ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠪᠠ ᠡᠯᠰᠡᠨ ᠠᠪᠬᠤ ᠠᠵᠢᠯ᠎ᠤᠨ ᠬᠡᠷᠡᠭᠵᠢᠭᠦᠯᠬᠦ ᠲᠥᠰᠦᠯ
ᠨᠡᠶ᠋ᠢᠲᠡᠯᠡᠭᠰᠡᠨ ᠴᠠᠭ᠄ 2025-01-24

《ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ》 (ᠲᠥᠷᠥ ᠲᠠᠷᠬᠠᠭ᠋ᠠᠭᠰᠠᠨ [2014] 35 ᠳ᠋ᠤᠭ᠋ᠠᠷ ᠲᠣᠭ᠋ᠠᠲᠤ)᠂ ᠰᠤᠷᠭ᠋ᠠᠨ ᠬᠥᠮᠦᠵᠢᠯ᠎ᠤᠨ ᠶᠠᠮᠤᠨ᠎ᠤ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠬᠡᠷᠡᠭᠵᠢᠭᠦᠯᠬᠦ ᠲᠥᠰᠦᠯ》 (ᠥᠪᠥᠷ ᠵᠠᠰᠠᠭ ᠲᠠᠷᠬᠠᠭ᠋ᠠᠭᠰᠠᠨ [2022] 18 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠶᠣᠰᠣᠭ᠋ᠠᠷ᠂ ᠪᠦᠬᠦ ᠣᠷᠣᠨ᠎ᠤ 2025 ᠣᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠪᠠ ᠡᠯᠰᠡᠨ ᠠᠪᠬᠤ ᠠᠵᠢᠯ᠎ᠢ ᠰᠠᠶ᠋ᠢᠲᠤᠷ ᠬᠢᠬᠦ ᠵᠢᠨ ᠲᠥᠯᠦᠭᠡ᠂ ᠲᠤᠰ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃

ᠨᠢᠭᠡ᠂ ᠶᠡᠷᠦᠩᠬᠡᠢ ᠱᠠᠭ᠋ᠠᠷᠳᠠᠯᠭ᠎ᠠ

ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠂ ᠬᠣᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢᠴᠢ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ ᠪᠣᠯᠤᠨ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ᠎ᠤᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠨ᠂ ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠨᠡᠯᠡᠯᠲᠡ ᠪᠣᠯᠤᠨ ᠰᠢᠯᠭ᠋ᠠᠯᠲᠠ᠎ᠪᠠᠷ ᠰᠤᠷᠤᠭᠴᠢ ᠡᠯᠰᠡᠬᠦ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠤᠷᠤᠭᠴᠢᠳ᠎ᠤᠨ ᠡᠷᠡᠭᠦᠯ ᠵᠶ᠋ᠠᠷ ᠬᠥᠭᠵᠢᠬᠦ᠂ ᠰᠢᠨᠵᠢᠯᠡᠬᠦ ᠤᠬᠠᠭ᠋ᠠᠨᠴᠢ᠎ᠪᠠᠷ ᠴᠢᠳᠠᠪᠤᠷᠢᠲᠠᠨ ᠰᠣᠩᠭᠣᠬᠤ᠂ ᠨᠡᠶ᠋ᠢᠭᠡᠮ᠎ᠤᠨ ᠡᠷᠬᠡ ᠲᠡᠭᠰᠢ ᠵᠢ ᠬᠠᠮᠠᠭ᠋ᠠᠯᠠᠬᠤ᠎ᠳᠤ ᠠᠰᠢᠭ᠎ᠲᠠᠢ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠳᠦᠷᠢᠮ᠎ᠢ ᠲᠡᠭᠦᠯᠳᠡᠷᠵᠢᠭᠦᠯᠵᠦ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠨ᠎ᠡ᠃

ᠬᠣᠶᠠᠷ᠂ ᠰᠢᠯᠭ᠋ᠠᠯᠲᠠ ᠵᠢᠨ ᠪᠠᠢ᠌ᠷᠢᠯᠠᠭᠤᠯᠤᠯᠲᠠ

(ᠨᠢᠭᠡ) ᠰᠢᠯᠭ᠋ᠠᠬᠤ ᠬᠢᠴᠢᠶᠡᠯ ᠲᠥᠷᠥᠯ᠃ 《3+1+2》 ᠵᠠᠭᠪᠤᠷ᠎ᠢ ᠬᠡᠷᠡᠭᠵᠢᠭᠦᠯᠦᠨ᠎ᠡ᠂ ᠲᠤᠬᠠᠶ᠋ᠢᠯᠠᠪᠠᠯ᠂ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ (ᠳᠣᠷᠣᠭᠰᠢ 《ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ》 ᠭᠡᠵᠦ ᠳᠦᠭᠦᠮᠴᠢᠯᠡᠨ᠎ᠡ) ᠵᠢᠨ 3 ᠬᠢᠴᠢᠶᠡᠯ ᠲᠥᠷᠦᠯ ᠪᠠ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠣᠩᠭᠤᠯᠲᠠ ᠵᠢᠨ ᠴᠢᠨᠠᠷᠲᠠᠢ ᠰᠢᠯᠭ᠋ᠠᠯᠲᠠ (ᠳᠣᠷᠣᠭᠰᠢ 《ᠰᠣᠩᠭᠤᠯᠲᠠ ᠵᠢᠨ ᠴᠢᠨᠠᠷᠲᠠᠢ ᠰᠢᠯᠭ᠋ᠠᠯᠲᠠ》 ᠭᠡᠵᠦ ᠳᠦᠭᠦᠮᠴᠢᠯᠡᠨ᠎ᠡ) ᠵᠢᠨ 3 ᠬᠢᠴᠢᠶᠡᠯ ᠲᠥᠷᠦᠯ ᠪᠣᠯᠤᠨ᠎ᠠ᠃ ᠡᠭᠦᠨ᠎ᠳᠤ᠂ ᠪᠦ᠍ᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠢᠴᠢᠶᠡᠯ ᠲᠥᠷᠥᠯ ᠪᠣᠯ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ (ᠠᠩᠭ᠍ᠯᠢ ᠬᠡᠯᠡ᠂ ᠣᠷᠣᠰ ᠬᠡᠯᠡ᠂ ᠶᠠᠫᠣᠨ ᠬᠡᠯᠡ᠂ ᠭᠧᠷᠮᠠᠨ ᠬᠡᠯᠡ᠂ ᠹᠷᠠᠨᠼᠢ ᠬᠡᠯᠡ᠂ ᠢᠰᠫᠠᠨᠢ ᠬᠡᠯᠡ᠎ᠠᠴᠠ ᠨᠢᠭᠡ ᠵᠢ ᠰᠣᠩᠭᠤᠵᠤ ᠪᠣᠯᠤᠨ᠎ᠠ) ᠵᠡᠷᠭᠡ 3 ᠬᠢᠴᠢᠶᠡᠯ ᠲᠥᠷᠥᠯ ᠪᠣᠯᠤᠨ᠎ᠠ; ᠰᠣᠩᠭᠤᠯᠲᠠ ᠵᠢᠨ ᠴᠢᠨᠠᠷᠲᠠᠢ ᠰᠢᠯᠭ᠋ᠠᠯᠲᠠ ᠵᠢᠨ ᠬᠢᠴᠢᠶᠡᠯ ᠲᠥᠷᠥᠯ᠎ᠢ ᠰᠣᠩᠭᠣᠬᠤ᠎ᠳᠤ ᠰᠢᠯᠭ᠋ᠠᠭᠤᠯᠤᠭᠴᠢ ᠹᠢᠽᠢᠺ ᠪᠠ ᠲᠡᠦᠬᠡ 2 ᠲᠥᠷᠥᠯ᠎ᠤᠨ ᠤᠷᠢᠳ ᠵᠶ᠋ᠠᠷ ᠰᠣᠩᠭᠤᠬᠤ ᠬᠢᠴᠢᠶᠡᠯ ᠲᠥᠷᠥᠯ᠎ᠠᠴᠠ 1 ᠵᠢ ᠰᠣᠩᠭᠣᠵᠤ᠂ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ᠎ᠤᠨ ᠤᠬᠠᠭ᠋ᠠᠨ ᠵᠡᠷᠭᠡ 4 ᠬᠢᠴᠢᠶᠡᠯ ᠲᠥᠷᠥᠯ᠎ᠠᠴᠠ 2 ᠬᠢᠴᠢᠶᠡᠯ ᠲᠥᠷᠥᠯ᠎ᠢ ᠳᠠᠬᠢᠨ ᠰᠣᠩᠭᠤᠨ᠎ᠠ᠃ ᠤᠷᠠᠯᠢᠭ᠎ᠤᠨ ᠲᠥᠷᠥᠯ᠂ ᠪᠡᠶ᠎ᠡ ᠵᠢᠨ ᠲᠠᠮᠢᠷ᠎ᠤᠨ ᠲᠥᠷᠥᠯ᠎ᠤᠨ ᠲᠤᠰᠬᠠᠢ ᠮᠡᠷᠭᠡᠵᠢᠯ᠎ᠳᠤ ᠰᠢᠯᠭ᠋ᠠᠭᠤᠯᠬᠤ᠎ᠪᠠᠷ ᠨᠡᠷ᠎ᠡ ᠮᠡᠳᠡᠭᠦᠯᠦᠭᠰᠡᠨ ᠰᠢᠯᠭ᠋ᠠᠭᠤᠯᠤᠭᠴᠢ ᠪᠠᠰᠠ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠵᠣᠬᠢᠬᠤ ᠲᠤᠰᠬᠠᠢ ᠮᠡᠷᠭᠡᠵᠢᠯ᠎ᠤᠨ ᠰᠢᠯᠭ᠋ᠠᠯᠲᠠ᠎ᠳᠤ ᠣᠷᠣᠯᠴᠠᠬᠤ ᠬᠡᠷᠡᠭᠲᠡᠢ᠃

(ᠬᠣᠶᠠᠷ) ᠰᠢᠯᠭ᠋ᠠᠬᠤ ᠴᠠᠭ᠃ ᠬᠡᠯᠡ ᠪᠢᠴᠢᠭ᠎ᠤᠨ ᠰᠢᠯᠭ᠋ᠠᠯᠲᠠ 150 ᠮᠢᠨᠦᠢ᠍ᠲ᠂ ᠲᠣᠭ᠋ᠠᠨ᠎ᠤ ᠤᠬᠠᠭ᠋ᠠᠨ ᠪᠠ ᠭᠠᠳᠠᠭ᠋ᠠᠳᠤ ᠬᠡᠯᠡᠨ᠎ᠤ ᠰᠢᠯᠭ᠋ᠠᠯᠲᠠ ᠴᠥᠮ 120 ᠮᠢᠨᠦᠢ᠍ᠲ᠃ ᠭᠠᠳᠠᠭ᠋ᠠᠳᠤ ᠬᠡᠯᠡᠨ᠎ᠤ ᠰᠢᠯᠭ᠋ᠠᠯᠲᠠ ᠪᠢᠷ᠎ᠤᠨ ᠰᠢᠯᠭ᠋ᠠᠯᠲᠠ ᠪᠠ ᠰᠣᠨᠣᠰᠬᠤ ᠴᠢᠳᠠᠪᠤᠷᠢ ᠵᠢᠨ ᠰᠢᠯᠭ᠋ᠠᠯᠲᠠ ᠵᠢ ᠪᠠᠭᠲᠠᠭ᠋ᠠᠨ᠎ᠠ (ᠲᠣᠣᠷᠠᠬᠢ ᠮᠡᠲᠦ)᠂  ᠤᠷᠢᠳ ᠵᠶ᠋ᠠᠷ ᠪᠢᠷ᠎ᠤᠨ ᠰᠢᠯᠭ᠋ᠠᠯᠲᠠ ᠬᠢᠵᠦ ᠳᠠᠷᠠᠭ᠎ᠠ᠎ᠨᠢ ᠰᠣᠨᠣᠰᠬᠤ ᠴᠢᠳᠠᠪᠤᠷᠢ ᠵᠢ ᠰᠢᠯᠭ᠋ᠠᠨ᠎ᠠ᠃ ᠹᠢᠽᠢᠺ᠂ ᠲᠡᠦᠬᠡ᠂ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ᠎ᠤᠨ ᠤᠬᠠᠭ᠋ᠠᠨ᠎ᠤ ᠰᠢᠯᠭ᠋ᠠᠯᠲᠠ ᠵᠢᠨ ᠴᠠᠭ ᠲᠤᠰ ᠲᠤᠰ 75 ᠮᠢᠨᠦ᠋ᠲ᠃ ᠪᠣᠳᠠᠲᠠᠢ ᠰᠢᠯᠭ᠋ᠠᠬᠤ ᠴᠠᠭ ᠳᠣᠣᠷᠠᠬᠢ ᠮᠡᠲᠦ᠄

 

1.png

 

ᠤᠤᠯ᠎ᠤᠨ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ ᠪᠠᠢ᠌ᠭᠰᠠᠨ ᠰᠢᠯᠭ᠋ᠠᠭᠤᠯᠤᠭᠴᠢ ᠮᠣᠩᠭᠣᠯ ᠬᠡᠯᠡ ᠪᠢᠴᠢᠭ᠎ᠤᠨ ᠰᠢᠯᠭ᠋ᠠᠯᠲᠠ᠎ᠳᠤ ᠣᠷᠣᠯᠴᠠᠵᠤ ᠪᠣᠯᠤᠨ᠎ᠠ᠂ ᠰᠢᠯᠭ᠋ᠠᠯᠲᠠ ᠵᠢᠨ ᠴᠠᠭ 6 ᠳ᠋ᠤᠭ᠋ᠠᠷ ᠰᠠᠷ᠎ᠠ ᠵᠢᠨ 10᠎ᠤ ᠡᠳᠦᠷ᠎ᠤᠨ 9᠄ 00 - 11᠄ 00᠃ ᠪᠦᠷᠢᠨ ᠬᠤᠪᠢ 100 ᠬᠤᠪᠢ᠂ ᠰᠢᠯᠭ᠋ᠠᠯᠲᠠ ᠵᠢᠨ ᠬᠢᠷᠢ ᠪᠦᠲᠦᠮᠵᠢ ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ  ᠵᠢᠨ ᠱᠠᠭ᠋ᠠᠷᠳᠠᠯᠭ᠎ᠠ᠎ᠳᠤ ᠬᠦᠷᠦᠭᠰᠡᠨ ᠰᠢᠯᠭ᠋ᠠᠭᠤᠯᠤᠭᠴᠢ ᠬᠠᠮᠢᠶ᠎ᠠ ᠪᠦᠬᠦᠢ ᠲᠤᠰᠬᠠᠢ ᠮᠡᠷᠭᠡᠵᠢᠯ᠎ᠳᠤ ᠡᠷᠡᠮᠡᠯᠵᠡᠯ ᠲᠠᠭᠯᠠᠨ ᠮᠡᠳᠡᠭᠦᠯᠵᠦ ᠪᠣᠯᠤᠨ᠎ᠠ᠂ ᠪᠣᠳᠠᠲᠠᠢ ᠱᠠᠭ᠋ᠠᠷᠳᠠᠯᠭ᠎ᠠ ᠵᠢ ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ᠎ᠠᠴᠠ 2025 ᠣᠨ᠎ᠤ ᠰᠤᠷᠤᠭᠴᠢ ᠡᠯᠰᠡᠬᠦ ᠳᠦᠷᠢᠮ᠎ᠳᠤ ᠲᠣᠳᠤᠷᠬᠠᠢ᠌ᠯᠠᠨ᠎ᠠ᠃

(ᠭᠤᠷᠪᠠ) ᠰᠢᠯᠭ᠋ᠠᠯᠲᠠ ᠵᠢᠨ ᠬᠢᠷᠢ ᠪᠦᠲᠦᠮᠵᠢ᠃ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ ᠵᠢᠨ ᠶᠡᠷᠦᠩᠬᠡᠢ ᠬᠤᠪᠢ ᠪᠣᠯ 3 ᠲᠥᠷᠥᠯ᠎ᠤᠨ ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠢᠴᠢᠶᠡᠯ ᠲᠥᠷᠥᠯ᠎ᠤᠨ ᠬᠢᠷᠢ ᠪᠦᠲᠦᠮᠵᠢ ᠪᠠ 3 ᠲᠥᠷᠥᠯ᠎ᠤᠨ ᠰᠣᠩᠭᠣᠨ ᠰᠢᠯᠭ᠋ᠠᠬᠤ ᠬᠢᠴᠢᠶᠡᠯ ᠲᠥᠷᠦᠯ᠎ᠤᠨ ᠬᠢᠷᠢ ᠪᠦᠲᠦᠮᠵᠢ᠎ᠠᠴᠠ ᠪᠦᠷᠢᠯᠲᠦᠵᠦ᠂ ᠪᠥᠲᠦᠨ ᠬᠤᠪᠢ 750 ᠬᠤᠪᠢ ᠪᠣᠯᠤᠨ᠎ᠠ᠃ ᠡᠭᠦᠨ᠎ᠳᠤ᠂ ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠢᠴᠢᠶᠡᠯ ᠲᠥᠷᠥᠯ ᠨᠢᠭᠡ ᠪᠦᠷᠢ ᠵᠢᠨ ᠪᠦᠷᠢᠨ ᠬᠤᠪᠢ 150 ᠬᠤᠪᠢ᠂ ᠰᠣᠩᠭᠤᠯᠲᠠ ᠵᠢᠨ ᠴᠢᠨᠠᠷᠲᠠᠢ ᠬᠢᠴᠢᠶᠡᠯ ᠲᠥᠷᠥᠯ ᠨᠢᠭᠡ ᠪᠦᠷᠢ ᠵᠢᠨ ᠪᠦᠷᠢᠨ ᠬᠤᠪᠢ 100 ᠬᠤᠪᠢ ᠪᠣᠯᠤᠨ᠎ᠠ᠃ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ᠂ ᠹᠢᠽᠢᠺ᠂ ᠲᠡᠦᠬᠡ ᠵᠢᠨ ᠬᠢᠴᠢᠶᠡᠯ ᠲᠥᠷᠥᠯ᠎ᠤᠨ ᠰᠢᠯᠭ᠋ᠠᠯᠲᠠ ᠵᠢᠨ ᠬᠠᠭᠤᠳᠠᠰᠤᠨ᠎ᠤ ᠬᠤᠪᠢ ᠵᠢ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ ᠵᠢᠨ ᠶᠡᠷᠦᠩᠬᠡᠢ ᠬᠤᠪᠢ᠎ᠪᠠᠷ ᠪᠣᠳᠤᠨ᠎ᠠ᠃ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ᠎ᠤᠨ ᠤᠬᠠᠭ᠋ᠠᠨ᠎ᠤ ᠬᠢᠴᠢᠶᠡᠯ ᠲᠥᠷᠥᠯ᠎ᠤᠨ ᠬᠢᠷᠢ ᠪᠥᠲᠦᠮᠵᠢ ᠵᠢ ᠳᠡᠰ ᠬᠤᠪᠢᠷᠠᠭᠤᠯᠬᠤ ᠬᠤᠪᠢ (ᠰᠢᠯᠭ᠋ᠠᠯᠲᠠ ᠵᠢᠨ ᠬᠠᠭᠤᠳᠠᠰᠤᠨ᠎ᠤ ᠬᠤᠪᠢ ᠵᠢ ᠨᠡᠶ᠋ᠢᠲᠡᠯᠡᠬᠦ ᠦᠭᠡᠢ) ᠵᠢᠨ ᠶᠣᠰᠤᠭ᠋ᠠᠷ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ ᠵᠢᠨ ᠶᠡᠷᠦᠩᠬᠡᠢ ᠬᠤᠪᠢ᠎ᠳᠤ ᠪᠣᠳᠣᠵᠤ ᠣᠷᠣᠭᠤᠯᠤᠨ᠂ ᠳᠡᠰ ᠬᠤᠪᠢᠷᠠᠭᠤᠯᠬᠤ ᠦᠶ᠎ᠡ᠎ᠳᠤ᠂ ᠬᠠᠮᠤᠭ᠎ᠤᠨ ᠲᠡᠷᠢᠭᠦᠨ᠎ᠳᠤ ᠰᠣᠩᠭᠤᠭᠰᠠᠨ ᠬᠢᠴᠢᠶᠡᠯ ᠲᠥᠷᠥᠯ ᠭᠡᠵᠦ ᠢᠯᠭ᠋ᠠᠬᠤ ᠦᠭᠡᠢ᠂ ᠰᠢᠯᠭ᠋ᠠᠯᠲᠠ ᠬᠠᠷᠢᠭᠤᠯᠠᠭᠰᠠᠨ ᠦᠰᠦᠭ ᠭᠡᠵᠦ ᠢᠯᠭ᠋ᠠᠬᠤ ᠦᠭᠡᠢ᠂ ᠬᠢᠴᠢᠶᠡᠯ ᠲᠥᠷᠥᠯ ᠶᠣᠰᠤᠭ᠋ᠠᠷ ᠨᠢᠭᠡ ᠪᠦᠬᠦᠯᠢ ᠴᠣᠭᠴᠠ ᠪᠣᠯᠭ᠋ᠠᠨ ᠬᠤᠪᠢᠷᠠᠭᠤᠯᠤᠨ᠎ᠠ᠃

ᠡᠯᠧᠺᠲᠷᠣᠨ ᠳᠠᠩᠰᠠ ᠡᠪᠬᠡᠮᠡᠯ᠎ᠢ ᠣᠷᠣᠭᠤᠯᠬᠤ ᠦᠶ᠎ᠡ᠎ᠳᠤ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠨᠡᠮᠡᠯᠲᠡ ᠬᠤᠪᠢ ᠪᠠ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ ᠵᠢᠨ ᠶᠡᠷᠦᠩᠬᠡᠢ ᠬᠤᠪᠢ ᠵᠢ ᠰᠢᠯᠭ᠋ᠠᠭᠤᠯᠤᠭᠴᠢ ᠵᠢᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠢ ᠬᠤᠪᠢ᠎ᠳᠤ ᠪᠣᠳᠣᠵᠤ ᠣᠷᠣᠭᠤᠯᠤᠨ᠎ᠠ᠃

ᠰᠢᠯᠭ᠋ᠠᠭᠤᠯᠤᠭᠰᠠᠳ᠂ ᠰᠢᠯᠭ᠋ᠠᠯᠲᠠ ᠵᠢᠨ ᠬᠢᠷᠢ ᠪᠦᠲᠦᠮᠵᠢ᠎ᠳᠤ ᠮᠠᠳᠠᠭ᠎ᠲᠠᠢ ᠪᠣᠯ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠷᠢ ᠪᠦᠲᠦᠮᠵᠢ ᠵᠢ ᠳᠠᠬᠢᠨ ᠬᠢᠨᠠᠭᠤᠯᠬᠤ᠎ᠪᠠᠷ ᠭᠤᠶᠤᠴᠢᠯᠠᠵᠤ ᠪᠣᠯᠤᠨ᠎ᠠ᠃ ᠡᠭᠦᠨ᠎ᠳᠤ᠂ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ᠎ᠤᠨ ᠤᠬᠠᠭ᠋ᠠᠨ᠎ᠤ ᠬᠢᠴᠢᠶᠡᠯ ᠲᠥᠷᠥᠯ ᠪᠣᠯ ᠵᠥᠪᠬᠡᠨ ᠳᠡᠰ ᠬᠤᠪᠢᠷᠠᠭᠤᠯᠬᠤ ᠬᠤᠪᠢ ᠵᠢᠨ ᠳᠠᠬᠢᠨ ᠬᠢᠨᠠᠭᠰᠠᠨ ᠳ᠋ᠦᠩ᠎ᠢ ᠬᠠᠩᠭ᠋ᠠᠨ᠎ᠠ᠃

ᠭᠤᠷᠪᠠ᠂ ᠲᠥᠯᠦᠪᠯᠡᠭᠡ ᠵᠢ ᠨᠠᠢ᠌ᠷᠠᠭᠤᠯᠤᠨ ᠵᠣᠬᠢᠶᠠᠬᠤ

ᠳᠡᠭᠡᠳᠦ ᠰᠤᠷᠭ᠋ᠠᠭᠤᠯᠢ ᠡᠩ᠎ᠤᠨ ᠲᠥᠷᠥᠯ᠂ ᠤᠷᠠᠯᠢᠭ᠎ᠤᠨ ᠲᠥᠷᠥᠯ ᠪᠣᠯᠤᠨ ᠪᠡᠶ᠎ᠡ ᠵᠢᠨ ᠲᠠᠮᠢᠷ᠎ᠤᠨ ᠲᠥᠷᠥᠯ᠎ᠤᠨ ᠶᠣᠰᠣᠭ᠋ᠠᠷ ᠰᠤᠷᠤᠭᠴᠢ ᠡᠯᠰᠡᠬᠦ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠨ᠎ᠠ᠃ ᠡᠭᠦᠨ᠎ᠳᠤ᠂ ᠡᠩ᠎ᠤᠨ ᠲᠥᠷᠥᠯ᠎ᠤᠨ ᠰᠤᠷᠤᠭᠴᠢ ᠡᠯᠰᠡᠬᠦ ᠲᠥᠯᠥᠪᠯᠡᠭᠡ ᠵᠢ ᠲᠡᠦᠬᠡ ᠵᠢᠨ ᠲᠥᠷᠥᠯ (ᠲᠡᠦᠬᠡ ᠵᠢᠨ ᠬᠢᠴᠢᠶᠡᠯ᠎ᠢ ᠤᠷᠢᠳ ᠵᠶ᠋ᠠᠷ ᠰᠣᠩᠭᠤᠭᠰᠠᠨ)᠂ ᠹᠢᠽᠢᠺ᠎ᠤᠨ ᠲᠥᠷᠥᠯ (ᠹᠢᠽᠢᠺ᠎ᠤᠨ ᠬᠢᠴᠢᠶᠡᠯ᠎ᠢ ᠤᠷᠢᠳ ᠵᠶ᠋ᠠᠷ ᠰᠣᠩᠭᠤᠭᠰᠠᠨ) ᠶᠣᠰᠣᠭ᠋ᠠᠷ ᠲᠤᠰ ᠲᠤᠰ ᠨᠠᠶ᠋ᠢᠷᠠᠭᠤᠯᠤᠨ ᠵᠣᠬᠢᠶᠠᠵᠤ᠂ ᠤᠷᠠᠯᠢᠭ᠎ᠤᠨ ᠲᠥᠷᠥᠯ ᠪᠠ ᠪᠡᠶ᠎ᠡ ᠵᠢᠨ ᠲᠠᠮᠢᠷ᠎ᠤᠨ ᠲᠥᠷᠥᠯ᠎ᠤᠨ ᠰᠤᠷᠤᠭᠴᠢ ᠡᠯᠰᠡᠬᠦ ᠲᠥᠯᠥᠪᠯᠡᠭᠡ᠎ᠳᠤ ᠲᠡᠦᠬᠡ ᠵᠢᠨ ᠲᠥᠷᠥᠯ᠂ ᠹᠢᠽᠢᠺ᠎ᠤᠨ ᠲᠥᠷᠥᠯ (ᠬᠣᠶᠠᠷ ᠲᠥᠷᠦᠯ᠎ᠤᠨ ᠬᠢᠴᠢᠶᠡᠯ᠎ᠢ ᠰᠣᠩᠭᠤᠬᠤ ᠱᠠᠭ᠋ᠠᠷᠳᠠᠯᠭ᠎ᠠ᠎ᠲᠠᠢ ᠳᠡᠭᠡᠳᠦ ᠰᠤᠷᠭ᠋ᠠᠭᠤᠯᠢ᠂ ᠳᠡᠭᠡᠳᠦ ᠰᠤᠷᠭ᠋ᠠᠭᠤᠯᠢ ᠵᠢᠨ ᠳᠣᠭᠲᠠᠭ᠋ᠠᠯ ᠶᠣᠰᠤᠭ᠋ᠠᠷ ᠬᠡᠷᠡᠭᠵᠢᠭᠦᠯᠦᠨ᠎ᠡ) ᠭᠡᠵᠦ ᠬᠤᠪᠢᠶᠠᠬᠤ ᠦᠭᠡᠢ᠂ ᠤᠷᠠᠯᠢᠭ᠎ᠤᠨ ᠲᠥᠷᠥᠯ᠎ᠤᠨ ᠰᠤᠷᠤᠭᠴᠢ ᠡᠯᠰᠡᠬᠦ ᠲᠥᠯᠥᠪᠯᠡᠭᠡ ᠵᠢ ᠳᠠᠭᠤᠤ ᠬᠥᠭᠵᠢᠮ᠎ᠤᠨ ᠲᠥᠷᠥᠯ᠂ ᠪᠥᠵᠢᠭ᠎ᠤᠨ ᠲᠥᠷᠥᠯ᠂ ᠲᠣᠭᠯᠠᠯᠲᠠ (ᠤᠳᠤᠷᠢᠳᠤᠭ᠋ᠠᠴᠢ) ᠵᠢᠨ ᠲᠥᠷᠥᠯ᠂ ᠨᠡᠪᠲᠡᠷᠡᠭᠦᠯᠦᠭᠴᠢ ᠪᠠ ᠬᠥᠲᠦᠯᠦᠭᠴᠢ ᠵᠢᠨ ᠲᠥᠷᠥᠯ᠂ ᠤᠷᠠᠨ ᠪᠢᠴᠢᠯᠭᠡ ᠪᠠ ᠵᠢᠷᠤᠭ ᠲᠥᠯᠥᠪᠯᠡᠭᠡ ᠵᠢᠨ ᠲᠥᠷᠥᠯ᠂ ᠤᠷᠠᠨ ᠪᠢᠴᠢᠯᠭᠡ ᠵᠢᠨ ᠲᠥᠷᠥᠯ ᠪᠠ ᠰᠢ ᠵᠦᠴᠦᠭᠡ ᠵᠢᠨ ᠲᠥᠷᠥᠯ ᠶᠣᠰᠤᠭ᠋ᠠᠷ ᠲᠤᠰ ᠲᠤᠰ ᠨᠠᠶ᠋ᠢᠷᠠᠭᠤᠯᠤᠨ ᠵᠣᠬᠢᠶᠠᠨ᠎ᠠ᠃ ᠡᠩ᠎ᠤᠨ ᠲᠥᠷᠥᠯ᠂ ᠤᠷᠠᠯᠢᠭ᠎ᠤᠨ ᠲᠥᠷᠥᠯ ᠪᠣᠯᠤᠨ ᠪᠡᠶ᠎ᠡ ᠵᠢᠨ ᠲᠠᠮᠢᠷ᠎ᠤᠨ ᠲᠥᠷᠥᠯ᠎ᠳᠤ ᠲᠤᠰ ᠲᠤᠰ ᠲᠤᠰᠬᠠᠢ ᠲᠥᠷᠦᠯ᠎ᠤᠨ ᠲᠥᠯᠥᠪᠯᠡᠭᠡ ᠳᠣᠭᠲᠠᠭ᠋ᠠᠵᠤ᠂ ᠤᠤᠯ᠎ᠤᠨ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ ᠪᠠᠢ᠌ᠭ᠎ᠠ ᠰᠢᠯᠭ᠋ᠠᠭᠤᠯᠤᠭᠰᠠᠳ ᠰᠢᠯᠭ᠋ᠠᠯᠲᠠ᠎ᠳᠤ ᠨᠡᠷ᠎ᠡ ᠮᠡᠳᠡᠭᠦᠯᠬᠦ᠎ᠳᠤ ᠬᠡᠷᠡᠭᠯᠡᠨ᠎ᠡ᠃

ᠳᠡᠭᠡᠳᠦ ᠰᠤᠷᠭ᠋ᠠᠭᠤᠯᠢ ᠰᠤᠷᠭ᠋ᠠᠨ ᠬᠥᠮᠦᠵᠢᠯ᠎ᠤᠨ ᠶᠠᠮᠤᠨ᠎ᠤ ᠲᠤᠰᠬᠠᠢ ᠮᠡᠷᠭᠡᠵᠢᠯ᠎ᠤᠨ ᠰᠣᠩᠭᠤᠯᠲᠠ ᠵᠢᠨ ᠴᠢᠨᠠᠷᠲᠠᠢ ᠬᠢᠴᠢᠶᠡᠯ ᠲᠥᠷᠥᠯ᠎ᠤᠨ ᠲᠣᠭᠲᠠᠭ᠋ᠠᠯ ᠪᠣᠯᠤᠨ ᠥᠪᠥᠷ ᠮᠣᠩᠭᠣᠯ᠎ᠤᠨ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠱᠠᠭ᠋ᠠᠷᠳᠠᠯᠭ᠎ᠠ ᠦᠨᠳᠦᠰᠦᠯᠡᠨ᠂ ᠠᠵᠢᠯ ᠣᠯᠭᠣᠯᠲᠠ ᠪᠠ ᠨᠡᠶ᠋ᠢᠭᠡᠮ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠵᠤ᠂ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠴᠤᠭᠯᠠᠷᠠᠯ》᠎ᠤᠨ ᠵᠠᠭᠪᠤᠷ ᠶᠣᠰᠣᠭ᠋ᠠᠷ᠂ ᠡᠯᠰᠡᠬᠦ ᠰᠤᠷᠤᠭᠴᠢ  ᠵᠢᠨ ᠢᠷᠡᠯᠲᠡ ᠵᠢᠨ ᠲᠥᠯᠥᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠪᠠᠢ᠌ᠴᠠᠭ᠋ᠠᠯᠭ᠋ᠠᠨ᠎ᠠ᠃

ᠳᠡᠭᠡᠳᠦ ᠰᠤᠷᠭ᠋ᠠᠭᠤᠯᠢ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠦᠶ᠎ᠡ᠎ᠳᠤ ᠲᠣᠬᠢᠷᠠᠭᠤᠯᠤᠭᠰᠠᠨ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ  ᠴᠤᠭᠯᠠᠷᠠᠯ》 ᠪᠣᠯ ᠡᠷᠡᠮᠡᠯᠵᠡᠯ ᠲᠠᠭᠯᠠᠨ ᠮᠡᠳᠡᠭᠦᠯᠬᠦ ᠦᠨᠳᠦᠰᠦᠨ ᠨᠢᠭᠡᠴᠢ ᠮᠥᠨ᠂ ᠠᠳᠠᠯᠢ ᠨᠢᠭᠡᠨ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠴᠤᠭᠯᠠᠷᠠᠯ》᠎ᠳᠠᠬᠢ ᠡᠯ᠎ᠡ ᠲᠤᠰᠬᠠᠢ ᠮᠡᠷᠭᠡᠵᠢᠯ (ᠲᠥᠷᠥᠯ)᠎ᠤᠨ ᠰᠣᠩᠭᠣᠨ ᠰᠢᠯᠭ᠋ᠠᠬᠤ ᠬᠢᠴᠢᠶᠡᠯ ᠲᠥᠷᠥᠯ᠎ᠤᠨ ᠱᠠᠭ᠋ᠠᠷᠳᠠᠯᠭ᠎ᠠ ᠡᠷᠬᠡᠪᠰᠢ ᠠᠳᠠᠯᠢ ᠪᠠᠶ᠋ᠢᠬᠤ ᠬᠡᠷᠡᠭᠲᠡᠢ᠃ ᠠᠳᠠᠯᠢ ᠨᠢᠭᠡᠨ ᠳᠡᠭᠡᠳᠦ ᠰᠤᠷᠭ᠋ᠠᠭᠤᠯᠢ ᠵᠢᠨ ᠰᠣᠩᠭᠣᠨ ᠰᠢᠯᠭ᠋ᠠᠬᠤ ᠬᠢᠴᠢᠶᠡᠯ ᠲᠥᠷᠥᠯ᠎ᠨᠢ ᠠᠳᠠᠯᠢ ᠲᠤᠰᠬᠠᠢ ᠮᠡᠷᠭᠡᠵᠢᠯ (ᠲᠥᠷᠥᠯ)᠎ᠢ ᠱᠠᠭ᠋ᠠᠷᠳᠠᠵᠤ᠂ ᠲᠤᠰᠬᠠᠢ ᠮᠡᠷᠭᠡᠵᠢᠯ (ᠲᠥᠷᠥᠯ) ᠎ᠤᠨ ᠣᠨᠴᠠᠯᠢᠭ ᠱᠠᠭ᠋ᠠᠷᠳᠠᠯᠭ᠎ᠠ (ᠵᠢᠱ᠌ᠢᠶᠡᠯᠡᠪᠡᠯ᠂ ᠰᠢᠨᠵᠢᠯᠡᠭᠡᠨ᠎ᠤ ᠰᠠᠯᠠᠭ᠋ᠠᠨ᠎ᠤ ᠲᠥᠷᠥᠯ ᠵᠦᠢ᠍ᠯ᠂ ᠲᠥᠯᠥᠪᠯᠡᠭᠡ ᠵᠢᠨ ᠰᠢᠨᠵᠢ ᠴᠢᠨᠠᠷ᠂ ᠲᠥᠯᠥᠪᠯᠡᠭᠡ ᠵᠢᠨ ᠲᠥᠷᠥᠯ ᠵᠦᠢ᠍ᠯ᠂ ᠭᠠᠳᠠᠭ᠋ᠠᠳᠤ ᠬᠡᠯᠡᠨ᠎ᠤ ᠲᠥᠷᠥᠯ ᠵᠦᠢ᠍ᠯ᠂ ᠰᠢᠯᠭ᠋ᠠᠯᠲᠠ ᠵᠢᠨ ᠬᠢᠷᠢ ᠪᠦᠲᠦᠮᠵᠢ᠂ ᠰᠤᠷᠤᠭᠴᠢ ᠵᠢᠨ ᠢᠷᠡᠯᠲᠡ ᠵᠢᠨ ᠬᠡᠪᠴᠢᠶ᠎ᠡ᠂ ᠳᠤᠮᠳᠠᠳᠤ ᠭᠠᠳᠠᠭ᠋ᠠᠳᠤ ᠬᠠᠮᠲᠤᠷᠠᠨ ᠰᠤᠷᠭ᠋ᠠᠭᠤᠯᠢ ᠡᠷᠬᠢᠯᠡᠬᠦ᠂ ᠰᠦᠢ᠍ᠳᠬᠡᠯ ᠬᠤᠷᠢᠶᠠᠬᠤ ᠪᠠᠷᠢᠮᠵᠢᠶ᠎ᠠ᠂ ᠰᠤᠷᠭ᠋ᠠᠭᠤᠯᠢ ᠵᠢᠨ ᠲᠣᠭᠣᠷᠢᠭ ᠵᠡᠷᠭᠡ) ᠵᠢ ᠦᠨᠳᠦᠰᠦᠯᠡᠨ ᠠᠳᠠᠯᠢ ᠪᠤᠰᠤ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠴᠤᠭᠯᠠᠷᠠᠯ》᠎ᠢ ᠬᠤᠪᠢᠶᠠᠷᠢᠯᠠᠨ ᠲᠣᠬᠢᠷᠠᠭᠤᠯᠤᠨ᠎ᠠ᠃

ᠳᠥᠷᠪᠡ᠂ ᠡᠯᠰᠡᠨ ᠠᠪᠬᠤ ᠪᠦᠯᠦᠭ ᠤᠳᠠᠭ᠎ᠠ ᠵᠢᠴᠢ ᠡᠷᠡᠮᠡᠯᠵᠡᠯ᠎ᠤᠨ ᠲᠣᠬᠢᠷᠠᠭᠤᠯᠤᠯᠲᠠ

ᠡᠯᠰᠡᠨ ᠠᠪᠬᠤ ᠵᠢ ᠵᠢᠩᠬᠢᠨᠢ ᠠᠩᠭᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠭᠡᠵᠦ ᠬᠣᠶᠠᠷ ᠱᠠᠲᠤ ᠬᠤᠪᠢᠶᠠᠵᠤ᠂ ᠲᠤᠰ ᠲᠤᠰ ᠲᠥᠷᠥᠯ ᠢᠯᠭ᠋ᠠᠯ ᠪᠠ ᠪᠦᠯᠦᠭ (ᠱᠠᠲᠤ) ᠤᠳᠠᠭ᠎ᠠ ᠬᠤᠪᠢᠶᠠᠨ ᠶᠠᠪᠤᠭᠳᠠᠭᠤᠯᠤᠨ᠎ᠠ᠃ ᠡᠷᠡᠮᠡᠯᠵᠡᠯ ᠲᠠᠭᠯᠠᠬᠤ᠎ᠳᠤ ᠭᠣᠣᠯᠳᠠᠭᠤ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠴᠤᠭᠯᠠᠷᠠᠯ》᠎ᠤᠨ ᠵᠡᠷᠭᠡᠴᠡᠭᠡ ᠡᠷᠡᠮᠡᠯᠵᠡᠯ ᠲᠠᠭᠯᠠᠬᠤ ᠠᠷᠭ᠎ᠠ ᠵᠢ ᠠᠪᠴᠤ᠂ ᠪᠦᠯᠦᠭ (ᠱᠠᠲᠤ) ᠤᠳᠠᠭ᠎ᠠ ᠪᠦᠷᠢ᠎ᠳᠤ 45 ᠵᠡᠷᠭᠡᠴᠡᠭᠡ ᠡᠷᠡᠮᠡᠯᠵᠡᠯ ᠳᠣᠭᠢᠷᠠᠭᠤᠯᠵᠤ᠂ ᠡᠷᠡᠮᠡᠯᠵᠡᠯ ᠪᠦᠷᠢ᠎ᠳᠤ 12 ᠲᠤᠰᠬᠠᠢ ᠮᠡᠷᠭᠡᠵᠢᠯ ᠪᠠ 1 ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠵᠢ ᠳᠠᠭ᠋ᠠᠬᠤ ᠡᠰᠡᠬᠦ ᠵᠢ ᠲᠣᠬᠢᠷᠠᠭᠤᠯᠪᠠ᠃ ᠠᠩᠬᠠᠨ᠎ᠤ ᠡᠭᠡᠯᠵᠢ ᠵᠢᠨ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠤᠭᠰᠠᠨ᠎ᠤ ᠳᠠᠷᠠᠭ᠎ᠠ ᠡᠯᠰᠡᠨ ᠠᠪᠬᠤ ᠠᠬᠢᠴᠠ ᠪᠠ ᠦᠯᠡᠳᠡᠵᠦ ᠪᠠᠢ᠌ᠭ᠎ᠠ ᠲᠥᠯᠦᠪᠯᠡᠭᠡ ᠵᠢ ᠦᠵᠡᠵᠦ ᠡᠷᠡᠮᠡᠯᠵᠡᠯ ᠴᠤᠭᠯᠠᠭᠤᠯᠬᠤ ᠵᠢ ᠲᠣᠬᠢᠷᠠᠭᠤᠯᠤᠨ᠎ᠠ᠃ ᠬᠡᠰᠡᠭ ᠣᠨᠴᠠᠭ᠋ᠠᠢ ᠲᠥᠷᠥᠯ᠎ᠤᠨ ᠲᠥᠯᠥᠪᠯᠡᠭᠡ᠎ᠳᠤ ᠳᠡᠰ ᠳᠠᠷᠠᠭ᠋ᠠᠯᠠᠯᠲᠤ ᠡᠷᠡᠮᠡᠯᠵᠡᠯ ᠎ᠤᠨ ᠠᠷᠭ᠎ᠠ ᠵᠢ ᠠᠪᠴᠤ᠂ ᠳᠡᠰ ᠳᠠᠷᠠᠭ᠋ᠠᠯᠠᠯᠲᠤ ᠡᠷᠡᠮᠡᠯᠵᠡᠯ᠎ᠳᠤ 6 ᠲᠤᠰᠬᠠᠢ ᠮᠡᠷᠭᠡᠵᠢᠯ ᠪᠠ 1 ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠵᠢ ᠳᠠᠭ᠋ᠠᠬᠤ ᠡᠰᠡᠬᠦ ᠵᠢ ᠲᠣᠬᠢᠷᠠᠭᠤᠯᠤᠨ᠂ ᠡᠩ᠎ᠤᠨ ᠪᠠᠶ᠋ᠢᠳᠠᠯ᠎ᠳᠤ ᠡᠷᠡᠮᠡᠯᠵᠡᠯ ᠴᠤᠭᠯᠠᠭᠤᠯᠬᠤ ᠵᠢ ᠲᠣᠬᠢᠷᠠᠭᠤᠯᠬᠤ ᠦᠭᠡᠢ᠃

(ᠨᠢᠭᠡ) ᠡᠩ᠎ᠤᠨ ᠲᠥᠷᠦᠯ᠎ᠤᠨ ᠪᠦᠯᠦᠭ ᠤᠳᠠᠭ᠎ᠠ ᠵᠢᠴᠢ ᠡᠷᠡᠮᠡᠯᠵᠡᠯ᠎ᠤᠨ ᠲᠣᠬᠢᠷᠠᠭᠤᠯᠤᠯᠲᠠ

ᠡᠩ᠎ᠤᠨ ᠲᠥᠷᠥᠯ᠎ᠤᠨ ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ ᠪᠦᠯᠦᠭ (A ᠱᠠᠲᠤ᠂ B ᠱᠠᠲᠤ᠂ C ᠱᠠᠲᠤ)᠂ ᠵᠢᠩᠬᠢᠨᠢ ᠠᠩᠭᠢ ᠵᠢᠨ ᠡᠯᠰᠡᠬᠦ ᠪᠦᠯᠦᠭ᠂ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠤᠷᠢᠳᠴᠢᠯᠠᠨ ᠡᠯᠰᠡᠬᠦ ᠪᠥᠯᠦᠭ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠡᠯᠰᠡᠬᠦ ᠪᠥᠯᠦᠭ ᠭᠡᠵᠦ 4 ᠪᠦᠯᠦᠭ ᠤᠳᠠᠭ᠎ᠠ ᠬᠤᠪᠢᠶᠠᠨ᠂ ᠳᠡᠰ ᠳᠠᠷᠠᠭ᠋ᠠᠯᠠᠨ ᠡᠯᠰᠡᠨ᠎ᠡ᠃

ᠰᠠᠭᠤᠷᠢ ᠵᠢ ᠬᠦᠴᠦᠷᠬᠡᠭᠵᠢᠭᠦᠯᠬᠦ ᠲᠥᠯᠥᠪᠯᠡᠭᠡ᠂ ᠠᠭ᠋ᠠᠷ᠎ᠤᠨ ᠴᠡᠷᠢᠭ᠎ᠤᠨ ᠨᠢᠰᠦᠭᠴᠢ ᠡᠯᠰᠡᠬᠦ᠂ ᠳᠠᠯᠠᠢ ᠵᠢᠨ ᠴᠡᠷᠢᠭ᠎ᠤᠨ ᠨᠢᠰᠦᠭᠴᠢ ᠡᠯᠰᠡᠬᠦ ᠵᠡᠷᠭᠡ ᠵᠢ ᠵᠢᠩᠬᠢᠨᠢ ᠠᠩᠭᠢ ᠵᠢᠨ A ᠱᠠᠲᠤ  ᠵᠢᠨ ᠤᠷᠢᠳᠴᠢᠯᠠᠨ ᠡᠯᠰᠡᠬᠦ᠎ᠠᠴᠠ ᠡᠮᠦᠨ᠎ᠡ᠂ ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ᠎ᠠᠴᠠ ᠡᠯᠰᠡᠬᠦ᠎ᠪᠠᠷ ᠪᠠᠢ᠌ᠭ᠎ᠠ ᠨᠡᠷᠡᠰ᠎ᠢ ᠦᠨᠳᠦᠰᠦᠯᠡᠨ ᠡᠯᠰᠡᠨ᠎ᠡ᠃

ᠪᠠᠲᠤᠯᠠᠨ ᠬᠦᠷᠭᠡᠬᠦ ᠰᠤᠷᠤᠭᠴᠢ᠂ ᠪᠠᠭ᠋ᠠᠴᠤᠳ᠎ᠤᠨ ᠠᠩᠭᠢ᠎ᠳᠤ ᠰᠤᠷᠤᠭᠴᠢ ᠡᠯᠰᠡᠬᠦ᠂ ᠪᠡᠶ᠎ᠡ ᠵᠢᠨ ᠲᠠᠮᠢᠷ᠎ᠤᠨ ᠰᠤᠷᠭ᠋ᠠᠯᠲᠠ ᠵᠢᠨ ᠲᠤᠰᠠᠭ᠋ᠠᠷ ᠰᠤᠷᠤᠭᠴᠢ ᠡᠯᠰᠡᠬᠦ᠂ ᠵᠡᠪᠰᠡᠭ᠎ᠤᠨ ᠡᠷᠳᠡᠮ ᠪᠣᠯᠤᠨ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠤᠰᠠᠭ᠋ᠠᠷ ᠰᠤᠷᠤᠭᠴᠢ ᠡᠯᠰᠡᠬᠦ᠂ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠵᠢᠨ  ᠲᠤᠰᠠᠭ᠋ᠠᠷ ᠰᠤᠷᠤᠭᠴᠢ ᠡᠯᠰᠡᠬᠦ᠂ ᠵᠡᠮᠳᠡᠭ ᠰᠢᠯᠭ᠋ᠠᠭᠤᠯᠤᠭᠴᠢ ᠵᠢᠨ ᠲᠤᠰᠠᠭ᠋ᠠᠷ ᠰᠤᠷᠤᠭᠴᠢ ᠡᠯᠰᠡᠬᠦ ᠵᠡᠷᠭᠡ ᠣᠨᠴᠠᠭ᠋ᠠᠢ ᠲᠥᠷᠥᠯ᠎ᠤᠨ ᠰᠢᠯᠭ᠋ᠠᠭᠤᠯᠤᠭᠴᠢ ᠡᠷᠡᠮᠡᠯᠵᠡᠯ ᠲᠠᠭᠯᠠᠬᠤ᠎ᠳᠤ ᠣᠷᠣᠯᠴᠠᠬᠤ ᠦᠭᠡᠢ᠂ ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ ᠵᠢᠨ ᠡᠯᠰᠡᠬᠦ᠎ᠪᠠᠷ ᠪᠠᠶ᠋ᠢᠭ᠎ᠠ ᠨᠡᠷᠡᠰ᠎ᠢ ᠦᠨᠳᠦᠰᠦᠯᠡᠨ ᠰᠤᠷᠤᠭᠴᠢ ᠡᠯᠰᠡᠨ᠎ᠡ᠃

1. ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ ᠪᠥᠯᠦᠭ ᠃ ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ (ᠲᠤᠰᠬᠠᠢ ᠮᠡᠷᠭᠡᠵᠢᠯ) ᠪᠣᠯ ᠰᠤᠷᠭ᠋ᠠᠨ ᠬᠥᠮᠦᠵᠢᠯ᠎ᠤᠨ ᠶᠠᠮᠤᠨ᠎ᠠᠴᠠ ᠵᠦᠪᠰᠢᠶᠡᠷᠡᠭᠰᠡᠨ ᠤᠷᠢᠳᠴᠢᠯᠠᠨ ᠡᠯᠰᠡᠬᠦ ᠪᠥᠯᠦᠭ ᠤᠳᠠᠭ᠎ᠠ᠎ᠳᠤ ᠣᠷᠣᠭᠰᠠᠨ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ (ᠲᠤᠰᠬᠠᠢ ᠮᠡᠷᠭᠡᠵᠢᠯ) ᠪᠣᠯᠤᠨ᠎ᠠ᠃

ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ A ᠱᠠᠲᠤ᠄ ᠶᠡᠷᠦᠩᠬᠡᠶ᠋ᠢᠯᠡᠨ ᠦᠨᠡᠯᠡᠵᠦ ᠰᠤᠷᠤᠭᠴᠢ ᠡᠯᠰᠡᠬᠦ᠂ ᠮᠤᠵᠢ ᠬᠤᠪᠢᠶᠠᠬᠤ ᠦᠭᠡᠢ ᠳᠡᠭᠡᠳᠦ ᠰᠤᠷᠭ᠋ᠠᠭᠤᠯᠢ ᠵᠢᠨ ᠲᠤᠰᠬᠠᠢ ᠲᠥᠯᠥᠪᠯᠡᠭᠡ᠂ ᠥᠨᠳᠥᠷ ᠬᠢᠷᠢ ᠲᠦᠪᠰᠢᠨᠲᠦ ᠪᠡᠶ᠎ᠡ ᠵᠢᠨ ᠲᠠᠮᠢᠷ᠎ᠤᠨ ᠠᠩᠭᠢ ᠵᠡᠷᠭᠡ ᠵᠢᠨ ᠳᠡᠭᠡᠳᠦ ᠰᠤᠷᠭ᠋ᠠᠭᠤᠯᠢ (ᠲᠤᠰᠬᠠᠢ ᠮᠡᠷᠭᠡᠵᠢᠯ) ᠵᠢ ᠲᠣᠬᠢᠷᠠᠭᠤᠯᠵᠤ᠂ ᠳᠡᠰ ᠳᠠᠷᠠᠭ᠋ᠠᠯᠠᠯᠲᠤ ᠡᠷᠡᠮᠡᠯᠵᠡᠯ ᠲᠠᠭᠯᠠᠬᠤ ᠵᠢ ᠬᠡᠷᠡᠭᠵᠢᠭᠦᠯᠦᠨ᠎ᠡ᠃

ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ B ᠱᠠᠲᠤ᠄ ᠴᠡᠷᠢᠭ᠎ᠤᠨ ᠶᠠᠪᠤᠳᠠᠯ᠂ ᠳᠣᠲᠣᠭ᠋ᠠᠳᠤ ᠵᠢ ᠬᠠᠮᠠᠭ᠋ᠠᠯᠠᠬᠤ᠂ ᠨᠢᠰᠦᠯᠭᠡ ᠵᠢᠨ ᠰᠤᠷᠤᠭᠴᠢ᠂ ᠰᠤᠷᠭ᠋ᠠᠨ ᠬᠥᠮᠦᠵᠢᠯ᠎ᠤᠨ ᠶᠠᠮᠤᠨ᠎ᠤ ᠰᠢᠭᠤᠳ ᠬᠠᠷᠢᠶ᠎ᠠ ᠪᠠᠭᠰᠢ ᠵᠢᠨ ᠶᠡᠬᠡ ᠰᠤᠷᠭ᠋ᠠᠭᠤᠯᠢ ᠵᠢᠨ ᠠᠯᠪᠠᠨ᠎ᠤ ᠰᠦᠢ᠍ᠳᠬᠡᠯ ᠵᠶ᠋ᠠᠷ ᠰᠤᠷᠤᠯᠴᠠᠬᠤ ᠪᠠᠭᠰᠢ ᠵᠢᠨ ᠮᠡᠷᠭᠡᠵᠢᠯ᠎ᠤᠨ ᠣᠶᠤᠲᠠᠨ᠂ ᠤᠯᠤᠰ᠎ᠤᠨ ᠰᠢᠯᠢᠳᠡᠭ ᠪᠠᠭᠰᠢ ᠵᠢᠨ ᠲᠥᠯᠥᠪᠯᠡᠭᠡ ᠵᠢᠨ ᠪᠠᠭᠰᠢ ᠵᠢᠨ ᠮᠡᠷᠭᠡᠵᠢᠯ᠎ᠤᠨ ᠣᠶᠤᠲᠠᠨ᠂ ᠳᠠᠯᠠᠢ ᠵᠢᠨ ᠠᠶᠠᠯᠠᠯ᠎ᠤᠨ ᠲᠥᠷᠥᠯ ᠵᠡᠷᠭᠡ ᠲᠤᠰᠬᠠᠢ ᠮᠡᠷᠭᠡᠵᠢᠯ᠂ ᠪᠦᠬᠦ ᠤᠯᠤᠰ᠎ᠤᠨ ᠭᠣᠣᠯᠳᠠᠯᠭ᠎ᠠ᠎ᠲᠠᠢ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠣᠨᠣᠯ᠎ᠤᠨ ᠲᠤᠰᠬᠠᠢ ᠮᠡᠷᠭᠡᠵᠢᠯ ᠵᠢᠴᠢ ᠰᠤᠷᠭ᠋ᠠᠨ ᠬᠥᠮᠦᠵᠢᠯ᠎ᠤᠨ ᠶᠠᠮᠤᠨ᠎ᠠᠴᠠ ᠵᠦᠪᠰᠢᠶᠡᠷᠡᠭᠰᠡᠨ ᠪᠤᠰᠤᠳ ᠣᠨᠴᠠᠭ᠋ᠠᠢ ᠳᠡᠭᠡᠳᠦ ᠰᠤᠷᠭ᠋ᠠᠭᠤᠯᠢ (ᠲᠤᠰᠬᠠᠢ ᠮᠡᠷᠭᠡᠵᠢᠯ) ᠵᠢ ᠲᠣᠬᠢᠷᠠᠭᠤᠯᠵᠤ᠂ ᠥᠪᠥᠷ ᠮᠣᠩᠭᠣᠯ᠎ᠠᠴᠠ ᠰᠤᠷᠤᠭᠴᠢ ᠡᠯᠰᠡᠬᠦ ᠲᠤᠰᠬᠠᠢ ᠮᠡᠷᠭᠡᠵᠢᠯ ᠪᠠ ᠲᠥᠯᠥᠪᠯᠡᠭᠡ ᠵᠢᠨ ᠲᠣᠭ᠎ᠠ ᠵᠢ ᠲᠣᠭᠲᠠᠭ᠋ᠠᠭᠰᠠᠨ ᠳᠡᠭᠡᠳᠦ ᠰᠤᠷᠭ᠋ᠠᠭᠤᠯᠢ ᠵᠢᠨ ᠲᠤᠰᠬᠠᠢ ᠲᠥᠯᠥᠪᠯᠡᠭᠡ᠂ ᠳᠣᠲᠣᠭ᠋ᠠᠳᠤ ᠵᠢ ᠬᠠᠮᠠᠭ᠋ᠠᠯᠠᠬᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠴᠠᠭᠳᠠᠭ᠎ᠠ ᠵᠢᠨ ᠲᠥᠷᠥᠯ᠎ᠤᠨ ᠳᠡᠭᠡᠳᠦ ᠰᠤᠷᠭ᠋ᠠᠭᠤᠯᠢ ᠵᠢᠨ ᠤᠯᠤᠰ᠎ᠤᠨ ᠲᠤᠰᠬᠠᠢ ᠲᠥᠯᠥᠪᠯᠡᠭᠡ᠂ ᠥᠪᠥᠷ ᠮᠣᠩᠭᠣᠯ᠎ᠤᠨ ᠡᠯ᠎ᠡ ᠲᠥᠷᠥᠯ᠎ᠤᠨ ᠣᠷᠣᠨ ᠨᠤᠲᠤᠭ᠎ᠤᠨ ᠲᠤᠰᠬᠠᠢ ᠲᠥᠯᠥᠪᠯᠡᠭᠡ (ᠠᠯᠪᠠᠨ᠎ᠤ ᠰᠦᠢ᠍ᠳᠬᠡᠯ ᠵᠶ᠋ᠠᠷ ᠰᠤᠷᠤᠯᠴᠠᠬᠤ ᠬᠠᠨᠳᠤᠯᠭ᠋ᠠᠲᠤ ᠪᠠᠭᠰᠢ ᠵᠢᠨ ᠮᠡᠷᠭᠡᠵᠢᠯ᠎ᠤᠨ ᠣᠶᠤᠲᠠᠨ᠂ ᠰᠢᠯᠢᠳᠡᠭ ᠪᠠᠭᠰᠢ ᠵᠢᠨ ᠲᠥᠯᠥᠪᠯᠡᠭᠡ ᠵᠢᠨ ᠪᠠᠭᠰᠢ ᠵᠢᠨ ᠮᠡᠷᠭᠡᠵᠢᠯ᠎ᠤᠨ ᠣᠶᠤᠲᠠᠨ᠂ ᠬᠥᠳᠡᠭᠡ ᠲᠣᠰᠬᠣᠨ᠎ᠤ ᠵᠠᠬᠢᠶᠠᠯᠠᠭ᠎ᠠ ᠵᠢᠨ ᠬᠠᠨᠳᠤᠯᠭ᠎ᠠ᠎ᠲᠠᠢ ᠠᠨᠠᠭ᠋ᠠᠬᠤ ᠤᠬᠠᠭ᠋ᠠᠨ᠎ᠤ ᠰᠤᠷᠤᠭᠴᠢ ᠵᠢ ᠡᠯᠰᠡᠵᠦ᠂ ᠡᠯᠰᠡᠬᠦ᠎ᠳᠤ᠎ᠪᠠᠨ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠬᠢᠬᠦ ᠦᠭᠡᠢ) ᠵᠢ ᠬᠡᠷᠡᠭᠵᠢᠭᠦᠯᠦᠨ᠎ᠡ᠃

ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ C ᠱᠠᠲᠤ᠄ ᠤᠯᠤᠰ᠎ᠤᠨ ᠲᠤᠰᠬᠠᠢ ᠲᠥᠯᠥᠪᠯᠡᠭᠡ (ᠳᠣᠲᠣᠭ᠋ᠠᠳᠤ ᠵᠢ ᠬᠠᠮᠠᠭ᠋ᠠᠯᠠᠬᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠴᠠᠭᠳᠠᠭ᠎ᠠ ᠵᠢᠨ ᠲᠥᠷᠥᠯ᠎ᠢ ᠪᠠᠭᠲᠠᠭ᠋ᠠᠬᠤ ᠦᠭᠡᠢ) ᠪᠠ ᠣᠷᠣᠨ ᠨᠤᠲᠤᠭ᠎ᠤᠨ ᠲᠤᠰᠬᠠᠢ ᠲᠥᠯᠥᠪᠯᠡᠭᠡ᠎ᠳᠤ ᠲᠣᠬᠢᠷᠠᠭᠤᠯᠤᠯᠲᠠ ᠬᠢᠵᠦ᠂ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠴᠤᠭᠯᠠᠷᠠᠯ》᠎ᠤᠨ ᠵᠡᠷᠭᠡᠴᠡᠭᠡ ᠡᠷᠡᠮᠡᠯᠵᠡᠯ ᠲᠠᠭᠯᠠᠬᠤ ᠵᠢ ᠬᠡᠷᠡᠭᠵᠢᠭᠦᠯᠦᠨ᠎ᠡ᠃

2. ᠵᠢᠩᠬᠢᠨᠢ ᠠᠩᠭᠢ ᠵᠢᠨ ᠰᠤᠷᠤᠭᠴᠢ ᠡᠯᠰᠡᠬᠦ ᠪᠥᠯᠦᠭ᠃ ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ᠎ᠠᠴᠠ ᠭᠠᠳᠠᠨᠠᠬᠢ ᠡᠩ᠎ᠤᠨ ᠲᠥᠷᠥᠯ᠎ᠤᠨ ᠵᠢᠩᠬᠢᠨᠢ ᠠᠩᠭᠢ ᠵᠢᠨ ᠲᠥᠯᠥᠪᠯᠡᠭᠡ (ᠬᠠᠨᠳᠤᠯᠭ᠎ᠠ᠎ᠲᠠᠢ ᠰᠤᠷᠤᠭᠴᠢ ᠡᠯᠰᠡᠬᠦ᠂ ᠴᠥᠭᠡᠨ ᠲᠣᠭ᠋ᠠᠲᠤ ᠦᠨᠳᠦᠰᠦᠲᠡᠨ᠎ᠤ ᠪᠡᠯᠡᠳᠬᠡᠯ ᠠᠩᠭᠢ᠂ ᠦᠨᠳᠦᠰᠦᠲᠡᠨ᠎ᠤ ᠠᠩᠭᠢ᠂ ᠬᠢᠯᠢ ᠵᠢᠨ ᠬᠠᠮᠠᠭ᠋ᠠᠯᠠᠯᠲᠠ ᠵᠢᠨ ᠴᠡᠷᠢᠭ᠎ᠤᠨ ᠦᠷ᠎ᠡ ᠬᠡᠦᠬᠡᠳ᠎ᠤᠨ ᠪᠡᠯᠡᠳᠬᠡᠯ ᠠᠩᠭᠢ ᠵᠡᠷᠭᠡ ᠵᠢ ᠪᠠᠭᠲᠠᠭ᠋ᠠᠨ᠎ᠠ) ᠵᠢ ᠲᠣᠬᠢᠷᠠᠭᠤᠯᠵᠤ᠂ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ  ᠴᠤᠭᠯᠠᠷᠠᠯ》᠎ᠤᠨ ᠵᠡᠷᠭᠡᠴᠡᠭᠡ ᠡᠷᠡᠮᠡᠯᠵᠡᠯ ᠲᠠᠭᠯᠠᠬᠤ ᠵᠢ ᠬᠡᠷᠡᠭᠵᠢᠭᠦᠯᠦᠨ᠎ᠡ᠃

3. ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠤᠷᠢᠳᠴᠢᠯᠠᠨ ᠡᠯᠰᠡᠬᠦ  ᠪᠥᠯᠦᠭ᠃ ᠴᠡᠷᠢᠭ᠎ᠤᠨ ᠶᠠᠪᠤᠳᠠᠯ (ᠴᠡᠷᠢᠭ᠎ᠤᠨ ᠲᠦᠷᠦᠭᠦᠴᠢ ᠵᠢ ᠬᠠᠨᠳᠤᠯᠭ᠎ᠠ᠎ᠲᠠᠢ ᠬᠥᠮᠦᠵᠢᠭᠦᠯᠬᠦ)᠂ ᠳᠣᠲᠣᠭ᠋ᠠᠳᠤ ᠵᠢ ᠬᠠᠮᠠᠭ᠋ᠠᠯᠠᠬᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠴᠠᠭᠳᠠᠭ᠋ᠠᠨ᠎ᠤ ᠲᠥᠷᠥᠯ ᠵᠡᠷᠭᠡ ᠳᠡᠭᠡᠳᠦ ᠰᠤᠷᠭ᠋ᠠᠭᠤᠯᠢ (ᠪᠤᠶᠤ ᠲᠤᠰᠬᠠᠢ ᠮᠡᠷᠭᠡᠵᠢᠯ) ᠵᠢᠨ ᠡᠩ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠲᠥᠯᠥᠪᠯᠡᠭᠡ ᠵᠢ ᠲᠣᠬᠢᠷᠠᠭᠤᠯᠵᠤ᠂ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠴᠤᠭᠯᠠᠷᠠᠯ》᠎ᠤᠨ ᠵᠡᠷᠭᠡᠴᠡᠭᠡ ᠡᠷᠡᠮᠡᠯᠵᠡᠯ ᠲᠠᠭᠯᠠᠬᠤ ᠵᠢ ᠬᠡᠷᠡᠭᠵᠢᠭᠦᠯᠦᠨ᠎ᠡ᠃ ᠲᠤᠰ ᠪᠦᠯᠦᠭ ᠤᠳᠠᠭ᠎ᠠ᠎ᠨᠢ ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ B ᠱᠠᠲᠤ ᠳᠠᠭᠤᠰᠤᠭᠰᠠᠨ᠎ᠤ ᠳᠠᠷᠠᠭ᠎ᠠ᠂ ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ C ᠱᠠᠲᠤ ᠡᠬᠢᠯᠡᠬᠦ᠎ᠠᠴᠠ ᠡᠮᠦᠨ᠎ᠡ ᠡᠯᠧᠺᠲᠷᠣᠨ ᠳᠠᠩᠰᠠ ᠡᠪᠬᠡᠮᠡᠯ ᠵᠶ᠋ᠡᠨ ᠣᠷᠣᠭᠤᠯᠬᠤ  ᠵᠢᠨ ᠬᠠᠮᠲᠤ ᠡᠯᠰᠡᠨ ᠠᠪᠤᠨ᠎ᠠ᠃

4. ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠰᠤᠷᠤᠭᠴᠢ ᠡᠯᠰᠡᠬᠦ ᠪᠥᠯᠦᠭ᠃ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ᠎ᠳᠤ ᠤᠷᠢᠳᠴᠢᠯᠠᠨ ᠡᠯᠰᠡᠬᠦ᠎ᠠᠴᠠ ᠭᠠᠳᠠᠨᠠᠬᠢ ᠡᠩ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠲᠥᠯᠥᠪᠯᠡᠭᠡ ᠵᠢ ᠲᠣᠬᠢᠷᠠᠭᠤᠯᠵᠤ᠂ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠴᠤᠭᠯᠠᠷᠠᠯ》᠎ᠤᠨ ᠵᠡᠷᠭᠡᠴᠡᠭᠡ ᠡᠷᠡᠮᠡᠯᠵᠡᠯ ᠲᠠᠭᠯᠠᠬᠤ ᠵᠢ ᠬᠡᠷᠡᠭᠵᠢᠭᠦᠯᠦᠨ᠎ᠡ᠃

(ᠬᠣᠶᠠᠷ) ᠤᠷᠠᠯᠢᠭ᠎ᠤᠨ ᠲᠥᠷᠥᠯ᠎ᠤᠨ ᠰᠤᠷᠤᠭᠴᠢ ᠡᠯᠰᠡᠬᠦ  ᠵᠢᠴᠢ ᠡᠷᠡᠮᠡᠯᠵᠡᠯ᠎ᠤᠨ ᠲᠣᠬᠢᠷᠠᠭᠤᠯᠤᠯᠲᠠ

ᠤᠷᠠᠯᠢᠭ᠎ᠤᠨ ᠲᠥᠷᠥᠯ᠎ᠳᠤ ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ (A ᠱᠠᠲᠤ᠂ B ᠱᠠᠲᠤ ᠵᠢ ᠪᠠᠭᠲᠠᠭ᠋ᠠᠨ᠎ᠠ) ᠵᠢᠴᠢ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠤᠷᠢᠳᠴᠢᠯᠠᠨ ᠡᠯᠰᠡᠬᠦ ᠵᠢ ᠲᠣᠬᠢᠷᠠᠭᠤᠯᠵᠤ᠂ ᠳᠡᠰ ᠳᠠᠷᠠᠭ᠋ᠠᠯᠠᠨ ᠡᠯᠰᠡᠨ᠎ᠡ᠃

1. ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ A ᠱᠠᠲᠤ᠄ ᠰᠤᠷᠭ᠋ᠠᠭᠤᠯᠢ ᠵᠢᠨ ᠰᠢᠯᠭ᠋ᠠᠯᠲᠠ ᠵᠢᠨ ᠬᠢᠷᠢ ᠪᠦᠲᠦᠮᠵᠢ᠎ᠪᠠᠷ ᠡᠯᠰᠡᠭᠰᠡᠨ ᠤᠷᠠᠯᠢᠭ᠎ᠤᠨ ᠲᠥᠷᠥᠯ᠎ᠤᠨ ᠵᠢᠩᠬᠢᠨᠢ ᠠᠩᠭᠢᠲᠦ ᠳᠡᠭᠡᠳᠦ ᠰᠤᠷᠭ᠋ᠠᠭᠤᠯᠢ (ᠲᠤᠰᠬᠠᠢ ᠮᠡᠷᠭᠡᠵᠢᠯ) ᠵᠢᠨ ᠲᠥᠯᠥᠪᠯᠡᠭᠡ ᠪᠠ ᠮᠤᠵᠢ ᠵᠢᠨ ᠬᠣᠭᠣᠷᠣᠨᠳᠣᠬᠢ ᠬᠠᠮᠲᠤᠷᠠᠭᠰᠠᠨ ᠰᠢᠯᠭ᠋ᠠᠯᠲᠠ ᠵᠢᠨ ᠬᠢᠷᠢ ᠪᠦᠲᠦᠮᠵᠢ᠎ᠪᠠᠷ ᠡᠯᠰᠡᠭᠰᠡᠨ ᠰᠢ ᠲᠠᠭᠤᠤᠷᠢᠯᠢᠭ᠎ᠤᠨ ᠲᠥᠷᠥᠯ᠎ᠤᠨ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ (ᠲᠤᠰᠬᠠᠢ ᠮᠡᠷᠭᠡᠵᠢᠯ) ᠵᠢᠨ ᠲᠥᠯᠥᠪᠯᠡᠭᠡ ᠵᠢ ᠲᠣᠬᠢᠷᠠᠭᠤᠯᠵᠤ᠂ ᠳᠡᠰ ᠳᠠᠷᠠᠭ᠋ᠠᠯᠠᠯᠲᠤ ᠡᠷᠡᠮᠡᠯᠵᠡᠯ ᠲᠠᠭᠯᠠᠬᠤ ᠵᠢ ᠬᠡᠷᠡᠭᠵᠢᠭᠦᠯᠦᠨ᠎ᠡ᠃ 6 ᠲᠤᠰᠬᠠᠢ ᠮᠡᠷᠭᠡᠵᠢᠯ᠎ᠤᠨ ᠡᠷᠡᠮᠡᠯᠵᠡᠯ ᠠᠳᠠᠯᠢ ᠨᠢᠭᠡᠨ ᠳᠡᠭᠡᠳᠦ ᠰᠤᠷᠭ᠋ᠠᠭᠤᠯᠢ ᠵᠢᠨ ᠠᠳᠠᠯᠢ ᠨᠢᠭᠡᠨ ᠨᠢᠭᠡᠳᠦᠯᠲᠡᠢ ᠰᠢᠯᠭ᠋ᠠᠯᠲᠠ ᠵᠢᠨ ᠲᠥᠷᠥᠯ᠎ᠤᠨ ᠲᠤᠰᠬᠠᠢ ᠮᠡᠷᠭᠡᠵᠢᠯ᠎ᠤᠨ ᠡᠷᠡᠮᠡᠯᠵᠡᠯ ᠪᠠᠢ᠌ᠵᠤ ᠪᠣᠯᠤᠨ᠎ᠠ᠂ ᠪᠠᠰᠠ ᠠᠳᠠᠯᠢ ᠨᠢᠭᠡᠨ ᠳᠡᠭᠡᠳᠦ ᠰᠤᠷᠭ᠋ᠠᠭᠤᠯᠢ ᠵᠢᠨ ᠳᠣᠲᠣᠷᠠᠬᠢ ᠬᠠᠪᠰᠤᠷᠭ᠋ᠠᠨ ᠮᠡᠳᠡᠭᠦᠯᠬᠦ ᠳᠦᠷᠢᠮ ᠎ᠳᠤ ᠨᠡᠶ᠋ᠢᠴᠡᠭᠰᠡᠨ ᠠᠳᠠᠯᠢ ᠪᠤᠰᠤ ᠨᠢᠭᠡᠳᠦᠯᠲᠡᠢ ᠰᠢᠯᠭ᠋ᠠᠯᠲᠠ ᠵᠢᠨ ᠲᠥᠷᠥᠯ ᠢᠯᠭ᠋ᠠᠯ᠎ᠤᠨ ᠠᠳᠠᠯᠢ ᠪᠤᠰᠤ ᠴᠢᠭᠯᠡᠯ (ᠲᠥᠷᠥᠯ ᠢᠯᠭ᠋ᠠᠯ)᠎ᠤᠨ ᠲᠤᠰᠬᠠᠢ ᠮᠡᠷᠭᠡᠵᠢᠯ᠎ᠤᠨ ᠡᠷᠡᠮᠡᠯᠵᠡᠯ ᠪᠠᠶ᠋ᠢᠵᠤ ᠪᠣᠯᠤᠨ᠎ᠠ᠃ ᠵᠢᠱ᠌ᠢᠶᠡᠯᠡᠪᠡᠯ᠂ ᠳᠠᠭᠤᠤ ᠬᠥᠭᠵᠢᠮ᠎ᠤᠨ ᠰᠤᠷᠭ᠋ᠠᠨ ᠬᠥᠮᠦᠵᠢᠯ᠎ᠤᠨ ᠲᠥᠷᠥᠯ᠎ᠤᠨ 6 ᠲᠤᠰᠬᠠᠢ ᠮᠡᠷᠭᠡᠵᠢᠯ᠎ᠤᠨ ᠳᠣᠲᠣᠷ᠎ᠠ ᠶᠠᠮᠠᠷ ᠨᠢᠭᠡᠨ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠰᠤᠷᠭ᠋ᠠᠨ ᠬᠥᠮᠦᠵᠢᠯ᠎ᠤᠨ ᠲᠥᠷᠥᠯ᠎ᠤᠨ ᠲᠤᠰᠬᠠᠢ ᠮᠡᠷᠭᠡᠵᠢᠯ᠎ᠢ ᠲᠠᠭᠯᠠᠨ ᠮᠡᠳᠡᠭᠦᠯᠵᠦ ᠪᠣᠯᠬᠤ ᠪᠥᠭᠡᠳ ᠪᠠᠰᠠ ᠲᠤᠰ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠲᠣᠭᠯᠠᠯᠲᠠ ᠵᠢᠨ ᠲᠥᠷᠥᠯ᠎ᠤᠨ ᠲᠤᠰᠬᠠᠢ ᠮᠡᠷᠭᠡᠵᠢᠯ᠎ᠢ ᠬᠠᠮᠲᠤ᠎ᠳᠤ᠎ᠨᠢ ᠲᠠᠭᠯᠠᠨ ᠮᠡᠳᠡᠭᠦᠯᠵᠦ ᠪᠣᠯᠤᠨ᠎ᠠ᠃

2. ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ B ᠱᠠᠲᠤ᠄ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ᠎ᠪᠠᠷ ᠡᠯᠰᠡᠬᠦ ᠳᠡᠭᠡᠳᠦ ᠰᠤᠷᠭ᠋ᠠᠭᠤᠯᠢ ᠵᠢᠨ ᠤᠷᠠᠯᠢᠭ᠎ᠤᠨ ᠲᠥᠷᠥᠯ᠎ᠤᠨ ᠵᠢᠩᠬᠢᠨᠢ ᠠᠩᠭᠢ ᠵᠢᠨ ᠲᠤᠰᠬᠠᠢ ᠮᠡᠷᠭᠡᠵᠢᠯ᠎ᠤᠨ ᠲᠥᠯᠥᠪᠯᠡᠭᠡ ᠵᠢ ᠲᠣᠬᠢᠷᠠᠭᠤᠯᠵᠤ᠂ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠴᠤᠭᠯᠠᠷᠠᠯ》᠎ᠤᠨ ᠵᠡᠷᠭᠡᠴᠡᠭᠡ ᠡᠷᠡᠮᠡᠯᠵᠡᠯ ᠲᠠᠭᠯᠠᠬᠤ ᠵᠢ ᠬᠡᠷᠡᠭᠵᠢᠭᠦᠯᠦᠨ᠎ᠡ᠃

3. ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠤᠷᠢᠳᠴᠢᠯᠠᠨ ᠡᠯᠰᠡᠬᠦ ᠪᠥᠯᠦᠭ᠄ ᠤᠷᠠᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠰᠤᠷᠭ᠋ᠠᠭᠤᠯᠢ (ᠮᠡᠷᠭᠡᠵᠢᠯ) ᠵᠢᠨ ᠲᠥᠯᠥᠪᠯᠡᠭᠡ ᠵᠢ ᠲᠣᠬᠢᠷᠠᠭᠤᠯᠵᠤ᠂ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ  ᠴᠤᠭᠯᠠᠷᠠᠯ》᠎ᠤᠨ ᠵᠡᠷᠭᠡᠴᠡᠭᠡ ᠡᠷᠡᠮᠡᠯᠵᠡᠯ ᠲᠠᠭᠯᠠᠬᠤ ᠵᠢ ᠬᠡᠷᠡᠭᠵᠢᠭᠦᠯᠦᠨ᠎ᠡ᠃

(ᠭᠤᠷᠪᠠ)  ᠪᠡᠶ᠎ᠡ ᠵᠢᠨ ᠲᠠᠮᠢᠷ᠎ᠤᠨ ᠲᠥᠷᠥᠯ᠎ᠤᠨ ᠰᠤᠷᠤᠭᠴᠢ ᠡᠯᠰᠡᠬᠦ ᠪᠥᠯᠦᠭ ᠤᠳᠠᠭ᠎ᠠ ᠵᠢᠴᠢ ᠡᠷᠡᠮᠡᠯᠵᠡᠯ᠎ᠤᠨ ᠲᠣᠬᠢᠷᠠᠭᠤᠯᠤᠯᠲᠠ

ᠪᠡᠶ᠎ᠡ ᠵᠢᠨ ᠲᠠᠮᠢᠷ᠎ᠤᠨ ᠲᠥᠷᠥᠯ᠎ᠳᠤ ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ ᠪᠥᠯᠦᠭ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠤᠷᠢᠳᠴᠢᠯᠠᠨ ᠡᠯᠰᠡᠬᠦ ᠪᠥᠯᠦᠭ ᠭᠡᠵᠦ 2 ᠪᠥᠯᠦᠭ ᠤᠳᠠᠭ᠎ᠠ ᠵᠢ ᠲᠣᠬᠢᠷᠠᠭᠤᠯᠵᠤ᠂ ᠲᠤᠰ ᠲᠤᠰ ᠪᠡᠶ᠎ᠡ ᠵᠢᠨ ᠲᠠᠮᠢᠷ᠎ᠤᠨ ᠲᠥᠷᠥᠯ᠎ᠤᠨ ᠵᠢᠩᠬᠢᠨᠢ ᠠᠩᠭᠢ᠂ ᠲᠤᠰᠬᠠᠢ ᠮᠡᠷᠭᠡᠵᠢᠯ᠎ᠤᠨ ᠠᠩᠭᠢ ᠵᠢᠨ ᠲᠥᠯᠥᠪᠯᠡᠭᠡ ᠵᠢ ᠲᠣᠬᠢᠷᠠᠭᠤᠯᠤᠨ᠂ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠴᠤᠭᠯᠠᠷᠠᠯ》᠎ᠤᠨ ᠵᠡᠷᠭᠡᠴᠡᠭᠡ ᠡᠷᠡᠮᠡᠯᠵᠡᠯ᠎ᠢ ᠲᠠᠭᠯᠠᠵᠤ᠂ ᠳᠡᠰ ᠳᠠᠷᠠᠭ᠋ᠠᠯᠠᠯ᠎ᠲᠠᠢ ᠡᠯᠰᠡᠨ ᠠᠪᠤᠨ᠎ᠠ᠃

ᠲᠠᠪᠤ᠂ ᠬᠢᠵᠠᠭ᠋ᠠᠷ ᠬᠤᠪᠢ ᠲᠣᠭᠲᠠᠭ᠋ᠠᠬᠤ ᠠᠷᠭ᠎ᠠ

(ᠨᠢᠭᠡ) ᠡᠩ᠎ᠤᠨ ᠲᠦᠷᠦᠯ᠎ᠤᠨ ᠬᠢᠵᠠᠭ᠋ᠠᠷ ᠬᠤᠪᠢ ᠳᠣᠭᠲᠠᠭ᠋ᠠᠬᠤ

ᠡᠩ᠎ᠤᠨ ᠲᠥᠷᠥᠯ᠎ᠤᠨ ᠵᠢᠩᠬᠢᠨᠢ ᠠᠩᠭᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠡᠯᠰᠡᠬᠦ ᠪᠥᠯᠦᠭ᠎ᠤᠨ ᠬᠢᠵᠠᠭ᠋ᠠᠷ ᠬᠤᠪᠢ ᠵᠢ ᠲᠡᠦᠬᠡ ᠵᠢᠨ ᠲᠥᠷᠥᠯ᠂ ᠹᠢᠽᠢᠺ᠎ᠤᠨ ᠲᠥᠷᠥᠯ᠎ᠤᠨ ᠶᠣᠰᠣᠭ᠋ᠠᠷ ᠲᠤᠰ ᠲᠤᠰ ᠲᠣᠭᠲᠠᠭ᠋ᠠᠨ᠎ᠠ᠃

ᠣᠨᠴᠠᠭ᠋ᠠᠢ ᠲᠥᠷᠥᠯ᠎ᠤᠨ ᠰᠤᠷᠤᠭᠴᠢ ᠡᠯᠰᠡᠬᠦ ᠬᠢᠵᠠᠭ᠋ᠠᠷ ᠬᠤᠪᠢ ᠵᠢ ᠲᠡᠦᠬᠡ ᠵᠢᠨ ᠲᠥᠷᠥᠯ᠂ ᠹᠢᠽᠢᠺ᠎ᠤᠨ ᠲᠥᠷᠥᠯ᠎ᠤᠨ ᠶᠣᠰᠣᠭ᠋ᠠᠷ ᠲᠤᠰ ᠲᠤᠰ ᠵᠠᠭ᠋ᠠᠭᠯᠠᠨ ᠲᠣᠭᠲᠠᠭ᠋ᠠᠵᠤ᠂ ᠰᠠᠭᠤᠷᠢ ᠵᠢ ᠬᠦᠴᠦᠷᠬᠡᠭᠵᠢᠭᠦᠯᠬᠦ ᠲᠥᠯᠥᠪᠯᠡᠭᠡ᠂ ᠳᠡᠭᠡᠳᠦ ᠰᠤᠷᠭ᠋ᠠᠭᠤᠯᠢ ᠵᠢᠨ ᠲᠤᠰᠬᠠᠢ ᠲᠥᠯᠥᠪᠯᠡᠭᠡ ᠵᠡᠷᠭᠡ ᠬᠡᠰᠡᠭ ᠣᠨᠴᠠᠭ᠋ᠠᠢ ᠲᠥᠷᠥᠯ᠎ᠤᠨ ᠰᠤᠷᠤᠭᠴᠢ ᠡᠯᠰᠡᠬᠦ᠎ᠳᠤ ᠬᠡᠷᠡᠭᠯᠡᠨ᠎ᠡ᠃

ᠥᠨᠳᠥᠷ ᠬᠢᠷᠢ ᠲᠦᠪᠰᠢᠨᠲᠦ ᠪᠡᠶ᠎ᠡ ᠵᠢᠨ ᠲᠠᠮᠢᠷ᠎ᠤᠨ ᠠᠩᠭᠢ ᠵᠢᠨ ᠰᠤᠷᠤᠭᠴᠢ ᠡᠯᠰᠡᠬᠦ ᠵᠢ ᠡᠵᠡᠮᠳᠡᠬᠦ ᠬᠢᠵᠠᠭ᠋ᠠᠷ ᠬᠤᠪᠢ ᠵᠢ ᠰᠤᠷᠭ᠋ᠠᠨ ᠬᠥᠮᠦᠵᠢᠯ᠎ᠤᠨ ᠶᠠᠮᠤᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠂ ᠲᠤᠬᠠᠶ᠋ᠢᠯᠠᠪᠠᠯ᠂ 《ᠬᠣᠣᠰ ᠲᠡᠷᠢᠭᠦᠨ》᠎ᠤ ᠪᠠᠶ᠋ᠢᠭᠤᠯᠤᠯᠲᠠ ᠵᠢᠨ ᠳᠡᠭᠡᠳᠦ ᠰᠤᠷᠭ᠋ᠠᠭᠤᠯᠢ ᠰᠢᠯᠭ᠋ᠠᠭᠤᠯᠤᠭᠰᠠᠳ᠎ᠤᠨ ᠪᠦᠬᠦ ᠤᠯᠤᠰ᠎ᠤᠨ ᠳᠡᠭᠡᠳᠦ ᠰᠤᠷᠭ᠋ᠠᠭᠤᠯᠢ ᠎ᠳᠤ ᠰᠤᠷᠤᠭᠴᠢ ᠡᠯᠰᠡᠬᠦ ᠨᠢᠭᠡᠳᠦᠯᠲᠡᠢ ᠰᠢᠯᠭ᠋ᠠᠯᠲᠠ ᠵᠢᠨ ᠰᠣᠶᠣᠯ᠎ᠤᠨ ᠬᠢᠴᠢᠶᠡᠯ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢᠨ ᠱᠠᠭ᠋ᠠᠷᠳᠠᠯᠭ᠎ᠠ ᠵᠢ ᠡᠷᠬᠡᠪᠰᠢ ᠥᠪᠥᠷ ᠮᠣᠩᠭᠣᠯ᠎ᠤᠨ ᠡᠩ᠎ᠤᠨ ᠲᠥᠷᠥᠯ᠎ᠤᠨ ᠵᠢᠩᠬᠢᠨᠢ ᠠᠩᠭᠢ ᠵᠢᠨ ᠰᠤᠷᠤᠭᠴᠢ ᠡᠯᠰᠡᠬᠦ ᠬᠢᠵᠠᠭ᠋ᠠᠷ ᠬᠤᠪᠢ᠎ᠳᠤ  ᠬᠦᠷᠭᠡᠬᠦ ᠬᠡᠷᠡᠭᠲᠡᠢ; ᠪᠤᠰᠤᠳ ᠳᠡᠭᠡᠳᠦ ᠰᠤᠷᠭ᠋ᠠᠭᠤᠯᠢ ᠵᠢᠨ ᠰᠢᠯᠭ᠋ᠠᠭᠤᠯᠤᠭᠰᠠᠳ᠎ᠲᠤ ᠴᠢᠭᠯᠡᠭᠦᠯᠦᠭᠰᠡᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠣᠶᠣᠯ᠎ᠤᠨ ᠬᠢᠴᠢᠶᠡᠯ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢᠨ ᠱᠠᠭ᠋ᠠᠷᠳᠠᠯᠭ᠎ᠠ ᠵᠢ ᠡᠷᠬᠡᠪᠰᠢ ᠥᠪᠥᠷ ᠮᠣᠩᠭᠣᠯ᠎ᠤᠨ ᠡᠩ᠎ᠤᠨ ᠲᠥᠷᠥᠯ᠎ᠤᠨ ᠵᠢᠩᠬᠢᠨᠢ ᠠᠩᠭᠢ ᠵᠢᠨ ᠰᠤᠷᠤᠭᠴᠢ ᠡᠯᠰᠡᠬᠦ ᠬᠢᠵᠠᠭ᠋ᠠᠷ ᠬᠤᠪᠢ ᠵᠢᠨ 80%᠎ᠳᠤ ᠬᠦᠷᠭᠡᠬᠦ ᠬᠡᠷᠡᠭᠲᠡᠢ᠃

(ᠬᠣᠶᠠᠷ) ᠤᠷᠠᠯᠢᠭ᠎ᠤᠨ ᠲᠥᠷᠥᠯ᠎ᠤᠨ ᠬᠢᠵᠠᠭ᠋ᠠᠷ ᠬᠤᠪᠢ ᠳᠣᠭᠲᠠᠭ᠋ᠠᠬᠤ

ᠤᠷᠠᠯᠢᠭ᠎ᠤᠨ ᠲᠥᠷᠥᠯ᠎ᠤᠨ ᠵᠢᠩᠬᠢᠨᠢ ᠠᠩᠭᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ ᠪᠠ ᠲᠤᠰᠬᠠᠢ ᠮᠡᠷᠭᠡᠵᠢᠯ᠎ᠤᠨ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢᠨ ᠡᠯᠰᠡᠬᠦ ᠬᠢᠵᠠᠭ᠋ᠠᠷ ᠬᠤᠪᠢ ᠵᠢ ᠲᠤᠰ ᠲᠤᠰ ᠵᠠᠭ᠋ᠠᠭᠯᠠᠨ ᠲᠣᠭᠲᠠᠭ᠋ᠠᠨ᠎ᠠ᠃

ᠴᠥᠭᠡᠨ ᠲᠣᠭ᠋ᠠᠨ᠎ᠤ ᠰᠤᠷᠭ᠋ᠠᠭᠤᠯᠢ ᠵᠢᠨ ᠰᠢᠯᠭ᠋ᠠᠯᠲᠠ ᠵᠢ ᠵᠣᠬᠢᠶᠠᠨ ᠪᠠᠶ᠋ᠢᠭᠤᠯᠤᠭᠰᠠᠨ ᠳᠡᠭᠡᠳᠦ ᠰᠤᠷᠭ᠋ᠠᠭᠤᠯᠢ ᠵᠢᠨ ᠤᠷᠠᠯᠢᠭ᠎ᠤᠨ ᠲᠥᠷᠥᠯ᠂ ᠮᠤᠵᠢ ᠵᠢᠨ ᠬᠣᠭᠣᠷᠣᠨᠳᠣᠬᠢ ᠬᠠᠮᠲᠤᠷᠠᠭᠰᠠᠨ ᠰᠢ ᠲᠠᠭᠤᠤᠷᠢᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠬᠤᠪᠢ ᠵᠢ ᠰᠤᠷᠭ᠋ᠠᠨ ᠬᠥᠮᠦᠵᠢᠯ᠎ᠤᠨ ᠶᠠᠮᠤᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃

(ᠭᠤᠷᠪᠠ) ᠪᠡᠶ᠎ᠡ ᠵᠢᠨ ᠲᠠᠮᠢᠷ᠎ᠤᠨ ᠲᠥᠷᠥᠯ᠎ᠤᠨ ᠬᠢᠵᠠᠭ᠋ᠠᠷ ᠬᠤᠪᠢ ᠳᠣᠭᠲᠠᠭ᠋ᠠᠬᠤ

ᠪᠡᠶ᠎ᠡ ᠵᠢᠨ ᠲᠠᠮᠢᠷ᠎ᠤᠨ ᠲᠥᠷᠥᠯ᠎ᠤᠨ ᠵᠢᠩᠬᠢᠨᠢ ᠠᠩᠭᠢ ᠂ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ ᠪᠠ ᠲᠤᠰᠬᠠᠢ ᠮᠡᠷᠭᠡᠵᠢᠯ᠎ᠤᠨ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢᠨ ᠰᠤᠷᠤᠭᠴᠢ ᠡᠯᠰᠡᠬᠦ ᠬᠢᠵᠠᠭ᠋ᠠᠷ ᠬᠤᠪᠢ ᠵᠢ ᠲᠤᠰ ᠲᠤᠰ ᠵᠠᠭ᠋ᠠᠭᠯᠠᠨ ᠲᠣᠭᠲᠠᠭ᠋ᠠᠨ᠎ᠠ᠃

ᠵᠢᠷᠭᠤᠭ᠎ᠠ᠂ ᠡᠷᠡᠮᠡᠯᠵᠡᠯ ᠲᠠᠭᠯᠠᠨ ᠮᠡᠳᠡᠭᠦᠯᠬᠦ

(ᠨᠢᠭᠡ) ᠴᠠᠭ᠎ᠤᠨ ᠲᠣᠬᠢᠷᠠᠭᠤᠯᠤᠯᠲᠠ᠃ ᠡᠷᠡᠮᠡᠯᠵᠡᠯ ᠲᠠᠭᠯᠠᠨ ᠮᠡᠳᠡᠭᠦᠯᠬᠦ᠂ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠬᠤ ᠪᠠ ᠡᠯᠰᠡᠨ ᠠᠪᠬᠤ ᠪᠣᠳᠠᠲᠠᠢ ᠴᠠᠭ᠎ᠢ ᠠᠰ᠎ᠲᠤ᠎ᠨᠢ ᠨᠡᠶ᠋ᠢᠲᠡᠯᠡᠨ᠎ᠡ᠃

(ᠬᠣᠶᠠᠷ) ᠲᠠᠭᠯᠠᠨ ᠮᠡᠳᠡᠭᠦᠯᠬᠦ ᠠᠷᠭ᠎ᠠ ᠬᠡᠯᠪᠡᠷᠢ᠃ ᠰᠢᠯᠭ᠋ᠠᠭᠤᠯᠤᠭᠴᠢ ᠥᠪᠥᠷ ᠮᠣᠩᠭᠣᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠦᠯᠵᠢᠶ᠎ᠡ (https://www.nm.zsks.cn /) ᠵᠢᠨ ᠡᠷᠡᠮᠡᠯᠵᠡᠯ ᠲᠠᠭᠯᠠᠬᠤ ᠰᠢᠰᠲ᠋ᠧᠮ᠎ᠳᠤ ᠣᠷᠣᠵᠤ᠂ ᠰᠦᠯᠵᠢᠶᠡᠨ᠎ᠳᠤ ᠡᠷᠡᠮᠡᠯᠵᠡᠯ ᠲᠠᠭᠯᠠᠨ ᠮᠡᠳᠡᠭᠦᠯᠦᠨ᠎ᠡ᠃

(ᠭᠤᠷᠪᠠ) ᠡᠷᠡᠮᠡᠯᠵᠡᠯ ᠴᠤᠭᠯᠠᠭᠤᠯᠬᠤ᠃ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠴᠤᠭᠯᠠᠷᠠᠯ》᠎ᠤᠨ ᠵᠡᠷᠭᠡᠴᠡᠭᠡ ᠡᠷᠡᠮᠡᠯᠵᠡᠯ᠎ᠤᠨ ᠪᠦᠯᠦᠭ (  ᠱᠠᠲᠤ) ᠤᠳᠠᠭ᠎ᠠ ᠵᠢᠨ ᠡᠯᠰᠡᠨ ᠠᠪᠬᠤ ᠵᠢ ᠬᠡᠷᠡᠭᠵᠢᠭᠦᠯᠬᠦ ᠦᠶ᠎ᠡ᠎ᠳᠤ᠂ ᠰᠤᠷᠤᠭᠴᠢ ᠡᠯᠰᠡᠬᠦ ᠲᠥᠯᠥᠪᠯᠡᠭᠡ ᠵᠢᠨ ᠪᠡᠶᠡᠯᠡᠭᠦᠯᠦᠭᠰᠡᠨ ᠪᠠᠶ᠋ᠢᠳᠠᠯ᠎ᠢ ᠦᠨᠳᠦᠰᠦᠯᠡᠨ᠂ ᠵᠣᠬᠢᠰᠲᠠᠢ ᠴᠠᠭ᠎ᠲᠤ ᠨᠥᠬᠥᠴᠡᠯ᠎ᠳᠤ ᠨᠡᠶ᠋ᠢᠴᠡᠬᠦ ᠰᠢᠯᠭ᠋ᠠᠭᠤᠯᠤᠭᠴᠢ ᠵᠢᠨ ᠲᠤᠬᠠᠢ ᠢᠯᠡ᠎ᠪᠠᠷ ᠡᠷᠡᠮᠡᠯᠵᠡᠯ ᠴᠤᠭᠯᠠᠭᠤᠯᠬᠤ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠬᠦᠷᠢᠶᠡᠯᠡᠩ᠎ᠤᠨ ᠨᠡᠶ᠋ᠢᠲᠡᠯᠡᠭᠰᠡᠨ ᠠᠯᠪᠠᠨ ᠨᠡᠢ᠌ᠲᠡᠯᠡᠯ ᠵᠶ᠋ᠠᠷ ᠪᠠᠷᠢᠮᠵᠢᠶ᠎ᠠ ᠪᠣᠯᠭ᠋ᠠᠨ᠎ᠠ᠃

(ᠳᠥᠷᠪᠡ)  ᠡᠷᠡᠮᠡᠯᠵᠡᠯ᠎ᠢ ᠵᠡᠷᠭᠡ᠎ᠳᠤ᠎ᠨᠢ ᠲᠠᠭᠯᠠᠨ ᠮᠡᠳᠡᠭᠦᠯᠬᠦ᠃ ᠠᠰ᠎ᠲᠤ᠎ᠨᠢ ᠪᠢᠴᠢᠭ ᠮᠠᠲ᠋ᠧᠷᠢᠶᠠᠯ ᠵᠶ᠋ᠠᠷ ᠮᠡᠳᠡᠭᠳᠡᠨ᠎ᠡ᠃

ᠳᠣᠯᠣᠭ᠎ᠠ᠂ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠬᠤ ᠪᠠ ᠡᠯᠰᠡᠨ ᠠᠪᠬᠤ

ᠡᠩ᠎ᠤᠨ ᠲᠥᠷᠥᠯ (ᠲᠡᠦᠬᠡ ᠵᠢᠨ ᠲᠥᠷᠥᠯ᠂ ᠹᠢᠽᠢᠺ᠎ᠤᠨ ᠲᠥᠷᠥᠯ)᠂ ᠤᠷᠠᠯᠢᠭ᠎ᠤᠨ ᠲᠥᠷᠥᠯ᠂ ᠪᠡᠶ᠎ᠡ ᠵᠢᠨ ᠲᠠᠮᠢᠷ᠎ᠤᠨ ᠲᠥᠷᠥᠯ ᠶᠣᠰᠤᠭ᠋ᠠᠷ ᠲᠤᠰ ᠲᠤᠰ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠬᠤ ᠪᠠ ᠡᠯᠰᠡᠨ ᠠᠪᠤᠨ᠎ᠠ᠃

(ᠨᠢᠭᠡ) ᠳᠠᠷᠠᠭ᠋ᠠᠯᠠᠯᠲᠤ ᠡᠷᠡᠮᠡᠯᠵᠡᠯ

ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠰᠢᠯᠭ᠋ᠠᠯᠲᠠ ᠪᠠ ᠮᠤᠵᠢ ᠵᠢᠨ ᠬᠣᠭᠣᠷᠣᠨᠳᠣᠬᠢ ᠬᠠᠮᠲᠤᠷᠠᠭᠰᠠᠨ ᠰᠢᠯᠭ᠋ᠠᠯᠲᠠ᠎ᠳᠤ ᠬᠢᠷᠢ ᠲᠡᠩᠴᠡᠭᠰᠡᠨ ᠰᠤᠷᠤᠭᠴᠢ ᠵᠢᠨ ᠢᠷᠡᠯᠲᠡ ᠵᠢᠨ ᠳᠣᠲᠣᠷ᠎ᠠ᠂ ᠰᠢᠯᠭ᠋ᠠᠭᠤᠯᠤᠭᠴᠢ ᠵᠢᠨ ᠡᠷᠡᠮᠡᠯᠵᠡᠯ ᠪᠠ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠬᠤ ᠬᠡᠷᠡᠭᠲᠡᠢ᠃ ᠶᠡᠷᠦᠩᠬᠡᠢ᠌ᠯᠡᠭᠰᠡᠨ ᠦᠨᠡᠯᠡᠯᠲᠡ᠎ᠪᠠᠷ ᠰᠤᠷᠤᠭᠴᠢ ᠡᠯᠰᠡᠬᠦ᠂ ᠮᠤᠵᠢ ᠬᠤᠪᠢᠶᠠᠬᠤ ᠦᠭᠡᠢ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠲᠥᠯᠥᠪᠯᠡᠭᠡ᠂ ᠥᠨᠳᠥᠷ ᠬᠢᠷᠢ ᠲᠦᠪᠰᠢᠨᠲᠦ ᠪᠡᠶ᠎ᠡ ᠵᠢᠨ ᠲᠠᠮᠢᠷ᠎ᠤᠨ ᠠᠩᠭᠢ ᠪᠣᠯ ᠰᠢᠯᠭ᠋ᠠᠭᠤᠯᠤᠭᠴᠢ ᠵᠢᠨ ᠡᠷᠡᠮᠡᠯᠵᠡᠯ ᠪᠠ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠤᠨ᠎ᠠ᠃

(ᠬᠣᠶᠠᠷ) ᠵᠡᠷᠭᠡᠴᠡᠭᠡ ᠡᠷᠡᠮᠡᠯᠵᠡᠯ

《ᠬᠤᠪᠢ (ᠵᠢᠭᠰᠠᠭ᠋ᠠᠯᠲᠠ) ᠵᠢ ᠤᠷᠢᠳ ᠵᠶ᠋ᠠᠷ ᠪᠣᠳᠣᠯᠬᠢᠯᠠᠬᠤ᠂ ᠡᠷᠡᠮᠡᠯᠵᠡᠯ᠎ᠢ ᠵᠢᠷᠤᠮᠯᠠᠬᠤ᠂ ᠨᠢᠭᠡ ᠡᠭᠡᠯᠵᠢ᠎ᠳᠤ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠬᠤ》 ᠵᠠᠷᠴᠢᠮ ᠶᠣᠰᠣᠭ᠋ᠠᠷ 《ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠴᠤᠭᠯᠠᠷᠠᠯ》᠎ᠤᠨ ᠵᠡᠷᠭᠡᠴᠡᠭᠡ ᠡᠷᠡᠮᠡᠯᠵᠡᠯ᠎ᠳᠤ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠤᠨ᠎ᠠ᠃

1. ᠡᠩ᠎ᠤᠨ ᠲᠥᠷᠥᠯ

ᠰᠢᠯᠭ᠋ᠠᠭᠤᠯᠤᠭᠰᠠᠳ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠢ ᠬᠤᠪᠢ (ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ ᠵᠢᠨ ᠶᠡᠷᠦᠩᠬᠡᠢ ᠬᠤᠪᠢ + ᠲᠥᠷᠥ ᠵᠢᠨ ᠪᠣᠳᠣᠯᠭ᠎ᠠ ᠵᠢᠨ ᠴᠢᠨᠠᠷᠲᠠᠢ ᠨᠡᠮᠡᠬᠦ ᠬᠤᠪᠢ᠂ ᠳᠣᠷᠤᠭᠰᠢ ᠠᠳᠠᠯᠢ) ᠵᠢᠨ ᠥᠨᠳᠥᠷ ᠬᠤᠪᠢ᠎ᠠᠴᠠ ᠳᠣᠣᠷ᠎ᠠ ᠬᠤᠪᠢ ᠲᠡᠢ᠌ᠰᠢ ᠵᠢᠨ ᠳᠠᠷᠠᠭ᠋ᠠᠯᠠᠯ᠎ᠢ ᠦᠨᠳᠦᠰᠦᠯᠡᠨ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠬᠤ ᠳᠡᠰ ᠳᠠᠷᠠᠭ᠋ᠠᠯᠠᠯ ᠎ᠢ ᠲᠣᠭᠲᠠᠭ᠋ᠠᠨ᠎ᠠ᠂ ᠬᠡᠷᠪᠡ ᠰᠢᠯᠭ᠋ᠠᠭᠤᠯᠤᠭᠴᠢ ᠵᠢᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠢ ᠬᠤᠪᠢ ᠠᠳᠠᠯᠢ ᠪᠣᠯ ᠳᠣᠣᠷᠠᠬᠢ ᠳᠦᠷᠢᠮ ᠶᠣᠰᠣᠭ᠋ᠠᠷ ᠳᠡᠰ ᠳᠠᠷᠠᠭ᠋ᠠᠯᠠᠯ᠎ᠢ ᠲᠣᠭᠲᠠᠭ᠋ᠠᠨ᠎ᠠ᠄ ᠰᠢᠯᠭ᠋ᠠᠭᠤᠯᠤᠭᠴᠢ ᠵᠢᠨ ᠬᠡᠯᠡ ᠪᠢᠴᠢᠭ ᠪᠠ ᠲᠣᠭ᠋ᠠᠨ᠎ᠤ ᠤᠬᠠᠭ᠋ᠠᠨ᠎ᠤ ᠬᠢᠴᠢᠶᠡᠯ᠎ᠤᠨ ᠰᠢᠯᠭ᠋ᠠᠯᠲᠠ ᠵᠢᠨ ᠬᠤᠪᠢ ᠵᠢᠨ ᠨᠡᠶ᠋ᠢᠯᠡᠪᠦᠷᠢ᠂ ᠬᠡᠯᠡ ᠪᠢᠴᠢᠭ ᠪᠤᠶᠤ ᠲᠣᠭ᠋ᠠᠨ᠎ᠤ ᠤᠬᠠᠭ᠋ᠠᠨ᠎ᠤ ᠳᠠᠩ ᠬᠢᠴᠢᠶᠡᠯ᠎ᠤᠨ ᠰᠢᠯᠭ᠋ᠠᠯᠲᠠ ᠵᠢᠨ ᠬᠠᠮᠤᠭ᠎ᠤᠨ ᠥᠨᠳᠦᠷ ᠬᠤᠪᠢ᠂ ᠭᠠᠳᠠᠭ᠋ᠠᠳᠤ ᠬᠡᠯᠡᠨ᠎ᠤ ᠳᠠᠩ ᠬᠢᠴᠢᠶᠡᠯ᠎ᠤᠨ ᠬᠤᠪᠢ᠂ ᠲᠥᠷᠦᠭᠦᠨ᠎ᠳᠤ ᠰᠣᠩᠭᠤᠭᠰᠠᠨ ᠬᠢᠴᠢᠶᠡᠯ ᠲᠥᠷᠦᠯ᠎ᠤᠨ ᠳᠠᠩ ᠬᠢᠴᠢᠶᠡᠯ᠎ᠤᠨ ᠬᠤᠪᠢ᠂ ᠳᠠᠬᠢᠨ ᠰᠣᠩᠭᠤᠬᠤ ᠬᠢᠴᠢᠶᠡᠯ ᠲᠥᠷᠥᠯ᠎ᠤᠨ ᠳᠠᠩ ᠬᠢᠴᠢᠶᠡᠯ᠎ᠤᠨ ᠬᠠᠮᠤᠭ᠎ᠤᠨ ᠥᠨᠳᠥᠷ ᠬᠤᠪᠢ᠂ ᠳᠠᠬᠢᠨ ᠰᠣᠩᠭᠣᠬᠤ ᠬᠢᠴᠢᠶᠡᠯ ᠲᠥᠷᠥᠯ᠎ᠤᠨ ᠳᠠᠩ ᠬᠢᠴᠢᠶᠡᠯ᠎ᠤᠨ ᠳᠡᠳ᠋ ᠥᠨᠳᠥᠷ ᠬᠤᠪᠢ ᠵᠢ ᠥᠨᠳᠥᠷ ᠬᠤᠪᠢ᠎ᠠᠴᠠ ᠳᠣᠣᠷ᠎ᠠ ᠬᠤᠪᠢ ᠲᠡᠢ᠌ᠰᠢ ᠵᠢᠭᠰᠠᠭ᠋ᠠᠭᠰᠠᠨ ᠳᠠᠷᠠᠭ᠋ᠠᠯᠠᠯ ᠵᠶ᠋ᠠᠷ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠤᠨ᠎ᠠ; ᠬᠡᠷᠪᠡ ᠬᠤᠪᠢ᠎ᠨᠢ ᠮᠥᠨ ᠬᠦ᠌ ᠠᠳᠠᠯᠢ ᠪᠣᠯ᠂ ᠰᠢᠯᠭ᠋ᠠᠭᠤᠯᠤᠭᠴᠢ ᠵᠢᠨ ᠡᠷᠡᠮᠡᠯᠵᠡᠯ᠎ᠤᠨ ᠳᠠᠷᠠᠭ᠋ᠠᠯᠠᠯ᠎ᠢ ᠠᠳᠠᠯᠢᠳᠬᠠᠵᠦ᠂ ᠳᠠᠷᠠᠭ᠋ᠠᠯᠠᠯ ᠡᠮᠦᠨ᠎ᠡ ᠪᠠᠢ᠌ᠬᠤ᠎ᠨᠢ ᠤᠷᠢᠳ ᠵᠶ᠋ᠠᠷ ᠡᠯᠧᠺᠲᠷᠣᠨ ᠳᠠᠩᠰᠠ ᠡᠪᠬᠡᠮᠡᠯ ᠵᠶ᠋ᠡᠨ ᠣᠷᠣᠭᠤᠯᠵᠤ᠂ ᠡᠷᠡᠮᠡᠯᠵᠡᠯ᠎ᠤᠨ ᠳᠡᠰ ᠳᠠᠷᠠᠭ᠋ᠠᠯᠠᠯ᠎ᠨᠢ ᠠᠳᠠᠯᠢ ᠪᠣᠯ ᠪᠦᠬᠦᠨ ᠵᠶ᠋ᠡᠷ ᠵᠶ᠋ᠡᠨ ᠡᠯᠧᠺᠲᠷᠣᠨ ᠳᠠᠩᠰᠠ ᠡᠪᠬᠡᠮᠡᠯ ᠵᠶ᠋ᠠᠨ ᠣᠷᠣᠭᠤᠯᠤᠨ᠎ᠠ᠃

2. ᠤᠷᠠᠯᠢᠭ᠎ᠤᠨ ᠲᠥᠷᠥᠯ

ᠰᠢᠯᠭ᠋ᠠᠭᠤᠯᠤᠭᠰᠠᠳ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠢ ᠬᠤᠪᠢ᠂ ᠲᠤᠰᠬᠠᠢ ᠮᠡᠷᠭᠡᠵᠢᠯ᠎ᠤᠨ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠲᠤᠰ ᠲᠤᠰ ᠥᠪᠥᠷ ᠮᠣᠩᠭᠣᠯ᠎ᠤᠨ ᠰᠤᠷᠤᠭᠴᠢ ᠡᠯᠰᠡᠬᠦ ᠬᠢᠵᠠᠭ᠋ᠠᠷ ᠬᠤᠪᠢ᠎ᠳᠤ ᠬᠦᠷᠦᠭᠰᠡᠨ ᠤᠷᠢᠲᠠᠯ ᠳᠣᠣᠷ᠎ᠠ᠂ ᠰᠢᠯᠭ᠋ᠠᠭᠤᠯᠤᠭᠴᠢ ᠵᠢᠨ ᠶᠡᠷᠦᠩᠬᠡᠢ ᠬᠢᠷᠢ ᠪᠦᠲᠦᠮᠵᠢ ᠵᠢ ᠦᠨᠳᠦᠰᠦᠯᠡᠨ ᠵᠢᠭᠰᠠᠭ᠋ᠠᠨ᠎ᠠ᠃ ᠰᠢᠯᠭ᠋ᠠᠭᠤᠯᠤᠭᠰᠠᠳ᠎ᠤᠨ ᠶᠡᠷᠦᠩᠬᠡᠢ ᠬᠢᠷᠢ ᠪᠦᠲᠦᠮᠵᠢ ᠠᠳᠠᠯᠢ ᠦᠶ᠎ᠡ᠎ᠳᠤ᠂ ᠤᠷᠢᠳ ᠵᠶ᠋ᠠᠷ ᠲᠤᠰᠬᠠᠢ ᠮᠡᠷᠭᠡᠵᠢᠯ᠎ᠤᠨ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢ ᠠᠳᠠᠯᠢᠳᠬᠠᠵᠤ᠂ ᠬᠡᠷᠪᠡ ᠠᠳᠠᠯᠢ ᠪᠣᠯ ᠡᠩ᠎ᠤᠨ ᠳᠡᠭᠡᠳᠦ ᠰᠤᠷᠭ᠋ᠠᠭᠤᠯᠢ ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠤᠪᠢ ᠵᠢ ᠠᠳᠠᠯᠢᠳᠬᠠᠵᠤ᠂ ᠬᠤᠪᠢ᠎ᠨᠢ ᠮᠥᠨ ᠬᠦ᠌ ᠠᠳᠠᠯᠢ ᠪᠣᠯ᠂ ᠡᠩ᠎ᠤᠨ ᠲᠥᠷᠥᠯ᠎ᠤᠨ ᠳᠦᠷᠢᠮ ᠶᠣᠰᠣᠭ᠋ᠠᠷ ᠬᠡᠷᠡᠭᠵᠢᠭᠦᠯᠦᠨ᠎ᠡ᠃

ᠶᠡᠷᠦᠩᠬᠡᠢ ᠬᠢᠷᠢ ᠪᠦᠲᠦᠮᠵᠢ ᠵᠢ ᠪᠣᠳᠣᠬᠤ ᠲᠣᠮᠢᠶ᠎ᠠ ᠳᠣᠣᠷᠠᠬᠢ ᠮᠡᠲᠦ᠄

ᠳᠠᠭᠤᠤ ᠬᠥᠭᠵᠢᠮ᠎ᠤᠨ ᠲᠥᠷᠥᠯ᠂ ᠪᠥᠵᠢᠭ᠎ᠤᠨ ᠲᠥᠷᠥᠯ᠂ ᠲᠣᠭᠯᠠᠯᠲᠠ (ᠤᠳᠤᠷᠢᠳᠤᠭ᠋ᠠᠴᠢ) ᠵᠢᠨ ᠲᠥᠷᠥᠯ᠎ᠤᠨ ᠲᠤᠰᠬᠠᠢ ᠮᠡᠷᠭᠡᠵᠢᠯ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠣᠶᠣᠯ᠎ᠤᠨ ᠬᠢᠷᠢ ᠪᠦᠲᠦᠮᠵᠢ ᠵᠢᠨ ᠡᠵᠡᠯᠡᠬᠦ ᠬᠠᠷᠢᠴᠠᠯ 50% ᠪᠣᠯᠤᠨ᠎ᠠ᠂ ᠲᠤᠬᠠᠶ᠋ᠢᠯᠠᠪᠠᠯ᠄ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠬᠤ ᠬᠤᠪᠢ = [ (ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ  ᠵᠢᠨ ᠰᠣᠶᠣᠯ᠎ᠤᠨ ᠬᠤᠪᠢ ÷ ᠰᠣᠶᠤᠯ᠎ᠤᠨ ᠪᠦᠷᠢᠨ  ᠬᠤᠪᠢ) ×50% + (ᠲᠤᠰᠬᠠᠢ ᠮᠡᠷᠭᠡᠵᠢᠯ᠎ᠤᠨ ᠬᠤᠪᠢ ÷ ᠲᠤᠰᠬᠠᠢ ᠮᠡᠷᠭᠡᠵᠢᠯ᠎ᠤᠨ ᠪᠦᠷᠢᠨ ᠬᠤᠪᠢ) × 50%] ×750᠂ ᠳ᠋ᠦᠩ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠦᠨ ᠪᠥᠬᠦᠯᠢ ᠵᠢ ᠠᠪᠤᠨ᠎ᠠ᠃

ᠤᠷᠠᠨ ᠵᠢᠷᠤᠭ ᠪᠠ ᠵᠢᠷᠤᠭ ᠲᠥᠯᠥᠪᠯᠡᠭᠡᠨ᠎ᠤ ᠲᠥᠷᠥᠯ᠂ ᠤᠷᠠᠨ ᠪᠢᠴᠢᠯᠭᠡ ᠵᠢᠨ ᠲᠥᠷᠥᠯ᠎ᠤᠨ ᠲᠤᠰᠬᠠᠢ ᠮᠡᠷᠭᠡᠵᠢᠯ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠣᠶᠣᠯ᠎ᠤᠨ ᠬᠢᠴᠢᠶᠡᠯ᠎ᠤᠨ ᠬᠢᠷᠢ ᠪᠦᠲᠦᠮᠵᠢ ᠵᠢᠨ ᠡᠵᠡᠯᠡᠬᠦ ᠬᠠᠷᠢᠴᠠᠯ 60%᠂ ᠲᠤᠬᠠᠢ᠌ᠯᠠᠪᠠᠯ᠄ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠬᠤ ᠬᠤᠪᠢ = [ (ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠣᠶᠣᠯ᠎ᠤᠨ ᠬᠤᠪᠢ ÷ ᠰᠣᠶᠤᠯ᠎ᠤᠨ ᠪᠦᠷᠢᠨ ᠬᠤᠪᠢ) × 60%+ (ᠲᠤᠰᠬᠠᠢ ᠮᠡᠷᠭᠡᠵᠢᠯ᠎ᠤᠨ ᠬᠤᠪᠢ ÷ ᠲᠤᠰᠬᠠᠢ ᠮᠡᠷᠭᠡᠵᠢᠯ᠎ᠤᠨ ᠪᠦᠷᠢᠨ ᠬᠤᠪᠢ) × 60%] ×750᠂ ᠳ᠋ᠦᠩ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠦᠨ ᠪᠥᠬᠦᠯᠢ ᠵᠢ ᠠᠪᠤᠨ᠎ᠠ᠃

ᠨᠡᠪᠲᠡᠷᠡᠭᠦᠯᠦᠭᠴᠢ ᠪᠣᠯᠤᠨ ᠬᠥᠲᠦᠯᠦᠭᠴᠢ ᠵᠢᠨ ᠲᠥᠷᠥᠯ᠎ᠤᠨ ᠲᠤᠰᠬᠠᠢ ᠮᠡᠷᠭᠡᠵᠢᠯ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠣᠶᠣᠯ᠎ᠤᠨ ᠬᠢᠷᠢ ᠪᠦᠲᠦᠮᠵᠢ ᠵᠢᠨ ᠡᠵᠡᠯᠡᠬᠦ ᠬᠠᠷᠢᠴᠠᠯ 70%᠂ ᠲᠤᠬᠠᠢ᠌ᠯᠠᠪᠠᠯ᠄ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠬᠤ ᠬᠤᠪᠢ = [ (ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠣᠶᠣᠯ᠎ᠤᠨ ᠬᠤᠪᠢ÷ ᠰᠣᠶᠤᠯ᠎ᠤᠨ ᠪᠦᠷᠢᠨ ᠬᠤᠪᠢ) ×70% + (ᠲᠤᠰᠬᠠᠢ ᠮᠡᠷᠭᠡᠵᠢᠯ᠎ᠤᠨ ᠬᠤᠪᠢ÷ ᠲᠤᠰᠬᠠᠢ ᠮᠡᠷᠭᠡᠵᠢᠯ᠎ᠤᠨ ᠪᠦᠷᠢᠨ ᠬᠤᠪᠢ) × 70%] ×750᠂ ᠳ᠋ᠦᠩ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠦᠨ ᠪᠥᠬᠦᠯᠢ ᠵᠢ ᠠᠪᠤᠨ᠎ᠠ᠃

3. ᠪᠡᠶ᠎ᠡ ᠵᠢᠨ ᠲᠠᠮᠢᠷ᠎ᠤᠨ ᠲᠥᠷᠥᠯ

ᠰᠢᠯᠭ᠋ᠠᠭᠤᠯᠤᠭᠰᠠᠳ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠢ ᠬᠤᠪᠢ᠂ ᠲᠤᠰᠬᠠᠢ ᠮᠡᠷᠭᠡᠵᠢᠯ᠎ᠤᠨ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠲᠤᠰ ᠲᠤᠰ ᠥᠪᠥᠷ ᠮᠣᠩᠭᠣᠯ᠎ᠤᠨ ᠰᠤᠷᠤᠭᠴᠢ ᠡᠯᠰᠡᠬᠦ ᠬᠢᠵᠠᠭ᠋ᠠᠷ ᠬᠤᠪᠢ᠎ᠳᠤ ᠬᠦᠷᠦᠭᠰᠡᠨ ᠤᠷᠢᠲᠠᠯ ᠳᠣᠣᠷ᠎ᠠ᠂ ᠰᠢᠯᠭ᠋ᠠᠭᠤᠯᠤᠭᠴᠢ ᠵᠢᠨ ᠲᠤᠰᠬᠠᠢ ᠮᠡᠷᠭᠡᠵᠢᠯ᠎ᠤᠨ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢᠨ ᠵᠢᠭᠰᠠᠭ᠋ᠠᠯᠲᠠ ᠵᠢ ᠦᠨᠳᠦᠰᠦᠯᠡᠨ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠬᠤ ᠬᠤᠪᠢ ᠵᠢ ᠲᠣᠭᠲᠠᠭ᠋ᠠᠨ᠎ᠠ᠃ ᠲᠤᠰᠬᠠᠢ ᠮᠡᠷᠭᠡᠵᠢᠯ᠎ᠤᠨ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠠᠳᠠᠯᠢ ᠦᠶ᠎ᠡ᠎ᠳᠤ᠂ ᠡᠩ ᠲᠡᠷᠢᠭᠦᠨ᠎ᠳᠤ ᠰᠢᠯᠭ᠋ᠠᠭᠤᠯᠤᠭᠴᠢ ᠵᠢᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠢ ᠬᠤᠪᠢ᠎ᠲᠠᠢ ᠠᠳᠠᠯᠢᠳᠬᠠᠵᠤ᠂ ᠮᠥᠨ ᠬᠦ᠌ ᠠᠳᠠᠯᠢ ᠪᠣᠯ᠂ ᠡᠩ᠎ᠤᠨ ᠲᠥᠷᠥᠯ᠎ᠤᠨ ᠳᠦᠷᠢᠮ ᠶᠣᠰᠣᠭ᠋ᠠᠷ ᠬᠡᠷᠡᠭᠵᠢᠭᠦᠯᠦᠨ᠎ᠡ᠃

(ᠭᠤᠷᠪᠠ) ᠪᠤᠰᠤᠳ ᠵᠦᠢ᠍ᠯ

1. ᠡᠯᠰᠡᠬᠦ ᠶᠠᠪᠤᠴᠠ᠎ᠳᠤ ᠪᠠ ᠡᠯᠰᠡᠵᠦ ᠳᠠᠭᠤᠰᠤᠭᠰᠠᠨ᠎ᠤ ᠳᠠᠷᠠᠭ᠎ᠠ᠂ ᠡᠷᠡᠮᠡᠯᠵᠡᠯ ᠲᠠᠭᠯᠠᠬᠤ᠎ᠳᠤ᠎ᠪᠠᠨ ᠵᠢᠩᠬᠢᠨᠢ ᠠᠩᠭᠢ ᠵᠢᠨ ᠤᠷᠢᠳᠴᠢᠯᠠᠨ ᠡᠯᠰᠡᠬᠦ᠂ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠤᠷᠢᠳᠴᠢᠯᠠᠨ ᠡᠯᠰᠡᠬᠦ (ᠡᠩ᠎ᠤᠨ ᠲᠥᠷᠥᠯ) ᠪᠤᠶᠤ ᠵᠢᠩᠬᠢᠨᠢ ᠠᠩᠭᠢ ᠵᠢᠨ  ᠡᠷᠡᠮᠡᠯᠵᠡᠯ ᠲᠠᠭᠯᠠᠵᠤ ᠡᠯᠰᠡᠨ ᠠᠪᠬᠤ ᠵᠢ ᠲᠠᠶᠠᠭᠳᠠᠭᠰᠠᠨ ᠰᠢᠯᠭ᠋ᠠᠭᠤᠯᠤᠭᠴᠢ ᠵᠢ ᠲᠤᠰ ᠵᠢᠯ᠎ᠤᠨ ᠪᠥᠬᠦ ᠵᠢᠩᠬᠢᠨᠢ ᠠᠩᠭᠢ ᠵᠢᠨ ᠡᠷᠡᠮᠡᠯᠵᠡᠯ ᠲᠠᠭᠯᠠᠵᠤ ᠡᠯᠰᠡᠨ ᠠᠪᠬᠤ ᠵᠢ ᠲᠠᠶᠠᠭᠳᠠᠭᠰᠠᠨ ᠵᠶ᠋ᠠᠷ ᠦᠵᠡᠵᠦ᠂ ᠵᠥᠪᠬᠡᠨ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠡᠷᠡᠮᠡᠯᠵᠡᠯ ᠲᠠᠭᠯᠠᠬᠤ ᠪᠤᠶᠤ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠵᠤ ᠡᠯᠰᠡᠨ ᠠᠪᠬᠤ᠎ᠳᠤ ᠣᠷᠣᠯᠴᠠᠵᠤ ᠪᠣᠯᠤᠨ᠎ᠠ; ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠤᠷᠢᠳᠴᠢᠯᠠᠨ ᠡᠯᠰᠡᠬᠦ (ᠤᠷᠠᠯᠢᠭ᠎ᠤᠨ ᠲᠥᠷᠥᠯ᠂ ᠪᠡᠶ᠎ᠡ ᠵᠢᠨ ᠲᠠᠮᠢᠷ᠎ᠤᠨ ᠲᠥᠷᠥᠯ)᠂ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠡᠷᠡᠮᠡᠯᠵᠡᠯ ᠲᠠᠭᠯᠠᠵᠤ ᠡᠯᠰᠡᠨ ᠠᠪᠬᠤ ᠵᠢ ᠰᠠᠢ᠌ᠨ ᠳᠤᠷ᠎ᠠ᠎ᠠᠴᠠ᠎ᠪᠠᠨ ᠲᠠᠶᠠᠭᠳᠠᠭᠰᠠᠨ ᠰᠢᠯᠭ᠋ᠠᠭᠤᠯᠤᠭᠴᠢ ᠪᠦᠬᠦᠨ᠎ᠢ ᠲᠤᠰ ᠵᠢᠯ᠎ᠤᠨ ᠪᠥᠬᠦ ᠡᠷᠡᠮᠡᠯᠵᠡᠯ ᠲᠠᠭᠯᠠᠵᠤ ᠡᠯᠰᠡᠨ ᠠᠪᠬᠤ ᠵᠢ ᠲᠠᠶᠠᠭᠳᠠᠭᠰᠠᠨ ᠵᠶ᠋ᠠᠷ ᠦᠵᠡᠨ᠎ᠡ᠃

2. ᠴᠡᠷᠢᠭ᠎ᠤᠨ ᠶᠠᠪᠤᠳᠠᠯ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠡᠯ᠎ᠡ ᠳᠡᠭᠡᠳᠦ ᠰᠤᠷᠭ᠋ᠠᠭᠤᠯᠢ ᠣᠨᠴᠠᠭ᠋ᠠᠢ ᠡᠯᠧᠺᠲᠷᠣᠨ ᠳᠠᠩᠰᠠ ᠡᠪᠬᠡᠮᠡᠯ᠎ᠢ ᠣᠷᠣᠭᠤᠯᠬᠤ  ᠱᠠᠭ᠋ᠠᠷᠳᠠᠯᠭ᠎ᠠ᠎ᠲᠠᠢ ᠪᠣᠯ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠶᠣᠰᠣᠭ᠋ᠠᠷ ᠬᠡᠷᠡᠭᠵᠢᠭᠦᠯᠦᠨ᠎ᠡ᠃

3. ᠨᠢᠭᠡᠨᠲᠡ ᠡᠯᠰᠡᠭᠳᠡᠭᠰᠡᠨ ᠰᠢᠯᠭ᠋ᠠᠭᠤᠯᠤᠭᠴᠢ ᠵᠠᠯᠭ᠋ᠠᠭ᠋ᠠᠳ ᠡᠷᠡᠮᠡᠯᠵᠡᠯ ᠲᠠᠭᠯᠠᠵᠤ ᠪᠣᠯᠬᠤ ᠦᠭᠡᠢ᠃

ᠨᠠᠢ᠍ᠮᠠ᠂ ᠪᠠᠲᠤᠯᠬᠠᠤ ᠠᠷᠭ᠎ᠠ ᠪᠣᠳᠤᠯᠭ᠎ᠠ

(ᠨᠢᠭᠡ) ᠤᠳᠤᠷᠢᠳᠴᠤ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠪᠠ ᠡᠯᠰᠡᠨ ᠠᠪᠬᠤ ᠠᠵᠢᠯ᠎ᠢ 《ᠨᠢᠭᠡᠳᠦᠭᠡᠷ ᠬᠠᠷᠢᠭᠤᠴᠠᠯᠭ᠋ᠠᠲᠠᠨ》᠎ᠤ ᠢᠨᠵᠧᠨᠧᠷᠢᠩ ᠪᠣᠯᠤᠨ ᠠᠷᠠᠳ᠎ᠤᠨ ᠠᠮᠢᠳᠤᠷᠠᠯ᠎ᠤᠨ ᠴᠢᠬᠤᠯᠠ ᠶᠡᠬᠡ ᠢᠨᠵᠧᠨᠧᠷᠢᠩ ᠪᠣᠯᠭ᠋ᠠᠵᠤ᠂ 《ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠱᠠᠲᠤ ᠬᠤᠪᠢᠶᠠᠨ ᠬᠠᠮᠢᠶᠠᠷᠬᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ》 ᠵᠠᠷᠴᠢᠮ ᠶᠣᠰᠣᠭ᠋ᠠᠷ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠱᠠᠲᠤᠨ᠎ᠤ ᠰᠤᠷᠤᠭᠴᠢ ᠡᠯᠰᠡᠬᠦ ᠵᠥᠪᠯᠡᠯ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠢᠯᠭ᠋ᠠᠯᠲᠠ᠎ᠪᠠᠷ ᠰᠤᠷᠤᠭᠴᠢ ᠡᠯᠰᠡᠬᠦ ᠪᠠᠶ᠋ᠢᠭᠤᠯᠤᠮᠵᠢ᠂ ᠰᠤᠷᠤᠭᠴᠢ ᠡᠯᠰᠡᠬᠦ ᠶᠡᠬᠡ ᠳᠡᠭᠡᠳᠦ ᠰᠤᠷᠭ᠋ᠠᠭᠤᠯᠢ ᠪᠣᠯᠤᠨ ᠳᠤᠮᠳᠠᠳᠤ ᠰᠤᠷᠭ᠋ᠠᠭᠤᠯᠢ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠤᠨ᠂ ᠠᠵᠢᠯ᠎ᠤᠨ ᠲᠥᠰᠦᠯ ᠲᠣᠭᠲᠠᠭ᠋ᠠᠵᠤ᠂ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠤ᠎ᠨᠢ ᠰᠤᠳᠤᠯᠤᠨ ᠰᠢᠢ᠍ᠳᠪᠦᠷᠢᠯᠡᠵᠦ᠂ 2025 ᠣᠨ᠎ᠤ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠪᠠ ᠡᠯᠰᠡᠨ ᠠᠪᠬᠤ ᠠᠵᠢᠯ᠎ᠢ ᠲᠣᠭᠲᠠᠭᠤᠨ ᠪᠥᠭᠡᠳ ᠡᠮᠬᠢ ᠴᠡᠭᠴᠡ᠎ᠲᠠᠢ ᠬᠡᠷᠡᠭᠵᠢᠭᠦᠯᠬᠦ ᠵᠢ ᠪᠠᠲᠤᠯᠠᠬᠤ ᠬᠡᠷᠡᠭᠲᠡᠢ᠃

(ᠬᠣᠶᠠᠷ) ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠴᠢᠩᠭ᠋ᠠᠳᠬᠠᠨ᠎ᠠ᠃ ᠡᠯ᠎ᠡ ᠭᠠᠵᠠᠷ ᠎ᠤᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ ᠠᠮᠤᠷ ᠲᠦᠪᠰᠢᠨ᠎ᠤ ᠠᠵᠢᠯ᠎ᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠰᠢᠯᠭ᠋ᠠᠯᠲᠠ ᠵᠢᠨ ᠰᠡᠳᠦᠪ ᠭᠠᠷᠭ᠋ᠠᠬᠤ᠂ ᠰᠢᠯᠭ᠋ᠠᠯᠲᠠ ᠵᠢᠨ ᠰᠡᠳᠦᠪ᠎ᠢ ᠳᠣᠭᠲᠠᠭ᠋ᠠᠬᠤ᠂ ᠰᠢᠯᠭ᠋ᠠᠯᠲᠠ ᠵᠢ ᠵᠣᠬᠢᠶᠠᠨ ᠪᠠᠢ᠌ᠭᠤᠯᠬᠤ᠂ ᠰᠤᠷᠤᠭᠴᠢ ᠡᠯᠰᠡᠬᠦ ᠵᠡᠷᠭᠡ ᠪᠦᠬᠦ ᠶᠠᠪᠤᠴᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠵᠣᠬᠢᠰᠲᠠᠢ ᠰᠣᠷᠢᠯᠲᠠ ᠬᠢᠬᠦ ᠠᠵᠢᠯ᠎ᠢ ᠰᠠᠶ᠋ᠢᠲᠤᠷ ᠬᠢᠵᠦ᠂ ᠰᠢᠯᠭ᠋ᠠᠭᠤᠯᠤᠭᠰᠠᠳ᠎ᠲᠤ ᠥᠭᠡᠷᠡᠴᠢᠯᠡᠯᠲᠡ ᠵᠢᠨ ᠠᠭᠤᠯᠭ᠎ᠠ ᠵᠢᠨ ᠬᠤᠪᠢᠷᠠᠯᠲᠠ ᠵᠢ ᠭᠦᠨᠵᠡᠭᠡᠢ ᠣᠶ᠋ᠢᠯᠠᠭ᠋ᠠᠭᠤᠯᠵᠤ᠂ ᠲᠦᠷᠭᠡᠨ ᠵᠣᠬᠢᠴᠠᠭᠤᠯᠤᠨ᠎ᠠ᠃  ᠴᠠᠭ ᠲᠤᠬᠠᠢ᠎ᠳᠤ᠎ᠨᠢ ᠠᠯᠬᠤᠮ ᠳᠠᠷᠠᠭ᠎ᠠ ᠵᠢ ᠲᠡᠭᠦᠯᠳᠡᠷᠵᠢᠭᠦᠯᠵᠦ᠂ ᠴᠤᠪᠤᠷᠠᠯ᠎ᠢ ᠰᠢᠯᠢᠳᠡᠭᠵᠢᠭᠦᠯᠦᠨ᠂ ᠰᠢᠯᠭ᠋ᠠᠵᠤ ᠡᠯᠰᠡᠬᠦ ᠡᠩᠨᠡᠭᠡ ᠵᠢᠨ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠠ ᠰᠢᠯᠭ᠋ᠠᠯᠲᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠴᠢᠯᠠᠯᠲᠠ ᠵᠢᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠴᠢᠩᠭ᠋ᠠᠷᠠᠭᠤᠯᠵᠤ᠂ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠣᠭᠲᠠᠭᠤᠨ ᠵᠶ᠋ᠠᠷ ᠬᠡᠷᠡᠭᠵᠢᠭᠦᠯᠬᠦ᠎ᠳᠤ ᠰᠠᠶ᠋ᠢᠨ ᠰᠠᠭᠤᠷᠢ ᠲᠠᠯᠪᠢᠬᠤ ᠬᠡᠷᠡᠭᠲᠡᠢ᠃

(ᠭᠤᠷᠪᠠ) ᠤᠠᠬᠭᠤᠯᠬᠤ ᠪᠠ ᠦᠢ᠍ᠯᠡᠴᠢᠯᠡᠬᠦ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠤᠷᠤᠭᠴᠢ ᠡᠯᠰᠡᠬᠦ ᠡᠯ᠎ᠡ ᠶᠡᠬᠡ ᠳᠡᠭᠡᠳᠦ ᠰᠤᠷᠭ᠋ᠠᠭᠤᠯᠢ ᠥᠭᠡᠷᠡᠴᠢᠯᠡᠯᠲᠡ ᠵᠢᠨ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ᠂ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠥᠪ᠎ᠤᠨ ᠠᠵᠢᠯ᠎ᠤᠨ ᠲᠣᠭᠣᠷᠢᠨ᠎ᠳᠤ᠂ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠰᠤᠷᠤᠯᠴᠠᠯᠭ᠎ᠠ ᠪᠣᠯᠪᠠᠰᠤᠷᠠᠯ᠎ᠢ ᠪᠦᠬᠦ ᠲᠠᠯ᠎ᠠ᠎ᠪᠠᠷ ᠰᠠᠶ᠋ᠢᠲᠤᠷ ᠬᠢᠵᠦ᠂  ᠵᠦᠪᠯᠡᠯᠭᠡ ᠥᠭᠬᠦ ᠦᠢ᠍ᠯᠡᠴᠢᠯᠡᠭᠡ ᠵᠢ ᠣᠯᠠᠨ ᠠᠷᠭ᠎ᠠ ᠵᠠᠮ ᠵᠶ᠋ᠠᠷ ᠥᠷᠨᠢᠭᠦᠯᠦᠨ᠂ ᠰᠢᠯᠭ᠋ᠠᠭᠤᠯᠤᠭᠴᠢ ᠪᠠ ᠭᠡᠷ᠎ᠤᠨ ᠠᠬᠠᠮᠠᠳ᠎ᠲᠤ ᠰᠢᠯᠭ᠋ᠠᠯᠲᠠ᠎ᠪᠠᠷ ᠰᠤᠷᠤᠭᠴᠢ ᠡᠯᠰᠡᠬᠦ ᠲᠥᠷᠥ ᠵᠢᠨ ᠪᠣᠳᠣᠯᠭ᠎ᠠ ᠳᠦᠷᠢᠮ ᠲᠣᠭᠲᠠᠭ᠋ᠠᠯ᠎ᠢ ᠦᠨᠡᠨ ᠬᠦ᠌ ᠣᠶ᠋ᠢᠯᠠᠭ᠋ᠠᠭᠤᠯᠬᠤ ᠬᠡᠷᠡᠭᠲᠡᠢ᠃ ᠰᠢᠯᠭ᠋ᠠᠯᠲᠠ᠎ᠪᠠᠷ ᠰᠤᠷᠤᠭᠴᠢ ᠡᠯᠰᠡᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠰᠢᠯᠢᠳᠡᠭᠵᠢᠭᠦᠯᠵᠦ᠂ ᠠᠵᠢᠯ᠎ᠤᠨ ᠠᠷᠭ᠎ᠠ ᠮᠠᠶᠢᠭ ᠪᠠ ᠠᠷᠭ᠎ᠠ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠨ᠂ ᠨᠡᠶ᠋ᠢᠭᠡᠮ᠎ᠤᠨ᠎ᠬᠢᠨ᠎ᠤ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠢ ᠴᠠᠭ ᠲᠤᠬᠠᠢ᠎ᠳᠤ᠎ᠨᠢ ᠬᠠᠷᠢᠭᠤᠯᠵᠤ᠂ ᠨᠡᠶ᠋ᠢᠭᠡᠮ᠎ᠤᠨ ᠰᠠᠶ᠋ᠢᠨ ᠰᠠᠶ᠋ᠢᠬᠠᠨ ᠣᠷᠴᠢᠨ ᠨᠥᠬᠥᠴᠡᠯ ᠪᠠ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠢᠳᠡᠪᠬᠢᠲᠡᠢ ᠪᠤᠢ ᠪᠣᠯᠭ᠋ᠠᠬᠤ ᠬᠡᠷᠡᠭᠲᠡᠢ᠃

(ᠳᠥᠷᠪᠡ) ᠨᠥᠬᠥᠴᠡᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠤᠷᠤᠭᠴᠢ ᠡᠯᠰᠡᠬᠦ ᠡᠯ᠎ᠡ ᠶᠡᠬᠡ ᠳᠡᠭᠡᠳᠦ ᠰᠤᠷᠭ᠋ᠠᠭᠤᠯᠢ ᠵᠠᠷᠤᠳᠠᠯ᠎ᠤᠨ ᠪᠡᠯᠡ ᠣᠷᠣᠭᠤᠯᠤᠯᠲᠠ᠂ ᠠᠵᠢᠯᠲᠠᠨ᠎ᠤ ᠲᠣᠬᠢᠷᠠᠭᠤᠯᠤᠯᠲᠠ᠂ ᠪᠡᠯᠡᠳᠬᠡᠮᠵᠢ ᠲᠥᠬᠦᠭᠡᠷᠦᠮᠵᠢ ᠵᠢᠨ ᠲᠡᠭᠦᠯᠳᠡᠷᠵᠢᠯᠲᠡ ᠵᠡᠷᠭᠡ ᠲᠠᠯ᠎ᠠ ᠵᠢᠨ ᠪᠠᠲᠤᠯᠠᠭ᠎ᠠ ᠵᠢ ᠪᠣᠳᠠᠲᠠᠶ᠋ᠢᠵᠢᠭᠤᠯᠵᠤ᠂ ᠰᠤᠷᠭ᠋ᠠᠨ ᠬᠥᠮᠦᠵᠢᠯ᠎ᠤᠨ ᠰᠢᠯᠭ᠋ᠠᠯᠲᠠ᠎ᠪᠠᠷ ᠰᠤᠷᠤᠭᠴᠢ ᠡᠯᠰᠡᠬᠦ ᠪᠠᠶ᠋ᠢᠭᠤᠯᠤᠮᠵᠢ ᠪᠣᠯᠤᠨ ᠡᠩᠨᠡᠭᠡᠨ᠎ᠤ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠪᠠᠷᠢᠮᠵᠢᠶᠠᠵᠢᠭᠤᠯᠤᠭᠰᠠᠨ ᠰᠢᠯᠭ᠋ᠠᠯᠲᠠ ᠵᠢᠨ ᠲᠠᠯᠠᠪᠠᠢ ᠵᠢᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠤᠢ᠍ᠭᠡᠢ ᠳᠡᠭᠡᠭᠰᠢᠯᠡᠭᠦᠯᠵᠦ᠂ ᠭᠠᠳᠠᠭ᠋ᠠᠳᠤ ᠬᠡᠯᠡᠨ᠎ᠤ ᠰᠣᠨᠣᠰᠬᠤ ᠰᠢᠯᠭ᠋ᠠᠯᠲᠠ ᠵᠢᠨ ᠪᠡᠯᠡᠳᠬᠡᠮᠵᠢ ᠲᠥᠬᠥᠭᠡᠷᠦᠮᠵᠢ ᠵᠢᠨ ᠪᠠᠲᠤᠯᠠᠭ᠎ᠠ ᠪᠠ ᠰᠢᠯᠭ᠋ᠠᠯᠲᠠ ᠵᠢᠨ ᠶᠠᠪᠤᠳᠠᠯ᠎ᠤᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠡᠷᠭᠡ ᠠᠵᠢᠯ᠎ᠢ ᠦᠨᠡᠨ ᠬᠦ᠌ ᠴᠢᠩᠭ᠋ᠠᠷᠠᠭᠤᠯᠤᠨ᠂ ᠮᠡᠷᠭᠡᠵᠢᠯ᠎ᠤᠨ ᠳᠡᠮᠵᠢᠯᠭᠡ ᠵᠢᠨ ᠦᠢ᠍ᠯᠡᠴᠢᠯᠡᠭᠡ ᠵᠢ ᠰᠠᠶ᠋ᠢᠲᠤᠷ ᠬᠢᠵᠦ᠂ ᠰᠢᠯᠭ᠋ᠠᠯᠲᠠ᠎ᠪᠠᠷ ᠰᠤᠷᠤᠭᠴᠢ ᠡᠯᠰᠡᠬᠦ ᠲᠤᠬᠠᠶ᠋ᠢᠯᠠᠭᠰᠠᠨ ᠠᠵᠢᠯ᠎ᠤᠨ ᠮᠡᠳᠡᠭᠡ ᠵᠠᠩᠭᠢ ᠵᠢᠨ ᠰᠢᠰᠲ᠋ᠧᠮ᠎ᠤᠨ ᠠᠮᠤᠷ ᠲᠣᠭᠲᠠᠭᠤᠨ ᠠᠵᠢᠯᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃

ᠲᠤᠰ ᠲᠥᠰᠦᠯ᠎ᠨᠢ 2025 ᠣᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢ ᠡᠯᠰᠡᠬᠦ ᠨᠠᠮᠤᠷ᠎ᠤᠨ ᠤᠯᠠᠷᠢᠯ᠎ᠤᠨ ᠨᠢᠭᠡᠳᠦᠯᠲᠡᠢ ᠰᠢᠯᠭ᠋ᠠᠯᠲᠠ (ᠪᠠᠭ᠋ᠠᠴᠤᠳ᠎ᠤᠨ ᠠᠩᠭᠢ᠂ ᠣᠨᠴᠠᠭ᠋ᠠᠢ ᠣᠷᠣᠶ᠋ᠢᠯᠠᠭᠰᠠᠨ ᠴᠢᠳᠠᠪᠤᠷᠢᠲᠠᠨ᠎ᠢ ᠰᠣᠩᠭᠣᠬᠤ ᠲᠤᠷᠰᠢᠯᠲᠠ ᠵᠢᠨ ᠴᠡᠭ᠎ᠢ ᠪᠠᠭᠲᠠᠭ᠋ᠠᠨ᠎ᠠ)᠎ᠳᠤ ᠲᠣᠬᠢᠷᠠᠨ᠎ᠠ᠃ ᠡᠯ᠎ᠡ ᠡᠩ᠎ᠤᠨ ᠳᠡᠭᠡᠳᠦ ᠰᠤᠷᠭ᠋ᠠᠭᠤᠯᠢ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠎ᠢ ᠠᠵᠢᠯ ᠲᠥᠷᠦᠯ ᠵᠶ᠋ᠡᠷ ᠡᠯᠰᠡᠬᠦ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠲᠤᠰᠠᠭ᠋ᠠᠷ ᠰᠢᠯᠭ᠋ᠠᠯᠲᠠ᠎ᠪᠠᠷ ᠰᠤᠷᠤᠭᠴᠢ ᠡᠯᠰᠡᠬᠦ ᠬᠠᠮᠢᠶ᠎ᠠ ᠪᠦᠬᠦᠢ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠢ ᠠᠰ᠎ᠲᠤ᠎ᠨᠢ ᠨᠡᠶ᠋ᠢᠲᠡᠯᠡᠨ᠎ᠡ᠃ ᠲᠤᠰ ᠲᠥᠰᠦᠯ᠎ᠤᠨ ᠪᠡᠶᠡᠯᠡᠭᠦᠯᠦᠭᠡᠳᠦᠢ ᠵᠦᠢ᠍ᠯ᠎ᠢ ᠰᠤᠷᠭ᠋ᠠᠨ ᠬᠥᠮᠦᠵᠢᠯ᠎ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃

                                                                      

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ᠂ ᠪᠠᠭᠤᠴᠠ ᠵᠢ ᠮᠡᠳᠡᠭᠦᠯᠬᠦ ᠵᠢᠴᠢ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2024 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ᠎ᠤᠨ ᠬᠠᠷᠢᠭᠤ ᠮᠡᠳᠡᠭᠦᠯᠦᠯᠲᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠨᠠᠢ᠍ᠮᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ (2021—2025 ᠣᠨ) ᠵᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2021 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠮᠡᠳᠡᠭᠦᠯᠦᠯᠲᠡ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠣᠷᠣᠭᠴᠢ ᠡᠯᠰᠡᠬᠦ ᠪᠠ ᠰᠤᠷᠭ᠋ᠠᠭᠤᠯᠢ᠎ᠳᠤ ᠣᠷᠣᠬᠤ ᠬᠠᠮᠢᠶᠠᠷᠤᠯᠲᠠ ᠵᠢᠨ ᠠᠵᠢᠯ᠎ᠢ ᠴᠢᠩᠭ᠎ᠠ ᠳᠦᠷᠢᠮᠵᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ
 
             蒙ICP备05000248号