ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯᠳᠤᠭ᠋ᠠᠨ᠎ᠠᠴᠠ ᠠᠵᠤ ᠠᠬᠤᠢ ᠵᠢᠨ ᠠᠵᠢᠯ᠎ᠤᠨ ᠬᠦᠴᠦᠯᠡᠬᠦ ᠴᠡᠭ᠎ᠢ ᠣᠶ᠋ᠢᠯᠠᠭ᠋ᠠᠶ᠎ᠠ
ᠨᠡᠶ᠋ᠢᠲᠡᠯᠡᠭᠰᠡᠨ ᠴᠠᠭ᠄ 2025-04-28

ᠠᠵᠢᠯ ᠣᠯᠭᠤᠯᠲᠠ᠂ ᠠᠵᠤ ᠠᠬᠤᠶ᠋ᠢᠯᠠᠯ᠂ ᠵᠠᠬ᠎ᠠ ᠳᠡᠯᠭᠡᠭᠦᠷ ᠪᠠ ᠵᠢᠱ᠌ᠢᠯᠲᠡ ᠵᠢ ᠬᠦᠴᠦᠯᠡᠨ ᠲᠣᠭᠲᠠᠪᠤᠷᠢᠵᠢᠭᠤᠯᠤᠨ᠎ᠠ

ᠲᠣᠰ ᠤᠳᠠᠭ᠎ᠠ ᠵᠢᠨ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠡᠨᠡ ᠵᠢᠯ᠎ᠠᠴᠠ ᠨᠠᠭ᠋ᠠᠰᠢ᠂ ᠮᠠᠨ᠎ᠤ ᠤᠯᠤᠰ᠎ᠤᠨ 《ᠠᠵᠤ ᠠᠬᠤᠢ ᠰᠠᠶ᠋ᠢᠵᠢᠷᠠᠬᠤ ᠬᠠᠨᠳᠤᠰᠢ᠎ᠲᠠᠢ ᠪᠣᠯᠵᠤ᠂ ᠨᠡᠶ᠋ᠢᠭᠡᠮ᠎ᠤᠨ ᠢᠲᠡᠭᠡᠯ ᠵᠣᠷᠢᠭ ᠦᠷᠭᠦᠯᠵᠢᠯᠡᠨ ᠳᠡᠭᠡᠭᠰᠢᠯᠡᠵᠦ᠂ ᠴᠢᠨᠠᠷ ᠰᠠᠶ᠋ᠢᠲᠠᠢ ᠬᠥᠭᠵᠢᠯᠲᠡ ᠯᠠᠪᠳᠠᠭᠤᠨ ᠵᠶ᠋ᠠᠷ ᠠᠬᠢᠵᠤ᠂ ᠨᠡᠶ᠋ᠢᠭᠡᠮ᠎ᠤᠨ ᠶᠡᠭᠡ ᠪᠠᠶ᠋ᠢᠳᠠᠯ ᠲᠣᠭᠲᠠᠭᠤᠨ ᠵᠶ᠋ᠠᠨ ᠪᠠᠲᠤᠯᠠᠵᠤ ᠪᠠᠶ᠋ᠢᠨ᠎ᠠ》 ᠭᠡᠰᠡᠨ ᠪᠥᠭᠡᠳ ᠠᠵᠤ ᠠᠬᠤᠢ ᠵᠢᠨ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠰᠠᠭᠤᠷᠢ ᠵᠢ ᠪᠠᠰᠠ ᠤᠯᠠᠮ ᠨᠢᠭᠡ ᠠᠯᠬᠤᠮ ᠪᠠᠲᠤᠳᠬᠠᠬᠤ ᠴᠢᠬᠤᠯᠠᠲᠠᠢ ᠪᠠᠶ᠋ᠢᠵᠤ᠂ ᠭᠠᠳᠠᠨᠠᠬᠢ ᠳᠠᠭ᠋ᠠᠷᠢᠯᠲᠠ ᠵᠢᠨ ᠨᠥᠯᠥᠭᠡ ᠨᠡᠮᠡᠭᠳᠡᠵᠦ ᠪᠠᠶ᠋ᠢᠨ᠎ᠠ ᠭᠡᠵᠡᠢ᠃

ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠵᠢᠨ ᠪᠣᠳᠣᠯᠭ᠎ᠠ ᠵᠢ ᠰᠢᠮᠳᠠᠭᠤᠯᠤᠨ ᠬᠡᠷᠡᠭᠵᠢᠭᠦᠯᠦᠨ᠎ᠡ

ᠬᠤᠷᠸ᠎ᠠ ᠲᠦᠷᠦ ᠵᠢᠨ ᠪᠣᠳᠣᠯᠭ᠎ᠠ ᠪᠣᠯ ᠠᠵᠤ ᠠᠬᠤᠢ ᠵᠢᠨ ᠲᠣᠭᠲᠠᠭᠤᠨ ᠠᠵᠢᠯᠯᠠᠭ᠋ᠠᠨ᠎ᠢ ᠪᠠᠲᠤᠯᠠᠬᠤ ᠵᠢᠨ ᠴᠢᠬᠤᠯᠠ ᠲᠦᠯᠬᠢᠴᠡ ᠬᠦᠴᠦᠨ ᠪᠣᠯᠣᠨ᠎ᠠ᠃ ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠥᠷᠥ ᠵᠢᠨ ᠪᠣᠳᠣᠯᠭ᠎ᠠ ᠵᠢ ᠰᠢᠮᠳᠠᠭᠤᠯᠤᠨ ᠬᠡᠷᠡᠭᠵᠢᠭᠦᠯᠵᠦ᠂ ᠨᠠᠩ ᠢᠳᠡᠪᠬᠢᠲᠡᠢ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶ᠋ᠢᠯᠭ᠋ᠠᠬᠤ ᠵᠣᠭᠤᠰᠤᠨ᠎ᠤ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠯᠡᠵᠦ ᠭᠦᠢ᠍ᠴᠡᠳ ᠬᠡᠷᠡᠭᠯᠡᠬᠦ ᠬᠡᠷᠡᠭᠲᠡᠢ ᠭᠡᠵᠡᠢ᠃

ᠠᠵᠤ ᠠᠬᠤᠢ ᠵᠢᠨ ᠨᠡᠮᠡᠭᠳᠡᠯ᠎ᠳᠤ ᠦᠵᠡᠭᠦᠯᠬᠦ ᠬᠡᠷᠡᠭᠯᠡᠭᠡ ᠵᠢᠨ ᠳᠠᠶ᠋ᠢᠴᠢᠯᠠᠬᠤ ᠦᠢ᠍ᠯᠡᠳᠦᠯ᠎ᠢ ᠨᠡᠮᠡᠭᠳᠡᠭᠦᠯᠦᠨ᠎ᠡ

ᠬᠡᠷᠡᠭᠯᠡᠭᠡ ᠵᠢ ᠬᠥᠭᠵᠢᠭᠡᠬᠦ ᠪᠣᠯ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠵᠢᠨ ᠴᠢᠬᠤᠯᠠ᠎ᠠᠴᠠ ᠴᠢᠬᠤᠯᠠ ᠶᠠᠪᠤᠳᠠᠯ ᠪᠣᠯᠣᠨ᠎ᠠ᠃ ᠬᠤᠷᠠᠯᠳᠤᠭ᠋ᠠᠨ ᠵᠶ᠋ᠠᠷ ᠠᠵᠤ ᠠᠬᠤᠢ ᠵᠢᠨ ᠨᠡᠮᠡᠭᠳᠡᠯ᠎ᠳᠤ ᠦᠵᠡᠭᠦᠯᠬᠦ ᠬᠡᠷᠡᠭᠯᠡᠭᠡ ᠵᠢᠨ ᠳᠠᠶ᠋ᠢᠴᠢᠯᠠᠬᠤ ᠦᠢ᠍ᠯᠡᠳᠦᠯ᠎ᠢ ᠴᠢᠩᠭ᠋ᠠᠷᠠᠭᠤᠯᠤᠨ᠎ᠠ ᠭᠡᠵᠦ ᠲᠣᠳᠣᠷᠬᠠᠢ ᠳᠤᠷᠠᠳᠴᠠᠢ᠃

ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠪᠠᠶ᠋ᠢᠭ᠋ᠠᠳ ᠬᠦᠴᠢᠷᠳᠡᠯᠲᠡᠢ ᠠᠵᠤ ᠠᠬᠤᠶ᠋ᠢᠯᠠᠯ᠎ᠢ

ᠬᠠᠪᠰᠤᠷᠤᠨ ᠲᠡᠳᠬᠦᠨ᠎ᠡ

ᠣᠳᠣᠬᠠᠨ᠎ᠳᠤ᠂ ᠭᠠᠳᠠᠭ᠋ᠠᠳᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶ᠋ᠢᠵᠤ᠂ ᠤᠯᠤᠰ᠎ᠤᠨ ᠳᠣᠲᠣᠭ᠋ᠠᠳᠤ ᠵᠢᠨ ᠪᠦᠲᠦᠮᠵᠢᠲᠡᠶ ᠬᠡᠷᠡᠭᠴᠡᠭᠡ ᠵᠢ ᠨᠡᠮᠡᠭᠳᠡᠭᠦᠯᠬᠦ ᠬᠥᠳᠡᠯᠭᠡᠭᠴᠢ ᠬᠦᠴᠦᠨ ᠬᠦᠷᠦᠯᠴᠡᠬᠦ ᠦᠭᠡᠢ ᠪᠣᠯᠣᠭᠰᠠᠨ ᠵᠶ᠋ᠠᠷ ᠬᠡᠰᠡᠭ ᠠᠵᠤ ᠠᠬᠤᠶ᠋ᠢᠯᠠᠯ᠎ᠤᠨ ᠡᠵᠡᠩᠨᠡᠯᠲᠡ᠎ᠨᠢ ᠬᠦᠴᠢᠷᠳᠡᠯ᠎ᠳᠤ ᠲᠤᠯᠭ᠋ᠠᠷᠠᠵᠤ ᠪᠠᠶ᠋ᠢᠨ᠎ᠠ᠃ ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠪᠠᠶ᠋ᠢᠭ᠋ᠠᠳ ᠬᠦᠴᠢᠷᠳᠡᠯᠲᠡᠢ ᠠᠵᠤ ᠠᠬᠤᠶ᠋ᠢᠯᠠᠯ᠎ᠢ ᠬᠠᠪᠰᠤᠷᠤᠨ ᠲᠡᠳᠬᠦᠬᠦ ᠬᠡᠷᠡᠭᠲᠡᠢ ᠭᠡᠵᠡᠢ᠃

ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠶ᠋ᠢᠷᠡᠭᠦᠯᠬᠦ ᠠᠷᠭ᠎ᠠ᠎ᠪᠠᠷ ᠬᠥᠭᠵᠢᠯᠲᠡ ᠵᠢᠨ ᠳᠤᠮᠳᠠᠬᠢ ᠠᠰᠠᠭᠤᠳᠠᠯ᠎ᠢ

ᠰᠢᠢ᠍ᠳᠪᠦᠷᠢᠯᠡᠨ᠎ᠡ

ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠲᠦᠷᠭᠡᠪᠴᠢᠯᠡᠨ ᠪᠠᠶ᠋ᠢᠭᠤᠯᠬᠤ ᠪᠣᠯ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠢ ᠰᠠᠭ᠋ᠠᠳ ᠦᠭᠡᠢ ᠨᠠᠪᠲᠠᠷᠡᠭᠦᠯᠵᠦ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠤᠨ ᠠᠬᠢᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠪᠣᠯᠣᠨ᠎ᠠ᠃ ᠬᠤᠷᠠᠯᠳᠤᠭ᠋ᠠᠨ ᠵᠶ᠋ᠠᠷ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠲᠦᠷᠭᠡᠳᠬᠡᠵᠦ᠂ ᠠᠵᠤ ᠠᠬᠤᠶ᠋ᠢᠯᠠᠯ᠎ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠋ᠠᠨ᠎ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃

ᠭᠤᠣᠯᠳᠠᠯᠭ᠎ᠠ ᠪᠣᠯᠬᠤ ᠬᠦᠷᠢᠶᠡᠨ᠎ᠳᠠᠬᠢ ᠲᠦᠭᠰᠢᠭᠦᠷᠢ ᠵᠢ ᠦᠷᠭᠦᠯᠵᠢᠯᠡᠨ ᠬᠦᠴᠦᠯᠡᠨ ᠰᠡᠷᠭᠡᠶ᠋ᠢᠯᠡᠵᠦ ᠠᠷᠢᠯᠭ᠋ᠠᠨ᠎ᠠ

ᠬᠤᠷᠠᠯᠳᠤᠭ᠋ᠠᠨ ᠵᠶ᠋ᠠᠷ ᠳᠤᠷᠠᠳᠬᠤ᠎ᠳᠤ᠎ᠪᠠᠨ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠲᠦᠷᠭᠡᠳᠬᠡᠨ ᠪᠠᠶ᠋ᠢᠭᠤᠯᠵᠤ᠂ ᠴᠢᠨᠠᠷᠯᠢᠭ ᠣᠷᠣᠨ ᠰᠠᠭᠤᠴᠠ ᠵᠢᠨ ᠬᠠᠩᠭ᠋ᠠᠯᠭ᠎ᠠ ᠵᠢ ᠨᠡᠮᠡᠭᠳᠡᠭᠦᠯᠦᠨ᠂ ᠦᠯᠡᠳᠡᠭᠡᠯ ᠲᠠᠸᠠᠷ᠎ᠤᠨ ᠭᠡᠷ ᠪᠠᠶ᠋ᠢᠰᠢᠩ᠎ᠢ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠵᠦ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠠᠶ᠋ᠢᠳᠠᠯ᠎ᠢ ᠦᠷᠭᠦᠯᠵᠢᠯᠡᠨ ᠪᠠᠬᠢᠵᠢᠭᠦᠯᠦᠨ᠎ᠡ ᠭᠡᠵᠡᠢ᠃

ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠬᠤ ᠪᠠ ᠰᠠᠶ᠋ᠢᠵᠢᠷᠠᠭᠤᠯᠤᠨ᠎ᠠ

ᠲᠦᠭ ᠲᠦᠮᠡᠨ ᠡᠵᠡᠩᠨᠡᠯᠲᠡ ᠵᠢᠨ ᠭᠤᠣᠯ ᠴᠣᠭᠴᠠ ᠪᠣᠯ ᠠᠵᠢᠯ ᠣᠯᠭᠤᠯᠲᠠ ᠵᠢᠨ ᠭᠤᠣᠯ ᠵᠢᠭᠰᠠᠭ᠋ᠠᠯ᠎ᠤᠨ ᠭᠠᠵᠠᠷ ᠪᠣᠯᠣᠨ᠎ᠠ᠃ ᠣᠶ᠋ᠢᠷ᠎ᠠ ᠵᠢᠨ ᠬᠤᠭᠤᠴᠠᠭ᠋ᠠᠨ᠎ᠳᠤ ᠠᠮᠧᠷᠢᠺᠠ ᠪᠣᠭᠤᠮᠲᠠ ᠵᠢᠨ ᠭᠠᠶ᠋ᠢᠯᠢ ᠵᠢ ᠳᠤᠷ᠎ᠠ᠎ᠪᠠᠷ ᠲᠣᠬᠢᠷᠠᠭᠤᠯᠤᠭᠰᠠᠨ᠎ᠠᠴᠠ ᠪᠣᠯᠵᠤ ᠵᠠᠷᠢᠮ ᠠᠵᠤ ᠠᠬᠤᠶ᠋ᠢᠯᠠᠯ᠎ᠢ ᠥᠷᠢᠰᠦᠯᠳᠦᠭᠡᠨ᠎ᠳᠤ ᠤᠴᠠᠷᠠᠭᠤᠯᠵᠤ ᠪᠠᠶ᠋ᠢᠨ᠎ᠠ᠃ ᠬᠤᠷᠠᠯᠳᠤᠭ᠋ᠠᠨ ᠵᠶ᠋ᠠᠷ ᠳᠤᠷᠠᠳᠬᠤ᠎ᠳᠤ᠎ᠪᠠᠨ᠂ 《ᠪᠣᠭᠤᠮᠲᠠ ᠵᠢᠨ ᠭᠠᠶ᠋ᠢᠯᠢ᠎ᠳᠤ ᠨᠡᠯᠢᠶᠡᠳ ᠶᠡᠭᠡ ᠨᠥᠯᠥᠭᠡᠯᠡᠭᠳᠡᠭᠰᠡᠨ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ᠎ᠪᠠᠷ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠦᠨ᠎ᠤ ᠪᠤᠴᠠᠭ᠋ᠠᠬᠤ ᠬᠠᠷᠢᠴᠠᠯ᠎ᠢ᠎ᠨᠢ ᠳᠡᠭᠡᠭᠰᠢᠯᠡᠭᠦᠯᠦᠨ᠎ᠡ》 ᠭᠡᠵᠡᠢ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《2025 ᠣᠨ᠎ᠤ ᠪᠥᠬᠦ ᠣᠷᠣᠨ᠎ᠤ 〈ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ〉 〈ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ〉᠎ᠤᠨ ᠠᠵᠢᠯ᠎ᠤᠨ ᠲᠥᠰᠥᠯ》᠎ᠤᠨ ᠲᠠᠶ᠋ᠢᠯᠤᠮᠵᠢ
ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ᠎ᠪᠠᠨ ᠠᠪᠤᠭᠰᠠᠨ ᠪᠠᠶ᠋ᠢᠳᠠᠯ ᠳᠣᠣᠷ᠎ᠠ ᠡᠪᠡᠳᠴᠢᠨ ᠦᠵᠡᠭᠦᠯᠬᠦ᠎ᠳᠤ ᠡᠮᠴᠢᠯᠡᠭᠡᠨ᠎ᠤ ᠳᠠᠭ᠋ᠠᠳᠬᠠᠯ ᠵᠶ᠋ᠠᠷ ᠳᠠᠩᠰᠠ ᠪᠠᠰᠠ ᠳᠡᠶ᠋ᠢᠯᠵᠦ ᠪᠣᠯᠬᠤ ᠦᠦ?
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠠᠷᠪᠠᠨ ᠳᠣᠯᠣᠭ᠋ᠠᠨ ᠰᠠᠯᠠᠭ᠎ᠠ ᠮᠥᠴᠢᠷ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ 〈ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ〉 ᠵᠢᠨ ᠬᠡᠷᠡᠭᠵᠢᠭᠦᠯᠬᠦ ᠲᠥᠰᠦᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠤᠯᠤᠰ᠎ᠤᠨ ᠨᠡᠮᠡᠭᠦᠷᠢ》 ᠦᠷᠭᠦᠯᠵᠢᠯᠡᠵᠦ ᠪᠣᠢ
 
             蒙ICP备05000248号