ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠢ ᠥᠷᠨᠢᠭᠦᠯᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-08-27

         ᠥᠪᠥᠷ ᠰᠤᠷᠭ᠋ᠠᠨ ᠰᠢᠨᠵᠢᠯᠡᠬᠦ  ᠭᠠᠳᠠᠭ᠋ᠠᠳᠤ ᠪᠢᠴᠢᠭ [2024] 229 ᠳ᠋ᠦ᠍ᠭᠡᠷ ᠲᠣᠭ᠋ᠠᠲᠤ


      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ           ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠵᠡᠭᠦᠨ ᠪᠠᠷᠠᠭᠤᠨ ᠣᠷᠣᠨ᠎ᠤ ᠬᠠᠮᠵᠢᠯᠴᠠᠭ᠋ᠠᠨ᠎ᠤ ᠠᠵᠢᠯ᠎ᠢ ᠭᠦᠨᠵᠡᠭᠡᠶ᠋ᠢᠷᠡᠭᠦᠯᠬᠦ ᠲᠤᠬᠠᠢ           ᠬᠡᠯᠡᠯᠴᠡᠭᠡᠷ》᠎ᠤᠨ ᠡᠭᠦᠷᠭᠡ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠭᠣᠣᠯᠯᠠᠭᠴᠢ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠋ᠠᠨ᠎ᠤ ᠬᠠᠮᠤᠭ᠎ᠤᠨ ᠰᠢᠨ᠎ᠡ ᠵᠢᠭ᠋ᠠᠬᠤ ᠵᠢ ᠰᠣᠳᠤᠯᠬᠤ ᠪᠠ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠡᠭᠡᠵᠢᠩ ᠬᠣᠲᠠ ᠵᠢᠨ ᠰᠤᠷᠭ᠋ᠠᠨ ᠬᠥᠮᠦᠵᠢᠯ᠎ᠤᠨ ᠵᠥᠪᠯᠡᠯ᠎ᠲᠠᠢ ᠬᠠᠮᠲᠤᠷᠠᠨ ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ (ᠳᠣᠷᠣᠭᠰᠢ ᠤᠷᠤᠯᠳᠤᠭ᠋ᠠᠨ ᠭᠡᠵᠦ ᠳᠦᠭᠦᠮᠴᠢᠯᠡᠨ᠎ᠡ)᠎ᠢ ᠭᠣᠣᠯᠯᠠᠨ ᠡᠷᠬᠢᠯᠡᠵᠦ᠂ ᠤᠷᠤᠯᠳᠤᠭ᠋ᠠᠨ᠎ᠢ ᠬᠥᠬᠡᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠪᠣᠯᠤᠨ ᠨᠡᠶ᠋ᠢᠰᠯᠡᠯ᠎ᠤᠨ ᠪᠠᠭᠰᠢ ᠵᠢᠨ ᠶᠡᠬᠡ ᠰᠤᠷᠭ᠋ᠠᠭᠤᠯᠢ ᠳᠠᠭ᠋ᠠᠭ᠋ᠠᠴᠢᠯᠠᠨ ᠡᠷᠬᠢᠯᠡᠵᠦ᠂ ᠨᠡᠶ᠋ᠢᠰᠯᠡᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ 《ᠬᠣᠣᠰ ᠰᠢᠯᠢᠳᠡᠭ ᠡᠭᠦᠯᠡᠨ ᠬᠥᠭᠥᠷᠭᠡ》 ᠵᠢᠨ ᠲᠥᠷᠥᠯ ᠵᠦᠢ᠍ᠯ᠎ᠤᠨ ᠳᠤᠭᠤᠶ᠋ᠢᠯᠠᠩ ᠬᠠᠮᠵᠢᠨ ᠡᠷᠭᠢᠯᠡᠵᠦ᠂ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ ᠎ᠤᠨ ᠬᠠᠮᠵᠢᠯᠴᠠᠭ᠋ᠠᠨ᠎ᠤ ᠣᠶᠤᠨᠴᠢ ᠲᠠᠪᠴᠠᠩ (ᠳᠣᠷᠣᠭᠰᠢ ᠲᠠᠪᠴᠠᠩ ᠭᠡᠵᠦ ᠳᠦᠭᠦᠮᠴᠢᠯᠡᠨ᠎ᠡ)  ᠳᠡᠮᠵᠢᠪᠡ᠂ ᠡᠳᠦᠭᠡ ᠬᠣᠯᠪᠣᠭᠳᠠᠯ ᠪᠦᠬᠦᠢ ᠵᠦᠢ᠍ᠯ᠎ᠢ ᠮᠡᠳᠡᠭᠳᠡᠶ᠎ᠡ᠃
      ᠨᠢᠭᠡ᠂ ᠤᠷᠤᠯᠳᠤᠭ᠋ᠠᠨ᠎ᠤ ᠴᠠᠭ
      2024 ᠣᠨ᠎ᠤ 8 ᠰᠠᠷ᠎ᠠ ᠵᠢᠨ 23 - 10 ᠰᠠᠷ᠎ᠠ ᠵᠢᠨ 31᠎ᠤ ᠡᠳᠦᠷ᠃
      ᠬᠣᠶᠠᠷ᠂ ᠤᠷᠤᠯᠳᠤᠭ᠋ᠠᠨ᠎ᠤ ᠠᠭᠤᠯᠭ᠎ᠠ
      (ᠨᠢᠭᠡ) ᠤᠷᠤᠯᠳᠤᠭ᠋ᠠᠨ᠎ᠳᠤ ᠣᠷᠣᠯᠴᠠᠬᠤ ᠡᠲᠡᠭᠡᠳ᠄ ᠡᠨᠡ ᠤᠳᠠᠭ᠋ᠠᠨ᠎ᠤ ᠤᠷᠤᠯᠳᠤᠭ᠋ᠠᠨ᠎ᠢ ᠪᠡᠭᠡᠵᠢᠩ ᠥᠪᠥᠷ ᠮᠣᠩᠭᠣᠯ᠎ᠤᠨ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠥᠬᠦ ᠰᠤᠷᠤᠯᠭ᠎ᠠ ᠵᠢᠨ ᠱᠠᠲᠤᠨ᠎ᠤ ᠬᠡᠯᠡ ᠪᠢᠴᠢᠭ ᠪᠠ ᠦᠵᠡᠯ ᠰᠠᠨᠠᠭ᠎ᠠ ᠤᠯᠤᠰ ᠲᠥᠷᠥ (ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ) ᠵᠢᠨ ᠪᠠᠭᠰᠢ ᠨᠠᠷ᠎ᠲᠤ ᠬᠠᠨᠳᠤᠭᠤᠯᠪᠠ᠃
      (ᠬᠣᠶᠠᠷ) ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠤᠨ ᠭᠣᠣᠯ ᠰᠡᠳᠦᠪ᠄ ᠤᠷᠤᠯᠳᠤᠭ᠋ᠠᠨ᠎ᠳᠤ ᠣᠷᠣᠯᠴᠠᠬᠤ ᠪᠦᠲᠦᠭᠡᠯ 《ᠡᠬᠡ ᠣᠷᠣᠨᠴᠢ ᠦᠵᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠬᠢᠴᠢᠶᠡᠯ ᠲᠥᠷᠦᠯ᠎ᠤᠨ           ᠵᠢᠭ᠋ᠠᠨ ᠰᠤᠷᠭ᠋ᠠᠯᠲᠠ᠎ᠳᠤ ᠠᠭᠤᠰᠬᠠᠬᠤ》᠎ᠪᠠᠷ ᠭᠣᠣᠯ ᠰᠢᠵᠢᠮ ᠪᠣᠯᠭ᠋ᠠᠵᠤ᠂ 《ᠬᠣᠶᠠᠷ᠎ᠢ ᠬᠥᠩᠭᠡᠷᠡᠭᠦᠯᠬᠦ》 ᠵᠢᠴᠢ ᠰᠢᠨ᠎ᠡ ᠬᠢᠴᠢᠶᠡᠯ᠎ᠤᠨ ᠪᠠᠷᠢᠮᠵᠢᠶᠠᠨ᠎ᠤ ᠣᠶ᠋ᠢᠯᠠᠭ᠋ᠠᠭᠳᠠᠬᠤᠨ᠎ᠤ  ᠨᠠᠢ᠌ᠳᠠᠪᠤᠷᠢᠵᠢᠭᠤᠯᠤᠯᠲᠠ᠎ᠳᠤ ᠢᠯᠡᠷᠡᠭᠦᠯᠵᠦ᠂ ᠲᠣᠭ᠋ᠠᠵᠢᠭᠰᠠᠨ ᠮᠡᠷᠭᠡᠵᠢᠯ᠎ᠢ ᠬᠡᠷᠡᠭᠯᠡᠬᠦ ᠪᠠ ᠦᠨᠡᠯᠡᠬᠦ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠬᠦ ᠵᠢ           ᠴᠢᠬᠤᠯᠠᠴᠢᠯᠠᠵᠤ᠂ ᠰᠤᠷᠤᠭᠴᠢᠳ᠎ᠤᠨ ᠪᠦᠬᠦ ᠲᠠᠯ᠎ᠠ ᠵᠢᠨ ᠬᠥᠭᠵᠢᠯᠲᠡ᠂ ᠡᠷᠡᠭᠦᠯ ᠥᠰᠦᠨ ᠪᠣᠢ᠌ᠵᠢᠯᠲᠠ ᠵᠢ ᠠᠬᠢᠭᠤᠯᠤᠨ᠎ᠠ᠃ ᠤᠷᠤᠯᠳᠤᠭ᠋ᠠᠨ᠎ᠳᠤ ᠣᠷᠣᠯᠴᠠᠬᠤ ᠪᠦᠲᠦᠭᠡᠯ ᠡᠷᠬᠡᠪᠰᠢ ᠵᠣᠬᠢᠬᠤ ᠰᠤᠷᠤᠯᠭ᠎ᠠ ᠵᠢᠨ ᠱᠠᠲᠤᠨ᠎ᠤ ᠬᠢᠴᠢᠶᠡᠯ ᠲᠥᠷᠦᠯ᠎ᠤᠨ ᠪᠠᠷᠢᠮᠵᠢᠶᠠᠨ᠎ᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠂ ᠪᠣᠳᠠᠲᠠᠢ ᠪᠦᠲᠦᠭᠡᠯ᠎ᠢ ᠪᠠᠭᠰᠢ ᠥᠪᠡᠷ᠎ᠤᠨ ᠵᠢᠭ᠋ᠠᠵᠤ ᠪᠠᠢ᠌ᠭ᠎ᠠ ᠬᠢᠴᠢᠶᠡᠯ ᠲᠥᠷᠥᠯ ᠎ᠠᠴᠠ ᠰᠣᠩᠭᠣᠵᠤ ᠪᠣᠯᠤᠨ᠎ᠠ᠃
      (ᠭᠤᠷᠪᠠ) ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠤᠨ ᠱᠠᠭ᠋ᠠᠷᠳᠠᠯᠭ᠎ᠠ᠄ (1) ᠡᠷᠬᠡᠪᠰᠢ ᠲᠤᠰ ᠬᠥᠮᠦᠨ᠎ᠤ ᠠᠩᠬᠠᠨ᠎ᠤ ᠪᠥᠲᠦᠭᠡᠯ; (2) ᠢᠯᠡ  ᠨᠡᠢ᠌ᠲᠡᠯᠡᠵᠦ ᠥᠩᠭᠡᠷᠡᠭᠰᠡᠨ ᠦᠭᠡᠢ; (3)  ᠪᠤᠰᠤᠳ ᠡᠯ᠎ᠡ ᠲᠥᠷᠥᠯ᠎ᠤᠨ ᠤᠷᠤᠯᠳᠤᠭ᠋ᠠᠨ᠎ᠳᠤ ᠲᠤᠰᠬᠠᠢ ᠣᠷᠣᠯᠴᠠᠵᠤ ᠥᠩᠭᠡᠷᠡᠭᠰᠡᠨ ᠦᠭᠡᠢ᠂ ᠲᠤᠰᠬᠠᠶ᠋ᠢᠯᠠᠨ ᠡᠨᠡ ᠤᠳᠠᠭ᠋ᠠᠨ᠎ᠤ ᠤᠷᠤᠯᠳᠤᠭ᠋ᠠᠨ᠎ᠳᠤ ᠵᠣᠷᠢᠭᠤᠯᠤᠭᠰᠠᠨ ᠪᠦᠲᠦᠭᠡᠯ᠃
      (ᠲᠦᠷᠪᠡ) ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠤᠨ ᠲᠣᠭ᠎ᠠ ᠬᠡᠮᠵᠢᠶ᠎ᠡ᠄ ᠤᠷᠤᠯᠳᠤᠭ᠋ᠠᠨ᠎ᠢ ᠰᠤᠷᠤᠯᠭ᠎ᠠ ᠵᠢᠨ ᠱᠠᠲᠤᠨ᠎ᠤ ᠬᠢᠴᠢᠶᠡᠯ ᠲᠥᠷᠥᠯ ᠵᠶ᠋ᠠᠷ ᠪᠠᠭ᠎ᠠ ᠰᠤᠷᠭ᠋ᠠᠭᠤᠯᠢ ᠵᠢᠨ ᠬᠡᠯᠡ ᠪᠢᠴᠢᠭ᠎ᠤᠨ ᠳᠤᠭᠤᠶ᠋ᠢᠯᠠᠩ᠂ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠵᠢᠨ ᠳᠤᠭᠤᠶ᠋ᠢᠯᠠᠩ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠡᠯᠡ ᠪᠢᠴᠢᠭ᠎ᠤᠨ ᠳᠤᠭᠤᠶ᠋ᠢᠯᠠᠩ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠵᠢᠨ ᠳᠤᠭᠤᠶ᠋ᠢᠯᠠᠩ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠡᠯᠡ ᠪᠢᠴᠢᠭ᠎ᠤᠨ ᠳᠤᠭᠤᠶ᠋ᠢᠯᠠᠩ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠳᠤᠭᠤᠶ᠋ᠢᠯᠠᠩ ᠭᠡᠵᠦ ᠵᠢᠷᠭᠤᠭ᠋ᠠᠨ ᠳᠤᠭᠤᠶ᠋ᠢᠯᠠᠩ ᠬᠤᠪᠢᠶᠠᠨ᠎ᠠ᠃ ᠰᠤᠷᠭ᠋ᠠᠭᠤᠯᠢ ᠨᠢᠭᠡ ᠪᠦᠷᠢ ᠵᠢᠨ ᠳᠤᠰᠠᠭ᠋ᠠᠷ ᠳᠤᠭᠤᠶ᠋ᠢᠯᠠᠩ᠎ᠤᠨ ᠲᠤᠰᠢᠶᠠᠬᠤ ᠪᠦᠲᠦᠭᠡᠯ᠎ᠤᠨ ᠲᠣᠭ᠎ᠠ 1᠎ᠠᠴᠠ ᠬᠡᠲᠦᠷᠡᠵᠦ ᠪᠣᠯᠬᠤ ᠦᠭᠡᠢ᠂ ᠰᠤᠷᠭ᠋ᠠᠭᠤᠯᠢ ᠠᠯᠤᠰᠯᠠᠨ ᠳᠤᠭᠤᠢ᠌ᠯᠠᠩ ᠵᠣᠬᠢᠶᠠᠨ ᠪᠠᠶ᠋ᠢᠭᠤᠯᠬᠤ ᠵᠢ ᠬᠦᠯᠢᠶᠡᠨ ᠠᠪᠬᠤ ᠦᠭᠡᠢ᠃
      (ᠲᠠᠪᠤ) ᠤᠷᠤᠯᠳᠤᠭ᠋ᠠᠨ᠎ᠤ ᠶᠠᠪᠤᠴᠠ
      1. ᠰᠦᠯᠵᠢᠶᠡᠨ᠎ᠳᠤ ᠨᠡᠷ᠎ᠡ ᠮᠡᠳᠡᠭᠦᠯᠬᠦ᠃ 2024 ᠣᠨ᠎ᠤ 8 ᠰᠠᠷ᠎ᠠ ᠵᠢᠨ 23 - 9 ᠰᠠᠷ᠎ᠠ ᠵᠢᠨ 8᠎ᠤ ᠡᠳᠦᠷ ᠪᠣᠯᠲᠠᠯ᠎ᠠ᠂ ᠡᠯ᠎ᠡ ᠰᠤᠷᠭ᠋ᠠᠭᠤᠯᠢ ᠨᠢᠭᠡᠴᠢ ᠵᠢᠨ ᠬᠡᠯᠪᠡᠷᠢ᠎ᠪᠠᠷ ᠵᠣᠬᠢᠶᠠᠨ ᠪᠠᠢ᠌ᠭᠤᠯᠤᠨ ᠨᠡᠷ᠎ᠡ ᠮᠡᠳᠡᠭᠦᠯᠬᠦ ᠵᠢᠨ ᠬᠠᠮᠲᠤ ᠨᠢᠭᠡ ᠤᠷᠤᠯᠳᠤᠭ᠋ᠠᠨ᠎ᠤ ᠬᠠᠷᠢᠭᠤᠴᠠᠯᠭ᠋ᠠᠲᠠᠨ᠎ᠢ ᠲᠣᠭᠲᠠᠭ᠋ᠠᠵᠤ ᠬᠣᠶᠠᠷ ᠬᠡᠮᠵᠢᠯᠳᠦ ᠺᠣᠳ᠋᠎ᠢ ᠰᠢᠷᠪᠢᠨ ᠲᠤᠰ ᠰᠤᠷᠭ᠋ᠠᠭᠤᠯᠢ ᠵᠢᠨ ᠨᠡᠷ᠎ᠡ ᠮᠡᠳᠡᠭᠦᠯᠬᠦ ᠮᠡᠳᠡᠭᠡ ᠵᠠᠩᠭᠢ ᠵᠢ ᠲᠠᠭᠯᠠᠵᠤ᠂ ᠤᠷᠤᠯᠳᠤᠭ᠋ᠠᠨ᠎ᠳᠤ ᠣᠷᠣᠯᠴᠠᠬᠤ ᠠᠵᠢᠯ᠎ᠤᠨ ᠴᠤᠭᠯᠠᠷᠠᠯ (ᠳᠠᠭ᠋ᠠᠯᠳᠤᠭᠤᠯᠤᠯ 1 ᠵᠢ ᠨᠠᠷᠢᠨ ᠦᠵᠡᠭᠡᠷᠡᠢ)᠎ᠳᠤ ᠣᠷᠣᠬᠤ ᠵᠢᠨ ᠬᠠᠮᠲᠤ 《ᠬᠣᠶᠠᠳᠤᠭ᠋ᠠᠷ ᠬᠤᠭᠤᠴᠠᠭ᠋ᠠᠨ᠎ᠤ 〈ᠲᠡᠮᠡᠭᠡᠨ ᠬᠣᠩᠬᠣ ᠬᠤᠨᠳᠠᠭ᠋ᠠᠲᠤ〉 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠵᠢᠨ ᠬᠦᠰᠦᠨᠦᠭᠲᠦ》 ᠵᠢ ᠳᠡᠭᠡᠭᠰᠢ ᠳᠠᠮᠵᠢᠭᠤᠯᠤᠨ᠂ ᠰᠦᠯᠵᠢᠶᠡᠨ᠎ᠳᠤ ᠨᠡᠷ᠎ᠡ ᠮᠡᠳᠡᠭᠦᠯᠬᠦ ᠵᠢ ᠪᠡᠶᠡᠯᠡᠭᠦᠯᠦᠨ᠎ᠡ᠃ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ ᠡᠷᠬᠡᠪᠰᠢ ᠲᠤᠰ ᠤᠷᠤᠯᠳᠤᠭ᠋ᠠᠨ᠎ᠢ ᠬᠠᠷᠢᠭᠤᠴᠠᠬᠤ ᠰᠠᠯᠠᠭ᠎ᠠ ᠮᠥᠴᠢᠷ᠎ᠢ ᠲᠣᠳᠣᠷᠬᠠᠶ᠋ᠢᠯᠠᠵᠤ᠂ 《ᠬᠣᠶᠠᠳᠤᠭ᠋ᠠᠷ ᠬᠤᠭᠤᠴᠠᠭ᠋ᠠᠨ᠎ᠤ 〈ᠲᠡᠮᠡᠭᠡᠨ ᠬᠣᠩᠬᠣ ᠬᠤᠨᠳᠠᠭ᠋ᠠᠲᠤ〉 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠬᠠᠷᠢᠯᠴᠠᠬᠤ ᠬᠦᠰᠦᠨᠦᠭᠲᠦ》 (ᠳᠠᠭ᠋ᠠᠯᠳᠤᠭᠤᠯᠤᠯ 3) ᠵᠢ ᠲᠠᠭᠯᠠᠬᠤ ᠵᠢᠨ ᠬᠠᠮᠲᠤ 2024 ᠣᠨ᠎ᠤ 8 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠠᠯᠪᠠᠨ ᠲᠠᠮᠠᠭ᠎ᠠ ᠳᠠᠷᠤᠭᠰᠠᠨ ᠬᠠᠷᠢᠯᠴᠠᠬᠤ ᠬᠦᠰᠦᠨᠦᠭᠲᠦ ᠵᠢᠨ ᠰᠢᠷᠪᠢᠯᠲᠡ ᠵᠢ ᠵᠣᠬᠢᠶᠠᠨ ᠪᠠᠶ᠋ᠢᠭᠤᠯᠬᠤ ᠵᠦᠪᠯᠡᠯ᠎ᠤᠨ ᠢᠮᠧᠯ᠎ᠳᠤ ᠢᠯᠡᠭᠡᠨ᠎ᠡ᠃
      2. ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠢ ᠳᠤᠰᠢᠶᠠᠬᠤ᠃ 2024 ᠣᠨ᠎ᠤ 9 ᠰᠠᠷ᠎ᠠ ᠵᠢᠨ           9 - 9 ᠰᠠᠷ᠎ᠠ ᠵᠢᠨ 18᠎ᠤ ᠡᠳᠦᠷ ᠪᠣᠯᠲᠠᠯ᠎ᠠ᠂ ᠤᠷᠤᠯᠳᠤᠭ᠋ᠠᠨ᠎ᠳᠤ ᠣᠷᠣᠯᠴᠠᠬᠤ ᠪᠠᠭᠰᠢ ᠨᠠᠷ ᠡᠷᠬᠡᠪᠰᠢ ᠨᠡᠷ᠎ᠡ ᠮᠡᠳᠡᠭᠦᠯᠦᠭᠰᠡᠨ ᠭᠠᠷ ᠤᠲᠠᠰᠤᠨ᠎ᠤ ᠨᠣᠮᠧᠷ ᠵᠶ᠋ᠠᠷ ᠥᠪᠡᠷ᠎ᠤᠨ ᠤᠷᠤᠯᠳᠤᠭ᠋ᠠᠨ᠎ᠳᠤ ᠣᠷᠣᠯᠴᠠᠬᠤ ᠪᠦᠲᠦᠭᠡᠯ ᠵᠶ᠋ᠠᠨ ᠳᠤᠰᠢᠶᠠᠨ᠎ᠠ᠃ ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠳᠤ ᠵᠢᠭ᠋ᠠᠨ ᠰᠤᠷᠭ᠋ᠠᠯᠲᠠ ᠵᠢᠨ ᠸᠢᠳᠢᠣ᠋ ᠵᠢᠴᠢ ᠢᠵᠢ ᠪᠦᠷᠢᠳᠦᠭᠦᠯᠦᠭᠰᠡᠨ ᠵᠢᠭ᠋ᠠᠨ ᠰᠤᠷᠭ᠋ᠠᠯᠲᠠ ᠵᠢᠨ ᠪᠢᠴᠢᠭ ᠮᠠᠲ᠋ᠧᠷᠢᠶᠠᠯ᠎ᠢ ᠪᠠᠭᠲᠠᠭ᠋ᠠᠵᠤ᠂ ᠵᠢᠭ᠋ᠠᠨ ᠰᠤᠷᠭ᠋ᠠᠯᠲᠠ ᠵᠢᠨ ᠸᠢᠳᠢᠣ᠋  ᠵᠢᠨ ᠠᠭᠤᠯᠭ᠎ᠠ ᠵᠢ ᠳᠠᠭ᠋ᠠᠯᠳᠤᠭᠤᠯᠤᠯ 4᠎ᠳᠤ ᠨᠠᠷᠢᠨ ᠦᠵᠡᠵᠦ᠂ ᠵᠢᠭ᠋ᠠᠨ ᠰᠤᠷᠭ᠋ᠠᠯᠲᠠ ᠵᠢᠨ ᠪᠢᠴᠢᠭ ᠮᠠᠲ᠋ᠧᠷᠢᠶᠠᠯ᠎ᠤᠨ ᠠᠭᠤᠯᠭ᠎ᠠ ᠵᠢ ᠳᠠᠭ᠋ᠠᠯᠳᠤᠭᠤᠯᠤᠯ 5᠎ᠳᠤ ᠨᠠᠷᠢᠨ ᠦᠵᠡᠵᠦ᠂ ᠵᠣᠬᠢᠶᠠᠯ ᠲᠤᠰᠢᠶᠠᠬᠤ ᠵᠦᠭᠯᠡᠭᠦᠷ᠎ᠢ ᠳᠠᠭ᠋ᠠᠯᠳᠤᠭᠤᠯᠤᠯ 6᠎ᠳᠤ ᠨᠠᠷᠢᠨ ᠦᠵᠡᠭᠡᠷᠡᠢ᠃
      3. ᠤᠷᠤᠯᠳᠤᠭ᠋ᠠᠨ᠎ᠤ ᠠᠩᠬᠠᠨ᠎ᠤ ᠬᠢᠨᠠᠯᠲᠠ᠃ 2024 ᠣᠨ᠎ᠤ 9 ᠰᠠᠷ᠎ᠠ ᠵᠢᠨ 18᠎ᠤ ᠡᠳᠦᠷ᠎ᠠᠴᠠ ᠡᠮᠦᠨ᠎ᠡ᠂ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ ᠠᠩᠬᠠᠨ᠎ᠤ ᠬᠢᠨᠠᠯᠲᠠ ᠬᠢᠬᠦ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠢ ᠵᠣᠬᠢᠶᠠᠨ  ᠪᠠᠢ᠌ᠭᠤᠯᠬᠤ ᠪᠥᠭᠡᠳ ᠵᠣᠬᠢᠶᠠᠨ ᠪᠠᠶ᠋ᠢᠭᠤᠯᠬᠤ ᠵᠦᠪᠯᠡᠯ᠎ᠲᠠᠢ ᠬᠠᠷᠢᠯᠴᠠᠵᠤ ᠲᠠᠪᠴᠠᠩ᠎ᠤᠨ ᠳᠠᠩᠰᠠᠨ᠎ᠤ ᠨᠣᠮᠧᠷ᠎ᠢ ᠨᠡᠭᠡᠭᠡᠨ᠎ᠡ᠃ 2024 ᠣᠨ᠎ᠤ 9 ᠰᠠᠷ᠎ᠠ ᠵᠢᠨ 19 - 9 ᠰᠠᠷ᠎ᠠ ᠵᠢᠨ 26᠎ᠤ ᠡᠳᠦᠷ ᠪᠣᠯᠲᠠᠯ᠎ᠠ᠂ ᠠᠩᠬᠠᠨ᠎ᠤ ᠬᠢᠨᠠᠯᠲᠠ ᠬᠢᠬᠦ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ ᠤᠷᠤᠯᠳᠤᠭ᠋ᠠᠨ᠎ᠤ ᠬᠢᠨᠠᠨ ᠳᠣᠭᠲᠠᠭ᠋ᠠᠬᠤ ᠪᠠᠷᠢᠮᠵᠢᠶ᠎ᠠ ᠵᠢ ᠦᠨᠳᠦᠰᠦᠯᠡᠨ᠂ ᠲᠠᠪᠴᠠᠩ ᠵᠶ᠋ᠠᠷ ᠳᠠᠮᠵᠢᠭᠤᠯᠤᠨ ᠲᠤᠰ ᠠᠶ᠋ᠢᠮᠠᠭ ᠬᠣᠲᠠ ᠵᠢᠨ ᠤᠷᠤᠯᠳᠤᠭ᠋ᠠᠨ᠎ᠳᠤ ᠣᠷᠣᠯᠴᠠᠭᠰᠠᠨ ᠪᠦᠲᠦᠭᠡᠯ᠎ᠢ ᠬᠢᠨᠠᠨ ᠲᠣᠭᠲᠠᠭ᠋ᠠᠵᠤ᠂ ᠰᠢᠯᠢᠳᠡᠭ ᠪᠦᠲᠦᠭᠡᠯ᠎ᠢ ᠰᠢᠯᠭ᠋ᠠᠷᠠᠭᠤᠯᠵᠤ ᠳᠠᠬᠢᠨ ᠬᠢᠨᠠᠯᠲᠠ᠎ᠳᠤ ᠣᠷᠣᠭᠤᠯᠤᠨ᠎ᠠ᠂ ᠠᠩᠬᠠᠨ᠎ᠤ ᠬᠢᠨᠠᠯᠲᠠ ᠵᠢᠨ ᠵᠦᠭᠯᠡᠭᠦᠷ᠎ᠢ ᠳᠠᠭ᠋ᠠᠯᠳᠤᠭᠤᠯᠤᠯ 7᠎ᠳᠤ ᠨᠠᠷᠢᠨ ᠦᠵᠡᠭᠡᠷᠡᠢ᠃ ᠡᠯ᠎ᠡ ᠠᠶ᠋ᠢᠮᠠᠭ ᠬᠣᠲᠠ ᠵᠢᠨ ᠳᠤᠰᠠᠭ᠋ᠠᠷ ᠳᠤᠭᠤᠶ᠋ᠢᠯᠠᠩ᠎ᠤᠨ ᠳᠠᠬᠢᠨ ᠬᠢᠨᠠᠯᠲᠠ ᠎ᠳᠤ ᠣᠷᠣᠯᠴᠠᠬᠤ ᠪᠦᠲᠦᠭᠡᠯ᠎ᠤᠨ ᠲᠣᠭ᠎ᠠ ᠵᠢ ᠲᠤᠰ ᠠᠶ᠋ᠢᠮᠠᠭ ᠬᠣᠲᠠ ᠵᠢᠨ ᠵᠣᠬᠢᠬᠤ ᠰᠤᠷᠤᠯᠭ᠎ᠠ ᠵᠢᠨ ᠱᠠᠲᠤᠨ᠎ᠤ ᠰᠤᠷᠭ᠋ᠠᠭᠤᠯᠢ ᠵᠢᠨ ᠲᠣᠭ᠋ᠠᠨ᠎ᠤ ᠪᠦᠬᠦ ᠣᠷᠣᠨ᠎ᠳᠤ ᠡᠵᠡᠯᠡᠬᠦ ᠬᠠᠷᠢᠴᠠᠯ ᠵᠶ᠋ᠠᠷ ᠬᠤᠪᠢᠶᠠᠷᠢᠯᠠᠵᠤ᠂ ᠪᠣᠳᠠᠲᠠᠢ ᠬᠤᠪᠢᠶᠠᠷᠢᠯᠠᠬᠤ ᠣᠷᠣᠨ ᠲᠣᠭ᠎ᠠ ᠵᠢ ᠳᠠᠭ᠋ᠠᠯᠳᠤᠭᠤᠯᠤᠯ 8᠎ᠳᠤ ᠨᠠᠷᠢᠨ           ᠦᠵᠡᠭᠡᠷᠡᠢ᠃ ᠡᠯ᠎ᠡ ᠠᠶ᠋ᠢᠮᠠᠭ ᠬᠣᠲᠠ ᠵᠢᠨ᠎ᠬᠢᠨ ᠳᠠᠬᠢᠨ ᠬᠢᠨᠠᠬᠤ᠎ᠳᠤ ᠣᠷᠣᠯᠴᠠᠬᠤ ᠪᠦᠲᠦᠭᠡᠯ᠎ᠳᠤ ᠬᠣᠰᠢᠭᠤ ᠰᠢᠶᠠᠨ᠂ ᠰᠢᠶᠠᠩ ᠪᠠᠯᠭ᠋ᠠᠰᠤ ᠵᠢᠴᠢ ᠲᠠᠷᠢᠶᠠᠯᠠᠬᠤ ᠮᠠᠯᠵᠢᠬᠤ ᠣᠷᠣᠨ᠎ᠤ ᠰᠤᠷᠭ᠋ᠠᠭᠤᠯᠢ ᠵᠢᠨ ᠪᠦᠲᠦᠭᠡᠯ᠎ᠤᠨ ᠶᠡᠷᠦᠩᠬᠡᠢ ᠲᠣᠭ᠎ᠠ ᠵᠢ 50%᠎ᠠᠴᠠ ᠲᠣᠣᠷ᠎ᠠ ᠪᠠᠢ᠌ᠯᠭ᠋ᠠᠵᠤ ᠪᠣᠯᠬᠤ ᠦᠭᠡᠢ ᠮᠥᠷᠲᠡᠭᠡᠨ ᠰᠢᠶᠠᠩ ᠪᠠᠯᠭ᠋ᠠᠰᠤ ᠵᠢᠴᠢ ᠲᠠᠷᠢᠶᠠᠯᠠᠬᠤ ᠮᠠᠯᠵᠢᠬᠤ ᠣᠷᠣᠨ᠎ᠤ ᠰᠤᠷᠭ᠋ᠠᠭᠤᠯᠢ ᠵᠢᠨ ᠪᠦᠲᠦᠭᠡᠯ᠎ᠤᠨ ᠶᠡᠷᠦᠩᠬᠡᠢ ᠲᠣᠭ᠎ᠠ ᠵᠢ 20%᠎ᠠᠴᠠ ᠲᠣᠣᠷ᠎ᠠ  ᠪᠠᠢ᠌ᠯᠭ᠋ᠠᠵᠤ ᠪᠣᠯᠬᠤ ᠦᠭᠡᠢ᠃ ᠠᠩᠬᠠᠨ ᠎ᠤ ᠬᠢᠨᠠᠯᠲᠠ ᠵᠢᠨ ᠦᠷ᠎ᠡ ᠳ᠋ᠦᠩ᠎ᠢ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠳᠣᠪᠴᠢᠶᠠᠨ᠎ᠤ ᠠᠯᠪᠠᠨ ᠰᠦᠯᠵᠢᠶᠡᠨ᠎ᠳᠤ 3 ᠡᠳᠦᠷ ᠢᠯᠡ ᠨᠡᠢ᠌ᠲᠡᠯᠡᠨ᠎ᠡ᠃
      4. ᠤᠷᠤᠯᠳᠤᠭ᠋ᠠᠨ᠎ᠤ ᠳᠠᠬᠢᠨ ᠬᠢᠨᠠᠯᠲᠠ᠃ 2024 ᠣᠨ᠎ᠤ 9 ᠰᠠᠷ᠎ᠠ ᠵᠢᠨ 29᠎ᠤ ᠡᠳᠦᠷ᠎ᠠᠴᠠ ᠡᠮᠦᠨ᠎ᠡ᠂ ᠵᠣᠬᠢᠶᠠᠨ ᠪᠠᠶ᠋ᠢᠭᠤᠯᠬᠤ ᠵᠦᠪᠯᠡᠯ ᠥᠪᠥᠷ ᠮᠣᠩᠭᠣᠯ ᠪᠣᠯᠤᠨ ᠪᠡᠭᠡᠵᠢᠩ᠎ᠠᠴᠠ ᠢᠷᠡᠭᠰᠡᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯᠲᠡᠨ᠂ ᠨᠢᠭᠡᠳᠦᠭᠡᠷ ᠹᠷᠣᠨᠲ ᠎ᠤᠨ ᠵᠢᠭ᠋ᠠᠬᠤ ᠵᠢ ᠰᠤᠳᠤᠯᠤᠭᠴᠢ ᠪᠣᠯᠤᠨ ᠨᠡᠷᠡᠲᠦ ᠪᠠᠭᠰᠢ ᠵᠢ ᠰᠢᠯᠭ᠋ᠠᠷᠠᠭᠤᠯᠵᠤ ᠳᠠᠬᠢᠨ ᠬᠢᠨᠠᠯᠲᠠ ᠬᠢᠬᠦ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠤᠨ᠎ᠠ᠃ 2024 ᠣᠨ ᠎ᠤ 9 ᠰᠠᠷ᠎ᠠ ᠵᠢᠨ 29 - 10 ᠰᠠᠷ᠎ᠠ ᠵᠢᠨ 15᠎ᠤ ᠡᠳᠦᠷ ᠪᠣᠯᠲᠠᠯ᠎ᠠ᠂ ᠳᠠᠬᠢᠨ ᠬᠢᠨᠠᠯᠲᠠ ᠬᠢᠬᠦ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ ᠲᠠᠪᠴᠠᠩ ᠵᠶ᠋ᠠᠷ ᠳᠠᠮᠵᠢᠭᠤᠯᠤᠨ ᠪᠡᠭᠡᠵᠢᠩ ᠥᠪᠥᠷ ᠮᠣᠩᠭᠣᠯ᠎ᠤᠨ ᠳᠠᠬᠢᠨ ᠬᠢᠨᠠᠯᠲᠠ᠎ᠳᠤ ᠣᠷᠣᠬᠤ ᠪᠦᠲᠦᠭᠡᠯ᠎ᠢ ᠬᠢᠨᠠᠨ ᠲᠣᠭᠲᠠᠭ᠋ᠠᠵᠤ᠂ ᠨᠢᠭᠡᠳᠦᠭᠡᠷ ᠳᠡᠰ᠎ᠤᠨ ᠱᠠᠩᠨᠠᠯ᠂ ᠬᠣᠶᠠᠳᠤᠭ᠋ᠠᠷ ᠳᠡᠰ᠎ᠤᠨ ᠱᠠᠩᠨᠠᠯ᠂ ᠭᠤᠷᠪᠠᠳᠤᠭ᠋ᠠᠷ ᠳᠡᠰ᠎ᠤᠨ ᠱᠠᠩᠨᠠᠯ ᠵᠢᠴᠢ ᠰᠢᠯᠢᠳᠡᠭ ᠱᠠᠩᠨᠠᠯ᠎ᠢ           ᠰᠢᠯᠭ᠋ᠠᠷᠠᠭᠤᠯᠤᠨ᠎ᠠ᠃ ᠳᠠᠬᠢᠨ ᠬᠢᠨᠠᠭᠰᠠᠨ ᠦᠷ᠎ᠡ ᠳ᠋ᠦᠩ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠠᠯᠪᠠᠨ ᠰᠦᠯᠵᠢᠶᠡᠨ᠎ᠳᠤ 5 ᠡᠳᠦᠷ ᠢᠯᠡ ᠨᠡᠢ᠌ᠲᠡᠯᠡᠨ᠎ᠡ᠃
      5. ᠠᠬᠤᠢ ᠲᠠᠯᠠᠪᠠᠢ ᠵᠢᠨ ᠦᠵᠡᠭᠦᠯᠭᠡ᠃ 2024 ᠣᠨ᠎ᠤ 10 ᠰᠠᠷ᠎ᠠ ᠵᠢᠨ ᠬᠣᠷᠢᠳ᠎ᠲᠤ᠂ ᠵᠣᠬᠢᠶᠠᠨ ᠪᠠᠶ᠋ᠢᠭᠤᠯᠬᠤ ᠺᠣᠮᠢᠰ᠎ᠠᠴᠠ ᠨᠢᠭᠡᠳᠦᠭᠡᠷ ᠳᠡᠰ᠎ᠤᠨ ᠱᠠᠩᠨᠠᠯ᠎ᠤᠨ ᠰᠢᠯᠢᠳᠡᠭ ᠪᠦᠲᠦᠭᠡᠯ᠎ᠢ ᠤᠷᠢᠵᠤ ᠠᠬᠤᠢ ᠲᠠᠯᠠᠪᠠᠢ᠎ᠳᠤ ᠳᠡᠯᠭᠡᠨ ᠦᠵᠡᠭᠦᠯᠵᠦ᠂ ᠲᠤᠰᠬᠠᠢ ᠮᠡᠷᠭᠡᠵᠢᠯᠲᠡᠨ᠎ᠢ ᠤᠷᠢᠵᠤ ᠠᠬᠤᠢ ᠲᠠᠯᠠᠪᠠᠢ᠎ᠳᠤ ᠦᠨᠡᠯᠡᠯᠲᠡ ᠬᠢᠯᠭᠡᠬᠦ ᠵᠢᠨ ᠬᠠᠮᠲᠤ ᠱᠠᠩᠨᠠᠯ ᠣᠯᠤᠭᠰᠠᠨ ᠪᠠᠭᠰᠢ ᠵᠢᠨ ᠲᠥᠯᠥᠭᠡᠯᠡᠭᠴᠢᠳ᠎ᠲᠤ ᠢᠷᠠᠭᠤ ᠠᠯᠳᠠᠷ᠎ᠤᠨ ᠦᠨᠡᠮᠯᠡᠯ ᠣᠯᠭᠣᠵᠤ᠂ ᠪᠣᠳᠠᠲᠠᠢ ᠲᠣᠬᠢᠷᠠᠭᠤᠯᠤᠯᠲᠠ ᠵᠢ  ᠠᠰ᠎ᠲᠤ᠎ᠨᠢ ᠮᠡᠳᠡᠭᠳᠡᠨ᠎ᠡ᠃
      ᠭᠤᠷᠪᠠ᠂ ᠤᠷᠤᠯᠳᠤᠭ᠋ᠠᠨ᠎ᠤ ᠦᠷ᠎ᠡ ᠳ᠋ᠦᠩ
      ᠡᠨᠡ ᠤᠳᠠᠭ᠋ᠠᠨ᠎ᠤ ᠤᠷᠤᠯᠳᠤᠭ᠋ᠠᠨ᠎ᠳᠤ ᠨᠢᠭᠡᠳᠦᠭᠡᠷ ᠳᠡᠰ᠎ᠤᠨ ᠱᠠᠩᠨᠠᠯ᠂ ᠬᠣᠶᠠᠳᠤᠭ᠋ᠠᠷ ᠳᠡᠰ᠎ᠤᠨ ᠱᠠᠩᠨᠠᠯ᠂ ᠭᠤᠷᠪᠠᠳᠤᠭ᠋ᠠᠷ ᠳᠡᠰ᠎ᠤᠨ ᠱᠠᠩᠨᠠᠯ ᠵᠢᠴᠢ ᠰᠢᠯᠢᠳᠡᠭ ᠱᠠᠩᠨᠠᠯ᠎ᠢ ᠳᠣᠭᠲᠠᠭ᠋ᠠᠵᠤ᠂ ᠵᠣᠬᠢᠶᠠᠨ ᠪᠠᠶ᠋ᠢᠭᠤᠯᠬᠤ ᠵᠦᠪᠯᠡᠯ ᠤᠷᠤᠯᠳᠤᠭ᠋ᠠᠨ᠎ᠤ ᠪᠠᠶ᠋ᠢᠳᠠᠯ᠎ᠢ ᠦᠨᠳᠦᠰᠦᠯᠡᠨ ᠡᠴᠦᠰ᠎ᠤᠨ ᠱᠠᠩᠨᠠᠯ ᠬᠦᠷᠲᠡᠬᠦ ᠬᠠᠷᠢᠴᠠᠯ ᠪᠠ ᠱᠠᠩᠨᠠᠯ ᠬᠦᠷᠲᠡᠬᠦ ᠨᠡᠷᠡᠰ᠎ᠢ ᠲᠣᠭᠲᠠᠭ᠋ᠠᠨ᠎ᠠ᠃ ᠨᠢᠭᠡᠳᠦᠭᠡᠷ ᠳᠡᠰ᠎ᠤᠨ ᠱᠠᠩᠨᠠᠯ᠂ ᠬᠣᠶᠠᠳᠤᠭ᠋ᠠᠷ ᠳᠡᠰ᠎ᠤᠨ ᠱᠠᠩᠨᠠᠯ᠂ ᠭᠤᠷᠪᠠᠳᠤᠭ᠋ᠠᠷ ᠳᠡᠰ᠎ᠤᠨ ᠱᠠᠩᠨᠠᠯ ᠬᠦᠷᠲᠡᠭᠰᠡᠳ᠎ᠲᠤ ᠢᠷᠠᠭᠤ ᠠᠯᠳᠠᠷ᠎ᠤᠨ ᠦᠨᠡᠮᠯᠡᠯ ᠣᠯᠭᠣᠵᠤ᠂ ᠢᠷᠠᠭᠤ ᠠᠯᠳᠠᠷ᠎ᠤᠨ ᠦᠨᠡᠮᠯᠡᠯ᠎ᠢ ᠪᠡᠭᠡᠵᠢᠩ ᠬᠣᠲᠠ ᠵᠢᠨ ᠰᠤᠷᠭ᠋ᠠᠨ ᠬᠥᠮᠦᠵᠢᠯ᠎ᠤᠨ ᠵᠥᠪᠯᠡᠯ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠬᠠᠮᠲᠤᠷᠠᠨ ᠳᠠᠷᠤᠮᠠᠯᠯᠠᠨ ᠲᠠᠷᠬᠠᠭ᠋ᠠᠨ᠎ᠠ᠃ ᠡᠭᠦᠨ᠎ᠠᠴᠠ ᠭᠠᠳᠠᠨ᠎ᠠ᠂ ᠨᠢᠭᠡᠳᠦᠭᠡᠷ ᠳᠡᠰ᠎ᠤᠨ ᠱᠠᠩᠨᠠᠯ᠎ᠤᠨ ᠪᠦᠲᠦᠭᠡᠯ᠎ᠤᠨ ᠰᠢᠯᠢᠳᠡᠭ᠎ᠢ ᠰᠣᠩᠭᠣᠵᠤ ᠲᠠᠪᠴᠠᠩ ᠪᠠ ᠪᠦᠬᠦ ᠰᠦᠯᠵᠢᠶ᠎ᠡ᠎ᠪᠠᠷ ᠳᠡᠯᠭᠡᠷᠡᠭᠦᠯᠦᠨ ᠨᠡᠪᠲᠡᠷᠡᠭᠦᠯᠵᠦ᠂ ᠱᠠᠩᠨᠠᠯ ᠣᠯᠤᠭᠰᠠᠨ ᠰᠢᠯᠢᠳᠡᠭ ᠪᠠᠭᠰᠢ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠣᠬᠢᠶᠠᠨ ᠪᠠᠶ᠋ᠢᠭᠤᠯᠤᠭᠰᠠᠨ ᠬᠠᠮᠢᠶ᠎ᠠ ᠪᠦᠬᠦᠢ ᠠᠵᠢᠯᠯᠠᠭ᠎ᠠ᠎ᠳᠤ ᠤᠷᠢᠭᠳᠠᠨ ᠣᠷᠣᠯᠴᠠᠵᠤ ᠳᠡᠯᠭᠡᠨ ᠦᠵᠡᠭᠦᠯᠬᠦ ᠪᠣᠯᠤᠨ᠎ᠠ᠃
      ᠳᠥᠷᠪᠡ᠂ ᠠᠵᠢᠯ᠎ᠤᠨ ᠱᠠᠭ᠋ᠠᠷᠳᠠᠯᠭ᠎ᠠ
      (ᠨᠢᠭᠡ) ᠨᠠᠷᠢᠨ ᠨᠢᠮᠪᠠᠢ ᠵᠣᠬᠢᠶᠠᠨ ᠪᠠᠢ᠌ᠭᠤᠯᠤᠨ᠎ᠠ᠃ ᠡᠨᠡ ᠤᠳᠠᠭ᠋ᠠᠨ᠎ᠤ ᠤᠷᠤᠯᠳᠤᠭ᠋ᠠᠨ ᠪᠣᠯ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠠᠮᠲᠤᠷᠠᠨ ᠡᠷᠬᠢᠯᠡᠭᠰᠡᠨ ᠲᠣᠮᠣ ᠬᠡᠯᠪᠡᠷᠢ ᠵᠢᠨ ᠤᠷᠤᠯᠳᠤᠭ᠋ᠠᠨ᠂ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ  ᠬᠠᠮᠵᠢᠯᠴᠠᠭ᠋ᠠᠨ᠎ᠤ 《ᠭᠤᠷᠪᠠᠨ ᠨᠢᠭᠡ · ᠭᠤᠷᠪᠠᠨ ᠠᠳᠠᠯᠢ》 ᠰᠢᠨ᠎ᠡ ᠵᠠᠭᠪᠤᠷ᠎ᠤᠨ ᠴᠢᠬᠤᠯᠠ ᠠᠭᠤᠯᠭ᠎ᠠ᠂ ᠪᠡᠭᠡᠵᠢᠩ ᠥᠪᠥᠷ ᠮᠣᠩᠭᠣᠯ᠎ᠤᠨ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ ᠴᠢᠬᠤᠯᠠ ᠲᠠᠪᠴᠠᠩ ᠮᠥᠨ᠃ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ  ᠪᠡᠶ᠎ᠡ ᠵᠢᠨ ᠲᠠᠮᠢᠷ)᠎ᠤᠨ ᠲᠣᠪᠴᠢᠶ᠎ᠠ ᠤᠷᠤᠯᠳᠤᠭ᠋ᠠᠨ᠎ᠤ ᠠᠵᠢᠯᠯᠠᠭ᠎ᠠ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠤᠷᠤᠯᠳᠤᠭ᠋ᠠᠨ᠎ᠳᠤ ᠨᠡᠷ᠎ᠡ ᠮᠡᠳᠡᠭᠦᠯᠬᠦ ᠪᠠ ᠠᠩᠬᠠᠨ᠎ᠤ ᠬᠢᠨᠠᠯᠲᠠ ᠬᠢᠬᠦ ᠠᠵᠢᠯ᠎ᠢ ᠨᠠᠷᠢᠨ ᠬᠢᠨᠠᠮᠠᠭ᠋ᠠᠢ ᠵᠣᠬᠢᠶᠠᠨ ᠪᠠᠶ᠋ᠢᠭᠤᠯᠵᠤ᠂ ᠤᠷᠤᠯᠳᠤᠭ᠋ᠠᠨ᠎ᠢ ᠴᠠᠭ ᠲᠤᠬᠠᠢ᠎ᠳᠤ᠎ᠨᠢ ᠬᠣᠰᠢᠭᠤ ᠰᠢᠶᠠᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ᠎ᠤᠨ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ᠎ᠳᠤ ᠳᠠᠮᠵᠢᠭᠤᠯᠤᠨ ᠲᠠᠷᠬᠠᠭ᠋ᠠᠵᠤ᠂ ᠤᠷᠤᠯᠳᠤᠭ᠋ᠠᠨ᠎ᠢ ᠤᠷᠤᠭᠰᠢᠲᠠᠢ  ᠥᠷᠨᠢᠭᠦᠯᠬᠦ ᠵᠢ ᠦᠨᠡᠨ ᠬᠦ᠌ ᠪᠠᠲᠤᠯᠠᠬᠤ ᠪᠠᠲᠤᠯᠠᠨ᠎ᠠ᠃
      (ᠬᠣᠶᠠᠷ) ᠥᠷᠭᠡᠨ ᠬᠡᠪᠴᠢᠶᠡᠨ᠎ᠳᠤ ᠰᠢᠯᠭ᠋ᠠᠷᠠᠭᠤᠯᠤᠨ᠎ᠠ᠃ ᠡᠯ᠎ᠡ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠋ᠠᠨ᠎ᠤ ᠠᠵᠠ ᠲᠣᠬᠢᠶᠠᠯ᠎ᠢ ᠠᠳᠬᠤᠵᠤ᠂ ᠤᠷᠤᠯᠳᠤᠭ᠋ᠠᠨ ᠵᠶ᠋ᠠᠷ ᠭᠠᠷᠳᠠᠴᠠ ᠪᠣᠯᠭ᠋ᠠᠨ᠂ ᠲᠣᠭ᠋ᠠᠵᠢᠭᠤᠯᠤᠭᠰᠠᠨ ᠴᠠᠭ ᠦᠶ᠎ᠡ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠲᠤᠰ ᠰᠤᠷᠭ᠋ᠠᠭᠤᠯᠢ ᠵᠢᠨ ᠭᠣᠣᠯᠯᠠᠭᠴᠢ ᠪᠠᠭᠰᠢ ᠵᠢᠨ ᠡᠩᠨᠡᠭᠡ ᠵᠢ ᠬᠥᠮᠦᠵᠢᠭᠦᠯᠬᠦ᠎ᠪᠠᠷ ᠬᠠᠷᠠᠯᠲᠠ ᠪᠣᠯᠭ᠋ᠠᠨ᠂ ᠪᠠᠭᠰᠢ ᠵᠢ ᠢᠳᠡᠪᠬᠢᠲᠡᠢ ᠵᠣᠬᠢᠶᠠᠨ ᠪᠠᠶ᠋ᠢᠭᠤᠯᠤᠨ ᠤᠷᠤᠯᠳᠤᠭ᠋ᠠᠨ᠎ᠳᠤ ᠣᠷᠣᠯᠴᠠᠭᠤᠯᠵᠤ᠂ ᠪᠠᠭᠰᠢ ᠨᠠᠷ᠎ᠤᠨ ᠤᠷᠤᠯᠳᠤᠭ᠋ᠠᠨ᠎ᠳᠤ ᠣᠷᠣᠯᠴᠠᠬᠤ ᠵᠢ ᠵᠢᠯᠣᠭᠣᠳᠬᠤ ᠵᠢᠨ ᠬᠠᠮᠲᠤ ᠮᠡᠷᠭᠡᠵᠢᠯ᠂ ᠲᠠᠯᠠᠪᠤᠷ ᠵᠡᠷᠭᠡ ᠴᠢᠬᠤᠯᠠ ᠪᠦᠬᠦᠢ ᠳᠡᠮᠵᠢᠯᠭᠡ ᠬᠠᠩᠭ᠋ᠠᠨ᠎ᠠ᠃
      (ᠭᠤᠷᠪᠠ) ᠪᠣᠭᠣᠮᠲᠠ ᠵᠢ ᠴᠢᠩᠭ᠎ᠠ ᠠᠳᠬᠤᠨ᠎ᠠ᠃ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ ᠪᠣᠯᠤᠨ ᠡᠯ᠎ᠡ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ ᠤᠷᠤᠯᠳᠤᠭ᠋ᠠᠨ᠎ᠳᠤ ᠣᠷᠣᠯᠴᠠᠬᠤ ᠪᠠᠭᠰᠢ ᠵᠢᠨ ᠮᠣᠷᠠᠯ ᠰᠤᠷᠲᠠᠯ ᠪᠣᠯᠤᠨ ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠤᠨ ᠠᠭᠤᠯᠭ᠎ᠠ ᠵᠢ ᠬᠢᠨᠠᠨ ᠪᠠᠶ᠋ᠢᠴᠠᠭ᠋ᠠᠬᠤ ᠪᠣᠭᠣᠮᠲᠠ ᠵᠢ ᠴᠢᠩᠭ᠎ᠠ ᠠᠳᠬᠤᠨ᠂ ᠪᠠᠭᠰᠢ ᠵᠢᠨ ᠮᠣᠷᠠᠯ ᠰᠤᠷᠲᠠᠯ᠎ᠢ ᠵᠦᠷᠢᠴᠡᠵᠦ ᠪᠣᠯᠬᠤ ᠦᠭᠡᠢ᠃ ᠳᠡᠭᠡᠭᠰᠢ ᠲᠤᠰᠢᠶᠠᠭᠰᠠᠨ ᠤᠷᠤᠯᠳᠤᠭ᠋ᠠᠨ᠎ᠳᠤ ᠣᠷᠣᠯᠴᠠᠬᠤ ᠪᠦᠲᠦᠭᠡᠯ ᠡᠷᠬᠡᠪᠰᠢ ᠠᠩᠬᠠᠨ᠎ᠤ ᠡᠭᠦᠳᠦᠯᠲᠡ ᠵᠢᠨ ᠴᠢᠨᠠᠷ᠂ ᠦᠨᠡᠨ ᠪᠣᠳᠠᠲᠤ ᠴᠢᠨᠠᠷ᠎ᠢ ᠪᠠᠲᠤᠯᠠᠨ᠎ᠠ᠂ ᠬᠠᠭᠤᠯᠬᠤ ᠪᠤᠶᠤ ᠪᠤᠰᠤᠳ᠎ᠤᠨ ᠪᠦᠲᠦᠭᠡᠯ᠎ᠢ ᠬᠤᠯᠠᠭ᠋ᠠᠢ᠌ᠯᠠᠵᠤ ᠪᠣᠯᠬᠤ ᠦᠭᠡᠢ᠂ ᠬᠡᠷᠪᠡ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ ᠪᠤᠶᠤ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠣᠯᠪᠣᠭᠳᠠᠬᠤ ᠵᠢᠭᠤᠷᠠᠯᠳᠤᠭ᠋ᠠᠨ᠎ᠲᠠᠢ ᠪᠣᠯ ᠤᠷᠤᠯᠳᠤᠭ᠋ᠠᠨ᠎ᠳᠤ ᠣᠷᠣᠯᠴᠠᠬᠤ ᠪᠠᠭᠰᠢ ᠥᠪᠡᠷ ᠵᠶ᠋ᠠᠨ ᠵᠣᠬᠢᠬᠤ ᠬᠠᠷᠢᠭᠤᠴᠠᠯᠭ᠎ᠠ ᠵᠢ ᠡᠭᠦᠷᠭᠡᠯᠡᠨ᠎ᠡ᠃  ᠬᠠᠭᠤᠷᠮᠠᠭ ᠵᠣᠬᠢᠶᠠᠭᠰᠠᠨ᠎ᠢ ᠣᠯᠵᠤ ᠮᠡᠳᠡᠪᠡᠯ᠂ ᠵᠣᠬᠢᠶᠠᠨ ᠪᠠᠶ᠋ᠢᠭᠤᠯᠬᠤ ᠵᠦᠪᠯᠡᠯ ᠲᠡᠳᠡᠨ᠎ᠤ ᠤᠷᠤᠯᠳᠤᠭ᠋ᠠᠨ᠎ᠳᠤ ᠣᠷᠣᠯᠴᠠᠬᠤ ᠬᠢᠷᠢ ᠭᠡᠮ᠎ᠢ ᠬᠦᠴᠦᠨ ᠦᠭᠡᠢ ᠪᠣᠯᠭ᠋ᠠᠬᠤ ᠵᠢᠨ ᠬᠠᠮᠲᠤ ᠬᠠᠷᠢᠶ᠎ᠠ ᠭᠠᠵᠠᠷ᠎ᠤᠨ ᠠᠶ᠋ᠢᠮᠠᠭ ᠬᠣᠲᠠ ᠵᠢᠨ ᠰᠤᠷᠭ᠋ᠠᠨ ᠬᠥᠮᠥᠵᠢᠯ (ᠰᠤᠷᠭ᠋ᠠᠨ ᠬᠥᠮᠦᠵᠢᠯ ᠪᠡᠶ᠎ᠡ  ᠵᠢᠨ ᠲᠠᠮᠢᠷ)᠎ᠤᠨ ᠲᠣᠪᠴᠢᠶ᠎ᠠ᠎ᠳᠤ ᠮᠡᠳᠡᠭᠳᠡᠨ᠎ᠡ᠃
      ᠵᠣᠬᠢᠶᠠᠨ ᠪᠠᠶ᠋ᠢᠭᠤᠯᠬᠤ  ᠵᠦᠪᠯᠡᠯ᠎ᠤᠨ ᠬᠠᠷᠢᠯᠴᠠᠬᠤ ᠬᠥᠮᠦᠨ᠄ ᠯᠢ ᠢ ᠹᠧᠩ
      ᠬᠠᠷᠢᠯᠴᠠᠬᠤ ᠤᠲᠠᠰᠤ᠄ 010-88512948᠂ 13699236693
      ᠢᠮᠧᠯ᠄ 3629@cnu.edu.cn
      ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠠᠷᠢᠯᠴᠠᠬᠤ ᠬᠥᠮᠦᠨ᠄ ᠰᠢᠦᠢ ᠽᠢ ᠵᠢᠶᠠᠨ᠂ ᠢᠦᠢ ᠵᠢᠶᠧ
      ᠬᠠᠷᠢᠯᠴᠠᠬᠤ ᠤᠲᠠᠰᠤ᠄ 0471 - 2857134


      ᠳᠠᠭ᠋ᠠᠯᠳᠤᠭᠤᠯᠤᠯ   
      1. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠳᠤ ᠨᠡᠷ᠎ᠡ ᠮᠡᠳᠡᠭᠦᠯᠬᠦ ᠵᠢᠴᠢ ᠬᠠᠷᠢᠯᠴᠠᠬᠤ ᠬᠣᠶᠠᠷ ᠬᠡᠮᠵᠢᠯᠳᠦ ᠺᠣᠳ᠋
      2. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠵᠢᠨ ᠬᠦᠰᠦᠨᠦᠭᠲᠦ
      3. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠬᠠᠷᠢᠯᠴᠠᠬᠤ ᠬᠦᠰᠦᠨᠦᠭᠲᠦ
      4. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠪᠦᠲᠦᠭᠡᠯ᠎ᠤᠨ ᠸᠢᠳᠢᠤ᠋ ᠵᠢᠨ ᠱᠠᠭ᠋ᠠᠷᠳᠠᠯᠭ᠎ᠠ
      5. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠣᠩᠬᠣ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠵᠢᠭ᠋ᠠᠨ ᠰᠤᠷᠭ᠋ᠠᠯᠲᠠ ᠵᠢᠨ ᠪᠢᠴᠢᠭ ᠮᠠᠲ᠋ᠧᠷᠢᠶᠠᠯ᠎ᠤᠨ ᠵᠠᠭᠪᠤᠷ
      6. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠪᠦᠲᠦᠭᠡᠯ᠎ᠢ ᠲᠤᠰᠢᠶᠠᠬᠤ ᠵᠦᠭᠯᠡᠭᠦᠷ
      7. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠠᠩᠬᠠᠨ᠎ᠤ ᠬᠢᠨᠠᠯᠲᠠ ᠵᠢᠨ ᠵᠦᠭᠯᠡᠭᠦᠷ
      8. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠡᠯ᠎ᠡ ᠠᠶ᠋ᠢᠮᠠᠭ ᠬᠣᠲᠠ ᠵᠢᠨ ᠳᠠᠬᠢᠨ ᠬᠢᠨᠠᠭᠰᠠᠨ ᠣᠷᠣᠨ ᠲᠣᠭ᠎ᠠ ᠵᠢᠨ ᠬᠤᠪᠢᠶᠠᠷᠢᠯᠠᠯᠲᠠ ᠵᠢᠨ ᠬᠦᠰᠦᠨᠦᠭᠲᠦ


        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
               2024 ᠣᠨ᠎ᠤ 8 ᠰᠠᠷ᠎ᠠ ᠵᠢᠨ 23᠎ᠤ ᠡᠳᠦᠷ


   
ᠳᠠᠭ᠋ᠠᠯᠳᠤᠭᠤᠯᠤᠯ 1᠄ 1. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠳᠤ ᠨᠡᠷ᠎ᠡ ᠮᠡᠳᠡᠭᠦᠯᠬᠦ ᠵᠢᠴᠢ ᠬᠠᠷᠢᠯᠴᠠᠬᠤ ᠬᠣᠶᠠᠷ ᠬᠡᠮᠵᠢᠯᠳᠦ ᠺᠣᠳ᠋ .docx
ᠳᠠᠭ᠋ᠠᠯᠳᠤᠭᠤᠯᠤᠯ 2᠄ 2. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠵᠢᠨ ᠬᠦᠰᠦᠨᠦᠭᠲᠦ .docx
ᠳᠠᠭ᠋ᠠᠯᠳᠤᠭᠤᠯᠤᠯ 3᠄ 3. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠬᠠᠷᠢᠯᠴᠠᠬᠤ ᠬᠦᠰᠦᠨᠦᠭᠲᠦ .docx
ᠳᠠᠭ᠋ᠠᠯᠳᠤᠭᠤᠯᠤᠯ 4᠄ 4. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠪᠦᠲᠦᠭᠡᠯ᠎ᠤᠨ ᠸᠢᠳᠢᠤ᠋ ᠵᠢᠨ ᠱᠠᠭ᠋ᠠᠷᠳᠠᠯᠭ᠎ᠠ .docx
ᠳᠠᠭ᠋ᠠᠯᠳᠤᠭᠤᠯᠤᠯ 5᠄ 5. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠣᠩᠬᠣ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠵᠢᠭ᠋ᠠᠨ ᠰᠤᠷᠭ᠋ᠠᠯᠲᠠ ᠵᠢᠨ ᠪᠢᠴᠢᠭ ᠮᠠᠲ᠋ᠧᠷᠢᠶᠠᠯ᠎ᠤᠨ ᠵᠠᠭᠪᠤᠷ .docx
ᠳᠠᠭ᠋ᠠᠯᠳᠤᠭᠤᠯᠤᠯ 6᠄ 6. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠪᠦᠲᠦᠭᠡᠯ᠎ᠢ ᠲᠤᠰᠢᠶᠠᠬᠤ ᠵᠦᠭᠯᠡᠭᠦᠷ .docx
ᠳᠠᠭ᠋ᠠᠯᠳᠤᠭᠤᠯᠤᠯ 7᠄ 7. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠠᠩᠬᠠᠨ᠎ᠤ ᠬᠢᠨᠠᠯᠲᠠ ᠵᠢᠨ ᠵᠦᠭᠯᠡᠭᠦᠷ .docx
ᠳᠠᠭ᠋ᠠᠯᠳᠤᠭᠤᠯᠤᠯ 8᠄ 8. ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠡᠯ᠎ᠡ ᠠᠶ᠋ᠢᠮᠠᠭ ᠬᠣᠲᠠ ᠵᠢᠨ ᠳᠠᠬᠢᠨ ᠬᠢᠨᠠᠭᠰᠠᠨ ᠣᠷᠣᠨ ᠲᠣᠭ᠎ᠠ ᠵᠢᠨ ᠬᠤᠪᠢᠶᠠᠷᠢᠯᠠᠯᠲᠠ ᠵᠢᠨ ᠬᠦᠰᠦᠨᠦᠭᠲᠦ .docx


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ᠎ᠳᠤ ᠭᠤᠸ᠎ᠠ ᠰᠠᠶ᠋ᠢᠬᠠᠨ᠎ᠤ ᠬᠥᠮᠦᠵᠢᠯ᠎ᠢ ᠠᠭᠤᠰᠬᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠯᠣᠭᠣᠳᠬᠤ ᠰᠠᠨᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠪᠦᠢ᠍ᠺᠦ ᠪᠥᠮᠪᠥᠭᠡᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠵᠦᠢ᠍ᠯᠡᠰ᠎ᠤᠨ ᠭᠠᠷᠴᠠᠭ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
 
             蒙ICP备05000248号