ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠠᠯᠪᠠᠨ ᠮᠡᠳᠡᠭᠡ
《ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠨᠡᠷᠡᠰ》᠎ᠤᠨ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-05-20

      3 ᠳ᠋ᠤᠭ᠋ᠠᠷ ᠰᠠᠷ᠎ᠠ ᠵᠢᠨ 29᠎ᠤ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠠᠵᠢᠯ᠎ᠤᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠭᠤᠯᠤᠮᠵᠢ ᠵᠢᠨ ᠣᠷᠣᠨ ᠲᠣᠭ᠋ᠠᠨ᠎ᠤ ᠠᠯᠪᠠᠨ ᠭᠡᠷ᠎ᠤᠨ 《ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠪᠠ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠭᠤᠯᠤᠮᠵᠢ ᠲᠣᠭᠲᠠᠴᠠ ᠵᠢ ᠰᠢᠯᠢᠳᠡᠭᠵᠢᠭᠦᠯᠦᠨ ᠠᠬᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ᠎ᠤᠨ ᠲᠤᠬᠠᠢ           ᠮᠡᠳᠡᠭᠳᠡᠯ》 (ᠥᠪᠥᠷ ᠪᠠᠶ᠋ᠢᠭᠤᠯᠤᠮᠵᠢ ᠣᠷᠣᠨ ᠠᠯᠪᠠᠨ ᠲᠠᠷᠬᠠᠭ᠋ᠠᠭᠰᠠᠨ [2024] 91 ᠳ᠋ᠦ᠍ᠭᠡᠷ           ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠨᠡᠶ᠋ᠢᠭᠡᠮ᠎ᠤᠨ ᠠᠵᠢᠯ᠎ᠤᠨ ᠬᠡᠯᠲᠡᠰ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠭᠤᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠲᠣᠭᠲᠠᠭ᠋ᠠᠵᠤ᠂ ᠪᠠᠷᠢᠮᠵᠢᠶ᠎ᠠ ᠵᠢ ᠴᠢᠩᠭ᠎ᠠ ᠵᠢᠷᠤᠮᠯᠠᠨ ᠡᠮᠬᠢᠯᠡᠬᠦ ᠵᠢᠨ ᠬᠠᠮᠲᠤ ᠢᠲᠡᠭᠡᠮᠵᠢ ᠵᠢᠨ ᠬᠢᠨᠠᠨ ᠪᠠᠶ᠋ᠢᠴᠠᠭ᠋ᠠᠯᠲᠠ ᠬᠢᠵᠦ᠂ ᠵᠢᠷᠭᠤᠭ᠋ᠠᠨ ᠲᠥᠷᠥᠯ᠎ᠤᠨ 48 ᠠᠵᠤ ᠠᠬᠤᠶ᠋ᠢᠯᠠᠯ᠎ᠢ ᠪᠠᠭᠲᠠᠭ᠋ᠠᠭᠰᠠᠨ 《ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠨᠡᠷᠡᠰ》᠎ᠢ ᠭᠠᠷᠭ᠋ᠠᠪᠠ᠂ ᠪᠣᠳᠠᠲᠠᠢ᠎ᠪᠠᠷ ᠬᠡᠯᠡᠪᠡᠯ ᠳᠣᠣᠷᠠᠬᠢ ᠮᠡᠲᠦ᠄
      ᠨᠢᠭᠡ᠎ᠳᠤ᠂ ᠮᠠᠨ᠎ᠤ ᠣᠷᠣᠨ᠎ᠳᠤ ᠳᠠᠩᠰᠠᠯᠠᠭᠤᠯᠤᠭᠰᠠᠨ ᠶᠡᠷᠦᠩᠬᠡᠢ ᠬᠡᠯᠲᠡᠰ ᠬᠡᠯᠪᠡᠷᠢ ᠵᠢᠨ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠄ ᠲᠤᠬᠠᠶ᠋ᠢᠯᠠᠪᠠᠯ ᠠᠵᠤ ᠦᠢ᠍ᠯᠡᠰ᠎ᠢ ᠪᠦᠬᠦ ᠤᠯᠤᠰ᠎ᠲᠤ ᠪᠠᠶ᠋ᠢᠷᠢᠰᠢᠭᠤᠯᠵᠤ᠂ ᠶᠡᠷᠦᠩᠬᠡᠢ ᠬᠡᠯᠲᠡᠰ᠎ᠢ ᠮᠠᠨ᠎ᠤ ᠣᠷᠣᠨ᠎ᠳᠤ ᠰᠢᠯᠵᠢᠭᠦᠯᠦᠨ ᠳᠠᠩᠰᠠᠯᠠᠭᠤᠯᠤᠭᠰᠠᠨ᠂ ᠶᠡᠷᠦᠩᠬᠡᠢ ᠬᠡᠯᠲᠡᠰ᠎ᠨᠢ ᠨᠢᠭᠡᠳᠦᠯᠲᠡᠢ ᠳ᠋ᠦᠩᠨᠡᠨ ᠪᠣᠳᠣᠵᠤ᠂ ᠲᠣᠭ᠋ᠠᠴᠠᠭ᠎ᠠ ᠬᠢᠭᠰᠡᠨ ᠪᠦᠯᠦᠭᠯᠡᠯᠵᠢᠭᠰᠡᠨ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ; ᠨᠡᠶ᠋ᠢᠲᠡ 3 ᠡᠷᠦᠬᠡ ᠪᠠᠶ᠋ᠢᠵᠤ᠂ ᠡᠵᠡᠩᠨᠡᠯᠲᠡ ᠵᠢᠨ ᠣᠷᠣᠯᠭ᠎ᠠ ᠵᠢᠨ ᠳᠠᠷᠠᠭ᠋ᠠᠯᠠᠯ ᠵᠶ᠋ᠠᠷ ᠵᠢᠭᠰᠠᠭ᠋ᠠᠪᠠ᠃ ᠬᠤᠶᠠᠷ᠎ᠲᠤ᠂ ᠬᠡᠲᠦ ᠲᠣᠮᠣ ᠬᠡᠯᠪᠡᠷᠢ ᠵᠢᠨ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠄ ᠳᠠᠷᠤᠢ ᠨᠢᠭᠡᠨᠲᠡ ᠨᠡᠶ᠋ᠢᠲᠡᠯᠡᠭᠰᠡᠨ ᠳᠡᠯᠡᠬᠡᠢ ᠵᠢᠨ ᠲᠠᠪᠤᠨ ᠵᠠᠭᠤᠨ ᠬᠦᠴᠦᠷᠬᠡᠭ ᠪᠠ ᠳᠤᠮᠳᠠᠳᠤ ᠤᠯᠤᠰ᠎ᠤᠨ ᠲᠠᠪᠤᠨ ᠵᠠᠭᠤᠨ ᠬᠦᠴᠦᠷᠬᠡᠭ᠎ᠲᠤ ᠰᠣᠩᠭᠤᠭᠳᠠᠭᠰᠠᠨ ᠮᠠᠨ᠎ᠤ ᠣᠷᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ ᠵᠢᠴᠢ ᠨᠢᠭᠡᠨᠲᠡ ᠨᠡᠶ᠋ᠢᠲᠡᠯᠡᠭᠰᠡᠨ ᠵᠢᠯ᠎ᠤᠨ ᠡᠵᠡᠩᠨᠡᠯᠲᠡ ᠵᠢᠨ ᠣᠷᠣᠯᠭ᠎ᠠ᠎ᠨᠢ 150 ᠳ᠋ᠦᠩᠰᠢᠭᠤᠷ ᠲᠥᠭᠦᠷᠢᠭ᠎ᠢ ᠳᠠᠪᠠᠭᠰᠠᠨ ᠥᠪᠡᠷᠲᠡᠭᠡᠨ ᠵᠠᠰᠠᠬᠤ ᠣᠷᠣᠨ᠎ᠤ ᠵᠠᠭᠤᠨ ᠬᠦᠴᠦᠷᠬᠡᠭ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ ᠪᠣᠯᠣᠨ᠎ᠠ; ᠨᠡᠶ᠋ᠢᠲᠡ 16 ᠡᠷᠦᠬᠡ ᠪᠠᠶ᠋ᠢᠵᠤ᠂ ᠡᠵᠡᠩᠨᠡᠯᠲᠡ ᠵᠢᠨ ᠣᠷᠣᠯᠭ᠎ᠠ ᠵᠢᠨ ᠳᠠᠷᠠᠭ᠋ᠠᠯᠠᠯ ᠵᠶ᠋ᠠᠷ ᠵᠢᠭᠰᠠᠭ᠋ᠠᠪᠠ᠃ ᠭᠤᠷᠪᠠ᠎ᠳᠤ᠂ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠡᠵᠡᠨ ᠪᠣᠯᠬᠤ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠄ ᠲᠤᠬᠠᠶ᠋ᠢᠯᠠᠪᠠᠯ ᠬᠠᠮᠢᠶ᠎ᠠ ᠪᠦᠬᠦᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠯᠬᠢᠶ᠎ᠡ ᠵᠢᠨ ᠡᠵᠡᠨ ᠠᠵᠤ ᠠᠬᠤᠶ᠋ᠢᠯᠠᠯ᠎ᠢ ᠭᠤᠶᠤᠴᠢᠯᠠᠨ ᠮᠡᠳᠡᠭᠦᠯᠬᠦ ᠪᠠ ᠬᠠᠮᠢᠶᠠᠷᠬᠤ ᠠᠷᠭ᠎ᠠ》 ᠵᠢ ᠦᠨᠳᠦᠰᠦᠯᠡᠵᠦ ᠰᠣᠩᠭᠤᠭᠰᠠᠨ ᠥᠪᠡᠷᠲᠡᠭᠡᠨ ᠵᠠᠰᠠᠬᠤ ᠣᠷᠣᠨ᠎ᠤ 16 ᠵᠤᠷᠪᠤᠰ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠡᠵᠡᠨ ᠠᠵᠤ ᠠᠬᠤᠶ᠋ᠢᠯᠠᠯ ᠳᠣᠲᠣᠷᠠᠬᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ; ᠨᠡᠶ᠋ᠢᠲᠡ 8 ᠡᠷᠦᠬᠡ ᠪᠠᠶ᠋ᠢᠵᠤ᠂ ᠡᠵᠡᠩᠨᠡᠯᠲᠡ ᠵᠢᠨ ᠣᠷᠣᠯᠭ᠎ᠠ ᠵᠢᠨ ᠳᠠᠷᠠᠭ᠋ᠠᠯᠠᠯ  ᠵᠶ᠋ᠠᠷ ᠵᠢᠭᠰᠠᠭ᠋ᠠᠪᠠ᠃ ᠳᠥᠷᠪᠡ᠎ᠳᠤ᠂ ᠵᠠᠬ᠎ᠠ ᠳᠡᠯᠭᠡᠭᠦᠷ᠎ᠲᠤ ᠭᠠᠷᠤᠭᠰᠠᠨ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠄ ᠲᠤᠬᠠᠶ᠋ᠢᠯᠠᠪᠠᠯ ᠣᠲᠣ ᠪᠣᠯᠲᠠᠯ᠎ᠠ ᠮᠠᠨ᠎ᠤ ᠣᠷᠣᠨ᠎ᠤ ᠠᠷᠠᠳ᠎ᠤᠨ ᠡᠵᠡᠩᠨᠡᠯᠲᠡ ᠵᠢᠨ ᠵᠠᠬ᠎ᠠ ᠳᠡᠯᠭᠡᠭᠦᠷ᠎ᠲᠤ ᠭᠠᠷᠤᠭᠰᠠᠨ ᠠᠵᠤ ᠠᠬᠤᠶ᠋ᠢᠯᠠᠯ᠎ᠤᠨ ᠳᠣᠲᠣᠷ᠎ᠠ᠂ ᠬᠢᠯᠢ ᠵᠢᠨ ᠳᠣᠲᠣᠷᠠᠬᠢ A ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠪᠥᠭᠡᠳ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠦᠭᠰᠢᠭᠦᠷᠢ ᠵᠢ ᠬᠢᠨᠠᠨ ᠰᠢᠨᠵᠢᠬᠦ ᠨᠡᠷᠡᠰ᠎ᠲᠤ ᠣᠷᠣᠭᠤᠯᠤᠭ᠋ᠠᠳᠤᠢ ᠠᠵᠤ ᠠᠬᠤᠶ᠋ᠢᠯᠠᠯ; ᠨᠡᠶ᠋ᠢᠲᠡ 11 ᠡᠷᠦᠬᠡ ᠪᠠᠶ᠋ᠢᠵᠤ᠂ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠵᠠᠬ᠎ᠠ ᠳᠡᠯᠭᠡᠭᠦᠷ᠎ᠤᠨ ᠥᠷᠲᠡᠭ ᠵᠶ᠋ᠠᠷ ᠵᠢᠭᠰᠠᠭ᠋ᠠᠪᠠ; ᠲᠠᠪᠤ᠎ᠳᠤ᠂ ᠠᠵᠢᠯ ᠲᠥᠷᠥᠯ᠎ᠤᠨ ᠳᠠᠭ᠋ᠠᠭᠤᠯᠤᠭᠴᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠄ ᠲᠤᠬᠠᠶ᠋ᠢᠯᠠᠪᠠᠯ ᠤᠯᠤᠰ ᠠᠷᠠᠳ᠎ᠤᠨ ᠠᠵᠤ ᠠᠬᠤᠢ ᠵᠢᠨ ᠠᠵᠢᠯ ᠲᠥᠷᠥᠯ᠎ᠢ ᠬᠤᠪᠢᠶᠠᠬᠤ ᠪᠠᠷᠢᠮᠵᠢᠶ᠎ᠠ ᠵᠢ ᠦᠨᠳᠦᠰᠦᠯᠡᠨ᠂ 17 ᠠᠵᠢᠯ ᠲᠥᠷᠥᠯ᠎ᠤᠨ ᠲᠦᠷᠦᠭᠦᠤ ᠵᠢᠯ᠎ᠤᠨ ᠭᠤᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠪᠠᠷ ᠨᠢᠭᠡᠳᠦᠭᠡᠷ᠎ᠲᠤ ᠵᠢᠭᠰᠠᠭ᠋ᠠᠭᠳᠠᠭᠰᠠᠨ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ; ᠨᠡᠶ᠋ᠢᠲᠡ 4 ᠡᠷᠦᠬᠡ ᠪᠠᠶ᠋ᠢᠵᠤ᠂ ᠡᠵᠡᠩᠨᠡᠯᠲᠡ ᠵᠢᠨ ᠣᠷᠣᠯᠭ᠎ᠠ ᠵᠢᠨ ᠳᠠᠷᠠᠭ᠋ᠠᠯᠠᠯ ᠵᠶ᠋ᠠᠷ ᠵᠢᠭᠰᠠᠭ᠋ᠠᠪᠠ᠃ ᠵᠢᠷᠭᠤᠭ᠎ᠠ᠎ᠳᠤ᠂ ᠭᠤᠣᠯᠳᠠᠯᠭ᠎ᠠ᠎ᠲᠠᠢ ᠪᠣᠶ᠋ᠢᠵᠢᠭᠤᠯᠬᠤ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠄ ᠲᠤᠬᠠᠶ᠋ᠢᠯᠠᠪᠠᠯ ᠠᠶ᠋ᠢᠮᠠᠭ ᠬᠤᠲᠠ ᠲᠠᠨᠢᠯᠴᠠᠭᠤᠯᠤᠨ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠪᠤᠶᠤ ᠠᠶ᠋ᠢᠮᠠᠭ ᠬᠤᠲᠠ᠎ᠯᠤᠭ᠎ᠠ ᠪᠠᠶ᠋ᠢᠯᠳᠤᠬᠤ ᠪᠣᠳᠣᠯᠭ᠎ᠠ ᠵᠢᠨ ᠵᠥᠪᠯᠡᠯᠴᠡᠭᠡᠷ ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ᠎ᠨᠢ ᠵᠠᠭᠤᠨ ᠳ᠋ᠦᠩᠰᠢᠭᠤᠷ ᠲᠥᠭᠦᠷᠢᠭ᠎ᠠᠴᠠ ᠳᠡᠭᠡᠭᠰᠢ᠂ ᠲᠥᠰᠥᠯ᠎ᠢ ᠨᠢᠭᠡᠨᠲᠡ ᠠᠵᠢᠯ ᠡᠬᠢᠯᠡᠭᠦᠯᠦᠭᠰᠡᠨ ᠪᠤᠶᠤ ᠡᠯ᠎ᠡ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠭᠠᠷᠳᠠᠮ᠎ᠤᠨ ᠠᠬᠢᠴᠠ᠎ᠨᠢ ᠤᠷᠤᠭᠰᠢᠲᠠᠢ᠂ ᠲᠣᠭᠲᠠᠭᠰᠠᠨ ᠬᠤᠭᠤᠴᠠᠭ᠋ᠠᠨ᠎ᠳᠤ ᠨᠠᠶ᠋ᠢᠳᠠᠪᠤᠷᠢᠵᠢᠭᠤᠯᠵᠤ ᠳᠡᠶ᠋ᠢᠯᠬᠦ ᠮᠥᠷᠲᠡᠭᠡᠨ ᠨᠢᠭᠡᠨᠲᠡ ᠮᠠᠨ᠎ᠤ ᠣᠷᠣᠨ ᠎ᠳᠤ ᠳᠠᠩᠰᠠᠯᠠᠭᠤᠯᠤᠭᠰᠠᠨ ᠲᠣᠮᠣ ᠬᠡᠯᠪᠡᠷᠢ ᠵᠢᠨ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ; ᠨᠡᠶ᠋ᠢᠲᠡ 6 ᠡᠷᠦᠬᠡ ᠪᠠᠶ᠋ᠢᠵᠤ᠂ ᠪᠡᠯᠡ ᠣᠷᠣᠭᠤᠯᠤᠯᠲᠠ ᠵᠢᠨ ᠬᠡᠪᠴᠢᠶ᠎ᠡ᠎ᠪᠠᠷ ᠵᠢᠭᠰᠠᠭ᠋ᠠᠪᠠ᠃ ᠳᠡᠭᠡᠷᠡᠬᠢ ᠡᠯ᠎ᠡ ᠲᠥᠷᠥᠯ ᠳᠣᠲᠣᠷᠠᠬᠢ ᠳᠠᠪᠬᠤᠷᠳᠠᠭᠰᠠᠨ ᠠᠵᠤ ᠠᠬᠤᠶ᠋ᠢᠯᠠᠯ᠎ᠢ ᠤᠷᠢᠳ ᠵᠶ᠋ᠠᠷ ᠡᠮᠦᠨᠡᠬᠢ ᠲᠥᠷᠥᠯ ᠳᠣᠲᠣᠷ᠎ᠠ ᠢᠯᠡᠷᠡᠭᠦᠯᠦᠭᠰᠡᠨ ᠮᠥᠷᠲᠡᠭᠡᠨ ᠬᠠᠷᠭᠤᠭᠤᠯᠤᠨ ᠪᠠᠶ᠋ᠢᠴᠠᠭ᠋ᠠᠬᠤ᠎ᠪᠠᠷ ᠳᠡᠮᠵᠢᠨ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠤ ᠠᠬᠤᠶ᠋ᠢᠯᠠᠯ᠎ᠢ ᠪᠠᠭᠲᠠᠭ᠋ᠠᠭᠰᠠᠨ ᠦᠭᠡᠢ᠃
      ᠡᠳᠦᠭᠡ 《ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠨᠡᠷᠡᠰ》᠎ᠢ ᠨᠡᠶ᠋ᠢᠲᠡᠯᠡᠪᠡ᠂ ᠢᠯᠡ ᠨᠡᠶ᠋ᠢᠲᠡᠯᠡᠬᠦ ᠬᠤᠭᠤᠴᠠᠭ᠎ᠠ᠎ᠨᠢ 5 ᠠᠵᠢᠯᠯᠠᠬᠤ ᠡᠳᠦᠷ ᠪᠠᠶ᠋ᠢᠵᠤ᠂ 2024 ᠣᠨ᠎ᠤ 5 ᠳ᠋ᠤᠭ᠋ᠠᠷ ᠰᠠᠷ᠎ᠠ ᠵᠢᠨ 11᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 16᠎ᠤ ᠡᠳᠦᠷ           ᠪᠣᠯᠲᠠᠯ᠎ᠠ᠃ ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠶᠠᠮᠠᠷᠪᠠ ᠬᠤᠪᠢ ᠬᠥᠮᠥᠨ᠂ ᠨᠢᠭᠡᠴᠢ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠠᠷᠭ᠎ᠠ᠎ᠪᠠᠷ ᠰᠠᠨᠠᠯ ᠰᠠᠨᠠᠭᠤᠯᠭ᠎ᠠ᠎ᠪᠠᠨ ᠲᠤᠰᠬᠠᠵᠤ ᠪᠣᠯᠣᠨ᠎ᠠ᠃ ᠠᠰᠠᠭᠤᠳᠠᠯ᠎ᠢ ᠲᠤᠰᠬᠠᠬᠤ᠎ᠳᠤ᠎ᠪᠠᠨ ᠦᠨᠡᠨ ᠪᠣᠳᠠᠲᠠᠢ ᠦᠨᠳᠦᠰᠦ ᠪᠠᠷᠢᠮᠲᠠ᠎ᠲᠠᠢ ᠪᠠᠶ᠋ᠢᠵᠤ᠂ ᠨᠢᠭᠡᠴᠢ ᠵᠢᠨ ᠨᠡᠷ᠎ᠡ᠎ᠪᠠᠷ ᠠᠰᠠᠭᠤᠳᠠᠯ ᠲᠤᠰᠬᠠᠪᠠᠯ᠂ ᠠᠯᠪᠠᠨ ᠲᠠᠮᠠᠭ᠎ᠠ ᠳᠠᠷᠤᠬᠤ ᠬᠡᠷᠡᠭᠲᠡᠢ; ᠬᠤᠪᠢ ᠬᠥᠮᠥᠨ᠎ᠤ ᠨᠡᠷ᠎ᠡ᠎ᠪᠠᠷ ᠠᠰᠠᠭᠤᠳᠠᠯ ᠲᠤᠰᠬᠠᠪᠠᠯ᠂ ᠲᠣᠰ ᠬᠥᠮᠥᠨ᠎ᠤ ᠦᠨᠡᠨ ᠪᠣᠳᠠᠲᠠᠢ ᠣᠪᠣᠭ ᠨᠡᠷ᠎ᠡ ᠵᠢᠴᠢ ᠬᠦᠴᠦᠨ ᠪᠦᠬᠦᠢ ᠬᠠᠷᠢᠯᠴᠠᠬᠤ ᠠᠷᠭ᠎ᠠ ᠮᠠᠶᠢᠭ ᠵᠡᠷᠭᠡ ᠮᠡᠳᠡᠭᠡ ᠵᠠᠩᠭᠢ᠎ᠪᠠᠨ ᠬᠠᠩᠭ᠋ᠠᠬᠤ ᠬᠡᠷᠡᠭᠲᠡᠢ᠃ 《ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠨᠡᠷᠡᠰ》 ᠵᠢᠴᠢ ᠪᠠᠷᠢᠮᠵᠢᠶ᠎ᠠ᠎ᠳᠤ ᠪᠥᠬᠦ ᠣᠷᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠳ᠋ᠠᠶ᠋ᠢᠲ᠋ᠠ ᠵᠢᠨ ᠬᠤᠪᠢᠷᠠᠯᠲᠠ ᠵᠢ ᠦᠨᠳᠦᠰᠦᠯᠡᠨ ᠴᠠᠭ ᠲᠤᠬᠠᠢ᠎ᠳᠤ᠎ᠨᠢ ᠬᠥᠳᠡᠯᠦᠩᠭᠦᠢ ᠲᠣᠬᠢᠷᠠᠭᠤᠯᠵᠤ᠂ ᠪᠠᠷᠢᠮᠵᠢᠶ᠎ᠠ᠎ᠳᠤ ᠰᠢᠨ᠎ᠡ᠎ᠪᠠᠷ ᠬᠦᠷᠦᠭᠰᠡᠨ ᠠᠵᠤ ᠠᠬᠤᠶ᠋ᠢᠯᠠᠯ᠎ᠢ ᠴᠠᠭ ᠲᠤᠬᠠᠢ᠎ᠳᠤ᠎ᠨᠢ ᠨᠡᠷᠡᠰ᠎ᠲᠤ ᠣᠷᠣᠭᠤᠯᠵᠤ᠂ ᠪᠠᠷᠢᠮᠵᠢᠶ᠎ᠠ᠎ᠠᠴᠠ ᠳᠣᠣᠷ᠎ᠠ ᠠᠵᠤ ᠠᠬᠤᠶ᠋ᠢᠯᠠᠯ ᠪᠠ ᠵᠥᠪᠯᠡᠯᠴᠡᠭᠡᠷ ᠶᠣᠰᠣᠭ᠋ᠠᠷ ᠲᠣᠭᠲᠠᠭᠰᠠᠨ ᠬᠤᠭᠤᠴᠠᠭ᠋ᠠᠨ᠎ᠳᠤ ᠨᠠᠶ᠋ᠢᠳᠠᠪᠤᠷᠢᠵᠢᠭᠤᠯᠤᠭᠰᠠᠨ ᠦᠭᠡᠢ ᠭᠤᠣᠯᠳᠠᠯᠭ᠎ᠠ᠎ᠲᠠᠢ ᠪᠣᠶ᠋ᠢᠵᠢᠭᠤᠯᠬᠤ ᠲᠥᠷᠥᠯ᠎ᠤᠨ ᠠᠵᠤ ᠠᠬᠤᠶ᠋ᠢᠯᠠᠯ᠎ᠢ ᠨᠡᠷᠡᠰ᠎ᠠᠴᠠ ᠰᠢᠯᠵᠢᠭᠦᠯᠦᠨ ᠭᠠᠷᠭ᠋ᠠᠨ᠎ᠠ᠃
      ᠭᠥᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠲᠣᠪᠴᠢᠶᠠᠨ᠎ᠤ ᠶᠡᠷᠦᠩᠬᠡᠶ᠋ᠢᠯᠡᠭᠰᠡᠨ ᠭᠠᠵᠠᠷ
      ᠬᠠᠷᠢᠯᠴᠠᠬᠤ ᠬᠥᠮᠥᠨ ᠵᠢᠴᠢ ᠤᠲᠠᠰᠤ᠄ ᠴᠧᠨ ᠰᠧ ᠵᠧᠩ 0471-6659401
      ᠳᠠᠭ᠋ᠠᠯᠳᠤᠭᠤᠯᠤᠯ᠄ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠨᠡᠷᠡᠰ


                     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ ᠵᠢᠨ 
                     ᠠᠵᠤ ᠠᠬᠤᠢ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠲᠣᠪᠴᠢᠶ᠎ᠠ 
                       2024 ᠣᠨ᠎ᠤ 5 ᠳ᠋ᠤᠭ᠋ᠠᠷ ᠰᠠᠷ᠎ᠠ ᠵᠢᠨ 11᠎ᠤ ᠡᠳᠦᠷ


 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
             蒙ICP备05000248号