ)
      (ᠬᠣᠶᠠᠷ) ᠭᠡᠷ᠎ᠤᠨ ᠠᠬᠠᠮᠠᠳ ᠭᠡᠷ᠎ᠤᠨ ᠬᠥᠮᠦᠵᠢᠯ᠎ᠤᠨ ᠭᠣᠣᠯ ᠴᠣᠭᠴᠠ ᠵᠢᠨ

      ᠬᠠᠷᠢᠭᠤᠴᠠᠯᠭ᠎ᠠ᠎ᠪᠠᠨ ᠭᠦᠢ᠍ᠴᠡᠳᠭᠡᠨ᠎ᠡ
      5. ᠭᠡᠷ᠎ᠤᠨ ᠠᠬᠠᠮᠠᠳ ᠭᠡᠷ᠎ᠤᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠨ᠎ᠡ᠃ ᠭᠡᠷ᠎ᠤᠨ ᠠᠬᠠᠮᠠᠳ ᠭᠡᠷ ᠪᠦᠯᠢ ᠪᠣᠯ ᠠᠩᠬᠠᠨ᠎ᠤ ᠬᠢᠴᠢᠶᠡᠯ᠎ᠤᠨ ᠲᠠᠩᠬᠢᠮ᠂ ᠭᠡᠷ᠎ᠤᠨ ᠠᠬᠠᠮᠠᠳ ᠪᠣᠯ ᠠᠩᠬᠠᠨ᠎ᠤ ᠪᠠᠭᠰᠢ ᠭᠡᠬᠦ ᠬᠠᠷᠢᠭᠤᠴᠠᠯᠭ᠋ᠠᠲᠤ ᠤᠬᠠᠮᠰᠠᠷ ᠵᠶ᠋ᠠᠨ ᠴᠢᠩᠭ᠋ᠠᠳᠬᠠᠵᠤ᠂ ᠠᠪᠤ ᠡᠵᠢ ᠪᠤᠶᠤ ᠪᠤᠰᠤᠳ ᠬᠢᠨᠠᠨ ᠬᠠᠮᠠᠭ᠋ᠠᠯᠠᠭᠴᠢ ᠪᠡᠶ᠎ᠡ᠎ᠪᠠᠷ ᠵᠶ᠋ᠠᠨ ᠬᠡᠪ ᠳᠦᠷᠢᠮ ᠦᠵᠡᠭᠦᠯᠦᠨ᠂ ᠦᠭᠡ ᠶᠠᠷᠢᠶ᠎ᠠ ᠦᠢ᠍ᠯᠡ ᠠᠵᠢᠯᠯᠠᠭ᠎ᠠ᠎ᠪᠠᠷ ᠵᠶ᠋ᠡᠨ ᠬᠥᠮᠥᠵᠢᠭᠦᠯᠬᠦ ᠵᠢ ᠴᠢᠬᠤᠯᠠᠴᠢᠯᠠᠵᠤ᠂ ᠭᠡᠷ᠎ᠤᠨ ᠰᠤᠷᠲᠠᠯ᠎ᠢ ᠰᠠᠶ᠋ᠢᠲᠤᠷ ᠪᠣᠢ ᠪᠣᠯᠭ᠋ᠠᠵᠤ᠂ ᠭᠡᠷ᠎ᠤᠨ ᠰᠤᠷᠭ᠋ᠠᠯ᠎ᠢ ᠰᠠᠶ᠋ᠢᠲᠤᠷ ᠤᠯᠠᠮᠵᠢᠯᠠᠵᠤ᠂ ᠳᠤᠮᠳᠠᠳᠤ ᠵᠢᠨ ᠦᠨᠳᠦᠰᠦᠲᠡᠨ᠎ᠤ ᠭᠡᠷ ᠪᠦᠯᠢ ᠵᠢᠨ ᠰᠠᠶ᠋ᠢᠬᠠᠨ ᠰᠤᠷᠲᠠᠯ᠎ᠢ ᠪᠠᠳᠠᠷᠠᠭᠤᠯᠤᠨ᠂ ᠬᠡᠦᠬᠡᠳ᠎ᠤᠨ ᠡᠷᠡᠭᠦᠯ ᠵᠶ᠋ᠠᠷ ᠥᠰᠦᠨ ᠪᠣᠶ᠋ᠢᠵᠢᠬᠤ᠎ᠳᠤ ᠰᠠᠶ᠋ᠢᠨ ᠰᠠᠶ᠋ᠢᠬᠠᠨ ᠭᠡᠷ ᠪᠦᠯᠢ ᠵᠢᠨ ᠣᠷᠴᠢᠨ᠎ᠢ ᠡᠭᠦᠳᠴᠦ᠂ ᠭᠡᠷ᠎ᠤᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠭᠦᠢ᠍ᠴᠡᠳᠭᠡᠨ᠎ᠡ᠃ ᠬᠡᠦᠬᠡᠳ᠎ᠲᠠᠢ᠎ᠪᠠᠨ ᠢᠯᠡᠭᠦᠬᠡᠨ ᠨᠡᠪᠲᠡᠷᠡᠯᠴᠡᠵᠦ᠂ ᠬᠡᠦᠬᠡᠳ᠎ᠤᠨ ᠤᠷᠮ᠎ᠠ ᠰᠡᠳᠬᠢᠯᠭᠡ ᠵᠢᠨ ᠬᠤᠪᠢᠷᠠᠯᠲᠠ ᠪᠠ ᠰᠡᠳᠬᠢᠴᠡ ᠵᠢᠨ ᠡᠷᠡᠭᠦᠯ ᠮᠡᠨᠳᠦ ᠵᠢ ᠦᠷᠭᠦᠯᠵᠢ ᠠᠩᠬᠠᠷᠴᠤ᠂ ᠠᠷᠭ᠎ᠠ ᠬᠡᠮᠵᠢᠶ᠎ᠡ ᠠᠪᠴᠤ ᠪᠦᠲᠦᠮᠵᠢᠲᠡᠢ ᠵᠢᠯᠣᠭᠣᠳᠤᠨ᠂ ᠬᠡᠦᠬᠡᠳ ᠵᠶ᠋ᠠᠨ ᠨᠤᠭᠤᠷᠠᠯ ᠪᠦᠳᠦᠷᠢᠯ᠎ᠳᠤ ᠤᠴᠠᠷᠠᠬᠤ ᠦᠶ᠎ᠡ ᠰᠡᠳᠬᠢᠯ ᠰᠢᠨᠲᠠᠷᠠᠬᠤ ᠦᠭᠡᠢ᠂ ᠵᠣᠷᠢᠭ ᠮᠣᠬᠤᠬᠤ ᠦᠭᠡᠢ ᠪᠠᠢ᠌ᠬᠤ ᠵᠢ ᠵᠣᠷᠢᠭᠵᠢᠭᠤᠯᠵᠤ᠂ ᠬᠡᠦᠬᠡᠳ ᠵᠶ᠋ᠡᠨ ᠰᠢᠷᠭ᠋ᠠᠭᠤ ᠰᠤᠷᠤᠯᠴᠠᠵᠤ᠂ ᠢᠲᠡᠭᠡᠯ ᠲᠡᠭᠦᠯᠳᠡᠷ ᠥᠭᠡᠳᠡᠷᠬᠡᠭ ᠪᠠᠶ᠋ᠢᠬᠤ᠎ᠪᠠᠷ ᠬᠥᠲᠥᠯᠥᠨ ᠵᠢᠯᠣᠭᠣᠳᠤᠨ᠎ᠠ᠃ ᠬᠡᠦᠬᠡᠳ᠎ᠲᠤ᠎ᠪᠠᠨ ᠬᠡᠷᠡᠭ ᠭᠠᠷᠪᠠᠯ ᠳᠠᠷᠤᠢ᠎ᠳᠤ᠎ᠨᠢ ᠭᠡᠷ᠎ᠤᠨ ᠠᠬᠠᠮᠠᠳ᠎ᠲᠤ᠎ᠪᠠᠨ ᠬᠡᠯᠡᠵᠦ᠂ ᠰᠠᠨᠠᠭ᠋ᠠᠴᠢᠯᠠᠭ᠎ᠠ᠎ᠠᠴᠠ᠎ᠪᠠᠨ ᠬᠠᠪᠰᠤᠷᠤᠯᠭ᠎ᠠ ᠡᠷᠢᠬᠦ ᠬᠡᠷᠡᠭᠲᠡᠢ ᠭᠡᠵᠦ ᠰᠠᠨᠠᠭᠤᠯᠤᠨ᠎ᠠ᠃ ᠭᠡᠷ᠎ᠲᠤ᠎ᠪᠠᠨ ᠦᠯᠡᠳᠡᠭᠰᠡᠨ ᠬᠡᠦᠬᠡᠳ᠎ᠢ ᠬᠠᠯᠠᠮᠵᠢᠯᠠᠨ ᠬᠠᠶ᠋ᠢᠷᠠᠯᠠᠵᠤ ᠬᠠᠮᠠᠭ᠋ᠠᠯᠠᠬᠤ ᠵᠢ ᠴᠢᠩᠭ᠋ᠠᠳᠬᠠᠨ᠂ ᠭᠡᠷ᠎ᠲᠤ᠎ᠪᠠᠨ ᠦᠯᠡᠳᠡᠭᠰᠡᠨ ᠬᠡᠦᠬᠡᠳ᠎ᠤᠨ ᠭᠡᠷ ᠪᠦᠯᠢ ᠵᠢᠨ ᠪᠠᠶ᠋ᠢᠳᠠᠯ᠎ᠢ ᠴᠠᠭ ᠲᠤᠬᠠᠢ᠎ᠳᠤ᠎ᠨᠢ ᠣᠢ᠌ᠯᠠᠭ᠋ᠠᠵᠤ᠂ ᠭᠡᠷ᠎ᠲᠤ᠎ᠪᠠᠨ ᠦᠯᠡᠳᠡᠭᠰᠡᠨ ᠬᠡᠦᠬᠡᠳ᠎ᠤᠨ ᠭᠡᠷ᠎ᠤᠨ ᠠᠬᠠᠮᠠᠳ᠎ᠢ ᠦᠷ᠎ᠡ ᠬᠡᠦᠬᠡᠳ᠎ᠲᠠᠢ᠎ᠪᠠᠨ ᠰᠠᠶ᠋ᠢᠲᠤᠷ ᠬᠠᠷᠢᠯᠴᠠᠵᠤ ᠨᠡᠪᠲᠡᠷᠡᠬᠦ᠎ᠪᠠᠷ           ᠱᠠᠭ᠋ᠠᠷᠳᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠤᠷᠭ᠋ᠠᠨ ᠬᠥᠮᠦᠵᠢᠯ᠎ᠤᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ)
      6. ᠰᠢᠨᠵᠢᠯᠡᠬᠦ ᠤᠬᠠᠭ᠋ᠠᠨᠴᠢ ᠭᠡᠷ᠎ᠤᠨ ᠬᠥᠮᠦᠵᠢᠯ᠎ᠤᠨ ᠦᠵᠡᠯᠲᠡ ᠵᠢ ᠪᠤᠢ ᠪᠣᠯᠭ᠋ᠠᠨ᠎ᠠ᠃ ᠭᠡᠷ᠎ᠤᠨ ᠠᠬᠠᠮᠠᠳ ᠬᠡᠦᠬᠡᠳ᠎ᠤᠨ ᠥᠰᠦᠨ ᠪᠣᠶ᠋ᠢᠵᠢᠬᠤ ᠵᠢᠮ᠎ᠡ ᠶᠣᠰᠣ ᠵᠢ ᠵᠥᠪ ᠵᠶ᠋ᠠᠷ ᠲᠠᠨᠢᠵᠤ᠂ ᠬᠡᠦᠬᠡᠳ᠎ᠤᠨ ᠪᠣᠳᠠᠭ᠋ᠠᠯᠢ ᠪᠡᠶ᠎ᠡ ᠵᠢᠨ ᠵᠥᠷᠢᠶ᠎ᠡ ᠪᠠ ᠲᠥᠷᠥᠯᠬᠢ ᠴᠢᠨᠠᠷ᠎ᠢ ᠬᠦᠨᠳᠦᠳᠬᠡᠨ᠂ ᠬᠡᠦᠬᠡᠳ᠎ᠤᠨ ᠰᠡᠳᠬᠢᠨ ᠪᠣᠳᠣᠬᠤ ᠴᠢᠳᠠᠪᠤᠷᠢ᠂ ᠪᠦᠲᠦᠭᠡᠯᠴᠢ ᠴᠢᠳᠠᠪᠤᠷᠢ ᠵᠢ ᠬᠠᠮᠠᠭ᠋ᠠᠯᠠᠵᠤ᠂ ᠬᠡᠦᠬᠡᠳ᠎ᠤᠨ ᠰᠠᠶ᠋ᠢᠨ ᠰᠠᠢ᠌ᠬᠠᠨ ᠦᠵᠡᠯ ᠰᠠᠨᠠᠭ᠎ᠠ᠂ ᠰᠠᠶ᠋ᠢᠨ ᠰᠠᠢ᠌ᠬᠠᠨ ᠵᠠᠩ ᠰᠤᠷᠲᠠᠯ᠂ ᠰᠠᠶ᠋ᠢᠨ ᠰᠠᠢ᠌ᠬᠠᠨ ᠳᠠᠳᠬᠠᠯ᠎ᠢ ᠬᠥᠮᠦᠵᠢᠭᠦᠯᠬᠦ ᠵᠢ ᠭᠡᠷ᠎ᠤᠨ ᠬᠥᠮᠦᠵᠢᠯ᠎ᠤᠨ ᠲᠡᠷᠢᠭᠦᠨ ᠴᠢᠬᠤᠯᠠ ᠬᠠᠷᠠᠯᠲᠠ ᠪᠣᠯᠭ᠋ᠠᠨ᠂ ᠬᠡᠦᠬᠡᠳ᠎ᠤᠨ ᠪᠦᠬᠦ ᠲᠠᠯ᠎ᠠ ᠵᠢᠨ ᠬᠥᠭᠵᠢᠯᠲᠡ ᠵᠢ ᠠᠩᠬᠠᠷᠤᠨ᠂ ᠬᠡᠦᠬᠡᠳ᠎ᠤᠨ ᠬᠦᠰᠡᠯ ᠎ᠢ ᠣᠶᠤᠨᠴᠢ᠎ᠪᠠᠷ ᠪᠠᠶ᠋ᠢᠷᠢᠯᠠᠭᠤᠯᠵᠤ᠂ ᠬᠡᠦᠬᠡᠳ ᠠᠪᠢᠶᠠᠰ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠬᠤ  ᠵᠢ ᠵᠣᠷᠢᠭᠵᠢᠭᠤᠯᠤᠨ᠎ᠠ᠃ ᠭᠡᠷ᠎ᠤᠨ ᠬᠥᠮᠦᠵᠢᠯ᠎ᠤᠨ ᠠᠷᠭ᠎ᠠ ᠵᠢ ᠵᠥᠪ ᠡᠵᠡᠮᠰᠢᠵᠦ᠂ ᠭᠡᠷ ᠎ᠤᠨ ᠠᠬᠠᠮᠠᠳ ᠦᠷ᠎ᠡ ᠬᠡᠦᠬᠡᠳ᠎ᠲᠤ᠎ᠪᠠᠨ ᠢᠯᠡᠭᠦᠬᠡᠨ ᠬᠠᠨᠢ ᠪᠣᠯᠵᠤ ᠢᠯᠡᠭᠦᠬᠡᠨ ᠬᠠᠯᠠᠮᠵᠢᠯᠠᠬᠤ  ᠵᠢ ᠴᠢᠬᠤᠯᠠᠴᠢᠯᠠᠨ᠂ ᠡᠴᠢᠭᠡ ᠡᠬᠡ ᠦᠷ᠎ᠡ ᠬᠡᠦᠬᠡᠳ ᠢᠳᠡᠪᠬᠢᠲᠡᠢ ᠦᠢ᠍ᠯᠡᠳᠦᠯᠴᠡᠬᠦ ᠵᠢ ᠴᠢᠬᠤᠯᠠᠴᠢᠯᠠᠵᠤ᠂ ᠶᠣᠰᠣ ᠰᠤᠷᠲᠠᠬᠤᠨ᠎ᠤ ᠠᠶᠠᠨᠳᠠᠭ᠋ᠠᠨ ᠰᠡᠩᠭᠬᠡᠷᠡᠭᠦᠯᠬᠦ ᠦᠢ᠍ᠯᠡᠳᠦᠯ᠎ᠢ ᠪᠠᠳᠠᠷᠠᠭᠤᠯᠤᠨ᠎ᠠ; ᠢᠯᠡᠭᠦᠬᠡᠨ ᠬᠥᠲᠥᠯᠥᠨ ᠵᠢᠯᠣᠭᠣᠳᠴᠤ ᠢᠯᠡᠭᠦᠬᠡᠨ ᠵᠣᠷᠢᠭᠵᠢᠭᠤᠯᠵᠤ᠂ ᠬᠡᠪ ᠴᠢᠨᠠᠷ᠎ᠢ ᠪᠣᠶ᠋ᠢᠵᠢᠭᠤᠯᠬᠤ ᠪᠠ ᠰᠠᠶ᠋ᠢᠨ ᠰᠠᠶ᠋ᠢᠬᠠᠨ ᠳᠠᠳᠬᠠᠯ᠎ᠢ ᠪᠣᠢ ᠪᠣᠯᠭ᠋ᠠᠬᠤ ᠵᠢ ᠴᠢᠬᠤᠯᠠᠴᠢᠯᠠᠨ᠎ᠠ; ᠢᠯᠡᠭᠦᠬᠡᠨ ᠬᠦᠨᠳᠦᠳᠬᠡᠵᠦ᠂ ᠡᠷᠬᠡ ᠲᠡᠭᠰᠢ᠎ᠪᠠᠷ ᠤᠯᠤᠯᠴᠠᠬᠤ ᠵᠢ ᠴᠢᠩᠭ᠋ᠠᠳᠬᠠᠵᠤ᠂ ᠬᠥᠮᠥᠵᠢᠭᠦᠯᠬᠦ ᠠᠷᠭ᠎ᠠ ᠬᠡᠯᠪᠡᠷᠢ ᠵᠢ ᠡᠷᠬᠢᠮᠯᠡᠨ᠎ᠡ; ᠢᠯᠡᠭᠦᠬᠡᠨ ᠰᠠᠨᠠᠭᠤᠯᠵᠤ ᠢᠯᠡᠭᠦᠬᠡᠨ ᠬᠠᠪᠰᠤᠷᠴᠤ᠂ ᠮᠠᠭᠤ ᠦᠢ᠍ᠯᠡ ᠠᠵᠢᠯᠯᠠᠭ᠎ᠠ ᠵᠢ ᠴᠠᠭ ᠲᠤᠬᠠᠢ᠎ᠳᠤ᠎ᠨᠢ ᠢᠳᠬᠠᠨ ᠬᠣᠷᠢᠭᠯᠠᠵᠤ᠂ ᠬᠣᠷᠢᠭᠯᠠᠨ ᠵᠣᠭᠰᠣᠭ᠋ᠠᠬᠤ ᠪᠠ ᠵᠢᠭ᠋ᠠᠨ ᠰᠤᠷᠭ᠋ᠠᠵᠤ᠂ ᠬᠡᠦᠬᠡᠳ᠎ᠤᠨ ᠨᠡᠩ ᠰᠠᠶ᠋ᠢᠨ ᠪᠡᠶ᠎ᠡ᠎ᠪᠠᠨ ᠳᠠᠭ᠋ᠠᠭ᠋ᠠᠵᠤ ᠥᠰᠦᠨ ᠪᠣᠶ᠋ᠢᠵᠢᠬᠤ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠤᠷᠭ᠋ᠠᠨ ᠬᠥᠮᠦᠵᠢᠯ᠎ᠤᠨ ᠲᠢᠩᠬᠢᠮ)
      7. ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠬᠠᠮᠢᠶᠠᠷᠤᠯᠲᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠬᠠᠮᠵᠢᠯᠴᠠᠨ᠎ᠠ᠃ ᠭᠡᠷ᠎ᠤᠨ ᠠᠬᠠᠮᠠᠳ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠰᠤᠷᠭ᠋ᠠᠭᠤᠯᠢ ᠵᠢᠨ ᠵᠣᠬᠢᠶᠠᠨ ᠪᠠᠶ᠋ᠢᠭᠤᠯᠤᠭᠰᠠᠨ ᠭᠡᠷ᠎ᠤᠨ ᠬᠥᠮᠦᠵᠢᠯ᠎ᠤᠨ ᠵᠢᠯᠣᠭᠣᠳᠣᠯᠭ᠎ᠠ ᠵᠢᠴᠢ ᠭᠡᠷ᠎ᠤᠨ ᠠᠬᠠᠮᠠᠳ ᠪᠣᠯᠤᠨ ᠰᠤᠷᠭ᠋ᠠᠭᠤᠯᠢ ᠦᠢ᠍ᠯᠡᠳᠦᠯᠴᠡᠬᠦ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠬᠡᠦᠬᠡᠳ᠎ᠤᠨ ᠥᠰᠦᠨ           ᠪᠣᠶ᠋ᠢᠵᠢᠬᠤ ᠬᠡᠷᠡᠭᠴᠡᠭᠡ ᠱᠠᠭ᠋ᠠᠷᠳᠠᠯᠭ᠎ᠠ ᠵᠢ ᠠᠩᠬᠠᠷᠤᠨ᠂ ᠬᠡᠦᠬᠡᠳ᠎ᠢ ᠢᠳᠡᠪᠬᠢᠲᠡᠢ ᠰᠤᠷᠭ᠋ᠠᠨ ᠬᠥᠮᠥᠵᠢᠭᠦᠯᠵᠦ᠂            ᠭᠡᠷ᠎ᠤᠨ ᠬᠥᠮᠦᠵᠢᠯ᠎ᠤᠨ ᠮᠡᠳᠡᠯᠭᠡ ᠪᠣᠯᠤᠨ ᠠᠷᠭ᠎ᠠ ᠵᠢ ᠤᠬᠠᠮᠰᠠᠷ᠎ᠠᠴᠠ᠎ᠪᠠᠨ ᠰᠤᠷᠤᠯᠴᠠᠨ᠂ ᠰᠤᠷᠭ᠋ᠠᠭᠤᠯᠢ ᠪᠣᠯᠤᠨ           ᠪᠠᠭᠰᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠡᠷᠬᠡ᠎ᠪᠠᠨ           ᠵᠥᠪ ᠬᠡᠷᠡᠭᠵᠢᠭᠦᠯᠬᠦ ᠵᠢ ᠳᠠᠮᠵᠢᠵᠤ᠂ ᠰᠤᠷᠭ᠋ᠠᠭᠤᠯᠢ᠎ᠲᠠᠢ ᠬᠠᠮᠲᠤᠷᠠᠨ ᠰᠤᠷᠭ᠋ᠠᠨ ᠬᠥᠮᠦᠵᠢᠯ᠎ᠤᠨ ᠬᠠᠮ ᠬᠦᠴᠦᠨ         ᠎ᠢ  ᠪᠣᠢ ᠪᠣᠯᠭ᠋ᠠᠨ᠂ ᠰᠤᠷᠭ᠋ᠠᠭᠤᠯᠢ᠎ᠲᠠᠢ ᠬᠠᠮᠲᠤᠷᠠᠨ ᠬᠡᠦᠬᠡᠳ᠎ᠤᠨ ᠠᠮᠤᠷ ᠲᠦᠪᠰᠢᠨ ᠎ᠤ ᠬᠥᠮᠦᠵᠢᠯ᠎ᠢ           ᠴᠢᠩᠭ᠋ᠠᠳᠬᠠᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠦᠵᠡᠯ ᠤᠬᠠᠮᠰᠠᠷ ᠪᠣᠯᠤᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠤᠷᠭ᠋ᠠᠭᠤᠯᠢ᠎ᠯᠤᠭ᠎ᠠ ᠨᠢᠭᠲᠠ  ᠨᠡᠪᠲᠡᠷᠡᠬᠦ ᠵᠢ ᠪᠠᠲᠤᠯᠠᠵᠤ᠂ ᠬᠡᠦᠬᠡᠳ᠎ᠤᠨ ᠰᠤᠷᠭ᠋ᠠᠭᠤᠯᠢ᠎ᠳᠠᠬᠢ ᠢᠯᠡᠷᠡᠯ ᠪᠣᠯᠤᠨ ᠰᠤᠷᠤᠯᠭ᠎ᠠ ᠵᠢᠨ ᠪᠠᠶ᠋ᠢᠳᠠᠯ᠎ᠢ ᠣᠢ᠌ᠯᠠᠭ᠋ᠠᠨ᠂ ᠰᠤᠷᠭ᠋ᠠᠭᠤᠯᠢ᠎ᠲᠠᠢ ᠴᠠᠭ ᠲᠤᠬᠠᠢ᠎ᠳᠤ᠎ᠨᠢ ᠬᠡᠦᠬᠡᠳ᠎ᠤᠨ ᠭᠡᠷ᠎ᠲᠤ᠎ᠪᠠᠨ ᠪᠠᠶ᠋ᠢᠬᠤ ᠦᠶ᠎ᠡ ᠵᠢᠨ ᠦᠵᠡᠯ ᠪᠣᠳᠤᠯ ᠰᠡᠳᠬᠢᠯᠭᠡ᠂ ᠪᠡᠶ᠎ᠡ ᠰᠡᠳᠬᠢᠯ᠎ᠤᠨ ᠪᠠᠶ᠋ᠢᠳᠠᠯ ᠪᠣᠯᠤᠨ ᠡᠳᠦᠷ ᠲᠤᠲᠤᠮ᠎ᠤᠨ ᠢᠯᠡᠷᠡᠯ᠎ᠤᠨ ᠲᠤᠬᠠᠢ  ᠨᠡᠪᠲᠡᠷᠡᠯᠴᠡᠨ᠎ᠡ᠃ ᠬᠡᠦᠬᠡᠳ᠎ᠢ ᠬᠥᠲᠥᠯᠥᠨ ᠵᠢᠯᠣᠭᠣᠳᠴᠤ ᠬᠢᠴᠢᠶᠡᠯ ᠰᠤᠷᠤᠯᠭ᠎ᠠ ᠪᠠ ᠳᠠᠰᠬᠠᠯ ᠎ᠢ ᠴᠠᠭ ᠲᠤᠬᠠᠢ᠎ᠳᠤ᠎ᠨᠢ ᠪᠡᠶᠡᠯᠡᠭᠦᠯᠵᠦ᠂ ᠬᠢᠵᠦ ᠳᠡᠢ᠌ᠯᠬᠦ ᠭᠡᠷ᠎ᠤᠨ ᠠᠵᠢᠯ᠎ᠢ ᠬᠢᠯᠭᠡᠨ᠂ ᠬᠡᠦᠬᠡᠳ᠎ᠢ ᠬᠥᠲᠥᠯᠥᠨ ᠵᠢᠯᠣᠭᠣᠳᠴᠤ ᠡᠯᠧᠺᠲᠷᠣᠨ ᠦᠢ᠍ᠯᠡᠳᠬᠦᠨ᠎ᠢ ᠵᠦᠢ ᠵᠣᠬᠢᠰᠲᠠᠢ ᠬᠡᠷᠡᠭᠯᠡᠭᠦᠯᠵᠦ᠂ ᠡᠷᠡᠭᠦᠯ ᠮᠡᠨᠳᠦ ᠰᠦᠯᠵᠢᠶᠡᠨ᠎ᠳᠤ ᠭᠠᠷᠭ᠋ᠠᠨ᠂ ᠰᠦᠯᠵᠢᠶᠡᠨ᠎ᠳᠤ ᠰᠢᠨᠤᠭᠤᠯᠬᠤ ᠦᠭᠡᠢ᠂ ᠬᠡᠷᠡᠭᠯᠡᠬᠦ ᠴᠠᠭ᠎ᠤᠨ ᠣᠷᠳᠣ ᠵᠢ ᠡᠵᠡᠮᠳᠡᠨ᠂ ᠬᠠᠷᠠᠭ᠋ᠠᠨ᠎ᠤ ᠡᠷᠡᠭᠦᠯ ᠮᠡᠨᠳᠦ ᠵᠢ᠎ᠨᠢ ᠬᠠᠮᠠᠭ᠋ᠠᠯᠠᠨ᠎ᠠ᠃ ᠬᠡᠦᠬᠡᠳ ᠵᠶ᠋ᠠᠨ ᠲᠣᠬᠢᠷᠠᠮᠵᠢᠲᠠᠢ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠣᠷᠣᠯᠴᠠᠬᠤ᠎ᠪᠠᠷ ᠵᠢᠯᠣᠭᠣᠳᠴᠤ᠂ ᠬᠢᠴᠢᠶᠡᠯ᠎ᠤᠨ ᠭᠠᠳᠠᠭᠤᠷᠬᠢ ᠤᠩᠰᠢᠯᠭ᠎ᠠ᠂ ᠤᠷᠠᠯᠢᠭ᠎ᠤᠨ ᠠᠵᠢᠯᠯᠠᠭ᠎ᠠ ᠵᠢ ᠥᠷᠨᠢᠭᠦᠯᠦᠨ᠂ ᠬᠡᠦᠬᠡᠳ᠎ᠤᠨ ᠰᠢᠮ᠎ᠡ ᠲᠡᠵᠢᠭᠡᠯ ᠲᠡᠩᠴᠡᠭᠦᠷᠢᠲᠡᠢ ᠪᠠᠶ᠋ᠢᠬᠤ ᠵᠢ ᠪᠠᠲᠤᠯᠠᠵᠤ᠂ ᠵᠢᠮ᠎ᠡ ᠶᠣᠰᠣ᠎ᠲᠠᠢ ᠠᠵᠢᠯᠯᠠᠵᠤ ᠠᠮᠠᠷᠠᠬᠤ ᠵᠢ᠎ᠨᠢ ᠪᠠᠲᠤᠯᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠤᠷᠭ᠋ᠠᠨ ᠬᠥᠮᠦᠵᠢᠯ᠎ᠤᠨ ᠲᠢᠩᠬᠢᠮ)
      8. ᠬᠡᠦᠬᠡᠳ ᠵᠶ᠋ᠠᠨ ᠳᠠᠭ᠋ᠠᠭᠤᠯᠤᠨ ᠨᠡᠶ᠋ᠢᠭᠡᠮ᠎ᠤᠨ ᠬᠢᠴᠢᠶᠡᠯ᠎ᠢ ᠪᠡᠶᠡᠴᠢᠯᠡᠨ ᠣᠢ᠌ᠯᠠᠭ᠋ᠠᠭᠤᠯᠤᠨ᠎ᠠ᠃ ᠨᠡᠶ᠋ᠢᠭᠡᠮ᠎ᠤᠨ ᠦᠢ᠍ᠯᠡᠳᠦᠯᠭᠡ ᠵᠢᠨ ᠲᠤᠮᠤ ᠬᠢᠴᠢᠶᠡᠯ᠎ᠤᠨ  ᠬᠡᠦᠬᠡᠳ᠎ᠲᠤ ᠦᠵᠡᠭᠦᠯᠬᠦ ᠰᠤᠷᠭ᠋ᠠᠨ ᠬᠥᠮᠥᠵᠢᠭᠦᠯᠬᠦ ᠴᠢᠬᠤᠯᠠ ᠦᠢ᠍ᠯᠡᠳᠦᠯ᠎ᠢ ᠣᠯᠠᠨ ᠠᠷᠭ᠎ᠠ ᠵᠠᠮ ᠵᠶ᠋ᠠᠷ ᠥᠷᠭᠡᠨ ᠳᠡᠯᠭᠡᠷᠡᠩᠭᠦᠢ ᠤᠬᠠᠭᠤᠯᠵᠤ᠂ ᠡᠴᠢᠭᠡ ᠡᠬᠡ ᠵᠢ ᠬᠥᠲᠥᠯᠥᠨ ᠵᠢᠯᠣᠭᠣᠳᠴᠤ ᠬᠡᠦᠬᠡᠳ ᠵᠶ᠋ᠠᠨ ᠳᠠᠭ᠋ᠠᠭᠤᠯᠤᠨ ᠭᠠᠳᠠᠨᠠᠬᠢ ᠬᠥᠳᠡᠯᠭᠡᠭᠡᠨ᠂ ᠲᠣᠭᠣᠷᠢᠨ ᠦᠵᠡᠵᠦ ᠵᠤᠭ᠋ᠠᠴᠠᠬᠤ ᠪᠠ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠣᠯᠠᠨ ᠬᠡᠯᠪᠡᠷᠢᠲᠦ ᠨᠡᠶ᠋ᠢᠭᠡᠮ ᠲᠣᠭᠣᠷᠢᠭ᠎ᠤᠨ ᠠᠵᠢᠯᠯᠠᠭ᠎ᠠ᠂ ᠲᠠᠷᠢᠶᠠᠯᠠᠩ᠎ᠢ ᠪᠡᠶᠡᠴᠢᠯᠡᠨ ᠣᠶ᠋ᠢᠯᠠᠭ᠋ᠠᠬᠤ᠂ ᠨᠡᠶ᠋ᠢᠭᠡᠮ᠎ᠤᠨ ᠬᠥᠳᠡᠯᠮᠦᠷᠢ᠂ ᠰᠠᠶ᠋ᠢᠨ ᠳᠤᠷ᠎ᠠ ᠵᠢᠨ ᠦᠢ᠍ᠯᠡᠴᠢᠯᠡᠭᠡ᠂ ᠨᠡᠶ᠋ᠢᠭᠡᠮ᠎ᠤᠨ ᠪᠠᠶ᠋ᠢᠴᠠᠭ᠋ᠠᠯᠲᠠ᠂ ᠠᠵᠢᠯ ᠮᠡᠷᠭᠡᠵᠢᠯ᠎ᠤᠨ ᠣᠶ᠋ᠢᠯᠠᠭ᠋ᠠᠯᠲᠠ ᠵᠢᠴᠢ ᠰᠣᠶᠣᠯ᠂ ᠤᠷᠠᠯᠢᠭ᠂ ᠪᠡᠶ᠎ᠡ ᠵᠢᠨ ᠲᠠᠮᠢᠷ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠂ ᠭᠠᠷ ᠤᠷᠠᠯᠠᠯ᠎ᠤᠨ ᠤᠷ᠎ᠠ ᠴᠢᠳᠠᠪᠤᠷᠢ ᠵᠡᠷᠭᠡ ᠦᠢ᠍ᠯᠡᠳᠦᠯᠭᠡ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠭᠤᠯᠵᠤ᠂ ᠬᠡᠦᠬᠡᠳ᠎ᠢ ᠬᠠᠪᠰᠤᠷᠤᠨ ᠪᠠᠶ᠋ᠢᠭ᠋ᠠᠯᠢ᠎ᠲᠠᠢ ᠨᠡᠩ ᠰᠠᠶ᠋ᠢᠲᠤᠷ ᠣᠢ᠌ᠷᠠᠲᠤᠭᠤᠯᠤᠨ᠂ ᠬᠠᠷᠠᠭ᠋ᠠᠰᠤ᠎ᠪᠠᠨ ᠥᠷᠭᠡᠳᠬᠡᠨ᠂ ᠮᠡᠳᠡᠯᠭᠡ᠎ᠪᠠᠨ ᠨᠡᠮᠡᠭᠳᠡᠭᠦᠯᠵᠦ᠂ ᠬᠡᠪ ᠴᠢᠨᠠᠷ ᠵᠶ᠋ᠠᠨ ᠳᠡᠭᠡᠭᠰᠢᠯᠡᠭᠦᠯᠬᠦ ᠵᠢ ᠬᠥᠲᠥᠯᠥᠨ ᠵᠢᠯᠣᠭᠣᠳᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠤᠷᠭ᠋ᠠᠨ ᠬᠥᠮᠦᠵᠢᠯ᠎ᠤᠨ ᠲᠢᠩᠬᠢᠮ)
      (ᠭᠤᠷᠪᠠ) ᠨᠡᠶ᠋ᠢᠭᠡᠮ᠎ᠤᠨ᠎ᠬᠢᠨ᠎ᠢ ᠬᠥᠲᠥᠯᠥᠨ ᠵᠢᠯᠣᠭᠣᠳᠴᠤ ᠦᠢ᠍ᠯᠡᠴᠢᠯᠡᠭᠡ᠎ᠪᠠᠷ ᠬᠥᠮᠦᠨ

      ᠬᠥᠮᠦᠵᠢᠭᠦᠯᠬᠦ ᠵᠢ ᠪᠦᠲᠦᠮᠵᠢᠲᠡᠢ ᠳᠡᠮᠵᠢᠨ᠎ᠡ
      9. ᠨᠡᠶ᠋ᠢᠭᠡᠮ ᠪᠠ ᠭᠡᠷ᠎ᠤᠨ ᠬᠥᠮᠦᠵᠢᠯ᠎ᠤᠨ ᠦᠢ᠍ᠯᠡᠴᠢᠯᠡᠭᠡᠨ᠎ᠤ ᠳᠣᠭᠲᠠᠯᠴᠠᠭ᠎ᠠ ᠵᠢ           ᠲᠡᠭᠦᠯᠳᠡᠷᠵᠢᠭᠦᠯᠦᠨ᠎ᠡ᠃ ᠭᠡᠷ᠎ᠤᠨ ᠬᠥᠮᠦᠵᠢᠯ᠎ᠤᠨ ᠵᠢᠯᠣᠭᠣᠳᠣᠯᠭ᠎ᠠ ᠵᠢ ᠬᠣᠲᠠ ᠬᠥᠳᠡᠭᠡ ᠨᠡᠶ᠋ᠢᠭᠡᠮ ᠲᠣᠭᠣᠷᠢᠭ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠬᠤᠯᠠ ᠠᠭᠤᠯᠭ᠎ᠠ ᠪᠣᠯᠭ᠋ᠠᠵᠤ᠂ ᠲᠦᠭᠡᠮᠡᠯ ᠬᠠᠷᠠᠭ᠋ᠠᠯᠵᠠᠯᠲᠤ ᠭᠡᠷ᠎ᠤᠨ ᠬᠥᠮᠦᠵᠢᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠳᠣᠭᠲᠠᠯᠴᠠᠭ᠎ᠠ  ᠵᠢ ᠢᠳᠡᠪᠬᠢᠲᠡᠢ ᠪᠠᠶ᠋ᠢᠭᠤᠯᠤᠨ᠎ᠠ᠃ ᠰᠠᠭᠤᠭ᠋ᠠᠯᠢ ᠠᠷᠠᠳ (ᠲᠣᠰᠬᠣᠨ)᠎ᠤᠨ ᠵᠥᠪᠯᠡᠯ᠎ᠨᠢ ᠬᠣᠲᠠ ᠬᠥᠳᠡᠭᠡ ᠵᠢᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠪᠣᠯᠪᠠᠰᠤᠨ᠎ᠢ ᠦᠢ᠍ᠯᠡᠳᠦᠯᠭᠡᠵᠢᠭᠦᠯᠬᠦ ᠥᠷᠲᠡᠭᠡ᠂ ᠡᠮᠡᠭᠲᠡᠶ᠋ᠢᠴᠦᠳ ᠬᠡᠦᠬᠡᠳ᠎ᠤᠨ ᠭᠡᠷ ᠣᠷᠣᠨ᠎ᠳᠤ ᠲᠦᠰᠢᠭᠯᠡᠨ ᠭᠡᠷ᠎ᠤᠨ ᠠᠬᠠᠮᠠᠳ᠎ᠤᠨ ᠰᠤᠷᠭ᠋ᠠᠭᠤᠯᠢ ᠪᠤᠶᠤ ᠭᠡᠷ᠎ᠤᠨ ᠬᠥᠮᠦᠵᠢᠯ᠎ᠢ ᠵᠢᠯᠣᠭᠣᠳᠬᠤ ᠦᠢ᠍ᠯᠡᠴᠢᠯᠡᠭᠡᠨ᠎ᠤ ᠥᠷᠲᠡᠭᠡ ᠴᠡᠭ᠎ᠢ ᠨᠡᠶ᠋ᠢᠳᠡᠮ ᠪᠠᠶ᠋ᠢᠭᠤᠯᠵᠤ᠂ ᠲᠤᠰᠬᠠᠢ ᠪᠠ ᠲᠤᠰᠢᠶᠠᠯ ᠬᠠᠪᠰᠤᠷᠭ᠋ᠠᠬᠤ ᠵᠢ ᠤᠶᠠᠯᠳᠤᠭᠤᠯᠤᠭᠰᠠᠨ ᠲᠤᠰᠬᠠᠢ ᠮᠡᠷᠭᠡᠵᠢᠯ᠎ᠤᠨ ᠵᠢᠯᠣᠭᠣᠳᠬᠤ ᠠᠵᠢᠯᠲᠠᠨ᠎ᠢ ᠢᠳᠡᠪᠬᠢᠲᠡᠢ ᠲᠣᠬᠢᠷᠠᠭᠤᠯᠤᠨ᠂ ᠵᠢᠯ ᠪᠦᠷᠢ 4 ᠤᠳᠠᠭ᠎ᠠ᠎ᠠᠴᠠ ᠳᠡᠭᠡᠭᠰᠢ ᠲᠦᠭᠡᠮᠡᠯ ᠬᠠᠷᠠᠭ᠋ᠠᠯᠵᠠᠯᠲᠤ ᠭᠡᠷ᠎ᠤᠨ ᠬᠥᠮᠦᠵᠢᠯ᠎ᠢ ᠵᠢᠯᠣᠭᠣᠳᠬᠤ ᠦᠢ᠍ᠯᠡᠴᠢᠯᠡᠭᠡᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠭᠡᠷ᠎ᠲᠤ᠎ᠪᠠᠨ ᠦᠯᠡᠳᠡᠭᠰᠡᠨ ᠬᠡᠦᠬᠡᠳ᠂ ᠵᠡᠮᠳᠡᠭ ᠬᠡᠦᠬᠡᠳ ᠪᠠ ᠣᠨᠴᠠᠭ᠋ᠠᠢ ᠭᠡᠷ ᠪᠦᠯᠢ ᠵᠢᠨ ᠬᠡᠦᠬᠡᠳ ᠎ᠲᠤ ᠭᠣᠣᠯᠳᠠᠯᠭ᠎ᠠ᠎ᠲᠠᠢ ᠠᠩᠬᠠᠷᠤᠯ ᠵᠶ᠋ᠠᠨ ᠬᠠᠨᠳᠤᠭᠤᠯᠤᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠤᠷᠭ᠋ᠠᠨ ᠬᠥᠮᠦᠵᠢᠯ᠎ᠤᠨ ᠲᠢᠩᠬᠢᠮ᠂ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠵᠥᠪᠯᠡᠯ)
      10. ᠨᠡᠶ᠋ᠢᠭᠡᠮ ᠪᠠ ᠭᠡᠷ᠎ᠤᠨ ᠬᠥᠮᠦᠵᠢᠯ᠎ᠢ ᠵᠢᠯᠣᠭᠣᠳᠬᠤ ᠦᠢ᠍ᠯᠡᠴᠢᠯᠡᠭᠡ ᠵᠢ ᠪᠠᠶᠠᠯᠢᠭᠵᠢᠭᠤᠯᠤᠨ᠎ᠠ᠃ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠢ᠌ᠷᠢ ᠲᠠᠯᠠᠪᠤᠷ᠎ᠢ ᠨᠢᠭᠡᠳᠦᠯᠲᠡᠢ ᠲᠥᠯᠥᠪᠯᠡᠨ ᠠᠰᠢᠭᠯᠠᠵᠤ᠂ ᠭᠡᠷ᠎ᠤᠨ ᠬᠥᠮᠦᠵᠢᠯ᠎ᠤᠨ ᠵᠢᠯᠣᠭᠣᠳᠣᠯᠭ᠎ᠠ ᠥᠷᠨᠢᠭᠦᠯᠬᠦ᠂ ᠤᠷᠤᠭ (ᠡᠷᠭᠦᠨ ᠲᠡᠵᠢᠭᠡᠬᠦ) ᠳᠠᠩᠰᠠᠯᠠᠬᠤ ᠪᠠᠶ᠋ᠢᠭᠤᠯᠤᠮᠵᠢ ᠵᠢᠨ ᠠᠬᠤᠢ ᠲᠠᠯᠠᠪᠠᠢ᠎ᠳᠤ ᠵᠦᠪᠯᠡᠯᠭᠡ ᠥᠭᠴᠦ ᠬᠠᠪᠰᠤᠷᠤᠨ ᠵᠢᠯᠣᠭᠣᠳᠬᠤ᠂ ᠤᠬᠠᠭᠤᠯᠭ᠎ᠠ ᠬᠥᠮᠦᠵᠢᠯ᠎ᠤᠨ ᠹᠢᠯᠢᠮ ᠨᠡᠪᠲᠡᠷᠡᠭᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠤᠷᠤᠭ ᠭᠡᠷ ᠪᠦᠯᠢ ᠵᠢᠨ ᠬᠠᠷᠢᠭᠤᠴᠠᠯᠭ᠎ᠠ ᠪᠠ ᠡᠭᠦᠷᠭᠡ ᠵᠢ ᠴᠢᠩᠭ᠋ᠠᠷᠠᠭᠤᠯᠵᠤ᠂ ᠭᠡᠷ᠎ᠤᠨ ᠬᠥᠮᠦᠵᠢᠯ᠎ᠤᠨ ᠵᠢᠯᠣᠭᠣᠳᠣᠯᠭ᠎ᠠ ᠬᠠᠩᠭ᠋ᠠᠨ᠎ᠠ᠃ ᠨᠣᠮ᠎ᠤᠨ ᠰᠠᠩ᠂ ᠮᠦᠽᠧᠢ᠂ ᠰᠣᠶᠣᠯ᠎ᠤᠨ ᠣᠷᠳᠣᠨ᠂ ᠳᠤᠷᠠᠰᠬᠠᠯ᠎ᠤᠨ ᠣᠷᠳᠣᠨ᠂ ᠤᠷᠠᠨ ᠵᠢᠷᠤᠭ᠎ᠤᠨ ᠣᠷᠳᠣᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠂ ᠪᠡᠶ᠎ᠡ ᠵᠢᠨ ᠲᠠᠮᠢᠷ᠎ᠤᠨ ᠣᠷᠳᠣᠨ᠂ ᠡᠮᠡᠭᠲᠡᠶ᠋ᠢᠴᠦᠳ ᠬᠡᠦᠬᠡᠳ᠎ᠤᠨ ᠠᠵᠢᠯᠯᠠᠭ᠋ᠠᠨ᠎ᠤ ᠲᠥᠪ᠂ ᠵᠠᠯᠠᠭᠤᠴᠤᠳ ᠪᠠᠭ᠋ᠠᠴᠤᠳ᠎ᠤᠨ ᠣᠷᠳᠣᠨ ᠵᠡᠷᠭᠡ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠨᠡᠶ᠋ᠢᠭᠡᠮ᠎ᠤᠨ ᠠᠵᠢᠯᠯᠠᠭ᠎ᠠ᠎ᠲᠠᠢ ᠤᠶᠠᠯᠳᠤᠭᠤᠯᠤᠨ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠭᠡᠷ᠎ᠤᠨ ᠬᠥᠮᠦᠵᠢᠯ᠎ᠤᠨ ᠤᠬᠠᠭᠤᠯᠭ᠎ᠠ᠂ ᠵᠢᠯᠣᠭᠣᠳᠬᠤ ᠦᠢ᠍ᠯᠡᠴᠢᠯᠡᠭᠡ ᠪᠠ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠣᠯᠠᠨ ᠶᠡᠩᠵᠦᠴᠢᠯᠠᠭᠰᠡᠨ᠂ ᠴᠢᠨᠠᠷᠯᠢᠭ ᠭᠡᠷ᠎ᠤᠨ ᠬᠥᠮᠦᠵᠢᠯ᠎ᠤᠨ ᠲᠥᠷᠥᠯ᠎ᠤᠨ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠦᠢ᠍ᠯᠡᠳᠬᠦᠨ᠎ᠢ ᠨᠡᠭᠡᠭᠡᠨ ᠬᠥᠭᠵᠢᠭᠦᠯᠦᠨ᠎ᠡ᠃ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠬᠤᠪᠢ ᠬᠥᠮᠦᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠭᠡᠷ᠎ᠤᠨ ᠬᠥᠮᠦᠵᠢᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠬᠠᠤᠯᠢ ᠶᠣᠰᠣᠭ᠋ᠠᠷ ᠥᠷᠨᠢᠭᠦᠯᠬᠦ ᠵᠢ ᠵᠣᠷᠢᠭᠵᠢᠭᠤᠯᠤᠨ ᠳᠡᠮᠵᠢᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ)
      11. ᠨᠡᠶ᠋ᠢᠭᠡᠮ᠎ᠤᠨ ᠬᠥᠮᠦᠨ ᠬᠥᠮᠦᠵᠢᠭᠦᠯᠬᠦ ᠡᠬᠢ ᠪᠠᠶᠠᠯᠢᠭ᠎ᠤᠨ ᠬᠠᠩᠭ᠋ᠠᠯᠭ᠎ᠠ ᠵᠢ ᠥᠷᠭᠡᠳᠭᠡᠨ᠎ᠡ᠃ ᠨᠡᠶ᠋ᠢᠭᠡᠮ ᠲᠣᠭᠣᠷᠢᠭ᠎ᠤᠨ᠎ᠬᠢᠨ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠲᠤ ᠬᠠᠨᠳᠤᠭᠤᠯᠤᠨ ᠬᠢᠴᠢᠶᠡᠯ᠎ᠤᠨ ᠭᠠᠳᠠᠨᠠᠬᠢ ᠡᠯ᠎ᠡ ᠵᠦᠢ᠍ᠯ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠰᠤᠷᠤᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠠᠬᠢᠭᠤᠯᠤᠨ᠂ ᠨᠡᠶ᠋ᠢᠭᠡᠮ᠎ᠤᠨ ᠬᠠᠷᠢᠭᠤᠴᠠᠯᠭ᠋ᠠᠲᠤ ᠰᠡᠳᠬᠢᠯᠭᠡ ᠵᠢ ᠳᠡᠭᠡᠭᠰᠢᠯᠡᠭᠦᠯᠦᠨ᠎ᠡ᠃ ᠡᠯ᠎ᠡ ᠲᠥᠷᠥᠯ᠎ᠤᠨ ᠡᠬᠡ ᠣᠷᠣᠨᠴᠢ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ᠂ ᠬᠠᠤᠯᠢ᠎ᠪᠠᠷ ᠵᠠᠰᠠᠬᠤ ᠬᠥᠮᠦᠵᠢᠯ᠎ᠤᠨ ᠰᠠᠭᠤᠷᠢᠨ ᠭᠠᠵᠠᠷ᠂ ᠦᠢ᠍ᠯᠡᠳᠦᠯᠭᠡ ᠵᠢ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠎ᠤᠨ ᠰᠠᠭᠤᠷᠢᠨ ᠭᠠᠵᠠᠷ ᠪᠣᠯᠤᠨ ᠨᠣᠮ᠎ᠤᠨ ᠰᠠᠩ᠂ ᠮᠦᠽᠧᠢ᠂ ᠰᠣᠶᠣᠯ᠎ᠤᠨ ᠣᠷᠳᠣᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠷᠳᠣᠨ᠂ ᠤᠷᠠᠨ ᠵᠢᠷᠤᠭ᠎ᠤᠨ ᠣᠷᠳᠣᠨ᠂ ᠳᠤᠷᠠᠰᠬᠠᠯ᠎ᠤᠨ ᠣᠷᠳᠣᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠂ ᠲᠣᠭᠯᠠᠯᠲᠠ ᠵᠢᠨ ᠣᠷᠳᠣᠨ᠂ ᠪᠡᠶ᠎ᠡ ᠵᠢᠨ ᠲᠠᠮᠢᠷ᠎ᠤᠨ ᠣᠷᠳᠣᠨ᠂ ᠤᠯᠤᠰ᠎ᠤᠨ ᠴᠡᠴᠡᠷᠯᠢᠭ᠂ ᠵᠠᠯᠠᠭᠤᠴᠤᠳ ᠪᠠᠭ᠋ᠠᠴᠤᠳ᠎ᠤᠨ ᠣᠷᠳᠣᠨ᠂ ᠬᠡᠦᠬᠡᠳ᠎ᠤᠨ ᠠᠵᠢᠯᠯᠠᠭ᠋ᠠᠨ᠎ᠤ ᠲᠥᠪ ᠵᠡᠷᠭᠡ᠎ᠨᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠵᠢᠴᠢ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠲᠤ ᠬᠠᠨᠳᠤᠭᠤᠯᠤᠨ ᠰᠦᠢ᠍ᠳᠬᠡᠯ ᠬᠤᠷᠢᠶᠠᠬᠤ ᠦᠭᠡᠢ ᠪᠤᠶᠤ ᠬᠠᠷᠠᠭ᠋ᠠᠯᠵᠠᠯ᠎ᠲᠠᠢ ᠨᠡᠭᠡᠭᠡᠨ᠎ᠡ᠃ ᠤᠬᠠᠭᠤᠯᠭ᠎ᠠ ᠬᠥᠮᠦᠵᠢᠯ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠂ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ᠂ ᠳᠤᠷ᠎ᠠ ᠰᠣᠨᠢᠷᠬᠠᠯ ᠎ᠢ ᠬᠥᠮᠦᠵᠢᠭᠦᠯᠬᠦ ᠪᠠ ᠦᠢ᠍ᠯᠡᠳᠦᠯᠭᠡ ᠵᠢ ᠪᠡᠶᠡᠴᠢᠯᠡᠨ ᠣᠶ᠋ᠢᠯᠠᠭ᠋ᠠᠬᠤ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠬᠦ ᠵᠢᠨ ᠬᠠᠮᠲᠤ ᠰᠠᠭ᠋ᠠᠳ ᠦᠭᠡᠢ ᠨᠡᠪᠲᠡᠷᠡᠬᠦ ᠵᠠᠮ᠂ ᠡᠯ᠎ᠡ ᠪᠠᠢ᠌ᠷᠢ ᠲᠠᠯᠠᠪᠤᠷ ᠎ᠢ ᠰᠦᠯᠵᠢᠶᠡᠨ᠎ᠳᠤ ᠪᠣᠯᠵᠤᠨ ᠨᠡᠪᠲᠡᠷᠡᠬᠦ ᠵᠠᠮ᠂ ᠨᠡᠭᠡᠭᠡᠯᠲᠡᠲᠦ ᠡᠳᠦᠷ ᠪᠠᠢ᠌ᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠡᠶ᠋ᠢᠭᠡᠮ᠎ᠤᠨ ᠬᠥᠮᠦᠨ ᠬᠥᠮᠦᠵᠢᠭᠦᠯᠬᠦ᠎ᠳᠤ ᠳᠥᠭᠥᠮ ᠦᠵᠡᠭᠦᠯᠬᠦ ᠡᠬᠢ ᠪᠠᠶᠠᠯᠢᠭ᠎ᠢ ᠬᠠᠩᠭ᠋ᠠᠨ᠎ᠠ᠃ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ ᠎ᠤᠨ ᠪᠦᠯᠬᠦᠮ ᠵᠡᠷᠭᠡ᠎ᠨᠢ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠲᠥᠷᠥᠯ ᠵᠦᠢ᠍ᠯ ᠪᠣᠯᠤᠨ ᠠᠵᠢᠯᠯᠠᠭ᠎ᠠ  ᠵᠢ ᠥᠷᠨᠢᠭᠦᠯᠵᠦ᠂ ᠰᠤᠷᠤᠭᠴᠢᠳ᠎ᠲᠤ ᠦᠢ᠍ᠯᠡᠳᠦᠯᠭᠡᠵᠢᠭᠦᠯᠬᠦ᠂ ᠪᠣᠯᠪᠠᠰᠤᠷᠠᠬᠤ ᠲᠣᠬᠢᠶᠠᠯ ᠬᠠᠩᠭ᠋ᠠᠨ᠎ᠠ᠃ 《ᠡᠷᠬᠢᠮᠰᠦᠭ ᠤᠷᠠᠯᠢᠭ᠎ᠢ ᠰᠤᠷᠭ᠋ᠠᠭᠤᠯᠢ ᠵᠢᠨ ᠬᠦᠷᠢᠶᠡᠨ᠎ᠳᠤ           ᠣᠷᠣᠭᠤᠯᠬᠤ》᠂ 《ᠰᠢ ᠵᠦᠴᠦᠭᠡ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》᠂ 《ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》 ᠵᠡᠷᠭᠡ ᠠᠵᠢᠯ᠎ᠢ ᠦᠷᠭᠦᠯᠵᠢᠯᠡᠨ ᠠᠬᠢᠭᠤᠯᠵᠤ᠂ ᠰᠤᠷᠤᠭᠴᠢᠳ᠎ᠤᠨ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠨ᠎ᠠ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ)
      12. ᠨᠡᠶ᠋ᠢᠭᠡᠮ᠎ᠤᠨ ᠬᠥᠮᠦᠨ ᠬᠥᠮᠦᠵᠢᠭᠦᠯᠬᠦ ᠣᠷᠴᠢᠨ᠎ᠢ ᠦᠷᠭᠦᠯᠵᠢᠯᠡᠨ ᠴᠡᠪᠡᠷᠰᠢᠭᠦᠯᠦᠨ᠎ᠡ᠃ ᠬᠡᠦᠬᠡᠳ᠎ᠤᠨ ᠨᠣᠮ ᠪᠢᠴᠢᠭ᠂ ᠳᠠᠭᠤ ᠳᠦᠷᠰᠦ ᠰᠢᠩᠭᠡᠭᠡᠯᠲᠡ ᠵᠡᠷᠭᠡ ᠬᠡᠪᠯᠡᠭᠳᠡᠬᠦᠨ᠎ᠢ ᠢᠯᠭ᠋ᠠᠷᠠᠭᠤᠯᠤᠨ ᠴᠡᠭᠴᠡᠯᠡᠬᠦ ᠵᠢ ᠭᠦᠨᠵᠡᠭᠡᠢ ᠥᠷᠨᠢᠭᠦᠯᠵᠦ᠂ ᠰᠦᠯᠵᠢᠶᠡᠨ᠎ᠤ ᠶᠡᠷᠦᠩᠬᠡᠶ᠋ᠢᠯᠡᠨ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠦᠨ᠂ ᠰᠦᠯᠵᠢᠶᠡᠨ᠎ᠤ ᠬᠣᠣᠷ ᠬᠥᠨᠥᠭᠡᠯ᠎ᠲᠠᠢ ᠮᠡᠳᠡᠭᠡ ᠵᠠᠩᠭᠢ᠂ ᠰᠦᠯᠵᠢᠶᠡᠨ᠎ᠤ ᠲᠣᠭᠯᠠᠭ᠋ᠠᠮ᠎ᠳᠤ ᠰᠢᠨᠤᠬᠤ᠂ ᠡᠷᠡᠭᠦᠯ ᠪᠤᠰᠤ ᠰᠦᠯᠵᠢᠶᠡᠨ᠎ᠤ ᠦᠢ᠍ᠯᠡ ᠠᠵᠢᠯᠯᠠᠭ᠎ᠠ ᠵᠢ ᠵᠠᠰᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠠᠤᠯᠢ ᠳᠦᠷᠢᠮ᠎ᠠᠴᠠ ᠵᠥᠷᠢᠴᠡᠭᠰᠡᠨ ᠰᠦᠯᠵᠢᠶᠡᠨ ᠎ᠤ ᠲᠠᠪᠴᠠᠩ᠎ᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠬᠠᠷᠢᠶ᠎ᠠ ᠭᠠᠵᠠᠷ᠎ᠤᠨ ᠰᠦᠯᠵᠢᠶᠡᠨ ᠥᠷᠲᠡᠭᠡ ᠵᠢ ᠰᠢᠪᠠᠳᠠᠭᠤᠯᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠵᠠᠯᠠᠭᠤᠴᠤᠳ ᠪᠠᠭ᠋ᠠᠴᠤᠳ᠎ᠤᠨ ᠡᠷᠡᠭᠦᠯ ᠵᠶ᠋ᠠᠷ ᠥᠰᠦᠨ ᠪᠣᠶ᠋ᠢᠵᠢᠬᠤ᠎ᠳᠤ ᠠᠰᠢᠭᠲᠠᠢ ᠪᠥᠭᠡᠳ ᠴᠢᠭᠡᠴᠢ ᠨᠡᠶ᠋ᠢᠭᠡᠮ᠎ᠤᠨ ᠰᠣᠶᠣᠯ ᠵᠢᠴᠢ ᠰᠠᠶ᠋ᠢᠨ ᠰᠠᠶ᠋ᠢᠬᠠᠨ ᠰᠦᠯᠵᠢᠶᠡᠨ᠎ᠤ ᠠᠮᠢ ᠠᠬᠤᠢ ᠵᠢ ᠬᠦᠴᠦᠯᠡᠨ ᠪᠤᠢ ᠪᠣᠯᠭ᠋ᠠᠨ᠎ᠠ᠃ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠠᠵᠢᠯ᠎ᠤᠨ ᠲᠢᠩᠬᠢᠮ᠎ᠤᠨ ᠬᠣᠭᠣᠷᠣᠨᠳᠣᠬᠢ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠦᠭᠰᠢᠭᠦᠷᠢ ᠵᠢᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ ᠵᠢ ᠬᠠᠮᠲᠤᠷᠠᠨ ᠥᠷᠨᠢᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠡᠷᠭᠢᠨ ᠲᠣᠭᠣᠷᠢᠨ᠎ᠤ ᠵᠠᠰᠠᠯᠲᠠ ᠵᠢ ᠴᠢᠩᠭ᠋ᠠᠳᠬᠠᠨ᠂ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠷᠠᠭᠤᠯᠵᠤ᠂ ᠰᠤᠷᠭ᠋ᠠᠭᠤᠯᠢ ᠵᠢᠨ ᠡᠷᠭᠢᠨ ᠲᠣᠭᠣᠷᠢᠨ᠎ᠳᠤ ᠨᠠᠰᠤᠨ᠎ᠳᠤ ᠦᠯᠦ ᠬᠦᠷᠦᠭᠰᠡᠳ᠎ᠲᠤ ᠦᠯᠦ ᠲᠣᠬᠢᠷᠠᠬᠤ ᠠᠵᠢᠯᠯᠠᠭ᠋ᠠᠨ᠎ᠤ ᠪᠠᠢ᠌ᠷᠢ ᠲᠠᠯᠠᠪᠤᠷ ᠭᠠᠷᠭ᠋ᠠᠵᠤ ᠪᠣᠯᠬᠤ ᠦᠭᠡᠢ᠃ ᠡᠯ᠎ᠡ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠵᠠᠰᠠᠯᠲᠠ ᠵᠢ ᠭᠦᠨᠵᠡᠭᠡᠶ᠋ᠢᠷᠡᠭᠦᠯᠵᠦ᠂ ᠣᠯᠠᠨ ᠰᠠᠯᠠᠭ᠎ᠠ ᠮᠥᠴᠢᠷ ᠬᠠᠮᠲᠤᠷᠠᠨ ᠶᠡᠷᠦᠩᠬᠡᠶ᠋ᠢᠯᠡᠨ ᠬᠠᠤᠯᠢ ᠬᠡᠷᠡᠭᠵᠢᠭᠦᠯᠬᠦ ᠵᠢ ᠠᠬᠢᠭᠤᠯᠤᠨ᠂ ᠬᠢᠴᠢᠶᠡᠯ ᠲᠥᠷᠥᠯ᠎ᠤᠨ ᠬᠡᠯᠪᠡᠷᠢ᠎ᠪᠠᠨ ᠥᠭᠡᠷᠡᠲᠦᠭᠦᠯᠦᠭᠰᠡᠨ ᠪᠣᠯᠪᠠᠰᠤᠷᠠᠯ᠎ᠢ ᠵᠠᠰᠠᠬᠤ ᠡᠷᠴᠢᠮ           ᠵᠶ᠋ᠠᠨ ᠴᠢᠩᠭ᠋ᠠᠷᠠᠭᠤᠯᠵᠤ᠂ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠵᠠᠯᠬᠠᠭ᠋ᠠᠨ           ᠰᠢᠢ᠍ᠳᠬᠡᠨ᠎ᠡ᠃ (ᠬᠠᠷᠢᠭᠤᠴᠠᠯᠭ᠋ᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ)
      (ᠳᠥᠷᠪᠡ) ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠬᠠᠮ

      ᠬᠦᠴᠦᠨ ᠎ᠢ ᠴᠢᠩᠭ᠋ᠠᠷᠠᠭᠤᠯᠤᠨ᠎ᠠ
      13. ᠬᠠᠮᠵᠢᠯᠴᠠᠨ ᠬᠥᠮᠦᠨ ᠬᠥᠮᠦᠵᠢᠭᠦᠯᠬᠦ ᠲᠤᠷᠰᠢᠯᠲᠠ ᠵᠢᠨ ᠣᠷᠣᠨ᠎ᠤ ᠪᠠᠶ᠋ᠢᠭᠤᠯᠤᠯᠲᠠ  ᠵᠢ           ᠠᠬᠢᠭᠤᠯᠤᠨ᠎ᠠ᠃ ᠠᠶ᠋ᠢᠮᠠᠭ ᠬᠣᠲᠠ ᠵᠢ ᠵᠢᠯᠣᠭᠣᠳᠤᠨ ᠪᠦᠬᠦ ᠤᠯᠤᠰ᠎ᠤᠨ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠤᠷᠰᠢᠯᠲᠠ ᠵᠢᠨ ᠣᠷᠣᠨ᠎ᠤ ᠠᠵᠢᠯ᠎ᠢ ᠵᠣᠬᠢᠶᠠᠨ ᠪᠠᠢ᠌ᠭᠤᠯᠬᠤ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠣᠯᠤᠨ ᠵᠠᠷᠤᠳᠠᠯ᠎ᠤᠨ ᠪᠡᠯᠡ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠨᠥᠬᠥᠴᠡᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃ ᠡᠯ᠎ᠡ ᠲᠤᠷᠰᠢᠯᠲᠠ ᠵᠢᠨ ᠣᠷᠣᠨ᠎ᠨᠢ ᠲᠤᠷᠰᠢᠯᠲᠠ ᠵᠢᠨ ᠠᠭᠤᠯᠭ᠎ᠠ ᠪᠠ ᠠᠵᠢᠯ᠎ᠤᠨ ᠲᠣᠬᠢᠷᠠᠭᠤᠯᠤᠯᠲᠠ᠎ᠪᠠᠨ ᠲᠣᠳᠣᠷᠬᠠᠶ᠋ᠢᠯᠠᠵᠤ᠂ ᠲᠤᠬᠠᠢ ᠵᠢᠨ ᠭᠠᠵᠠᠷ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠦᠨᠡᠨ ᠬᠦ᠌ ᠬᠡᠷᠡᠭᠵᠢᠭᠦᠯᠵᠦ ᠪᠣᠯᠬᠤᠶ᠋ᠢᠴᠠ ᠬᠠᠷᠠᠯᠲᠠ ᠪᠠ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠡᠷᠴᠢᠮ ᠵᠶ᠋ᠠᠨ ᠴᠢᠩᠭ᠋ᠠᠷᠠᠭᠤᠯᠤᠨ᠂ ᠬᠠᠮᠵᠢᠯᠴᠠᠨ ᠬᠥᠮᠦᠨ ᠬᠥᠮᠦᠵᠢᠭᠦᠯᠬᠦ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠪᠠᠶ᠋ᠢᠭᠤᠯᠤᠯ ᠲᠣᠭᠲᠠᠴᠠ ᠵᠢ ᠰᠦᠪᠡᠭᠴᠢᠯᠡᠵᠦ᠂ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠰᠢᠢ᠍ᠳᠪᠦᠷᠢᠯᠡᠨ᠂ ᠬᠠᠮᠵᠢᠯᠴᠠᠨ ᠬᠥᠮᠦᠨ ᠬᠥᠮᠦᠵᠢᠭᠦᠯᠬᠦ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠭ᠋ᠠᠬᠤ᠎ᠪᠠᠷ ᠴᠢᠷᠮᠠᠶ᠋ᠢᠵᠤ᠂ ᠲᠡᠷᠢᠭᠦᠨ᠎ᠤ ᠨᠡᠶ᠋ᠢᠲᠡᠯᠢᠭ ᠲᠤᠷᠰᠢᠯᠭ᠎ᠠ ᠵᠢ ᠭᠦᠢ᠍ᠴᠡᠳ ᠪᠣᠶ᠋ᠢᠵᠢᠭᠤᠯᠤᠨ᠂ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠦᠨᠡᠨ ᠬᠦ᠌  ᠪᠠᠳᠠᠷᠠᠭᠤᠯᠤᠨ᠂ ᠲᠤᠷᠰᠢᠯᠲᠠ ᠵᠢᠨ ᠣᠷᠣᠨ᠎ᠳᠤ ᠬᠠᠮᠵᠢᠯᠴᠠᠨ ᠬᠥᠮᠦᠨ ᠬᠥᠮᠦᠵᠢᠭᠦᠯᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠂ ᠪᠣᠳᠠᠲᠠᠢ ᠦᠷ᠎ᠡ ᠪᠦᠲᠦᠮᠵᠢ ᠪᠠ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠳᠡᠯᠭᠡᠷᠡᠭᠦᠯᠦᠨ ᠤᠬᠠᠭᠤᠯᠵᠤ᠂ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠰᠢᠨ᠎ᠡ ᠪᠠᠢ᠌ᠷᠢᠰᠢᠯᠠᠭᠤᠯᠤᠯᠲᠠ ᠵᠢ ᠲᠦᠷᠭᠡᠳᠬᠡᠨ ᠪᠠᠢ᠌ᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ)
      14. ᠭᠡᠷ᠎ᠤᠨ ᠬᠥᠮᠦᠵᠢᠯ᠎ᠢ ᠵᠢᠯᠣᠭᠣᠳᠬᠤ ᠲᠤᠰᠬᠠᠢ ᠮᠡᠷᠭᠡᠵᠢᠯ᠎ᠤᠨ ᠲᠤᠯᠭ᠋ᠠᠭᠤᠷᠢᠯᠠᠯ᠎ᠢ           ᠴᠢᠩᠭ᠋ᠠᠷᠠᠭᠤᠯᠤᠨ᠎ᠠ᠃ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠪᠠᠶ᠋ᠢᠭᠤᠯᠤᠮᠵᠢ᠂ ᠲᠤᠰᠬᠠᠢ ᠮᠡᠷᠭᠡᠵᠢᠯ᠎ᠤᠨ ᠪᠦᠯᠬᠦᠮ ᠨᠡᠶ᠋ᠢᠲᠡ ᠵᠢ ᠵᠣᠷᠢᠭᠵᠢᠭᠤᠯᠤᠨ ᠳᠠᠮᠵᠢᠵᠤ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠣᠨᠣᠯ ᠪᠠ ᠦᠢ᠍ᠯᠡᠳᠦᠯᠭᠡ ᠵᠢᠨ ᠰᠣᠳᠤᠯᠭ᠋ᠠᠨ᠎ᠢ ᠥᠷᠨᠢᠭᠦᠯᠵᠦ᠂ ᠣᠨᠣᠯ᠎ᠤᠨ ᠪᠠᠶ᠋ᠢᠭᠤᠯᠤᠯᠲᠠ ᠪᠠ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠨ᠂ ᠭᠡᠷ᠎ᠤᠨ ᠬᠥᠮᠦᠵᠢᠯ᠎ᠢ ᠵᠢᠯᠣᠭᠣᠳᠬᠤ ᠲᠤᠰᠬᠠᠢ ᠮᠡᠷᠭᠡᠵᠢᠯᠲᠡᠨ᠎ᠤ ᠡᠩᠨᠡᠭᠡᠨ᠎ᠤ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ 《ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠭᠡᠷ᠎ᠤᠨ ᠬᠥᠮᠦᠵᠢᠯ᠎ᠤᠨ ᠬᠢᠴᠢᠶᠡᠯ᠎ᠤᠨ ᠵᠢᠯᠣᠭᠣᠳᠬᠤ ᠲᠣᠪᠴᠢ》 ᠭᠡᠬᠦ ᠤᠩᠰᠢᠬᠤ ᠪᠢᠴᠢᠭ᠎ᠢ ᠨᠠᠶ᠋ᠢᠷᠠᠭᠤᠯᠤᠨ ᠳᠠᠷᠤᠮᠠᠯᠯᠠᠵᠤ᠂ ᠭᠡᠷ᠎ᠤᠨ ᠬᠥᠮᠦᠵᠢᠯ᠎ᠢ ᠵᠢᠯᠣᠭᠣᠳᠬᠤ ᠬᠢᠴᠢᠶᠡᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠥᠷᠨᠢᠭᠦᠯᠦᠨ᠎ᠡ᠃ ᠪᠠᠭᠰᠢ ᠵᠢᠨ ᠰᠤᠷᠭ᠋ᠠᠭᠤᠯᠢ ᠵᠢᠨ ᠰᠤᠷᠤᠭᠴᠢ ᠵᠢ ᠬᠥᠮᠦᠵᠢᠭᠦᠯᠬᠦ ᠬᠢᠴᠢᠶᠡᠯ᠎ᠤᠨ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠭᠡᠷ᠎ᠤᠨ ᠬᠥᠮᠦᠵᠢᠯ ᠎ᠢ ᠵᠢᠯᠣᠭᠣᠳᠬᠤ ᠵᠢ ᠪᠠᠭᠰᠢ ᠵᠢᠨ ᠰᠤᠷᠭ᠋ᠠᠭᠤᠯᠢ ᠵᠢᠨ ᠰᠤᠷᠤᠭᠴᠢ ᠵᠢ ᠬᠥᠮᠦᠵᠢᠭᠦᠯᠬᠦ ᠪᠠ ᠪᠠᠭᠰᠢ ᠵᠢᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠴᠢᠬᠤᠯᠠ ᠠᠭᠤᠯᠭ᠎ᠠ᠎ᠳᠤ ᠣᠷᠣᠭᠤᠯᠵᠤ᠂ ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠭᠡᠷ᠎ᠤᠨ ᠬᠥᠮᠦᠵᠢᠯ᠎ᠢ ᠵᠢᠯᠣᠭᠣᠳᠬᠤ ᠦᠢ᠍ᠯᠡᠴᠢᠯᠡᠭᠡᠨ᠎ᠤ ᠥᠷᠲᠡᠭᠡᠨ᠎ᠤ ᠠᠵᠢᠯᠲᠠᠨ᠎ᠤ ᠪᠣᠯᠪᠠᠰᠤᠷᠠᠯ᠎ᠢ ᠴᠢᠩᠭ᠋ᠠᠳᠬᠠᠨ᠂ ᠪᠠᠭᠰᠢ ᠪᠣᠯᠤᠨ ᠨᠡᠶ᠋ᠢᠭᠡᠮ ᠲᠣᠭᠣᠷᠢᠭ᠎ᠤᠨ ᠭᠡᠷ᠎ᠤᠨ ᠬᠥᠮᠦᠵᠢᠯ᠎ᠢ ᠵᠢᠯᠣᠭᠣᠳᠬᠤ ᠦᠢ᠍ᠯᠡᠴᠢᠯᠡᠭᠡᠨ᠎ᠤ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠦᠨ᠎ᠡ᠃ ᠡᠯ᠎ᠡ ᠳᠡᠭᠡᠳᠦ ᠰᠤᠷᠭ᠋ᠠᠭᠤᠯᠢ ᠤᠶᠤᠲᠠᠳ᠎ᠲᠤ ᠭᠡᠷ᠎ᠤᠨ ᠬᠥᠮᠦᠵᠢᠯ᠎ᠤᠨ ᠲᠤᠬᠠᠢ ᠰᠣᠩᠭᠣᠨ ᠰᠤᠷᠬᠤ ᠬᠢᠴᠢᠶᠡᠯ ᠨᠡᠭᠡᠭᠡᠬᠦ ᠵᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠤᠨ ᠭᠡᠷ᠎ᠤᠨ ᠠᠬᠠᠮᠠᠳ᠎ᠤᠨ ᠰᠤᠷᠭ᠋ᠠᠭᠤᠯᠢ ᠵᠢᠨ ᠦᠢ᠍ᠯᠡᠴᠢᠯᠡᠭᠡᠨ᠎ᠤ ᠴᠢᠳᠠᠮᠵᠢ ᠵᠢ ᠲᠠᠰᠤᠷᠠᠯᠲᠠ ᠥᠬᠡᠶ ᠥᠷᠭᠡᠳᠬᠡᠵᠦ᠂ ᠥᠷᠭᠡᠨ ᠣᠯᠠᠨ ᠭᠡᠷ᠎ᠤᠨ ᠠᠬᠠᠮᠠᠳ᠎ᠲᠤ ᠬᠠᠨᠳᠤᠭᠤᠯᠤᠨ ᠭᠡᠷ᠎ᠤᠨ ᠬᠥᠮᠦᠵᠢᠯ᠎ᠤᠨ ᠰᠦᠯᠵᠢᠶᠡᠨ᠎ᠤ ᠨᠡᠶ᠋ᠢᠲᠡ ᠵᠢᠨ ᠠᠰᠠᠷᠠᠮᠵᠢ ᠵᠢᠨ ᠲᠠᠶ᠋ᠢᠯᠤᠮᠵᠢ ᠵᠢ ᠨᠡᠭᠡᠭᠡᠵᠦ᠂ ᠴᠢᠨᠠᠷᠯᠢᠭ ᠭᠡᠷ᠎ᠤᠨ ᠬᠥᠮᠦᠵᠢᠯ᠎ᠤᠨ ᠡᠬᠢ ᠪᠠᠶᠠᠯᠢᠭ᠎ᠢ ᠬᠠᠮᠲᠤ᠎ᠳᠤ᠎ᠪᠠᠨ ᠪᠠᠶ᠋ᠢᠭᠤᠯᠵᠤ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ ᠵᠢᠴᠢ ᠳᠡᠯᠭᠡᠷᠡᠭᠦᠯᠦᠨ ᠬᠡᠷᠡᠭᠯᠡᠬᠦ ᠵᠢ ᠠᠬᠢᠭᠤᠯᠤᠨ᠎ᠠ᠃ ᠡᠯ᠎ᠡ ᠭᠠᠵᠠᠷ᠎ᠤᠨ᠎ᠬᠢᠨ ᠭᠡᠷ᠎ᠤᠨ ᠬᠥᠮᠦᠵᠢᠯ᠎ᠤᠨ ᠦᠢ᠍ᠯᠡᠴᠢᠯᠡᠭᠡᠨ᠎ᠤ ᠵᠢᠯᠣᠭᠣᠳᠬᠤ ᠵᠠᠭᠪᠤᠷ᠎ᠤᠨ ᠰᠢᠨ᠎ᠡ ᠵᠢ ᠡᠭᠦᠳᠴᠦ᠂ ᠰᠦᠯᠵᠢᠶᠡᠨ᠎ᠳᠠᠬᠢ ᠭᠡᠷ᠎ᠤᠨ ᠠᠬᠠᠮᠠᠳ᠎ᠤᠨ ᠰᠤᠷᠭ᠋ᠠᠭᠤᠯᠢ ᠵᠢᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠣᠷᠣᠨ ᠪᠦᠰᠡ ᠵᠢᠨ ᠳᠣᠲᠣᠷᠠᠬᠢ ᠭᠡᠷ᠎ᠤᠨ ᠬᠥᠮᠦᠵᠢᠯ᠎ᠤᠨ ᠡᠬᠢ ᠪᠠᠶᠠᠯᠢᠭ᠎ᠢ ᠪᠠᠶᠠᠯᠢᠭᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ)
      15. ᠬᠠᠮᠵᠢᠯᠴᠠᠨ ᠬᠥᠮᠦᠨ ᠬᠥᠮᠦᠵᠢᠭᠦᠯᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠢ           ᠪᠣᠯᠭ᠋ᠠᠨ᠎ᠠ᠃ ᠬᠠᠮᠵᠢᠯᠴᠠᠨ ᠬᠥᠮᠦᠨ ᠬᠥᠮᠦᠵᠢᠭᠦᠯᠬᠦ ᠵᠥᠪ ᠲᠠᠯ᠎ᠠ ᠵᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠡᠯ᠎ᠡ ᠭᠠᠵᠠᠷ᠎ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠪᠦᠲᠦᠮᠵᠢᠲᠡᠢ ᠵᠠᠭᠪᠤᠷ᠂ ᠰᠢᠨ᠎ᠡ ᠵᠢ ᠡᠭᠦᠳᠦᠭᠰᠡᠨ ᠠᠷᠭ᠎ᠠ ᠪᠠᠷᠢᠯ ᠪᠠ ᠲᠡᠷᠢᠭᠦᠨ᠎ᠤ ᠲᠤᠷᠰᠢᠯᠭ᠎ᠠ ᠵᠢ ᠢᠳᠡᠪᠬᠢᠲᠡᠢ ᠰᠦᠪᠡᠭᠴᠢᠯᠡᠵᠦ᠂ ᠲᠠᠰᠤᠷᠠᠯᠲᠠ ᠦᠭᠡᠢ ᠳ᠋ᠦᠩᠨᠡᠨ᠂ ᠶᠡᠬᠡ᠎ᠪᠠᠷ ᠳᠡᠯᠭᠡᠷᠡᠭᠦᠯᠦᠨ᠎ᠡ᠃ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠪᠠ ᠰᠤᠷᠭ᠋ᠠᠨ ᠬᠥᠮᠦᠵᠢᠭᠦᠯᠵᠦ ᠬᠥᠲᠥᠯᠥᠨ ᠵᠢᠯᠣᠭᠣᠳᠬᠤ ᠵᠢ ᠦᠷᠭᠦᠯᠵᠢᠯᠡᠨ ᠴᠢᠩᠭ᠋ᠠᠳᠬᠠᠵᠤ᠂ ᠪᠣᠯᠪᠠᠰᠤᠨ ᠰᠦᠯᠵᠢᠶ᠎ᠡ᠂ ᠦᠢ᠍ᠯᠡᠳᠦᠯᠭᠡ ᠰᠦᠯᠵᠢᠶ᠎ᠡ᠂ 《ᠰᠤᠷᠤᠯᠴᠠᠯᠭ᠎ᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ》 ᠥᠪᠥᠷ ᠮᠣᠩᠭᠣᠯ᠎ᠤᠨ ᠲᠠᠪᠴᠠᠩ᠂ ᠰᠢᠨ᠎ᠡ ᠴᠠᠭ ᠦᠶ᠎ᠡ ᠵᠢᠨ ᠪᠣᠯᠪᠠᠰᠤᠨ ᠦᠢ᠍ᠯᠡᠳᠦᠯᠭᠡ ᠵᠢᠨ ᠲᠠᠪᠴᠠᠩ᠂ ᠤᠮᠠᠷᠠᠲᠤ ᠬᠢᠯᠢ ᠵᠢᠨ ᠰᠤᠷᠭ᠋ᠠᠨ ᠬᠥᠮᠦᠵᠢᠯ᠂ ᠲᠠᠯ᠎ᠠ ᠨᠤᠲᠤᠭ ᠬᠡᠷᠡᠭᠯᠡᠭᠴᠢ ᠵᠢᠨ ᠬᠡᠰᠡᠭ᠂ ᠪᠧᠨ ᠲᠧᠩ ᠬᠠᠮ ᠵᠠᠭᠤᠴᠢᠯᠠᠭᠤᠷ᠂ ᠤᠮᠠᠷᠠᠲᠤ ᠬᠢᠯᠢ ᠵᠢᠨ ᠤᠶᠠᠩᠭ᠋ᠠᠯᠠᠯ᠂ ᠬᠥᠮᠦᠯᠢᠭ ᠤᠮᠠᠷᠠᠲᠤ ᠬᠢᠯᠢ ᠵᠡᠷᠭᠡ ᠵᠠᠭᠤᠴᠢᠯᠠᠭᠤᠷ᠎ᠤᠨ ᠲᠠᠪᠴᠠᠩ᠎ᠤᠨ ᠦᠢ᠍ᠯᠡᠳᠦᠯ᠎ᠢ ᠨᠠᠷᠢᠯᠢᠭ ᠣᠨᠣᠴᠠᠲᠠᠢ ᠤᠬᠠᠭᠤᠯᠤᠨ ᠲᠠᠶ᠋ᠢᠯᠪᠤᠷᠢᠯᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠣᠨᠣᠪᠴᠢᠲᠠᠢ ᠤᠬᠠᠭᠤᠯᠤᠨ ᠲᠠᠶ᠋ᠢᠯᠪᠤᠷᠢᠯᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠲᠤᠷᠰᠢᠯᠭ᠎ᠠ ᠵᠢᠨ ᠦᠷ᠎ᠡ ᠪᠦᠲᠦᠮᠵᠢ ᠵᠢ ᠤᠯᠠᠮᠵᠢᠯᠠᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠣᠨᠣᠯᠵᠢᠬᠤᠨ ᠪᠠ ᠵᠥᠪ ᠣᠨᠣᠪᠴᠢᠲᠠᠢ ᠭᠡᠷ᠎ᠤᠨ ᠬᠥᠮᠦᠵᠢᠯ᠎ᠤᠨ ᠠᠷᠭ᠎ᠠ ᠵᠢ ᠥᠷᠭᠡᠨ ᠵᠶ᠋ᠠᠷ ᠳᠡᠯᠭᠡᠷᠡᠭᠦᠯᠬᠦ ᠵᠢ ᠬᠥᠲᠥᠯᠥᠨ ᠵᠢᠯᠣᠭᠣᠳᠴᠤ᠂ ᠪᠦᠬᠦ ᠨᠡᠶ᠋ᠢᠭᠡᠮ ᠵᠶ᠋ᠠᠷ ᠵᠶ᠋ᠠᠨ ᠨᠠᠰᠤᠨ᠎ᠳᠤ ᠦᠯᠦ ᠬᠦᠷᠦᠭᠰᠡᠳ᠎ᠤᠨ ᠡᠷᠡᠭᠦᠯ ᠵᠶ᠋ᠠᠷ ᠥᠰᠦᠨ ᠪᠣᠶ᠋ᠢᠵᠢᠬᠤ ᠵᠢ ᠴᠢᠬᠤᠯᠠᠴᠢᠯᠠᠨ ᠬᠠᠯᠠᠮᠵᠢᠯᠠᠵᠤ᠂ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠨ᠂ ᠬᠥᠮᠦᠨ ᠬᠥᠮᠦᠵᠢᠭᠦᠯᠬᠦ ᠬᠠᠷᠢᠭᠤᠴᠠᠯᠭ᠎ᠠ ᠵᠢ ᠴᠢᠩᠭ᠋ᠠᠷᠠᠭᠤᠯᠵᠤ᠂ ᠬᠥᠮᠦᠨ ᠬᠥᠮᠦᠵᠢᠭᠦᠯᠬᠦ ᠬᠠᠮ ᠬᠦᠴᠦᠨ᠎ᠢ ᠳᠡᠭᠡᠭᠰᠢᠯᠡᠭᠦᠯᠦᠨ᠂ ᠪᠦᠬᠦ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠬᠠᠮᠵᠢᠯᠴᠠᠨ ᠬᠥᠮᠦᠨ ᠬᠥᠮᠦᠵᠢᠭᠦᠯᠬᠦ ᠵᠢ ᠬᠠᠯᠠᠮᠵᠢᠯᠠᠨ ᠳᠡᠮᠵᠢᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠶᠡᠬᠡ᠎ᠪᠠᠷ ᠪᠤᠢ           ᠪᠣᠯᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠰᠤᠷᠭ᠋ᠠᠨ ᠬᠥᠮᠦᠵᠢᠯ᠎ᠤᠨ ᠲᠢᠩᠬᠢᠮ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ)
      ᠭᠤᠷᠪᠠ᠂ ᠠᠵᠢᠯ᠎ᠤᠨ ᠱᠠᠭ᠋ᠠᠷᠳᠠᠯᠭ᠎ᠠ
      (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ
      ᠡᠯ᠎ᠡ ᠭᠠᠵᠠᠷ᠎ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠪᠠᠶ᠋ᠢᠭᠤᠯᠬᠤ ᠵᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠭ᠋ᠠᠵᠤ᠂ ᠨᠠᠮ᠎ᠤᠨ ᠬᠣᠷᠢᠶ᠎ᠠ ᠤᠳᠤᠷᠢᠳᠬᠤ᠂ ᠵᠠᠰᠠᠭ᠎ᠤᠨ ᠣᠷᠳᠣᠨ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠨ᠂ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ᠎ᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠵᠣᠬᠢᠶᠠᠨ  ᠪᠠᠢ᠌ᠭᠤᠯᠤᠨ ᠵᠣᠬᠢᠴᠠᠭᠤᠯᠬᠤ᠂ ᠰᠠᠯᠠᠭ᠎ᠠ ᠮᠥᠴᠢᠷ ᠬᠣᠯᠪᠤᠯᠳᠤᠨ ᠬᠥᠳᠡᠯᠦᠯᠴᠡᠬᠦ ᠵᠢ ᠴᠢᠩᠭ᠋ᠠᠳᠬᠠᠨ᠂ ᠵᠠᠷᠤᠳᠠᠯ᠎ᠤᠨ ᠨᠥᠬᠥᠴᠡᠯ᠎ᠢ ᠪᠠᠲᠤᠯᠠᠬᠤ ᠵᠢ ᠲᠡᠭᠦᠯᠳᠡᠷᠵᠢᠭᠦᠯᠵᠦ᠂ ᠰᠤᠷᠭ᠋ᠠᠭᠤᠯᠢ ᠭᠡᠷ ᠪᠦᠯᠢ ᠨᠡᠶ᠋ᠢᠭᠡᠮ ᠨᠢᠭᠲᠠ ᠬᠠᠮᠵᠢᠯᠴᠠᠭᠰᠠᠨ ᠬᠥᠮᠦᠨ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠵᠢ ᠢᠳᠡᠪᠬᠢᠲᠡᠢ ᠠᠬᠢᠭᠤᠯᠤᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠡᠮᠡᠭᠲᠡᠶ᠋ᠢᠴᠦᠳ ᠬᠡᠦᠬᠡᠳ᠎ᠤᠨ ᠠᠵᠢᠯ᠎ᠤᠨ ᠪᠠᠶ᠋ᠢᠭᠤᠯᠤᠮᠵᠢ ᠭᠡᠷ᠎ᠤᠨ ᠬᠥᠮᠦᠵᠢᠯ᠎ᠤᠨ ᠠᠵᠢᠯ᠎ᠢ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ᠂ ᠵᠢᠯᠣᠭᠣᠳᠬᠤ᠂ ᠰᠢᠪᠠᠳᠠᠭᠤᠯᠬᠤ ᠪᠠ ᠰᠠᠶ᠋ᠢᠲᠤᠷ ᠬᠢᠬᠦ ᠵᠢ ᠬᠠᠷᠢᠭᠤᠴᠠᠨ᠎ᠠ; ᠰᠤᠷᠭ᠋ᠠᠨ ᠬᠥᠮᠦᠵᠢᠯ ᠎ᠤᠨ ᠰᠠᠯᠠᠭ᠎ᠠ ᠮᠥᠴᠢᠷ᠎ᠤᠨ᠎ᠬᠢᠨ ᠰᠤᠷᠭ᠋ᠠᠭᠤᠯᠢ ᠵᠢ ᠬᠠᠷᠢᠭᠤᠴᠠᠨ ᠵᠢᠯᠣᠭᠣᠳᠴᠤ ᠬᠠᠮᠵᠢᠯᠴᠠᠨ ᠬᠥᠮᠦᠨ ᠬᠥᠮᠦᠵᠢᠭᠦᠯᠬᠦ ᠭᠣᠣᠯᠯᠠᠬᠤ ᠦᠢ᠍ᠯᠡᠳᠦᠯ᠎ᠢ ᠦᠨᠡᠨ ᠬᠦ᠌ ᠰᠠᠶ᠋ᠢᠲᠤᠷ ᠪᠠᠳᠠᠷᠠᠭᠤᠯᠵᠤ᠂ ᠭᠡᠷ ᠪᠦᠯᠢ᠂ ᠨᠡᠶ᠋ᠢᠭᠡᠮ᠎ᠯᠦᠭᠡ ᠨᠢᠭᠲᠠ ᠨᠡᠪᠲᠡᠷᠡᠯᠴᠡᠨ ᠬᠠᠮᠵᠢᠯᠴᠠᠬᠤ ᠵᠢ ᠴᠢᠩᠭ᠋ᠠᠷᠠᠭᠤᠯᠤᠨ᠎ᠠ; ᠡᠪ ᠬᠠᠮᠲᠤ ᠵᠠᠯᠠᠭᠤᠴᠤᠳ᠎ᠤᠨ ᠡᠪᠯᠡᠯ᠂ ᠪᠠᠭ᠋ᠠᠴᠤᠳ᠎ᠤᠨ ᠬᠣᠰᠢᠭᠤᠴᠢ ᠠᠩᠭᠢ ᠵᠢᠨ ᠵᠣᠬᠢᠶᠠᠨ ᠪᠠᠶ᠋ᠢᠭᠤᠯᠤᠯᠲᠠ ᠎ᠨᠢ ᠰᠤᠷᠭ᠋ᠠᠭᠤᠯᠢ ᠪᠠ ᠨᠡᠶ᠋ᠢᠭᠡᠮ᠎ᠳᠤ ᠦᠢ᠍ᠯᠡᠳᠦᠯᠭᠡ ᠵᠢᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠬᠦ ᠵᠢ ᠬᠠᠷᠢᠭᠤᠴᠠᠨ᠎ᠠ; ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠎ᠤᠨ ᠵᠣᠬᠢᠶᠠᠨ ᠪᠠᠶ᠋ᠢᠭᠤᠯᠤᠯᠲᠠ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠨᠡᠶ᠋ᠢᠭᠡᠮ ᠲᠣᠭᠣᠷᠢᠭ᠎ᠤᠨ ᠭᠡᠷ᠎ᠤᠨ ᠬᠥᠮᠦᠵᠢᠯ᠎ᠢ ᠵᠢᠯᠣᠭᠣᠳᠬᠤ ᠦᠢ᠍ᠯᠡᠴᠢᠯᠡᠭᠡᠨ᠎ᠤ  ᠥᠷᠲᠡᠭᠡᠨ᠎ᠤ ᠪᠠᠶ᠋ᠢᠭᠤᠯᠤᠯᠲᠠ ᠵᠢ ᠬᠠᠷᠢᠭᠤᠴᠠᠨ᠎ᠠ; ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠳᠤ ᠨᠡᠶ᠋ᠢᠭᠡᠮ᠎ᠲᠠᠢ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ᠎ᠢ ᠰᠠᠶ᠋ᠢᠲᠤᠷ ᠬᠢᠨ᠎ᠡ᠃
      (ᠬᠣᠶᠠᠷ) ᠰᠢᠯᠭ᠋ᠠᠨ ᠬᠢᠨᠠᠵᠤ ᠦᠨᠡᠯᠡᠬᠦ ᠠᠵᠢᠯ᠎ᠢ ᠴᠢᠩᠭ᠋ᠠᠳᠬᠠᠨ᠎ᠠ
      ᠡᠯ᠎ᠡ ᠭᠠᠵᠠᠷ᠎ᠤᠨ᠎ᠬᠢᠨ᠎ᠨᠢ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠲᠤᠰ ᠭᠠᠵᠠᠷ ᠣᠷᠣᠨ᠎ᠤ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ᠎ᠤᠨ ᠲᠣᠭᠲᠠᠴᠠ ᠵᠢᠨ ᠪᠣᠳᠠᠲᠠᠢ ᠠᠷᠭ᠎ᠠ ᠬᠡᠮᠵᠢᠶ᠎ᠡ ᠵᠢ ᠲᠣᠭᠲᠠᠭ᠋ᠠᠨ ᠲᠡᠭᠦᠯᠳᠡᠷᠵᠢᠭᠦᠯᠵᠦ᠂ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ᠎ᠤᠨ ᠦᠷ᠎ᠡ ᠪᠦᠲᠦᠮᠵᠢ ᠵᠢ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠦᠨᠡᠯᠡᠬᠦ ᠪᠠ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠦᠨᠡᠯᠡᠬᠦ ᠴᠢᠬᠤᠯᠠ ᠠᠭᠤᠯᠭ᠎ᠠ᠎ᠳᠤ ᠣᠷᠣᠭᠤᠯᠵᠤ᠂ ᠪᠣᠯᠪᠠᠰᠤᠨ᠎ᠢ ᠡᠭᠦᠳᠦᠨ ᠪᠠᠶ᠋ᠢᠭᠤᠯᠬᠤ ᠠᠵᠢᠯᠯᠠᠭ᠎ᠠ᠂ ᠨᠠᠰᠤᠨ᠎ᠳᠤ ᠦᠯᠦ ᠬᠦᠷᠦᠭᠰᠡᠳ᠎ᠤᠨ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠶ᠋ᠢᠭᠤᠯᠤᠯᠲᠠ ᠪᠠ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠬᠢᠨᠠᠨ ᠰᠢᠯᠭ᠋ᠠᠬᠤ  ᠳᠣᠭᠲᠠᠯᠴᠠᠭ᠋ᠠᠨ᠎ᠳᠤ ᠣᠷᠣᠭᠤᠯᠤᠨ᠎ᠠ᠃ ᠡᠯ᠎ᠡ ᠱᠠᠲᠤᠨ ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠰᠤᠷᠭ᠋ᠠᠭᠤᠯᠢ᠎ᠲᠠᠢ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ᠎ᠢ ᠰᠢᠯᠭ᠋ᠠᠨ ᠬᠢᠨᠠᠬᠤ᠎ᠪᠠᠨ ᠴᠢᠩᠭ᠋ᠠᠳᠬᠠᠵᠤ᠂ ᠰᠢᠯᠭ᠋ᠠᠨ ᠬᠢᠨᠠᠵᠤ ᠦᠨᠡᠯᠡᠬᠦ ᠠᠷᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠂ ᠰᠤᠷᠭ᠋ᠠᠭᠤᠯᠢ᠎ᠲᠠᠢ ᠬᠠᠮᠵᠢᠯᠴᠠᠨ ᠬᠥᠮᠦᠨ ᠬᠥᠮᠦᠵᠢᠭᠦᠯᠬᠦ ᠭᠣᠣᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢ ᠪᠦᠲᠦᠮᠵᠢᠲᠡᠢ ᠤᠷᠮᠠᠰᠢᠭᠤᠯᠤᠨ᠎ᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号