ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠪᠠᠭᠤᠴᠠ ᠵᠢ ᠮᠡᠳᠡᠭᠦᠯᠬᠦ ᠵᠢᠴᠢ ᠬᠠᠮᠢᠶᠠᠷᠬᠤ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2025-04-24

ᠨᠠᠮ᠎ᠤᠨ ᠬᠣᠷᠢᠳᠤᠭ᠋ᠠᠷ ᠶᠡᠬᠡ ᠬᠤᠷᠠᠯ᠂ ᠬᠣᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ᠂ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠬᠥᠲᠥᠯᠪᠦᠷᠢ᠂ ᠰᠤᠷᠭ᠋ᠠᠨ ᠬᠥᠮᠦᠵᠢᠯ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠵᠢᠯᠣᠭᠣᠳᠬᠤ ᠰᠠᠨᠠᠯ᠎ᠤᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠵᠤ᠂ ᠪᠦᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠣᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ᠂ ᠪᠠᠭᠤᠴᠠ (ᠳᠣᠷᠣᠭᠰᠢ 《ᠰᠠᠭᠤᠷᠢᠨ ᠭᠠᠵᠠᠷ᠂ ᠪᠠᠭᠤᠴᠠ》 ᠭᠡᠵᠦ ᠳᠦᠭᠦᠮᠴᠢᠯᠡᠨ᠎ᠡ) ᠵᠢᠨ ᠠᠵᠢᠯᠯᠠᠭ᠋ᠠᠨ᠎ᠤ ᠬᠠᠮᠢᠶᠠᠷᠤᠯᠲᠠ ᠵᠢ ᠵᠢᠷᠤᠮᠵᠢᠭᠤᠯᠵᠤ᠂ ᠳᠦᠷᠢᠮᠵᠢᠭᠦᠯᠬᠦ ᠵᠢ ᠪᠡᠶᠡᠯᠡᠭᠦᠯᠬᠦ ᠵᠢᠨ ᠲᠥᠯᠦᠭᠡ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠦᠢ ᠳᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠣᠳᠤᠯᠤᠨ ᠰᠤᠷᠤᠯᠴᠠᠬᠤ ᠰᠠᠭᠤᠷᠢᠨ ᠭᠠᠵᠠᠷ᠂ ᠪᠠᠭᠤᠴᠠ ᠵᠢ ᠮᠡᠳᠡᠭᠦᠯᠬᠦ ᠵᠢᠴᠢ ᠬᠠᠮᠢᠶᠠᠷᠬᠤ ᠠᠷᠭ᠎ᠠ》 ᠵᠢ ᠲᠣᠭᠲᠠᠭ᠋ᠠᠪᠠ᠃

ᠡᠳᠦᠭᠡ ᠪᠢᠴᠢᠭ ᠮᠠᠲ᠋ᠧᠷᠢᠶᠠᠯ᠎ᠤᠨ ᠬᠣᠯᠪᠣᠭᠳᠠᠯ ᠪᠦᠬᠦᠢ ᠠᠭᠤᠯᠭ᠎ᠠ ᠵᠢᠨ ᠲᠤᠬᠠᠢ ᠳᠣᠣᠷᠠᠬᠢ ᠮᠡᠲᠦ ᠲᠠᠶ᠋ᠢᠯᠤᠮᠵᠢ ᠬᠢᠶ᠎ᠡ᠃

ᠨᠢᠭᠡ᠂ ᠪᠢᠴᠢᠭ ᠮᠠᠲ᠋ᠧᠷᠢᠶᠠᠯ᠎ᠢ ᠲᠣᠭᠲᠠᠭ᠋ᠠᠭᠰᠠᠨ ᠠᠬᠤᠢ ᠪᠠᠶ᠋ᠢᠳᠠᠯ

ᠰᠤᠷᠭ᠋ᠠᠨ ᠬᠥᠮᠦᠵᠢᠯ᠎ᠤᠨ ᠶᠠᠮᠤᠨ ᠵᠡᠷᠭᠡ 11 ᠰᠠᠯᠠᠭ᠎ᠠ ᠮᠥᠴᠢᠷ 2016 ᠣᠨ᠎ᠤ 11 ᠳ᠋ᠦ᠍ᠭᠡᠷ ᠰᠠᠷ᠎ᠠ᠎ᠳᠤ 《ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠵᠤ ᠵᠤᠭ᠋ᠠᠴᠠᠬᠤ ᠵᠢ ᠠᠬᠢᠭᠤᠯᠬᠤ ᠲᠤᠬᠠᠢ ᠰᠠᠨᠠᠯ》 (ᠰᠤᠷᠭ᠋ᠠᠨ ᠰᠠᠭᠤᠷᠢ [2016] 8 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠰᠤᠳᠤᠯᠤᠨ ᠰᠤᠷᠤᠯᠴᠠᠵᠤ ᠵᠤᠭ᠋ᠠᠴᠠᠬᠤ  ᠵᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠥᠯᠥᠪᠯᠡᠭᠡ᠎ᠳᠤ ᠣᠷᠣᠭᠤᠯᠤᠨ᠂ ᠰᠤᠳᠤᠯᠤᠨ ᠰᠤᠷᠤᠯᠴᠠᠵᠤ ᠵᠤᠭ᠋ᠠᠴᠠᠬᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ  ᠵᠢ ᠴᠢᠩᠭ᠋ᠠᠳᠬᠠᠵᠤ᠂ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠢ ᠢᠳᠡᠪᠬᠢᠲᠡᠢ ᠥᠷᠨᠢᠭᠦᠯᠬᠦ ᠬᠡᠷᠡᠭᠲᠡᠢ ᠭᠡᠵᠦ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ (ᠪᠠᠭᠤᠴᠠ)᠎ᠤᠨ ᠬᠠᠮᠢᠶᠠᠷᠤᠯᠲᠠ ᠵᠢ ᠵᠢᠷᠤᠮᠵᠢᠭᠤᠯᠤᠨ᠂ ᠲᠡᠭᠦᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷ᠂ ᠠᠶᠤᠯ ᠦᠭᠡᠢ ᠴᠢᠨᠠᠷ᠂ ᠰᠤᠷᠭ᠋ᠠᠨ ᠬᠥᠮᠦᠵᠢᠯ᠎ᠤᠨ ᠴᠢᠨᠠᠷ ᠪᠠ ᠦᠢ᠍ᠯᠡᠳᠦᠯᠭᠡᠲᠦ ᠴᠢᠨᠠᠷ᠎ᠢ ᠦᠨᠡᠨ ᠬᠦ᠌ ᠪᠠᠲᠤᠯᠠᠬᠤ ᠵᠢᠨ ᠲᠥᠯᠦᠭᠡ᠂ ᠲᠤᠰ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠪᠠ᠃

ᠬᠣᠶᠠᠷ᠂ 《ᠠᠷᠭ᠎ᠠ》᠎ᠳᠠᠬᠢ 《ᠰᠤᠳᠤᠯᠤᠨ ᠰᠤᠷᠤᠯᠴᠠᠬᠤ》 ᠪᠠ 《ᠰᠠᠭᠤᠷᠢᠨ ᠭᠠᠵᠠᠷ᠂ ᠪᠠᠭᠤᠴᠠ》 ᠶᠠᠭᠤ ᠵᠢ ᠵᠢᠭ᠋ᠠᠵᠤ ᠪᠠᠶ᠋ᠢᠨ᠎ᠠ

ᠲᠤᠰ ᠠᠷᠭ᠎ᠠ᠎ᠳᠠᠬᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ ᠪᠣᠯ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠰᠤᠷᠭ᠋ᠠᠭᠤᠯᠢ᠎ᠠᠴᠠ ᠲᠥᠯᠥᠪᠯᠡᠭᠡ᠎ᠲᠠᠢ ᠵᠣᠬᠢᠶᠠᠨ ᠪᠠᠶ᠋ᠢᠭᠤᠯᠤᠨ ᠲᠣᠬᠢᠷᠠᠭᠤᠯᠵᠤ᠂ ᠴᠠᠭ 1 ᠡᠳᠦᠷ᠎ᠠᠴᠠ ᠳᠡᠭᠡᠭᠰᠢ (1 ᠡᠳᠦᠷ᠎ᠢ ᠪᠠᠭᠲᠠᠭ᠋ᠠᠨ᠎ᠠ) ᠵᠢ ᠵᠢᠭ᠋ᠠᠵᠤ᠂ ᠬᠠᠮᠲᠤ ᠵᠢᠨ ᠦᠢ᠍ᠯᠡᠳᠦᠯᠭᠡ᠂ ᠲᠥᠪᠯᠡᠷᠡᠭᠦᠯᠦᠨ ᠢᠳᠡᠵᠦ ᠬᠣᠨᠣᠬᠤ ᠠᠷᠭ᠎ᠠ ᠮᠠᠶᠢᠭ ᠵᠶ᠋ᠠᠷ ᠥᠷᠨᠢᠭᠦᠯᠦᠭᠰᠡᠨ ᠰᠤᠷᠭ᠋ᠠᠭᠤᠯᠢ ᠵᠢᠨ ᠭᠠᠳᠠᠨᠠᠬᠢ ᠦᠢ᠍ᠯᠡᠳᠦᠯᠭᠡ ᠵᠢᠨ ᠬᠥᠮᠦᠵᠢᠯ᠎ᠤᠨ ᠠᠵᠢᠯᠯᠠᠭ᠎ᠠ ᠮᠥᠨ᠂ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠢ ᠶᠡᠷᠦ᠎ᠳᠤ᠎ᠪᠠᠨ ᠣᠨ ᠵᠶ᠋ᠠᠷ ᠨᠢᠭᠡᠴᠢ ᠪᠣᠯᠭ᠋ᠠᠨ ᠥᠷᠨᠢᠭᠦᠯᠦᠨ᠎ᠡ᠃

ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ (ᠪᠠᠭᠤᠴᠠ) ᠪᠣᠯ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠬᠣᠯᠪᠣᠭᠳᠠᠯ ᠪᠦᠬᠦᠢ ᠨᠢᠭᠡᠴᠢ᠎ᠲᠠᠢ ᠬᠣᠯᠪᠤᠭ᠋ᠠᠯᠠᠨ ᠦᠨᠡᠯᠡᠵᠦ ᠮᠠᠭ᠋ᠠᠳᠯᠠᠨ  ᠳᠣᠭᠲᠠᠭ᠋ᠠᠭᠰᠠᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠬᠠᠮᠲᠤ᠎ᠳᠤ᠎ᠪᠠᠨ ᠰᠣᠳᠤᠯᠭ᠋ᠠᠨ᠎ᠤ ᠴᠢᠨᠠᠷᠲᠠᠢ ᠰᠤᠷᠤᠯᠴᠠᠬᠤ ᠪᠠ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠬᠦ᠎ᠳᠤ ᠲᠣᠬᠢᠷᠠᠭᠰᠠᠨ ᠴᠢᠨᠠᠷᠯᠢᠭ ᠡᠬᠢ ᠪᠠᠶᠠᠯᠢᠭ᠎ᠤᠨ ᠨᠢᠭᠡᠴᠢ ᠵᠢ ᠵᠢᠭ᠋ᠠᠵᠤ ᠪᠤᠢ᠃

ᠭᠤᠷᠪᠠ᠂ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠠᠵᠢᠯᠯᠠᠭ᠎ᠠ  ᠵᠢᠨ ᠵᠣᠷᠢᠯᠲᠠ ᠶᠠᠭᠤ ᠪᠤᠢ?

ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠠᠵᠢᠯᠯᠠᠭ᠎ᠠ ᠵᠢᠨ ᠵᠣᠷᠢᠯᠲᠠ ᠪᠣᠯ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠡᠬᠡ ᠤᠯᠤᠰ᠎ᠤᠨ ᠭᠣᠶᠤ ᠰᠠᠶ᠋ᠢᠬᠠᠨ ᠠᠭᠤᠯᠠ ᠤᠰᠤ᠂ ᠳᠤᠮᠳᠠᠳᠤ ᠵᠢᠨ ᠤᠯᠠᠮᠵᠢᠯᠠᠯᠲᠤ ᠰᠠᠶ᠋ᠢᠬᠠᠨ ᠰᠤᠷᠲᠠᠯ᠂ ᠢᠷᠠᠭᠤ ᠠᠯᠳᠠᠷᠲᠤ ᠬᠤᠪᠢᠰᠬᠠᠯ᠎ᠤᠨ ᠲᠡᠦᠬᠡ᠂ ᠰᠢᠨ᠎ᠡ ᠴᠠᠭ ᠦᠶ᠎ᠡ ᠵᠢᠨ ᠠᠭᠤᠤ ᠶᠡᠬᠡ ᠠᠮᠵᠢᠯᠲᠠ ᠪᠦᠲᠦᠮᠵᠢ ᠵᠢᠴᠢ ᠨᠤᠲᠤᠭ ᠤᠰᠤᠨ᠎ᠤ ᠣᠨᠴᠠᠯᠢᠭᠲᠤ ᠰᠣᠶᠣᠯ ᠪᠠ ᠬᠥᠭᠵᠢᠯᠲᠡ ᠵᠢᠨ ᠬᠤᠪᠢᠷᠠᠯᠲᠠ ᠵᠢ ᠭᠦᠢ᠍ᠴᠡᠳ ᠮᠡᠳᠡᠭᠦᠯᠬᠦ ᠶᠠᠪᠤᠳᠠᠯ ᠪᠣᠯᠤᠨ᠎ᠠ᠃ ᠡᠳᠡᠭᠡᠷ ᠠᠵᠢᠯᠯᠠᠭ᠎ᠠ᠎ᠪᠠᠷ ᠳᠠᠮᠵᠢᠭᠤᠯᠤᠨ᠂ ᠰᠤᠷᠤᠭᠴᠢᠳ ᠤᠯᠤᠰ᠎ᠤᠨ ᠠᠵᠤ ᠠᠬᠤᠢ᠂ ᠨᠡᠶ᠋ᠢᠭᠡᠮ᠂ ᠰᠣᠶᠣᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠠᠮᠢ ᠠᠬᠤᠢ ᠵᠡᠷᠭᠡ ᠲᠠᠯ᠎ᠠ᠎ᠪᠠᠷ᠎ᠬᠢ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠣᠶ᠋ᠢᠯᠠᠭ᠋ᠠᠵᠤ᠂ ᠲᠡᠳᠡᠨ᠎ᠤ ᠤᠷᠮ᠎ᠠ ᠪᠠᠬ᠎ᠠ ᠪᠠ ᠬᠠᠶ᠋ᠢᠨ ᠰᠦᠪᠡᠭᠴᠢᠯᠡᠬᠦ ᠵᠣᠷᠢᠭ ᠰᠠᠨᠠᠭ᠎ᠠ ᠵᠢᠴᠢ ᠰᠢᠨᠵᠢᠯᠡᠬᠦ ᠤᠬᠠᠭ᠋ᠠᠨ᠎ᠤ ᠳᠤᠷ᠎ᠠ ᠰᠣᠨᠢᠷᠬᠠᠯ᠎ᠢ ᠬᠥᠮᠦᠵᠢᠭᠦᠯᠵᠦ᠂ ᠤᠯᠤᠰ ᠣᠷᠣᠨ ᠵᠶ᠋ᠠᠨ ᠬᠠᠶ᠋ᠢᠷᠠᠯᠠᠬᠤ ᠰᠡᠳᠬᠢᠯᠭᠡ ᠵᠢ ᠵᠤᠵᠠᠭ᠋ᠠᠳᠬᠠᠨ᠂ ᠨᠡᠶ᠋ᠢᠭᠡᠮ᠎ᠤᠨ ᠬᠠᠷᠢᠭᠤᠴᠠᠯᠭ᠋ᠠᠲᠤ ᠰᠡᠳᠬᠢᠯᠭᠡ᠂ ᠰᠢᠨ᠎ᠡ ᠵᠢ ᠡᠭᠦᠳᠬᠦ ᠵᠣᠷᠢᠭ ᠰᠠᠨᠠᠭ᠎ᠠ ᠪᠠ ᠦᠢ᠍ᠯᠡᠳᠦᠯᠭᠡ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠰᠤᠷᠤᠭᠴᠢᠳ᠎ᠢ ᠡᠷᠡᠰ ᠪᠠᠲᠤ ᠬᠦᠰᠡᠯᠡᠩ ᠢᠲᠡᠭᠡᠯ ᠪᠢᠰᠢᠷᠡᠯ᠎ᠲᠠᠢ ᠪᠣᠯᠭ᠋ᠠᠨ᠂ ᠥᠨᠢ ᠡᠭᠦᠷᠢᠳᠡ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ᠎ᠪᠠᠷ ᠬᠥᠲᠥᠯᠥᠨ ᠵᠢᠯᠣᠭᠣᠳᠪᠠ᠃

ᠳᠥᠷᠪᠡ᠂ 《ᠠᠷᠭ᠎ᠠ》᠎ᠨᠢ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ ᠎ᠤᠨ ᠰᠠᠭᠤᠷᠢᠨ ᠭᠠᠵᠠᠷ (ᠪᠠᠭᠤᠴᠠ)᠎ᠲᠤ ᠶᠠᠮᠠᠷ ᠪᠣᠳᠠᠲᠠᠢ ᠱᠠᠭ᠋ᠠᠷᠳᠠᠯᠭ᠎ᠠ ᠳᠤᠷᠠᠳᠤᠭᠰᠠᠨ ᠪᠤᠢ?

ᠥᠷᠭᠡᠨ ᠣᠯᠠᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠡᠷᠬᠡ ᠠᠰᠢᠭ᠎ᠢ ᠪᠠᠲᠤᠯᠠᠬᠤ ᠵᠢᠨ ᠲᠥᠯᠥᠭᠡ᠂ 《ᠬᠠᠮᠢᠶᠠᠷᠤᠯᠲᠠ ᠵᠢᠨ ᠠᠷᠭ᠎ᠠ》᠎ᠳᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ (ᠪᠠᠭᠤᠴᠠ)᠎ᠳᠤ ᠳᠣᠣᠷᠠᠬᠢ ᠮᠡᠲᠦ ᠱᠠᠭ᠋ᠠᠷᠳᠠᠯᠭ᠎ᠠ ᠳᠤᠷᠠᠳᠪᠠ᠄

1. ᠰᠠᠭᠤᠷᠢᠨ ᠭᠠᠵᠠᠷ᠂ ᠪᠠᠭᠤᠴᠠ᠎ᠨᠢ ᠠᠵᠢᠯ᠎ᠤᠨ ᠲᠥᠯᠥᠪᠯᠡᠭᠡ ᠲᠣᠭᠲᠠᠭ᠋ᠠᠬᠤ ᠬᠡᠷᠡᠭᠲᠡᠢ ᠪᠥᠭᠡᠳ ᠭᠠᠷᠠᠭ᠎ᠤᠨ ᠰᠡᠭᠦᠯᠴᠢ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ  ᠵᠢᠨ ᠡᠳᠦᠷ᠂ ᠡᠪᠦᠯ ᠵᠤᠨ᠎ᠤ ᠠᠮᠠᠷᠠᠯᠲᠠ ᠵᠡᠷᠭᠡ ᠴᠠᠭ ᠬᠤᠭᠤᠴᠠᠭ᠋ᠠᠨ᠎ᠳᠠᠬᠢ ᠰᠤᠷᠤᠭᠴᠢᠳ᠎ᠤᠨ ᠰᠤᠳᠤᠯᠤᠨ ᠰᠤᠷᠤᠯᠴᠠᠬᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠪᠣᠳᠣᠯᠬᠢᠯᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠠᠵᠢᠯᠯᠠᠭ᠎ᠠ ᠵᠢ ᠢᠳᠡᠪᠬᠢᠲᠡᠢ ᠬᠦᠯᠢᠶᠡᠨ ᠠᠪᠬᠤ ᠬᠡᠷᠡᠭᠲᠡᠢ᠃

2. ᠰᠠᠭᠤᠷᠢᠨ ᠭᠠᠵᠠᠷ᠂ ᠪᠠᠭᠤᠴᠠ᠎ᠨᠢ ᠬᠢᠴᠢᠶᠡᠯ᠎ᠤᠨ ᠨᠡᠭᠡᠭᠡᠯᠲᠡ ᠪᠠ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠢᠴᠢᠶᠡᠯ᠎ᠤᠨ ᠳᠣᠭᠲᠠᠯᠴᠠᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠤᠢ ᠪᠦᠬᠦᠢ ᠬᠢᠴᠢᠶᠡᠯ᠎ᠢ ᠴᠥᠮ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠣᠷᠣᠨ᠎ᠤ ᠳᠡᠰ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠢ᠃

3. ᠰᠠᠭᠤᠷᠢᠨ ᠭᠠᠵᠠᠷ᠂ ᠪᠠᠭᠤᠴᠠ᠎ᠨᠢ ᠡᠳ᠋᠎ᠤᠨ ᠶᠠᠪᠤᠳᠠᠯ᠎ᠤᠨ ᠵᠢᠷᠤᠮᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠪᠡᠯᠡ ᠮᠥᠩᠭᠥ ᠵᠢᠨ ᠨᠠᠶ᠋ᠢᠳᠠᠪᠤᠷᠢᠲᠠᠢ ᠢᠷᠡᠯᠲᠡ᠎ᠲᠠᠢ ᠪᠠᠶ᠋ᠢᠵᠤ᠂ ᠡᠳᠦᠷ ᠲᠤᠲᠤᠮ᠎ᠤᠨ ᠠᠵᠢᠯᠯᠠᠭ᠋ᠠᠨ᠎ᠢ ᠪᠠᠲᠤᠯᠠᠬᠤ ᠬᠡᠷᠡᠭᠲᠡᠢ᠃ ᠨᠡᠶ᠋ᠢᠲᠡ ᠵᠢᠨ ᠠᠰᠠᠷᠠᠮᠵᠢᠲᠤ ᠴᠢᠨᠠᠷ᠎ᠢ ᠪᠠᠷᠢᠮᠲᠠᠯᠠᠵᠤ᠂ ᠰᠤᠷᠤᠭᠴᠢᠳ᠎ᠲᠤ  ᠬᠠᠨᠳᠤᠭᠤᠯᠤᠭᠰᠠᠨ ᠠᠰᠢᠭ ᠣᠯᠵᠠᠪᠤᠷᠢ᠎ᠪᠠᠷ ᠵᠣᠷᠢᠯᠭ᠎ᠠ ᠪᠣᠯᠭ᠋ᠠᠭᠰᠠᠨ ᠡᠵᠡᠩᠨᠡᠯᠲᠡ ᠵᠢᠨ ᠴᠢᠨᠠᠷᠲᠠᠢ ᠣᠷᠣᠯᠭ᠎ᠠ ᠣᠯᠵᠤ ᠪᠣᠯᠬᠤ ᠦᠭᠡᠢ᠃ ᠰᠤᠷᠤᠭᠴᠢᠳ᠎ᠠᠴᠠ ᠬᠤᠷᠢᠶᠠᠭᠰᠠᠨ ᠬᠠᠮᠢᠶ᠎ᠠ ᠪᠦᠬᠦᠢ ᠵᠠᠷᠤᠳᠠᠯ᠎ᠢ ᠲᠣᠭ᠋ᠠᠴᠠᠭ᠎ᠠ ᠬᠢᠵᠦ᠂ ᠲᠤᠰᠬᠠᠢ ᠳᠠᠩᠰᠠᠯᠠᠨ ᠬᠠᠮᠢᠶᠠᠷᠬᠤ ᠵᠢ ᠴᠢᠩᠭ᠋ᠠᠳᠬᠠᠵᠤ᠂ ᠢᠯᠡ ᠲᠣᠳᠤᠷᠬᠠᠢ ᠪᠠᠢ᠌ᠬᠤ ᠬᠡᠷᠡᠭᠲᠡᠢ᠃

4. ᠰᠠᠭᠤᠷᠢᠨ ᠭᠠᠵᠠᠷ᠂ ᠪᠠᠭᠤᠴᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠳᠣᠭᠲᠠᠭ᠋ᠠᠬᠤ ᠬᠡᠷᠡᠭᠲᠡᠢ᠃ ᠰᠤᠳᠤᠯᠤᠨ ᠰᠤᠷᠤᠯᠴᠠᠬᠤ ᠶᠠᠪᠤᠴᠠ᠎ᠳᠤ ᠬᠡᠷᠪᠡ ᠭᠤᠷᠪᠠᠳᠠᠬᠢ ᠡᠲᠡᠭᠡᠳ᠎ᠠᠴᠠ ᠵᠠᠮ ᠬᠠᠷᠢᠯᠴᠠᠭ᠎ᠠ᠂ ᠬᠣᠨᠣᠭ ᠪᠠᠭᠤᠳᠠᠯ᠂ ᠢᠳᠡᠭᠡᠨ ᠤᠮᠳᠠᠭ᠋ᠠᠨ ᠵᠡᠷᠭᠡ ᠦᠢ᠍ᠯᠡᠴᠢᠯᠡᠭᠡ ᠬᠠᠩᠭ᠋ᠠᠭᠰᠠᠨ ᠪᠣᠯ᠂ ᠲᠡᠭᠦᠨ᠎ᠤ ᠵᠣᠬᠢᠬᠤ ᠨᠥᠬᠦᠴᠡᠯ᠂ ᠬᠢᠷᠢ ᠭᠡᠮ᠂ ᠴᠢᠳᠠᠪᠤᠷᠢ ᠵᠢ ᠴᠢᠩᠭ᠎ᠠ ᠡᠵᠡᠮᠳᠡᠬᠦ  ᠵᠢᠨ ᠬᠠᠮᠲᠤ ᠭᠤᠷᠪᠠᠳᠠᠬᠢ ᠡᠲᠡᠭᠡᠳ᠎ᠠᠴᠠ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠡᠭᠦᠷᠭᠡ ᠎ᠪᠠᠨ ᠭᠦᠢ᠍ᠴᠡᠳᠬᠡᠬᠦ᠎ᠳᠤ ᠬᠢᠨᠠᠯᠲᠠ ᠲᠠᠯᠪᠢᠵᠤ᠂ ᠠᠮᠤᠷ ᠲᠦᠪᠰᠢᠨ ᠪᠠ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠠᠭᠤᠷᠢᠨ ᠭᠠᠵᠠᠷ᠂ ᠪᠠᠭᠤᠴᠠ᠎ᠨᠢ ᠡᠷᠬᠡᠪᠰᠢ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠣᠵᠤ᠂ ᠠᠵᠢᠯᠯᠠᠭ᠎ᠠ᠎ᠳᠤ ᠣᠷᠣᠯᠴᠠᠭᠰᠠᠨ ᠪᠠᠭᠰᠢ ᠰᠤᠷᠤᠭᠴᠢᠳ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠰᠠᠨᠠᠭ᠋ᠠᠨ᠎ᠳᠤ ᠦᠭᠡᠢ ᠠᠳᠠᠯ᠎ᠤᠨ ᠳᠠᠭ᠋ᠠᠳᠬᠠᠯ᠎ᠢ ᠪᠠᠭᠲᠠᠭ᠋ᠠᠨ᠎ᠠ) ᠬᠤᠳᠠᠯᠳᠤᠨ ᠠᠪᠤᠭᠰᠠᠨ ᠪᠠᠶ᠋ᠢᠳᠠᠯ ᠵᠶ᠋ᠠᠨ ᠨᠤᠲᠠᠯᠠᠵᠤ᠂ ᠰᠠᠶ᠋ᠢᠨ ᠳᠤᠷ᠎ᠠ ᠵᠢᠨ ᠵᠠᠷᠴᠢᠮ ᠶᠣᠰᠣᠭ᠋ᠠᠷ᠂ ᠰᠠᠨᠠᠭ᠋ᠠᠨ᠎ᠳᠤ ᠦᠭᠡᠢ ᠡᠨᠳᠡᠯ᠎ᠤᠨ ᠳᠠᠭ᠋ᠠᠳᠬᠠᠯ ᠦᠭᠡᠢ ᠪᠠᠭᠰᠢ ᠰᠤᠷᠤᠭᠴᠢᠳ᠎ᠲᠤ ᠬᠤᠳᠠᠯᠳᠤᠨ ᠠᠪᠴᠤ ᠥᠭᠬᠦ ᠬᠡᠷᠡᠭᠲᠡᠢ᠃

ᠲᠠᠪᠤ᠂ 《ᠠᠷᠭ᠎ᠠ》 ᠵᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ ᠰᠤᠷᠭ᠋ᠠᠭᠤᠯᠢ᠂ ᠭᠡᠷ᠎ᠤᠨ ᠠᠬᠠᠮᠠᠳ ᠪᠠ ᠰᠤᠷᠤᠭᠴᠢᠳ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠠᠵᠢᠯᠯᠠᠭ᠎ᠠ ᠥᠷᠨᠢᠭᠦᠯᠬᠦ ᠲᠤᠬᠠᠢ ᠶᠠᠮᠠᠷ ᠰᠠᠨᠠᠭᠤᠯᠭ᠎ᠠ ᠪᠠᠶ᠋ᠢᠨ᠎ᠠ

ᠥᠷᠭᠡᠨ ᠣᠯᠠᠨ ᠰᠤᠷᠤᠭᠴᠢ ᠪᠠ ᠭᠡᠷ᠎ᠤᠨ ᠠᠬᠠᠮᠠᠳ᠎ᠤᠨ ᠡᠷᠬᠡ ᠠᠰᠢᠭ᠎ᠢ ᠦᠨᠡᠨ ᠬᠦ᠌ ᠪᠠᠲᠤᠯᠠᠬᠤ ᠵᠢᠨ ᠲᠥᠯᠥᠭᠡ᠂  ᠪᠢᠳᠡ ᠰᠠᠨᠠᠭᠤᠯᠬᠤ᠎ᠨᠢ᠄

ᠨᠢᠭᠡ᠎ᠳᠤ᠂ ᠲᠣᠬᠢᠷᠠᠮᠵᠢᠲᠠᠢ ᠪᠠᠢ᠌ᠷᠢ ᠲᠠᠯᠠᠪᠤᠷ᠎ᠢ ᠰᠣᠩᠭᠣᠨ᠎ᠠ᠃ ᠵᠠᠷᠴᠢᠮ ᠳᠡᠭᠡᠷ᠎ᠡ᠎ᠪᠠᠨ᠂ ᠳᠤᠮᠳᠠᠳᠤ ᠪᠠᠭ᠎ᠠ ᠰᠤᠷᠭ᠋ᠠᠭᠤᠯᠢ ᠵᠢᠨ᠎ᠬᠢᠨ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠥᠪᠰᠢᠶᠡᠷᠡᠭᠦᠯᠵᠦ ᠮᠠᠭ᠋ᠠᠳᠯᠠᠨ ᠲᠣᠭᠲᠠᠭ᠋ᠠᠭᠰᠠᠨ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠰᠠᠭᠤᠷᠢᠨ ᠭᠠᠵᠠᠷ (ᠪᠠᠭᠤᠴᠠ) ᠪᠠ ᠵᠠᠯᠠᠭᠤᠴᠤᠳ ᠪᠠᠭ᠋ᠠᠴᠤᠳ ᠎ᠤᠨ ᠠᠵᠢᠯᠯᠠᠭ᠋ᠠᠨ᠎ᠤ ᠲᠠᠯᠠᠪᠤᠷ᠎ᠢ ᠰᠣᠩᠭᠣᠬᠤ ᠵᠢ ᠵᠣᠷᠢᠭᠵᠢᠭᠤᠯᠵᠤ᠂ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠦᠨ᠎ᠡ᠃ ᠪᠤᠰᠤᠳ ᠠᠵᠢᠯᠯᠠᠭ᠋ᠠᠨ᠎ᠤ ᠲᠠᠯᠠᠪᠤᠷ᠎ᠲᠤ ᠣᠴᠢᠵᠤ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡᠯ᠂ ᠳᠡᠭᠡᠳᠦ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠴᠢᠬᠤᠯᠠᠲᠠᠢ᠂ ᠰᠤᠷᠭ᠋ᠠᠭᠤᠯᠢ ᠪᠤᠰᠤᠳ ᠨᠡᠶ᠋ᠢᠭᠡᠮ᠎ᠤᠨ ᠪᠠᠶ᠋ᠢᠭᠤᠯᠤᠮᠵᠢ᠂  ᠵᠤᠭ᠋ᠠᠴᠠᠯ᠎ᠤᠨ ᠲᠠᠯᠠᠪᠤᠷ ᠭᠠᠵᠠᠷ᠎ᠲᠠᠢ ᠳᠤᠷ᠎ᠠ ᠎ᠪᠠᠷ ᠵᠶ᠋ᠠᠨ ᠬᠠᠷᠢᠯᠴᠠᠵᠤ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ ᠥᠷᠨᠢᠭᠦᠯᠵᠦ ᠪᠣᠯᠬᠤ ᠦᠭᠡᠢ᠂ ᠬᠣᠯᠪᠣᠭᠳᠠᠬᠤ ᠠᠰᠢᠭ ᠣᠯᠬᠤ ᠴᠢᠨᠠᠷᠲᠠᠢ ᠠᠵᠢᠯᠯᠠᠭ᠎ᠠ ᠵᠢ ᠨᠡᠩ ᠴᠤ᠌ ᠥᠷᠨᠢᠭᠦᠯᠵᠦ ᠪᠣᠯᠬᠤ ᠦᠭᠡᠢ᠃ ᠬᠡᠷᠪᠡ ᠭᠤᠷᠪᠠᠳᠠᠬᠢ ᠡᠲᠡᠭᠡᠳ᠎ᠲᠤ ᠨᠠᠶ᠋ᠢᠳᠠᠵᠤ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠠᠵᠢᠯᠯᠠᠭ᠎ᠠ ᠥᠷᠨᠢᠭᠦᠯᠬᠦ ᠴᠢᠬᠤᠯᠠᠲᠠᠢ ᠪᠣᠯ᠂ ᠬᠢᠷᠢ ᠭᠡᠮ᠎ᠲᠠᠢ᠂ ᠢᠲᠡᠭᠡᠮᠵᠢᠲᠡᠢ ᠠᠵᠤ ᠠᠬᠤᠶ᠋ᠢᠯᠠᠯ ᠪᠤᠶᠤ ᠪᠠᠶ᠋ᠢᠭᠤᠯᠤᠮᠵᠢ ᠵᠢ ᠰᠣᠩᠭᠣᠬᠤ ᠵᠢᠨ ᠬᠠᠮᠲᠤ ᠬᠡᠯᠡᠯᠴᠡᠭᠡᠷ᠎ᠤᠨ ᠪᠢᠴᠢᠭ ᠲᠣᠭᠲᠠᠵᠤ᠂ ᠠᠵᠤ ᠠᠬᠤᠶ᠋ᠢᠯᠠᠯ ᠪᠤᠶᠤ ᠪᠠᠶ᠋ᠢᠭᠤᠯᠤᠮᠵᠢ᠎ᠳᠤ ᠨᠠᠶ᠋ᠢᠳᠠᠵᠤ ᠰᠤᠷᠤᠭᠴᠢᠳ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢ ᠲᠣᠳᠤᠷᠬᠠᠢ ᠡᠭᠦᠷᠭᠡᠯᠡᠭᠦᠯᠦᠨ᠎ᠡ᠃

ᠬᠣᠶᠠᠷ᠎ᠲᠤ᠂ 《ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ》 ᠵᠠᠷᠴᠢᠮ᠎ᠢ ᠪᠠᠷᠢᠮᠲᠠᠯᠠᠨ᠎ᠠ ᠃ ᠡᠯ᠎ᠡ ᠰᠤᠷᠭ᠋ᠠᠭᠤᠯᠢ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠬᠦ᠎ᠠᠴᠠ ᠡᠮᠦᠨ᠎ᠡ 《ᠠᠵᠢᠯᠯᠠᠭ᠎ᠠ ᠲᠥᠰᠦᠯ᠎ᠲᠠᠢ᠂ ᠠᠵᠢᠯᠯᠠᠭ᠎ᠠ ᠳᠠᠩᠰᠠᠯᠠᠯ᠎ᠲᠠᠢ᠂ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠲᠠᠢ》 ᠪᠠᠢ᠌ᠬᠤ ᠬᠡᠷᠡᠭᠲᠡᠢ᠃ ᠠᠵᠢᠯᠯᠠᠭ᠎ᠠ᠎ᠠᠴᠠ ᠡᠮᠦᠨ᠎ᠡ ᠠᠵᠢᠯᠯᠠᠭ᠎ᠠ ᠵᠢᠨ ᠲᠥᠯᠥᠪᠯᠡᠭᠡ (ᠰᠤᠳᠤᠯᠤᠨ ᠰᠤᠷᠤᠯᠴᠠᠬᠤ ᠲᠥᠰᠦᠯ᠂ ᠵᠥᠪᠯᠡᠯᠴᠡᠬᠡᠷ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ ᠵᠡᠷᠭᠡ ᠵᠢ ᠪᠠᠭᠲᠠᠭ᠋ᠠᠨ᠎ᠠ) ᠵᠢ ᠬᠠᠷᠢᠶ᠎ᠠ ᠣᠷᠣᠨᠵᠢᠭᠤᠯᠬᠤ ᠵᠠᠷᠴᠢᠮ ᠶᠣᠰᠣᠭ᠋ᠠᠷ ᠳᠡᠭᠡᠳᠦ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠢ᠃ ᠰᠤᠷᠭ᠋ᠠᠭᠤᠯᠢ ᠶᠠᠪᠤᠵᠤ ᠰᠠᠭᠤᠬᠤ ᠪᠠᠭᠰᠢ ᠰᠤᠷᠤᠭᠴᠢᠳ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠰᠠᠨᠠᠭ᠋ᠠᠨ᠎ᠳᠤ ᠦᠭᠡᠢ ᠡᠨᠳᠡᠯ᠎ᠢ ᠪᠠᠭᠲᠠᠭ᠋ᠠᠨ᠎ᠠ) ᠬᠤᠳᠠᠯᠳᠤᠨ ᠠᠪᠬᠤ ᠵᠢ ᠬᠠᠷᠢᠭᠤᠴᠠᠬᠤ ᠵᠢᠨ ᠬᠠᠮᠲᠤ᠂ ᠡᠷᠭᠡᠪᠰᠢ ᠰᠤᠷᠭ᠋ᠠᠭᠤᠯᠢ ᠵᠢᠨ ᠲᠠᠯ᠎ᠠ ᠵᠢᠨ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠣᠭᠤᠯᠬᠤ ᠬᠡᠷᠡᠭᠲᠡᠢ ᠪᠥᠭᠡᠳ ᠶᠠᠪᠤᠵᠤ ᠰᠠᠭᠤᠬᠤ ᠵᠢ ᠪᠠᠲᠤᠯᠠᠬᠤ ᠵᠢ ᠲᠣᠳᠤᠷᠬᠠᠢ᠌ᠯᠠᠨ᠂ ᠬᠢᠨᠠᠨ ᠬᠠᠮᠠᠭ᠋ᠠᠯᠠᠭᠴᠢ᠎ᠳᠤ ᠨᠠᠷᠢᠨ ᠲᠣᠳᠣᠷᠬᠠᠢ ᠶᠠᠪᠤᠵᠤ ᠰᠠᠭᠤᠬᠤ ᠲᠣᠬᠢᠷᠠᠭᠤᠯᠤᠯᠲᠠ (ᠴᠠᠭ᠎ᠤᠨ ᠲᠣᠬᠢᠷᠠᠭᠤᠯᠤᠯᠲᠠ᠂ ᠶᠠᠪᠤᠵᠤ ᠰᠠᠭᠤᠬᠤ ᠵᠠᠮ ᠱᠤᠭᠤᠮ᠂ ᠵᠠᠷᠤᠳᠠᠯ᠎ᠤᠨ ᠣᠷᠣᠯᠭ᠎ᠠ ᠵᠠᠷᠤᠯᠭ᠎ᠠ᠂ ᠰᠤᠷᠤᠯᠴᠠᠬᠤ ᠠᠭᠤᠯᠭ᠎ᠠ᠂ ᠠᠵᠢᠯᠯᠠᠭ᠎ᠠ ᠵᠢᠨ ᠠᠴᠢ ᠬᠣᠯᠪᠣᠭᠳᠠᠯ ᠵᠡᠷᠭᠡ ᠵᠢ ᠪᠠᠭᠲᠠᠭ᠋ᠠᠨ᠎ᠠ) ᠵᠢ ᠤᠷᠢᠳᠴᠢᠯᠠᠨ ᠮᠡᠳᠡᠭᠳᠡᠬᠦ ᠵᠢᠨ ᠬᠠᠮᠲᠤ ᠭᠡᠷ᠎ᠤᠨ ᠠᠬᠠᠮᠠᠳ᠎ᠯᠤᠭ᠎ᠠ ᠵᠢᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠦᠰᠦᠭ ᠵᠢᠷᠤᠨ᠎ᠠ᠃

ᠭᠤᠷᠪᠠ᠎ᠳᠤ᠂ ᠥᠷᠭᠡᠨ ᠣᠯᠠᠨ ᠭᠡᠷ᠎ᠤᠨ ᠠᠬᠠᠮᠠᠳ ᠢᠯᠭ᠋ᠠᠨ ᠲᠠᠨᠢᠬᠤ ᠤᠬᠠᠮᠰᠠᠷ ᠵᠶ᠋ᠠᠨ ᠳᠡᠭᠡᠭᠰᠢᠯᠡᠭᠦᠯᠦᠨ᠎ᠡ᠃ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ ᠪᠣᠯ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠰᠤᠷᠭ᠋ᠠᠭᠤᠯᠢ᠎ᠠᠴᠠ ᠲᠥᠯᠥᠪᠯᠡᠭᠡ᠎ᠲᠠᠢ ᠵᠣᠬᠢᠶᠠᠨ ᠪᠠᠶ᠋ᠢᠭᠤᠯᠤᠨ ᠲᠣᠬᠢᠷᠠᠭᠤᠯᠵᠤ᠂ ᠬᠠᠮᠲᠤ᠎ᠳᠤ᠎ᠪᠠᠨ ᠵᠤᠭ᠋ᠠᠴᠠᠬᠤ᠂ ᠲᠥᠪᠯᠡᠷᠡᠭᠦᠯᠦᠨ ᠢᠳᠡᠵᠦ ᠤᠤᠭᠤᠬᠤ ᠬᠣᠨᠣᠵᠤ ᠬᠡᠪᠲᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠥᠷᠨᠢᠭᠦᠯᠦᠭᠰᠡᠨ ᠰᠤᠳᠤᠯᠭ᠋ᠠᠨ᠎ᠤ ᠴᠢᠨᠠᠷᠲᠠᠢ ᠰᠤᠷᠤᠯᠴᠠᠯᠭ᠎ᠠ ᠪᠠ ᠵᠤᠭ᠋ᠠᠴᠠᠯ ᠵᠶ᠋ᠠᠷ ᠪᠡᠶᠡᠴᠢᠯᠡᠨ ᠣᠶ᠋ᠢᠯᠠᠭ᠋ᠠᠬᠤ ᠵᠢ ᠤᠶᠠᠯᠳᠤᠭᠤᠯᠤᠭᠰᠠᠨ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠠᠵᠢᠯᠯᠠᠭ᠎ᠠ ᠵᠢ ᠵᠢᠭ᠋ᠠᠵᠤ ᠪᠠᠶ᠋ᠢᠨ᠎ᠠ᠂ ᠵᠠᠷᠢᠮ ᠬᠢᠷᠢ ᠭᠡᠮ ᠦᠭᠡᠢ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠠᠴᠠ ᠡᠷᠭᠢᠯᠡᠭᠰᠡᠨ ᠭᠠᠳᠠᠭᠰᠢ ᠭᠠᠷᠴᠤ ᠵᠤᠭ᠋ᠠᠴᠠᠬᠤ ᠠᠵᠢᠯᠯᠠᠭ᠎ᠠ ᠪᠣᠯ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠳᠤ ᠬᠠᠷᠢᠶᠠᠯᠠᠭᠳᠠᠬᠤ ᠦᠭᠡᠢ ᠮᠥᠷᠲᠡᠭᠡᠨ ᠠᠶᠤᠯ ᠲᠦᠭᠰᠢᠭᠦᠷᠢ᠎ᠲᠠᠢ ᠪᠠᠢ᠌ᠳᠠᠭ᠃ ᠣᠨᠴᠠᠭ᠋ᠠᠢ᠌ᠯᠠᠨ ᠠᠮᠠᠷᠠᠯᠲᠠ ᠵᠢᠨ ᠬᠤᠭᠤᠴᠠᠭ᠎ᠠ ᠣᠶ᠋ᠢᠷᠠᠲᠤᠬᠤ᠎ᠳᠤ ᠥᠷᠭᠡᠨ ᠣᠯᠠᠨ ᠭᠡᠷ᠎ᠤᠨ ᠠᠬᠠᠮᠠᠳ ᠠᠮᠠᠷᠠᠯᠲᠠ ᠵᠢᠨ ᠬᠤᠭᠤᠴᠠᠭ᠋ᠠᠨ᠎ᠤ ᠵᠤᠭ᠋ᠠᠴᠠᠨ ᠰᠤᠷᠤᠯᠴᠠᠬᠤ ᠠᠷᠭ᠎ᠠ ᠮᠠᠶᠢᠭ ᠵᠶ᠋ᠠᠨ ᠪᠣᠯᠭᠣᠮᠵᠢᠲᠠᠢ ᠰᠣᠩᠭᠣᠵᠤ᠂ ᠬᠤᠪᠢ ᠬᠥᠮᠦᠨ᠎ᠤ ᠨᠡᠷ᠎ᠡ᠎ᠪᠠᠷ ᠬᠡᠦᠬᠡᠳ᠎ᠲᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠡᠷᠭᠢᠯᠡᠭᠰᠡᠨ ᠭᠠᠳᠠᠭᠰᠢ ᠭᠠᠷᠴᠤ ᠵᠤᠭ᠋ᠠᠴᠠᠨ ᠰᠤᠷᠤᠯᠴᠠᠬᠤ ᠠᠵᠢᠯᠯᠠᠭ᠎ᠠ᠎ᠳᠤ ᠨᠡᠷ᠎ᠡ ᠮᠡᠳᠡᠭᠦᠯᠬᠦ᠎ᠳᠤ᠎ᠪᠠᠨ᠂ ᠬᠢᠷᠢ ᠭᠡᠮ᠎ᠲᠠᠢ᠂ ᠢᠲᠡᠭᠡᠯ ᠬᠦᠨᠳᠦ᠎ᠲᠠᠢ ᠠᠵᠤ ᠠᠬᠤᠶ᠋ᠢᠯᠠᠯ᠎ᠢ ᠰᠣᠩᠭᠣᠬᠤ ᠵᠢᠨ ᠬᠠᠮᠲᠤ ᠠᠵᠤ ᠠᠬᠤᠶ᠋ᠢᠯᠠᠯ᠎ᠯᠤᠭ᠎ᠠ ᠬᠡᠯᠡᠯᠴᠡᠭᠡᠷ᠎ᠤᠨ ᠪᠢᠴᠢᠭ ᠲᠣᠭᠲᠠᠵᠤ᠂ ᠠᠵᠤ ᠠᠬᠤᠶ᠋ᠢᠯᠠᠯ ᠪᠤᠶᠤ ᠪᠠᠶ᠋ᠢᠭᠤᠯᠤᠮᠵᠢ᠎ᠳᠤ ᠨᠠᠶ᠋ᠢᠳᠠᠵᠤ ᠡᠭᠦᠷᠭᠡᠯᠡᠭᠦᠯᠦᠭᠰᠡᠨ ᠰᠤᠷᠤᠭᠴᠢ ᠵᠢᠨ ᠠᠮᠤᠷ ᠲᠦᠪᠰᠢᠨ᠎ᠤ ᠬᠠᠷᠢᠭᠤᠴᠠᠯᠭ᠎ᠠ ᠵᠢ ᠲᠣᠳᠤᠷᠬᠠᠢ᠌ᠯᠠᠨ᠂ ᠲᠤᠰ ᠪᠡᠶ᠎ᠡ ᠵᠢᠨ ᠠᠰᠢᠭ ᠲᠤᠰᠠ᠎ᠳᠤ ᠬᠣᠬᠢᠷᠠᠯ ᠤᠴᠠᠷᠠᠭᠤᠯᠬᠤ᠎ᠠᠴᠠ ᠵᠠᠢ᠌ᠯᠠᠰᠬᠢᠬᠤ ᠬᠡᠷᠡᠭᠲᠡᠢ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号