ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 12 ᠤᠨ ᠡᠳᠦᠷ 《〈ᠥᠨᠳᠥᠷ ᠪᠦᠲᠦᠮᠵᠢᠲᠡᠢ᠎ᠪᠡᠷ ᠨᠢᠭᠡ ᠠᠵᠢᠯ ᠶᠠᠪᠤᠳᠠᠯ᠎ᠢ ᠭᠦᠢᠴᠡᠳᠬᠡᠬᠦ〉 2026 ᠣᠨ᠎ᠤ ᠨᠢᠭᠡᠳᠦᠭᠡᠷ ᠪᠦᠯᠦᠭ᠎ᠦᠨ ᠭᠣᠣᠯᠳᠠᠯᠭ᠎ᠠ ᠪᠣᠯᠬᠤ ᠵᠦᠢᠯᠡᠰ᠎ᠦᠨ ᠨᠠᠷᠢᠨ ᠳᠠᠩᠰᠠ》 ᠶ᠋ᠢ ᠢᠯᠡ ᠨᠡᠢᠲᠡᠯᠡᠪᠡ᠂ ᠡᠭᠦᠨ᠎ᠳᠦ ᠬᠤᠪᠢ ᠬᠥᠮᠥᠨ ᠪᠠ ᠡᠵᠡᠩᠨᠡᠯᠲᠡ᠎ᠶᠢᠨ ᠭᠣᠣᠯ ᠴᠣᠭᠴᠠ᠎ᠳᠦ ᠬᠣᠯᠪᠣᠭᠳᠠᠬᠤ 13 ᠵᠦᠢᠯᠡᠰ᠎ᠢ ᠪᠠᠭᠲᠠᠭᠠᠵᠠᠢ᠃
ᠰᠢᠨ᠎ᠡ ᠨᠢᠭᠡ ᠪᠦᠯᠦᠭ᠎ᠤᠨ ᠨᠠᠷᠢᠨ ᠳᠠᠩᠰᠠ᠎ᠶᠢᠨ ᠠᠵᠤ ᠠᠬᠤᠢᠯᠠᠯ ᠪᠠ ᠬᠤᠪᠢ ᠬᠥᠮᠥᠨ᠎ᠦ ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠳᠡᠬᠢ ᠥᠨᠳᠥᠷ ᠳᠠᠪᠲᠠᠮᠵᠢᠲᠤ ᠵᠦᠢᠯᠡᠰ᠎ᠲᠤ᠄
• ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠬᠡᠯᠪᠡᠷᠢ᠎ᠶᠢᠨ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠂ ᠮᠡᠳᠡᠯᠭᠡ ᠥᠮᠴᠢᠯᠡᠬᠦ ᠡᠷᠬᠡ᠎ᠶᠢᠨ ᠬᠠᠮᠠᠭᠠᠯᠠᠯᠲᠠ᠂ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠠᠵᠢᠯᠯᠠᠭ᠎ᠠ ᠡᠷᠭᠢᠯᠡᠬᠦ ᠵᠡᠷᠭᠡ ᠬᠥᠭᠵᠢᠯᠲᠡ᠎ᠳᠦ ᠬᠦᠴᠦᠨ ᠣᠯᠭᠣᠬᠤ 《ᠶᠡᠬᠡ ᠠᠵᠢᠯ ᠶᠠᠪᠤᠳᠠᠯ》 ;
• ᠬᠡᠦᠬᠡᠳ ᠪᠣᠢᠵᠢᠭᠤᠯᠬᠤ ᠨᠡᠮᠡᠭᠦᠷᠢ ᠭᠤᠶᠤᠴᠢᠯᠠᠬᠤ᠂ ᠠᠮᠢᠳᠤᠯᠢᠭ᠋᠎ᠢᠶᠠᠷ ᠠᠵᠢᠯ ᠣᠯᠵᠤ ᠳᠠᠭᠠᠳᠬᠠᠯ᠎ᠳᠤ ᠣᠷᠣᠯᠴᠠᠬᠤ ᠵᠡᠷᠭᠡ ᠠᠮᠢᠳᠤᠷᠠᠯ᠎ᠳᠤ ᠬᠣᠯᠪᠣᠭᠳᠠᠭᠰᠠᠨ 《ᠵᠢᠵᠢᠭ᠌ ᠠᠵᠢᠯ ᠶᠠᠪᠤᠳᠠᠯ》 ;
• ᠳᠤᠮᠳᠠᠳᠤ᠎ᠳᠤ ᠢᠷᠡᠭᠰᠡᠨ ᠭᠠᠳᠠᠭᠠᠳᠤ᠎ᠶᠢᠨ ᠬᠠᠷᠢᠶᠠᠲᠤ ᠬᠥᠮᠥᠰ᠎ᠤᠨ ᠤᠲᠠᠰᠤᠨ ᠺᠠᠷᠲ ᠭᠦᠢᠴᠡᠳᠬᠡᠬᠦ᠂ ᠲᠡᠯᠡᠶ᠎ᠶᠢᠨ ᠣᠩᠭᠣᠴᠠ ᠠᠶᠠᠯᠠᠯ ᠨᠡᠪᠲᠡᠷᠡᠬᠦ ᠵᠡᠷᠭᠡ ᠨᠡᠭᠡᠭᠡᠯᠲᠡ ᠬᠢᠬᠦ᠎ᠳᠦ ᠦᠢᠯᠡᠴᠢᠯᠡᠬᠦ 《ᠰᠢᠨ᠎ᠡ ᠠᠵᠢᠯ ᠶᠠᠪᠤᠳᠠᠯ》 ᠪᠠᠭᠲᠠᠨ᠎ᠠ᠃
ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ 《〈ᠥᠨᠳᠥᠷ ᠪᠦᠲᠦᠮᠵᠢᠲᠡᠶ᠎ᠪᠡᠷ ᠨᠢᠭᠡ ᠠᠵᠢᠯ ᠶᠠᠪᠤᠳᠠᠯ᠎ᠢ ᠭᠦᠢᠴᠡᠳᠬᠡᠬᠦ〉 2026 ᠣᠨ᠎ᠤ ᠨᠢᠭᠡᠳᠦᠭᠡᠷ ᠪᠦᠯᠦᠭ᠎ᠦᠨ ᠭᠣᠣᠯᠳᠠᠯᠭ᠎ᠠ ᠪᠣᠯᠬᠤ ᠵᠦᠢᠯᠡᠰ᠎ᠦᠨ ᠨᠠᠷᠢᠨ ᠳᠠᠩᠰᠠ》᠎ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ᠎ᠳᠦ᠂ ᠰᠦᠯᠵᠢᠶ᠎ᠡ᠎ᠪᠡᠷ ᠪᠠ ᠰᠦᠯᠵᠢᠶᠡᠨ᠎ᠠᠴᠠ ᠭᠠᠳᠠᠭᠤᠷᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠭ᠎ᠠ ᠵᠠᠮ᠎ᠢ ᠨᠢᠭᠡᠳᠦᠯᠲᠡᠢ ᠲᠥᠯᠥᠪᠯᠡᠨ᠂ ᠭᠠᠵᠠᠷ ᠣᠷᠣᠨ᠎ᠤ ᠪᠠᠢᠳᠠᠯ᠎ᠳᠤ ᠨᠢ ᠲᠣᠬᠢᠷᠠᠭᠤᠯᠤᠨ ᠰᠢᠨ᠎ᠡ ᠨᠢᠭᠡ ᠪᠦᠯᠦᠭ ᠭᠣᠣᠯᠳᠠᠯᠭ᠎ᠠ ᠪᠣᠯᠬᠤ ᠵᠦᠢᠯᠡᠰ᠎ᠢ ᠨᠠᠢᠳᠠᠪᠤᠷᠢᠵᠢᠭᠤᠯᠤᠨ ᠨᠠᠷᠢᠯᠢᠭ᠍ᠵᠢᠭᠤᠯᠬᠤ᠎ᠶᠢ ᠨᠢ ᠠᠬᠢᠭᠤᠯᠵᠤ᠂ ᠨᠢᠭᠡᠨᠲᠡ ᠨᠡᠢᠲᠡᠯᠡᠭᠰᠡᠨ ᠭᠣᠣᠯᠳᠠᠯᠭ᠎ᠠ ᠪᠣᠯᠬᠤ ᠵᠦᠢᠯᠡᠰ᠎ᠦᠨ ᠦᠢᠯᠡᠴᠢᠯᠡᠭᠡ᠎ᠶᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶᠢ 《ᠭᠦᠢᠴᠡᠳᠬᠡᠵᠦ ᠳᠡᠶ᠋ᠢᠯᠬᠦ》ᠪᠠᠢᠭᠰᠠᠨ᠎ᠠᠴᠠ ᠨᠢ 《ᠭᠦᠢᠴᠡᠳᠬᠡᠬᠦ᠎ᠳᠦ ᠬᠢᠯᠪᠠᠷ᠂ ᠭᠦᠢᠴᠡᠳᠬᠡᠬᠦ᠎ᠳᠦ ᠳᠥᠭᠥᠮ》 ᠪᠣᠯᠭᠠᠨ ᠬᠤᠪᠢᠷᠠᠭᠤᠯᠬᠤ᠎ᠶᠢ ᠲᠦᠯᠬᠢᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ 《ᠥᠨᠳᠥᠷ ᠪᠦᠲᠦᠮᠵᠢᠲᠡᠢ᠎ᠪᠡᠷ ᠨᠢᠭᠡ ᠠᠵᠢᠯ ᠶᠠᠪᠤᠳᠠᠯ᠎ᠢ ᠭᠦᠢᠴᠡᠳᠬᠡᠬᠦ》ᠣᠨᠣᠯᠵᠢᠬᠤᠨ᠎ᠢᠶᠠᠨ ᠴᠢᠩᠭᠠᠳᠬᠠᠵᠤ᠂ ᠡᠵᠡᠩᠨᠡᠯᠲᠡ᠎ᠶᠢᠨ ᠭᠣᠣᠯ ᠴᠣᠭᠴᠠ ᠪᠠ ᠤᠯᠠᠨ ᠲᠦᠮᠡᠨ᠎ᠦ ᠠᠩᠬᠠᠷᠴᠤ ᠪᠠᠢᠭ᠎ᠠ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ᠎ᠢᠶᠡᠨ ᠣᠨᠴᠠᠯᠢᠭ᠋᠎ᠲᠠᠢ ᠵᠦᠢᠯᠡᠰ ᠪᠠ ᠥᠨᠳᠥᠷ ᠳᠠᠪᠲᠠᠮᠵᠢᠲᠤ ᠦᠢᠯᠡᠴᠢᠯᠡᠭᠡ᠎ᠶᠢ ᠢᠳᠡᠪᠬᠢᠲᠡᠢ ᠰᠦᠪᠡᠭᠴᠢᠯᠡᠨ ᠭᠠᠷᠭᠠᠵᠤ᠂ ᠨᠡᠩ ᠤᠯᠠᠨ ᠬᠦᠷᠢᠶ᠎ᠡ ᠨᠡᠩ ᠶᠡᠬᠡ ᠬᠡᠪᠴᠢᠶᠡᠨ᠎ᠳᠦ 《ᠥᠨᠳᠥᠷ ᠪᠦᠲᠦᠮᠵᠢᠲᠡᠢ᠎ᠪᠡᠷ ᠨᠢᠭᠡ ᠠᠵᠢᠯ ᠶᠠᠪᠤᠳᠠᠯ᠎ᠢ ᠭᠦᠢᠴᠡᠳᠬᠡᠬᠦ》᠎ᠪᠠᠨ ᠪᠡᠶᠡᠯᠡᠭᠦᠯᠬᠦ᠎ᠶᠢ ᠠᠬᠢᠭᠤᠯᠬᠤ ᠬᠡᠷᠡᠭᠲᠡᠢ᠃
ᠣᠳᠣᠬᠠᠨ ᠪᠣᠯᠲᠠᠯ᠎ᠠ᠂ ᠤᠯᠤᠰ᠎ᠤᠨ ᠲᠠᠰ ᠳᠠᠪᠬᠤᠷᠭ᠎ᠠ᠎ᠶᠢᠨ 《ᠨᠢᠭᠡ ᠠᠵᠢᠯ ᠶᠠᠪᠤᠳᠠᠯ᠎ᠢ ᠥᠨᠳᠥᠷ ᠪᠦᠲᠦᠮᠵᠢᠲᠡᠶ᠎ᠪᠡᠷ ᠭᠦᠢᠴᠡᠳᠬᠡᠬᠦ》 ᠭᠣᠣᠯᠳᠠᠯᠭ᠎ᠠ ᠪᠣᠯᠬᠤ ᠵᠦᠢᠯᠡᠰ᠎ᠦᠨ ᠨᠠᠷᠢᠨ ᠳᠠᠩᠰᠠ᠎ᠶᠢ ᠲᠠᠪᠤᠨ ᠪᠦᠯᠦᠭ ᠨᠡᠶ᠋ᠢᠲᠡ 55 ᠵᠦᠢᠯ ᠨᠡᠢᠲᠡᠯᠡᠵᠦ᠂ ᠠᠷᠠᠳ᠎ᠲᠤ ᠲᠥᠬᠥᠮ ᠦᠵᠡᠭᠦᠯᠵᠦ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠨᠠᠷᠢᠨ ᠳᠠᠩᠰᠠ᠎ᠶᠢ ᠦᠷᠭᠦᠯᠵᠢᠯᠡᠨ ᠥᠷᠭᠡᠳᠬᠡᠪᠡ᠃