ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠠᠯᠪᠠᠨ ᠮᠡᠳᠡᠭᠡ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠮᠡᠳᠡᠭᠡ》 ᠵᠢ ᠯᠠᠪᠯᠠᠨ ᠦᠵᠡᠬᠦ ᠠᠷᠭ᠎ᠠ ᠵᠠᠮ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ
ᠨᠡᠶ᠋ᠢᠲᠡᠯᠡᠭᠰᠡᠨ ᠴᠠᠭ᠄ 2024-10-11

      《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠮᠡᠳᠡᠭᠡ》 (ᠳᠣᠷᠣᠭᠰᠢ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠭᠡᠵᠦ ᠲᠣᠪᠴᠢᠯᠠᠪᠠ) ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ ᠪᠠ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ ᠨᠡᠶ᠋ᠢᠲᠡᠯᠡᠬᠦ ᠬᠠᠤᠯᠢ᠎ᠪᠠᠷ ᠲᠣᠭᠲᠠᠭ᠋ᠠᠭᠰᠠᠨ ᠠᠴᠢᠶᠠᠯᠠᠪᠤᠷᠢ ᠪᠣᠯᠣᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢᠨ ᠵᠠᠰᠠᠭ᠎ᠤᠨ ᠣᠷᠳᠣᠨ᠎ᠤ ᠵᠠᠷᠯᠢᠭ ᠨᠡᠶ᠋ᠢᠲᠡᠯᠡᠬᠦ ᠡᠷᠬᠡ ᠰᠦᠷᠲᠦ ᠠᠷᠭ᠎ᠠ ᠵᠠᠮ ᠪᠣᠯᠣᠨ᠎ᠠ᠃ ᠣᠯᠠᠨ ᠨᠡᠶ᠋ᠢᠲᠡ ᠵᠢᠨ ᠴᠠᠭ ᠲᠤᠬᠠᠢ᠎ᠳᠤ᠎ᠨᠢ ᠯᠠᠪᠯᠠᠨ ᠦᠵᠡᠬᠦ᠎ᠳᠤ ᠲᠥᠬᠦᠮ ᠦᠵᠡᠭᠦᠯᠬᠦ ᠵᠢᠨ ᠲᠤᠰᠠᠳᠠ᠂ ᠡᠳᠦᠭᠡ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠵᠢ ᠯᠠᠪᠯᠠᠨ ᠦᠵᠡᠬᠦ ᠠᠷᠭ᠎ᠠ ᠵᠠᠮ᠎ᠢ ᠳᠣᠣᠷᠠᠬᠢ ᠮᠡᠲᠦ ᠵᠠᠷᠯᠠᠶ᠎ᠠ᠃
      ᠨᠢᠭᠡ᠂ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠵᠢᠨ ᠴᠠᠭ᠋ᠠᠰᠤᠨ ᠬᠡᠪᠯᠡᠯ
      ᠨᠡᠶ᠋ᠢᠲᠡ ᠣᠯᠠᠨ ᠵᠶ᠋ᠠᠷ ᠵᠶ᠋ᠠᠨ ᠲᠣᠰ ᠭᠠᠵᠠᠷ ᠣᠷᠣᠨ᠎ᠤ᠎ᠪᠠᠨ ᠲᠠᠩᠰᠠ ᠡᠪᠬᠡᠮᠡᠯ᠎ᠤᠨ ᠣᠷᠳᠣᠨ᠂ ᠨᠣᠮ᠎ᠤᠨ ᠰᠠᠩ᠂ ᠵᠠᠰᠠᠭ᠎ᠤᠨ ᠶᠠᠪᠤᠳᠠᠯ (ᠵᠠᠰᠠᠭ ᠵᠠᠬᠢᠷᠭ᠋ᠠᠨ)᠎ᠤᠨ ᠦᠢ᠍ᠯᠡᠴᠢᠯᠡᠭᠡᠨ᠎ᠤ ᠶᠡᠭᠡ ᠲᠢᠩᠬᠢᠮ ᠵᠡᠷᠭᠡ ᠲᠠᠯᠠᠪᠤᠷ᠎ᠲᠤ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠵᠢᠨ ᠴᠠᠭ᠋ᠠᠰᠤᠨ ᠬᠡᠪᠯᠡᠯ᠎ᠳᠤ ᠨᠡᠶ᠋ᠢᠲᠡᠯᠡᠭᠰᠡᠨ ᠠᠭᠤᠯᠭ᠎ᠠ ᠵᠢ ᠯᠠᠪᠯᠠᠨ ᠦᠵᠡᠵᠦ           ᠪᠣᠯᠣᠨ᠎ᠠ᠃
      ᠬᠤᠶᠠᠷ᠂ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠵᠢᠨ ᠡᠯᠧᠺᠲᠷᠣᠨ ᠬᠡᠪᠯᠡᠯ
      ᠨᠡᠶ᠋ᠢᠲᠡ ᠣᠯᠠᠨ ᠵᠶ᠋ᠠᠷ ᠵᠶ᠋ᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠨᠡᠶ᠋ᠢᠲᠡᠯᠡᠯ》 ᠸᠢᠴᠠᠲ᠎ᠤᠨ ᠨᠡᠶ᠋ᠢᠲᠡ ᠵᠢᠨ ᠲᠠᠪᠴᠠᠩ᠎ᠳᠠᠬᠢ 《ᠵᠠᠰᠠᠭ᠎ᠤᠨ ᠣᠷᠳᠣᠨ᠎ᠤ ᠠᠯᠪᠠᠨ           ᠮᠡᠳᠡᠭᠡ》 ᠲᠤᠰᠬᠠᠢ ᠪᠤᠯᠤᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠬᠤᠳᠠᠯᠳᠤᠭ᠎ᠠ ᠵᠢᠨ ᠬᠤᠯᠪᠣᠭ᠋ᠠᠲᠦ ᠬᠤᠷᠠᠯ ᠪᠠ ᠥᠪᠥᠷ ᠮᠣᠩᠭᠤᠯ᠎ᠤᠨ ᠨᠣᠮ᠎ᠤᠨ ᠰᠠᠩ ᠵᠡᠷᠭᠡ ᠰᠠᠯᠠᠭ᠎ᠠ ᠮᠥᠴᠢᠷ ᠨᠢᠭᠡᠴᠢ ᠵᠢᠨ ᠸᠢᠴᠠᠲ᠎ᠤᠨ ᠨᠡᠶ᠋ᠢᠲᠡ ᠵᠢᠨ ᠲᠠᠪᠴᠠᠩ ᠵᠢᠴᠢ 《ᠮᠦᠩᠬᠡ ᠰᠤᠪᠠᠭ》᠂ 《ᠲᠠᠯ᠎ᠠ ᠨᠤᠲᠤᠭ᠎ᠤᠨ ᠡᠭᠦᠯᠡ》᠂ 《ᠪᠧᠨ ᠲᠧᠩ ᠬᠠᠮ ᠵᠠᠭᠤᠴᠢᠯᠠᠭᠤᠷ》 ᠵᠡᠷᠭᠡ APP᠎ᠲᠠᠬᠢ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠲᠤᠰᠬᠠᠢ ᠪᠤᠯᠤᠩ ᠵᠶ᠋ᠠᠷ ᠤᠩᠰᠢᠨ ᠡᠷᠢᠵᠦ᠂ ᠳᠠᠮᠵᠢᠭᠤᠯᠤᠨ ᠲᠠᠷᠬᠠᠭ᠋ᠠᠵᠤ᠂ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠵᠢᠨ ᠡᠯᠧᠺᠲᠷᠣᠨ ᠬᠡᠪᠯᠡᠯ᠎ᠳᠤ ᠨᠡᠶ᠋ᠢᠲᠡᠯᠡᠭᠰᠡᠨ ᠠᠭᠤᠯᠭ᠎ᠠ ᠵᠢ ᠪᠠᠭᠤᠯᠭ᠋ᠠᠨ ᠳᠠᠷᠤᠮᠠᠯᠯᠠᠵᠤ ᠪᠣᠯᠣᠨ᠎ᠠ᠃
                            2024 ᠣᠨ᠎ᠤ 9 ᠳ᠋ᠦ᠍ᠭᠡᠷ ᠰᠠᠷ᠎ᠠ ᠵᠢᠨ 20᠎ᠤ ᠡᠳᠦᠷ
     (ᠲᠣᠰ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠭᠠᠷᠴᠠᠭ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠠᠵᠢᠯ ᠣᠯᠭᠤᠯᠲᠠ ᠵᠢᠨ ᠬᠦᠷᠢᠶᠡᠨ᠎ᠳᠠᠬᠢ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ
《ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠴᠢᠨᠠᠷ ᠰᠠᠶ᠋ᠢᠲᠠᠶ ᠬᠥᠭᠵᠢᠯᠲᠡ᠎ᠪᠠᠷ ᠮᠥᠰᠥ ᠴᠠᠰᠤᠨ᠎ᠤ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠭᠢᠮ᠎ᠤᠨ ᠰᠠᠨᠠᠯ᠎ᠤᠳ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠭᠤᠣᠯᠳᠠᠯᠭ᠋ᠠᠲᠤ ᠡᠭᠦᠷᠭᠡ ᠵᠢᠨ ᠲᠤᠳᠤᠷᠬᠠᠢ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠠᠶ᠋ᠢᠽ ᠡᠪᠡᠳᠴᠢᠨ᠎ᠢ ᠬᠤᠷᠢᠨᠨᠯᠠᠨ ᠵᠤᠨᠨᠰᠤᠭ᠋ᠠᠬᠤ ᠬᠢᠬᠡᠳ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ (2025 — 2030 ᠣᠨ) ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
             蒙ICP备05000248号