2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ᠎ᠵᠢᠨ᠎ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠨ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠎ᠳᠤ ᠠᠩᠬᠠᠷᠤᠯ ᠵᠶ᠋ᠠᠨ ᠬᠠᠨᠳᠤᠭᠤᠯᠤᠨ᠂ ᠰᠤᠷᠭ᠋ᠠᠨ ᠬᠥᠮᠦᠵᠢᠯ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠠᠶ᠋ᠢᠭᠤᠯᠤᠯᠲᠠ ᠵᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠭᠦᠨᠵᠡᠭᠡᠢ ᠠᠬᠢᠭᠤᠯᠤᠨ᠂ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠪᠠ᠃
ᠨᠢᠭᠡ᠂ ᠬᠠᠤᠯᠢ᠎ᠪᠠᠷ ᠵᠠᠰᠠᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠪᠠ
(ᠨᠢᠭᠡ) ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠢᠮᠠᠭᠲᠠ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠲᠤ ᠵᠢᠨ ᠰᠤᠷᠤᠯᠴᠠᠯᠭ᠎ᠠ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠺᠠᠳ᠋ᠷ᠂ ᠪᠠᠭᠰᠢ ᠵᠢᠨ ᠪᠣᠯᠪᠠᠰᠤᠷᠠᠯ᠎ᠤᠨ 《ᠵᠠᠪᠠᠯ ᠰᠤᠷᠬᠤ ᠬᠢᠴᠢᠶᠡᠯ》 ᠪᠣᠯᠭ᠋ᠠᠪᠠ᠃ ᠣᠨᠣᠯ ᠰᠤᠷᠤᠯᠴᠠᠬᠤ ᠭᠣᠣᠯ ᠳᠤᠭᠤᠶ᠋ᠢᠯᠠᠩ᠎ᠤᠨ ᠬᠠᠤᠯᠢ ᠰᠤᠷᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠋ᠠᠨ᠎ᠤ ᠰᠤᠷᠤᠯᠴᠠᠯᠭ᠎ᠠ ᠵᠢ ᠲᠦᠷᠦᠭᠦᠯᠡᠨ ᠪᠠᠶ᠋ᠢᠩᠭᠤᠵᠢᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮᠤᠨᠬᠢᠨᠢ ᠳᠠᠢ᠌ᠴᠢᠯᠠᠨ ᠰᠤᠷᠤᠯᠴᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠪᠡ᠃ ᠬᠢᠴᠢᠶᠡᠯ᠎ᠤᠨ ᠲᠠᠩᠬᠢᠮ᠎ᠤᠨ ᠭᠣᠣᠯ ᠠᠷᠭ᠎ᠠ ᠵᠠᠮ᠎ᠤᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠤᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭ᠋ᠠᠢ᠎ᠳᠤᠨᠢ ᠬᠠᠳᠠᠩᠰᠢᠭᠤᠯᠬᠤ ᠵᠢ ᠪᠦᠬᠦ ᠲᠠᠯ᠎ᠠ᠎ᠪᠠᠷ ᠠᠬᠢᠭᠤᠯᠤᠨ᠂ ᠪᠦᠬᠦ ᠣᠷᠣᠨ᠎ᠤ ᠳᠡᠭᠡᠳᠦ ᠰᠤᠷᠭ᠋ᠠᠭᠤᠯᠢ 《ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠲᠣᠢ᠌ᠮᠤᠯᠠᠯ》 ᠭᠡᠬᠦ ᠬᠢᠴᠢᠶᠡᠯ᠎ᠢ ᠨᠡᠭᠡᠭᠡᠵᠦ᠂ ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠬᠠᠤᠯᠢ᠎ᠪᠠᠷ ᠵᠠᠰᠠᠬᠤ ᠣᠨᠣᠯ᠎ᠤᠨ ᠵᠢᠭ᠋ᠠᠨ ᠰᠤᠷᠭ᠋ᠠᠯᠲᠠ ᠵᠢᠨ ᠳᠣᠭᠲᠠᠯᠴᠠᠭ᠎ᠠ᠎ᠳᠤ ᠠᠭᠤᠰᠬᠠᠪᠠ; ᠳᠤᠮᠳᠠᠳᠤ ᠪᠠᠭ᠎ᠠ ᠰᠤᠷᠭ᠋ᠠᠭᠤᠯᠢ 《ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ》 ᠭᠡᠬᠦ ᠬᠢᠴᠢᠶᠡᠯ᠎ᠢ ᠨᠡᠭᠡᠭᠡᠵᠦ᠂ 《ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠨ ᠰᠤᠷᠤᠭᠴᠢᠳ᠎ᠤᠨ ᠤᠩᠰᠢᠬᠤ ᠪᠢᠴᠢᠭ》᠎ᠢ ᠰᠠᠶ᠋ᠢᠲᠤᠷ ᠬᠡᠷᠡᠭᠯᠡᠵᠦ᠂ ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠵᠢᠭ᠋ᠠᠬᠤ ᠮᠠᠲ᠋ᠧᠷᠢᠶᠠᠯ ᠪᠠ ᠬᠢᠴᠢᠶᠡᠯ᠎ᠳᠤ ᠠᠭᠤᠰᠬᠠᠬᠤ ᠵᠢ ᠭᠣᠣᠯᠳᠠᠯᠭ᠎ᠠ᠎ᠲᠠᠢ ᠠᠬᠢᠭᠤᠯᠪᠠ᠃ ᠤᠷᠢᠳ ᠬᠣᠵᠢᠳ ᠪᠦᠬᠦ ᠣᠷᠣᠨ᠎ᠤ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠤᠨ ᠭᠣᠣᠯᠯᠠᠬᠤ ᠪᠣᠯᠪᠠᠰᠤᠷᠠᠯ᠎ᠤᠨ ᠠᠩᠭᠢ᠂ ᠪᠦᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠵᠡᠷᠭᠡ ᠵᠢ ᠡᠷᠬᠢᠯᠡᠨ᠂ ᠣᠷᠣᠨ᠎ᠤ ᠳᠣᠲᠣᠨ᠎ᠠ ᠭᠠᠳᠠᠨᠠᠬᠢ ᠲᠤᠰᠬᠠᠢ ᠮᠡᠷᠭᠡᠵᠢᠯᠲᠡᠨ᠎ᠢ ᠤᠷᠢᠵᠤ᠂ ᠰᠤᠷᠭ᠋ᠠᠨ ᠬᠥᠮᠦᠵᠢᠯ᠎ᠤᠨ ᠰᠢᠰᠲ᠋ᠧᠮ ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠬᠤ ᠲᠣᠭᠣᠷᠢᠨ᠎ᠳᠤ ᠲᠤᠰᠬᠠᠢ ᠰᠡᠳᠦᠪ ᠵᠶ᠋ᠡᠷ ᠬᠠᠪᠰᠤᠷᠤᠨ ᠵᠢᠯᠣᠭᠣᠳᠪᠠ᠃
(ᠬᠣᠶᠠᠷ) ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠳᠤᠰᠢᠶᠠᠯ ᠬᠠᠷᠢᠭᠤᠴᠠᠯᠭ᠎ᠠ ᠵᠢ ᠡᠷᠡᠰ ᠴᠢᠩᠭ᠎ᠠ ᠭᠦᠢ᠍ᠴᠡᠳᠭᠡᠪᠡ᠃ ᠰᠤᠷᠭ᠋ᠠᠨ ᠬᠥᠮᠥᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢ ᠡᠷᠡᠰ ᠴᠢᠩᠭ᠎ᠠ ᠨᠠᠶ᠋ᠢᠳᠠᠪᠤᠷᠢᠵᠢᠭᠤᠯᠵᠤ᠂ ᠨᠠᠮ᠎ᠤᠨ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠬᠠᠤᠯᠢ᠎ᠪᠠᠷ ᠵᠠᠰᠠᠬᠤ ᠠᠵᠢᠯ᠎ᠢ 4 ᠤᠳᠠᠭ᠎ᠠ ᠲᠤᠰᠬᠠᠢ ᠰᠡᠳᠦᠪ ᠵᠶ᠋ᠠᠷ ᠰᠣᠳᠤᠯᠤᠨ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠵᠢᠯ᠎ᠤᠨ ᠠᠵᠢᠯ᠎ᠤᠨ ᠲᠥᠯᠥᠪᠯᠡᠭᠡ᠎ᠳᠤ ᠣᠷᠣᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ 2024 ᠣᠨ᠎ᠤ ᠬᠠᠤᠯᠢ᠎ᠪᠠᠷ ᠵᠠᠰᠠᠬᠤ ᠠᠵᠢᠯ᠎ᠤᠨ ᠭᠣᠣᠯᠳᠠᠯᠭ᠎ᠠ》 ᠵᠢ ᠰᠤᠳᠤᠯᠤᠨ ᠲᠣᠭᠲᠠᠭ᠋ᠠᠵᠤ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ 2024 ᠣᠨ᠎ᠤ ᠬᠠᠤᠯᠢ᠎ᠪᠠᠷ ᠵᠠᠰᠠᠬᠤ ᠠᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ᠎ᠢ ᠬᠤᠷᠠᠯᠳᠤᠭᠤᠯᠵᠤ᠂ ᠪᠦᠬᠦ ᠵᠢᠯ᠎ᠤᠨ ᠬᠠᠤᠯᠢ᠎ᠪᠠᠷ ᠵᠠᠰᠠᠬᠤ ᠠᠵᠢᠯ᠎ᠢ ᠰᠢᠰᠲ᠋ᠧᠮ᠎ᠲᠠᠢ ᠲᠣᠬᠢᠷᠠᠭᠤᠯᠪᠠ᠃ ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠳᠠᠭ᠋ᠠᠭᠤᠯᠤᠨ ᠰᠤᠷᠤᠯᠴᠠᠵᠤ ᠤᠬᠠᠭᠤᠯᠤᠨ ᠲᠠᠶ᠋ᠢᠯᠪᠤᠷᠢᠯᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠤᠭᠤᠴᠠᠭ᠋ᠠᠨ᠎ᠳᠤ ᠪᠦᠬᠦ ᠨᠠᠮ᠎ᠤᠨ ᠭᠡᠰᠢᠭᠦᠨ ᠺᠠᠳ᠋ᠷᠴᠤᠳ᠎ᠲᠤ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ ᠣᠷᠣᠵᠤ᠂ ᠤᠷᠢᠳ ᠬᠣᠵᠢᠳ ᠪᠦᠬᠦ ᠣᠷᠣᠨ᠎ᠤ ᠳᠡᠭᠡᠳᠦ ᠰᠤᠷᠭ᠋ᠠᠭᠤᠯᠢ ᠵᠢᠨ ᠭᠣᠣᠯ ᠬᠠᠷᠢᠭᠤᠴᠠᠯᠭ᠋ᠠᠲᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠢᠨ᠎ᠡ᠎ᠪᠠᠷ ᠲᠤᠰᠢᠶᠠᠯ᠎ᠳᠤ ᠲᠣᠮᠢᠯᠠᠭᠰᠠᠨ ᠤᠯᠤᠰ᠎ᠤᠨ ᠠᠵᠢᠯᠲᠠᠨ᠎ᠤ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ ᠵᠡᠷᠭᠡ ᠬᠤᠷᠠᠯ ᠳᠡᠭᠡᠷ᠎ᠡ ᠬᠠᠤᠯᠢ᠎ᠪᠠᠷ ᠵᠠᠰᠠᠬᠤ ᠠᠵᠢᠯ᠎ᠤᠨ ᠱᠠᠭ᠋ᠠᠷᠳᠠᠯᠭ᠎ᠠ ᠵᠢ ᠴᠢᠬᠤᠯᠠᠴᠢᠯᠠᠪᠠ᠃ ᠬᠠᠤᠯᠢ ᠬᠠᠤᠯᠢ᠎ᠪᠠᠷ ᠵᠠᠰᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠰᠢᠯᠭ᠋ᠠᠨ ᠬᠢᠨᠠᠵᠤ ᠦᠨᠡᠯᠡᠬᠦ 《ᠳᠣᠬᠢᠭᠤᠷ》᠎ᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠯᠡᠨ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠳᠡᠭᠡᠳᠦ ᠰᠤᠷᠭ᠋ᠠᠭᠤᠯᠢ ᠵᠢᠨ ᠤᠳᠤᠷᠢᠳᠬᠤ ᠪᠠᠭ᠎ᠤᠨ ᠵᠢᠯ᠎ᠤᠨ ᠰᠢᠯᠭ᠋ᠠᠨ ᠬᠢᠨᠠᠬᠤ ᠪᠠ ᠠᠶ᠋ᠢᠮᠠᠭ ᠬᠣᠲᠠ ᠵᠢᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠢ ᠦᠨᠡᠯᠡᠬᠦ ᠭᠦᠢ᠍ᠴᠡᠳᠬᠡᠯ ᠲᠣᠭ᠎ᠠ᠎ᠳᠤ ᠣᠷᠣᠭᠤᠯᠪᠠ᠃ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ᠎ᠤᠨ 30 ᠵᠦᠢ᠍ᠯ᠎ᠤᠨ ᠠᠵᠢᠯ᠎ᠤᠨ ᠡᠭᠦᠷᠭᠡ ᠵᠢ ᠪᠦᠬᠦᠨ᠎ᠢ ᠪᠡᠶᠡᠯᠡᠭᠦᠯᠬᠦ ᠵᠢ ᠭᠦᠨᠵᠡᠭᠡᠢ ᠠᠬᠢᠭᠤᠯᠵᠤ᠂ ᠦᠨᠡᠨᠴᠢ ᠢᠲᠡᠭᠡᠮᠵᠢ᠎ᠨᠢ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠡᠪ ᠰᠤᠷᠲᠠᠯ ᠪᠣᠯᠤᠭᠰᠠᠨ ᠪᠠᠶ᠋ᠢᠨ᠎ᠠ᠃
ᠬᠣᠶᠠᠷ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠭᠦᠨᠵᠡᠭᠡᠢ ᠥᠷᠨᠢᠭᠦᠯᠪᠡ
(ᠨᠢᠭᠡ) ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠲᠠᠰᠤᠷᠠᠯᠲᠠ ᠦᠭᠡᠢ ᠠᠬᠢᠭᠤᠯᠪᠠ᠃ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢ ᠬᠠᠤᠯᠢ᠎ᠳᠤ ᠲᠣᠭᠲᠠᠭ᠋ᠠᠭᠰᠠᠨ ᠳᠡᠰ ᠳᠠᠷᠠᠭ᠋ᠠᠯᠠᠯ ᠵᠶ᠋ᠠᠷ ᠴᠢᠩᠭ᠎ᠠ ᠬᠡᠷᠡᠭᠵᠢᠭᠦᠯᠵᠦ᠂ ᠵᠢᠯ᠎ᠤᠨ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠭᠠᠷᠴᠠᠭ᠎ᠢ ᠲᠣᠭᠲᠠᠭ᠋ᠠᠬᠤ ᠵᠢᠨ ᠬᠠᠮᠲᠤ ᠨᠡᠢ᠌ᠲᠡᠯᠡᠪᠡ᠃ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠳᠦᠷᠢᠮ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠠᠵᠢᠯ᠎ᠤᠨ ᠳᠦᠷᠢᠮ ᠵᠡᠷᠭᠡ ᠵᠢ ᠲᠡᠭᠦᠯᠳᠡᠷᠵᠢᠭᠦᠯᠵᠦ᠂ ᠲᠢᠩᠬᠢᠮ᠎ᠤᠨ ᠪᠠᠶ᠋ᠢᠭᠤᠯᠭ᠎ᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠠᠤᠯᠢ ᠶᠣᠰᠤᠭ᠋ᠠᠷ ᠬᠢᠨᠠᠨ ᠪᠠᠶ᠋ᠢᠴᠠᠭ᠋ᠠᠬᠤ ᠲᠣᠭᠲᠠᠴᠠ ᠵᠢ ᠪᠠᠢ᠌ᠭᠤᠯᠪᠠ᠃ ᠬᠠᠤᠯᠢ ᠴᠠᠭ᠋ᠠᠵᠠ ᠵᠢᠨ ᠪᠠᠶ᠋ᠢᠩᠭᠤ ᠵᠢᠨ ᠵᠦᠪᠯᠡᠯᠭᠡ ᠥᠭᠬᠦ ᠨᠢᠭᠡᠴᠢ ᠵᠢ ᠤᠷᠢᠵᠤ᠂ ᠡᠯ᠎ᠡ ᠲᠥᠷᠥᠯ᠎ᠤᠨ ᠬᠠᠤᠯᠢ ᠴᠠᠭ᠋ᠠᠵᠠ᠎ᠳᠤ ᠬᠣᠯᠪᠤᠭᠳᠠᠬᠤ ᠬᠡᠷᠡᠭ ᠶᠠᠪᠤᠳᠠᠯ ᠳᠤ 40 ᠭᠠᠷᠤᠢ ᠤᠳᠠᠭ᠎ᠠ ᠬᠠᠮᠵᠢᠨ ᠵᠥᠪᠯᠡᠯᠭᠡ ᠥᠭᠬᠦ ᠠᠵᠢᠯ᠎ᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠲᠠᠢ ᠢᠳᠡᠪᠬᠢᠲᠡᠢ ᠬᠠᠮᠵᠢᠯᠴᠠᠨ ᠪᠦᠬᠦ ᠣᠷᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠳᠦᠷᠢᠮ》᠎ᠢ ᠬᠡᠷᠡᠭᠵᠢᠭᠦᠯᠦᠭᠰᠡᠨ ᠪᠠᠶ᠋ᠢᠳᠠᠯ᠎ᠢ ᠬᠠᠤᠯᠢ ᠶᠣᠰᠤᠭ᠋ᠠᠷ ᠪᠠᠢ᠌ᠴᠠᠭ᠋ᠠᠬᠤ ᠠᠵᠢᠯ᠎ᠢ ᠥᠷᠨᠢᠭᠦᠯᠵᠦ᠂ ᠪᠠᠢ᠌ᠴᠠᠭ᠋ᠠᠵᠤ ᠬᠠᠷᠢᠭᠤ ᠲᠤᠰᠬᠠᠭᠰᠠᠨ ᠶᠣᠰᠣᠭ᠋ᠠᠷ ᠪᠦᠬᠦ ᠲᠠᠯ᠎ᠠ᠎ᠪᠠᠷ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃
(ᠬᠣᠶᠠᠷ) ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭ᠋ᠠᠬᠤ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠪᠠ᠃ 《ᠰᠤᠷᠭ᠋ᠠᠨ ᠬᠥᠮᠦᠵᠢᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢ ᠲᠤᠭᠤᠷᠪᠢᠵᠤ᠂ ᠳᠦᠷᠢᠮ ᠲᠣᠭᠲᠠᠭ᠋ᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠣᠭᠲᠠᠭ᠋ᠠᠬᠤ᠂ ᠵᠠᠰᠠᠪᠤᠷᠢ ᠣᠷᠣᠭᠤᠯᠬᠤ᠂ ᠲᠠᠶ᠋ᠢᠯᠪᠤᠷᠢᠯᠠᠬᠤ᠂ ᠬᠦᠴᠦᠨ ᠦᠭᠡᠢ ᠪᠣᠯᠭ᠋ᠠᠬᠤ ᠳᠡᠰ ᠳᠠᠷᠠᠭ᠋ᠠᠯᠠᠯ᠎ᠢ ᠲᠡᠭᠦᠯᠳᠡᠷᠵᠢᠭᠦᠯᠪᠡ᠃ 2024 ᠣᠨ᠎ᠤ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠡᠷ᠎ᠡ᠎ᠪᠠᠷ ᠲᠣᠭᠲᠠᠭ᠋ᠠᠨ ᠲᠠᠷᠬᠠᠭ᠋ᠠᠭᠰᠠᠨ 138 ᠬᠤᠪᠢ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠪᠦᠬᠦ ᠲᠠᠯ᠎ᠠ᠎ᠪᠠᠷ ᠢᠯᠭ᠋ᠠᠷᠠᠭᠤᠯᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠲᠣᠭᠲᠠᠭ᠋ᠠᠯ ᠳᠦᠷᠢᠮ᠎ᠤᠨ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠳ᠋ᠠᠶ᠋ᠢᠲ᠋ᠠ ᠬᠥᠮᠥᠷᠭᠡ᠎ᠳᠤ 11 ᠬᠤᠪᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠴᠠᠭ ᠲᠤᠬᠠᠢᠳᠤᠨᠢ ᠮᠡᠳᠡᠭᠦᠯᠵᠦ ᠳᠠᠩᠰᠠᠯᠠᠭᠤᠯᠪᠠ᠃
(ᠭᠤᠷᠪᠠ) ᠵᠢᠷᠤᠮᠵᠢᠯ᠎ᠲᠠᠢ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ 《ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠦᠨᠳᠦᠰᠦᠨ ᠪᠠᠷᠢᠮᠵᠢᠶ᠎ᠠ》 《ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠳᠦᠷᠢᠮ》᠎ᠢ ᠳᠠᠷᠤᠮᠠᠯᠯᠠᠨ ᠲᠠᠷᠬᠠᠭ᠋ᠠᠵᠤ᠂ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠴᠢᠯᠥᠭᠡᠲᠦ ᠲᠠᠰᠤᠯᠤᠯᠲᠠ ᠵᠢᠨ ᠡᠷᠬᠡ ᠵᠢ ᠤᠯᠠᠮ ᠨᠢᠭᠡ ᠠᠯᠬᠤᠮ ᠵᠢᠷᠤᠮᠵᠢᠭᠤᠯᠪᠠ᠃ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠬᠢᠨᠠᠯᠲᠠ ᠬᠠᠮᠢᠶᠠᠷᠤᠯᠲᠠ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ᠎ᠤᠨ ᠠᠩᠭᠢ ᠵᠢ 2 ᠬᠤᠭᠤᠴᠠᠭ᠎ᠠ ᠡᠷᠬᠢᠯᠡᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠣᠬᠣᠷ ᠸᠢᠳᠢᠣ᠋ ᠵᠢ 4 ᠬᠤᠭᠤᠴᠠᠭ᠎ᠠ ᠰᠢᠩᠭᠡᠭᠡᠨ ᠦᠢ᠍ᠯᠡᠳᠪᠡ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠶ᠋ᠢᠲᠡᠯᠡᠬᠦ 《ᠭᠤᠷᠪᠠᠨ ᠵᠦᠢ᠍ᠯ᠎ᠤᠨ ᠳᠦᠷᠢᠮ》᠎ᠢ ᠴᠢᠩᠭ᠎ᠠ ᠨᠠᠶ᠋ᠢᠳᠠᠪᠤᠷᠢᠵᠢᠭᠤᠯᠵᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠬᠠᠤᠯᠢ ᠬᠡᠷᠡᠭᠵᠢᠭᠦᠯᠦᠯᠲᠡ ᠵᠢ 800 ᠭᠠᠷᠤᠢ ᠤᠳᠠᠭ᠎ᠠ ᠥᠷᠨᠢᠭᠦᠯᠵᠦ᠂ ᠡᠯ᠎ᠡ ᠲᠥᠷᠥᠯ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ 367᠂ ᠵᠠᠰᠠᠭ ᠵᠠᠬᠢᠷᠭ᠋ᠠᠨ᠎ᠤ ᠰᠢᠢ᠍ᠳᠬᠡᠯ᠎ᠢ 50 ᠭᠠᠷᠤᠢ ᠤᠳᠠᠭ᠎ᠠ ᠪᠠᠢ᠌ᠴᠠᠭ᠋ᠠᠵᠤ ᠰᠢᠢ᠍ᠳᠪᠦᠷᠢᠯᠡᠪᠡ᠃
(ᠳᠥᠷᠪᠡ) ᠬᠠᠤᠯᠢ ᠴᠠᠭ᠋ᠠᠵᠠ ᠵᠢᠨ ᠬᠢᠨᠠᠨ ᠲᠠᠰᠤᠯᠤᠯᠲᠠ ᠵᠢ ᠴᠢᠩᠭ᠎ᠠ ᠨᠠᠢ᠌ᠳᠠᠪᠤᠷᠢᠵᠢᠭᠤᠯᠪᠠ᠃ 《ᠨᠢᠭᠡ ᠬᠡᠷᠡᠭ ᠨᠢᠭᠡ ᠣᠪᠣᠭ᠎ᠠ ᠪᠢᠴᠢᠭ ᠮᠠᠲ᠋ᠧᠷᠢᠶᠠᠯ᠎ᠠᠴᠠ ᠢᠯᠡᠭᠦᠦ》 ᠭᠡᠬᠦ ᠰᠡᠳᠬᠢᠮᠵᠢ ᠵᠢᠨ ᠶᠣᠰᠣᠭ᠋ᠠᠷ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ ᠲᠢᠩᠬᠢᠮ᠎ᠤᠨ ᠰᠢᠭᠦᠯᠲᠡ ᠵᠢᠨ ᠠᠵᠢᠯᠯᠠᠭ᠎ᠠ᠎ᠳᠤ ᠣᠷᠣᠯᠴᠠᠬᠤ ᠵᠢ ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠰᠢᠭᠦᠬᠦ ᠲᠢᠩᠬᠢᠮ᠎ᠳᠤ ᠬᠠᠷᠢᠭᠤ ᠮᠠᠷᠭᠤᠬᠤ᠂ ᠭᠡᠷᠡᠴᠢ ᠭᠠᠷᠭ᠋ᠠᠬᠤ᠂ ᠭᠡᠷᠡᠴᠢ ᠲᠤᠯᠭ᠋ᠠᠬᠤ᠂ ᠮᠠᠷᠭᠤᠯᠳᠤᠬᠤ ᠵᠡᠷᠭᠡ ᠵᠠᠷᠭᠤ ᠵᠢᠨ ᠭᠣᠭᠴᠣᠭ᠎ᠠ ᠵᠢᠨ ᠪᠦᠬᠦ ᠶᠠᠪᠤᠴᠠ᠎ᠳᠤ ᠣᠷᠣᠯᠴᠠᠪᠠ᠃ ᠵᠢᠯ᠎ᠳᠤ 3 ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠡᠷᠡᠭ ᠡᠭᠦᠰᠪᠡ᠃ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠭᠰᠡᠨ ᠵᠠᠰᠠᠭ ᠵᠠᠬᠢᠷᠭ᠋ᠠᠨ᠎ᠤ ᠵᠠᠷᠭᠤ ᠵᠢᠨ ᠬᠡᠷᠡᠭ 1 ᠬᠤᠪᠢ᠂ ᠳᠠᠷᠠᠭ᠋ᠠᠯᠠᠨ ᠬᠡᠳᠦᠨ ᠵᠢᠯ 《ᠵᠠᠷᠭᠤ ᠱᠦᠭᠦᠭᠳᠡᠭᠰᠡᠨ ᠦᠭᠡᠢ》᠃
(ᠲᠠᠪᠤ) ᠭᠠᠳᠠᠭ᠋ᠠᠳᠤ᠎ᠲᠠᠢ ᠬᠣᠯᠪᠣᠭᠳᠠᠬᠤ ᠬᠠᠤᠯᠢ᠎ᠪᠠᠷ ᠵᠠᠰᠠᠬᠤ ᠴᠢᠳᠠᠪᠤᠷᠢᠲᠠᠨ᠎ᠢ ᠬᠥᠮᠦᠵᠢᠭᠦᠯᠬᠦ ᠠᠵᠢᠯ᠎ᠢ ᠬᠠᠮᠵᠢᠯᠴᠠᠨ ᠥᠷᠨᠢᠭᠦᠯᠪᠡ᠃ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠭᠠᠳᠠᠭ᠋ᠠᠳᠤ᠎ᠲᠠᠢ ᠬᠣᠯᠪᠣᠭᠳᠠᠬᠤ ᠬᠠᠤᠯᠢ᠎ᠪᠠᠷ ᠵᠠᠰᠠᠬᠤ ᠴᠢᠳᠠᠪᠤᠷᠢᠲᠠᠨ᠎ᠢ ᠬᠠᠮᠵᠢᠨ ᠬᠥᠮᠦᠵᠢᠭᠦᠯᠬᠦ ᠰᠠᠭᠤᠷᠢᠨ ᠭᠠᠵᠠᠷ (ᠪᠣᠶ᠋ᠢᠵᠢᠭᠤᠯᠬᠤ)᠎ᠢ ᠢᠳᠡᠪᠬᠢᠲᠡᠢ ᠠᠬᠢᠭᠤᠯᠪᠠ᠃ ᠮᠣᠩᠭᠣᠯ ᠣᠷᠣᠰ ᠤᠯᠤᠰ᠎ᠲᠠᠢ ᠬᠣᠯᠪᠣᠭᠳᠠᠬᠤ ᠬᠠᠤᠯᠢ᠎ᠪᠠᠷ ᠵᠠᠰᠠᠬᠤ ᠴᠢᠳᠠᠪᠤᠷᠢᠲᠠᠨ᠎ᠢ ᠬᠥᠮᠦᠵᠢᠭᠦᠯᠬᠦ ᠴᠢᠭᠯᠡᠯ᠎ᠢ ᠲᠣᠭᠲᠠᠭ᠋ᠠᠵᠤ᠂ ᠬᠠᠮᠵᠢᠯᠴᠠᠬᠤ ᠨᠢᠭᠡᠴᠢ᠎ᠲᠠᠢ ᠬᠠᠮᠲᠤ᠎ᠳᠤ᠎ᠪᠠᠨ ᠭᠠᠳᠠᠭ᠋ᠠᠳᠤ᠎ᠲᠠᠢ ᠬᠣᠯᠪᠣᠭᠳᠠᠬᠤ ᠬᠠᠤᠯᠢ᠎ᠪᠠᠷ ᠵᠠᠰᠠᠬᠤ ᠴᠢᠳᠠᠪᠤᠷᠢᠲᠠᠨ᠎ᠢ ᠬᠥᠮᠦᠵᠢᠭᠦᠯᠬᠦ ᠲᠥᠰᠦᠯ᠎ᠢ ᠲᠣᠭᠲᠠᠭ᠋ᠠᠪᠠ᠃ 2024 ᠣᠨ᠎ᠤ 9 ᠰᠠᠷ᠎ᠠ᠎ᠳᠤ ᠠᠩᠬᠠᠳᠤᠭ᠋ᠠᠷ ᠬᠤᠭᠤᠴᠠᠭ᠋ᠠᠨ᠎ᠤ ᠭᠠᠳᠠᠭ᠋ᠠᠳᠤ᠎ᠲᠠᠢ ᠬᠣᠯᠪᠣᠭᠳᠠᠬᠤ ᠬᠠᠤᠯᠢ᠎ᠪᠠᠷ ᠵᠠᠰᠠᠬᠤ ᠠᠩᠭᠢ ᠵᠢᠨ 15 ᠰᠤᠷᠤᠭᠴᠢ ᠵᠢ ᠰᠣᠩᠭᠣᠪᠠ᠃ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠭᠠᠳᠠᠭ᠋ᠠᠳᠤ᠎ᠲᠠᠢ ᠬᠣᠯᠪᠣᠭᠳᠠᠬᠤ ᠬᠠᠤᠯᠢ᠎ᠪᠠᠷ ᠵᠠᠰᠠᠬᠤ ᠰᠤᠳᠤᠯᠭ᠋ᠠᠨ᠎ᠤ ᠲᠥᠪ᠎ᠢ ᠪᠠᠶ᠋ᠢᠭᠤᠯᠵᠤ᠂ 《ᠣᠳᠣ ᠦᠶ᠎ᠡ ᠵᠢᠨ ᠮᠣᠩᠭᠣᠯ ᠤᠯᠤᠰ ᠪᠠ ᠣᠷᠣᠰ᠎ᠤᠨ ᠬᠠᠤᠯᠢ᠎ᠪᠠᠷ ᠵᠠᠰᠠᠬᠤ ᠣᠨᠣᠯ ᠪᠣᠯᠤᠨ ᠳᠡᠭᠡᠳᠦ ᠵᠡᠷᠭᠡ ᠵᠢᠨ ᠬᠠᠤᠯᠢ ᠵᠢᠨ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠣᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ》᠎ᠢ ᠡᠷᠬᠢᠯᠡᠪᠡ᠃
ᠭᠤᠷᠪᠠ᠂ ᠬᠠᠤᠯᠢ᠎ᠪᠠᠷ ᠰᠤᠷᠭ᠋ᠠᠨ ᠬᠥᠮᠦᠵᠢᠯ᠎ᠢ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠪᠠ
(ᠨᠢᠭᠡ) ᠬᠠᠤᠯᠢ᠎ᠪᠠᠷ ᠰᠤᠷᠭ᠋ᠠᠭᠤᠯᠢ ᠵᠢ ᠵᠠᠰᠠᠬᠤ ᠠᠵᠢᠯ᠎ᠢ ᠪᠦᠬᠦ ᠬᠡᠯᠬᠢᠶᠡᠨ᠎ᠳᠤ ᠠᠬᠢᠭᠤᠯᠪᠠ᠃ 55 ᠶᠡᠬᠡ ᠳᠡᠭᠡᠳᠦ ᠰᠤᠷᠭ᠋ᠠᠭᠤᠯᠢ ᠵᠢᠨ ᠳᠦᠷᠢᠮ᠎ᠳᠤ ᠰᠢᠨ᠎ᠡ᠎ᠪᠠᠷ ᠵᠠᠰᠠᠪᠤᠷᠢ ᠣᠷᠣᠭᠤᠯᠤᠨ ᠬᠢᠨᠠᠨ ᠵᠦᠪᠰᠢᠶᠡᠷᠡᠭᠦᠯᠬᠦ ᠠᠵᠢᠯ᠎ᠢ ᠪᠡᠶᠡᠯᠡᠭᠦᠯᠵᠦ᠂ ᠳᠦᠷᠢᠮ ᠵᠶ᠋ᠠᠷ ᠭᠣᠣᠯ ᠪᠣᠯᠭ᠋ᠠᠭᠰᠠᠨ ᠣᠳᠣ ᠦᠶ᠎ᠡ ᠵᠢᠨ ᠶᠡᠬᠡ ᠰᠤᠷᠭ᠋ᠠᠭᠤᠯᠢ ᠵᠢᠨ ᠳᠦᠷᠢᠮ᠎ᠤᠨ ᠳᠣᠭᠲᠠᠯᠴᠠᠭ᠎ᠠ ᠵᠢ ᠪᠠᠶ᠋ᠢᠭᠤᠯᠬᠤ ᠰᠠᠭᠤᠷᠢ ᠵᠢ ᠪᠡᠬᠢᠵᠢᠭᠦᠯᠪᠡ᠃ ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢ ᠵᠣᠬᠢᠶᠠᠨ ᠪᠠᠶ᠋ᠢᠭᠤᠯᠤᠨ ᠬᠠᠤᠯᠢ᠎ᠪᠠᠷ ᠰᠤᠷᠭ᠋ᠠᠭᠤᠯᠢ ᠵᠢ ᠵᠠᠰᠠᠬᠤ ᠳᠠᠭᠤᠷᠢᠶᠠᠯ ᠦᠵᠡᠭᠦᠯᠬᠦ ᠰᠤᠷᠭ᠋ᠠᠭᠤᠯᠢ ᠵᠢ ᠥᠪᠡᠰᠦᠪᠡᠨ ᠦᠨᠡᠯᠡᠬᠦ ᠠᠵᠢᠯ᠎ᠢ ᠥᠷᠨᠢᠭᠦᠯᠵᠦ᠂ ᠪᠦᠬᠦ ᠤᠯᠤᠰ᠎ᠤᠨ ᠬᠠᠤᠯᠢ᠎ᠪᠠᠷ ᠰᠤᠷᠭ᠋ᠠᠭᠤᠯᠢ ᠵᠢ ᠵᠠᠰᠠᠬᠤ ᠳᠠᠭᠤᠷᠢᠶᠠᠯ ᠦᠵᠡᠭᠦᠯᠬᠦ ᠰᠤᠷᠭ᠋ᠠᠭᠤᠯᠢ ᠵᠢ ᠰᠣᠩᠭᠤᠵᠤ ᠮᠡᠳᠡᠭᠦᠯᠬᠦ ᠵᠢ ᠵᠡᠷᠭᠡ᠎ᠪᠠᠷ ᠥᠷᠨᠢᠭᠦᠯᠪᠡ᠃ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠥᠭᠡᠮᠡᠯᠵᠢᠭᠦᠯᠬᠦ ᠨᠢᠭᠡᠴᠢ ᠪᠠ ᠬᠤᠪᠢ ᠬᠥᠮᠦᠨ᠎ᠢ ᠰᠣᠩᠭᠤᠨ ᠬᠥᠬᠢᠭᠦᠯᠬᠦ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠬᠣᠶᠠᠳᠤᠭ᠋ᠠᠷ ᠬᠤᠭᠤᠴᠠᠭ᠋ᠠᠨ᠎ᠤ ᠪᠦᠬᠦ ᠣᠷᠣᠨ᠎ᠤ ᠬᠠᠤᠯᠢ᠎ᠪᠠᠷ ᠵᠠᠰᠠᠬᠤ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ ᠡᠯᠰᠡᠬᠦ ᠵᠡᠷᠭᠡ ᠠᠵᠢᠯ᠎ᠢ ᠪᠡᠶᠡᠯᠡᠭᠦᠯᠵᠦ᠂ ᠰᠢᠯᠢᠳᠡᠭ ᠵᠣᠬᠢᠶᠠᠨ ᠪᠠᠢ᠌ᠭᠤᠯᠤᠭᠰᠠᠨ ᠱᠠᠩᠨᠠᠯ ᠬᠦᠷᠲᠡᠪᠡ᠃
(ᠬᠣᠶᠠᠷ) ᠰᠤᠷᠭ᠋ᠠᠭᠤᠯᠢ ᠵᠢ ᠦᠨᠳᠦᠰᠦᠨ ᠱᠠᠲᠤᠨ᠎ᠠᠴᠠ ᠵᠠᠰᠠᠬᠤ ᠵᠢ ᠪᠥᠬᠦᠢ ᠶᠠᠪᠤᠴᠠ᠎ᠳᠤ ᠴᠢᠩᠭ᠋ᠠᠳᠬᠠᠪᠠ᠃ ᠪᠠᠭᠰᠢ ᠰᠤᠷᠤᠭᠴᠢᠳ᠎ᠤᠨ ᠡᠷᠬᠡ ᠠᠰᠢᠭ᠎ᠢ ᠬᠠᠮᠠᠭ᠋ᠠᠯᠠᠨ ᠲᠡᠳᠬᠦᠬᠦ ᠲᠣᠭᠲᠠᠴᠠ ᠵᠢ ᠪᠥᠷᠢᠨ ᠭᠦᠢ᠍ᠴᠡᠳ ᠲᠡᠭᠦᠯᠳᠡᠷᠵᠢᠭᠦᠯᠪᠡ᠃ ᠡᠯ᠎ᠡ ᠶᠡᠬᠡ ᠳᠡᠭᠡᠳᠦ ᠰᠤᠷᠭ᠋ᠠᠭᠤᠯᠢ ᠴᠥᠮ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠢ᠎ᠳᠤ᠎ᠨᠢ ᠰᠢᠢ᠍ᠳᠪᠦᠷᠢᠯᠡᠬᠦ》 ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠵᠠᠭ᠋ᠠᠯᠳᠤᠬᠤ ᠤᠲᠠᠰᠤ ᠲᠣᠬᠢᠷᠠᠭᠤᠯᠤᠨ᠂ ᠪᠠᠭᠰᠢ ᠰᠤᠷᠤᠭᠴᠢᠳ᠎ᠤᠨ ᠲᠤᠰᠬᠠᠭᠰᠠᠨ ᠠᠰᠠᠭᠤᠳᠠᠯ᠎ᠢ 24 ᠴᠠᠭ ᠲᠠᠰᠤᠷᠠᠯᠲᠠ ᠦᠭᠡᠢ ᠬᠦᠯᠢᠶᠡᠨ ᠠᠪᠴᠤ ᠰᠢᠢ᠍ᠳᠪᠦᠷᠢᠯᠡᠪᠡ᠃ ᠭᠣᠮᠣᠳᠠᠯ ᠲᠣᠭ᠋ᠠᠴᠢᠬᠤ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠪᠠᠭᠰᠢ ᠰᠤᠷᠤᠭᠴᠢ ᠪᠠ ᠰᠤᠷᠭ᠋ᠠᠭᠤᠯᠢ ᠵᠢᠨ ᠵᠢᠭᠤᠷᠠᠯᠳᠤᠭ᠋ᠠᠨ᠎ᠢ ᠴᠠᠭ ᠲᠤᠬᠠᠢᠳᠤᠨᠢ ᠬᠦᠯᠢᠶᠡᠨ ᠠᠪᠴᠤ ᠰᠢᠢ᠍ᠳᠪᠦᠷᠢᠯᠡᠨ᠂ 《ᠰᠤᠷᠤᠭᠴᠢ (ᠪᠠᠭᠰᠢ) ᠵᠢᠨ ᠭᠣᠮᠣᠳᠠᠯ ᠲᠣᠭ᠋ᠠᠴᠢᠯᠲᠠ ᠵᠢ ᠰᠢᠢ᠍ᠳᠪᠦᠷᠢᠯᠡᠬᠦ》 ᠵᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶᠡᠨ᠎ᠳᠤ ᠭᠦᠢ᠍ᠴᠡᠳᠬᠡᠬᠦ ᠵᠢ ᠠᠬᠢᠭᠤᠯᠪᠠ᠃ ᠵᠠᠬᠢᠳᠠᠯ ᠰᠤᠷᠪᠤᠯᠵᠢᠯᠠᠭ᠎ᠠ᠂ ᠭᠣᠮᠣᠳᠠᠯ ᠲᠣᠭ᠋ᠠᠴᠢᠬᠤ᠂ ᠳᠠᠬᠢᠨ ᠵᠥᠪᠯᠡᠬᠦ ᠵᠡᠷᠭᠡ ᠣᠯᠠᠨ ᠵᠦᠢ᠍ᠯ᠎ᠤᠨ ᠬᠢᠨᠠᠯᠲᠠ ᠲᠠᠯᠪᠢᠬᠤ ᠲᠣᠭᠲᠠᠴᠠ ᠵᠢ ᠰᠠᠭ᠋ᠠᠳ ᠦᠭᠡᠢ ᠨᠡᠪᠲᠡᠷᠡᠭᠦᠯᠵᠦ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠤᠨ ᠬᠡᠷᠡᠭᠵᠢᠭᠦᠯᠬᠦ ᠨᠠᠷᠢᠨ ᠳᠦᠷᠢᠮ᠎ᠢ ᠨᠡᠶ᠋ᠢᠲᠡᠯᠡᠨ᠂ 《ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠬᠦᠷᠢᠶᠡᠨ᠎ᠤ ᠬᠠᠤᠯᠢ᠎ᠪᠠᠷ ᠲᠣᠭᠲᠠᠭ᠋ᠠᠭᠰᠠᠨ ᠠᠷᠭ᠎ᠠ ᠵᠠᠮ ᠵᠶ᠋ᠠᠷ ᠳᠠᠮᠵᠢᠭᠤᠯᠤᠨ ᠵᠠᠬᠢᠳᠠᠯ ᠰᠤᠷᠪᠤᠯᠵᠢᠯᠠᠯ᠂ ᠭᠣᠮᠣᠳᠠᠯ ᠲᠣᠭ᠋ᠠᠴᠢᠯᠲᠠ ᠵᠢ ᠲᠥᠷᠥᠯ ᠬᠤᠪᠢᠶᠠᠨ ᠰᠢᠢ᠍ᠳᠪᠦᠷᠢᠯᠡᠬᠦ ᠨᠠᠷᠢᠨ ᠳᠠᠩᠰᠠ》 ᠵᠢ ᠲᠣᠭᠲᠠᠭ᠋ᠠᠵᠤ᠂ ᠲᠥᠪ᠎ᠤᠨ ᠨᠠᠢ᠍ᠮᠠᠳᠤᠭ᠋ᠠᠷ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ ᠵᠡᠷᠭᠡ ᠳᠡᠭᠡᠳᠦ ᠱᠠᠲᠤᠨ᠎ᠤ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ᠎ᠤᠨ ᠳᠠᠪᠬᠤᠷᠳᠠᠭᠰᠠᠨ ᠪᠠ ᠵᠠᠬᠢᠳᠠᠯ ᠰᠤᠷᠪᠤᠯᠵᠢᠯᠠᠯ᠎ᠤᠨ ᠳᠠᠷᠤᠭᠳᠠᠭᠰᠠᠨ ᠬᠡᠷᠡᠭ᠎ᠢ 100%᠎ᠪᠠᠷ ᠰᠢᠢ᠍ᠳᠪᠦᠷᠢᠯᠡᠬᠦ ᠵᠢ ᠠᠬᠢᠭᠤᠯᠵᠤ᠂ 12345 ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠤᠲᠠᠰᠤ ᠵᠢᠨ 《ᠭᠤᠷᠪᠠᠨ ᠨᠣᠷᠮ᠎ᠠ》 ᠵᠢ ᠦᠷᠭᠦᠯᠵᠢᠯᠡᠨ ᠳᠡᠭᠡᠭᠰᠢᠯᠡᠭᠦᠯᠪᠡ᠃
(ᠭᠤᠷᠪᠠ) ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠪᠥᠬᠥ ᠬᠡᠪᠴᠢᠶᠡᠨ᠎ᠳᠤ ᠥᠷᠨᠢᠭᠦᠯᠪᠡ᠃ 《〈ᠵᠠᠯᠠᠭᠤ ᠨᠠᠰᠤᠨ᠎ᠳᠤ᠎ᠪᠠᠨ ᠬᠤᠷᠠᠨ ᠴᠤᠭᠯᠠᠷᠠᠵᠤ ᠤᠮᠠᠷᠠᠲᠤ ᠬᠢᠯᠢ ᠵᠢ ᠬᠠᠤᠯᠢ᠎ᠪᠠᠷ ᠵᠠᠰᠠᠬᠤ〉 ᠪᠦᠬᠦ ᠣᠷᠣᠨ᠎ᠤ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠰᠢᠷᠢᠰ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ》᠎ᠢ ᠲᠣᠭᠲᠠᠭ᠋ᠠᠨ ᠲᠠᠷᠬᠠᠭ᠋ᠠᠵᠤ᠂ 6 ᠶᠡᠬᠡ ᠲᠥᠷᠥᠯ᠂ 16 ᠲᠤᠰᠬᠠᠢ ᠰᠢᠷᠢᠰ ᠠᠵᠢᠯᠯᠠᠭ᠎ᠠ ᠵᠢ 16896 ᠲᠠᠯᠠᠪᠤᠷ ᠤᠳᠠᠭ᠎ᠠ ᠵᠣᠬᠢᠶᠠᠨ ᠪᠠᠶ᠋ᠢᠭᠤᠯᠵᠤ᠂ ᠪᠦᠬᠦ ᠣᠷᠣᠨ᠎ᠤ ᠪᠥᠬᠥ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠬᠠᠮᠤᠷᠬᠤ ᠵᠢᠨ ᠬᠠᠮᠲᠤ ᠪᠠᠭᠰᠢ ᠠᠵᠢᠯᠲᠠᠨ ᠠᠵᠢᠯᠴᠢᠨ ᠪᠠ ᠭᠡᠷ᠎ᠤᠨ ᠠᠬᠠᠮᠠᠳ᠎ᠲᠤ ᠬᠦᠷᠲᠡᠯ᠎ᠡ ᠥᠷᠭᠡᠳᠭᠡᠵᠦ᠂ ᠰᠢᠷᠢᠰ ᠠᠵᠢᠯᠯᠠᠭ᠎ᠠ᠎ᠳᠤ ᠣᠷᠣᠯᠴᠠᠭᠰᠠᠳ 1053 ᠭᠠᠷᠤᠢ ᠲᠦᠮᠡᠨ ᠬᠥᠮᠦᠨ ᠤᠳᠠᠭ᠎ᠠ᠎ᠳᠤ ᠬᠦᠷᠴᠦ᠂ ᠬᠡᠰᠡᠭ ᠪᠦᠯᠦᠭ ᠦᠨᠳᠦᠰᠦᠨ ᠬᠠᠤᠯᠢ ᠵᠢᠨ ᠬᠠᠮᠠᠭ᠋ᠠᠯᠠᠭᠴᠢ᠂ ᠬᠡᠰᠡᠭ ᠪᠦᠯᠦᠭ ᠬᠠᠤᠯᠢ᠎ᠪᠠᠷ ᠵᠠᠰᠠᠬᠤ ᠰᠤᠷᠭ᠋ᠠᠨ ᠬᠥᠮᠦᠵᠢᠯ᠎ᠤᠨ ᠰᠢᠯᠢᠳᠡᠭ ᠡᠬᠢ ᠪᠠᠶᠠᠯᠢᠭ ᠵᠡᠷᠭᠡ 《ᠠᠷᠪᠠᠨ ᠬᠡᠰᠡᠭ ᠪᠦᠯᠦᠭ》 ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠣᠢ ᠪᠣᠯᠭ᠋ᠠᠪᠠ᠃ ᠡᠭᠦᠨ᠎ᠳᠤ᠂ 《ᠦᠨᠳᠦᠰᠦᠨ ᠬᠠᠤᠯᠢ ᠵᠢ ᠰᠤᠷᠤᠯᠴᠠᠵᠤ ᠦᠨᠳᠦᠰᠦᠨ ᠬᠠᠤᠯᠢ ᠵᠢ ᠡᠷᠬᠢᠮᠯᠡᠬᠦ》 ᠲᠤᠰᠬᠠᠢ ᠠᠵᠢᠯᠯᠠᠭ᠎ᠠ ᠵᠢᠨ ᠶᠠᠪᠤᠴᠠ᠎ᠳᠤ᠂ 17 ᠲᠦᠮᠡ ᠰᠢᠬᠠᠮ ᠰᠤᠷᠤᠭᠴᠢ ᠵᠢ ᠵᠣᠬᠢᠶᠠᠨ ᠪᠠᠶ᠋ᠢᠭᠤᠯᠤᠨ ᠠᠶ᠋ᠢᠮᠠᠭ ᠬᠣᠲᠠ᠂ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ ᠪᠠ ᠪᠦᠬᠦ ᠤᠯᠤᠰ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠭᠤᠯᠵᠤ᠂ ᠶᠢᠰᠦᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠰᠤᠷᠤᠭᠴᠢᠳ᠎ᠤᠨ 《ᠦᠨᠳᠦᠰᠦᠨ ᠬᠠᠤᠯᠢ ᠵᠢ ᠰᠤᠷᠤᠯᠴᠠᠵᠤ ᠦᠨᠳᠦᠰᠦᠨ ᠬᠠᠤᠯᠢ ᠵᠢ ᠡᠷᠬᠢᠮᠯᠡᠬᠦ》 ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ᠎ᠤ ᠶᠠᠷᠢᠶ᠎ᠠ ᠢᠯᠡᠳᠬᠡᠯ᠎ᠤᠨ ᠤᠷᠤᠯᠳᠤᠭ᠋ᠠᠨ᠎ᠤ ᠬᠤᠪᠢ ᠬᠥᠮᠦᠨ᠎ᠤ ᠨᠢᠭᠡᠳᠦᠭᠡᠷ ᠳᠡᠰ᠎ᠤᠨ ᠱᠠᠩᠨᠠᠯ 2᠂ ᠬᠣᠶᠠᠳᠤᠭ᠋ᠠᠷ ᠳᠡᠰ᠎ᠤᠨ ᠱᠠᠩᠨᠠᠯ 1᠂ ᠭᠤᠷᠪᠠᠳᠤᠭ᠋ᠠᠷ ᠳᠡᠰ᠎ᠤᠨ ᠱᠠᠩᠨᠠᠯ 1᠂ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠤᠨ ᠤᠷᠤᠯᠳᠤᠭ᠋ᠠᠨ᠎ᠳᠤ ᠪᠦᠯᠬᠦᠮ᠎ᠤᠨ ᠬᠣᠶᠠᠳᠤᠭ᠋ᠠᠷ ᠳᠡᠰ᠎ᠤᠨ ᠱᠠᠩᠨᠠᠯ᠎ᠢ ᠬᠦᠷᠲᠡᠪᠡ᠃ ᠡᠯ᠎ᠡ ᠭᠠᠵᠠᠷ ᠤᠨ ᠡᠯ᠎ᠡ ᠰᠤᠷᠭ᠋ᠠᠭᠤᠯᠢ ᠡᠯᠪᠡᠭ ᠪᠠᠶᠠᠯᠢᠭ ᠣᠯᠠᠨ ᠶᠠᠩᠵᠤᠴᠢᠯᠠᠭᠰᠠᠨ ᠦᠨᠳᠦᠰᠦᠨ ᠬᠠᠤᠯᠢ ᠵᠢᠨ ᠬᠠᠤᠯᠢ᠎ᠪᠠᠷ ᠵᠠᠰᠠᠬᠤ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ 《ᠤᠯᠤᠰ᠎ᠤᠨ ᠦᠨᠳᠦᠰᠦᠨ ᠬᠠᠤᠯᠢ ᠵᠢᠨ ᠡᠳᠦᠷ》᠎ᠤᠨ ᠠᠵᠢᠯᠯᠠᠭ᠎ᠠ ᠵᠢ 5180 ᠲᠠᠯᠠᠪᠤᠷ ᠤᠳᠠᠭ᠎ᠠ ᠵᠣᠬᠢᠶᠠᠨ ᠪᠠᠶ᠋ᠢᠭᠤᠯᠵᠤ᠂ ᠣᠷᠣᠯᠴᠠᠭᠰᠠᠨ ᠬᠥᠮᠦᠨ᠎ᠤ ᠲᠣᠭ᠎ᠠ 46 ᠲᠦᠮᠡᠨ ᠬᠥᠮᠦᠨ ᠤᠳᠠᠭ᠎ᠠ᠎ᠳᠤ ᠬᠦᠷᠴᠡᠢ; ᠰᠢᠷᠢᠰ 《ᠬᠠᠤᠯᠢ ᠴᠠᠭ᠋ᠠᠵᠠ ᠵᠢᠨ ᠠᠩᠭᠢ ᠵᠢᠨ ᠬᠤᠷᠠᠯ》 ᠪᠠ 《ᠬᠠᠤᠯᠢ ᠲᠦᠭᠡᠮᠡᠯᠵᠢᠭᠦᠯᠬᠦ ᠦᠵᠡᠭᠳᠡᠯᠲᠦ ᠵᠦᠴᠦᠭᠡ》 ᠵᠢ ᠵᠣᠬᠢᠶᠠᠨ ᠪᠠᠶ᠋ᠢᠭᠤᠯᠤᠨ ᠰᠣᠨᠢᠷᠬᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠴᠠᠭ᠋ᠠᠬᠤ ᠰᠢᠭᠦᠬᠦ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠨᠠᠰᠤᠨ᠎ᠳᠤ ᠦᠯᠦ ᠬᠦᠷᠦᠭᠰᠡᠳ᠎ᠤᠨ ᠶᠠᠯ᠎ᠠ ᠬᠢᠬᠦ ᠵᠢ ᠰᠡᠷᠭᠡᠢ᠌ᠯᠡᠵᠦ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠦᠢ᠍ᠯᠡᠳᠴᠦ᠂ ᠪᠦᠬᠦ ᠣᠷᠣᠨ᠎ᠤ ᠡᠯ᠎ᠡ ᠭᠠᠵᠠᠷ᠎ᠤᠨ ᠪᠠᠭ᠎ᠠ ᠰᠤᠷᠭ᠋ᠠᠭᠤᠯᠢ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠡᠷᠭᠡ 2872 ᠰᠤᠷᠭ᠋ᠠᠭᠤᠯᠢ ᠵᠢᠨ ᠪᠠᠭᠰᠢ ᠰᠤᠷᠤᠭᠴᠢ ᠭᠡᠷ᠎ᠤᠨ ᠠᠬᠠᠮᠠᠳ᠎ᠢ ᠵᠣᠬᠢᠶᠠᠨ ᠪᠠᠢ᠌ᠭᠤᠯᠤᠨ ᠦᠵᠡᠭᠦᠯᠵᠦ᠂ 294.5 ᠲᠦᠮᠡᠨ ᠬᠥᠮᠦᠨ ᠤᠳᠠᠭ᠎ᠠ᠎ᠳᠤ ᠬᠦᠷᠴᠡᠢ᠃ ᠪᠦᠬᠦ ᠣᠷᠣᠨ᠎ᠤ 2863 ᠳᠤᠮᠳᠠᠳᠤ ᠪᠠᠭ᠎ᠠ ᠰᠤᠷᠭ᠋ᠠᠭᠤᠯᠢ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ 《ᠬᠡᠷᠡᠭ ᠵᠶ᠋ᠠᠷ ᠬᠠᠤᠯᠢ ᠵᠢ ᠲᠠᠶ᠋ᠢᠯᠪᠤᠷᠢᠯᠠᠬᠤ》 ᠲᠤᠰᠬᠠᠢ ᠠᠵᠢᠯᠯᠠᠭ᠎ᠠ ᠵᠢ 5783 ᠲᠠᠯᠠᠪᠤᠷ ᠥᠷᠨᠢᠭᠦᠯᠵᠦ᠂ 3744 ᠲᠠᠯᠠᠪᠤᠷ ᠬᠠᠤᠯᠢ᠎ᠪᠠᠷ ᠵᠠᠰᠠᠬᠤ ᠵᠢᠭ᠋ᠠᠨ ᠰᠤᠷᠭ᠋ᠠᠯᠲᠠ ᠵᠢ ᠦᠢ᠍ᠯᠡᠳᠦᠯᠭᠡᠵᠢᠭᠦᠯᠪᠡ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠬᠠᠤᠯᠢ ᠲᠦᠭᠡᠮᠡᠯᠵᠢᠭᠦᠯᠬᠦ ᠨᠢᠭᠡᠴᠢ ᠰᠤᠷᠭ᠋ᠠᠭᠤᠯᠢ ᠵᠢᠨ ᠬᠦᠷᠢᠶᠡᠨ᠎ᠳᠤ ᠣᠷᠣᠵᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠵᠢ 2189 ᠲᠠᠯᠠᠪᠤᠷ ᠥᠷᠨᠢᠭᠦᠯᠵᠦ᠂ 107 ᠲᠦᠮᠡᠨ ᠬᠥᠮᠦᠨ ᠣᠷᠣᠯᠴᠠᠪᠠ᠃
ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ᠎ᠳᠤ ᠬᠡᠳᠦ᠋ᠢ᠍ᠪᠡᠷ ᠡᠳᠦᠢ ᠲᠡᠳᠦᠢ ᠠᠮᠵᠢᠯᠲᠠ ᠣᠯᠤᠭᠰᠠᠨ ᠪᠣᠯᠪᠠᠴᠤ ᠬᠠᠤᠯᠢ ᠴᠠᠭ᠋ᠠᠵᠠ ᠵᠢᠨ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠬᠦ ᠴᠢᠬᠤᠯᠠᠲᠠᠢ ᠪᠠᠶ᠋ᠢᠵᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠬᠤ ᠲᠠᠯ᠎ᠠ᠎ᠪᠠᠷ ᠵᠥᠷᠢᠶ᠎ᠡ ᠣᠷᠣᠰᠢᠨ᠂ ᠰᠤᠷᠭ᠋ᠠᠭᠤᠯᠢ ᠵᠢᠨ ᠦᠨᠡᠨᠴᠢ ᠢᠲᠡᠭᠡᠮᠵᠢ ᠵᠢᠨ ᠬᠥᠮᠦᠵᠢᠯ᠎ᠢ ᠴᠢᠬᠤᠯᠠᠴᠢᠯᠠᠬᠤ ᠬᠡᠮᠵᠢᠶ᠎ᠡ ᠲᠡᠶ᠋ᠢᠮᠦ ᠥᠨᠳᠥᠷ ᠪᠢᠰᠢ᠂ ᠬᠠᠤᠯᠢ᠎ᠪᠠᠷ ᠵᠠᠰᠠᠬᠤ ᠠᠵᠢᠯ᠎ᠤᠨ ᠡᠩᠨᠡᠭᠡ ᠵᠢ ᠴᠢᠩᠭ᠋ᠠᠳᠬᠠᠬᠤ ᠴᠢᠬᠤᠯᠠᠲᠠᠢ ᠵᠡᠷᠭᠡ ᠣᠷᠣᠰᠢᠵᠤ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ᠂ ᠳᠠᠷᠠᠭ᠎ᠠ ᠠᠯᠬᠤᠮ᠎ᠤᠨ ᠠᠵᠢᠯ᠎ᠳᠤ ᠬᠠᠨᠳᠤᠯᠭ᠋ᠠᠲᠠᠢ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ᠃
2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ᠎ᠳᠤ ᠠᠩᠬᠠᠷᠤᠯ ᠵᠶ᠋ᠠᠨ ᠬᠠᠨᠳᠤᠭᠤᠯᠤᠨ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ ᠤ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠤᠨ᠎ᠠ; ᠬᠠᠤᠯᠢ᠎ᠪᠠᠷ ᠵᠠᠰᠠᠬᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠪᠣᠢ ᠪᠣᠯᠭ᠋ᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠨᠡᠨᠴᠢ ᠢᠢ᠍ᠲᠡᠭᠡᠮᠵᠢᠲᠦ ᠪᠠᠶ᠋ᠢᠭᠤᠯᠤᠯᠲᠠ ᠵᠢᠨ ᠢᠨᠵᠧᠨᠧᠷᠢᠩ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠨ᠎ᠡ; ᠳᠠᠭᠤᠷᠢᠶᠠᠯ ᠦᠵᠡᠭᠦᠯᠦᠨ ᠡᠭᠦᠳᠦᠨ ᠪᠠᠶ᠋ᠢᠭᠤᠯᠵᠤ ᠬᠥᠲᠥᠯᠥᠨ ᠳᠠᠭ᠋ᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠤᠷᠳᠤᠴᠠ ᠵᠢ ᠨᠡᠮᠡᠭᠳᠡᠭᠦᠯᠦᠨ ᠴᠢᠨᠠᠷ ᠴᠢᠨᠰᠠᠭ᠎ᠠ ᠵᠢ ᠴᠢᠩᠭ᠋ᠠᠳᠬᠠᠵᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠬᠠᠨᠳᠤᠭᠤᠯᠤᠨ᠂ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠵᠢ ᠥᠳᠲᠡᠷ ᠲᠦᠷᠭᠡᠨ ᠨᠠᠶ᠋ᠢᠳᠠᠪᠤᠷᠢᠵᠢᠭᠤᠯᠤᠨ᠎ᠠ; ᠴᠢᠳᠠᠪᠤᠷᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠠᠤᠯᠢ᠎ᠪᠠᠷ ᠵᠠᠰᠠᠬᠤ ᠠᠵᠢᠯ᠎ᠤᠨ ᠡᠩᠨᠡᠭᠡᠨ᠎ᠤ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠲᠠᠰᠤᠷᠠᠯᠲᠠ ᠥᠬᠡᠶ ᠠᠬᠢᠭᠤᠯᠤᠨ᠂ ᠰᠤᠷᠭ᠋ᠠᠨ ᠬᠥᠮᠦᠵᠢᠯ᠎ᠤᠨ ᠬᠦᠴᠦᠷᠬᠡᠭ ᠣᠷᠣᠨ᠎ᠢ ᠪᠠᠶ᠋ᠢᠭᠤᠯᠬᠤ᠎ᠳᠤ ᠬᠦᠴᠦᠲᠡᠢ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2025 ᠣᠨ᠎ᠤ 3 ᠰᠠᠷ᠎ᠠ ᠵᠢᠨ 17᠎ᠤ ᠡᠳᠦᠷ