ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠠᠯᠪᠠᠨ ᠮᠡᠳᠡᠭᠡ
ᠠᠵᠢᠯ ᠣᠯᠭᠤᠯᠲᠠ ᠵᠢᠨ ᠬᠦᠷᠢᠶᠡᠨ᠎ᠳᠠᠬᠢ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ
ᠨᠡᠶ᠋ᠢᠲᠡᠯᠡᠭᠰᠡᠨ ᠴᠠᠭ᠄ 2025-01-07

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ

 

ᠥᠪᠥᠷ ᠵᠠᠰᠠᠭ ᠲᠠᠷᠬᠠᠭ᠋ᠠᠭᠰᠠᠨ [2024] 35 ᠳ᠋ᠤᠭ᠋ᠠᠷ ᠲᠣᠭ᠋ᠠᠲᠤ

 

     ᠠᠵᠢᠯ  ᠣᠯᠭᠤᠯᠲᠠ ᠵᠢᠨ ᠬᠦᠷᠢᠶᠡᠨ᠎ᠳᠠᠬᠢ ᠶᠡᠷᠦᠩᠬᠡᠶ᠋ᠢᠯᠡᠭᠰᠡᠨ  ᠥᠭᠡᠷᠡᠴᠢᠯᠡᠯᠲᠡ ᠵᠢ  ᠭᠦᠨᠵᠡᠭᠡᠶ᠋ᠢᠷᠡᠭᠦᠯᠬᠦ  ᠲᠤᠬᠠᠶ 
     ᠥᠪᠥᠷ  ᠮᠣᠩᠭᠤᠯ᠎ᠤᠨ  ᠥᠪᠡᠷᠲᠡᠭᠡᠨ  ᠵᠠᠰᠠᠬᠤ  ᠣᠷᠣᠨ᠎ᠤ  ᠠᠷᠠᠳ᠎ᠤᠨ  ᠵᠠᠰᠠᠭ᠎ᠤᠨ  ᠣᠷᠳᠣᠨ᠎ᠤ  ᠰᠠᠨᠠᠯ

 

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

ᠠᠵᠢᠯ ᠣᠯᠭᠤᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠴᠢᠨᠠᠷ ᠰᠠᠶ᠋ᠢᠲᠠᠶ ᠭᠦᠢ᠍ᠴᠡᠳ ᠠᠵᠢᠯ ᠣᠯᠭᠤᠯᠲᠠ ᠵᠢ ᠠᠬᠢᠭᠤᠯᠬᠤ ᠲᠣᠭᠲᠠᠴᠠ ᠵᠢ ᠪᠦᠷᠢᠨᠰᠢᠭᠦᠯᠬᠦ ᠵᠢᠨ ᠲᠤᠰᠠᠳᠠ᠂ ᠡᠳᠦᠭᠡ ᠠᠵᠢᠯ ᠣᠯᠭᠤᠯᠲᠠ ᠵᠢᠨ ᠬᠦᠷᠢᠶᠡᠨ᠎ᠳᠠᠬᠢ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠳᠣᠤᠷᠠᠬᠢ ᠮᠡᠲᠦ ᠰᠠᠨᠠᠯ ᠳᠤᠷᠠᠳᠪᠠ᠃

ᠨᠢᠭᠡ᠂ ᠶᠡᠷᠦᠩᠬᠡᠢ ᠱᠠᠭ᠋ᠠᠷᠳᠠᠯᠭ᠎ᠠ

ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ ᠴᠢᠩᠭ᠎ᠠ ᠨᠢᠭᠲᠠᠷᠠᠵᠤ᠂ ᠠᠵᠢᠯ ᠣᠯᠭᠤᠯᠲᠠ ᠵᠢᠨ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠬᠥᠳᠡᠯᠭᠡᠭᠴᠢ ᠬᠦᠴᠦᠨ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠯᠦᠭᠡ ᠵᠣᠬᠢᠴᠠᠭᠰᠠᠨ ᠣᠳᠣᠬᠢᠴᠢᠯᠠᠭᠰᠠᠨ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠲᠦᠷᠭᠡᠨ ᠪᠤᠢ ᠪᠣᠯᠭ᠋ᠠᠵᠤ᠂ ᠠᠵᠢᠯ ᠣᠯᠭᠤᠯᠲᠠ ᠵᠢᠨ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ᠎ᠤ ᠵᠦᠢ ᠵᠣᠬᠢᠰᠲᠠᠢ ᠨᠡᠮᠡᠭᠳᠡᠯ᠎ᠢ ᠲᠠᠰᠤᠷᠠᠯᠲᠠ ᠦᠭᠡᠢ ᠠᠬᠢᠭᠤᠯᠤᠨ᠂ ᠠᠵᠢᠯ ᠣᠯᠭᠤᠯᠲᠠ ᠵᠢᠨ ᠲᠣᠬᠢᠶᠠᠯ ᠨᠡᠩ ᠭᠦᠢ᠍ᠴᠡᠳ᠂ ᠠᠵᠢᠯ ᠣᠯᠭᠤᠯᠲᠠ ᠵᠢᠨ ᠣᠷᠴᠢᠨ ᠨᠥᠬᠦᠴᠡᠯ ᠨᠡᠩ ᠲᠥᠪ ᠭᠤᠣᠯᠴᠢ᠂ ᠠᠵᠢᠯ ᠣᠯᠭᠤᠯᠲᠠ ᠵᠢᠨ ᠪᠦᠲᠦᠴᠡ ᠨᠡᠩ ᠰᠢᠯᠢᠳᠡᠭᠵᠢᠭᠰᠡᠨ᠂ ᠠᠵᠢᠯᠲᠠᠨ ᠪᠠ ᠠᠵᠢᠯ᠎ᠤᠨ ᠪᠠᠶ᠋ᠢᠷᠢ ᠵᠢᠨ ᠲᠣᠬᠢᠷᠠᠯᠴᠠᠯ ᠨᠡᠩ ᠥᠨᠳᠥᠷ ᠪᠦᠲᠦᠮᠵᠢᠲᠡᠢ᠂ ᠬᠥᠳᠡᠯᠮᠦᠷᠢ ᠵᠢᠨ ᠬᠠᠷᠢᠴᠠᠭ᠎ᠠ ᠨᠡᠩ ᠡᠶ᠎ᠡ ᠵᠣᠬᠢᠴᠠᠩᠭᠤᠢ ᠪᠠᠶ᠋ᠢᠳᠠᠯ᠎ᠢ ᠢᠳᠡᠭ ᠢᠳᠡᠭ ᠵᠶ᠋ᠠᠷ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ᠃

ᠬᠤᠶᠠᠷ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠬᠢᠭᠡᠳ ᠠᠵᠢᠯ ᠣᠯᠭᠤᠯᠲᠠ ᠵᠢᠨ ᠠᠬᠢᠭᠤᠯᠤᠯᠲᠠ ᠵᠢᠨ ᠵᠣᠬᠢᠴᠠᠩᠭᠤᠢ᠎ᠪᠠᠷ ᠬᠤᠯᠪᠣᠭ᠋ᠠᠯᠠᠨ ᠬᠥᠳᠡᠯᠦᠯᠴᠡᠬᠦ ᠵᠢ ᠠᠬᠢᠭᠤᠯᠤᠨ᠎ᠠ

(ᠨᠢᠭᠡ) ᠠᠵᠢᠯ ᠣᠯᠭᠤᠯᠲᠠ ᠵᠢ ᠲᠡᠷᠢᠭᠦᠨ᠎ᠳᠤ ᠲᠠᠯᠪᠢᠬᠤ ᠤᠳᠤᠷᠢᠳᠤᠮᠵᠢ ᠵᠢ ᠪᠠᠲᠤᠳᠬᠠᠨ᠎ᠠ᠃ ᠴᠢᠨᠠᠷ ᠰᠠᠶ᠋ᠢᠲᠠᠶ ᠭᠦᠢ᠍ᠴᠡᠳ ᠠᠵᠢᠯ ᠣᠯᠭᠤᠯᠲᠠ ᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠡᠷᠢᠭᠦᠨ ᠬᠠᠷᠠᠯᠲᠠ ᠪᠣᠯᠭ᠋ᠠᠵᠤ᠂ ᠴᠢᠬᠤᠯᠠ ᠶᠡᠭᠡ ᠲᠥᠷᠥ ᠵᠢᠨ ᠪᠣᠳᠣᠯᠭ᠎ᠠ᠂ ᠴᠢᠬᠤᠯᠠ ᠶᠡᠭᠡ ᠲᠥᠷᠥᠯ ᠵᠦᠢ᠍ᠯ᠂ ᠴᠢᠬᠤᠯᠠ ᠶᠡᠭᠡ ᠦᠢ᠍ᠯᠡᠳᠪᠦᠷᠢᠯᠡᠯ᠎ᠤᠨ ᠬᠦᠴᠦᠨ᠎ᠤ ᠪᠠᠶ᠋ᠢᠷᠢᠰᠢᠭᠤᠯᠤᠯᠲᠠ ᠵᠢᠨ ᠠᠵᠢᠯ ᠣᠯᠭᠤᠯᠲᠠ᠎ᠳᠠᠬᠢ ᠨᠥᠯᠥᠭᠡ ᠵᠢ ᠦᠨᠡᠯᠡᠨ ᠵᠢᠱ᠌ᠢᠬᠦ ᠲᠣᠭᠲᠠᠴᠠ ᠵᠢ ᠪᠠᠶ᠋ᠢᠭᠤᠯᠵᠤ᠂ ᠠᠵᠢᠯ ᠣᠯᠭᠤᠯᠲᠠ ᠵᠢᠨ ᠲᠥᠷᠥ ᠵᠢᠨ ᠪᠣᠳᠣᠯᠭ᠎ᠠ ᠬᠢᠭᠡᠳ ᠠᠵᠤ ᠦᠢ᠍ᠯᠡᠰ᠂ ᠪᠠᠯᠠ ᠣᠷᠣᠭᠤᠯᠤᠯᠲᠠ᠂ ᠭᠠᠳᠠᠭ᠋ᠠᠳᠤ ᠠᠷᠠᠯᠵᠢᠶ᠎ᠠ᠂ ᠬᠡᠷᠡᠭᠯᠡᠭᠡ᠂ ᠮᠥᠩᠭᠦᠨ ᠭᠦᠢ᠍ᠯᠭᠡᠭᠡ ᠵᠡᠷᠭᠡ ᠲᠥᠷᠥ ᠵᠢᠨ ᠪᠣᠳᠣᠯᠭ᠎ᠠ ᠵᠢᠨ ᠵᠣᠬᠢᠴᠠᠩᠭᠤᠢ᠎ᠪᠠᠷ ᠬᠤᠯᠪᠣᠭ᠋ᠠᠯᠠᠨ ᠬᠥᠳᠡᠯᠦᠯᠴᠡᠬᠦ ᠵᠢ ᠠᠬᠢᠭᠤᠯᠤᠨ᠎ᠠ᠃ ᠠᠵᠢᠯ ᠣᠯᠭᠤᠬᠤ ᠴᠢᠳᠠᠪᠤᠷᠢ᠎ᠪᠠᠷ ᠴᠢᠩᠭ᠎ᠠ ᠠᠵᠤ ᠦᠢ᠍ᠯᠡᠰ ᠪᠠ ᠠᠵᠤ ᠠᠬᠤᠶ᠋ᠢᠯᠠᠯ᠎ᠢ ᠡᠩ ᠲᠡᠷᠢᠭᠦᠨ᠎ᠳᠤ ᠬᠥᠭᠵᠢᠭᠦᠯᠦᠨ᠂ ᠠᠵᠢᠯ ᠣᠯᠭᠤᠯᠲᠠ᠎ᠳᠠᠬᠢ ᠬᠤᠶᠠᠳᠤᠭ᠋ᠠᠷ ᠠᠵᠤ ᠦᠢ᠍ᠯᠡᠰ᠎ᠤᠨ ᠬᠤᠪᠢ ᠵᠢᠨ ᠵᠢᠩ ᠎ᠢ ᠳᠡᠭᠡᠭᠰᠢᠯᠡᠭᠦᠯᠦᠨ᠂ ᠭᠤᠷᠪᠠᠳᠤᠭ᠋ᠠᠷ ᠠᠵᠤ ᠦᠢ᠍ᠯᠡᠰ᠎ᠤᠨ ᠠᠵᠢᠯ ᠣᠯᠭᠤᠬᠤ ᠪᠠᠭᠲᠠᠭ᠋ᠠᠮᠵᠢ ᠵᠢ ᠥᠷᠭᠡᠳᠬᠡᠨ᠎ᠡ᠃ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠬᠤ ᠳᠤᠮᠳᠠ᠂ ᠪᠡᠯᠡ ᠮᠥᠩᠭᠦ᠂ ᠮᠡᠷᠭᠡᠵᠢᠯ ᠪᠠ ᠠᠵᠤ ᠦᠢ᠍ᠯᠡᠰ᠎ᠤᠨ ᠰᠢᠯᠵᠢᠯᠲᠡ ᠵᠢ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠭ᠋ᠠᠨ ᠵᠠᠯᠭ᠋ᠠᠭᠤᠯᠵᠤ᠂ ᠠᠵᠢᠯ ᠣᠯᠭᠤᠯᠲᠠ ᠵᠢᠨ ᠰᠢᠨ᠎ᠡ ᠪᠥᠭᠡᠮᠨᠡᠷᠡᠯ᠎ᠤᠨ ᠣᠷᠣᠨ ᠪᠠ ᠠᠵᠢᠯ ᠣᠯᠭᠤᠯᠲᠠ ᠵᠢᠨ ᠰᠢᠨ᠎ᠡ ᠨᠡᠮᠡᠭᠳᠡᠯ᠎ᠤᠨ ᠲᠦᠢ᠍ᠯ᠎ᠢ ᠪᠠᠶ᠋ᠢᠭᠤᠯᠤᠨ᠎ᠠ᠃

(ᠬᠤᠶᠠᠷ) ᠠᠵᠢᠯ ᠣᠯᠭᠤᠯᠲᠠ ᠵᠢᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠰᠢᠨ᠎ᠡ ᠬᠥᠳᠡᠯᠭᠡᠭᠴᠢ ᠴᠢᠳᠠᠪᠤᠷᠢ ᠵᠢ ᠪᠤᠶ᠋ᠢᠵᠢᠭᠤᠯᠤᠨ᠎ᠠ᠃ ᠤᠮᠠᠷᠠᠲᠤ ᠵᠢᠨ ᠳ᠋ᠢᠭᠢᠲ ᠠᠵᠤ ᠠᠬᠤᠢ ᠵᠢᠨ ᠬᠥᠭᠵᠢᠯᠲᠡ ᠵᠢᠨ ᠥᠨᠳᠦᠷᠯᠢᠭ᠎ᠢ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳ᠋ᠢᠭᠢᠲ ᠠᠵᠤ ᠠᠬᠤᠢ ᠵᠢᠨ ᠬᠦᠷᠢᠶᠡᠨ᠎ᠳᠠᠬᠢ ᠠᠵᠢᠯ ᠣᠯᠭᠤᠯᠲᠠ ᠵᠢᠨ ᠠᠵᠢᠯ᠎ᠤᠨ ᠪᠠᠶ᠋ᠢᠷᠢ ᠵᠢ ᠭᠦᠨᠵᠡᠭᠡᠢ ᠠᠭᠤᠳᠠᠯᠵᠤ᠂ ᠳ᠋ᠢᠭᠢᠲ ᠠᠵᠤ ᠠᠬᠤᠢ ᠵᠢᠨ ᠠᠵᠢᠯ ᠣᠯᠭᠤᠯᠲᠠ ᠵᠢᠨ ᠰᠢᠨ᠎ᠡ ᠣᠷᠣᠨ ᠵᠠᠢ ᠵᠢ ᠥᠷᠭᠡᠳᠬᠡᠨ᠎ᠡ᠃ ᠨᠡᠭᠦᠷᠡᠰᠦᠲᠥ᠋ᠷᠥᠭᠴᠢ ᠪᠠᠭ᠋ᠠᠲᠠᠢ ᠣᠷᠴᠢᠯ ᠠᠵᠤ ᠠᠬᠤᠶ᠂ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ ᠵᠡᠷᠭᠡ ᠪᠣᠬᠢᠷᠲᠤᠯ ᠥᠬᠡᠶ ᠠᠵᠤ ᠦᠢ᠍ᠯᠡᠰ᠎ᠢ ᠬᠥᠭᠵᠢᠭᠦᠯᠬᠦ ᠵᠢᠨ ᠲᠣᠭᠤᠷᠢᠨ᠎ᠳᠤ᠂ ᠠᠵᠢᠯᠴᠢᠨ ᠬᠡᠷᠡᠭᠯᠡᠬᠦ ᠦᠢ᠍ᠯᠡᠴᠢᠯᠡᠭᠡᠨ᠎ᠤ ᠵᠣᠯᠭ᠋ᠠᠯᠴᠠᠭ᠎ᠠ ᠵᠢ ᠴᠢᠩᠭ᠋ᠠᠳᠬᠠᠵᠤ᠂ ᠲᠤᠬᠠᠶ ᠵᠢᠨ ᠭᠠᠵᠠᠷ᠂ ᠣᠶ᠋ᠢᠷ᠎ᠠ ᠬᠠᠪᠢ᠎ᠳᠤ᠎ᠪᠠᠨ ᠠᠵᠢᠯ ᠤᠯᠬᠤ ᠵᠢ ᠠᠬᠢᠭᠤᠯᠤᠨ᠎ᠠ᠃ ᠡᠳ᠋᠎ᠤᠨ ᠵᠠᠰᠠᠭ ᠮᠥᠩᠭᠦᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠯᠡᠵᠦ᠂ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠰᠣᠶᠣᠯ ᠵᠢᠭᠤᠯᠴᠢᠯᠠᠯ ᠵᠡᠷᠭᠡ ᠠᠵᠤ ᠦᠢ᠍ᠯᠡᠰ᠎ᠢ ᠳᠡᠮᠵᠢᠨ ᠬᠥᠭᠵᠢᠭᠦᠯᠵᠦ᠂ ᠪᠤᠭᠤᠷᠤᠯᠴᠤᠳ᠎ᠤᠨ ᠠᠵᠤ ᠠᠬᠤᠢ᠎ᠳᠠᠬᠢ ᠠᠵᠢᠯ ᠣᠯᠭᠤᠯᠲᠠ ᠵᠢᠨ ᠰᠢᠨ᠎ᠡ ᠨᠡᠮᠡᠭᠳᠡᠯ ᠴᠡᠭ᠎ᠢ ᠰᠢᠮᠳᠠᠭᠤᠯᠤᠨ ᠪᠣᠢ ᠪᠣᠯᠭ᠋ᠠᠨ᠎ᠠ᠃

(ᠭᠤᠷᠪᠠ) ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠢ ᠶᠡᠭᠡ᠎ᠪᠠᠷ ᠬᠥᠭᠵᠢᠭᠦᠯᠦᠨ᠎ᠡ᠃ ᠨᠢᠭᠡᠳᠦᠯᠲᠡᠢ ᠪᠥᠭᠡᠳ ᠨᠡᠭᠡᠭᠡᠯᠲᠡᠲᠡᠢ᠂ ᠥᠷᠢᠰᠦᠯᠳᠦᠭᠡᠨ ᠡᠮᠬᠢ ᠳᠢᠭᠯᠢᠮ᠎ᠲᠠᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠢ ᠪᠠᠶ᠋ᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠢ ᠥᠨᠳᠥᠷ ᠪᠠᠷᠢᠮᠵᠢᠶ᠎ᠠ᠎ᠪᠠᠷ ᠪᠠᠶ᠋ᠢᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠪᠦᠲᠦᠮᠵᠢᠲᠡᠢ ᠲᠣᠬᠢᠷᠠᠯᠴᠠᠬᠤ ᠵᠢ ᠠᠬᠢᠭᠤᠯᠤᠨ᠎ᠠ᠃ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ᠎ᠳᠤ ᠨᠥᠯᠥᠭᠡᠯᠡᠬᠦ ᠬᠦᠴᠦᠨ ᠪᠦᠬᠦᠢ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠬᠤ ᠵᠢ ᠴᠢᠬᠤᠯᠠᠴᠢᠯᠠᠵᠤ᠂ ᠥᠷᠢᠰᠥᠯᠳᠦᠬᠦ ᠬᠦᠴᠦᠨ ᠪᠦᠬᠦᠢ ᠴᠢᠨᠠᠷ ᠰᠠᠶ᠋ᠢᠲᠠᠶ ᠠᠵᠤ ᠠᠬᠤᠶ᠋ᠢᠯᠠᠯ᠎ᠤᠳ᠎ᠢ ᠪᠤᠶ᠋ᠢᠵᠢᠭᠤᠯᠤᠨ᠂ ᠠᠵᠢᠯ ᠲᠥᠷᠥᠯ᠎ᠤᠨ ᠳ᠋ᠢᠭᠢᠳ᠋ᠴᠢᠯᠡᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ᠃ ᠬᠦᠮᠦᠨ᠎ᠤ ᠬᠦᠴᠣᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠳᠡᠭᠡᠳᠦ ᠦᠵᠦᠭᠦᠷ᠎ᠤᠨ ᠴᠢᠳᠡᠪᠦᠷᠢᠳᠡᠨ ᠬᠦᠮᠦᠵᠢᠬᠦᠯᠬᠦ ᠳᠥᠯᠥᠪᠯᠡᠭᠡ ᠵᠢ ᠭᠡᠷᠡᠭᠵᠢᠬᠦᠯᠵᠦ᠂ ᠬᠠᠮ ᠬᠡᠯᠪᠡᠷᠢᠲᠦ ᠳᠡᠭᠡᠳᠦ ᠳᠡᠰ ᠲᠠᠪᠬᠤᠷᠭ᠎ᠠ ᠵᠢᠨ ᠴᠢᠳᠠᠪᠤᠷᠢᠲᠠᠳ᠎ᠢ ᠬᠦᠮᠦᠵᠢᠬᠦᠯᠥᠨ᠎ᠠ᠃

ᠭᠤᠷᠪᠠ᠂ ᠪᠦᠲᠦᠴᠡ ᠵᠢᠨ ᠴᠢᠨᠠᠷᠲᠠᠶ ᠠᠵᠢᠯ ᠣᠯᠭᠤᠯᠲᠠ ᠵᠢᠨ ᠵᠥᠷᠢᠴᠡᠯ᠎ᠢ ᠬᠦᠴᠦᠯᠡᠨ ᠰᠢᠢ᠍ᠳᠪᠦᠷᠢᠯᠡᠨ᠎ᠡ

(ᠲᠦᠷᠪᠡ) ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠨᠡᠶ᠋ᠢᠴᠡᠭᠰᠡᠨ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠢ ᠬᠥᠮᠥᠵᠢᠭᠦᠯᠦᠨ᠎ᠡ᠃ ᠡᠯ᠎ᠡ ᠠᠶ᠋ᠢᠮᠠᠭ ᠬᠤᠲᠠ ᠪᠠ ᠡᠯ᠎ᠡ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠡᠰ ᠳᠠᠪᠬᠤᠷᠭ᠎ᠠ᠂ ᠲᠦᠷᠦᠯ ᠬᠡᠯᠪᠡᠷᠢ᠂ ᠬᠦᠷᠢᠶ᠎ᠡ ᠴᠠᠷᠠᠭ᠎ᠠ ᠬᠤᠪᠢᠶᠠᠭᠰᠠᠨ ᠴᠢᠳᠠᠪᠤᠷᠢᠲᠠᠨ᠎ᠤ ᠬᠡᠷᠡᠭᠴᠡᠭᠡ ᠵᠢ ᠲᠥᠰᠦᠭᠡᠯᠡᠬᠦ ᠲᠣᠭᠲᠠᠴᠠ ᠵᠢ ᠪᠠᠶ᠋ᠢᠭᠤᠯᠵᠤ᠂ ᠴᠢᠳᠠᠪᠤᠷᠢᠲᠠᠨ᠎ᠤ ᠬᠡᠷᠡᠭᠴᠡᠭᠡ ᠵᠢᠨ ᠮᠡᠳᠡᠭᠦᠯᠦᠯᠲᠡ ᠪᠠ ᠴᠢᠳᠠᠪᠤᠷᠢᠲᠠᠨ᠎ᠤ ᠬᠡᠷᠡᠭᠴᠡᠭᠡᠨ᠎ᠤ ᠭᠠᠷᠴᠠᠭ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠠᠶ᠋ᠢᠷᠠᠭᠤᠯᠤᠨ ᠵᠣᠬᠢᠶᠠᠵᠤ ᠨᠡᠶ᠋ᠢᠲᠡᠯᠡᠨ᠎ᠡ᠃ ᠵᠠᠬ᠎ᠠ ᠳᠡᠯᠭᠡᠭᠦᠷ᠎ᠤᠨ ᠬᠡᠷᠡᠭᠴᠡᠭᠡ ᠵᠢ ᠨᠢᠭᠲᠠ ᠠᠩᠬᠠᠷᠴᠤ ᠳᠡᠭᠡᠳᠦ ᠰᠤᠷᠭ᠋ᠠᠭᠤᠯᠢ ᠶᠡᠭᠡ ᠰᠤᠷᠭ᠋ᠠᠭᠤᠯᠢ ᠵᠢᠨ ᠣᠲᠣ ᠪᠠᠶ᠋ᠢᠭ᠎ᠠ ᠲᠤᠰᠬᠠᠶ ᠮᠡᠷᠭᠡᠵᠢᠯ᠎ᠢ ᠰᠢᠯᠢᠳᠡᠭᠵᠢᠭᠦᠯᠦᠨ ᠲᠣᠬᠢᠷᠠᠭᠤᠯᠵᠤ᠂ ᠰᠣᠯᠪᠢᠴᠠᠨ ᠠᠭᠤᠰᠤᠯᠴᠠᠭᠰᠠᠨ ᠲᠤᠰᠬᠠᠶ ᠮᠡᠷᠭᠡᠵᠢᠯ᠎ᠢ ᠪᠣᠶ᠋ᠢᠵᠢᠭᠤᠯᠵᠤ᠂ ᠴᠢᠳᠠᠪᠤᠷᠢᠲᠠᠨ ᠬᠥᠮᠦᠵᠢᠭᠦᠯᠬᠦ ᠬᠢᠭᠡᠳ ᠵᠠᠬ᠎ᠠ ᠳᠡᠯᠭᠡᠭᠦᠷ᠎ᠤᠨ ᠬᠡᠷᠡᠭᠴᠡᠭᠡᠨ᠎ᠤ ᠵᠣᠬᠢᠴᠠᠯᠳᠤᠯ᠎ᠢ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠤᠯᠲᠠ ᠵᠢᠨ ᠪᠠᠶ᠋ᠢᠳᠠᠯ᠎ᠢ ᠮᠥᠷᠳᠡᠨ ᠪᠠᠶ᠋ᠢᠴᠠᠭ᠋ᠠᠵᠤ᠂ ᠠᠵᠢᠯ ᠣᠯᠭᠤᠯᠲᠠ ᠵᠢᠨ ᠶᠠᠰᠤ ᠴᠢᠨᠠᠷ ᠵᠶ᠋ᠠᠷ ᠥᠨᠳᠥᠷ ᠪᠤᠰᠤ ᠲᠤᠰᠬᠠᠶ ᠮᠡᠷᠭᠡᠵᠢᠯ᠎ᠳᠤ ᠤᠯᠠᠭ᠋ᠠᠨ ᠰᠢᠷ᠎ᠠ ᠫᠠᠶ᠋ᠢᠰᠠ ᠵᠢᠨ ᠰᠠᠨᠠᠭᠤᠯᠤᠮᠵᠢ ᠥᠭᠬᠦ ᠵᠢᠨ ᠬᠠᠮᠲᠤ ᠰᠤᠷᠭ᠋ᠠᠭᠤᠯᠢ ᠡᠷᠬᠢᠯᠡᠬᠦ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠵᠣᠬᠢᠴᠠᠩᠭᠤᠶ᠎ᠪᠠᠷ ᠬᠠᠷᠭᠤᠭᠤᠯᠤᠨ ᠬᠠᠰᠤᠵᠤ᠂ ᠰᠤᠷᠤᠭᠴᠢ ᠡᠯᠰᠡᠬᠦ ᠲᠥᠯᠥᠪᠯᠡᠭᠡ ᠵᠢᠨ ᠲᠣᠬᠢᠷᠠᠭᠤᠯᠤᠯᠲᠠ ᠵᠢ ᠪᠠᠭ᠋ᠠᠰᠬᠠᠨ᠎ᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ ᠪᠠ ᠡᠩ᠎ᠤᠨ ᠰᠤᠷᠭ᠋ᠠᠨ ᠬᠥᠮᠦᠵᠢᠯ ᠠᠭᠤᠰᠤᠯᠴᠠᠨ ᠨᠡᠪᠲᠡᠷᠡᠯᠴᠡᠬᠦ᠂ ᠠᠵᠤ ᠦᠢ᠍ᠯᠡᠰ ᠪᠠ ᠰᠤᠷᠭ᠋ᠠᠨ ᠬᠥᠮᠦᠵᠢᠯ ᠠᠭᠤᠰᠤᠯᠴᠠᠨ ᠨᠡᠶ᠋ᠢᠯᠡᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠰᠤᠷᠭ᠋ᠠᠨ ᠬᠥᠮᠥᠵᠢᠯ ᠠᠭᠤᠰᠤᠯᠴᠠᠨ ᠤᠶᠠᠯᠳᠤᠬᠤ ᠵᠢ ᠠᠬᠢᠭᠤᠯᠵᠤ᠂ 《ᠠᠵᠢᠯ ᠰᠤᠷᠤᠯᠴᠠᠯᠭ᠎ᠠ ᠵᠢ ᠨᠢᠭᠡ ᠴᠤᠭᠴᠠᠵᠢᠭᠤᠯᠬᠤ》᠂ 《ᠬᠤᠤᠰ ᠡᠰᠢᠲᠦ  ᠲᠦᠷᠢᠮ》 ᠵᠡᠷᠭᠡ ᠮᠡᠷᠭᠡᠰᠢᠯᠳᠦ ᠴᠢᠳᠠᠪᠤᠷᠢᠲᠠᠨ ᠬᠥᠮᠦᠵᠢᠭᠦᠯᠬᠦ ᠬᠡᠪ᠎ᠢ ᠪᠥᠬᠦ ᠲᠠᠯ᠎ᠠ᠎ᠪᠠᠷ ᠬᠡᠷᠡᠭᠵᠢᠭᠦᠯᠵᠦ᠂ 2027 ᠣᠨ ᠪᠣᠯᠬᠤ᠎ᠳᠤ ᠮᠡᠷᠭᠡᠰᠢᠯᠲᠦ ᠴᠢᠳᠠᠪᠤᠷᠢᠲᠠᠨ᠎ᠳᠤ ᠡᠵᠡᠯᠡᠬᠦ ᠳᠡᠭᠡᠳᠦ ᠮᠡᠷᠭᠡᠰᠢᠯᠳᠦ ᠴᠢᠳᠠᠪᠤᠷᠢᠲᠠᠨ᠎ᠤ ᠬᠠᠷᠢᠴᠠᠯ᠎ᠢ 35% ᠣᠷᠴᠢᠮ ᠪᠣᠯᠲᠠᠯ᠎ᠠ ᠳᠡᠭᠡᠭᠰᠢᠯᠡᠭᠦᠯᠦᠨ᠎ᠡ᠃

(ᠲᠠᠪᠤ) ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠣᠨᠴᠠᠯᠢᠭᠲᠤ ᠬᠥᠭᠵᠢᠯᠲᠡ ᠵᠢ  ᠠᠬᠢᠭᠤᠯᠤᠨ᠎ᠠ᠃ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢᠨ ᠲᠣᠭᠤᠷᠢᠨ᠎ᠳᠤ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠢ ᠬᠥᠭᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠠᠴᠠ ᠵᠣᠬᠢᠬᠤ ᠬᠠᠷᠢᠴᠠᠯ ᠵᠶ᠋ᠠᠷ ᠬᠤᠪᠢᠶᠠᠷᠢᠯᠠᠨ ᠭᠠᠷᠭ᠋ᠠᠵᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠨ᠎ᠡ᠃ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠣᠬᠢᠷᠠᠭᠤᠯᠤᠭᠰᠠᠨ ᠳᠦᠷᠢᠮ᠎ᠤᠨ ᠲᠣᠭᠲᠠᠭ᠋ᠠᠯ᠎ᠢ ᠦᠨᠳᠦᠰᠦᠯᠡᠨ᠂ ᠨᠥᠬᠦᠴᠡᠯ᠎ᠳᠤ ᠨᠡᠶ᠋ᠢᠴᠡᠬᠦ ᠮᠠᠰᠲ᠋ᠧᠷ᠎ᠤᠨ ᠳᠡᠭᠡᠳᠦ ᠰᠤᠷᠭ᠋ᠠᠭᠤᠯᠢ ᠵᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠴᠤᠪᠤᠷᠠᠭ᠎ᠠ᠎ᠳᠤ ᠣᠷᠣᠭᠤᠯᠤᠨ᠎ᠠ᠃ ᠠᠵᠤ ᠠᠬᠤᠶ᠋ᠢᠯᠠᠯ᠎ᠨᠢ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠬᠡᠷᠡᠭᠯᠡᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ᠂ ᠠᠵᠢᠯ ᠮᠡᠷᠭᠡᠵᠢᠯ᠎ᠤᠨ ᠰᠤᠷᠭ᠋ᠠᠭᠤᠯᠢ ᠪᠠᠶ᠋ᠢᠭᠤᠯᠬᠤ ᠵᠢ ᠵᠥᠪᠰᠢᠶᠡᠷᠡᠨ᠎ᠡ᠃ ᠠᠵᠢᠯ ᠲᠦᠷᠦᠯ᠎ᠤᠨ ᠴᠢᠨᠠᠷᠲᠠᠢ᠂ ᠣᠷᠣᠨ ᠪᠦᠰᠡ ᠵᠢᠨ ᠴᠢᠨᠠᠷᠲᠠᠢ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠦᠮᠦᠵᠢᠯ᠎ᠤᠨ ᠬᠤᠯᠪᠤᠭ᠎ᠠ (ᠪᠦᠯᠦᠭᠯᠡᠯ)᠎ᠨᠤᠭᠤᠳ᠎ᠢ ᠵᠣᠬᠢᠶᠠᠨ ᠪᠠᠶ᠋ᠢᠭᠤᠯᠤᠨ᠎ᠠ᠃

(ᠵᠢᠷᠭᠤᠭ᠎ᠠ) ᠮᠡᠷᠭᠡᠰᠢᠯᠳᠦ ᠴᠢᠳᠠᠪᠤᠷᠢᠲᠠᠨ᠎ᠤ ᠬᠥᠭᠵᠢᠯᠲᠡ ᠵᠢᠨ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ᠃ 《ᠮᠡᠷᠭᠡᠰᠢᠯ ᠴᠢᠳᠠᠪᠤᠷᠢᠲᠤ ᠦᠪᠤᠷ ᠮᠣᠩᠭᠤᠯ᠎ᠤᠨ ᠠᠵᠢᠯᠯᠠᠭ᠋ᠠᠨ》᠎ᠢ ᠬᠦᠨᠵᠡᠭᠡᠶ᠋ᠢᠷᠡᠬᠦᠯᠵᠦ᠂ ᠠᠵᠦ ᠦᠢ᠍ᠯᠡᠰ᠎ᠤᠨ ᠠᠵᠢᠯᠴᠢᠨ ᠵᠡᠷᠭᠡ ᠡᠯ᠎ᠠ ᠳᠥᠷᠦᠯ᠎ᠤᠨ ᠬᠦᠮᠦᠰ᠎ᠤᠨ ᠨᠠᠰᠣᠨ ᠲᠣᠷᠰᠢᠳᠡ ᠵᠢᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠴᠢᠳᠠᠪᠤᠷᠢ ᠵᠢᠨ ᠳᠥᠷᠢᠮ᠎ᠢ ᠪᠦᠷᠢᠨᠰᠢᠬᠦᠯᠥᠨ᠎ᠠ᠃ ᠠᠵᠢᠯ ᠮᠡᠷᠭᠡᠵᠢᠯ᠎ᠤᠨ ᠬᠢᠷᠢ ᠬᠡᠮ᠂ ᠠᠵᠢᠯ ᠮᠡᠷᠭᠡᠵᠢᠯ᠎ᠤᠨ ᠵᠡᠷᠭᠡ ᠳᠡᠰ ᠬᠢᠭᠡᠳ ᠲᠡᠭᠦᠨ᠎ᠳᠤ ᠵᠣᠬᠢᠴᠠᠭᠰᠠᠨ ᠮᠡᠷᠭᠡᠵᠢᠯ᠎ᠤᠨ ᠴᠣᠯᠠ᠂ ᠰᠤᠷᠤᠯᠭ᠎ᠠ ᠵᠢᠨ ᠨᠠᠮᠲᠠᠷ᠎ᠢ ᠬᠤᠤᠰ ᠴᠢᠭᠯᠡᠯ ᠵᠶ᠋ᠠᠷ ᠬᠠᠷᠢᠴᠠᠭᠤᠯᠤᠨ ᠦᠨᠡᠮᠰᠢᠬᠦ ᠵᠢ ᠠᠬᠢᠭᠤᠯᠵᠤ᠂ ᠣᠷᠣᠨ ᠨᠤᠲᠤᠭ᠎ᠤᠨ ᠣᠨᠴᠠᠯᠢᠭ ᠪᠦᠬᠦᠢ ᠰᠢᠨ᠎ᠡ ᠠᠵᠢᠯ ᠮᠡᠷᠭᠡᠵᠢᠯ᠎ᠤᠨ ᠴᠤᠪᠤᠷᠠᠭ᠎ᠠ ᠵᠢ ᠠᠭᠤᠳᠠᠯᠤᠨ ᠪᠤᠶ᠋ᠢᠵᠢᠭᠤᠯᠤᠨ᠎ᠠ᠃ ᠪᠦᠬᠦ ᠣᠷᠣᠨ᠎ᠤ ᠠᠵᠢᠯ ᠮᠡᠷᠭᠡᠵᠢᠯ᠎ᠤᠨ ᠴᠢᠳᠠᠪᠦᠷᠢ ᠵᠢᠨ ᠤᠷᠤᠯᠳᠤᠭ᠋ᠠᠨ ᠵᠶ᠋ᠠᠷ ᠲᠣᠯᠣᠭ᠋ᠠᠶ᠋ᠢᠯᠠᠭᠤᠯᠤᠭᠰᠠᠨ 《1+N》 ᠮᠥᠷᠥᠶ᠋ᠢᠴᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠵᠦ᠂ ᠤᠷᠤᠯᠳᠤᠭ᠋ᠠᠨ᠎ᠤ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠮᠡᠷᠭᠡᠰᠢᠯᠲᠦ ᠴᠢᠳᠠᠪᠤᠷᠢᠲᠠᠨ᠎ᠢ ᠰᠣᠩᠭᠤᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠥᠬᠢᠭᠦᠯᠦᠨ ᠱᠠᠩᠨᠠᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ᠃

(ᠳᠤᠯᠤᠭ᠎ᠠ) ᠮᠡᠷᠭᠡᠰᠢᠯ ᠵᠶ᠋ᠠᠷ ᠠᠵᠤ ᠠᠬᠤᠶ᠋ᠢᠯᠠᠯ᠎ᠢ ᠬᠦᠴᠦᠷᠬᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢ᠍ᠯ᠂ ᠰᠢᠨ᠎ᠡ᠎ᠪᠠᠷ ᠪᠠᠶ᠋ᠢᠭᠤᠯᠤᠭᠳᠠᠭᠰᠠᠨ ᠠᠵᠤ ᠠᠬᠤᠶ᠋ᠢᠯᠠᠯ ᠪᠠ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠪᠠᠴᠢᠮ ᠱᠠᠭ᠋ᠠᠷᠳᠠᠭᠳᠠᠵᠤ ᠳᠤᠲᠠᠭᠳᠠᠵᠤ ᠪᠠᠶ᠋ᠢᠭ᠎ᠠ ᠴᠢᠳᠠᠪᠤᠷᠢᠲᠠᠨ ᠵᠡᠷᠭᠡ ᠵᠢᠨ ᠲᠣᠭᠤᠷᠢᠨ᠎ᠳᠤ᠂ ᠠᠵᠤ ᠠᠬᠤᠶ᠋ᠢᠯᠠᠯ᠂ ᠶᠡᠭᠡ ᠳᠡᠭᠡᠳᠦ ᠰᠤᠷᠭ᠋ᠠᠭᠤᠯᠢ᠂ ᠣᠯᠠᠨ ᠨᠡᠶ᠋ᠢᠲᠡ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠬᠠᠮᠲᠤᠷᠠᠯᠴᠠᠭ᠎ᠠ ᠎ᠪᠠᠨ ᠴᠢᠩᠭ᠋ᠠᠳᠬᠠᠵᠤ᠂ ᠵᠠᠬᠢᠶᠠᠯᠠᠭ᠎ᠠ ᠵᠢᠨ᠂ ᠬᠠᠨᠳᠤᠯᠭ᠎ᠠ᠎ᠲᠠᠢ᠂ ᠠᠵᠢᠯ᠎ᠤᠨ ᠪᠠᠶ᠋ᠢᠷᠢ ᠲᠣᠭᠲᠠᠭ᠋ᠠᠭᠰᠠᠨ ᠪᠣᠯᠪᠠᠰᠤᠷᠠᠯ᠎ᠢ ᠥᠷᠨᠢᠭᠦᠯᠵᠦ᠂ ᠲᠣᠭᠲᠠᠭ᠋ᠠᠯ ᠶᠣᠰᠣᠭ᠋ᠠᠷ ᠪᠣᠯᠪᠠᠰᠤᠷᠠᠯ᠎ᠤᠨ ᠨᠡᠮᠡᠭᠦᠷᠢ ᠣᠯᠭᠤᠨ᠎ᠠ᠃ ᠠᠵᠤ ᠠᠬᠤᠶ᠋ᠢᠯᠠᠯ᠎ᠢ ᠵᠢᠯᠣᠭᠤᠳᠴᠤ ᠪᠠᠶ᠋ᠢᠭ᠋ᠠᠳ ᠠᠵᠢᠯ ᠮᠡᠷᠭᠡᠵᠢᠯ᠎ᠤᠨ ᠴᠢᠳᠠᠪᠤᠷᠢ ᠵᠢᠨ ᠵᠡᠷᠭᠡ ᠳᠡᠰ᠎ᠢ ᠪᠡᠶ᠎ᠡ᠎ᠪᠠᠨ ᠳᠠᠭ᠋ᠠᠭ᠋ᠠᠵᠤ ᠦᠨᠡᠯᠡᠬᠦ᠂ ᠣᠨᠴᠠ ᠲᠡᠰ᠎ᠤᠨ ᠮᠠᠰᠲ᠋ᠧᠷ ᠪᠠ ᠲᠡᠷᠢᠭᠦᠨ ᠮᠠᠰᠲ᠋ᠧᠷ᠎ᠢ ᠦᠨᠡᠯᠡᠨ ᠤᠷᠢᠬᠤ ᠠᠵᠢᠯ ᠥᠷᠨᠢᠭᠦᠯᠦᠨ᠎ᠡ᠃ ᠠᠵᠤ ᠠᠬᠤᠶ᠋ᠢᠯᠠᠯ᠎ᠤᠨ ᠪᠠᠶ᠋ᠢᠭᠤᠯᠤᠭᠰᠠᠨ ᠬᠥᠳᠡᠯᠮᠦᠷᠢ ᠵᠢᠨ ᠵᠢᠱ᠌ᠢᠶᠡᠴᠢ ᠤᠷᠠᠴᠤᠳ᠎ᠤᠨ ᠰᠢᠨ᠎ᠡ ᠡᠭᠦᠳᠦᠯᠲᠡ ᠵᠢᠨ  ᠠᠵᠢᠯ᠎ᠤᠨ ᠲᠠᠰᠤᠭ᠂ ᠮᠡᠷᠭᠡᠰᠢᠯᠲᠦ ᠮᠠᠰᠲ᠋ᠧᠷ᠎ᠤᠨ ᠠᠵᠢᠯ᠎ᠤᠨ ᠲᠠᠰᠤᠭ ᠪᠠ ᠳᠡᠭᠡᠳᠦ ᠮᠡᠷᠭᠡᠰᠢᠯᠲᠦ ᠴᠢᠳᠠᠪᠤᠷᠢᠲᠠᠨ ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠲᠤ ᠲᠣᠭᠲᠠᠭ᠋ᠠᠯ ᠶᠣᠰᠣᠭ᠋ᠠᠷ ᠪᠡᠯᠡ ᠮᠥᠩᠭᠦᠨ᠎ᠤ ᠳᠡᠮᠵᠢᠯᠭᠡ ᠦᠵᠡᠭᠦᠯᠦᠨ᠎ᠡ᠃ ᠠᠵᠤ ᠠᠬᠤᠶ᠋ᠢᠯᠠᠯ᠎ᠢ ᠵᠢᠯᠣᠭᠤᠳᠴᠤ ᠪᠠᠶ᠋ᠢᠭ᠋ᠠᠳ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠲᠣᠭᠲᠠᠭ᠋ᠠᠯ ᠶᠣᠰᠣᠭ᠋ᠠᠷ ᠭᠦᠢ᠍ᠴᠡᠳ ᠲᠤᠭ᠎ᠠ᠎ᠪᠠᠷ ᠭᠠᠷᠭ᠋ᠠᠨ ᠠᠪᠬᠤ ᠪᠠ ᠬᠡᠷᠡᠭᠯᠡᠭᠦᠯᠵᠦ᠂ 60%᠎ᠠᠴᠠ ᠳᠡᠭᠡᠭᠰᠢᠬᠢ ᠵᠠᠷᠤᠳᠠᠯ᠎ᠢ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠎ᠤ ᠬᠥᠮᠦᠵᠢᠯ ᠪᠣᠯᠪᠠᠰᠤᠷᠠᠯ᠎ᠳᠤ ᠬᠡᠷᠡᠭᠯᠡᠬᠦ ᠵᠢ ᠪᠠᠲᠤᠯᠠᠨ᠎ᠠ᠃

ᠳᠥᠷᠪᠡ᠂ ᠭᠤᠤᠯᠳᠠᠯᠭ᠎ᠠ᠎ᠲᠠᠢ ᠬᠦᠮᠦᠰ᠎ᠤᠨ ᠠᠵᠢᠯ ᠣᠯᠭᠤᠯᠲᠠ ᠵᠢ ᠳᠡᠮᠵᠢᠬᠦ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ

(ᠨᠠᠢ᠍ᠮᠠ) ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠤᠯᠲᠠ ᠵᠢ ᠠᠬᠢᠭᠤᠯᠤᠨ᠎ᠠ᠃ ᠲᠡᠷᠢᠭᠦᠨ᠎ᠤ ᠦᠢ᠍ᠯᠡᠳᠬᠦ ᠦᠢ᠍ᠯᠡᠰ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠪᠠ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠨᠡᠶ᠋ᠢᠭᠡᠮ᠎ᠤᠨ ᠠᠵᠢᠯ᠂ ᠬᠠᠤᠯᠢ ᠴᠠᠭ᠋ᠠᠵᠠ ᠵᠢᠨ ᠲᠤᠰᠠᠯᠠᠮᠵᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠤᠰᠠᠯᠠᠭᠴᠢ ᠵᠡᠷᠭᠡ ᠠᠵᠢᠯ᠎ᠤᠨ ᠪᠠᠶ᠋ᠢᠷᠢ ᠵᠢ ᠭᠦᠨᠵᠡᠭᠡᠢ ᠠᠭᠤᠳᠠᠯᠤᠨ᠎ᠠ᠃ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠬᠠᠨᠳᠤᠭᠤᠯᠤᠨ ᠲᠤᠰᠬᠠᠶ ᠮᠡᠷᠭᠡᠵᠢᠯ᠂ ᠠᠵᠢᠯ ᠲᠥᠷᠥᠯ᠂ ᠠᠵᠤ ᠦᠢ᠍ᠯᠡᠰ ᠬᠤᠪᠢᠶᠠᠭᠰᠠᠨ ᠤᠷᠢᠵᠤ ᠡᠯᠰᠡᠬᠦ ᠠᠵᠢᠯᠯᠠᠭ᠎ᠠ ᠥᠷᠨᠢᠭᠦᠯᠦᠨ᠎ᠡ᠃ ᠠᠵᠢᠯ ᠣᠯᠭᠤᠯᠲᠠ ᠵᠢᠨ ᠮᠡᠳᠡᠭᠡ ᠵᠠᠩᠭᠢ ᠵᠢ ᠬᠠᠮᠲᠤ ᠡᠳ᠋ᠯᠡᠬᠦ ᠲᠣᠭᠲᠠᠴᠠ ᠵᠢ ᠪᠠᠶ᠋ᠢᠭᠤᠯᠤᠨ᠂ ᠰᠤᠷᠭ᠋ᠠᠨ ᠬᠥᠮᠦᠵᠢᠯ ᠪᠠ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠠᠵᠢᠯ ᠣᠯᠭᠤᠬᠤ ᠦᠢ᠍ᠯᠡᠴᠢᠯᠡᠭᠡ᠎ᠪᠠᠨ ᠪᠦᠲᠦᠮᠵᠢᠲᠡᠶ ᠵᠣᠯᠭ᠋ᠠᠭᠤᠯᠬᠤ ᠵᠢ ᠴᠢᠩᠭ᠋ᠠᠳᠬᠠᠨ᠎ᠠ᠃ ᠠᠵᠢᠯ ᠣᠯᠭᠤᠯᠲᠠ ᠵᠢᠨ ᠲᠠᠳᠤᠯᠭ᠎ᠠ᠂᠎ᠲᠠᠭᠠᠨ ᠰᠣᠷᠣᠯᠴᠠᠬᠤ ᠳᠦᠷᠢᠮ᠎ᠢ ᠲᠡᠭᠦᠯᠳᠡᠷᠵᠢᠭᠦᠯᠦᠨ᠎ᠡ᠃ ᠭᠠᠳᠠᠭ᠋ᠠᠳᠤ᠎ᠳᠤ ᠰᠤᠷᠤᠯᠴᠠᠵᠤ ᠤᠯᠤᠰ᠎ᠲᠤ᠎ᠪᠠᠨ ᠪᠤᠴᠠᠭᠰᠠᠳ᠎ᠢ ᠠᠵᠢᠯ ᠣᠯᠭᠤᠵᠤ ᠦᠢ᠍ᠯᠡᠰ ᠪᠣᠰᠬᠠᠬᠤ ᠲᠥᠷᠥ ᠵᠢᠨ ᠪᠣᠳᠣᠯᠭ᠎ᠠ ᠵᠢᠨ ᠳᠡᠮᠵᠢᠬᠦ ᠬᠡᠪᠴᠢᠶᠡᠨ᠎ᠳᠤ ᠣᠷᠣᠭᠤᠯᠤᠨ᠎ᠠ᠃

(ᠶᠢᠰᠦ) ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠲᠤ ᠠᠵᠢᠯ ᠣᠯᠭᠤᠬᠤ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠶ᠋ᠢᠲᠤᠷ ᠬᠢᠨ᠎ᠡ᠃ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠤᠨ ᠬᠥᠮᠦᠵᠢᠯ ᠪᠣᠯᠪᠠᠰᠤᠷᠠᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ 《ᠬᠥᠮᠦᠵᠢᠯ ᠪᠣᠯᠪᠠᠰᠤᠷᠠᠯ + ᠠᠵᠢᠯ᠎ᠤᠨ ᠪᠠᠶ᠋ᠢᠷᠢ ᠵᠢ ᠥᠷᠭᠡᠳᠬᠡᠨ ᠠᠵᠢᠯ ᠣᠯᠭᠤᠬᠤ》 ᠵᠢ ᠴᠢᠩᠭ᠋ᠠᠳᠬᠠᠨ᠎ᠠ᠃ ᠴᠡᠷᠢᠭ᠎ᠤᠨ ᠠᠯᠪᠠᠨ᠎ᠠᠴᠠ ᠬᠠᠯᠠᠭᠳᠠᠭᠰᠠᠨ ᠨᠠᠮ᠎ᠤᠨ ᠭᠡᠰᠢᠭᠦᠳ᠎ᠠᠴᠠ ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ᠎ᠢ ᠪᠣᠶ᠋ᠢᠵᠢᠭᠤᠯᠵᠤ ᠰᠢᠯᠢᠨ ᠳᠡᠪᠰᠢᠭᠦᠯᠬᠦ ᠵᠢ ᠴᠢᠬᠤᠯᠠᠴᠢᠯᠠᠨ᠎ᠠ᠃ ᠰᠢᠯᠢᠳᠡᠭ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠨᠢ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠣᠴᠢᠵᠤ ᠠᠵᠢᠯᠯᠠᠬᠤ ᠵᠢ ᠵᠣᠷᠢᠭᠵᠢᠭᠤᠯᠤᠨ᠎ᠠ᠃ ᠨᠥᠬᠦᠴᠡᠯ᠎ᠳᠤ ᠨᠡᠶ᠋ᠢᠴᠡᠬᠦ ᠴᠡᠷᠢᠭ᠎ᠤᠨ ᠠᠯᠪᠠᠨ᠎ᠠᠴᠠ ᠬᠠᠯᠠᠭᠳᠠᠭᠰᠠᠳ ᠳᠤᠮᠳᠠᠳᠤ ᠪᠠᠭ᠎ᠠ ᠰᠤᠷᠭ᠋ᠠᠭᠤᠯᠢ᠎ᠳᠤ ᠣᠴᠢᠵᠤ ᠪᠠᠭᠰᠢᠯᠠᠬᠤ ᠵᠢ ᠳᠡᠮᠵᠢᠵᠦ᠂ ᠡᠯ᠎ᠡ ᠭᠠᠵᠠᠷ᠎ᠤᠨ᠎ᠬᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢ ᠤᠷᠢᠬᠤ ᠲᠥᠯᠥᠪᠯᠡᠭᠡ ᠲᠣᠭᠲᠠᠭ᠋ᠠᠬᠤ᠎ᠳᠤ᠎ᠪᠠᠨ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠲᠤ ᠬᠠᠨᠳᠤᠭᠤᠯᠤᠨ ᠠᠰ᠎ᠲᠤ᠎ᠨᠢ ᠲᠥᠯᠥᠪᠯᠡᠭᠡ ᠭᠠᠷᠭ᠋ᠠᠵᠤ ᠪᠣᠯᠬᠤ ᠪᠥᠭᠡᠳ ᠠᠯᠪᠠ ᠬᠠᠭ᠋ᠠᠭᠰᠠᠨ ᠵᠢᠯ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠭ᠋ᠠᠳ ᠨᠠᠰᠤᠨ᠎ᠤ ᠬᠢᠵᠠᠭ᠋ᠠᠷᠯᠠᠯ᠎ᠢ ᠵᠣᠬᠢᠰᠲᠠᠶ᠎ᠪᠠᠷ ᠠᠭᠤᠵᠢᠭᠤ ᠲᠠᠯᠪᠢᠵᠤ ᠪᠣᠯᠤᠨ᠎ᠠ᠃

(ᠠᠷᠪᠠ) ᠲᠠᠷᠢᠶᠠᠯᠠᠬᠤ ᠮᠠᠯᠵᠢᠬᠤ ᠣᠷᠣᠨ᠎ᠤ ᠬᠥᠳᠡᠯᠮᠦᠷᠢ ᠬᠦᠴᠦᠨ᠎ᠤ ᠠᠵᠢᠯ ᠣᠯᠵᠤ ᠣᠷᠣᠯᠭ᠎ᠠ ᠨᠡᠮᠡᠭᠳᠡᠭᠦᠯᠬᠦ ᠣᠷᠣᠨ ᠵᠠᠶ ᠵᠢ ᠥᠷᠭᠡᠳᠬᠡᠨ᠎ᠡ᠃ ᠴᠢᠬᠤᠯᠠ ᠶᠡᠭᠡ ᠲᠥᠷᠥᠯ ᠵᠦᠢ᠍ᠯ᠂ ᠭᠤᠤᠯᠳᠠᠯᠭ᠎ᠠ᠎ᠲᠠᠢ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ ᠬᠡᠷᠡᠭᠴᠡᠭᠡᠨ᠎ᠤ ᠪᠠᠶ᠋ᠢᠴᠠᠭ᠋ᠠᠯᠲᠠ ᠵᠢ ᠥᠷᠨᠢᠭᠦᠯᠵᠦ᠂ ᠠᠵᠤ ᠦᠢ᠍ᠯᠡᠰ᠎ᠤᠨ ᠬᠥᠭᠵᠢᠯᠲᠡ ᠪᠠ ᠠᠵᠢᠯᠴᠢᠨ ᠬᠡᠷᠡᠭᠯᠡᠬᠦ ᠦᠢ᠍ᠯᠡᠴᠢᠯᠡᠭᠡ᠎ᠪᠠᠷ ᠲᠠᠷᠢᠶᠠᠴᠢᠨ ᠮᠠᠯᠴᠢᠨ ᠲᠤᠬᠠᠶ ᠵᠢᠨ ᠭᠠᠵᠠᠷ᠂ ᠣᠶ᠋ᠢᠷ᠎ᠠ ᠬᠠᠪᠢ᠎ᠳᠤ᠎ᠪᠠᠨ ᠠᠵᠢᠯ ᠤᠯᠬᠤ ᠵᠢ ᠠᠬᠢᠭᠤᠯᠤᠨ᠎ᠠ᠃ ᠪᠡᠭᠡᠵᠢᠩ ᠥᠪᠥᠷ  ᠮᠣᠩᠭᠤᠯ᠂ ᠬᠠᠲᠤᠨ ᠭᠤᠤᠯ ᠳᠠᠭ᠋ᠠᠤ ᠵᠢᠨ ᠮᠤᠵᠢ ᠣᠷᠣᠨ᠂ ᠪᠠᠷᠠᠭᠤᠨ ᠬᠡᠰᠡᠭ᠎ᠤᠨ ᠮᠤᠵᠢ ᠣᠷᠣᠨ᠂ ᠵᠡᠭᠦᠨ ᠬᠤᠶ᠋ᠢᠲᠤ ᠵᠢᠨ ᠭᠤᠷᠪᠠᠨ ᠮᠤᠵᠢ ᠨᠢᠭᠡ ᠣᠷᠣᠨ ᠪᠠ ᠠᠶ᠋ᠢᠮᠠᠭ ᠬᠤᠲᠠ ᠵᠢᠨ ᠬᠤᠭᠤᠷᠣᠨᠳᠣᠬᠢ 《4+N》 ᠬᠥᠳᠡᠯᠮᠦᠷᠢ ᠬᠦᠴᠦᠨ᠎ᠤ ᠬᠠᠮᠵᠢᠯᠴᠠᠭ᠋ᠠᠨ᠎ᠤ ᠬᠤᠯᠪᠣᠭ᠎ᠠ ᠵᠢ ᠪᠠᠶ᠋ᠢᠭᠤᠯᠵᠤ᠂ ᠲᠠᠷᠢᠶᠠᠴᠢᠨ ᠮᠠᠯᠴᠢᠨ᠎ᠤ ᠭᠠᠳᠠᠭᠰᠢ ᠭᠠᠷᠴᠤ ᠠᠵᠢᠯ ᠣᠯᠬᠤ ᠠᠷᠭ᠎ᠠ ᠵᠠᠮ᠎ᠢ ᠥᠷᠭᠡᠳᠬᠡᠨ᠎ᠡ᠃ ᠪᠠᠷᠢᠯᠭ᠎ᠠ᠂ ᠰᠡᠯᠪᠢᠨ ᠵᠠᠰᠠᠬᠤ᠂ ᠬᠡᠷ ᠠᠬᠤᠢ᠂ ᠢᠳᠡᠭᠡᠨ ᠤᠮᠳᠠᠭ᠋ᠠᠨ᠂ ᠪᠠᠷᠠᠭ᠋ᠠᠨ᠎ᠤ ᠭᠦᠢ᠍ᠯᠭᠡᠭᠡ᠂ ᠰᠢᠨ᠎ᠡ ᠠᠵᠢᠯ ᠮᠡᠷᠭᠡᠵᠢᠯ ᠰᠢᠨ᠎ᠡ ᠠᠵᠤ ᠪᠠᠶ᠋ᠢᠳᠠᠯ ᠵᠡᠷᠭᠡ ᠬᠠᠮᠢᠶ᠎ᠠ ᠪᠥᠬᠦᠶ ᠠᠵᠢᠯ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠢ ᠬᠠᠨᠳᠤᠯᠭ᠎ᠠ᠎ᠲᠠᠢ᠎ᠪᠠᠷ ᠥᠷᠨᠢᠭᠦᠯᠵᠦ᠂ 《ᠠᠵᠢᠯ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ + ᠬᠥᠳᠡᠯᠮᠦᠷᠢ ᠬᠦᠴᠦ》 ᠵᠢᠨ ᠨᠠᠷᠠᠲᠤ ᠲᠡᠮᠳᠡᠭ᠎ᠢ ᠪᠣᠶ ᠪᠣᠯᠭ᠋ᠠᠨ᠎ᠠ᠃ ᠬᠤᠲᠠ᠎ᠳᠤ ᠣᠷᠤᠭᠰᠠᠨ ᠲᠠᠷᠢᠶᠠᠴᠢᠨ ᠮᠠᠯᠴᠢᠨ ᠬᠦᠴᠦ ᠶᠠᠪᠤᠭᠰᠠᠳ ᠵᠢᠴᠢ ᠳᠠᠭ᠋ᠠᠵᠤ ᠨᠡᠭᠦᠭᠰᠡᠨ ᠭᠡᠷ ᠪᠦᠯᠢ ᠵᠢᠨ᠎ᠬᠢᠨ᠎ᠳᠤ ᠬᠤᠲᠠ ᠵᠢᠨ ᠰᠢᠨ᠎ᠡ ᠠᠷᠠᠳ᠎ᠤᠨ ᠪᠣᠯᠪᠠᠰᠤᠷᠠᠯ ᠥᠷᠨᠢᠭᠦᠯᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠎ᠤᠨ ᠬᠤᠲᠠ᠎ᠳᠤ ᠠᠭᠤᠰᠤᠯᠴᠠᠬᠤ ᠵᠢ ᠠᠬᠢᠭᠤᠯᠤᠨ᠎ᠠ᠃ ᠲᠣᠰᠬᠤᠨ᠎ᠤ ᠱᠠᠲᠤᠨ᠎ᠤ ᠬᠥᠳᠡᠯᠮᠦᠷᠢ ᠪᠠᠲᠤᠯᠠᠭ᠎ᠠ ᠵᠢᠨ ᠲᠤᠰᠠᠯᠠᠭᠴᠢ᠂ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠯᠲᠠ ᠵᠢᠨ ᠲᠤᠰᠠᠯᠠᠭᠴᠢ ᠵᠢᠨ ᠡᠩᠨᠡᠭᠡ ᠵᠢ ᠨᠡᠶ᠋ᠢᠳᠬᠡᠵᠦ᠂ ᠲᠠᠷᠢᠶᠠᠯᠠᠬᠤ ᠮᠠᠯᠵᠢᠬᠤ ᠣᠷᠣᠨ᠎ᠳᠠᠬᠢ ᠠᠵᠢᠯ ᠣᠯᠭᠤᠬᠤ᠂ ᠲᠡᠩᠬᠡᠷᠡᠭᠦᠯᠦᠨ ᠲᠤᠰᠠᠯᠠᠬᠤ ᠦᠢ᠍ᠯᠡᠴᠢᠯᠡᠭᠡ ᠵᠢ ᠴᠢᠩᠭ᠋ᠠᠳᠬᠠᠨ᠎ᠠ᠃

(ᠠᠷᠪᠠᠨ ᠨᠢᠭᠡ) ᠠᠵᠢᠯ ᠣᠯᠬᠤ ᠬᠦᠴᠢᠷᠳᠡᠯᠲᠡᠢ ᠬᠥᠮᠦᠰ᠎ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠢ ᠴᠢᠩᠭ᠋ᠠᠷᠠᠭᠤᠯᠤᠨ᠎ᠠ᠃ ᠳ᠋ᠠᠶ᠋ᠢᠲ᠋ᠠ ᠮᠡᠳᠡᠭᠡ ᠵᠠᠩᠭᠢ ᠵᠢ ᠬᠠᠮᠲᠤ ᠡᠳ᠋ᠯᠡᠵᠦ ᠬᠠᠷᠢᠴᠠᠭᠤᠯᠬᠤ ᠵᠢ ᠴᠢᠩᠭ᠋ᠠᠳᠬᠠᠵᠤ᠂ ᠨᠠᠰᠤ ᠠᠬᠠᠰᠢᠷᠠᠭᠰᠠᠨ᠂ ᠵᠡᠮᠳᠡᠭᠯᠡᠭᠰᠡᠨ᠂ ᠨᠡᠯᠢᠶᠡᠳ ᠤᠷᠲᠤ ᠬᠤᠭᠤᠴᠠᠭ᠎ᠠ᠎ᠪᠠᠷ ᠠᠵᠢᠯ ᠠᠯᠳᠠᠭᠰᠠᠨ ᠵᠡᠷᠭᠡ ᠠᠵᠢᠯ ᠣᠯᠬᠤ ᠬᠦᠴᠢᠷᠳᠡᠯᠲᠡᠢ ᠬᠥᠮᠥᠰ᠎ᠢ ᠣᠨᠣᠴᠠᠲᠠᠢ᠎ᠪᠠᠷ ᠢᠯᠭ᠋ᠠᠨ ᠲᠠᠨᠢᠵᠤ᠂ ᠲᠤᠰᠠᠯᠠᠮᠵᠢ ᠬᠦᠷᠲᠡᠭᠰᠡᠳ᠎ᠲᠤ ᠲᠣᠬᠢᠷᠠᠬᠤ ᠬᠤᠲᠠ ᠬᠥᠳᠡᠭᠡ ᠵᠢᠨ ᠨᠡᠶ᠋ᠢᠭᠡᠮ ᠲᠣᠭᠤᠷᠢᠭ᠎ᠤᠨ ᠠᠵᠢᠯ᠎ᠤᠨ ᠪᠠᠶ᠋ᠢᠷᠢ᠂ ᠠᠮᠢᠳᠤᠯᠢᠭ ᠵᠶ᠋ᠠᠷ ᠠᠵᠢᠯᠯᠠᠬᠤ ᠠᠵᠢᠯ᠎ᠤᠨ ᠪᠠᠶ᠋ᠢᠷᠢ ᠵᠢ ᠥᠷᠭᠡᠨ ᠵᠶ᠋ᠠᠷ ᠴᠤᠭᠯᠠᠭᠤᠯᠵᠤ᠂ ᠰᠠᠯᠠᠭ᠎ᠠ ᠮᠥᠴᠢᠷ᠎ᠤᠨ ᠬᠤᠯᠪᠣᠭ᠋ᠠᠯᠠᠨ ᠬᠥᠳᠡᠯᠦᠯᠴᠡᠵᠦ ᠲᠥᠷᠥᠯ ᠬᠤᠪᠢᠶᠠᠨ ᠬᠠᠪᠰᠤᠷᠤᠨ ᠲᠡᠳᠬᠦᠬᠦ ᠵᠢ ᠬᠡᠷᠡᠭᠵᠢᠭᠦᠯᠦᠨ᠎ᠡ᠃ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢᠨ ᠰᠠᠭᠤᠷᠢ᠎ᠠᠴᠠ᠎ᠨᠢ ᠪᠠᠲᠤᠯᠠᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠎ᠠ᠃ ᠠᠵᠢᠯ ᠣᠯᠭᠤᠯᠲᠠ ᠬᠢᠭᠡᠳ ᠠᠵᠢᠯ ᠠᠯᠳᠠᠯᠲᠠ ᠵᠢᠨ ᠳᠠᠭ᠋ᠠᠳᠬᠠᠯ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠬᠤᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠵᠦ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠎ᠠᠴᠠ ᠠᠭ᠋ᠠᠵᠢᠮ ᠵᠶ᠋ᠠᠷ ᠭᠠᠷᠭ᠋ᠠᠬᠤ᠂ ᠠᠵᠢᠯ ᠣᠯᠭᠤᠯᠲᠠ ᠵᠢᠨ ᠥᠪᠡᠷ᠎ᠤᠨ ᠥᠷᠲᠡᠭ᠎ᠢ ᠬᠠᠰᠤᠬᠤ ᠵᠡᠷᠭᠡ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ᠃

(ᠠᠷᠪᠠᠨ ᠬᠤᠶᠠᠷ) ᠪᠡᠶ᠎ᠡ᠎ᠪᠠᠨ ᠳᠠᠭ᠋ᠠᠭ᠋ᠠᠵᠤ ᠦᠢ᠍ᠯᠡᠰ ᠪᠣᠰᠬᠠᠬᠤ ᠪᠠ ᠠᠮᠢᠳᠤᠯᠢᠭ ᠵᠶ᠋ᠠᠷ ᠠᠵᠢᠯ ᠣᠯᠬᠤ ᠣᠷᠴᠢᠨ ᠨᠥᠬᠦᠴᠡᠯ᠎ᠢ ᠰᠢᠯᠢᠳᠡᠭᠵᠢᠭᠦᠯᠦᠨ᠎ᠡ᠃ 《ᠦᠢ᠍ᠯᠡᠰ ᠪᠣᠰᠬᠠᠬᠤᠢ ᠥᠪᠥᠷ ᠮᠣᠩᠭᠤᠯ᠎ᠤᠨ ᠠᠵᠢᠯᠯᠠᠭ᠋ᠠᠨ》᠎ᠢ ᠭᠦᠨᠵᠡᠭᠡᠶ᠋ᠢᠷᠡᠭᠦᠯᠦᠨ᠂ ᠦᠢ᠍ᠯᠡᠰ ᠪᠣᠰᠬᠠᠬᠤ ᠵᠢ ᠳᠡᠮᠵᠢᠬᠦ ᠲᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠵᠤ᠂ ᠦᠢ᠍ᠯᠡᠰ ᠪᠣᠰᠬᠠᠬᠤ ᠵᠢ ᠵᠢᠯᠣᠭᠤᠳᠬᠤ ᠮᠠᠰᠲ᠋ᠧᠷ᠎ᠤᠨ ᠲᠠᠰᠤᠭ ᠪᠠᠶ᠋ᠢᠭᠤᠯᠬᠤ ᠠᠵᠢᠯ᠎ᠢ ᠥᠷᠨᠢᠭᠦᠯᠦᠨ᠂ ᠦᠢ᠍ᠯᠡᠰ ᠪᠣᠰᠬᠠᠬᠤ ᠲᠥᠷᠥ ᠵᠢᠨ ᠪᠣᠳᠣᠯᠭ᠎ᠠ ᠵᠢᠨ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠠᠮᠢᠳᠤᠯᠢᠭ ᠵᠶ᠋ᠠᠷ ᠠᠵᠢᠯ ᠣᠯᠬᠤ ᠵᠢ ᠠᠬᠢᠭᠤᠯᠤᠨ᠂ ᠲᠠᠪᠴᠠᠩ᠎ᠤᠨ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ ᠪᠠ ᠠᠵᠢᠯᠴᠢᠨ᠎ᠤ ᠡᠪᠯᠡᠯ ᠪᠠᠶ᠋ᠢᠭᠤᠯᠬᠤ ᠵᠡᠷᠭᠡ ᠠᠵᠢᠯ᠎ᠢ ᠵᠢᠷᠤᠮᠵᠢᠭᠤᠯᠤᠨ᠎ᠠ᠃ ᠶᠠᠪᠤᠭᠤᠯ ᠠᠵᠢᠯᠲᠠᠨ᠎ᠤ ᠠᠵᠢᠯᠲᠠᠨ᠎ᠤ ᠶᠠᠪᠤᠳᠠᠯ᠎ᠤᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ ᠠᠵᠢᠯ ᠮᠡᠷᠭᠡᠵᠢᠯ᠎ᠤᠨ ᠭᠡᠮᠲᠦᠯ᠎ᠤᠨ ᠪᠠᠲᠤᠯᠠᠭ᠎ᠠ ᠵᠢᠨ ᠠᠵᠢᠯ᠎ᠢ ᠠᠬᠢᠭᠤᠯᠤᠨ᠎ᠠ᠃ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ ᠲᠥᠪᠯᠡᠷᠡᠩᠭᠦᠢ ᠡᠶᠡᠳᠡᠭᠦᠯᠬᠦ ᠲᠣᠭᠲᠠᠴᠠ ᠵᠢ ᠪᠠᠶ᠋ᠢᠭᠤᠯᠵᠤ᠂ ᠬᠥᠳᠡᠯᠮᠦᠷᠢ ᠵᠢᠨ ᠵᠠᠭᠤᠷᠠᠯᠳᠤᠭ᠋ᠠᠨ᠎ᠢ ᠨᠢᠭᠡ ᠴᠣᠭᠴᠠᠵᠢᠭᠤᠯᠤᠨ ᠰᠢᠢ᠍ᠳᠪᠦᠷᠢᠯᠡᠬᠦ ᠵᠢ ᠠᠬᠢᠭᠤᠯᠤᠨ᠎ᠠ᠃

ᠲᠠᠪᠤ᠂ ᠠᠵᠢᠯ ᠣᠯᠭᠤᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠦᠨ᠎ᠡ

(ᠠᠷᠪᠠᠨ ᠭᠤᠷᠪᠠ) ᠠᠵᠢᠯ ᠣᠯᠭᠤᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠦᠷᠲᠡᠬᠦᠶ᠋ᠢᠴᠡ ᠴᠢᠨᠠᠷ᠎ᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ᠎ᠤ ᠠᠵᠢᠯ ᠣᠯᠭᠤᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠨᠠᠮ᠎ᠤᠨ ᠪᠠᠶ᠋ᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠬᠥᠲᠥᠯᠥᠨ ᠳᠠᠭ᠋ᠠᠭᠤᠯᠬᠤ ᠠᠢ᠎ᠳᠤ ᠠᠭᠤᠰᠬᠠᠵᠤ᠂ ᠦᠨᠳᠦᠰᠦᠨ ᠱᠠᠲᠤᠨ ᠎ᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠵᠦᠢ᠍ᠯᠡᠰ᠎ᠲᠤ ᠣᠷᠣᠭᠤᠯᠤᠨ᠎ᠠ᠃ ᠡᠯ᠎ᠡ ᠲᠥᠷᠥᠯ᠎ᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠯᠤᠭ᠎ᠠ ᠬᠤᠯᠪᠣᠭ᠋ᠠᠯᠠᠨ 《ᠬᠡᠷ᠎ᠤᠨ ᠡᠭᠦᠳᠡᠨ》᠎ᠳᠠᠬᠢ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠥᠷᠲᠡᠭᠡ᠂ 《15 ᠮᠢᠨᠦ᠋ᠲ᠎ᠤᠨ ᠵᠠᠶ᠋ᠢᠲᠠᠢ》 ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠲᠣᠭᠤᠷᠢᠭ᠎ᠢ ᠪᠠᠶ᠋ᠢᠭᠤᠯᠤᠨ᠎ᠠ᠃ ᠦᠢ᠍ᠯᠡᠴᠢᠯᠡᠭᠡᠨ᠎ᠤ ᠵᠦᠢ᠍ᠯᠡᠰ᠎ᠤᠨ ᠲᠣᠳᠣᠷᠬᠠᠢ ᠬᠠᠭᠤᠳᠠᠰᠤ ᠪᠠ ᠭᠠᠷᠲᠠᠨ ᠭᠦᠢ᠍ᠴᠡᠳᠬᠡᠬᠦ ᠳᠦᠷᠢᠮ ᠵᠢᠷᠤᠮ᠎ᠢ ᠲᠡᠭᠦᠯᠳᠡᠷᠵᠢᠭᠦᠯᠵᠦ᠂ ᠬᠥᠳᠡᠯᠮᠦᠷᠢᠴᠢᠳ ᠪᠠᠶ᠋ᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ ᠭᠠᠵᠠᠷ᠎ᠲᠤ᠎ᠪᠠᠨ ᠠᠵᠢᠯ ᠣᠯᠭᠤᠯᠲᠠ ᠦᠢ᠍ᠯᠡᠰ ᠪᠣᠰᠬᠠᠬᠤ ᠵᠢᠨ ᠦᠢ᠍ᠯᠡᠴᠢᠯᠡᠭᠡ ᠬᠦᠷᠲᠡᠬᠦ ᠵᠢ    ᠪᠠᠲᠤᠯᠠᠨ᠎ᠠ᠃ ᠣᠯᠠᠨ ᠨᠡᠶ᠋ᠢᠲᠡ ᠵᠢᠨ ᠠᠵᠢᠯ ᠣᠯᠭᠤᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠪᠠ ᠡᠵᠡᠩᠨᠡᠯᠲᠡ ᠵᠢᠨ ᠴᠢᠨᠠᠷᠲᠠᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠮᠡᠷᠭᠡᠰᠢᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠮᠡᠳᠡᠭᠡ ᠵᠠᠩᠭᠢ ᠬᠤᠯᠪᠣᠭ᠋ᠠᠯᠠᠨ ᠨᠡᠪᠲᠡᠷᠡᠯᠴᠡᠬᠦ᠂ ᠦᠢ᠍ᠯᠡᠴᠢᠯᠡᠭᠡ ᠠᠭᠤᠰᠤᠯᠴᠠᠭᠤᠯᠤᠨ ᠨᠡᠪᠲᠡᠷᠡᠯᠴᠡᠬᠦ ᠵᠢ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠂ ᠠᠵᠢᠯ ᠮᠡᠷᠭᠡᠵᠢᠯ᠎ᠤᠨ ᠵᠢᠯᠣᠭᠤᠳᠤᠯᠭ᠎ᠠ᠂ ᠮᠡᠷᠭᠡᠰᠢᠯ᠎ᠤᠨ ᠪᠣᠯᠪᠠᠰᠤᠷᠠᠯ᠂ ᠠᠵᠢᠯ᠎ᠤᠨ ᠪᠠᠶ᠋ᠢᠷᠢ ᠵᠢᠨ ᠲᠠᠨᠢᠯᠴᠠᠭᠤᠯᠭ᠎ᠠ᠂ ᠮᠥᠷᠳᠡᠯ ᠬᠠᠷᠢᠭᠤ ᠰᠤᠷᠪᠤᠯᠵᠢᠯᠠᠯ᠎ᠤᠨ ᠪᠥᠬᠦ ᠬᠡᠯᠬᠢᠶᠡᠨ᠎ᠤ ᠠᠵᠢᠯ ᠣᠯᠭᠤᠬᠤ ᠦᠢ᠍ᠯᠡᠴᠢᠯᠡᠭᠡᠨ᠎ᠤ ᠲᠣᠭᠲᠠᠴᠠ ᠵᠢ ᠪᠣᠶ ᠪᠣᠯᠭ᠋ᠠᠨ᠎ᠠ᠃

(ᠠᠷᠪᠠᠨ ᠳᠥᠷᠪᠡ) ᠳ᠋ᠢᠭᠢᠲ ᠵᠶ᠋ᠠᠷ ᠬᠦᠴᠦᠨ ᠴᠢᠳᠠᠮᠵᠢ ᠡᠷᠴᠢᠮᠯᠡᠭᠰᠡᠨ ᠠᠵᠢᠯ ᠣᠯᠭᠤᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠪ ᠵᠠᠭᠪᠤᠷ᠎ᠢ ᠬᠡᠷᠡᠭᠵᠢᠭᠦᠯᠦᠨ᠎ᠡ᠃ ᠪᠥᠬᠦ ᠣᠷᠣᠨ᠎ᠤ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠨᠢᠭᠡᠳᠦᠯᠲᠡᠢ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠠᠵᠢᠯ᠎ᠤᠨ ᠪᠠᠶ᠋ᠢᠷᠢ ᠵᠢ ᠣᠶᠤᠨᠴᠢ᠎ᠪᠠᠷ ᠲᠣᠬᠢᠷᠠᠯᠴᠠᠭᠤᠯᠬᠤ ᠮᠡᠳᠡᠭᠡ ᠵᠠᠩᠭᠢᠴᠢᠯᠠᠯᠲᠠ ᠵᠢᠨ ᠲᠥᠬᠦᠭᠡᠷᠦᠮᠵᠢ ᠳᠣᠭᠢᠷᠠᠭᠤᠯᠤᠨ᠂ 《ᠲᠣᠮᠣ ᠳ᠋ᠠᠶ᠋ᠢᠲ᠋ᠠ + ᠲᠡᠮᠦᠷ ᠤᠯᠠᠲᠤ》 ᠠᠵᠢᠯ ᠣᠯᠭᠤᠬᠤ ᠦᠢ᠍ᠯᠡᠴᠢᠯᠡᠭᠡᠨ᠎ᠤ ᠬᠡᠪ ᠵᠠᠭᠪᠤᠷ᠎ᠢ ᠳᠡᠯᠭᠡᠷᠡᠭᠦᠯᠦᠨ᠎ᠡ᠃ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠵᠶ᠋ᠠᠷ ᠭᠤᠣᠯᠯᠠᠭᠤᠯᠤᠭᠰᠠᠨ᠂ ᠵᠠᠬ᠎ᠠ ᠳᠡᠯᠭᠡᠭᠦᠷ᠎ᠤᠨ ᠪᠠᠶ᠋ᠢᠭᠤᠯᠤᠮᠵᠢ ᠥᠷᠭᠡᠨ ᠵᠶ᠋ᠠᠷ ᠣᠷᠣᠯᠴᠠᠭᠰᠠᠨ ᠠᠵᠢᠯ ᠡᠷᠢᠨ ᠤᠷᠢᠵᠤ ᠡᠯᠰᠡᠬᠦ ᠰᠦᠯᠵᠢᠶᠡᠨ ᠲᠠᠪᠴᠠᠩ᠎ᠢ ᠲᠥᠪᠯᠡᠷᠡᠭᠦᠯᠦᠨ ᠪᠠᠶ᠋ᠢᠭᠤᠯᠵᠤ᠂ ᠬᠠᠩᠭ᠋ᠠᠯᠭ᠎ᠠ ᠬᠡᠷᠡᠭᠴᠡᠭᠡ ᠥᠨᠳᠥᠷ ᠪᠦᠲᠦᠮᠵᠢᠲᠡᠶ᠎ᠪᠠᠷ ᠲᠣᠬᠢᠷᠠᠯᠴᠠᠬᠤ ᠵᠢ ᠠᠬᠢᠭᠤᠯᠤᠨ᠎ᠠ᠃ ᠬᠥᠳᠡᠯᠮᠦᠷᠢ ᠵᠢᠨ ᠡᠯᠧᠺᠳ᠋ᠷᠣᠨ ᠭᠡᠷ᠎ᠡ ᠵᠢ ᠪᠦᠷᠢᠨ ᠪᠥᠷᠬᠦᠭᠦᠯᠬᠦ ᠵᠢ ᠲᠦᠷᠭᠡᠳᠬᠡᠨ ᠠᠬᠢᠭᠤᠯᠤᠨ᠎ᠠ᠃ ᠬᠦᠮᠦᠨ᠎ᠤ ᠬᠦᠴᠣᠨ᠎ᠤ ᠡᠬᠢ ᠪᠠᠶᠠᠯᠢᠭ ᠨᠡᠶ᠋ᠢᠭᠡᠮ᠎ᠤᠨ ᠪᠠᠳᠣᠯᠠᠭ᠎ᠠ ᠵᠢᠨ ᠰᠠᠯᠠᠭ᠎ᠠ ᠮᠦᠴᠢᠷ ᠬᠢᠭᠡᠳ ᠰᠣᠷᠭ᠋ᠠᠨ ᠬᠦᠮᠦᠵᠢᠯ᠂ ᠲᠣᠳᠣᠭ᠋ᠠᠳᠣ ᠵᠢ ᠬᠠᠮᠠᠭ᠋ᠠᠯᠠᠬᠤ᠂ ᠠᠷᠡᠳ᠎ᠤᠨ ᠶᠠᠪᠤᠳᠡᠯ᠂ ᠭᠠᠶ᠋ᠢᠯᠢ ᠵᠢᠨ ᠶᠠᠪᠤᠳᠡᠯ᠂ ᠵᠠᠬ᠎ᠠ ᠳᠡᠯᠭᠡᠬᠦᠷ᠎ᠤᠨ ᠬᠢᠨᠡᠯᠳᠡ ᠬᠠᠮᠢᠶᠡᠷᠦᠯᠳᠡ ᠵᠡᠷᠭᠡ ᠰᠠᠯᠠᠭ᠎ᠠ ᠮᠦᠴᠢᠷ᠎ᠤᠨ ᠳ᠋ᠠᠶ᠋ᠢᠲ᠋ᠠ ᠵᠢᠨ ᠬᠠᠷᠢᠯᠴᠠᠨ ᠬᠤᠯᠪᠤᠭ᠋ᠠᠯᠠᠵᠦ ᠨᠡᠪᠳᠡᠷᠡᠯᠴᠡᠬᠦ ᠵᠢ ᠠᠬᠢᠭᠤᠯᠵᠦ᠂ ᠲᠣᠬᠠᠶ᠋ᠢᠯᠬᠠᠰᠠᠨ ᠠᠵᠢᠯ᠎ᠤᠨ ᠬᠠᠮᠵᠢᠯᠴᠠᠭ᠎ᠠ ᠪᠠ ᠳ᠋ᠠᠶ᠋ᠢᠲ᠋ᠠ ᠵᠢ ᠬᠠᠮᠲᠤ ᠡᠳ᠋ᠯᠡᠬᠦ ᠵᠢ ᠪᠠᠶᠠᠯᠠᠬᠦᠯᠥᠨ᠎ᠠ᠃

ᠵᠢᠷᠭᠤᠭ᠎ᠠ᠂ ᠬᠥᠳᠡᠯᠮᠦᠷᠢᠴᠢᠳ᠎ᠤᠨ ᠠᠵᠢᠯ ᠣᠯᠭᠤᠯᠲᠠ ᠵᠢᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠨ᠎ᠠ

(ᠠᠷᠪᠠᠨ ᠲᠠᠪᠤ) ᠡᠶ᠎ᠡ ᠵᠣᠬᠢᠴᠠᠩᠭᠤᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠤᠨ᠎ᠠ᠃ ᠨᠠᠮ᠎ᠤᠨ ᠬᠤᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ᠂ ᠠᠵᠢᠯᠴᠢᠨ᠎ᠤ ᠡᠪᠯᠡᠯ᠂ ᠠᠵᠤ ᠠᠬᠤᠶ᠋ᠢᠯᠠᠯ ᠭᠤᠷᠪᠠᠨ ᠲᠠᠯ᠎ᠠ᠎ᠪᠠᠷ ᠬᠠᠮᠲᠤ ᠣᠷᠣᠯᠴᠠᠭᠰᠠᠨ ᠬᠥᠳᠡᠯᠮᠦᠷᠢ ᠵᠢᠨ ᠬᠠᠷᠢᠴᠠᠭ᠎ᠠ ᠵᠢᠨ ᠵᠥᠪᠳᠡᠯᠴᠡᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠬᠥᠳᠡᠯᠮᠦᠷᠢ ᠵᠢᠨ ᠪᠠᠲᠤᠯᠠᠭ᠎ᠠ ᠵᠢ ᠬᠢᠨᠠᠨ ᠪᠠᠶ᠋ᠢᠴᠠᠭ᠋ᠠᠬᠤ᠂ ᠬᠥᠳᠡᠯᠮᠦᠷᠢ ᠵᠢᠨ ᠬᠠᠷᠢᠴᠠᠭ᠎ᠠ ᠵᠢ ᠵᠣᠬᠢᠴᠠᠭᠤᠯᠬᠤ᠂ ᠬᠥᠳᠡᠯᠮᠦᠷᠢ ᠵᠢᠨ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠡᠶᠡᠳᠡᠭᠦᠯᠵᠦ ᠬᠥᠨᠳᠡᠯᠡᠨ᠎ᠠᠴᠠ ᠲᠠᠰᠤᠯᠬᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠂ ᠵᠥᠷᠢᠴᠡᠯ᠎ᠢ ᠠᠷᠢᠯᠭ᠋ᠠᠬᠤ ᠬᠦᠴᠦᠨ᠎ᠢ ᠭᠦᠢ᠍ᠴᠡᠳ ᠮᠥᠷᠲᠡᠭᠡᠨ ᠴᠢᠩᠭ᠎ᠠ ᠲᠣᠬᠢᠷᠠᠭᠤᠯᠤᠨ᠎ᠠ᠃ ᠠᠵᠢᠯ ᠣᠯᠭᠤᠯᠲᠠ ᠵᠢᠨ ᠭᠠᠳᠠᠭᠤᠷᠴᠢᠯᠠᠯ᠎ᠠᠴᠠ ᠲᠡᠩᠬᠡᠷᠡᠭᠦᠯᠦᠨ ᠲᠡᠳᠬᠦᠬᠦ ᠲᠣᠭᠲᠠᠴᠠ ᠵᠢ ᠪᠦᠷᠢᠨᠰᠢᠭᠦᠯᠦᠨ᠂ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠵᠤ᠂ ᠢᠷᠭᠡᠨ᠎ᠤ ᠬᠡᠷᠡᠭ᠎ᠤᠨ ᠵᠠᠭ᠋ᠠᠯᠳᠤᠯᠭ᠎ᠠ ᠵᠢ ᠳᠡᠮᠵᠢᠬᠦ᠂ ᠨᠡᠶ᠋ᠢᠲᠡ ᠵᠢᠨ ᠠᠰᠠᠷᠠᠮᠵᠢ ᠵᠢᠨ ᠵᠠᠷᠭᠤ ᠬᠢᠬᠦ᠂ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠬᠦ ᠵᠡᠷᠭᠡ ᠠᠵᠢᠯ᠎ᠢ ᠰᠠᠶ᠋ᠢᠲᠤᠷ ᠬᠢᠨ᠎ᠡ᠃ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠢᠲᠡᠭᠡᠮᠵᠢ ᠵᠢᠨ ᠬᠠᠮᠢᠶᠠᠷᠤᠯᠲᠠ ᠵᠢᠨ ᠲᠦᠷᠢᠮ᠎ᠢ ᠪᠦᠷᠢᠨᠰᠢᠭᠦᠯᠵᠦ᠂ ᠠᠵᠢᠯᠲᠠᠨ ᠡᠯᠰᠡᠬᠦ ᠮᠡᠳᠡᠭᠡ ᠵᠠᠩᠭᠢ ᠨᠡᠶ᠋ᠢᠲᠡᠯᠡᠬᠦ ᠵᠢ ᠬᠢᠨᠠᠨ ᠪᠠᠶ᠋ᠢᠴᠠᠭ᠋ᠠᠬᠤ ᠪᠠ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠦᠷᠭᠦᠯᠵᠢᠯᠡᠨ ᠴᠡᠭᠴᠡᠯᠡᠨ ᠵᠠᠰᠠᠵᠤ᠂ ᠴᠠᠯᠢᠩ ᠳᠠᠭ᠋ᠠᠳᠬᠠᠯ ᠥᠷᠢᠲᠦᠬᠦ᠂ ᠬᠠᠤᠯᠢ᠎ᠠᠴᠠ ᠵᠥᠷᠢᠴᠡᠨ ᠠᠵᠢᠯᠲᠠᠨ ᠬᠠᠰᠤᠬᠤ᠂ ᠬᠤᠳᠠᠯ ᠬᠠᠭᠤᠷᠮᠠᠭ ᠵᠶ᠋ᠠᠷ ᠡᠯᠰᠡᠬᠦ᠂ 《ᠬᠠᠷ᠎ᠠ ᠵᠠᠭᠤᠴᠢ》 ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠨᠠᠰᠤ ᠬᠡᠲᠦᠷᠡᠭᠰᠡᠨ ᠬᠥᠳᠡᠯᠮᠦᠷᠢᠴᠢᠨ᠎ᠤ ᠬᠥᠳᠡᠯᠮᠦᠷᠢ ᠵᠢᠨ ᠡᠷᠬᠡ ᠠᠰᠢᠭ᠎ᠢ ᠪᠠᠲᠤᠯᠠᠬᠤ ᠠᠵᠢᠯ᠎ᠢ ᠰᠠᠶ᠋ᠢᠲᠤᠷ ᠬᠢᠨ᠎ᠡ᠃

(ᠠᠷᠪᠠᠨ ᠵᠢᠷᠭᠤᠭ᠎ᠠ) ᠬᠥᠳᠡᠯᠮᠦᠷᠢ ᠵᠢᠨ ᠬᠥᠯᠥᠰᠥ ᠣᠯᠭᠤᠮᠵᠢ ᠵᠢᠨ ᠵᠦᠶ ᠵᠣᠬᠢᠰᠲᠠᠶ ᠨᠡᠮᠡᠭᠳᠡᠯ᠎ᠢ ᠠᠬᠢᠭᠤᠯᠤᠨ᠎ᠠ᠃ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠵᠢ ᠲᠣᠬᠢᠷᠠᠭᠤᠯᠵᠤ ᠦᠨᠡᠯᠡᠨ ᠵᠢᠱ᠌ᠢᠬᠦ ᠲᠣᠭᠲᠠᠴᠠ ᠵᠢ ᠪᠦᠷᠢᠨᠰᠢᠭᠦᠯᠦᠨ᠎ᠡ᠃ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠴᠠᠯᠢᠩ᠎ᠢ ᠲᠣᠭᠲᠠᠭ᠋ᠠᠬᠤ᠂ ᠵᠦᠢ ᠵᠣᠬᠢᠰᠲᠠᠢ᠎ᠪᠠᠷ ᠨᠡᠮᠡᠭᠳᠡᠭᠦᠯᠬᠦ ᠪᠠ ᠲᠣᠭ᠋ᠠᠴᠠᠭ᠎ᠠ ᠬᠢᠬᠦ ᠵᠢᠨ ᠪᠠᠲᠤᠯᠠᠭ᠎ᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠦᠨ᠎ᠡ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠴᠠᠯᠢᠩ ᠬᠥᠯᠥᠰᠥ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠦᠨ᠎ᠡ᠃ ᠳᠡᠭᠡᠳᠦ ᠵᠡᠷᠭᠡ ᠵᠢᠨ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠴᠠᠯᠢᠩ ᠬᠥᠯᠥᠰᠥ ᠵᠢᠨ ᠲᠦᠷᠢᠮ᠎ᠤᠨ ᠥᠭᠡᠷᠡᠴᠢᠯᠡᠯᠲᠡ ᠵᠢ ᠠᠬᠢᠭᠤᠯᠤᠨ᠎ᠠ᠃ ᠠᠵᠤ ᠠᠬᠤᠶ᠋ᠢᠯᠠᠯ᠎ᠤᠨ ᠴᠠᠯᠢᠩ ᠬᠥᠯᠥᠰᠥ ᠵᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠣᠯᠠᠨ ᠬᠦᠷᠢᠶ᠎ᠡ᠂ ᠣᠯᠠᠨ ᠲᠠᠰ ᠳᠠᠪᠬᠤᠷᠭ᠎ᠠ᠂ ᠣᠯᠠᠨ ᠲᠥᠷᠥᠯ᠎ᠤᠨ ᠮᠡᠳᠡᠭᠡ ᠵᠠᠩᠭᠢ ᠨᠡᠶ᠋ᠢᠲᠡᠯᠡᠬᠦ ᠲᠦᠷᠢᠮ᠎ᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠴᠠᠯᠢᠩ ᠬᠥᠯᠥᠰᠥ ᠵᠢᠨ ᠪᠠᠶ᠋ᠢᠴᠠᠭ᠋ᠠᠯᠲᠠ ᠵᠢᠨ ᠮᠡᠳᠡᠭᠡ ᠵᠠᠩᠭᠢ᠂ ᠠᠵᠤ ᠠᠬᠤᠶ᠋ᠢᠯᠠᠯ ᠪᠠ ᠠᠵᠢᠯ ᠲᠥᠷᠥᠯ ᠬᠤᠪᠢᠶᠠᠭᠰᠠᠨ ᠴᠠᠯᠢᠩ᠎ᠤᠨ ᠵᠢᠯᠣᠭᠤᠳᠬᠤ ᠱᠤᠭᠤᠮ᠎ᠢ ᠵᠢᠯ ᠪᠣᠯᠭ᠋ᠠᠨ ᠨᠡᠶ᠋ᠢᠲᠡᠯᠡᠨ᠎ᠡ᠃

ᠲᠤᠯᠤᠭ᠎ᠠ᠂ ᠴᠢᠨᠠᠷ ᠰᠠᠶ᠋ᠢᠲᠠᠢ ᠭᠦᠢ᠍ᠴᠡᠳ ᠠᠵᠢᠯ ᠣᠯᠭᠤᠯᠲᠠ ᠵᠢ ᠠᠬᠢᠭᠤᠯᠬᠤ ᠠᠵᠢᠯ᠎ᠤᠨ ᠨᠡᠶ᠋ᠢᠯᠡᠮᠡᠯ ᠬᠦᠴᠦᠨ᠎ᠢ ᠨᠢᠭᠲᠠᠷᠠᠭᠤᠯᠤᠨ᠎ᠠ

ᠠᠵᠢᠯ ᠣᠯᠭᠤᠬᠤ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠵᠠᠰᠠᠭ᠎ᠤᠨ ᠣᠷᠳᠣᠨ ᠤᠳᠤᠷᠢᠳᠤᠭᠰᠠᠨ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠲᠦᠷᠦᠭᠦᠯᠡᠭᠰᠡᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠨᠢᠭᠲᠠ ᠬᠠᠮᠵᠢᠯᠴᠠᠭᠰᠠᠨ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠬᠠᠮᠲᠤ ᠣᠷᠣᠯᠴᠠᠭᠰᠠᠨ ᠠᠵᠢᠯ ᠣᠯᠭᠤᠬᠤ ᠠᠵᠢᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠡᠯ᠎ᠡ ᠰᠠᠯᠠᠭ᠎ᠠ ᠮᠥᠴᠢᠷ᠎ᠤᠨ ᠴᠢᠨᠠᠷ ᠰᠠᠶ᠋ᠢᠲᠠᠶ ᠭᠦᠢ᠍ᠴᠡᠳ ᠠᠵᠢᠯ ᠣᠯᠭᠤᠯᠲᠠ ᠵᠢ ᠠᠬᠢᠭᠤᠯᠬᠤ ᠬᠠᠷᠢᠭᠤᠴᠠᠯᠭ᠎ᠠ ᠵᠢᠨ ᠲᠣᠳᠣᠷᠬᠠᠢ ᠬᠠᠭᠤᠳᠠᠰᠤ ᠪᠠ ᠠᠵᠢᠯ ᠣᠯᠭᠤᠯᠲᠠ ᠵᠢᠨ ᠠᠵᠢᠯ᠎ᠤᠨ ᠪᠠᠶ᠋ᠢᠷᠢ ᠵᠢ ᠴᠤᠭᠯᠠᠭᠤᠯᠤᠨ ᠨᠡᠶ᠋ᠢᠲᠡᠯᠡᠬᠦ ᠲᠣᠭᠲᠠᠴᠠ ᠵᠢ ᠪᠠᠶ᠋ᠢᠭᠤᠯᠤᠨ᠎ᠠ᠃ ᠠᠵᠢᠯ ᠣᠯᠭᠤᠬᠤ ᠠᠵᠢᠯ᠎ᠢ ᠬᠤᠰᠢᠭᠤ ᠰᠢᠶᠠᠨ᠎ᠠᠴᠠ ᠳᠡᠭᠡᠭᠰᠢᠬᠢ ᠨᠠᠮ ᠵᠠᠰᠠᠭ᠎ᠤᠨ ᠤᠳᠤᠷᠢᠳᠬᠤ ᠪᠠᠭ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠠᠭᠤᠯᠭ᠎ᠠ ᠪᠣᠯᠭ᠋ᠠᠵᠤ᠂ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠵᠢᠯ ᠣᠯᠭᠤᠯᠲᠠ ᠵᠢᠨ ᠠᠵᠢᠯ᠎ᠢ ᠬᠥᠬᠢᠭᠦᠯᠦᠨ ᠰᠠᠶ᠋ᠢᠰᠢᠶᠠᠨ᠎ᠠ᠃ ᠴᠢᠨᠠᠷ ᠰᠠᠶ᠋ᠢᠲᠠᠢ ᠭᠦᠢ᠍ᠴᠡᠳ ᠠᠵᠢᠯ ᠣᠯᠭᠤᠬᠤ ᠭᠦᠢ᠍ᠴᠡᠳᠬᠡᠯ ᠲᠤᠭ᠎ᠠ ᠵᠢᠨ ᠲᠣᠭᠲᠠᠯᠴᠠᠭ᠎ᠠ ᠪᠠ ᠪᠦᠷᠢᠳᠬᠡᠵᠦ ᠬᠢᠨᠠᠨ ᠰᠢᠨᠵᠢᠬᠦ ᠲᠣᠭᠲᠠᠯᠴᠠᠭ᠎ᠠ ᠵᠢ ᠪᠦᠷᠢᠨᠰᠢᠭᠦᠯᠵᠦ᠂ ᠴᠢᠨᠠᠷ ᠰᠠᠶ᠋ᠢᠲᠠᠢ ᠭᠦᠢ᠍ᠴᠡᠳ ᠠᠵᠢᠯ ᠣᠯᠭᠤᠯᠲᠠ ᠵᠢᠨ ᠦᠨᠡᠯᠡᠨ ᠵᠢᠱ᠌ᠢᠯᠲᠡ ᠵᠢ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠃ ᠠᠵᠢᠯ ᠣᠯᠭᠤᠯᠲᠠ ᠪᠠ ᠠᠵᠢᠯ ᠠᠯᠳᠠᠯᠲᠠ ᠵᠢ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠵᠤ᠂ ᠠᠵᠤ ᠠᠬᠤᠶ᠋ᠢᠯᠠᠯ᠎ᠤᠨ ᠬᠡᠪᠴᠢᠶᠡᠵᠢᠯ᠎ᠤᠨ ᠴᠢᠨᠠᠷᠲᠠᠶ ᠬᠥᠮᠦᠨ ᠬᠠᠰᠤᠬᠤ ᠵᠢᠴᠢ ᠭᠡᠨᠡᠳᠲᠡ ᠵᠢᠨ ᠬᠡᠷᠡᠭ᠎ᠢ ᠮᠡᠳᠡᠭᠦᠯᠬᠦ ᠳᠦᠷᠢᠮ᠎ᠢ ᠨᠠᠶ᠋ᠢᠳᠠᠪᠤᠷᠢᠵᠢᠭᠤᠯᠤᠨ᠎ᠠ᠃
                           2024 ᠣᠨ᠎ᠤ 12 ᠳ᠋ᠤᠭ᠋ᠠᠷ ᠰᠠᠷ᠎ᠠ ᠵᠢᠨ 9᠎ᠤ ᠡᠳᠦᠷ

 

(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

 

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ

ᠠᠷᠠᠳ᠎ᠤᠨ  ᠵᠠᠰᠠᠭ᠎ᠤᠨ ᠣᠷᠳᠣᠨ᠎ᠤ ᠠᠯᠪᠠᠨ ᠲᠢᠩᠬᠢᠮ
          

2024 ᠣᠨ᠎ᠤ 12 ᠳ᠋ᠤᠭ᠋ᠠᠷ ᠰᠠᠷ᠎ᠠ ᠵᠢᠨ 9᠎ᠤ ᠡᠳᠦᠷ ᠳᠠᠷᠤᠮᠠᠯᠯᠠᠨ ᠲᠠᠷᠬᠠᠭ᠋ᠠᠪᠠ

 

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠴᠢᠨᠠᠷ ᠰᠠᠶ᠋ᠢᠲᠠᠶ ᠬᠥᠭᠵᠢᠯᠲᠡ᠎ᠪᠠᠷ ᠮᠥᠰᠥ ᠴᠠᠰᠤᠨ᠎ᠤ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠭᠢᠮ᠎ᠤᠨ ᠰᠠᠨᠠᠯ᠎ᠤᠳ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠭᠤᠣᠯᠳᠠᠯᠭ᠋ᠠᠲᠤ ᠡᠭᠦᠷᠭᠡ ᠵᠢᠨ ᠲᠤᠳᠤᠷᠬᠠᠢ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠠᠶ᠋ᠢᠽ ᠡᠪᠡᠳᠴᠢᠨ᠎ᠢ ᠬᠤᠷᠢᠨᠨᠯᠠᠨ ᠵᠤᠨᠨᠰᠤᠭ᠋ᠠᠬᠤ ᠬᠢᠬᠡᠳ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ (2025 — 2030 ᠣᠨ) ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
2021 ᠣᠨ᠎ᠤ ᠤᠯᠤᠰ᠎ᠤᠨ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠤᠷᠢᠨ᠎ᠤ ᠰᠡᠷᠡᠮᠵᠢᠯᠡᠭᠦᠯᠦᠯ᠎ᠤᠨ ᠹᠢᠯᠢᠮ᠎ᠤᠨ ᠢᠯᠡᠴᠢᠯᠡᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠪᠡᠶᠡᠯᠡᠭᠦᠯᠦᠭᠰᠡᠨ ᠪᠠᠶ᠋ᠢᠳᠠᠯ᠎ᠤᠨ ᠲᠤᠬᠠᠢ ᠵᠠᠷᠯᠠᠯ
2021 ᠣᠨ᠎ᠤ ᠤᠯᠤᠰ᠎ᠤᠨ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠤᠷᠢᠨ᠎ᠤ ᠰᠡᠷᠡᠮᠵᠢᠯᠡᠭᠦᠯᠦᠯ᠎ᠤᠨ ᠹᠢᠯᠢᠮ᠎ᠤᠨ ᠢᠯᠡᠴᠢᠯᠡᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠤᠨ ᠲᠤᠬᠠᠢ ᠵᠠᠷᠯᠠᠯ
2021 ᠣᠨ᠎ᠤ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠤᠷᠢᠨ᠎ᠤ ᠰᠡᠷᠡᠮᠵᠢ ᠵᠢᠨ ᠹᠢᠯᠢᠮ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠳᠠᠭᠤᠰᠬᠠᠭᠰᠠᠨ ᠪᠠᠶ᠋ᠢᠳᠠᠯ᠎ᠢ ᠵᠠᠷᠯᠠᠨ ᠨᠡᠶ᠋ᠢᠲᠡᠯᠡᠬᠦ ᠲᠤᠬᠠᠢ ᠠᠯᠪᠠᠨ ᠵᠠᠷ
 
             蒙ICP备05000248号