ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ᠂ ᠪᠠᠭᠤᠴᠠ ᠵᠢ ᠮᠡᠳᠡᠭᠦᠯᠬᠦ ᠵᠢᠴᠢ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-04-02

ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠎ᠳᠤ᠄

ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ᠂ ᠪᠠᠭᠤᠴᠠ ᠵᠢ ᠮᠡᠳᠡᠭᠦᠯᠬᠦ ᠵᠢᠴᠢ ᠬᠠᠮᠢᠶᠠᠷᠤᠯᠲᠠ ᠵᠢᠨ ᠠᠷᠭ᠎ᠠ》 ᠵᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
   2025 ᠣᠨ᠎ᠤ 3 ᠰᠠᠷ᠎ᠠ ᠵᠢᠨ 10᠎ᠤ ᠡᠳᠦᠷ

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ

ᠰᠤᠷᠤᠭᠴᠢᠳ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ  ᠬᠥᠮᠦᠵᠢᠯ᠎ᠤᠨ ᠰᠠᠭᠤᠷᠢᠨ ᠭᠠᠵᠠᠷ᠂ ᠪᠠᠭᠤᠴᠠ ᠵᠢ

ᠮᠡᠳᠡᠭᠦᠯᠬᠦ ᠵᠢᠴᠢ ᠬᠠᠮᠢᠶᠠᠷᠤᠯᠲᠠ ᠵᠢᠨ ᠠᠷᠭ᠎ᠠ

 

ᠨᠢᠭᠡᠳᠦᠭᠡᠷ ᠪᠦᠯᠦᠭ  ᠶᠡᠷᠦᠩᠬᠡᠢ ᠳᠦᠷᠢᠮ

ᠨᠢᠭᠡᠳᠦᠭᠡᠷ ᠵᠦᠢ᠍ᠯ  ᠪᠦᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠡᠯ᠎ᠡ ᠲᠥᠷᠥᠯ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ ᠨᠡᠶ᠋ᠢᠯᠡᠭᠦᠯᠵᠦ᠂ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠶᠡᠷᠦᠩᠬᠡᠢ᠌ᠯᠡᠭᠰᠡᠨ ᠬᠥᠮᠦᠨ ᠬᠥᠮᠦᠵᠢᠭᠦᠯᠬᠦ ᠦᠢ᠍ᠯᠡᠳᠦᠯ᠎ᠢ ᠦᠨᠡᠨ ᠬᠦ᠌ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ᠂ ᠪᠠᠭᠤᠴᠠ (ᠳᠣᠷᠣᠭᠰᠢ 《ᠰᠠᠭᠤᠷᠢᠨ ᠭᠠᠵᠠᠷ᠂ ᠪᠠᠭᠤᠴᠠ》 ᠭᠡᠵᠦ ᠳᠥᠭᠦᠮᠴᠢᠯᠡᠨ᠎ᠡ) ᠵᠢᠨ ᠬᠠᠮᠢᠶᠠᠷᠤᠯᠲᠠ ᠵᠢ ᠵᠢᠷᠤᠮᠵᠢᠭᠤᠯᠬᠤ ᠪᠠ ᠳᠦᠷᠢᠮᠵᠢᠭᠦᠯᠬᠦ ᠵᠢ ᠪᠡᠶᠡᠯᠡᠭᠦᠯᠬᠦ ᠵᠢᠨ ᠲᠥᠯᠦᠭᠡ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠲᠤᠰ ᠠᠷᠭ᠎ᠠ ᠵᠢ ᠲᠣᠭᠲᠠᠭ᠋ᠠᠪᠠ᠃

ᠬᠣᠶᠠᠳᠤᠭ᠋ᠠᠷ ᠵᠦᠢ᠍ᠯ  ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠢ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠰᠤᠷᠭ᠋ᠠᠭᠤᠯᠢ᠎ᠠᠴᠠ ᠲᠥᠯᠥᠪᠯᠡᠭᠡ᠎ᠲᠠᠢ ᠵᠣᠬᠢᠶᠠᠨ ᠪᠠᠶ᠋ᠢᠭᠤᠯᠤᠨ ᠲᠣᠬᠢᠷᠠᠭᠤᠯᠵᠤ᠂ ᠴᠠᠭ᠎ᠨᠢ 1 ᠡᠳᠦᠷ᠎ᠠᠴᠠ ᠳᠡᠭᠡᠭᠰᠢ (1 ᠡᠳᠦᠷ᠎ᠢ ᠪᠠᠭᠲᠠᠭ᠋ᠠᠨ᠎ᠠ) ᠪᠠᠢ᠌ᠵᠤ᠂ ᠬᠠᠮᠲᠤ᠎ᠳᠤ᠎ᠪᠠᠨ ᠦᠢ᠍ᠯᠡᠳᠦᠯᠭᠡᠵᠢᠭᠦᠯᠬᠦ᠂ ᠲᠥᠪᠯᠡᠷᠡᠭᠦᠯᠦᠨ ᠢᠳᠡᠵᠦ ᠬᠣᠨᠣᠬᠤ ᠠᠷᠭ᠎ᠠ ᠮᠠᠶᠢᠭ ᠵᠶ᠋ᠠᠷ ᠥᠷᠨᠢᠭᠦᠯᠦᠭᠰᠡᠨ ᠰᠤᠷᠭ᠋ᠠᠭᠤᠯᠢ ᠵᠢᠨ ᠭᠠᠳᠠᠨᠠᠬᠢ ᠦᠢ᠍ᠯᠡᠳᠦᠯᠭᠡ ᠵᠢᠨ ᠬᠥᠮᠦᠵᠢᠯ᠎ᠤᠨ ᠠᠵᠢᠯᠯᠠᠭ᠎ᠠ ᠪᠣᠯᠤᠨ᠎ᠠ᠂ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠢ ᠶᠡᠷᠦ᠎ᠳᠤ᠎ᠪᠠᠨ ᠣᠨ ᠵᠶ᠋ᠠᠷ ᠨᠢᠭᠡᠴᠢ ᠪᠣᠯᠭ᠋ᠠᠳᠠᠭ᠃ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ ᠪᠣᠯ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠬᠣᠯᠪᠣᠭᠳᠠᠯ ᠪᠦᠬᠦᠢ ᠨᠢᠭᠡᠴᠢ᠎ᠲᠠᠢ ᠬᠣᠯᠪᠣᠭ᠋ᠠᠯᠠᠨ ᠵᠦᠪᠯᠡᠵᠦ ᠮᠠᠭ᠋ᠠᠳᠯᠠᠨ ᠳᠣᠭᠲᠠᠭ᠋ᠠᠭᠰᠠᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠬᠠᠮᠲᠤ᠎ᠳᠤ᠎ᠪᠠᠨ ᠰᠣᠳᠤᠯᠭ᠋ᠠᠨ᠎ᠤ ᠴᠢᠨᠠᠷᠲᠠᠢ ᠰᠤᠷᠤᠯᠴᠠᠯᠭ᠎ᠠ ᠪᠠ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠬᠦ᠎ᠳᠤ ᠲᠣᠬᠢᠷᠠᠭᠰᠠᠨ ᠴᠢᠨᠠᠷᠯᠢᠭ ᠡᠬᠢ ᠪᠠᠶᠠᠯᠢᠭ᠎ᠤᠨ ᠨᠢᠭᠡᠴᠢ ᠵᠢ ᠵᠢᠭ᠋ᠠᠵᠤ ᠪᠤᠢ᠃ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠪᠠᠭᠤᠴᠠ ᠪᠣᠯ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠬᠣᠯᠪᠣᠭᠳᠠᠯ ᠪᠦᠬᠦᠢ ᠨᠢᠭᠡᠴᠢ᠎ᠲᠠᠢ ᠬᠣᠯᠪᠣᠭ᠋ᠠᠯᠠᠨ ᠵᠦᠪᠯᠡᠵᠦ ᠮᠠᠭ᠋ᠠᠳᠯᠠᠨ ᠳᠣᠭᠲᠠᠭ᠋ᠠᠭᠰᠠᠨ ᠪᠥᠭᠡᠳ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠬᠦᠯᠢᠶᠡᠨ ᠠᠪᠴᠤ ᠬᠠᠮᠲᠤ᠎ᠳᠤ᠎ᠪᠠᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠠᠵᠢᠯᠯᠠᠭ᠎ᠠ ᠥᠷᠨᠢᠭᠦᠯᠬᠦ ᠵᠢᠨ ᠬᠠᠮᠲᠤ ᠵᠣᠬᠢᠬᠤ ᠬᠡᠪᠴᠢᠶᠡᠨ᠎ᠤ ᠲᠥᠪᠯᠡᠷᠡᠭᠦᠯᠦᠨ ᠢᠳᠡᠵᠦ ᠬᠣᠨᠣᠬᠤ᠂ ᠵᠠᠮ ᠬᠠᠷᠢᠯᠴᠠᠭ᠎ᠠ ᠵᠡᠷᠭᠡ ᠦᠢ᠍ᠯᠡᠴᠢᠯᠡᠭᠡ ᠵᠢ ᠬᠠᠩᠭ᠋ᠠᠬᠤ ᠴᠢᠨᠠᠷᠯᠢᠭ ᠡᠬᠢ ᠪᠠᠶᠠᠯᠢᠭ᠎ᠤᠨ ᠨᠢᠭᠡᠴᠢ ᠵᠢ ᠵᠢᠭ᠋ᠠᠵᠤ ᠪᠤᠢ᠃

ᠭᠤᠷᠪᠠᠳᠤᠭ᠋ᠠᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠰᠠᠭᠤᠷᠢᠨ ᠭᠠᠵᠠᠷ᠂ ᠪᠠᠭᠤᠴᠠ ᠵᠢᠨ ᠬᠠᠮᠢᠶᠠᠷᠤᠯᠲᠠ ᠵᠢ ᠬᠠᠷᠢᠭᠤᠴᠠᠨ᠎ᠠ; ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠰᠠᠭᠤᠷᠢᠨ ᠭᠠᠵᠠᠷ᠂  ᠪᠠᠭᠤᠴᠠ ᠵᠢ ᠮᠡᠳᠡᠭᠦᠯᠬᠦ ᠨᠢᠭᠡᠴᠢ ᠵᠢ ᠦᠨᠡᠯᠡᠨ ᠵᠢᠱ᠌ᠢᠬᠦ᠂ ᠲᠠᠨᠢᠯᠴᠠᠭᠤᠯᠬᠤ᠂ ᠵᠢᠯ᠎ᠤᠨ ᠬᠢᠨᠠᠯᠲᠠ ᠲᠠᠯᠪᠢᠬᠤ ᠵᠡᠷᠭᠡ ᠠᠵᠢᠯ᠎ᠢ ᠬᠠᠷᠢᠭᠤᠴᠠᠵᠤ᠂ ᠲᠣᠭᠲᠠᠮᠠᠯ ᠬᠤᠭᠤᠴᠠᠭ᠎ᠠ᠎ᠲᠠᠢ ᠨᠡᠶ᠋ᠢᠭᠡᠮ᠎ᠳᠤ ᠬᠠᠷ᠎ᠠ ᠴᠠᠭ᠋ᠠᠨ ᠨᠡᠷᠡᠰ᠎ᠢ ᠨᠡᠶ᠋ᠢᠲᠡᠯᠡᠨ᠎ᠡ; ᠬᠠᠷᠢᠶ᠎ᠠ ᠭᠠᠵᠠᠷ᠎ᠲᠤ᠎ᠨᠢ ᠬᠠᠮᠢᠶᠠᠷᠤᠭᠤᠯᠬᠤ ᠵᠠᠷᠴᠢᠮ ᠶᠣᠰᠣᠭ᠋ᠠᠷ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠵᠢᠯᠣᠭᠣᠳᠬᠤ ᠣᠷᠣᠨ ᠪᠦᠰᠡ ᠵᠢᠨ ᠳᠣᠲᠣᠷᠠᠬᠢ ᠰᠠᠭᠤᠷᠢᠨ ᠭᠠᠵᠠᠷ᠂ ᠪᠠᠭᠤᠴᠠ ᠵᠢᠨ ᠡᠳᠦᠷ ᠲᠤᠲᠤᠮ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃

ᠬᠣᠶᠠᠳᠤᠭ᠋ᠠᠷ ᠪᠦᠯᠦᠭ  ᠮᠡᠳᠡᠭᠦᠯᠬᠦ ᠨᠥᠬᠥᠴᠡᠯ ᠪᠣᠯᠤᠨ ᠳᠡᠰ ᠳᠠᠷᠠᠭ᠋ᠠᠯᠠᠯ

ᠳᠥᠷᠪᠡᠳᠦᠭᠡᠷ ᠵᠦᠢ᠍ᠯ  ᠮᠡᠳᠡᠭᠦᠯᠬᠦ ᠰᠠᠭᠤᠷᠢᠨ ᠭᠠᠵᠠᠷ ᠳᠣᠣᠷᠠᠬᠢ ᠨᠥᠬᠥᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠄

(ᠨᠢᠭᠡ) ᠬᠠᠤᠯᠢ ᠵᠢᠨ ᠡᠷᠬᠡᠲᠦ ᠬᠥᠮᠦᠨ᠎ᠤ ᠬᠢᠷᠢ ᠭᠡᠮ᠎ᠢ ᠪᠦᠷᠢᠯᠳᠦᠭᠦᠯᠦᠭᠰᠡᠨ ᠪᠠᠢ᠌ᠬᠤ;

(ᠬᠣᠶᠠᠷ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠬᠥᠮᠦᠵᠢᠯ᠂ 《ᠲᠠᠪᠤᠨ ᠲᠡᠦᠬᠡ》 ᠵᠢᠨ ᠬᠥᠮᠦᠵᠢᠯ᠂ ᠤᠯᠤᠰ᠎ᠤᠨ ᠪᠠᠶ᠋ᠢᠳᠠᠯ ᠪᠠ ᠣᠷᠣᠨ᠎ᠤ ᠪᠠᠶ᠋ᠢᠳᠠᠯ᠎ᠤᠨ ᠬᠥᠮᠦᠵᠢᠯ᠂ ᠤᠯᠤᠰ᠎ᠤᠨ ᠠᠮᠤᠷ ᠲᠦᠪᠰᠢᠨ᠎ᠤ ᠬᠥᠮᠦᠵᠢᠯ᠂ ᠠᠮᠢ ᠠᠬᠤᠢ ᠵᠢᠨ ᠰᠣᠶᠣᠯ᠎ᠤᠨ ᠬᠥᠮᠦᠵᠢᠯ᠂ ᠬᠥᠳᠡᠯᠮᠦᠷᠢ ᠵᠢᠨ ᠬᠥᠮᠦᠵᠢᠯ᠂ ᠬᠤᠪᠢᠰᠬᠠᠯᠲᠤ ᠬᠥᠮᠦᠵᠢᠯ᠂ ᠤᠮᠠᠷᠠᠲᠤ ᠬᠢᠯᠢ ᠵᠢᠨ ᠰᠣᠶᠣᠯ᠎ᠤᠨ ᠬᠥᠮᠦᠵᠢᠯ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠡᠷᠭᠡ᠎ᠪᠠᠷ ᠭᠣᠣᠯ ᠠᠭᠤᠯᠭ᠎ᠠ ᠪᠣᠯᠭ᠋ᠠᠵᠤ᠂ ᠢᠯᠡ ᠲᠣᠳᠣ ᠣᠨᠴᠠᠯᠢᠭ᠎ᠲᠠᠢ ᠮᠥᠷᠲᠡᠭᠡᠨ ᠲᠤᠰ ᠭᠠᠵᠠᠷ ᠣᠷᠣᠨ᠂ ᠲᠤᠰ ᠠᠵᠢᠯ ᠲᠥᠷᠥᠯ᠂ ᠲᠤᠰ ᠬᠦᠷᠢᠶᠡᠨ᠎ᠳᠤ ᠵᠣᠬᠢᠬᠤ ᠳᠠᠭᠤᠷᠢᠶᠠᠯ ᠦᠵᠡᠭᠦᠯᠬᠦ ᠠᠴᠢ ᠬᠣᠯᠪᠣᠭᠳᠠᠯ᠎ᠲᠠᠢ ᠰᠢᠯᠢᠳᠡᠭ ᠰᠤᠳᠤᠯᠤᠨ ᠰᠤᠷᠤᠯᠴᠠᠬᠤ ᠡᠬᠢ ᠪᠠᠶᠠᠯᠢᠭ᠎ᠲᠠᠢ ᠨᠢᠭᠡᠴᠢ ᠪᠠᠢ᠌ᠬᠤ;

(ᠭᠤᠷᠪᠠ) 3 ᠵᠢᠯ᠎ᠠᠴᠠ ᠳᠡᠭᠡᠭᠰᠢ ᠵᠢᠩᠬᠢᠨᠢ᠎ᠪᠠᠷ ᠠᠵᠢᠯᠯᠠᠵᠤ᠂ ᠣᠶ᠋ᠢᠷ᠎ᠠ ᠵᠢᠨ 3 ᠵᠢᠯ᠎ᠳᠤ ᠬᠦᠯᠢᠶᠡᠨ ᠠᠪᠤᠭᠰᠠᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠳᠤ ᠣᠷᠣᠯᠴᠠᠭᠰᠠᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ ᠵᠢᠨ ᠲᠣᠭ᠎ᠠ ᠬᠠᠮᠤᠭ᠎ᠤᠨ ᠪᠠᠭ᠎ᠠ᠎ᠳᠤ᠎ᠪᠠᠨ 1 ᠲᠦᠮᠡᠨ ᠬᠥᠮᠦᠨ ᠤᠳᠠᠭ᠎ᠠ ᠪᠠᠢ᠌ᠬᠤ;

(ᠲᠦᠷᠪᠡ) ᠰᠤᠷᠤᠭᠴᠢᠳ᠎ᠤᠨ ᠭᠣᠣᠯᠯᠠᠬᠤ ᠬᠡᠪ ᠪᠣᠯᠪᠠᠰᠤᠷᠠᠯ᠎ᠢ ᠬᠥᠮᠦᠵᠢᠭᠦᠯᠬᠦ ᠬᠠᠷᠠᠯᠲᠠ᠎ᠳᠤ ᠨᠡᠶ᠋ᠢᠴᠡᠭᠰᠡᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠭᠣᠣᠯ ᠰᠡᠳᠦᠪ᠎ᠢ ᠪᠦᠷᠢᠯᠳᠦᠭᠦᠯᠵᠦ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠠᠭᠤᠯᠭ᠎ᠠ᠎ᠯᠤᠭ᠎ᠠ ᠵᠣᠯᠭ᠋ᠠᠯᠳᠤᠭᠰᠠᠨ᠂ ᠰᠤᠷᠤᠯᠴᠠᠬᠤ ᠬᠠᠷᠠᠯᠲᠠ ᠲᠣᠳᠣᠷᠬᠠᠢ᠂ ᠭᠣᠣᠯ ᠰᠡᠳᠦᠪ ᠢᠯᠡ ᠲᠣᠳᠣ᠂ ᠬᠢᠴᠢᠶᠡᠯ᠎ᠤᠨ ᠳᠣᠭᠲᠠᠯᠴᠠᠭ᠎ᠠ ᠪᠦᠷᠢᠨ ᠪᠦᠲᠦᠨ ᠪᠠᠶ᠋ᠢᠬᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠯᠭ᠎ᠠ ᠵᠢᠨ ᠱᠠᠲᠤᠨ᠎ᠤ ᠰᠤᠷᠤᠭᠴᠢᠳ᠎ᠲᠤ ᠲᠣᠬᠢᠷᠠᠭᠰᠠᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠬᠢᠴᠢᠶᠡᠯ᠎ᠢ  ᠨᠡᠭᠡᠭᠡᠭᠰᠡᠨ ᠪᠠᠢ᠌ᠬᠤ;

(ᠲᠠᠪᠤ) ᠲᠤᠰᠬᠠᠢ ᠮᠡᠷᠭᠡᠵᠢᠯ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢ ᠵᠢᠯᠣᠭᠣᠳᠬᠤ ᠪᠠᠭᠰᠢ (ᠪᠠᠭᠰᠢ ᠵᠢᠨ ᠬᠢᠷᠢ ᠭᠡᠮ᠎ᠤᠨ ᠦᠨᠡᠮᠯᠡᠯ᠎ᠲᠠᠢ ᠲᠤᠰᠬᠠᠢ ᠮᠡᠷᠭᠡᠵᠢᠯ᠎ᠤᠨ ᠦᠢ᠍ᠯᠡᠳᠦᠯᠭᠡ ᠵᠢ ᠵᠢᠯᠣᠭᠣᠳᠬᠤ ᠪᠠᠭᠰᠢ ᠵᠢᠨ ᠬᠠᠷᠢᠴᠠᠯ ᠬᠠᠮᠤᠭ᠎ᠤᠨ ᠪᠠᠭ᠎ᠠ᠎ᠳᠤ᠎ᠪᠠᠨ 20% ᠪᠠᠢ᠌ᠬᠤ) ᠵᠢ ᠲᠣᠬᠢᠷᠠᠭᠤᠯᠤᠭᠰᠠᠨ ᠪᠠᠢ᠌ᠬᠤ; ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠠᠮᠲᠤᠯᠢᠭ᠎ᠲᠤ ᠬᠠᠨᠳᠤᠭᠤᠯᠤᠭᠰᠠᠨ ᠲᠤᠰᠬᠠᠢ ᠮᠡᠷᠭᠡᠵᠢᠯ᠎ᠤᠨ ᠲᠠᠶ᠋ᠢᠯᠤᠮᠵᠢ ᠪᠠ ᠵᠢᠯᠣᠭᠣᠳᠬᠤ ᠦᠢ᠍ᠯᠡᠴᠢᠯᠡᠭᠡ ᠬᠠᠩᠭ᠋ᠠᠵᠤ  ᠳᠡᠢ᠌ᠯᠦᠭᠰᠡᠨ ᠪᠠᠢ᠌ᠬᠤ; ᠰᠤᠳᠤᠯᠤᠨ ᠰᠤᠷᠤᠯᠴᠠᠬᠤ ᠦᠢ᠍ᠯᠡᠳᠦᠯᠭᠡ ᠵᠢ ᠵᠢᠯᠣᠭᠣᠳᠬᠤ ᠪᠠᠭᠰᠢ ᠵᠢᠨ ᠪᠣᠯᠪᠠᠰᠤᠷᠠᠯ᠎ᠤᠨ ᠳᠦᠷᠢᠮ᠎ᠢ ᠪᠠᠶ᠋ᠢᠭᠤᠯᠵᠤ᠂ ᠲᠣᠭᠲᠠᠮᠠᠯ ᠬᠤᠭᠤᠴᠠᠭ᠎ᠠ᠎ᠲᠠᠢ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠭᠰᠡᠨ ᠪᠠᠢ᠌ᠬᠤ;

(ᠵᠢᠷᠭᠤᠭ᠎ᠠ) ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠨᠡᠯᠢᠶᠡᠳ ᠰᠠᠶ᠋ᠢᠨ᠂ ᠵᠠᠷᠴᠢᠮ ᠳᠡᠭᠡᠷ᠎ᠡ᠎ᠪᠠᠨ ᠨᠢᠭᠡ ᠯᠡ ᠳᠡᠭᠡᠷ᠎ᠡ 200 ᠭᠠᠷᠤᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ ᠠᠵᠢᠯᠯᠠᠭ᠎ᠠ᠎ᠳᠤ ᠣᠷᠣᠯᠴᠠᠬᠤ ᠵᠢ ᠪᠠᠭᠲᠠᠭ᠋ᠠᠵᠤ ᠳᠡᠢ᠌ᠯᠬᠦ᠂ ᠲᠠᠯᠠᠪᠤᠷ ᠣᠷᠳᠣᠨ ᠲᠠᠯᠠᠪᠤᠷ ᠭᠠᠵᠠᠷ᠎ᠤᠨ ᠴᠢᠳᠠᠮᠵᠢ ᠪᠦᠷᠢᠨ ᠭᠦᠢ᠍ᠴᠡᠳ᠂ ᠪᠠᠶ᠋ᠢᠷᠢᠰᠢᠭᠤᠯᠤᠯᠲᠠ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ; ᠣᠷᠣᠨ ᠪᠠᠶ᠋ᠢᠷᠢ ᠵᠢᠨ ᠨᠥᠬᠥᠴᠡᠯ ᠰᠠᠶ᠋ᠢᠨ᠂ ᠵᠠᠮ ᠬᠠᠷᠢᠯᠴᠠᠭ᠎ᠠ᠂ ᠢᠳᠡᠬᠦ ᠬᠣᠨᠣᠬᠤ᠂ ᠡᠮᠴᠢᠯᠡᠭᠡ ᠳᠥᠭᠥᠮ ᠳᠥᠲᠡ ᠪᠠᠶ᠋ᠢᠬᠤ;

(ᠳᠤᠯᠤᠭ᠎ᠠ) ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠭᠠᠵᠠᠷ᠎ᠤᠨ ᠡᠭᠦᠳᠡᠨ ᠪᠢᠯᠧᠲ᠎ᠤᠨ ᠦᠨ᠎ᠡ ᠬᠠᠩᠰᠢ᠎ᠨᠢ ᠠᠳᠠᠯᠢ ᠬᠤᠭᠤᠴᠠᠭ᠋ᠠᠨ᠎ᠤ ᠰᠤᠷᠤᠭᠴᠢᠳ᠎ᠤᠨ ᠪᠢᠯᠧᠲ᠎ᠤᠨ ᠦᠨ᠎ᠡ ᠪᠠ ᠵᠢᠭᠤᠯᠴᠢᠯᠠᠯ᠎ᠤᠨ ᠪᠦᠯᠬᠦᠮ᠎ᠤᠨ ᠪᠢᠯᠧᠲ᠎ᠤᠨ ᠦᠨ᠎ᠡ᠎ᠠᠴᠠ ᠳᠣᠣᠷ᠎ᠠ ᠪᠠᠶ᠋ᠢᠵᠤ᠂ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠳᠤ ᠦᠨ᠎ᠡ ᠬᠠᠩᠰᠢ ᠵᠢ ᠵᠦᠢ ᠵᠣᠬᠢᠰᠲᠠᠢ ᠲᠣᠭᠲᠠᠭ᠋ᠠᠵᠤ᠂ ᠪᠠᠷᠢᠮᠵᠢᠶ᠎ᠠ ᠵᠢ ᠨᠡᠶ᠋ᠢᠭᠡᠮ᠎ᠳᠤ ᠢᠯᠡ ᠪᠣᠯᠭ᠋ᠠᠨ᠎ᠠ; ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠤᠷᠤᠭᠴᠢᠳ᠎ᠢ ᠡᠭᠦᠳᠡᠨ ᠪᠢᠯᠧᠲ ᠵᠢᠴᠢ ᠦᠢ᠍ᠯᠡᠳᠦᠯᠭᠡ ᠵᠢᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠠᠴᠠ ᠬᠡᠯᠲᠦᠷᠢᠭᠦᠯᠦᠨ᠎ᠡ; ᠰᠤᠷᠭ᠋ᠠᠭᠤᠯᠢ ᠬᠠᠮᠲᠤ᠎ᠳᠤ᠎ᠪᠠᠨ ᠵᠣᠬᠢᠶᠠᠨ ᠪᠠᠶ᠋ᠢᠭᠤᠯᠤᠭᠰᠠᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠪᠦᠯᠬᠦᠮ᠎ᠢ ᠬᠦᠯᠢᠶᠡᠨ ᠠᠪᠤᠪᠠᠯ᠂ ᠠᠩᠬᠠᠨ᠎ᠤ ᠡᠭᠦᠳᠡᠨ ᠪᠢᠯᠧᠲ᠎ᠠᠴᠠ ᠲᠥᠯᠥᠪᠦᠷᠢ ᠠᠪᠬᠤ ᠦᠭᠡᠢ; ᠳᠣᠲᠣᠭ᠋ᠠᠳᠤ᠎ᠳᠤ ᠪᠠᠢ᠌ᠷᠢᠯᠠᠭᠤᠯᠤᠭᠰᠠᠨ ᠰᠤᠳᠤᠯᠤᠨ ᠰᠤᠷᠤᠯᠴᠠᠬᠤ ᠠᠵᠢᠯᠯᠠᠭ᠎ᠠ᠎ᠠᠴᠠ ᠲᠥᠯᠦᠪᠦᠷᠢ ᠠᠪᠬᠤ ᠦᠭᠡᠢ᠎ᠪᠠᠷ ᠣᠷᠣᠯᠴᠠᠵᠤ ᠪᠣᠯᠬᠤ ᠲᠥᠷᠥᠯ ᠵᠦᠢ᠍ᠯ᠎ᠤᠨ ᠲᠣᠭ᠎ᠠ ᠵᠢ ᠶᠡᠷᠦᠩᠬᠡᠢ ᠲᠥᠷᠥᠯ ᠵᠦᠢ᠍ᠯ᠎ᠤᠨ ᠲᠣᠭ᠋ᠠᠨ᠎ᠤ 50%᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠃

(ᠨᠠᠢ᠍ᠮᠠ) ᠣᠯᠠᠨ ᠨᠡᠶ᠋ᠢᠲᠡ ᠵᠢᠨ ᠲᠠᠯᠠᠪᠤᠷ᠎ᠤᠨ ᠠᠮᠤᠷ ᠲᠦᠪᠰᠢᠨ ᠪᠠ ᠡᠷᠡᠭᠦᠯ ᠬᠠᠮᠠᠭ᠋ᠠᠯᠠᠯ᠂ ᠣᠨᠴᠠᠭ᠋ᠠᠢ᠌ᠯᠠᠨ ᠢᠳᠡᠭᠡᠨ᠎ᠤ ᠠᠮᠤᠷ ᠲᠦᠪᠰᠢᠨ᠎ᠤ ᠦᠨᠳᠦᠰᠦᠨ ᠱᠠᠭ᠋ᠠᠷᠳᠠᠯᠭ᠎ᠠ᠎ᠳᠤ ᠨᠡᠶ᠋ᠢᠴᠡᠵᠦ᠂ ᠬᠠᠯᠳᠠᠪᠤᠷᠢᠲᠤ ᠲᠠᠭᠰᠢᠭᠤᠷ᠂ ᠰᠠᠯᠪᠤᠷᠢ ᠪᠡᠶ᠎ᠡ ᠵᠢᠨ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠠᠮᠤᠷ ᠲᠦᠪᠰᠢᠨ᠎ᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠪᠦᠷᠢᠨ ᠲᠡᠭᠦᠯᠳᠡᠷ᠂ ᠠᠮᠤᠷ ᠲᠦᠪᠰᠢᠨ᠎ᠤ ᠪᠡᠯᠡᠳᠬᠡᠮᠵᠢ ᠲᠥᠬᠥᠭᠡᠷᠦᠮᠵᠢ ᠵᠢᠨ ᠠᠵᠢᠯᠯᠠᠭ᠋ᠠᠨ ᠰᠠᠶ᠋ᠢᠨ ᠪᠠᠶ᠋ᠢᠵᠤ᠂ ᠪᠦᠬᠦᠯᠢ ᠴᠣᠭᠴᠠ ᠎ᠪᠠᠷ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠰᠢᠯᠭ᠋ᠠᠨ ᠪᠠᠶ᠋ᠢᠴᠠᠭ᠋ᠠᠯᠲᠠ᠎ᠳᠤ  ᠬᠢᠷᠢ ᠲᠡᠩᠴᠡᠵᠦ᠂ ᠣᠶ᠋ᠢᠷ᠎ᠠ ᠵᠢᠨ 3 ᠵᠢᠯ᠎ᠤᠨ ᠲᠤᠷᠰᠢ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠠᠳᠠᠯ ᠭᠠᠷᠤᠭᠰᠠᠨ ᠦᠭᠡᠢ ᠪᠠᠢ᠌ᠬᠤ᠃

(ᠶᠢᠰᠦ) ᠰᠦᠯᠵᠢᠶᠡᠨ ᠥᠷᠲᠡᠭᠡ ᠪᠤᠶᠤ ᠸᠢᠴᠠᠲ᠎ᠤᠨ ᠨᠡᠶ᠋ᠢᠲᠡ ᠵᠢᠨ ᠳ᠋ᠤᠭ᠋ᠠᠷ᠎ᠢ ᠨᠡᠭᠡᠭᠡᠵᠦ᠂ ᠨᠡᠭᠡᠭᠡᠯᠲᠡᠲᠦ ᠬᠤᠭᠤᠴᠠᠭ᠎ᠠ᠂ ᠭᠣᠣᠯ ᠰᠤᠳᠤᠯᠤᠨ ᠰᠤᠷᠤᠯᠴᠠᠬᠤ ᠬᠢᠴᠢᠶᠡᠯ᠂ ᠲᠣᠬᠢᠷᠠᠬᠤ ᠡᠲᠡᠭᠡᠳ᠂ ᠰᠦᠢ᠍ᠳᠬᠡᠯ ᠬᠤᠷᠢᠶᠠᠬᠤ ᠪᠠᠷᠢᠮᠵᠢᠶ᠎ᠠ᠂ ᠬᠠᠷᠢᠯᠴᠠᠬᠤ ᠠᠷᠭ᠎ᠠ ᠮᠠᠶᠢᠭ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠭᠰᠠᠨ ᠪᠠᠢ᠌ᠬᠤ; ᠮᠡᠳᠡᠭᠡ ᠵᠠᠩᠭᠢ ᠵᠢ ᠳᠠᠩᠰᠠᠯᠠᠬᠤ᠂ ᠠᠭᠤᠯᠭ᠎ᠠ ᠵᠢᠨ ᠬᠠᠮᠢᠶᠠᠷᠤᠯᠲᠠ᠂ ᠬᠠᠷᠢᠭᠤ ᠳᠤᠰᠬᠠᠵᠤ ᠦᠨᠡᠯᠡᠬᠦ ᠵᠡᠷᠭᠡ ᠴᠢᠳᠠᠮᠵᠢ᠎ᠲᠠᠢ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠦᠷᠢᠯᠳᠦᠭᠦᠯᠵᠦ᠂ ᠰᠤᠳᠤᠯᠤᠨ ᠰᠤᠷᠤᠯᠴᠠᠬᠤ ᠴᠢᠨᠠᠷ ᠴᠢᠨᠰᠠᠭ᠎ᠠ ᠵᠢᠨ ᠦᠨᠡᠯᠡᠯᠲᠡ ᠵᠢ ᠪᠠᠢ᠌ᠩᠭᠤ ᠥᠷᠨᠢᠭᠦᠯᠦᠭᠰᠡᠨ ᠪᠠᠢ᠌ᠬᠤ᠃

(ᠠᠷᠪᠠ) ᠣᠢ᠌ᠷ᠎ᠠ ᠵᠢᠨ ᠭᠤᠷᠪᠠᠨ ᠵᠢᠯ᠂ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ (ᠬᠠᠤᠯᠢ ᠬᠡᠷᠡᠭᠵᠢᠭᠦᠯᠬᠦ) ᠵᠢᠨ ᠪᠠᠢ᠌ᠭᠤᠯᠤᠮᠵᠢ ᠵᠢᠨ ᠵᠠᠰᠠᠭ ᠵᠠᠬᠢᠷᠭ᠍ᠠᠨ᠎ᠤ ᠰᠢᠢ᠍ᠳᠭᠡᠯ᠎ᠢ ᠣᠯᠣᠭᠰᠠᠨ ᠦᠭᠡᠢ ᠪᠠᠢ᠌ᠬᠤ᠃

ᠲᠠᠪᠤᠳᠤᠭ᠋ᠠᠷ ᠵᠦᠢ᠍ᠯ  ᠮᠡᠳᠡᠭᠦᠯᠬᠦ ᠪᠠᠭᠤᠴᠠ ᠳᠣᠣᠷᠠᠬᠢ ᠨᠥᠬᠥᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠄

(ᠨᠢᠭᠡ)  ᠬᠠᠤᠯᠢ ᠵᠢᠨ ᠡᠷᠬᠡᠲᠦ ᠬᠥᠮᠦᠨ᠎ᠤ ᠬᠢᠷᠢ ᠭᠡᠮ᠎ᠢ ᠪᠦᠷᠢᠯᠳᠦᠭᠦᠯᠦᠭᠰᠡᠨ ᠪᠠᠢ᠌ᠬᠤ;

(ᠬᠣᠶᠠᠷ) ᠭᠣᠣᠯ ᠬᠡᠪᠴᠢᠶ᠎ᠡ᠎ᠨᠢ ᠰᠤᠳᠤᠯᠤᠨ ᠰᠤᠷᠤᠯᠴᠠᠬᠤ ᠰᠠᠭᠤᠷᠢᠨ ᠭᠠᠵᠠᠷ᠎ᠲᠠᠢ ᠠᠳᠠᠯᠢ ᠮᠥᠷᠲᠡᠭᠡᠨ ᠡᠷᠭᠢᠨ ᠲᠣᠭᠣᠷᠢᠨ᠎ᠳᠤ᠎ᠨᠢ ᠬᠡᠳᠦᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠪᠤᠶᠤ ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠪᠠᠶ᠋ᠢᠵᠤ᠂ ᠰᠤᠷᠤᠭᠴᠢᠳ 2 - 5 ᠡᠳᠦᠷ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠠᠵᠢᠯᠯᠠᠭ᠎ᠠ᠎ᠳᠤ ᠣᠷᠣᠯᠴᠠᠬᠤ ᠬᠡᠷᠡᠭᠴᠡᠭᠡ ᠵᠢ ᠬᠠᠩᠭ᠋ᠠᠵᠤ ᠳᠡᠢ᠌ᠯᠦᠭᠰᠡᠨ ᠪᠠᠢ᠌ᠬᠤ;

(ᠭᠤᠷᠪᠠ) 3 ᠵᠢᠯ᠎ᠠᠴᠠ ᠳᠡᠭᠡᠭᠰᠢ ᠵᠢᠩᠬᠢᠨᠢ ᠠᠵᠢᠯᠯᠠᠵᠤ᠂ ᠣᠶ᠋ᠢᠷ᠎ᠠ ᠵᠢᠨ 3 ᠵᠢᠯ᠎ᠳᠤ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠳᠤ ᠣᠷᠣᠯᠴᠠᠭᠰᠠᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ ᠵᠢ 3 ᠲᠦᠮᠡᠨ ᠬᠥᠮᠦᠨ ᠤᠳᠠᠭ᠎ᠠ ᠬᠦᠯᠢᠶᠡᠨ ᠠᠪᠤᠭᠰᠠᠨ ᠪᠠᠢ᠌ᠬᠤ;

(ᠲᠦᠷᠪᠡ) ᠰᠤᠷᠤᠭᠴᠢᠳ᠎ᠤᠨ ᠭᠣᠣᠯ ᠬᠡᠪ ᠪᠣᠯᠪᠠᠰᠤᠷᠠᠯ᠎ᠢ ᠬᠥᠮᠦᠵᠢᠭᠦᠯᠬᠦ ᠬᠠᠷᠠᠯᠲᠠ᠎ᠳᠤ ᠨᠡᠶ᠋ᠢᠴᠡᠭᠰᠡᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠭᠣᠣᠯ ᠰᠡᠳᠦᠪ᠎ᠢ ᠪᠦᠷᠢᠯᠳᠦᠭᠦᠯᠵᠦ᠂ ᠰᠤᠳᠤᠯᠤᠨ ᠰᠤᠷᠤᠯᠴᠠᠬᠤ ᠬᠢᠴᠢᠶᠡᠯ᠎ᠤᠨ ᠬᠠᠷᠠᠯᠲᠠ ᠲᠣᠳᠣᠷᠬᠠᠢ᠂ ᠣᠨᠴᠠᠯᠢᠭ ᠢᠯᠡ ᠲᠣᠳᠣ᠂ ᠦᠢ᠍ᠯᠡᠳᠦᠯᠭᠡ ᠵᠢᠨ ᠠᠵᠢᠯᠯᠠᠭ᠎ᠠ ᠵᠢ  ᠴᠢᠬᠤᠯᠠᠴᠢᠯᠠᠵᠤ᠂ ᠪᠡᠶᠡᠴᠢᠯᠡᠨ ᠣᠶ᠋ᠢᠯᠠᠭ᠋ᠠᠬᠤ ᠴᠢᠨᠠᠷ ᠴᠢᠩᠭ᠎ᠠ᠂ ᠬᠥᠮᠥᠵᠢᠭᠦᠯᠬᠦ ᠴᠢᠳᠠᠮᠵᠢ ᠴᠢᠩᠭ᠎ᠠ᠂ ᠦᠨᠡᠯᠡᠵᠦ ᠬᠠᠷᠢᠭᠤ ᠳᠤᠰᠬᠠᠭᠰᠠᠨ ᠪᠠᠢ᠌ᠬᠤ; ᠬᠠᠮᠤᠭ᠎ᠤᠨ ᠪᠠᠭ᠎ᠠ᠎ᠳᠤ᠎ᠪᠠᠨ ᠨᠢᠭᠡᠨᠲᠡ 5 ᠵᠤᠷᠪᠤᠰ᠎ᠠᠴᠠ ᠳᠡᠭᠡᠭᠰᠢᠬᠢ ᠰᠤᠳᠤᠯᠤᠨ ᠰᠤᠷᠤᠯᠴᠠᠬᠤ ᠵᠠᠮ ᠱᠤᠭᠤᠮ᠎ᠢ ᠨᠡᠭᠡᠭᠡᠵᠦ᠂ ᠪᠠᠭᠤᠴᠠ᠎ᠪᠠᠷ ᠭᠣᠣᠯ ᠪᠣᠯᠭ᠋ᠠᠭᠰᠠᠨ᠂ ᠰᠠᠭᠤᠷᠢᠨ ᠭᠠᠵᠠᠷ ᠵᠶ᠋ᠠᠷ ᠥᠷᠲᠡᠭᠡ ᠴᠡᠭ ᠪᠣᠯᠭ᠋ᠠᠭᠰᠠᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠰᠤᠷᠭ᠋ᠠᠨ ᠬᠥᠮᠦᠵᠢᠯ᠎ᠤᠨ ᠲᠣᠣᠷ ᠰᠦᠯᠵᠢᠶ᠎ᠡ ᠵᠢ ᠪᠦᠷᠢᠯᠳᠦᠭᠦᠯᠦᠭᠰᠡᠨ ᠪᠠᠢ᠌ᠬᠤ᠃

(ᠲᠠᠪᠤ) ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠲᠤᠰᠬᠠᠢ ᠠᠵᠢᠯᠲᠠᠨ (ᠪᠠᠭᠰᠢ ᠵᠢᠨ ᠬᠢᠷᠢ ᠭᠡᠮ᠎ᠤᠨ ᠦᠨᠡᠮᠯᠡᠯ᠎ᠲᠠᠢ ᠲᠤᠰᠬᠠᠢ ᠮᠡᠷᠭᠡᠵᠢᠯ᠎ᠤᠨ ᠦᠢ᠍ᠯᠡᠳᠦᠯᠭᠡ ᠵᠢ ᠵᠢᠯᠣᠭᠣᠳᠬᠤ ᠪᠠᠭᠰᠢ ᠵᠢᠨ ᠬᠠᠷᠢᠴᠠᠯ ᠬᠠᠮᠤᠭ᠎ᠤᠨ ᠪᠠᠭ᠎ᠠ᠎ᠳᠤ᠎ᠪᠠᠨ 20% ᠪᠠᠢ᠌ᠬᠤ) ᠲᠣᠬᠢᠷᠠᠭᠤᠯᠤᠭᠰᠠᠨ ᠪᠠᠢ᠌ᠬᠤ; ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠠᠵᠢᠯ᠎ᠢ ᠡᠷᠬᠢᠯᠡᠵᠦ ᠪᠠᠶ᠋ᠢᠭ᠎ᠠ ᠲᠤᠰᠬᠠᠢ ᠮᠡᠷᠭᠡᠵᠢᠯ᠎ᠤᠨ ᠡᠩᠨᠡᠭᠡ᠎ᠲᠠᠢ ᠪᠠᠶ᠋ᠢᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠲᠤᠰᠬᠠᠢ ᠮᠡᠷᠭᠡᠵᠢᠯ᠎ᠤᠨ ᠲᠠᠶ᠋ᠢᠯᠤᠮᠵᠢ᠂ ᠵᠢᠯᠣᠭᠣᠳᠣᠯᠭ᠎ᠠ᠂ ᠦᠢ᠍ᠯᠡᠴᠢᠯᠡᠭᠡ ᠵᠢ ᠬᠠᠩᠭ᠋ᠠᠵᠤ᠂ ᠰᠤᠳᠤᠯᠤᠨ ᠰᠤᠷᠤᠯᠴᠠᠬᠤ ᠦᠢ᠍ᠯᠡᠳᠦᠯᠭᠡ ᠵᠢ ᠵᠢᠯᠣᠭᠣᠳᠬᠤ ᠪᠠᠭᠰᠢ ᠵᠢᠨ ᠪᠣᠯᠪᠠᠰᠤᠷᠠᠯ᠎ᠤᠨ ᠳᠦᠷᠢᠮ᠎ᠢ ᠪᠠᠶ᠋ᠢᠭᠤᠯᠵᠤ᠂ ᠲᠣᠭᠲᠠᠮᠠᠯ ᠬᠤᠭᠤᠴᠠᠭ᠎ᠠ᠎ᠲᠠᠢ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ  ᠳᠡᠢ᠌ᠯᠦᠭᠰᠡᠨ ᠪᠠᠢ᠌ᠬᠤ;

(ᠵᠢᠷᠭᠤᠭ᠎ᠠ) ᠲᠠᠯᠠᠪᠤᠷ ᠣᠷᠳᠣᠨ᠎ᠤ ᠴᠢᠳᠠᠮᠵᠢ ᠪᠦᠷᠢᠨ᠂ ᠪᠠᠶ᠋ᠢᠷᠢᠰᠢᠭᠤᠯᠤᠯᠲᠠ ᠰᠢᠨᠵᠢᠯᠡᠬᠦ ᠤᠬᠠᠭ᠋ᠠᠨᠴᠢ ᠮᠥᠷᠲᠡᠭᠡᠨ ᠵᠦᠢ ᠵᠣᠬᠢᠰᠲᠠᠢ;  ᠨᠢᠭᠡ ᠯᠡ ᠳᠡᠭᠡᠷ᠎ᠡ ᠢᠳᠡᠵᠦ ᠬᠣᠨᠣᠬᠤ 1000 ᠰᠤᠷᠤᠭᠴᠢ ᠵᠢ ᠲᠥᠪᠯᠡᠷᠡᠭᠦᠯᠦᠨ ᠬᠦᠯᠢᠶᠡᠨ ᠠᠪᠴᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠠᠮᠲᠤ᠎ᠳᠤ᠎ᠪᠠᠨ ᠰᠤᠳᠤᠯᠤᠨ ᠰᠤᠷᠤᠯᠴᠠᠬᠤ᠎ᠳᠤ 《ᠰᠠᠭ᠋ᠠᠳ ᠦᠭᠡᠢ ᠨᠡᠪᠲᠡᠷᠡᠬᠦ ᠵᠠᠮ》᠎ᠢ ᠨᠡᠭᠡᠭᠡᠵᠦ ᠥᠭᠭᠦᠭᠰᠡᠨ ᠪᠠᠢ᠌ᠬᠤ;

(ᠳᠣᠯᠣᠭ᠎ᠠ) ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠭᠠᠵᠠᠷ᠎ᠤᠨ ᠡᠭᠦᠳᠡᠨ ᠪᠢᠯᠧᠲ᠎ᠤᠨ ᠦᠨ᠎ᠡ ᠬᠠᠩᠰᠢ᠎ᠨᠢ ᠠᠳᠠᠯᠢ ᠬᠤᠭᠤᠴᠠᠭ᠋ᠠᠨ᠎ᠤ ᠰᠤᠷᠤᠭᠴᠢᠳ᠎ᠤᠨ ᠪᠢᠯᠧᠲ᠎ᠤᠨ ᠦᠨ᠎ᠡ ᠪᠠ ᠵᠢᠭᠤᠯᠴᠢᠯᠠᠯ᠎ᠤᠨ ᠪᠦᠯᠬᠦᠮ᠎ᠤᠨ ᠪᠢᠯᠧᠲ᠎ᠤᠨ ᠦᠨ᠎ᠡ᠎ᠠᠴᠠ ᠳᠣᠣᠷ᠎ᠠ ᠪᠠᠶ᠋ᠢᠵᠤ᠂ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠳᠤ ᠦᠨ᠎ᠡ ᠬᠠᠩᠰᠢ ᠵᠢ ᠵᠦᠢ ᠵᠣᠬᠢᠰᠲᠠᠢ ᠲᠣᠭᠲᠠᠭ᠋ᠠᠵᠤ᠂ ᠪᠠᠷᠢᠮᠵᠢᠶ᠎ᠠ ᠵᠢ ᠨᠡᠶ᠋ᠢᠭᠡᠮ᠎ᠳᠤ ᠢᠯᠡ ᠪᠣᠯᠭ᠋ᠠᠨ᠎ᠠ; ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠤᠷᠤᠭᠴᠢᠳ᠎ᠠᠴᠠ ᠡᠭᠦᠳᠡᠨ ᠪᠢᠯᠧᠲ ᠵᠢᠴᠢ ᠦᠢ᠍ᠯᠡᠳᠦᠯᠭᠡ ᠵᠢᠨ ᠭᠠᠵᠠᠷ᠎ᠤᠨ ᠰᠦᠢ᠍ᠳᠬᠡᠯ ᠬᠤᠷᠢᠶᠠᠬᠤ ᠦᠭᠡᠢ; ᠰᠤᠷᠭ᠋ᠠᠭᠤᠯᠢ ᠬᠠᠮᠲᠤ᠎ᠳᠤ᠎ᠪᠠᠨ ᠵᠣᠬᠢᠶᠠᠨ ᠪᠠᠶ᠋ᠢᠭᠤᠯᠤᠭᠰᠠᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠬᠦᠯᠢᠶᠡᠨ ᠠᠪᠬᠤ ᠪᠦᠯᠬᠦᠮ᠎ᠠᠴᠠ ᠴᠥᠮ ᠲᠥᠯᠥᠪᠦᠷᠢ ᠠᠪᠬᠤ ᠦᠭᠡᠢ; ᠳᠣᠲᠣᠭ᠋ᠠᠳᠤ ᠵᠢᠨ ᠰᠤᠳᠤᠯᠤᠨ ᠰᠤᠷᠤᠯᠴᠠᠬᠤ ᠠᠵᠢᠯᠯᠠᠭ᠎ᠠ᠎ᠳᠤ ᠲᠥᠯᠦᠪᠦᠷᠢ ᠦᠭᠡᠢ᠎ᠪᠠᠷ ᠣᠷᠣᠯᠴᠠᠵᠤ ᠪᠣᠯᠬᠤ ᠲᠥᠷᠥᠯ ᠵᠦᠢ᠍ᠯ᠎ᠤᠨ ᠲᠣᠭ᠎ᠠ᠎ᠨᠢ ᠶᠡᠷᠦᠩᠬᠡᠢ ᠲᠥᠷᠥᠯ ᠵᠦᠢ᠍ᠯ᠎ᠤᠨ ᠲᠣᠭ᠋ᠠᠨ᠎ᠤ 50%᠎ᠠᠴᠠ ᠳᠣᠣᠷ᠎ᠠ ᠪᠠᠶ᠋ᠢᠵᠤ ᠪᠣᠯᠬᠤ ᠦᠭᠡᠢ᠃

(ᠨᠠᠢ᠍ᠮᠠ) ᠣᠯᠠᠨ ᠨᠡᠶ᠋ᠢᠲᠡ ᠵᠢᠨ ᠲᠠᠯᠠᠪᠤᠷ᠎ᠤᠨ ᠠᠮᠤᠷ ᠲᠦᠪᠰᠢᠨ᠂ ᠡᠷᠡᠭᠦᠯ ᠬᠠᠮᠠᠭ᠋ᠠᠯᠠᠯ᠂ ᠣᠨᠴᠠᠭ᠋ᠠᠢ᠌ᠯᠠᠨ ᠢᠳᠡᠭᠡᠨ᠎ᠤ ᠠᠮᠤᠷ ᠲᠦᠪᠰᠢᠨ ᠦᠨᠳᠦᠰᠦᠨ ᠱᠠᠭ᠋ᠠᠷᠳᠠᠯᠭ᠎ᠠ᠎ᠳᠤ ᠨᠡᠶ᠋ᠢᠴᠡᠵᠦ᠂ ᠬᠠᠯᠳᠠᠪᠤᠷᠢᠲᠤ ᠲᠠᠭᠰᠢᠭᠤᠷ᠂ ᠰᠠᠯᠪᠤᠷᠢ ᠪᠡᠶ᠎ᠡ ᠵᠢᠨ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠬᠠᠷᠢᠴᠠᠩᠭᠤᠢ᠎ᠪᠠᠷ ᠪᠢᠲᠡᠭᠦᠮᠵᠢᠯᠡᠨ ᠬᠠᠮᠢᠶᠠᠷᠬᠤ ᠵᠢ ᠬᠡᠷᠡᠭᠵᠢᠭᠦᠯᠵᠦ᠂ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭ᠋ᠠᠯᠠᠯᠲᠠ ᠵᠢᠴᠢ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠪᠡᠯᠡᠳᠬᠡᠮᠵᠢ ᠪᠦᠷᠢᠨ ᠲᠡᠭᠦᠯᠳᠡᠷ᠂ ᠳᠣᠲᠣᠭ᠋ᠠᠳᠤ᠎ᠳᠤ ᠠᠮᠤᠷ ᠲᠦᠪᠰᠢᠨ᠎ᠢ ᠰᠡᠷᠡᠮᠵᠢᠯᠡᠭᠦᠯᠬᠦ ᠲᠡᠮᠳᠡᠭ᠎ᠲᠠᠢ᠂ ᠠᠮᠤᠷ ᠲᠦᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠲᠤᠰᠬᠠᠢ ᠵᠠᠮ᠎ᠲᠠᠢ ᠪᠠᠶ᠋ᠢᠵᠤ᠂ ᠪᠦᠬᠦ ᠶᠠᠪᠤᠴᠠ᠎ᠳᠤ ᠪᠦᠬᠦ ᠲᠠᠯ᠎ᠠ ᠵᠢᠨ ᠬᠢᠨᠠᠨ ᠡᠵᠡᠮᠳᠡᠬᠦ ᠰᠢᠰᠲ᠋ᠧᠮ᠎ᠲᠠᠢ ᠪᠠᠢ᠌ᠬᠤ; ᠣᠯᠠᠨ ᠲᠠᠯ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠳᠡᠶ᠋ᠢᠯᠬᠦ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠲᠠᠢ ᠪᠠᠢ᠌ᠬᠤ; ᠳᠣᠲᠣᠭ᠋ᠠᠳᠤ᠎ᠳᠤ ᠡᠮᠴᠢᠯᠡᠭᠡᠨ᠎ᠤ ᠪᠠᠲᠤᠯᠠᠭ᠎ᠠ ᠵᠢᠨ ᠦᠨᠳᠦᠰᠦᠨ ᠨᠥᠬᠥᠴᠡᠯ᠎ᠢ ᠪᠦᠷᠢᠯᠳᠦᠭᠦᠯᠦᠭᠰᠡᠨ ᠲᠤᠰᠬᠠᠢ ᠮᠡᠷᠭᠡᠵᠢᠯ᠎ᠤᠨ ᠬᠢᠷᠢ ᠭᠡᠮ᠎ᠲᠠᠢ ᠡᠮᠴᠢ ᠰᠤᠪᠢᠯᠠᠭᠴᠢ ᠵᠢᠴᠢ ᠵᠣᠬᠢᠬᠤ ᠪᠡᠯᠡᠳᠬᠡᠮᠵᠢ ᠲᠥᠬᠥᠭᠡᠷᠦᠮᠵᠢ ᠪᠠᠢ᠌ᠵᠤ᠂ ᠡᠷᠭᠢᠨ ᠲᠣᠭᠣᠷᠢᠨ᠎ᠤ ᠡᠮᠴᠢᠯᠡᠭᠡ᠎ᠳᠤ ᠳᠥᠭᠥᠮ ᠦᠵᠡᠭᠦᠯᠵᠦ᠂ ᠡᠮᠨᠡᠯᠭᠡ ᠵᠢᠨ ᠬᠣᠷᠢᠶ᠎ᠠ᠎ᠲᠠᠢ ᠪᠠᠴᠢᠮ ᠦᠢ᠍ᠯᠡᠳᠦᠯᠴᠡᠬᠦ ᠲᠣᠭᠲᠠᠴᠠ ᠪᠠ ᠬᠠᠮᠵᠢᠯᠴᠠᠬᠤ ᠬᠠᠷᠢᠴᠠᠭ᠎ᠠ ᠪᠠᠢ᠌ᠭᠤᠯᠤᠭᠰᠠᠨ ᠪᠠᠢ᠌ᠬᠤ; ᠣᠶ᠋ᠢᠷ᠎ᠠ ᠵᠢᠨ 3 ᠵᠢᠯ᠎ᠳᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠠᠳᠠᠯ ᠭᠠᠷᠴᠤ ᠥᠩᠭᠡᠷᠡᠭᠰᠡᠨ ᠦᠭᠡᠢ;

(ᠶᠢᠰᠦ) ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠳᠦᠷᠢᠮ᠎ᠢ ᠪᠦᠷᠢᠨ ᠲᠡᠭᠦᠯᠳᠡᠷ ᠪᠣᠯᠭ᠋ᠠᠭᠰᠠᠨ ᠪᠠᠢ᠌ᠬᠤ; ᠰᠦᠯᠵᠢᠶᠡᠨ ᠥᠷᠲᠡᠭᠡ ᠪᠤᠶᠤ ᠸᠢᠴᠠᠲ᠎ᠤᠨ ᠨᠡᠶ᠋ᠢᠲᠡ ᠵᠢᠨ ᠳ᠋ᠤᠭ᠋ᠠᠷ᠎ᠢ ᠨᠡᠭᠡᠭᠡᠵᠦ᠂  ᠨᠡᠭᠡᠭᠡᠬᠦ ᠴᠠᠭ᠂ ᠭᠣᠣᠯ ᠪᠣᠯᠬᠤ ᠰᠤᠳᠤᠯᠭ᠋ᠠᠨ᠎ᠤ ᠬᠢᠴᠢᠶᠡᠯ᠂ ᠲᠣᠬᠢᠷᠠᠮᠵᠢᠲᠠᠢ ᠡᠲᠡᠭᠡᠳ᠂ ᠰᠦᠢ᠍ᠳᠬᠡᠯ ᠬᠤᠷᠢᠶᠠᠬᠤ ᠪᠠᠷᠢᠮᠵᠢᠶ᠎ᠠ᠂ ᠬᠠᠷᠢᠯᠴᠠᠬᠤ ᠠᠷᠭ᠎ᠠ ᠮᠠᠶᠢᠭ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠭᠰᠠᠨ ᠪᠠᠢ᠌ᠬᠤ; ᠮᠡᠳᠡᠭᠡ ᠵᠠᠩᠭᠢ ᠵᠢ ᠳᠠᠩᠰᠠᠯᠠᠬᠤ᠂ ᠠᠭᠤᠯᠭ᠎ᠠ ᠵᠢᠨ ᠬᠠᠮᠢᠶᠠᠷᠤᠯᠲᠠ᠂ ᠬᠠᠷᠢᠭᠤ ᠲᠤᠰᠬᠠᠵᠤ ᠦᠨᠡᠯᠡᠬᠦ ᠵᠡᠷᠭᠡ ᠴᠢᠳᠠᠮᠵᠢ᠎ᠲᠠᠢ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠦᠷᠢᠯᠳᠦᠭᠦᠯᠵᠦ᠂ ᠰᠤᠳᠤᠯᠤᠨ ᠰᠤᠷᠤᠯᠴᠠᠬᠤ  ᠴᠢᠨᠠᠷ ᠴᠢᠨᠰᠠᠭ᠎ᠠ ᠵᠢ ᠦᠨᠡᠯᠡᠬᠦ ᠵᠢ ᠪᠠᠢ᠌ᠩᠭᠤ  ᠥᠷᠨᠢᠭᠦᠯᠦᠭᠰᠡᠨ ᠪᠠᠢ᠌ᠬᠤ᠃

(ᠠᠷᠪᠠ) ᠣᠢ᠌ᠷ᠎ᠠ ᠵᠢᠨ ᠭᠤᠷᠪᠠᠨ ᠵᠢᠯ᠎ᠳᠤ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ (ᠬᠠᠤᠯᠢ ᠬᠡᠷᠡᠭᠵᠢᠭᠦᠯᠬᠦ) ᠵᠢᠨ ᠪᠠᠢ᠌ᠭᠤᠯᠤᠮᠵᠢ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠎ᠢ ᠣᠯᠣᠭᠰᠠᠨ ᠦᠭᠡᠢ ᠪᠠᠢ᠌ᠬᠤ᠃

ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠠᠶ᠋ᠢᠳᠠᠯ ᠵᠶ᠋ᠠᠨ ᠦᠵᠡᠵᠦ ᠥᠪᠡᠷᠲᠡᠭᠡᠨ ᠵᠠᠰᠠᠬᠤ ᠣᠷᠣᠨ᠎ᠤ  ᠳᠡᠰ᠎ᠤᠨ ᠰᠠᠭᠤᠷᠢᠨ ᠭᠠᠵᠠᠷ᠂ ᠪᠠᠭᠤᠴᠠ ᠵᠢ ᠮᠡᠳᠡᠭᠦᠯᠬᠦ ᠠᠵᠢᠯ᠎ᠢ ᠵᠣᠬᠢᠶᠠᠨ ᠪᠠᠶ᠋ᠢᠭᠤᠯᠤᠨ᠎ᠠ᠃ ᠵᠠᠷᠴᠢᠮ ᠳᠡᠭᠡᠷ᠎ᠡ᠎ᠪᠠᠨ ᠬᠣᠰᠢᠭᠤ ᠰᠢᠶᠠᠨ (ᠬᠣᠲᠠ᠂ ᠲᠣᠭᠣᠷᠢᠭ)  ᠨᠢᠭᠡ ᠪᠦᠷᠢ ᠵᠥᠪᠬᠡᠨ ᠨᠢᠭᠡ ᠰᠠᠭᠤᠷᠢᠨ ᠭᠠᠵᠠᠷ ᠪᠤᠶᠤ ᠪᠠᠭᠤᠴᠠ ᠵᠢ ᠮᠡᠳᠡᠭᠦᠯᠵᠦ ᠪᠣᠯᠤᠨ᠎ᠠ᠂ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠮᠠᠭ᠋ᠠᠳᠯᠠᠨ ᠲᠣᠭᠲᠠᠭ᠋ᠠᠭᠰᠠᠨ ᠰᠤᠳᠤᠯᠤᠨ ᠰᠤᠷᠤᠯᠴᠠᠬᠤ ᠦᠢ᠍ᠯᠡᠳᠦᠯᠭᠡ ᠬᠥᠮᠦᠵᠢᠯ᠎ᠤᠨ ᠰᠠᠭᠤᠷᠢᠨ ᠭᠠᠵᠠᠷ᠂ ᠪᠠᠭᠤᠴᠠ᠎ᠲᠠᠢ ᠬᠣᠰᠢᠭᠤ ᠰᠢᠶᠠᠨ (ᠬᠣᠲᠠ᠂ ᠲᠣᠭᠣᠷᠢᠭ) ᠵᠠᠷᠴᠢᠮ ᠳᠡᠭᠡᠷ᠎ᠡ᠎ᠪᠠᠨ ᠮᠡᠳᠡᠭᠦᠯᠵᠦ ᠪᠣᠯᠬᠤ ᠦᠭᠡᠢ᠃

ᠳᠣᠯᠣᠳᠤᠭ᠋ᠠᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠰᠠᠭᠤᠷᠢᠨ ᠭᠠᠵᠠᠷ ᠵᠶ᠋ᠠᠷ ᠲᠠᠨᠢᠯᠴᠠᠭᠤᠯᠬᠤ᠎ᠳᠤ ᠠᠶ᠋ᠢᠮᠠᠭ ᠬᠣᠲᠠ ᠵᠢᠨ ᠱᠠᠲᠤᠨ᠎ᠤ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠳᠣᠲᠤᠷ᠎ᠠ᠎ᠠᠴᠠ ᠰᠢᠯᠢᠳᠡᠭ᠎ᠢ ᠰᠣᠩᠭᠣᠨ ᠮᠡᠳᠡᠭᠦᠯᠦᠨ᠎ᠡ᠃ ᠠᠶ᠋ᠢᠮᠠᠭ ᠬᠣᠲᠠ ᠵᠢᠨ ᠱᠠᠲᠤᠨ᠎ᠤ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠰᠠᠭᠤᠷᠢᠨ ᠭᠠᠵᠠᠷ ᠵᠶ᠋ᠠᠷ ᠮᠡᠳᠡᠭᠦᠯᠬᠦ᠎ᠳᠤ᠂ ᠬᠢᠷᠢ ᠭᠡᠮ᠎ᠢ ᠪᠦᠷᠢᠳᠦᠭᠦᠯᠦᠭᠰᠡᠨ ᠮᠡᠳᠡᠭᠦᠯᠬᠦ ᠨᠢᠭᠡᠴᠢ ᠬᠠᠷᠢᠶ᠎ᠠ ᠭᠠᠵᠠᠷ᠎ᠤᠨ ᠬᠦᠯᠢᠶᠡᠨ ᠠᠪᠴᠤ ᠰᠢᠢ᠍ᠳᠪᠦᠷᠢᠯᠡᠬᠦ ᠵᠠᠷᠴᠢᠮ᠎ᠤᠨ ᠶᠣᠰᠣᠭ᠋ᠠᠷ ᠰᠠᠭᠤᠭ᠎ᠠ ᠭᠠᠵᠠᠷ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠬᠦ ᠵᠢ ᠳᠤᠷᠠᠳᠴᠤ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠮᠡᠳᠡᠭᠦᠯᠦᠭᠰᠡᠨ ᠮᠠᠲ᠋ᠧᠷᠢᠶᠠᠯ ᠎ᠢ ᠬᠢᠨᠠᠨ ᠪᠠᠢ᠌ᠴᠠᠭ᠋ᠠᠵᠤ᠂ ᠬᠢᠨᠠᠨ ᠪᠠᠢ᠌ᠴᠠᠭ᠋ᠠᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠪᠠᠲᠤᠯᠠᠨ  ᠲᠠᠨᠢᠯᠴᠠᠭᠤᠯᠤᠨ᠎ᠠ᠃ ᠬᠠᠷᠢᠶ᠎ᠠ ᠭᠠᠵᠠᠷ᠎ᠲᠤ᠎ᠨᠢ ᠬᠠᠮᠢᠶᠠᠷᠤᠭᠤᠯᠬᠤ ᠵᠠᠷᠴᠢᠮ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠠᠯᠠᠭ᠎ᠠ ᠮᠥᠴᠢᠷ᠎ᠤᠨ ᠰᠢᠭᠤᠳ ᠬᠠᠷᠢᠶ᠎ᠠ ᠨᠢᠭᠡᠴᠢ ᠮᠡᠳᠡᠭᠦᠯᠦᠭᠰᠡᠨ ᠪᠣᠯ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠵᠦ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠳᠠᠮᠵᠢᠭᠤᠯᠤᠨ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠭᠰᠡᠨ ᠮᠠᠲ᠋ᠧᠷᠢᠶᠠᠯ ᠵᠶ᠋ᠠᠨ ᠳᠤᠰᠢᠶᠠᠨ᠎ᠠ᠃

ᠨᠠᠢ᠍ᠮᠠᠳᠤᠭ᠋ᠠᠷ ᠵᠦᠢ᠍ᠯ  ᠮᠡᠳᠡᠭᠦᠯᠬᠦ ᠨᠢᠭᠡᠴᠢ ᠳᠣᠣᠷᠠᠬᠢ ᠮᠠᠲ᠋ᠧᠷᠢᠶᠠᠯ᠎ᠢ ᠬᠠᠩᠭ᠋ᠠᠨ᠎ᠠ᠄

(ᠨᠢᠭᠡ) ᠦᠨᠳᠦᠰᠦᠨ ᠪᠠᠶ᠋ᠢᠳᠠᠯ᠂ ᠠᠶ᠋ᠢᠮᠠᠭ ᠬᠣᠲᠠ ᠵᠢᠨ ᠱᠠᠲᠤᠨ᠎ᠤ ᠰᠤᠷᠭ᠋ᠠᠨ ᠬᠥᠮᠦᠵᠢᠯ ᠪᠤᠶᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠭᠰᠠᠨ ᠰᠠᠨᠠᠯ

(ᠬᠣᠶᠠᠷ) ᠰᠠᠭᠤᠷᠢᠨ ᠭᠠᠵᠠᠷ᠂ ᠪᠠᠭᠤᠴᠠ ᠵᠢᠨ ᠬᠢᠴᠢᠶᠡᠯ᠎ᠤᠨ ᠲᠥᠰᠦᠯ;

(ᠭᠤᠷᠪᠠ) ᠡᠵᠡᠩᠨᠡᠯᠲᠡ ᠵᠢᠨ ᠦᠨᠡᠮᠯᠡᠯ᠂ ᠬᠢᠷᠢ ᠬᠡᠮ ᠵᠡᠷᠭᠡ ᠵᠢᠨ ᠬᠠᠮᠢᠶ᠎ᠠ ᠪᠦᠬᠦᠢ ᠦᠨᠡᠮᠯᠡᠯ;

(ᠲᠦᠷᠪᠡ) ᠮᠡᠳᠡᠭᠦᠯᠬᠦ ᠨᠥᠬᠥᠴᠡᠯ᠎ᠢ ᠬᠠᠩᠭ᠋ᠠᠵᠤ ᠳᠡᠢ᠌ᠯᠬᠦᠢ᠌ᠴᠡ ᠶᠠᠮᠠᠷ ᠨᠢᠭᠡᠨ ᠬᠦᠷᠢᠶᠡᠨ᠎ᠤ ᠥᠪᠡᠷᠮᠢᠴᠡ ᠡᠬᠢ ᠪᠠᠶᠠᠯᠢᠭ᠎ᠤᠨ ᠳᠠᠪᠠᠭᠤᠯᠢᠭ᠎ᠢ ᠭᠡᠷᠡᠴᠢᠯᠡᠬᠦ ᠮᠠᠲ᠋ᠧᠷᠢᠶᠠᠯ᠃

ᠭᠤᠷᠪᠠᠳᠤᠭ᠋ᠠᠷ ᠪᠦᠯᠦᠭ  ᠲᠣᠭᠲᠠᠭ᠋ᠠᠬᠤ ᠪᠠ ᠨᠡᠶ᠋ᠢᠲᠡᠯᠡᠬᠦ

ᠶᠢᠰᠦᠳᠦᠭᠡᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢ᠌ᠭᠤᠯᠵᠤ ᠵᠦᠪᠯᠡᠨ ᠲᠣᠭᠲᠠᠭ᠋ᠠᠬᠤ ᠳᠤᠭᠤᠶ᠋ᠢᠯᠠᠩ ᠪᠠᠶ᠋ᠢᠭᠤᠯᠵᠤ᠂ ᠲᠤᠰ ᠠᠷᠭ᠎ᠠ᠎ᠳᠤ ᠲᠣᠭᠲᠠᠭ᠋ᠠᠭᠰᠠᠨ ᠨᠥᠬᠥᠴᠡᠯ᠎ᠢ ᠦᠨᠳᠦᠰᠦᠯᠡᠨ᠂ ᠮᠠᠲ᠋ᠧᠷᠢᠶᠠᠯ᠎ᠢ ᠬᠢᠨᠠᠨ ᠲᠣᠭᠲᠠᠭ᠋ᠠᠬᠤ᠂ ᠠᠬᠤᠢ ᠲᠠᠯᠠᠪᠠᠢ᠎ᠳᠤ ᠪᠠᠶ᠋ᠢᠴᠠᠭ᠋ᠠᠬᠤ᠂ ᠭᠤᠷᠪᠠᠳᠠᠬᠢ ᠪᠠᠶ᠋ᠢᠭᠤᠯᠤᠮᠵᠢ ᠬᠢᠨᠠᠨ ᠲᠣᠭᠲᠠᠭ᠋ᠠᠬᠤ ᠵᠡᠷᠭᠡ ᠠᠷᠭ᠎ᠠ ᠮᠠᠶᠢᠭ᠎ᠢ ᠶᠡᠷᠦᠩᠬᠡᠶ᠋ᠢᠯᠡᠨ ᠬᠡᠷᠡᠭᠯᠡᠵᠦ᠂ ᠮᠡᠳᠡᠭᠦᠯᠦᠭᠰᠡᠨ ᠨᠢᠭᠡᠴᠢ ᠵᠢ ᠰᠢᠯᠭ᠋ᠠᠨ ᠦᠨᠡᠯᠡᠵᠦ᠂ ᠰᠠᠨᠠᠭᠤᠯᠭ᠎ᠠ ᠳᠤᠷᠠᠳᠤᠨ᠎ᠠ᠃

ᠠᠷᠪᠠᠳᠤᠭ᠋ᠠᠷ ᠵᠦᠢ᠍ᠯ  ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠨᠡᠶ᠋ᠢᠭᠡᠮ᠎ᠳᠤ ᠢᠯᠡ ᠨᠡᠶ᠋ᠢᠲᠡᠯᠡᠵᠦ᠂ ᠢᠯᠡ ᠨᠡᠢ᠌ᠲᠡᠯᠡᠬᠦ ᠬᠤᠭᠤᠴᠠᠭ᠎ᠠ ᠬᠠᠮᠤᠭ᠎ᠤᠨ ᠪᠠᠭ᠎ᠠ᠎ᠳᠤ᠎ᠪᠠᠨ 5 ᠠᠵᠢᠯᠯᠠᠬᠤ ᠡᠳᠦᠷ᠃ ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠬᠢᠨᠠᠨ ᠲᠣᠭᠲᠠᠭ᠋ᠠᠬᠤ᠎ᠪᠠᠷ ᠪᠠᠶ᠋ᠢᠭ᠎ᠠ ᠨᠢᠭᠡᠴᠢ᠎ᠳᠤ ᠰᠠᠨᠠᠯ᠎ᠲᠠᠢ ᠪᠣᠯ᠂ ᠲᠣᠭᠲᠠᠭᠰᠠᠨ ᠴᠠᠭ᠎ᠲᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠪᠠᠢ᠌ᠴᠠᠭ᠋ᠠᠬᠤ ᠵᠢᠨ ᠬᠠᠮᠲᠤ ᠰᠢᠢ᠍ᠳᠪᠦᠷᠢᠯᠡᠬᠦ ᠰᠠᠨᠠᠯ ᠳᠤᠷᠠᠳᠤᠨ᠎ᠠ᠃

ᠠᠷᠪᠠᠨ ᠨᠢᠭᠡᠳᠦᠭᠡᠷ ᠵᠦᠢ᠍ᠯ  ᠢᠯᠡ ᠨᠡᠢ᠌ᠲᠡᠯᠡᠭᠰᠡᠳ᠎ᠲᠤ ᠰᠠᠨᠠᠯ ᠦᠭᠡᠢ ᠪᠣᠯ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠰᠠᠭᠤᠷᠢᠨ ᠭᠠᠵᠠᠷ᠂ ᠪᠠᠭᠤᠴᠠ᠎ᠪᠠᠷ ᠬᠢᠨᠠᠨ ᠲᠣᠭᠲᠠᠭ᠋ᠠᠨ᠎ᠠ᠃

ᠠᠷᠪᠠᠨ ᠬᠣᠶᠠᠳᠤᠭ᠋ᠠᠷ ᠵᠦᠢ᠍ᠯ  ᠰᠤᠷᠭ᠋ᠠᠨ ᠬᠥᠮᠦᠵᠢᠯ᠎ᠤᠨ ᠶᠠᠮᠤᠨ᠎ᠳᠤ ᠪᠦᠬᠦ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠪᠠᠭᠤᠴᠠ᠎ᠪᠠᠷ ᠵᠢᠱ᠌ᠢᠭᠳᠡᠭᠰᠡᠨ ᠨᠢᠭᠡᠴᠢ ᠵᠢ ᠲᠠᠨᠢᠯᠴᠠᠭᠤᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠠᠭᠤᠷᠢᠨ ᠭᠠᠵᠠᠷ᠂  ᠪᠠᠭᠤᠴᠠ ᠵᠢᠨ ᠳᠣᠲᠣᠷ᠎ᠠ᠎ᠠᠴᠠ ᠤᠷᠢᠳ ᠵᠶ᠋ᠠᠷ ᠲᠠᠨᠢᠯᠴᠠᠭᠤᠯᠤᠨ᠎ᠠ᠃

ᠳᠥᠷᠪᠡᠳᠦᠭᠡᠷ ᠪᠦᠯᠦᠭ   ᠠᠵᠢᠯᠯᠠᠭ᠎ᠠ ᠪᠣᠯᠤᠨ ᠬᠠᠮᠢᠶᠠᠷᠤᠯᠲᠠ

ᠠᠷᠪᠠᠨ ᠭᠤᠷᠪᠠᠳᠤᠭ᠋ᠠᠷ ᠵᠦᠢ᠍ᠯ  ᠰᠠᠭᠤᠷᠢᠨ ᠭᠠᠵᠠᠷ᠂ ᠪᠠᠭᠤᠴᠠ᠎ᠳᠤ ᠠᠵᠢᠯ᠎ᠤᠨ ᠲᠥᠯᠥᠪᠯᠡᠭᠡ ᠲᠣᠭᠲᠠᠭ᠋ᠠᠬᠤ ᠬᠡᠷᠡᠭᠲᠡᠢ ᠪᠥᠭᠡᠳ ᠭᠠᠷᠠᠭ᠎ᠤᠨ ᠰᠡᠭᠦᠯᠴᠢ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠂ ᠡᠪᠦᠯ ᠵᠤᠨ᠎ᠤ ᠠᠮᠠᠷᠠᠯᠲᠠ ᠵᠡᠷᠭᠡ ᠴᠠᠭ ᠬᠤᠭᠤᠴᠠᠭ᠋ᠠᠨ᠎ᠳᠤ ᠰᠤᠷᠤᠭᠴᠢᠳ᠎ᠤᠨ ᠰᠤᠳᠤᠯᠤᠨ ᠰᠤᠷᠤᠯᠴᠠᠬᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠪᠣᠳᠣᠯᠬᠢᠯᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠠᠵᠢᠯᠯᠠᠭ᠎ᠠ ᠵᠢ ᠢᠳᠡᠪᠬᠢᠲᠡᠢ ᠬᠦᠯᠢᠶᠡᠨ ᠠᠪᠬᠤ ᠬᠡᠷᠡᠭᠲᠡᠢ᠃

ᠠᠷᠪᠠᠨ ᠳᠥᠷᠪᠡᠳᠦᠭᠡᠷ ᠵᠦᠢ᠍ᠯ  ᠰᠠᠭᠤᠷᠢᠨ ᠭᠠᠵᠠᠷ᠂ ᠪᠠᠭᠤᠴᠠ᠎ᠨᠢ ᠬᠢᠴᠢᠶᠡᠯ᠎ᠤᠨ ᠨᠡᠭᠡᠭᠡᠯᠲᠡ ᠪᠣᠯᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠢᠴᠢᠶᠡᠯ᠎ᠤᠨ  ᠳᠣᠭᠲᠠᠯᠴᠠᠭ᠎ᠠ ᠵᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠦᠨ᠂ ᠪᠦᠬᠦ ᠬᠢᠴᠢᠶᠡᠯ᠎ᠢ ᠴᠥᠮ ᠪᠠᠶ᠋ᠢᠭ᠎ᠠ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠣᠷᠣᠨ᠎ᠤ ᠳᠡᠰ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ  ᠳᠠᠩᠰᠠᠯᠠᠭᠤᠯᠤᠨ᠎ᠠ᠃

ᠠᠷᠪᠠᠨ ᠲᠠᠪᠤᠳᠤᠭ᠋ᠠᠷ ᠵᠦᠢ᠍ᠯ  ᠰᠠᠭᠤᠷᠢᠨ ᠭᠠᠵᠠᠷ᠂ ᠪᠠᠭᠤᠴᠠ᠎ᠨᠢ ᠡᠳ᠋᠎ᠤᠨ ᠶᠠᠪᠤᠳᠠᠯ᠎ᠤᠨ ᠵᠢᠷᠤᠮᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠪᠡᠯᠡ ᠮᠥᠩᠭᠥ ᠵᠢᠨ ᠢᠷᠡᠯᠲᠡ ᠨᠠᠶ᠋ᠢᠳᠠᠪᠤᠷᠢᠲᠠᠢ ᠪᠠᠢ᠌ᠵᠤ᠂ ᠡᠳᠦᠷ ᠲᠤᠲᠤᠮ᠎ᠤᠨ ᠠᠵᠢᠯᠯᠠᠭ᠎ᠠ ᠵᠢ ᠪᠠᠲᠤᠯᠠᠵᠤ ᠳᠡᠶ᠋ᠢᠯᠬᠦ ᠬᠡᠷᠡᠭᠲᠡᠢ᠃ ᠨᠡᠶ᠋ᠢᠲᠡ ᠵᠢᠨ ᠠᠰᠠᠷᠠᠮᠵᠢ ᠵᠢᠨ ᠴᠢᠨᠠᠷ᠎ᠢ  ᠪᠠᠷᠢᠮᠲᠠᠯᠠᠵᠤ᠂ ᠰᠤᠷᠤᠭᠴᠢᠳ᠎ᠲᠤ ᠬᠠᠨᠳᠤᠭᠤᠯᠤᠨ ᠠᠰᠢᠭ ᠣᠯᠵᠠᠪᠤᠷᠢ᠎ᠪᠠᠷ ᠵᠣᠷᠢᠯᠭ᠎ᠠ ᠪᠣᠯᠭ᠋ᠠᠭᠰᠠᠨ ᠡᠵᠡᠩᠨᠡᠯᠲᠡ ᠵᠢᠨ ᠴᠢᠨᠠᠷᠲᠠᠢ ᠣᠷᠣᠯᠭ᠎ᠠ ᠣᠯᠵᠤ ᠪᠣᠯᠬᠤ ᠦᠭᠡᠢ᠃ ᠰᠤᠷᠤᠭᠴᠢᠳ᠎ᠲᠤ ᠬᠠᠨᠳᠤᠭᠤᠯᠤᠨ ᠬᠤᠷᠢᠶᠠᠭᠰᠠᠨ ᠬᠠᠮᠢᠶ᠎ᠠ ᠪᠦᠬᠦᠢ ᠵᠠᠷᠤᠳᠠᠯ᠎ᠳᠤ ᠲᠣᠭ᠋ᠠᠴᠠᠭ᠎ᠠ ᠬᠢᠬᠦ ᠵᠢ ᠴᠢᠩᠭ᠋ᠠᠳᠬᠠᠵᠤ᠂ ᠲᠤᠰᠬᠠᠢ ᠳᠠᠩᠰᠠ᠎ᠪᠠᠷ ᠬᠠᠮᠢᠶᠠᠷᠴᠤ᠂ ᠢᠯᠡ  ᠲᠣᠳᠣᠷᠬᠠᠢ ᠪᠠᠶ᠋ᠢᠯᠭ᠋ᠠᠬᠤ ᠬᠡᠷᠡᠭᠲᠡᠢ᠃

ᠠᠷᠪᠠᠨ ᠵᠢᠷᠭᠤᠳᠤᠭ᠋ᠠᠷ ᠵᠦᠢ᠍ᠯ  ᠰᠠᠭᠤᠷᠢᠨ ᠭᠠᠵᠠᠷ᠂ ᠪᠠᠭᠤᠴᠠ᠎ᠨᠢ ᠠᠶᠤᠯ ᠦᠭᠡᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠡᠯ᠎ᠡ ᠵᠦᠢ᠍ᠯ᠎ᠤᠨ ᠤᠷᠢᠳᠴᠢᠯᠠᠭᠰᠠᠨ ᠲᠥᠰᠦᠯ ᠳᠣᠭᠲᠠᠭ᠋ᠠᠨ᠎ᠠ᠃ ᠰᠤᠳᠤᠯᠤᠨ ᠰᠤᠷᠤᠯᠴᠠᠬᠤ ᠶᠠᠪᠤᠴᠠ᠎ᠳᠤ ᠬᠡᠷᠪᠡ ᠭᠤᠷᠪᠠᠳᠠᠬᠢ ᠡᠲᠡᠭᠡᠳ᠎ᠠᠴᠠ ᠵᠠᠮ ᠬᠠᠷᠢᠯᠴᠠᠭ᠎ᠠ᠂ ᠬᠣᠨᠣᠭ ᠪᠠᠭᠤᠳᠠᠯ᠂ ᠢᠳᠡᠭᠡᠨ ᠤᠮᠳᠠᠭ᠋ᠠᠨ ᠵᠡᠷᠭᠡ ᠦᠢ᠍ᠯᠡᠴᠢᠯᠡᠭᠡ ᠬᠠᠩᠭ᠋ᠠᠪᠠᠯ᠂ ᠲᠡᠭᠦᠨ᠎ᠤ ᠵᠣᠬᠢᠬᠤ ᠬᠢᠷᠢ ᠭᠡᠮ᠎ᠢ ᠴᠢᠩᠭ᠎ᠠ ᠡᠵᠡᠮᠳᠡᠬᠦ ᠵᠢᠨ ᠬᠠᠮᠲᠤ ᠭᠤᠷᠪᠠᠳᠠᠬᠢ ᠡᠲᠡᠭᠡᠳ᠎ᠠᠴᠠ ᠭᠡᠷ᠎ᠡ᠎ᠳᠤ ᠳᠣᠭᠲᠠᠭ᠋ᠠᠭᠰᠠᠨ ᠶᠣᠰᠣᠭ᠋ᠠᠷ ᠡᠭᠦᠷᠭᠡ᠎ᠪᠠᠨ ᠭᠦᠢ᠍ᠴᠡᠳᠬᠡᠬᠦ᠎ᠳᠤ ᠬᠢᠨᠠᠯᠲᠠ ᠲᠠᠯᠪᠢᠵᠤ᠂ ᠠᠮᠤᠷ ᠲᠦᠪᠰᠢᠨ ᠪᠠ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠦᠨᠡᠨ ᠬᠦ᠌ ᠪᠠᠲᠤᠯᠠᠨ᠎ᠠ᠃ ᠰᠠᠭᠤᠷᠢᠨ ᠭᠠᠵᠠᠷ᠂ ᠪᠠᠭᠤᠴᠠ᠎ᠨᠢ ᠡᠷᠬᠡᠪᠰᠢ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠣᠵᠤ᠂ ᠠᠵᠢᠯᠯᠠᠭ᠎ᠠ᠎ᠳᠤ ᠣᠷᠣᠯᠴᠠᠭᠰᠠᠨ ᠪᠠᠭᠰᠢ ᠰᠤᠷᠤᠭᠴᠢᠳ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ ( ᠰᠠᠨᠠᠭ᠋ᠠᠨ᠎ᠳᠤ ᠦᠭᠡᠢ ᠠᠳᠠᠯ᠎ᠤᠨ ᠳᠠᠭ᠋ᠠᠳᠬᠠᠯ᠎ᠢ ᠪᠠᠭᠲᠠᠭ᠋ᠠᠨ᠎ᠠ )᠎ᠢ ᠬᠤᠳᠠᠯᠳᠤᠨ ᠠᠪᠤᠭᠰᠠᠨ ᠪᠠᠶ᠋ᠢᠳᠠᠯ᠎ᠢ ᠨᠤᠲᠠᠯᠠᠵᠤ᠂ ᠰᠠᠶ᠋ᠢᠨ ᠳᠤᠷ᠎ᠠ ᠵᠢᠨ ᠵᠠᠷᠴᠢᠮ ᠶᠣᠰᠣᠭ᠋ᠠᠷ᠂ ᠰᠠᠨᠠᠭ᠋ᠠᠨ᠎ᠳᠤ ᠦᠭᠡᠢ ᠡᠨᠳᠡᠯ᠎ᠤᠨ  ᠳᠠᠭ᠋ᠠᠳᠬᠠᠯ ᠦᠭᠡᠢ ᠪᠠᠭᠰᠢ ᠰᠤᠷᠤᠭᠴᠢᠳ ᠳᠠᠭ᠋ᠠᠳᠬᠠᠯ ᠬᠤᠳᠠᠯᠳᠤᠨ ᠠᠪᠤᠨ᠎ᠠ᠃

ᠠᠷᠪᠠᠨ ᠳᠣᠯᠣᠳᠤᠭ᠋ᠠᠷ ᠵᠦᠢ᠍ᠯ  ᠰᠠᠭᠤᠷᠢᠨ ᠭᠠᠵᠠᠷ᠂ ᠪᠠᠭᠤᠴᠠ ᠵᠢᠯ ᠪᠦᠷᠢ ᠵᠢᠨ ᠵᠢᠯ᠎ᠤᠨ ᠡᠴᠦᠰ᠎ᠠᠴᠠ ᠡᠮᠦᠨ᠎ᠡ ᠪᠠᠶ᠋ᠢᠭ᠎ᠠ ᠭᠠᠵᠠᠷ᠎ᠤᠨ ᠵᠶ᠋ᠠᠨ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠲᠤᠰ ᠵᠢᠯ᠎ᠤᠨ ᠠᠵᠢᠯ ᠵᠶ᠋ᠠᠨ ᠳ᠋ᠦᠩᠨᠡᠭᠰᠡᠨ ᠮᠡᠳᠡᠭᠦᠯᠦᠯᠲᠡ ᠵᠢᠴᠢ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠵᠦ᠂ ᠠᠶ᠋ᠢᠮᠠᠭ ᠬᠣᠲᠠ  ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠢᠯ᠎ᠤᠨ ᠬᠢᠨᠠᠯᠲᠠ ᠬᠢᠵᠦ᠂ ᠵᠢᠯ᠎ᠤᠨ ᠬᠢᠨᠠᠯᠲᠠ ᠵᠢᠨ ᠦᠷ᠎ᠡ ᠳ᠋ᠦᠩ᠎ᠢ ᠨᠡᠶ᠋ᠢᠭᠡᠮ᠎ᠳᠤ ᠢᠯᠡ ᠨᠡᠢ᠌ᠲᠡᠯᠡᠬᠦ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠮᠡᠳᠡᠭᠦᠯᠵᠦ  ᠳᠠᠩᠰᠠᠯᠠᠭᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠠᠯᠠᠭ᠎ᠠ ᠮᠥᠴᠢᠷ᠎ᠤᠨ ᠰᠢᠭᠤᠳ ᠬᠠᠷᠢᠶ᠎ᠠ ᠨᠢᠭᠡᠴᠢ ᠰᠠᠭᠤᠷᠢᠨ ᠭᠠᠵᠠᠷ᠂ ᠪᠠᠭᠤᠴᠠ᠎ᠪᠠᠷ ᠨᠡᠷᠡᠯᠡᠭᠳᠡᠭᠰᠡᠨ ᠪᠣᠯ᠂ ᠵᠢᠯ ᠪᠦᠷᠢ ᠵᠢᠨ ᠵᠢᠯ᠎ᠤᠨ ᠰᠡᠭᠦᠯᠴᠢ᠎ᠠᠴᠠ ᠡᠮᠦᠨ᠎ᠡ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠠᠯᠠᠭ᠎ᠠ ᠮᠥᠴᠢᠷ ᠲᠡᠭᠦᠨ᠎ᠳᠤ ᠵᠢᠯ᠎ᠤᠨ ᠬᠢᠨᠠᠯᠲᠠ ᠬᠢᠵᠦ᠂ ᠵᠢᠯ᠎ᠤᠨ ᠬᠢᠨᠠᠯᠲᠠ ᠵᠢᠨ ᠦᠷ᠎ᠡ ᠳ᠋ᠦᠩ᠎ᠢ ᠨᠡᠶ᠋ᠢᠭᠡᠮ᠎ᠳᠤ ᠢᠯᠡ ᠨᠡᠢ᠌ᠲᠡᠯᠡᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ ᠎ᠤᠨ ᠲᠢᠩᠬᠢᠮ᠎ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃

ᠠᠷᠪᠠᠨ ᠨᠠᠢ᠍ᠮᠠᠳᠤᠭ᠋ᠠᠷ ᠵᠦᠢ᠍ᠯ  ᠰᠠᠭᠤᠷᠢᠨ ᠭᠠᠵᠠᠷ᠂ ᠪᠠᠭᠤᠴᠠ᠎ᠳᠤ ᠦᠶᠡᠯᠡᠯᠲᠦ ᠬᠠᠮᠢᠶᠠᠷᠤᠯᠲᠠ ᠵᠢ ᠬᠡᠷᠡᠭᠵᠢᠭᠦᠯᠵᠦ᠂ ᠬᠠᠮᠢᠶᠠᠷᠤᠯᠲᠠ ᠵᠢᠨ ᠦᠶᠡᠯᠡᠯ᠎ᠤᠨ ᠬᠤᠭᠤᠴᠠᠭ᠎ᠠ 5 ᠵᠢᠯ ᠪᠣᠯᠤᠨ᠎ᠠ᠃ ᠨᠢᠭᠡᠳᠦᠭᠡᠷ ᠬᠤᠭᠤᠴᠠᠭ᠎ᠠ ᠳᠠᠭᠤᠰᠴᠤ᠂ ᠰᠠᠭᠤᠷᠢᠨ ᠭᠠᠵᠠᠷ᠂ ᠪᠠᠭᠤᠴᠠ ᠵᠢ ᠳᠠᠬᠢᠨ ᠦᠨᠡᠯᠡᠭᠦᠯᠬᠦ᠎ᠪᠠᠷ ᠮᠡᠳᠡᠭᠦᠯᠪᠡᠯ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠵᠣᠬᠢᠶᠠᠨ ᠪᠠᠢ᠌ᠭᠤᠯᠵᠤ ᠳᠠᠬᠢᠨ ᠦᠨᠡᠯᠡᠨ᠎ᠡ᠃ ᠳᠠᠬᠢᠨ ᠦᠨᠡᠯᠡᠬᠦ᠎ᠳᠤ ᠬᠢᠷᠢ ᠲᠡᠩᠴᠡᠭᠰᠡᠨ ᠪᠣᠯ ᠴᠣᠯᠠ ᠵᠢ᠎ᠨᠢ ᠦᠯᠡᠳᠡᠭᠡᠨ᠂ ᠳᠠᠷᠠᠭ᠎ᠠ ᠨᠢᠭᠡᠨ ᠬᠠᠮᠢᠶᠠᠷᠤᠯᠲᠠ ᠵᠢᠨ ᠦᠶᠡᠯᠡᠯ᠎ᠤᠨ ᠬᠤᠭᠤᠴᠠᠭ᠎ᠠ᠎ᠳᠤ ᠣᠷᠣᠭᠤᠯᠤᠨ᠎ᠠ; ᠳᠠᠬᠢᠨ ᠦᠨᠡᠯᠡᠬᠦ᠎ᠳᠤ ᠬᠢᠷᠢ ᠲᠡᠩᠴᠡᠭᠰᠡᠨ ᠦᠭᠡᠢ ᠪᠣᠯ ᠴᠣᠯᠠ ᠵᠢ᠎ᠨᠢ ᠬᠦᠴᠦᠨ ᠦᠭᠡᠢ ᠪᠣᠯᠭ᠋ᠠᠨ᠎ᠠ᠃ ᠳᠠᠬᠢᠨ ᠦᠨᠡᠯᠡᠭᠰᠡᠨ ᠦᠷ᠎ᠡ ᠳ᠋ᠦᠩ᠎ᠢ ᠨᠡᠶ᠋ᠢᠭᠡᠮ᠎ᠳᠤ ᠢᠯᠡ ᠨᠡᠢ᠌ᠲᠡᠯᠡᠨ᠎ᠡ᠃

ᠠᠷᠪᠠ ᠶᠢᠰᠦᠳᠦᠭᠡᠷ ᠵᠦᠢ᠍ᠯ  ᠬᠠᠮᠢᠶᠠᠷᠤᠯᠲᠠ ᠵᠢᠨ ᠬᠤᠭᠤᠴᠠᠭ᠋ᠠᠨ᠎ᠳᠤ᠂ ᠰᠠᠭᠤᠷᠢᠨ ᠭᠠᠵᠠᠷ᠂ ᠪᠠᠭᠤᠴᠠ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠰᠢᠷ᠎ᠠ ᠫᠠᠶ᠋ᠢᠰᠠ ᠵᠢᠨ ᠰᠡᠷᠡᠮᠵᠢ ᠥᠭᠴᠦ᠂ 1 ᠵᠢᠯ ᠬᠤᠭᠤᠴᠠᠭ᠎ᠠ᠎ᠲᠠᠢ ᠬᠢᠵᠠᠭ᠋ᠠᠷᠯᠠᠵᠤ ᠴᠡᠭᠴᠡᠯᠡᠨ ᠰᠠᠢ᠌ᠵᠢᠷᠠᠭᠤᠯᠤᠨ᠎ᠠ᠃ ᠴᠡᠭᠴᠡᠯᠡᠨ ᠰᠠᠶ᠋ᠢᠵᠢᠷᠠᠭᠤᠯᠬᠤ᠎ᠳᠤ ᠬᠢᠷᠢ ᠲᠡᠩᠴᠡᠭᠰᠡᠨ ᠪᠣᠯ ᠴᠣᠯᠠ ᠵᠢ᠎ᠨᠢ ᠦᠯᠡᠳᠡᠭᠡᠨ᠎ᠡ; ᠴᠡᠭᠴᠡᠯᠡᠨ ᠰᠠᠶ᠋ᠢᠵᠢᠷᠠᠭᠤᠯᠬᠤ᠎ᠳᠤ ᠬᠢᠷᠢ ᠲᠡᠩᠴᠡᠭᠰᠡᠨ ᠦᠭᠡᠢ ᠪᠣᠯ ᠴᠣᠯᠠ ᠵᠢ᠎ᠨᠢ ᠬᠦᠴᠦᠨ ᠦᠭᠡᠢ ᠪᠣᠯᠭ᠋ᠠᠨ᠎ᠠ᠃

(ᠨᠢᠭᠡ) ᠠᠵᠢᠯᠯᠠᠭ᠎ᠠ᠎ᠨᠢ ᠵᠢᠷᠤᠮᠵᠢᠯ ᠦᠭᠡᠢ᠂ ᠰᠤᠷᠤᠭᠴᠢ᠂ ᠭᠡᠷ᠎ᠤᠨ ᠠᠬᠠᠮᠠᠳ᠂ ᠰᠤᠷᠭ᠋ᠠᠭᠤᠯᠢ ᠵᠢᠨ ᠵᠢᠯ᠎ᠤᠨ ᠬᠠᠨᠤᠮᠵᠢ ᠵᠢᠨ ᠬᠡᠮᠵᠢᠶ᠎ᠡ 90%᠎ᠠᠴᠠ ᠳᠣᠣᠷ᠎ᠠ ᠪᠠᠶ᠋ᠢᠬᠤ;

(ᠬᠣᠶᠠᠷ) ᠴᠢᠬᠤᠯᠠ ᠶᠡᠬᠡ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠂ ᠪᠠᠶ᠋ᠢᠭ᠋ᠠᠯᠢ ᠵᠢᠨ ᠭᠠᠮᠰᠢᠭ ᠵᠡᠷᠭᠡ ᠡᠰᠡᠷᠭᠦᠴᠡᠵᠦ ᠪᠣᠯᠤᠰᠢ ᠦᠭᠡᠢ ᠬᠦᠴᠦᠨ᠎ᠤ ᠨᠥᠯᠥᠭᠡ ᠵᠢ ᠬᠦᠷᠲᠡᠭᠰᠡᠨ ᠦᠭᠡᠢ᠂ ᠵᠢᠯ᠎ᠤᠨ ᠳᠣᠲᠣᠷ᠎ᠠ ᠰᠠᠭᠤᠷᠢᠨ ᠭᠠᠵᠠᠷ᠎ᠤᠨ ᠬᠦᠯᠢᠶᠡᠨ ᠠᠪᠤᠭᠰᠠᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠲᠣᠭ᠎ᠠ 5000 ᠬᠥᠮᠦᠨ ᠤᠳᠠᠭ᠎ᠠ᠎ᠠᠴᠠ ᠪᠠᠭ᠎ᠠ ᠦᠭᠡᠢ ᠪᠠᠢ᠌ᠵᠤ᠂ ᠪᠠᠭᠤᠴᠠ ᠵᠢᠨ ᠬᠦᠯᠢᠶᠡᠨ ᠠᠪᠤᠭᠰᠠᠨ ᠰᠤᠷᠤᠭᠴᠢᠳ᠎ᠤᠨ ᠲᠣᠭ᠎ᠠ 1 ᠲᠦᠮᠡᠨ ᠬᠥᠮᠦᠨ ᠤᠳᠠᠭ᠎ᠠ᠎ᠠᠴᠠ ᠪᠠᠭ᠎ᠠ ᠦᠭᠡᠢ ᠪᠠᠢ᠌ᠬᠤ;

(ᠭᠤᠷᠪᠠ) ᠬᠢᠴᠢᠶᠡᠯ᠎ᠤᠨ ᠨᠡᠭᠡᠭᠡᠯᠲᠡ ᠵᠢᠨ ᠲᠣᠭ᠎ᠠ ᠬᠡᠮᠵᠢᠶ᠎ᠡ ᠨᠡᠯᠢᠶᠡᠳ ᠴᠥᠭᠡᠨ᠂ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ ᠪᠢᠰᠢ᠂ ᠰᠤᠳᠤᠯᠤᠨ ᠰᠤᠷᠤᠯᠴᠠᠬᠤ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠦᠭᠡᠢ; ᠬᠢᠴᠢᠶᠡᠯ᠎ᠢ ᠱᠠᠭ᠋ᠠᠷᠳᠠᠯᠭ᠎ᠠ ᠶᠣᠰᠣᠭ᠋ᠠᠷ ᠳᠠᠩᠰᠠᠯᠠᠭᠤᠯᠤᠭᠰᠠᠨ ᠦᠭᠡᠢ ᠪᠤᠶᠤ ᠬᠢᠴᠢᠶᠡᠯ᠎ᠤᠨ ᠬᠢᠨᠠᠨ ᠪᠠᠶ᠋ᠢᠴᠠᠭ᠋ᠠᠯᠲᠠ᠎ᠳᠤ ᠬᠢᠷᠢ ᠲᠡᠩᠴᠡᠬᠦ ᠦᠭᠡᠢ ᠨᠣᠷᠮ᠎ᠠ ᠨᠡᠯᠢᠶᠡᠳ ᠥᠨᠳᠥᠷ ᠪᠠᠢ᠌ᠬᠤ;
      (ᠳᠥᠷᠪᠡ)  ᠵᠢᠯ᠎ᠤᠨ ᠳ᠋ᠦᠩᠨᠡᠯᠲᠡ ᠵᠢᠨ ᠮᠠᠲ᠋ᠧᠷᠢᠶᠠᠯ ᠵᠶ᠋ᠠᠨ ᠲᠣᠭᠲᠠᠭᠰᠠᠨ ᠬᠤᠭᠤᠴᠠᠭ᠋ᠠᠨ᠎ᠳᠤ ᠲᠤᠰᠢᠶᠠᠭᠰᠠᠨ ᠦᠭᠡᠢ ᠪᠤᠶᠤ ᠵᠢᠯ᠎ᠤᠨ ᠬᠢᠨᠠᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠦᠭᠡᠢ;

(ᠲᠠᠪᠤ) ᠨᠡᠶ᠋ᠢᠲᠡ ᠵᠢᠨ ᠠᠰᠠᠷᠠᠮᠵᠢ᠂ ᠠᠰᠢᠭ ᠣᠯᠵᠠᠪᠤᠷᠢ ᠵᠢᠨ ᠪᠤᠰᠤ ᠵᠠᠷᠴᠢᠮ᠎ᠢ ᠪᠠᠷᠢᠮᠲᠠᠯᠠᠵᠤ ᠴᠢᠳᠠᠭᠰᠠᠨ ᠦᠭᠡᠢ᠂ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠭᠰᠠᠨ ᠦᠢ᠍ᠯᠡ ᠠᠵᠢᠯᠯᠠᠭ᠎ᠠ ᠣᠷᠣᠰᠢᠵᠤ ᠪᠠᠢ᠌ᠬᠤ;

(ᠵᠢᠷᠭᠤᠭ᠎ᠠ) ᠪᠤᠰᠤᠳ ᠰᠢᠯᠲᠠᠭ᠋ᠠᠨ᠎ᠠᠴᠠ ᠪᠣᠯᠵᠤ ᠰᠡᠷᠡᠮᠵᠢ ᠥᠭᠴᠦ ᠴᠡᠭᠴᠡᠯᠡᠨ ᠥᠭᠡᠷᠡᠴᠢᠯᠡᠬᠦ ᠴᠢᠬᠤᠯᠠ᠎ᠲᠠᠢ᠃

ᠬᠣᠷᠢᠳᠤᠭ᠋ᠠᠷ ᠵᠦᠢ᠍ᠯ  ᠬᠠᠮᠢᠶᠠᠷᠤᠯᠲᠠ ᠵᠢᠨ ᠬᠤᠭᠤᠴᠠᠭ᠋ᠠᠨ᠎ᠳᠤ᠂ ᠰᠠᠭᠤᠷᠢᠨ ᠭᠠᠵᠠᠷ᠂ ᠪᠠᠭᠤᠴᠠ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠴᠣᠯᠠ ᠵᠢ᠎ᠨᠢ ᠬᠦᠴᠦᠨ ᠦᠭᠡᠢ ᠪᠣᠯᠭ᠋ᠠᠨ᠎ᠠ᠃

(ᠨᠢᠭᠡ) ᠠᠵᠢᠯ᠎ᠳᠤ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ ᠴᠢᠳᠠᠭᠰᠠᠨ ᠦᠭᠡᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠦᠭᠰᠡᠨ᠎ᠨᠢ ᠬᠦᠴᠦᠨ ᠦᠭᠡᠢ᠂ ᠰᠤᠳᠤᠯᠤᠨ ᠰᠤᠷᠤᠯᠴᠠᠬᠤ ᠬᠢᠴᠢᠶᠡᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ  ᠴᠣᠭᠴᠠᠯᠠᠬᠤ᠎ᠠᠴᠠ ᠲᠡᠷᠰᠯᠡᠭᠰᠡᠨ;

(ᠬᠣᠶᠠᠷ) ᠮᠡᠳᠡᠭᠦᠯᠬᠦ ᠮᠠᠲ᠋ᠧᠷᠢᠶᠠᠯ᠎ᠢ ᠬᠤᠳᠠᠯ ᠬᠠᠭᠤᠷᠮᠠᠭ ᠵᠣᠬᠢᠶᠠᠭᠰᠠᠨ ᠪᠤᠶᠤ ᠪᠤᠰᠤᠳ ᠠᠷᠭ᠎ᠠ ᠪᠠᠷᠢᠯ ᠵᠶ᠋ᠠᠷ ᠰᠠᠭᠤᠷᠢᠨ ᠭᠠᠵᠠᠷ᠂  ᠪᠠᠭᠤᠴᠠ ᠵᠢᠨ  ᠴᠣᠯᠠ ᠵᠢ ᠮᠡᠬᠡᠯᠡᠨ ᠠᠪᠤᠭᠰᠠᠨ;

(ᠭᠤᠷᠪᠠ) ᠰᠠᠭᠤᠷᠢᠨ ᠭᠠᠵᠠᠷ᠂ ᠪᠠᠭᠤᠴᠠ᠎ᠪᠠᠷ ᠵᠥᠪᠰᠢᠶᠡᠷᠡᠬᠦ ᠨᠥᠬᠥᠴᠡᠯ᠎ᠳᠤ ᠨᠢᠭᠡᠨᠲᠡ ᠨᠡᠶ᠋ᠢᠴᠡᠬᠦ ᠦᠭᠡᠢ ᠪᠣᠯᠤᠭᠰᠠᠨ;

(ᠳᠥᠷᠪᠡ) ᠱᠠᠰᠢᠨ ᠰᠤᠷᠲᠠᠬᠤᠨ᠂ ᠮᠤᠬᠤᠷ ᠪᠢᠰᠢᠷᠡᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠨᠠᠮ᠎ᠢ ᠡᠰᠡᠷᠭᠦᠴᠡᠬᠦ᠂ ᠨᠡᠶ᠋ᠢᠭᠡᠮ ᠵᠢᠷᠤᠮ᠎ᠢ ᠡᠰᠡᠷᠭᠦᠴᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠭᠰᠠᠨ;

(ᠲᠠᠪᠤ) ᠬᠦᠨᠳᠦ ᠶᠡᠬᠡ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠶ᠋ᠢᠭ᠎ᠠ ᠪᠤᠶᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠠᠳᠠᠯ ᠭᠠᠷᠤᠭᠰᠠᠨ;

(ᠵᠢᠷᠭᠤᠭ᠎ᠠ) ᠬᠠᠤᠯᠢ ᠲᠣᠭᠲᠠᠭ᠋ᠠᠯ᠎ᠢ ᠵᠥᠷᠢᠴᠡᠭᠰᠡᠨ ᠠᠵᠢᠯᠯᠠᠭ᠎ᠠ ᠬᠢᠭᠰᠡᠨ ᠪᠤᠶᠤ ᠨᠡᠶ᠋ᠢᠭᠡᠮ᠎ᠳᠤ ᠮᠠᠭᠤ ᠨᠥᠯᠥᠭᠡ ᠦᠵᠡᠭᠦᠯᠦᠭᠰᠡᠨ᠃

(ᠳᠣᠯᠣᠭ᠎ᠠ) ᠪᠤᠰᠤᠳ ᠰᠢᠯᠲᠠᠭ᠋ᠠᠨ᠎ᠠᠴᠠ ᠪᠣᠯᠵᠤ ᠡᠷᠬᠡᠪᠰᠢ ᠭᠠᠷᠬᠤ ᠬᠡᠷᠡᠭᠲᠡᠢ᠃

ᠬᠣᠷᠢᠨ ᠨᠢᠭᠡᠳᠦᠭᠡᠷ ᠵᠦᠢ᠍ᠯ  ᠮᠡᠳᠡᠭᠦᠯᠬᠦ ᠨᠢᠭᠡᠴᠢ᠎ᠳᠤ ᠬᠤᠳᠠᠯ ᠬᠠᠭᠤᠷᠮᠠᠭ ᠵᠣᠬᠢᠶᠠᠭᠰᠠᠨ ᠦᠢ᠍ᠯᠡ ᠠᠵᠢᠯᠯᠠᠭ᠎ᠠ ᠣᠷᠣᠰᠢᠵᠤ ᠪᠠᠶ᠋ᠢᠪᠠᠯ᠂ 5 ᠵᠢᠯ᠎ᠤᠨ ᠳᠣᠲᠣᠷ᠎ᠠ  ᠰᠠᠭᠤᠷᠢᠨ ᠭᠠᠵᠠᠷ᠂ ᠪᠠᠭᠤᠴᠠ᠎ᠪᠠᠷ ᠳᠠᠬᠢᠨ ᠮᠡᠳᠡᠭᠦᠯᠵᠦ ᠲᠠᠨᠢᠯᠴᠠᠭᠤᠯᠵᠤ ᠪᠣᠯᠬᠤ ᠦᠭᠡᠢ ᠪᠥᠭᠡᠳ ᠬᠣᠲᠠ ᠵᠢᠨ ᠬᠡᠪᠴᠢᠶᠡᠨ᠎ᠤ ᠲᠠᠨᠢᠯᠴᠠᠭᠤᠯᠬᠤ ᠣᠷᠣᠨ ᠲᠣᠭ᠎ᠠ ᠵᠢ  ᠵᠣᠬᠢᠰᠲᠠᠢ  ᠬᠢᠨᠠᠵᠤ ᠬᠠᠰᠤᠨ᠎ᠠ᠃

ᠲᠠᠪᠤᠳᠤᠭ᠋ᠠᠷ ᠪᠦᠯᠦᠭ  ᠳᠠᠭ᠋ᠠᠯᠳᠤᠭᠤᠯᠤᠯ ᠳᠦᠷᠢᠮ

ᠬᠣᠷᠢᠨ ᠬᠣᠶᠠᠳᠤᠭ᠋ᠠᠷ ᠵᠦᠢ᠍ᠯ  ᠣᠳᠣ ᠪᠠᠶ᠋ᠢᠭ᠎ᠠ ᠰᠠᠭᠤᠷᠢᠨ ᠭᠠᠵᠠᠷ᠎ᠨᠢ ᠡᠷᠬᠡᠪᠰᠢ ᠲᠤᠰ ᠠᠷᠭ᠎ᠠ ᠵᠢᠨ ᠶᠣᠰᠣᠭ᠋ᠠᠷ ᠵᠢᠯ᠎ᠤᠨ ᠬᠢᠨᠠᠨ ᠪᠠᠢ᠌ᠴᠠᠭ᠋ᠠᠯᠲᠠ ᠪᠠ ᠦᠶᠡᠯᠡᠯᠲᠦ ᠬᠠᠮᠢᠶᠠᠷᠤᠯᠲᠠ ᠬᠢᠵᠦ᠂ ᠬᠠᠮᠢᠶᠠᠷᠤᠯᠲᠠ ᠵᠢᠨ ᠬᠤᠭᠤᠴᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠠᠭᠤᠷᠢᠨ ᠭᠠᠵᠠᠷ ᠵᠶ᠋ᠠᠷ ᠮᠠᠭ᠋ᠠᠳᠯᠠᠨ ᠳᠣᠭᠲᠠᠭ᠋ᠠᠭᠰᠠᠨ ᠵᠢᠯ᠎ᠠᠴᠠ ᠡᠬᠢᠯᠡᠵᠦ ᠪᠣᠳᠤᠨ᠎ᠠ᠃

ᠬᠣᠷᠢᠨ ᠭᠤᠷᠪᠠᠳᠤᠭ᠋ᠠᠷ ᠵᠦᠢ᠍ᠯ  ᠡᠯ᠎ᠡ ᠠᠶ᠋ᠢᠮᠠᠭ ᠬᠣᠲᠠ ᠲᠤᠰ ᠠᠷᠭ᠎ᠠ᠎ᠪᠠᠷ ᠯᠠᠪᠯᠠᠯᠲᠠ ᠪᠣᠯᠭ᠋ᠠᠨ ᠲᠤᠰ ᠭᠠᠵᠠᠷ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠪᠠᠭᠤᠴᠠ ᠵᠢᠨ ᠬᠠᠮᠢᠶᠠᠷᠤᠯᠲᠠ ᠵᠢᠨ ᠠᠷᠭ᠎ᠠ ᠵᠢ ᠰᠤᠳᠤᠯᠤᠨ ᠲᠣᠭᠲᠠᠭ᠋ᠠᠵᠤ᠂ ᠬᠡᠰᠡᠭ ᠪᠦᠯᠦᠭ ᠳᠡᠰ ᠳᠠᠪᠬᠤᠷᠭ᠎ᠠ ᠲᠣᠳᠣᠷᠬᠠᠢ᠂ ᠲᠤᠰ ᠲᠤᠰ᠎ᠤᠨ ᠣᠨᠴᠠᠯᠢᠭ ᠎ᠲᠠᠢ᠂ ᠳᠠᠭᠤᠷᠢᠶᠠᠯ ᠦᠵᠡᠭᠦᠯᠦᠨ ᠬᠥᠲᠥᠯᠥᠨ ᠳᠠᠭ᠋ᠠᠭᠤᠯᠬᠤ ᠰᠤᠳᠤᠯᠤᠨ ᠰᠤᠷᠤᠯᠴᠠᠬᠤ ᠠᠵᠢᠯᠯᠠᠭ᠎ᠠ ᠵᠢᠨ ᠲᠠᠯᠠᠪᠤᠷ ᠭᠠᠵᠠᠷ᠎ᠢ ᠡᠭᠦᠳᠦᠨ ᠪᠠᠶ᠋ᠢᠭᠤᠯᠬᠤ ᠵᠢ ᠲᠦᠷᠭᠡᠳᠬᠡᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠬᠡᠷᠡᠭᠴᠡᠭᠡ ᠵᠢ  ᠬᠠᠩᠭ᠋ᠠᠨ᠎ᠠ᠃

ᠬᠣᠷᠢᠨ ᠳᠥᠷᠪᠡᠳᠦᠭᠡᠷ ᠵᠦᠢ᠍ᠯ ᠲᠤᠰ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃

ᠬᠣᠷᠢᠨ ᠲᠠᠪᠤᠳᠤᠭ᠋ᠠᠷ ᠵᠦᠢ᠍ᠯ  ᠲᠤᠰ ᠠᠷᠭ᠎ᠠ ᠵᠢ 2025 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
                                           

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2024 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ᠎ᠤᠨ ᠬᠠᠷᠢᠭᠤ ᠮᠡᠳᠡᠭᠦᠯᠦᠯᠲᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠨᠠᠢ᠍ᠮᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ (2021—2025 ᠣᠨ) ᠵᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2021 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠮᠡᠳᠡᠭᠦᠯᠦᠯᠲᠡ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠣᠷᠣᠭᠴᠢ ᠡᠯᠰᠡᠬᠦ ᠪᠠ ᠰᠤᠷᠭ᠋ᠠᠭᠤᠯᠢ᠎ᠳᠤ ᠣᠷᠣᠬᠤ ᠬᠠᠮᠢᠶᠠᠷᠤᠯᠲᠠ ᠵᠢᠨ ᠠᠵᠢᠯ᠎ᠢ ᠴᠢᠩᠭ᠎ᠠ ᠳᠦᠷᠢᠮᠵᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ᠂ ᠰᠤᠷᠭ᠋ᠠᠨ ᠬᠥᠮᠦᠵᠢᠯ᠎ᠤᠨ ᠲᠢᠩᠬᠢᠮ᠎ᠤᠨ 2022 ᠣᠨ᠎ᠤ ᠰᠤᠷᠭ᠋ᠠᠨ ᠬᠥᠮᠥᠵᠢᠯ᠎ᠤᠨ ᠠᠵᠢᠯ᠎ᠤᠨ ᠭᠣᠣᠯᠳᠠᠯᠭ᠎ᠠ
 
             蒙ICP备05000248号