ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2025] 10 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠠᠶ᠋ᠢᠽ ᠡᠪᠡᠳᠴᠢᠨ᠎ᠢ ᠬᠤᠷᠢᠨᠨᠯᠠᠨ ᠵᠤᠨᠨᠰᠤᠭ᠋ᠠᠬᠤ ᠬᠢᠬᠡᠳ ᠰᠡᠷᠭᠡᠶ᠋ᠢᠯᠡᠨ
ᠵᠠᠰᠠᠬᠤ ᠲᠥᠯᠥᠪᠵᠢᠭᠦᠯᠭᠡ (2025 — 2030 ᠣᠨ) ᠵᠢ ᠳᠠᠷᠤᠮᠠᠯᠯᠠᠨ ᠶᠠᠪᠤᠭᠤᠯᠬᠤ ᠲᠤᠬᠠᠶ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ
ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠶ᠋ᠢᠽ ᠡᠪᠡᠳᠴᠢᠨ᠎ᠢ ᠬᠤᠷᠢᠨᠨᠯᠠᠨ ᠵᠤᠨᠨᠰᠤᠭ᠋ᠠᠬᠤ ᠬᠢᠬᠡᠳ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ (2025 — 2030 ᠣᠨ)》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
2025 ᠣᠨ᠎ᠤ 2 ᠳ᠋ᠤᠭ᠋ᠠᠷ ᠰᠠᠷ᠎ᠠ ᠵᠢᠨ 20᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠶ᠋ᠢᠽ ᠡᠪᠡᠳᠴᠢᠨ᠎ᠢ ᠬᠤᠷᠢᠨᠨᠯᠠᠨ ᠵᠤᠨᠨᠰᠤᠭ᠋ᠠᠬᠤ
ᠬᠢᠬᠡᠳ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ (2025 — 2030 ᠣᠨ)
ᠠᠶ᠋ᠢᠽ ᠡᠪᠡᠳᠴᠢᠨ ᠪᠣᠯ ᠠᠷᠠᠳ ᠤᠯᠠᠨ᠎ᠤ ᠪᠡᠶ᠎ᠡ ᠮᠠᠬᠠᠪᠤᠳ᠎ᠤᠨ ᠡᠷᠡᠭᠦᠯ ᠴᠢᠬᠢᠷᠠᠭ᠎ᠲᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠬᠤ ᠬᠦᠨᠳᠦ ᠶᠡᠭᠡ ᠬᠠᠯᠳᠠᠪᠤᠷᠢᠲᠤ ᠡᠪᠡᠳᠴᠢᠨ ᠮᠥᠨ᠃ 《〈ᠳᠤᠮᠳᠠᠳᠤ ᠤᠯᠤᠰ᠎ᠤᠨ ᠠᠶ᠋ᠢᠽ ᠡᠪᠡᠳᠴᠢᠨ᠎ᠢ ᠬᠤᠷᠢᠨᠨᠯᠠᠨ ᠵᠤᠨᠨᠰᠤᠭ᠋ᠠᠬᠤ ᠪᠠ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ (2024 — 2030 ᠣᠨ)〉 ᠵᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2024] 51 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠠᠶ᠋ᠢᠽ ᠡᠪᠡᠳᠴᠢᠨ᠎ᠢ ᠰᠡᠷᠭᠡᠶ᠋ᠢᠯᠡᠨ ᠵᠠᠰᠠᠬᠤ ᠠᠵᠢᠯ᠎ᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠴᠢᠬᠢᠷᠠᠭ᠎ᠢ ᠬᠠᠮᠠᠭ᠋ᠠᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠣᠰ ᠲᠥᠯᠥᠪᠵᠢᠭᠦᠯᠭᠡ ᠵᠢ ᠲᠣᠭᠲᠠᠭ᠋ᠠᠪᠠ᠃
ᠨᠢᠭᠡ᠂ ᠰᠡᠷᠭᠡᠶ᠋ᠢᠯᠡᠨ ᠵᠠᠰᠠᠬᠤ ᠬᠠᠷᠠᠯᠲᠠ
ᠴᠢᠰᠤ ᠶᠡᠭᠦᠯᠡᠵᠦ ᠬᠠᠯᠳᠠᠪᠤᠷᠢᠯᠠᠬᠤ ᠵᠢ ᠵᠣᠭᠰᠤᠭ᠋ᠠᠭᠰᠠᠨ ᠪᠠ ᠬᠤᠤᠷᠲᠤ ᠡᠳ᠋ ᠲᠠᠷᠢᠵᠦ ᠬᠠᠯᠳᠠᠪᠤᠷᠢᠯᠠᠬᠤ ᠵᠢ ᠬᠤᠷᠢᠭᠯᠠᠭᠰᠠᠨ ᠦᠷ᠎ᠡ ᠪᠦᠲᠦᠭᠡᠯ ᠵᠶ᠋ᠠᠨ ᠪᠠᠬᠢᠵᠢᠭᠦᠯᠵᠦ᠂ ᠡᠬᠡ ᠨᠢᠯᠬ᠎ᠠ ᠵᠢᠨ ᠬᠠᠯᠳᠠᠪᠤᠷᠢᠯᠠᠭ᠎ᠠ ᠵᠢ ᠠᠷᠢᠯᠭ᠋ᠠᠨ᠂ ᠪᠡᠯᠭᠡ ᠵᠢᠨ ᠬᠠᠯᠳᠠᠪᠤᠷᠢᠯᠠᠭ᠎ᠠ ᠵᠢᠨ ᠨᠡᠮᠡᠭᠳᠡᠬᠦ ᠬᠠᠨᠳᠤᠰᠢ ᠵᠢ ᠤᠯᠠᠮ ᠨᠢᠭᠡ ᠠᠯᠬᠤᠮ ᠬᠤᠷᠢᠨᠨᠯᠠᠨ ᠵᠤᠨᠨᠰᠤᠭ᠋ᠠᠵᠦ᠂ ᠠᠶ᠋ᠢᠽ ᠡᠪᠡᠳᠴᠢᠨ᠎ᠤ ᠰᠢᠨ᠎ᠡ᠎ᠪᠠᠷ ᠡᠭᠦᠰᠴᠤ ᠲᠡᠯᠬᠡᠷᠡᠬᠦ ᠬᠠᠯᠳᠠᠪᠤᠷᠢᠯᠠᠭ᠎ᠠ ᠵᠢ ᠲᠣᠷᠣᠨᠨᠰᠢᠯᠠᠭᠤᠯᠤᠨ᠂ ᠬᠠᠮᠢᠶᠠᠳᠠᠬᠤ ᠦᠬᠦᠵᠦ ᠠᠳᠡᠬᠦ ᠪᠠᠶ᠋ᠢᠳᠠᠯ᠎ᠢ ᠪᠠᠭ᠋ᠠᠰᠬᠠᠵᠤ᠂ ᠪᠦᠬᠦᠶ᠋ᠢᠯᠡ ᠬᠢᠵᠢᠭ᠎ᠤᠨ ᠪᠠᠶ᠋ᠢᠳᠠᠯ᠎ᠢ ᠦᠷᠭᠦᠯᠵᠢᠯᠡᠨ ᠳᠣᠣᠷ᠎ᠠ ᠵᠠᠬ᠎ᠠ ᠵᠢᠨ ᠦᠷᠪᠢᠰᠦᠨ ᠳᠡᠯᠭᠡᠷᠡᠬᠦ ᠬᠡᠮᠵᠢᠶᠡᠨ᠎ᠳᠤ ᠬᠢᠵᠠᠭ᠋ᠠᠷᠯᠠᠨ᠎ᠠ᠃ ᠪᠣᠳᠠᠲᠠᠶ ᠠᠵᠢᠯ᠎ᠤᠨ ᠭᠦᠢ᠍ᠴᠡᠳᠬᠡᠯ ᠲᠤᠭ᠎ᠠ᠎ᠨᠢ ᠳᠣᠤᠷᠠᠬᠢ ᠮᠡᠲᠦ᠄
(ᠨᠢᠭᠡ) ᠨᠡᠶ᠋ᠢᠭᠡᠮ ᠳᠠᠶᠠᠭ᠋ᠠᠷ᠎ᠤᠨ ᠰᠡᠷᠭᠡᠶ᠋ᠢᠯᠡᠨ ᠬᠠᠮᠠᠭ᠋ᠠᠯᠠᠬᠤ ᠤᠬᠠᠮᠰᠠᠷ᠎ᠢ ᠳᠡᠭᠡᠭᠰᠢᠯᠡᠭᠦᠯᠦᠨ᠎ᠡ᠃ 2025 ᠣᠨ᠎ᠳᠤ᠂ ᠰᠠᠭᠤᠭ᠋ᠠᠯᠢ ᠠᠷᠠᠳ᠎ᠤᠨ ᠠᠶ᠋ᠢᠽ ᠡᠪᠡᠳᠴᠢᠨ᠎ᠢ ᠰᠡᠷᠭᠡᠶ᠋ᠢᠯᠡᠨ ᠵᠠᠰᠠᠬᠤ ᠮᠡᠳᠡᠯᠭᠡ ᠵᠢᠨ ᠤᠶ᠋ᠢᠯᠠᠭ᠋ᠠᠨ ᠮᠡᠳᠡᠬᠦ ᠨᠤᠷᠮ᠎ᠠ ᠵᠢ 90%᠎ᠠᠴᠠ ᠳᠡᠭᠡᠭᠰᠢ᠎ᠳᠤ ᠬᠦᠷᠦᠭᠦᠯᠵᠦ᠂ ᠭᠤᠣᠯᠳᠠᠯᠭ᠎ᠠ᠎ᠲᠠᠢ ᠬᠥᠮᠦᠰ ᠵᠢᠴᠢ ᠠᠶ᠋ᠢᠽ ᠡᠪᠡᠳᠴᠢᠨ᠎ᠳᠤ ᠠᠮᠠᠷᠬᠠᠨ ᠬᠠᠯᠳᠠᠪᠤᠷᠢᠯᠠᠭᠳᠠᠬᠤ ᠠᠶᠤᠯᠲᠠᠢ ᠦᠢ᠍ᠯᠡ ᠠᠵᠢᠯᠯᠠᠭ᠎ᠠ᠎ᠲᠠᠢ ᠬᠥᠮᠦᠰ᠎ᠤᠨ ᠰᠡᠷᠭᠡᠶ᠋ᠢᠯᠡᠨ ᠵᠠᠰᠠᠬᠤ ᠮᠡᠳᠡᠯᠭᠡ ᠵᠢᠨ ᠤᠶ᠋ᠢᠯᠠᠭ᠋ᠠᠨ ᠮᠡᠳᠡᠬᠦ ᠨᠤᠷᠮ᠎ᠠ ᠵᠢ 95%᠎ᠠᠴᠠ ᠳᠡᠭᠡᠭᠰᠢ᠎ᠳᠤ ᠭᠦᠷᠦᠬᠦᠯᠦᠨ᠂ ᠬᠠᠯᠳᠠᠪᠤᠷᠢᠯᠠᠭᠰᠠᠳ᠎ᠤᠨ ᠡᠷᠬᠡ ᠡᠭᠦᠷᠭᠡ ᠵᠢᠨ ᠤᠶ᠋ᠢᠯᠠᠭ᠋ᠠᠨ ᠮᠡᠳᠡᠬᠦ ᠨᠤᠷᠮ᠎ᠠ ᠵᠢ 95%᠎ᠠᠴᠠ ᠳᠡᠭᠡᠭᠰᠢ᠎ᠳᠤ ᠬᠦᠷᠦᠭᠦᠯᠵᠦ᠂ 2030 ᠣᠨ ᠪᠤᠯᠲᠠᠯ᠎ᠠ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃
(ᠬᠤᠶᠠᠷ) ᠠᠶᠤᠯᠲᠠᠶ ᠦᠢ᠍ᠯᠡ ᠠᠵᠢᠯᠯᠠᠭ᠎ᠠ ᠵᠢ ᠬᠤᠪᠢᠷᠠᠭᠤᠯᠬᠤ ᠵᠢ ᠠᠬᠢᠭᠤᠯᠤᠨ᠎ᠠ᠃ 2025 ᠣᠨ ᠪᠠ 2030 ᠣᠨ᠎ᠳᠤ᠂ ᠡᠷᠡᠭᠲᠡᠶ ᠵᠢᠨ ᠢᠵᠢᠯ ᠭᠦᠢ᠍ᠰᠦᠳᠡᠨᠤ ᠬᠤᠭᠤᠷᠤᠨᠳᠤᠬᠢ ᠬᠤᠷᠢᠴᠠᠯ᠎ᠤᠨ ᠠᠵᠢᠯᠯᠠᠭ᠎ᠠ᠎ᠲᠠᠢ ᠭᠦᠮᠦᠰ᠎ᠤᠨ ᠠᠶ᠋ᠢᠽ ᠡᠪᠡᠳᠴᠢᠨ᠎ᠲᠠᠢ ᠬᠠᠮᠢᠶᠠᠳᠠᠬᠤ ᠠᠶᠤᠯᠲᠠᠶ ᠦᠢ᠍ᠯᠡ ᠠᠵᠢᠯᠯᠠᠭ᠎ᠠ ᠵᠢ ᠴᠥᠮ ᠡᠮᠦᠨᠡᠬᠢ 5 ᠵᠢᠯ᠎ᠤᠨ᠎ᠬᠢ᠎ᠠᠴᠠ 10%᠎ᠠᠴᠠ ᠳᠡᠭᠡᠭᠰᠢ ᠪᠠᠭ᠋ᠠᠰᠬᠠᠨ᠎ᠠ; 2025 ᠣᠨ᠎ᠳᠤ᠂ ᠠᠶ᠋ᠢᠽ ᠡᠪᠡᠳᠴᠢᠨ᠎ᠳᠤ ᠠᠮᠠᠷᠬᠠᠨ ᠬᠠᠯᠳᠠᠪᠤᠷᠢᠯᠠᠭᠳᠠᠬᠤ ᠠᠶᠤᠯᠲᠠᠶ ᠦᠢ᠍ᠯᠡ ᠠᠵᠢᠯᠯᠠᠭ᠎ᠠ᠎ᠲᠠᠢ ᠬᠥᠮᠦᠰ᠎ᠲᠤ ᠠᠪᠤᠨᠨᠰᠠᠨ ᠶᠡᠷᠦᠩᠬᠡᠶ᠋ᠢᠯᠡᠨ ᠬᠠᠮᠢᠶᠠᠷᠴᠤ ᠵᠠᠬᠢᠷᠬᠤ ᠠᠷᠭ᠎ᠠ ᠬᠡᠮᠵᠢᠶ᠎ᠡ ᠵᠢᠨ ᠬᠠᠮᠤᠷᠬᠤ ᠬᠠᠷᠢᠴᠠᠯ᠎ᠢ 95%᠎ᠠᠴᠠ ᠳᠡᠭᠡᠭᠰᠢ᠎ᠳᠤ ᠬᠦᠷᠦᠭᠦᠯᠵᠦ᠂ ᠬᠤᠤᠷ ᠡᠳ᠋ᠯᠡᠬᠦ ᠵᠢ ᠵᠣᠭᠰᠣᠭ᠋ᠠᠬᠤ ᠡᠮ ᠵᠶ᠋ᠠᠷ ᠦᠷᠭᠦᠯᠵᠢᠯᠡᠨ ᠡᠮᠨᠡᠬᠦ ᠵᠠᠰᠠᠯᠲᠠ᠎ᠳᠤ ᠣᠷᠣᠯᠴᠠᠭᠰᠠᠳ᠎ᠤᠨ ᠵᠢᠯ᠎ᠤᠨ ᠰᠢᠨ᠎ᠡ᠎ᠪᠠᠷ ᠡᠭᠦᠰᠴᠤ ᠲᠡᠯᠬᠡᠷᠡᠬᠦ ᠬᠠᠯᠳᠠᠪᠤᠷᠢᠯᠠᠭ᠎ᠠ ᠵᠢᠨ ᠨᠣᠷᠮ᠎ᠠ ᠵᠢ 0.1%᠎ᠠᠴᠠ ᠳᠣᠷᠣᠭᠰᠢ ᠪᠠᠶ᠋ᠢᠯᠭ᠋ᠠᠵᠤ᠂ 2030 ᠣᠨ ᠪᠤᠯᠲᠠᠯ᠎ᠠ ᠦᠷᠭᠦᠯᠵᠢᠯᠡᠨ ᠪᠠᠲᠤᠯᠠᠨ᠎ᠠ᠃
(ᠭᠤᠷᠪᠠ) ᠬᠡᠷ ᠪᠦᠯᠢ ᠵᠢᠨ ᠳᠣᠲᠣᠭ᠋ᠠᠳᠤ᠎ᠳᠤ ᠬᠠᠯᠳᠠᠪᠤᠷᠢᠯᠠᠬᠤ ᠵᠢ ᠤᠷᠢᠳᠴᠢᠯᠠᠨ ᠰᠡᠷᠭᠡᠶ᠋ᠢᠯᠡᠨ᠎ᠡ᠃ 2025 ᠣᠨ᠎ᠳᠤ᠂ ᠠᠶ᠋ᠢᠽ ᠡᠪᠡᠳᠴᠢᠨ᠎ᠤ ᠡᠬᠡ ᠨᠢᠯᠬ᠎ᠠ ᠵᠢᠨ ᠬᠠᠯᠳᠠᠪᠤᠷᠢᠯᠠᠭ᠎ᠠ ᠵᠢᠨ ᠨᠣᠷᠮ᠎ᠠ ᠵᠢ 2%᠎ᠠᠴᠠ ᠳᠣᠷᠣᠭᠰᠢ ᠪᠠᠶ᠋ᠢᠯᠭ᠋ᠠᠵᠤ᠂ ᠡᠷ᠎ᠡ ᠡᠮ᠎ᠡ ᠬᠤᠶᠠᠭᠤᠯᠠ ᠵᠢᠨ ᠨᠢᠭᠡ᠎ᠨᠢ ᠠᠶ᠋ᠢᠽ ᠡᠪᠡᠳᠴᠢᠨ᠎ᠳᠤ ᠬᠠᠯᠳᠠᠪᠤᠷᠢᠯᠠᠭᠳᠠᠭᠰᠠᠨ ᠬᠡᠷ ᠪᠦᠯᠢ ᠵᠢᠨ᠎ᠬᠢᠨ᠎ᠤ ᠬᠠᠨᠢ ᠨᠦᠭᠦᠷᠲᠤᠪᠠᠨ ᠬᠠᠯᠳᠠᠪᠤᠷᠢᠯᠠᠬᠤ ᠨᠣᠷᠮ᠎ᠠ ᠵᠢ 0.3%᠎ᠠᠴᠠ ᠳᠣᠷᠣᠭᠰᠢ ᠪᠠᠶ᠋ᠢᠯᠭ᠋ᠠᠵᠤ᠂ 2030 ᠣᠨ ᠪᠤᠯᠲᠠᠯ᠎ᠠ ᠦᠷᠭᠦᠯᠵᠢᠯᠡᠨ ᠪᠠᠲᠤᠯᠠᠨ᠎ᠠ᠃
(ᠳᠥᠷᠪᠡ) ᠣᠨᠤᠰᠢᠯᠠᠵᠦ ᠡᠮᠨᠡᠨ ᠵᠠᠰᠠᠬᠤ ᠦᠷ᠎ᠡ ᠪᠦᠳᠦᠮᠵᠢ ᠵᠢ ᠳᠡᠭᠡᠭᠰᠢᠯᠡᠭᠦᠯᠦᠨ᠎ᠡ᠃ ᠣᠨᠣᠰᠢᠯᠠᠯᠲᠠ᠎ᠪᠠᠷ ᠳᠡᠮᠵᠢᠨ ᠲᠣᠰ ᠪᠡᠶ᠎ᠡ ᠵᠢᠨ ᠵᠶ᠋ᠠᠨ ᠬᠠᠯᠳᠠᠪᠤᠷᠢᠯᠬᠠᠰᠠᠨ ᠪᠠᠶ᠋ᠢᠳᠠᠯ ᠵᠶ᠋ᠠᠨ ᠣᠯᠵᠤ ᠮᠡᠳᠡᠭᠰᠡᠨ᠎ᠤ ᠬᠠᠮᠲᠤ ᠣᠶ᠋ᠢᠯᠠᠭ᠋ᠠᠭᠰᠠᠨ ᠬᠠᠯᠳᠠᠪᠤᠷᠢᠯᠠᠭᠰᠠᠳ᠎ᠤᠨ ᠬᠠᠷᠢᠴᠠᠯ᠎ᠢ 2025 ᠣᠨ ᠳᠤ 90%᠎ᠠᠴᠠ ᠳᠡᠭᠡᠭᠰᠢ᠎ᠳᠤ ᠬᠦᠷᠦᠭᠦᠯᠵᠦ᠂ 2030 ᠣᠨ᠎ᠳᠤ 95%᠎ᠠᠴᠠ ᠳᠡᠭᠡᠭᠰᠢ᠎ᠳᠤ ᠬᠦᠷᠦᠭᠦᠯᠦᠨ᠎ᠡ᠃ 2025 ᠣᠨ᠎ᠳᠤ᠂ ᠣᠨᠣᠰᠢᠯᠠᠯᠲᠠ᠎ᠪᠠᠷ ᠳᠠᠮᠵᠢᠵᠤ ᠢᠯᠡᠷᠡᠬᠦᠯᠦᠭᠰᠡᠨ ᠬᠠᠯᠳᠠᠪᠤᠷᠢᠯᠠᠭᠰᠠᠳ᠎ᠤᠨ ᠸᠢᠷᠦ᠋ᠰ᠎ᠢ ᠡᠰᠡᠷᠭᠦᠴᠡᠬᠦ ᠡᠮᠨᠡᠯᠬᠡ ᠵᠠᠰᠠᠯᠭ᠎ᠠ ᠬᠦᠷᠲᠡᠬᠦ ᠬᠠᠷᠢᠴᠠᠯ᠂ ᠸᠢᠷᠦ᠋ᠰ᠎ᠢ ᠡᠰᠡᠷᠭᠦᠴᠡᠬᠦ ᠡᠮᠨᠡᠯᠬᠡ ᠵᠠᠰᠠᠯᠭ᠎ᠠ ᠬᠦᠷᠲᠡᠭᠰᠡᠨ ᠬᠠᠯᠳᠠᠪᠤᠷᠢᠯᠠᠭᠰᠠᠳ᠎ᠤᠨ ᠸᠢᠷᠦ᠋ᠰ᠎ᠢ ᠡᠰᠡᠷᠭᠦᠴᠡᠬᠦ ᠬᠠᠷᠢᠴᠠᠯ᠎ᠢ ᠳᠤᠮᠳᠠᠴᠢ᠎ᠪᠠᠷ 95%᠎ᠠᠴᠠ ᠳᠡᠭᠡᠭᠰᠢ᠎ᠳᠤ ᠬᠦᠷᠦᠭᠦᠯᠵᠦ᠂ 2030 ᠣᠨ ᠪᠤᠯᠲᠠᠯ᠎ᠠ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃
(ᠲᠠᠪᠤ) ᠬᠥᠮᠦᠰ᠎ᠤᠨ ᠬᠤᠭᠤᠷᠣᠨᠳᠣᠬᠢ ᠬᠠᠯᠳᠠᠪᠤᠷᠢᠯᠠᠬᠤ ᠬᠢᠷᠢ ᠬᠡᠮᠵᠢᠶ᠎ᠡ ᠵᠢ ᠡᠵᠡᠮᠰᠢᠨ᠎ᠡ᠃ 2030 ᠣᠨ ᠪᠣᠯᠬᠤ᠎ᠳᠤ᠂ ᠪᠥᠬᠦ ᠬᠥᠮᠦᠰ᠎ᠤᠨ ᠬᠤᠭᠤᠷᠣᠨᠳᠣᠬᠢ ᠬᠠᠯᠳᠠᠪᠤᠷᠢᠯᠠᠬᠤ ᠨᠣᠷᠮ᠎ᠠ ᠵᠢ 0.15%᠎ᠠᠴᠠ ᠳᠣᠷᠣᠭᠰᠢ᠎ᠳᠤ ᠡᠵᠡᠮᠰᠢᠨ᠎ᠡ᠃
ᠬᠤᠶᠠᠷ᠂ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ
(ᠨᠢᠭᠡ) ᠤᠬᠠᠭᠤᠯᠭ᠎ᠠ ᠬᠥᠮᠦᠵᠢᠯ ᠵᠶ᠋ᠠᠷ ᠵᠢᠯᠣᠭᠤᠳᠣᠨ ᠨᠥᠯᠥᠭᠡᠯᠡᠬᠦ ᠪᠠ ᠨᠡᠶ᠋ᠢᠭᠡᠮ ᠳᠠᠶᠠᠭ᠋ᠠᠷ᠎ᠢ ᠳᠠᠶ᠋ᠢᠴᠢᠯᠠᠬᠤ᠎ᠪᠠᠨ ᠴᠢᠩᠭ᠋ᠠᠷᠠᠭᠤᠯᠵᠤ᠂ ᠣᠯᠠᠨ ᠨᠡᠶ᠋ᠢᠲᠡ ᠵᠢᠨ ᠰᠡᠷᠭᠡᠶ᠋ᠢᠯᠡᠨ ᠵᠠᠰᠠᠬᠤ ᠤᠬᠠᠮᠰᠠᠷ᠎ᠢ ᠳᠡᠭᠡᠭᠰᠢᠯᠡᠭᠦᠯᠦᠨ᠎ᠡ
1. ᠡᠷᠡᠭᠦᠯ ᠮᠡᠨᠳᠦ ᠵᠢᠨ ᠮᠡᠳᠡᠯᠭᠡ ᠵᠢ ᠲᠦᠭᠡᠮᠡᠯᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠠᠶ᠋ᠢᠽ ᠡᠪᠡᠳᠴᠢᠨ᠎ᠢ ᠰᠡᠷᠭᠡᠶ᠋ᠢᠯᠡᠨ ᠵᠠᠰᠠᠬᠤ ᠮᠡᠳᠡᠯᠭᠡ ᠵᠢ 《ᠠᠷᠠᠳ ᠢᠷᠭᠡᠳ᠎ᠤᠨ ᠡᠷᠡᠭᠦᠯ ᠮᠡᠨᠳᠤ ᠵᠢᠨ ᠬᠡᠪ ᠪᠣᠯᠪᠠᠰᠤᠷᠠᠯ》᠎ᠤᠨ ᠠᠭᠤᠯᠭ᠎ᠠ᠎ᠳᠤ ᠣᠷᠣᠭᠤᠯᠵᠤ᠂ ᠤᠯᠤᠰ ᠵᠶ᠋ᠠᠨ ᠬᠠᠶ᠋ᠢᠷᠠᠯᠠᠬᠤ ᠡᠷᠡᠭᠦᠯ ᠬᠠᠮᠠᠭ᠋ᠠᠯᠠᠯ᠎ᠤᠨ ᠠᠵᠢᠯᠯᠠᠭ᠎ᠠ ᠵᠢᠨ ᠳᠠᠪᠠᠭᠤᠯᠢᠭ᠎ᠢ ᠪᠠᠳᠠᠷᠠᠭᠤᠯᠤᠨ᠂ ᠰᠡᠷᠭᠡᠶ᠋ᠢᠯᠡᠨ ᠵᠠᠰᠠᠬᠤ ᠮᠡᠳᠡᠯᠭᠡ ᠵᠢ ᠨᠡᠶ᠋ᠢᠭᠡᠮ ᠲᠣᠭᠤᠷᠢᠭ᠂ ᠠᠵᠤ ᠠᠬᠤᠶ᠋ᠢᠯᠠᠯ᠂ ᠡᠮᠨᠡᠯᠭᠡ ᠵᠢᠨ ᠬᠤᠷᠢᠶ᠎ᠠ᠂ ᠰᠤᠷᠭ᠋ᠠᠭᠤᠯᠢ ᠵᠢᠨ ᠬᠦᠷᠢᠶ᠎ᠡ᠂ ᠭᠡᠷ ᠪᠦᠯᠢ᠎ᠳᠤ ᠣᠷᠣᠭᠤᠯᠬᠤ ᠵᠢ ᠠᠬᠢᠭᠤᠯᠬᠤ ᠬᠡᠷᠡᠭᠲᠡᠶ᠃ ᠳᠡᠯᠡᠬᠡᠶ ᠵᠢᠨ ᠠᠶ᠋ᠢᠽ ᠡᠪᠡᠳᠴᠢᠨ᠎ᠤ ᠡᠳᠦᠷ᠂ ᠣᠯᠠᠨ ᠤᠯᠤᠰ᠎ᠤᠨ ᠬᠤᠣᠷᠲᠤ ᠡᠳ᠋᠎ᠢ ᠴᠠᠭ᠋ᠠᠵᠠᠯᠠᠬᠤ ᠡᠳᠦᠷ ᠵᠢᠴᠢ ᠰᠣᠶᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠡᠷᠡᠭᠦᠯ ᠬᠠᠮᠠᠭ᠋ᠠᠯᠠᠯ 《ᠭᠤᠷᠪᠠ ᠵᠢ ᠬᠥᠳᠡᠭᠡ ᠪᠠᠭᠤᠯᠭ᠋ᠠᠬᠤ》᠎ᠲᠠᠢ ᠤᠶᠠᠯᠳᠤᠭᠤᠯᠤᠨ᠂ ᠭᠤᠤᠯ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ᠎ᠤᠨ ᠲᠠᠪᠴᠠᠩ᠎ᠢ ᠭᠦᠢ᠍ᠴᠡᠳ ᠬᠡᠷᠡᠭᠯᠡᠵᠦ᠂ ᠲᠥᠪᠯᠡᠷᠡᠩᠭᠦᠶ ᠴᠢᠨᠠᠷᠲᠠᠶ᠂ ᠪᠠᠶ᠋ᠢᠩᠭᠤ ᠵᠢᠨ ᠴᠢᠨᠠᠷᠲᠠᠶ ᠤᠬᠠᠭᠤᠯᠭ᠎ᠠ ᠬᠥᠮᠦᠵᠢᠯ ᠥᠷᠨᠢᠭᠦᠯᠵᠦ᠂ 《ᠬᠥᠮᠦᠨ ᠪᠦᠭᠦᠨ ᠥᠪᠡᠷ᠎ᠤᠨ ᠵᠶ᠋ᠠᠨ ᠡᠷᠡᠭᠦᠯ ᠮᠡᠨᠳᠦ ᠵᠢᠨ ᠨᠢᠭᠡᠳᠦᠭᠡᠷ ᠬᠠᠷᠢᠭᠤᠴᠠᠯᠭ᠋ᠠᠲᠠᠨ ᠮᠥᠨ》 ᠭᠡᠬᠦ ᠣᠨᠣᠯᠵᠢᠬᠤᠨ᠎ᠢ ᠬᠥᠲᠥᠯᠦᠨ ᠵᠢᠯᠣᠭᠤᠳᠴᠤ ᠪᠣᠶ ᠪᠣᠯᠭ᠋ᠠᠨ᠎ᠠ᠃
2. ᠭᠤᠤᠯᠳᠠᠯᠭ᠎ᠠ᠎ᠲᠠᠢ ᠲᠠᠯᠠᠪᠤᠷ ᠭᠠᠵᠠᠷ ᠪᠠ ᠭᠤᠤᠯᠳᠠᠯᠭ᠎ᠠ᠎ᠲᠠᠢ ᠬᠥᠮᠦᠰ᠎ᠲᠤ ᠤᠬᠠᠭᠤᠯᠭ᠎ᠠ ᠬᠥᠮᠦᠵᠢᠯ ᠬᠢᠭᠦ᠎ᠪᠠᠨ ᠴᠢᠩᠭ᠋ᠠᠳᠬᠠᠨ᠎ᠠ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠂ ᠲᠡᠷᠭᠡᠨ ᠥᠷᠲᠡᠭᠡ᠂ ᠨᠢᠰᠬᠡᠯ᠎ᠤᠨ ᠪᠠᠭᠤᠳᠠᠯ᠂ ᠬᠢᠯᠢ ᠵᠢᠨ ᠪᠣᠭᠤᠮᠲᠠ᠂ ᠵᠤᠭ᠎ᠠ ᠲᠣᠭᠯᠠᠭ᠋ᠠᠮ ᠪᠠ ᠤᠬᠢᠶᠠᠯᠭ᠎ᠠ ᠵᠢᠨ ᠵᠡᠷᠭᠡ ᠲᠠᠯᠠᠪᠤᠷ ᠭᠠᠵᠠᠷ᠎ᠲᠤ ᠤᠬᠠᠭᠤᠯᠭ᠎ᠠ ᠵᠢᠨ ᠪᠤᠯᠤᠩ ᠭᠠᠷᠭ᠋ᠠᠨ ᠲᠣᠬᠢᠷᠠᠭᠤᠯᠬᠤ᠂ ᠤᠬᠠᠭᠤᠯᠭ᠎ᠠ ᠵᠢᠨ ᠡᠳ᠋ ᠪᠤᠳᠠᠰ ᠲᠡᠯᠬᠡᠵᠦ ᠲᠠᠯᠪᠢᠬᠤ᠂ ᠤᠬᠠᠭᠤᠯᠭ᠎ᠠ ᠬᠥᠮᠦᠵᠢᠯ᠎ᠤᠨ ᠹᠢᠯᠢᠮ ᠨᠡᠪᠲᠡᠷᠡᠭᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠥᠷᠭᠡᠨ ᠵᠶ᠋ᠠᠷ ᠤᠬᠠᠭᠤᠯᠭ᠎ᠠ ᠥᠷᠨᠢᠭᠦᠯᠬᠦ ᠬᠡᠷᠡᠭᠲᠡᠶ᠃ ᠨᠡᠭᠦᠳᠡᠯ ᠬᠥᠮᠦᠨ ᠠᠮᠠ ᠲᠥᠪᠯᠡᠷᠡᠭᠰᠡᠨ ᠠᠵᠢᠯᠴᠢᠨ ᠬᠡᠷᠡᠭᠯᠡᠬᠦ ᠨᠢᠭᠡᠴᠢ ᠵᠢᠴᠢ ᠬᠥᠳᠡᠯᠮᠦᠷᠢ ᠬᠦᠴᠦᠨ᠎ᠢ ᠰᠢᠯᠵᠢᠬᠦᠯᠦᠨ ᠲᠣᠬᠢᠷᠠᠭᠤᠯᠬᠤ ᠪᠣᠯᠪᠠᠰᠤᠷᠠᠯ ᠬᠦᠷᠲᠡᠭᠡᠬᠦ ᠪᠠᠶ᠋ᠢᠭᠤᠯᠤᠮᠵᠢ ᠵᠢᠨ ᠰᠡᠷᠡᠮᠵᠢᠯᠡᠭᠦᠯᠬᠦ ᠴᠢᠨᠠᠷᠲᠠᠶ ᠰᠤᠷᠭ᠋ᠠᠨ ᠬᠥᠮᠦᠵᠢᠯ ᠪᠠ ᠳᠠᠶ᠋ᠢᠴᠢᠯᠠᠯᠲᠠ ᠬᠢᠵᠦ ᠪᠠᠶ᠋ᠢᠴᠠᠭ᠋ᠠᠨ ᠰᠢᠨᠵᠢᠬᠦ ᠵᠡᠷᠭᠡ ᠠᠵᠢᠯ ᠦᠷᠨᠢᠬᠦᠯᠦᠬᠦᠯᠬᠦᠪᠠᠷ ᠰᠢᠮᠳᠠᠭᠤᠯᠤᠨ ᠵᠢᠯᠣᠭᠤᠳᠤᠨ᠎ᠠ᠃ 12320 ᠪᠠ 12356 ᠵᠡᠷᠭᠡ ᠦᠢ᠍ᠯᠡᠴᠢᠯᠡᠭᠡᠨ᠎ᠤ ᠬᠠᠯᠠᠮᠰᠢᠯ ᠤᠲᠠᠰᠤ᠎ᠪᠠᠷ ᠳᠠᠮᠵᠢᠭᠤᠯᠤᠨ ᠪᠣᠳᠠᠭ᠋ᠠᠯᠢ ᠴᠣᠭᠴᠠ ᠵᠢᠨ ᠡᠷᠡᠭᠦᠯ ᠴᠢᠬᠢᠷᠠᠭ᠎ᠤᠨ ᠬᠥᠮᠦᠵᠢᠯ ᠪᠠ ᠰᠡᠳᠬᠢᠴᠡ ᠵᠢᠨ ᠵᠦᠪᠯᠡᠯᠭᠡ ᠥᠷᠨᠢᠭᠦᠯᠦᠨ᠎ᠡ᠃
3. ᠪᠦᠲᠦᠮᠵᠢᠲᠡᠶ ᠵᠢᠯᠣᠭᠤᠳᠤᠨ ᠨᠥᠯᠥᠭᠡᠯᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ᠎ᠪᠠᠨ ᠴᠢᠩᠭ᠋ᠠᠷᠠᠭᠤᠯᠤᠨ᠎ᠠ᠃ ᠪᠡᠯᠬᠡᠪᠴᠢ ᠵᠢ ᠳᠡᠯᠭᠡᠷᠡᠭᠦᠯᠬᠦ ᠪᠠ ᠵᠥᠪ ᠵᠶ᠋ᠠᠷ ᠬᠡᠷᠡᠭᠯᠡᠬᠦ ᠵᠢ ᠠᠬᠢᠭᠤᠯᠵᠤ᠂ ᠵᠣᠴᠢᠳ᠎ᠤᠨ ᠪᠠᠭᠤᠳᠠᠯ ᠵᠡᠷᠭᠡ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠲᠤ ᠪᠡᠯᠬᠡᠪᠴᠢ ᠲᠠᠯᠪᠢᠬᠤ ᠬᠤᠯᠪᠣᠭᠳᠠᠯ ᠪᠥᠬᠦᠶ ᠲᠣᠭᠲᠠᠭ᠋ᠠᠯ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠭᠠᠴᠠᠭ᠎ᠠ ᠲᠣᠰᠬᠤᠨ (ᠰᠠᠭᠤᠭ᠋ᠠᠯᠢ)᠎ᠤ ᠠᠷᠠᠳ᠎ᠤᠨ ᠵᠥᠪᠯᠡᠯ᠎ᠤᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠵᠥᠪᠯᠡᠯ᠎ᠤᠨ ᠦᠢ᠍ᠯᠡᠳᠦᠯ᠎ᠢ ᠪᠠᠳᠠᠷᠠᠭᠤᠯᠤᠨ᠎ᠠ᠃ ᠡᠷ᠎ᠡ ᠡᠮ᠎ᠡ ᠬᠤᠶᠠᠭᠤᠯᠠ ᠵᠢᠨ ᠨᠢᠭᠡ᠎ᠨᠢ ᠠᠶ᠋ᠢᠽ ᠡᠪᠡᠳᠴᠢᠨ᠎ᠳᠤ ᠬᠠᠯᠳᠠᠪᠤᠷᠢᠯᠠᠭᠳᠠᠭᠰᠠᠨ ᠬᠡᠷ ᠪᠦᠯᠢ ᠵᠢᠨ ᠡᠷᠡᠭᠦᠯ ᠴᠢᠬᠢᠷᠠᠭ᠎ᠤᠨ ᠬᠥᠮᠦᠵᠢᠯ᠂ ᠪᠠᠶ᠋ᠢᠴᠠᠭ᠋ᠠᠨ ᠰᠢᠨᠵᠢᠵᠦ ᠡᠮᠨᠡᠨ ᠵᠠᠰᠠᠬᠤ ᠪᠠ ᠦᠷᠡᠵᠢᠯ᠎ᠤᠨ ᠵᠢᠯᠣᠭᠤᠳᠣᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠎ᠠ᠃ ᠡᠮ ᠲᠠᠩ ᠵᠶ᠋ᠠᠷ ᠤᠷᠢᠳᠴᠢᠯᠠᠨ ᠰᠡᠷᠭᠡᠶ᠋ᠢᠯᠡᠬᠦ ᠠᠷᠭ᠎ᠠ ᠪᠣᠳᠣᠯᠭ᠎ᠠ ᠵᠢ ᠲᠡᠭᠦᠯᠳᠡᠷᠵᠢᠭᠦᠯᠵᠦ᠂ ᠢᠯᠡᠷᠡᠬᠦᠯᠵᠦ ᠤᠷᠢᠳᠴᠢᠯᠠᠨ ᠰᠡᠷᠭᠡᠶ᠋ᠢᠯᠡᠬᠦ ᠡᠭᠦᠳᠡᠨ ᠡᠮᠨᠡᠯᠭᠡ ᠵᠢᠨ ᠵᠢᠷᠤᠮᠵᠢᠭᠰᠠᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ 2025 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠠᠶ᠋ᠢᠮᠠᠭ ᠬᠤᠲᠠ ᠵᠢᠨ ᠱᠠᠲᠤ ᠪᠦᠬᠦᠨ᠎ᠳᠤ ᠢᠯᠡᠷᠡᠬᠦᠯᠵᠦ ᠤᠷᠢᠳᠴᠢᠯᠠᠨ ᠰᠡᠷᠭᠡᠶ᠋ᠢᠯᠡᠬᠦ ᠡᠭᠦᠳᠡᠨ ᠡᠮᠨᠡᠯᠭᠡ᠎ᠲᠠᠢ ᠪᠣᠯᠭ᠋ᠠᠨ ᠪᠦᠳᠦᠬᠡᠨ ᠪᠠᠶ᠋ᠢᠭᠤᠯᠬᠤ ᠵᠢ ᠪᠡᠶᠡᠯᠡᠭᠦᠯᠦᠨ᠎ᠡ᠃ ᠡᠮᠴᠢᠯᠡᠭᠡᠨ᠎ᠳᠤ ᠬᠡᠷᠡᠭᠯᠡᠬᠦ ᠴᠢᠰᠦᠨ᠎ᠳᠠᠬᠢ ᠠᠶ᠋ᠢᠽ ᠡᠪᠡᠳᠴᠢᠨ᠎ᠤ ᠸᠢᠷᠦ᠋ᠰ᠎ᠤᠨ ᠪᠥᠭᠡᠮ ᠬᠦᠴᠢᠯ᠎ᠢ ᠪᠠᠶ᠋ᠢᠴᠠᠭ᠋ᠠᠨ ᠰᠢᠨᠵᠢᠬᠦ ᠠᠵᠢᠯ᠎ᠢ ᠦᠷᠭᠦᠯᠵᠢᠯᠡᠨ ᠰᠠᠶ᠋ᠢᠲᠤᠷ ᠬᠢᠨ᠎ᠡ᠃ 《ᠢᠨᠲ᠋ᠧᠷ ᠰᠦᠯᠵᠢᠶ᠎ᠡ +》 ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠦᠯᠵᠢᠶ᠎ᠡ᠎ᠪᠠᠷ ᠪᠠ ᠰᠦᠯᠵᠢᠶᠡᠨ᠎ᠠᠴᠠ ᠭᠠᠳᠠᠭᠤᠷᠬᠢ ᠵᠢ ᠤᠶᠠᠯᠳᠤᠭᠤᠯᠤᠭᠰᠠᠨ ᠪᠦᠬᠦ ᠬᠡᠯᠬᠢᠶ᠎ᠡ᠎ᠪᠠᠷ ᠵᠢᠯᠤᠭᠤᠳᠤᠨ ᠨᠦᠯᠦᠬᠡᠯᠡᠬᠦ ᠠᠷᠭ᠎ᠠ ᠵᠢ ᠬᠡᠷᠡᠭᠵᠢᠭᠦᠯᠦᠨ᠎ᠡ᠃
4. ᠨᠡᠶ᠋ᠢᠭᠡᠮ᠎ᠤᠨ ᠬᠦᠴᠦᠨ᠎ᠢ ᠳᠠᠶ᠋ᠢᠴᠢᠯᠠᠨ ᠥᠷᠭᠡᠨ ᠵᠶ᠋ᠠᠷ ᠣᠷᠣᠯᠴᠠᠭᠤᠯᠤᠨ᠎ᠠ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠠᠵᠤ ᠦᠢ᠍ᠯᠡᠳᠪᠦᠷᠢ ᠬᠤᠳᠠᠯᠳᠤᠭ᠎ᠠ ᠵᠢᠨ ᠬᠤᠯᠪᠤᠭ᠋ᠠᠲᠤ ᠬᠤᠷᠠᠯ᠂ ᠲᠥᠯᠥᠪᠯᠡᠭᠡᠲᠦ ᠦᠷᠡᠵᠢᠯ᠎ᠤᠨ ᠨᠡᠶ᠋ᠢᠭᠡᠮᠯᠢᠭ ᠵᠡᠷᠭᠡ ᠨᠢᠭᠡᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠠᠵᠢᠯᠲᠠᠨ ᠠᠵᠢᠯᠴᠢᠨ᠎ᠤ ᠤᠯᠠᠭ᠋ᠠᠨ ᠲᠣᠷᠭ᠋ᠠᠨ ᠪᠦᠴᠡ ᠵᠢᠨ ᠡᠷᠡᠭᠦᠯ ᠮᠡᠨᠳᠦ ᠵᠢᠨ ᠠᠵᠢᠯᠯᠠᠭ᠋ᠠᠨ》᠂ 《ᠵᠠᠯᠠᠭᠤᠴᠤᠳ᠎ᠤᠨ ᠤᠯᠠᠭ᠋ᠠᠨ ᠲᠣᠷᠭ᠋ᠠᠨ ᠪᠦᠴᠡ》᠂ 《ᠡᠮᠡᠭᠲᠡᠶ᠋ᠢᠴᠦᠳ᠎ᠤᠨ 〈ᠨᠢᠭᠤᠷᠳᠠᠯᠭᠠ〉 ᠵᠢᠨ ᠤᠬᠠᠭᠤᠯᠭ᠎ᠠ ᠬᠥᠮᠦᠵᠢᠯ》 ᠪᠠ 《ᠵᠠᠯᠠᠭᠤ ᠨᠠᠰᠤ ᠪᠠ ᠡᠷᠡᠭᠦᠯ ᠮᠡᠨᠳᠦ》 ᠵᠡᠷᠭᠡ ᠲᠤᠰᠬᠠᠶ ᠠᠵᠢᠯᠯᠠᠭ᠋ᠠᠨ ᠢ ᠦᠷᠭᠦᠯᠵᠢᠯᠡᠨ ᠭᠦᠨᠵᠡᠭᠡᠶ ᠥᠷᠨᠢᠭᠦᠯᠦᠨ᠎ᠡ᠃ ᠨᠡᠶ᠋ᠢᠭᠡᠮ᠎ᠤᠨ ᠬᠦᠴᠦᠨ᠎ᠤ ᠰᠡᠷᠭᠡᠶ᠋ᠢᠯᠡᠨ ᠵᠠᠰᠠᠯᠲᠠ᠎ᠳᠤ ᠣᠷᠣᠯᠴᠠᠬᠤ ᠵᠢ ᠠᠵᠢᠯ᠎ᠤᠨ ᠲᠥᠯᠥᠪᠯᠡᠭᠡ᠎ᠳᠤ᠎ᠪᠠᠨ ᠣᠷᠣᠭᠤᠯᠵᠤ᠂ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠰᠡᠷᠭᠡᠶ᠋ᠢᠯᠡᠨ ᠵᠠᠰᠠᠬᠤ ᠠᠵᠢᠯ ᠥᠷᠨᠢᠭᠦᠯᠬᠦ ᠵᠢ ᠬᠥᠲᠥᠯᠦᠨ ᠵᠢᠯᠣᠭᠤᠳᠬᠤ ᠪᠠ ᠳᠡᠮᠵᠢᠨ᠎ᠡ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠬᠠᠶ᠋ᠢᠷ᠎ᠠ ᠬᠠᠯᠠᠮᠵᠢ ᠵᠢᠨ ᠠᠵᠤ ᠠᠬᠤᠶ᠋ᠢᠯᠠᠯ᠂ ᠰᠠᠶ᠋ᠢᠨ ᠲᠤᠷᠠᠴᠤᠣᠯ ᠪᠠ ᠨᠡᠷ᠎ᠡ ᠴᠣᠣᠲᠤ ᠬᠥᠮᠦᠰ᠎ᠢ ᠳᠠᠶ᠋ᠢᠴᠢᠯᠠᠨ ᠳᠡᠮᠵᠢᠵᠦ ᠪᠠᠶ᠋ᠢᠭ᠋ᠠᠳ ᠰᠡᠷᠭᠡᠶ᠋ᠢᠯᠡᠨ ᠵᠠᠰᠠᠬᠤ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ᠎ᠳᠤ ᠣᠷᠣᠯᠴᠠᠭᠤᠯᠵᠤ᠂ ᠨᠡᠶ᠋ᠢᠭᠡᠮ᠎ᠤᠨ ᠬᠠᠷᠢᠭᠤᠴᠠᠯᠭ᠎ᠠ ᠵᠢ᠎ᠨᠢ ᠭᠦᠢ᠍ᠴᠡᠳᠭᠡᠯᠭᠡᠨᠡ᠃
(ᠬᠤᠶᠠᠷ) ᠪᠠᠶ᠋ᠢᠴᠠᠭ᠋ᠠᠨ ᠰᠢᠨᠵᠢᠬᠦ ᠪᠠ ᠬᠢᠨᠠᠨ ᠰᠢᠨᠵᠢᠬᠦ᠎ᠪᠠᠨ ᠴᠢᠩᠭ᠋ᠠᠳᠬᠠᠵᠤ᠂ ᠡᠪᠡᠳᠴᠢᠨ᠎ᠤ ᠵᠢᠱ᠌ᠢᠶ᠎ᠡ ᠵᠢ ᠡᠷᠲᠡ ᠣᠨᠣᠰᠢᠯᠠᠬᠤ᠂ ᠡᠷᠲᠡ ᠢᠯᠡᠷᠡᠭᠦᠯᠬᠦ ᠵᠢ ᠠᠬᠢᠭᠤᠯᠤᠨ᠎ᠠ
1. ᠪᠠᠶ᠋ᠢᠴᠠᠭ᠋ᠠᠨ ᠰᠢᠨᠵᠢᠬᠦ ᠲᠣᠤᠷ ᠰᠦᠯᠵᠢᠶ᠎ᠡ ᠵᠢ ᠲᠡᠭᠦᠯᠳᠡᠷᠵᠢᠭᠦᠯᠵᠦ᠂ ᠪᠠᠶ᠋ᠢᠴᠠᠭ᠋ᠠᠨ ᠰᠢᠨᠵᠢᠬᠦ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠠᠶ᠋ᠢᠽ ᠡᠪᠡᠳᠴᠢᠨ᠎ᠤ ᠲᠤᠷᠰᠢᠯᠲᠠ ᠵᠢᠨ ᠲᠠᠰᠤᠭ᠎ᠤᠨ ᠪᠠᠶ᠋ᠢᠴᠠᠭ᠋ᠠᠨ ᠰᠢᠨᠵᠢᠬᠦ ᠲᠣᠣᠷ ᠰᠦᠯᠵᠢᠶ᠎ᠡ ᠵᠢ ᠲᠡᠭᠦᠯᠳᠡᠷᠵᠢᠭᠦᠯᠦᠨ᠂ ᠡᠯ᠎ᠡ ᠠᠶ᠋ᠢᠮᠠᠭ ᠬᠤᠳᠠ ᠪᠠ ᠭᠤᠣᠯᠳᠠᠯᠭ᠎ᠠ᠎ᠲᠠᠢ ᠬᠤᠰᠢᠭᠤ ᠰᠢᠶᠠᠨ (ᠬᠤᠳᠠ᠂ ᠲᠣᠭᠤᠷᠢᠭ)᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠬᠤᠷᠢᠭᠯᠠᠬᠤ ᠲᠥᠪ ᠪᠠ ᠬᠠᠯᠳᠠᠪᠤᠷᠢᠲᠤ ᠡᠪᠡᠳᠴᠢᠨ᠎ᠤ ᠡᠮᠨᠡᠯᠭᠡ ᠵᠢᠨ ᠬᠤᠷᠢᠶ᠎ᠠ ᠠᠨᠲ᠋ᠢᠪᠣᠳᠢ ᠭᠡᠷᠡᠴᠢᠯᠡᠨ ᠲᠣᠳᠤᠯᠠᠵᠤ ᠪᠠᠶ᠋ᠢᠴᠠᠭ᠋ᠠᠨ ᠰᠢᠨᠵᠢᠬᠦ ᠪᠠ ᠪᠥᠭᠡᠮ ᠬᠦᠴᠢᠯ᠎ᠢ ᠣᠨᠣᠰᠢᠯᠠᠬᠤ ᠴᠢᠳᠠᠪᠤᠷᠢ ᠵᠢ ᠪᠦᠷᠢᠯᠳᠦᠬᠦᠯᠵᠦ᠂ ᠰᠤᠮᠤ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ ᠤᠨ ᠬᠤᠷᠢᠶ᠎ᠠ ᠪᠠ ᠨᠡᠶ᠋ᠢᠭᠡᠮ ᠲᠣᠭᠤᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ ᠤᠨ᠎ᠬᠢᠨ᠎ᠤ ᠠᠶ᠋ᠢᠽ ᠡᠪᠡᠳᠴᠢᠨ᠎ᠢ ᠪᠠᠶ᠋ᠢᠴᠠᠭ᠋ᠠᠨ ᠰᠢᠨᠵᠢᠬᠦ ᠴᠡᠭ ᠪᠠᠶ᠋ᠢᠭᠤᠯᠬᠤ ᠵᠢ ᠵᠣᠷᠢᠭᠵᠢᠭᠤᠯᠤᠨ ᠳᠡᠮᠵᠢᠬᠦ ᠬᠡᠷᠡᠭᠲᠡᠶ᠃ ᠬᠠᠨᠳᠤᠯᠭ᠋ᠠᠲᠤ ᠴᠢᠨᠠᠷᠲᠠᠶ᠎ᠪᠠᠷ ᠰᠢᠭᠰᠢᠨ ᠪᠠᠶ᠋ᠢᠴᠠᠭ᠋ᠠᠬᠤ ᠲᠥᠯᠥᠪᠯᠡᠭᠡ ᠲᠣᠭᠲᠠᠭ᠋ᠠᠵᠤ᠂ ᠭᠤᠤᠯᠳᠠᠯᠭ᠎ᠠ᠎ᠲᠠᠢ ᠬᠥᠮᠦᠰ᠎ᠢ ᠳᠠᠶ᠋ᠢᠴᠢᠯᠠᠨ ᠥᠪᠡᠷ᠎ᠢ᠎ᠪᠠᠨ ᠪᠠᠶ᠋ᠢᠴᠠᠭ᠋ᠠᠨ ᠰᠢᠨᠵᠢᠬᠦ ᠪᠠ ᠬᠤᠷᠢᠴᠠᠯ᠎ᠤᠨ ᠬᠠᠨᠢ᠎ᠪᠠᠨ ᠪᠠᠶ᠋ᠢᠴᠠᠭ᠋ᠠᠨ ᠰᠢᠨᠵᠢᠬᠦ ᠵᠢ ᠴᠢᠩᠭ᠋ᠠᠳᠬᠠᠵᠤ᠂ ᠭᠤᠤᠯᠳᠠᠯᠭ᠎ᠠ᠎ᠲᠠᠢ ᠬᠥᠮᠦᠰ ᠪᠠ ᠡᠮᠴᠢᠯᠡᠭᠡᠨ᠎ᠤ ᠪᠠᠶ᠋ᠢᠭᠤᠯᠤᠮᠵᠢ ᠵᠢᠨ ᠭᠤᠤᠯᠳᠠᠯᠭ᠎ᠠ᠎ᠲᠠᠢ ᠰᠠᠯᠠᠭ᠎ᠠ ᠲᠠᠰᠤᠭ᠎ᠲᠤ ᠡᠮᠨᠡᠭᠦᠯᠦᠭᠰᠡᠳ᠎ᠤᠨ ᠠᠶ᠋ᠢᠽ ᠡᠪᠡᠳᠴᠢᠨ᠂ ᠸᠢᠷᠦ᠋ᠰ᠎ᠤᠨ ᠴᠢᠨᠠᠷᠲᠠᠶ ᠡᠯᠢᠭᠡᠨ ᠦᠷᠪᠢᠰᠦᠯ ᠪᠠ ᠲᠡᠮᠪᠦᠤ ᠵᠡᠷᠭᠡ ᠣᠯᠠᠨ ᠡᠪᠡᠳᠴᠢᠨ᠎ᠢ ᠬᠠᠮᠳᠤᠷᠠᠭᠤᠯᠤᠨ ᠪᠠᠶ᠋ᠢᠴᠠᠭ᠋ᠠᠬᠤ ᠵᠢ ᠴᠢᠩᠭ᠋ᠠᠷᠠᠭᠤᠯᠵᠤ᠂ ᠥᠩᠭᠡᠨ᠎ᠤ ᠡᠪᠡᠳᠴᠢᠨ ᠡᠮᠨᠡᠭᠦᠯᠦᠭᠰᠡᠳ᠎ᠲᠤ ᠵᠢᠷᠤᠮᠵᠢᠭᠰᠠᠨ ᠣᠨᠣᠰᠢᠯᠠᠨ ᠡᠮᠨᠡᠬᠦ ᠪᠠ ᠠᠶ᠋ᠢᠽ ᠡᠪᠡᠳᠴᠢᠨ᠎ᠢ ᠪᠠᠶ᠋ᠢᠴᠠᠭ᠋ᠠᠨ ᠰᠢᠨᠵᠢᠵᠦ ᠵᠦᠪᠯᠡᠯᠭᠡ ᠥᠭᠬᠦ ᠦᠢ᠍ᠯᠡᠴᠢᠯᠡᠭᠡ ᠬᠠᠩᠭ᠋ᠠᠨ᠎ᠠ᠃ ᠭᠤᠤᠯᠳᠠᠯᠭ᠎ᠠ᠎ᠲᠠᠢ ᠭᠠᠵᠠᠷ ᠣᠷᠣᠨ᠎ᠨᠢ ᠠᠶ᠋ᠢᠽ ᠡᠪᠡᠳᠴᠢᠨ᠂ C ᠬᠡᠯᠪᠡᠷᠢᠲᠦ ᠡᠯᠢᠭᠡᠨ᠎ᠤ ᠸᠢᠷᠦ᠋ᠰ᠎ᠲᠦ ᠦᠷᠪᠢᠰᠦᠯ ᠪᠠ ᠥᠩᠭᠡᠨ᠎ᠤ ᠡᠪᠡᠳᠴᠢᠨ᠎ᠢ ᠪᠠᠶ᠋ᠢᠴᠠᠭ᠋ᠠᠨ ᠰᠢᠨᠵᠢᠬᠦ ᠵᠦᠪᠯᠡᠯᠭᠡ ᠥᠭᠬᠦ ᠠᠵᠢᠯ᠎ᠢ ᠤᠷᠤᠭᠯᠠᠬᠤ᠎ᠠᠴᠠ ᠡᠮᠦᠨᠡᠬᠢ ᠰᠠᠶ᠋ᠢᠨ ᠳᠤᠷ᠎ᠠ ᠵᠢᠨ ᠠᠨᠠᠭ᠋ᠠᠬᠤ ᠤᠬᠠᠭ᠋ᠠᠨ᠎ᠤ ᠪᠠᠶ᠋ᠢᠴᠠᠭ᠋ᠠᠯᠲᠠ ᠪᠠ ᠭᠤᠤᠯᠳᠠᠯᠭ᠎ᠠ᠎ᠲᠠᠢ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠲᠤ ᠠᠵᠢᠯᠯᠬᠠᠰᠠᠳᠤᠨ ᠪᠡᠶ᠎ᠡ ᠵᠢᠨ ᠡᠷᠡᠭᠦᠯ ᠮᠡᠨᠳᠦ ᠵᠢᠨ ᠪᠠᠶ᠋ᠢᠴᠠᠭ᠋ᠠᠯᠲᠠ᠎ᠳᠤ ᠣᠷᠣᠭᠤᠯᠵᠤ᠂ ᠬᠠᠷᠢᠶ᠎ᠠ ᠣᠷᠣᠨ᠎ᠤ᠎ᠪᠠᠨ ᠠᠶ᠋ᠢᠽ ᠡᠪᠡᠳᠴᠢᠨ᠎ᠢ ᠪᠠᠶ᠋ᠢᠴᠠᠭ᠋ᠠᠨ ᠰᠢᠨᠵᠢᠬᠦ ᠪᠠᠶ᠋ᠢᠭᠤᠯᠤᠮᠵᠢ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠭᠡᠮ ᠨᠡᠶ᠋ᠢᠲᠡ᠎ᠳᠤ ᠨᠡᠶ᠋ᠢᠲᠡᠯᠡᠵᠦ᠂ ᠪᠠᠶ᠋ᠢᠴᠠᠭ᠋ᠠᠨ ᠰᠢᠨᠵᠢᠬᠦ ᠦᠢ᠍ᠯᠡᠴᠢᠯᠡᠭᠡᠨ᠎ᠤ ᠲᠥᠬᠦᠮ ᠳᠦᠲᠡ ᠮᠦᠷᠲᠡᠭᠡᠨ ᠬᠦᠷᠲᠡᠵᠦ ᠳᠡᠶ᠋ᠢᠯᠬᠦ ᠪᠣᠯᠬᠤ ᠵᠢ᠎ᠨᠢ ᠠᠬᠢᠭᠤᠯᠤᠨ᠎ᠠ᠃
2. ᠣᠯᠠᠨ ᠠᠷᠭ᠎ᠠ ᠵᠠᠮ ᠵᠶ᠋ᠠᠷ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠥᠷᠨᠢᠭᠦᠯᠵᠦ᠂ ᠳ᠋ᠠᠶ᠋ᠢᠲ᠋ᠠ ᠵᠢ ᠵᠠᠳᠠᠯᠤᠨ ᠠᠰᠢᠭᠯᠠᠬᠤ᠎ᠪᠠᠨ ᠴᠢᠩᠭ᠋ᠠᠳᠬᠠᠨ᠎ᠠ᠃ ᠪᠥᠬᠦ ᠣᠷᠣᠨ᠎ᠤ ᠬᠠᠯᠳᠠᠪᠤᠷᠢᠲᠤ ᠡᠪᠡᠳᠴᠢᠨ᠎ᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶ᠋ᠢᠳᠠᠯ ᠢ ᠠᠷᠭ᠋ᠠᠴᠠᠭ᠋ᠠᠨ ᠵᠢᠯᠣᠭᠤᠳᠬᠤ ᠮᠡᠳᠡᠭᠡ ᠵᠠᠩᠭᠢ ᠵᠢᠨ ᠲᠠᠪᠴᠠᠩ᠎ᠢ ᠠᠰᠢᠭᠯᠠᠨ᠂ ᠠᠶ᠋ᠢᠽ ᠡᠪᠡᠳᠴᠢᠨ᠎ᠢ ᠰᠡᠷᠭᠡᠶ᠋ᠢᠯᠡᠨ ᠬᠤᠷᠢᠭᠯᠠᠬᠤ ᠤᠶᠤᠨᠲᠤ ᠣᠯᠠᠨ ᠡᠰᠢᠵᠢᠭᠰᠡᠨ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠢ ᠪᠠᠶ᠋ᠢᠭᠤᠯᠤᠨ᠎ᠠ᠃ ᠭᠤᠤᠯᠳᠠᠯᠭ᠎ᠠ᠎ᠲᠠᠢ ᠬᠥᠮᠦᠰ᠎ᠲᠤ ᠬᠠᠷᠠᠭᠤᠯ᠎ᠤᠨ ᠴᠡᠭ ᠮᠠᠶᠢᠭ᠎ᠤᠨ ᠬᠢᠨᠠᠨ ᠰᠢᠨᠵᠢᠯᠲᠡ ᠪᠠ ᠡᠮ᠎ᠳᠤ ᠳᠠᠭ᠋ᠠᠭ᠋ᠠᠮᠠᠭ᠋ᠠᠢ ᠴᠢᠨᠠᠷ᠎ᠤᠨ ᠬᠢᠨᠠᠨ ᠰᠢᠨᠵᠢᠯᠲᠡ ᠬᠢᠬᠦ᠎ᠪᠠᠨ ᠴᠢᠩᠭ᠋ᠠᠳᠬᠠᠵᠤ᠂ ᠪᠠᠶ᠋ᠢᠭᠤᠯᠤᠮᠵᠢ ᠵᠢᠨ ᠬᠤᠭᠤᠷᠣᠨᠳᠣᠬᠢ ᠮᠡᠳᠡᠭᠡ ᠵᠠᠩᠭᠢ ᠵᠢᠨ ᠰᠣᠯᠢᠯᠴᠠᠭ᠎ᠠ ᠵᠢ ᠠᠬᠢᠭᠤᠯᠤᠨ᠂ ᠬᠢᠵᠢᠭ᠎ᠤᠨ ᠪᠠᠶ᠋ᠢᠳᠠᠯ᠎ᠢ ᠰᠤᠳᠤᠯᠤᠨ ᠮᠠᠭ᠋ᠠᠳᠯᠠᠬᠤ ᠵᠢᠴᠢ ᠪᠠᠶ᠋ᠢᠳᠠᠯ ᠬᠠᠨᠳᠤᠰᠢ ᠵᠢᠨ ᠵᠠᠳᠠᠯᠤᠯᠲᠠ ᠬᠢᠬᠦ ᠵᠢ ᠴᠢᠩᠭ᠋ᠠᠷᠠᠭᠤᠯᠤᠨ᠎ᠠ᠃ ᠸᠢᠷᠦ᠋ᠰ᠎ᠤᠨ ᠭᠧᠨ᠎ᠤ ᠳᠠᠷᠠᠭ᠋ᠠᠯᠠᠯ᠎ᠢ ᠬᠡᠮᠵᠢᠬᠦ᠂ ᠮᠣᠯᠧᠺᠦ᠋ᠯ᠎ᠤᠨ ᠲᠠᠷᠬᠠᠭ᠋ᠠᠯᠲᠠ ᠵᠢᠨ ᠲᠣᠤᠷ ᠰᠦᠯᠵᠢᠶ᠎ᠡ ᠪᠠ ᠰᠢᠨᠡᠬᠡᠨ ᠣᠶ᠋ᠢᠷ᠎ᠠ ᠵᠢᠨ ᠬᠠᠯᠳᠠᠪᠤᠷᠢᠯᠠᠭ᠎ᠠ ᠵᠢ ᠵᠠᠳᠠᠯᠬᠤ ᠵᠡᠷᠭᠡ ᠵᠢ ᠠᠰᠢᠭᠯᠠᠨ᠂ ᠰᠢᠨ᠎ᠡ᠎ᠪᠠᠷ ᠮᠡᠳᠡᠭᠦᠯᠦᠭᠰᠡᠨ ᠬᠠᠯᠳᠠᠪᠤᠷᠢᠯᠠᠭᠳᠠᠭᠰᠠᠳ᠎ᠤᠨ ᠲᠠᠬᠤᠯ ᠡᠪᠡᠳᠴᠢᠨ᠎ᠤ ᠰᠤᠳᠤᠯᠤᠯ᠎ᠤᠨ ᠪᠠᠶ᠋ᠢᠴᠠᠭ᠋ᠠᠯᠲᠠ ᠪᠠ ᠲᠠᠷᠬᠠᠭ᠋ᠠᠯᠲᠠ ᠵᠢᠨ ᠲᠦᠭᠰᠢᠭᠦᠷᠢ ᠵᠢᠨ ᠮᠠᠭ᠋ᠠᠳᠯᠠᠯᠲᠠ ᠵᠢ ᠭᠦᠨᠵᠡᠭᠡᠶ ᠥᠷᠨᠢᠭᠦᠯᠵᠦ᠂ ᠲᠥᠷᠥᠯ ᠬᠤᠪᠢᠶᠠᠨ ᠵᠢᠯᠤᠭᠤᠳᠤᠨ ᠨᠦᠯᠦᠬᠡᠯᠡᠬᠦ ᠵᠢ ᠠᠬᠢᠭᠤᠯᠤᠨ᠎ᠠ᠃ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠢ ᠢᠳᠡᠪᠬᠢᠲᠡᠶ ᠵᠣᠬᠢᠴᠠᠭᠤᠯᠵᠤ᠂ᠲᠠᠭᠠᠨ ᠤᠶ᠋ᠢᠯᠠᠭ᠋ᠠᠵᠦ ᠴᠢᠳ᠋ᠬᠠᠰᠠᠨ ᠦᠬᠡᠢ ᠡᠪᠡᠳᠴᠢᠨ᠎ᠤ ᠵᠢᠱ᠌ᠢᠶᠡᠨ᠎ᠤ ᠮᠡᠳᠡᠭᠡ ᠵᠠᠩᠭᠢ ᠵᠢ ᠴᠠᠭ ᠲᠤᠬᠠᠶ᠎ᠳᠤᠨᠢ ᠣᠶ᠋ᠢᠯᠠᠭ᠋ᠠᠨ ᠡᠵᠡᠮᠰᠢᠵᠦ᠂ ᠡᠪᠡᠳᠴᠢᠨ᠎ᠤ ᠵᠢᠱ᠌ᠢᠶᠡᠨ᠎ᠤ ᠬᠠᠮᠢᠶᠠᠷᠤᠯᠲᠠ ᠵᠢᠨ ᠨᠣᠷᠮ᠎ᠠ ᠵᠢ ᠳᠡᠭᠡᠭᠰᠢᠯᠡᠭᠦᠯᠬᠦ ᠬᠡᠷᠡᠭᠲᠡᠶ᠃
(ᠭᠤᠷᠪᠠ) ᠡᠮᠨᠡᠨ ᠵᠠᠰᠠᠬᠤ ᠪᠠ ᠠᠪᠤᠷᠠᠨ ᠲᠤᠰᠠᠯᠠᠬᠤ ᠵᠢ ᠠᠬᠢᠭᠤᠯᠵᠤ᠂ ᠸᠢᠷᠦ᠋ᠰ᠎ᠢ ᠡᠰᠡᠷᠭᠦᠴᠡᠬᠦ ᠲᠠᠯ᠎ᠠ᠎ᠪᠠᠷ᠎ᠬᠢ ᠡᠮᠨᠡᠨ ᠵᠠᠰᠠᠬᠤ ᠦᠷ᠎ᠡ ᠪᠦᠳᠦᠮᠵᠢ ᠵᠢ ᠳᠡᠭᠡᠭᠰᠢᠯᠡᠭᠦᠯᠦᠨ᠎ᠡ
1. ᠸᠢᠷᠦ᠋ᠰ᠎ᠢ ᠡᠰᠡᠷᠭᠦᠴᠡᠬᠦ ᠡᠮᠨᠡᠯᠬᠡ ᠵᠠᠰᠠᠯᠭ᠎ᠠ ᠵᠢ ᠴᠢᠨᠠᠷ ᠰᠠᠶ᠋ᠢᠲᠠᠶ ᠥᠷᠨᠢᠭᠦᠯᠦᠨ᠎ᠡ᠃ ᠪᠠᠶ᠋ᠢᠴᠠᠭ᠋ᠠᠨ ᠰᠢᠨᠵᠢᠬᠦ᠂ ᠣᠨᠣᠰᠢᠯᠠᠬᠤ᠂ ᠡᠮᠨᠡᠨ ᠵᠠᠰᠠᠬᠤ ᠲᠠᠯ᠎ᠠ᠎ᠳᠤ 《ᠨᠢᠭᠡ ᠥᠷᠲᠡᠭᠡᠴᠢᠯᠡᠭᠰᠡᠨ ᠮᠠᠶᠢᠭ》᠎ᠤᠨ ᠦᠢ᠍ᠯᠡᠴᠢᠯᠡᠭᠡ ᠵᠢ ᠪᠥᠬᠦ ᠲᠠᠯ᠎ᠠ᠎ᠪᠠᠷ ᠳᠡᠯᠭᠡᠷᠡᠭᠦᠯᠵᠦ᠂ ᠡᠮᠴᠢᠯᠡᠭᠡ ᠪᠠ ᠰᠡᠷᠭᠡᠶ᠋ᠢᠯᠡᠯᠲᠡ ᠵᠢ ᠬᠠᠮᠵᠢᠯᠴᠠᠭᠤᠯᠬᠤ᠂ ᠡᠮᠴᠢᠯᠡᠭᠡ ᠪᠠ ᠰᠡᠷᠭᠡᠶ᠋ᠢᠯᠡᠯᠲᠡ ᠵᠢ ᠠᠭᠤᠰᠤᠯᠴᠠᠭᠤᠯᠬᠤ ᠲᠤᠷᠰᠢᠯᠲᠠ ᠵᠢ ᠢᠳᠡᠪᠬᠢᠲᠡᠶ ᠠᠬᠢᠭᠤᠯᠤᠨ᠎ᠠ᠃ ᠰᠢᠯᠵᠢᠬᠦᠯᠦᠨ ᠡᠮᠨᠡᠬᠦ ᠪᠠ ᠬᠠᠮᠲᠤᠷᠠᠨ ᠣᠨᠣᠰᠢᠯᠠᠬᠤ ᠲᠣᠭᠲᠠᠴᠠ ᠵᠢ ᠪᠦᠷᠢᠨᠰᠢᠬᠦᠯᠵᠦ᠂ ᠰᠢᠨ᠎ᠡ᠎ᠪᠠᠷ ᠮᠡᠳᠡᠭᠦᠯᠦᠭᠰᠡᠨ ᠬᠠᠯᠳᠠᠪᠤᠷᠢᠯᠠᠭᠰᠠᠳ᠎ᠢ ᠡᠷᠲᠡᠬᠡᠨ ᠡᠮᠨᠡᠨ ᠵᠠᠰᠠᠵᠤ᠂ ᠡᠮᠨᠡᠨ ᠵᠠᠰᠠᠭ᠋ᠠᠳᠤᠢ ᠬᠠᠯᠳᠠᠪᠤᠷᠢᠯᠠᠭᠰᠠᠳ᠎ᠢ ᠳᠠᠶ᠋ᠢᠴᠢᠯᠠᠨ ᠡᠮᠨᠡᠨ ᠵᠠᠰᠠᠭᠤᠯᠬᠤ ᠬᠡᠷᠡᠭᠲᠡᠶ᠃ ᠣᠨᠳᠣᠤ ᠭᠠᠵᠠᠷ᠎ᠲᠤ ᠬᠢᠭᠰᠡᠨ ᠸᠢᠷᠦ᠋ᠰ᠎ᠢ ᠡᠰᠡᠷᠭᠦᠴᠡᠬᠦ ᠡᠮᠨᠡᠯᠬᠡ ᠵᠠᠰᠠᠯᠭ᠎ᠠ᠎ᠲᠠᠢ ᠵᠤᠯᠭ᠋ᠠᠯᠳᠤᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠬᠠᠯᠳᠠᠪᠤᠷᠢᠯᠠᠭᠰᠠᠳ᠎ᠢ ᠡᠮᠨᠡᠨ ᠵᠠᠰᠠᠬᠤ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠨ᠎ᠠ᠃ ᠬᠤᠯᠪᠣᠭᠳᠠᠯ ᠪᠥᠬᠦᠶ ᠣᠨᠣᠰᠢᠯᠠᠨ ᠡᠮᠨᠡᠬᠦ ᠵᠦᠭᠯᠡᠭᠦᠷ ᠢ ᠴᠢᠩᠭ᠎ᠠ ᠬᠡᠷᠡᠭᠵᠢᠭᠦᠯᠵᠦ᠂ ᠡᠮᠨᠡᠨ ᠵᠠᠰᠠᠬᠤ ᠵᠢ ᠦᠨᠡᠯᠡᠨ ᠵᠢᠱ᠌ᠢᠬᠦ᠂ ᠡᠪᠡᠳᠴᠢᠨ᠎ᠤ ᠪᠠᠶ᠋ᠢᠳᠠᠯ ᠪᠠ ᠡᠮ᠎ᠳᠤ ᠳᠠᠭ᠋ᠠᠭ᠋ᠠᠮᠠᠭ᠋ᠠᠢ ᠴᠢᠨᠠᠷ᠎ᠢ ᠬᠢᠨᠠᠨ ᠰᠢᠨᠵᠢᠬᠦ᠎ᠪᠠᠨ ᠴᠢᠩᠭ᠋ᠠᠳᠬᠠᠨ᠂ ᠨᠠᠰᠤᠨ᠎ᠳᠤ ᠭᠦᠷᠦᠭᠰᠡᠳ ᠵᠢᠴᠢ ᠬᠡᠤᠬᠡᠳ᠎ᠤᠨ ᠡᠮᠨᠡᠨ ᠵᠠᠰᠠᠬᠤ ᠲᠥᠰᠦᠯ᠎ᠢ ᠴᠠᠭᠲᠤᠨᠢ ᠳᠣᠭᠢᠷᠠᠭᠤᠯᠤᠨ ᠰᠢᠯᠢᠳᠡᠭᠵᠢᠭᠦᠯᠦᠨ᠎ᠡ᠃ ᠲᠣᠬᠢᠶᠠᠯ᠎ᠤᠨ ᠴᠢᠨᠠᠷᠲᠠᠶ ᠬᠠᠯᠳᠠᠪᠤᠷᠢᠯᠠᠭ᠎ᠠ ᠵᠢᠨ ᠬᠤᠯᠪᠣᠭᠳᠠᠯ ᠪᠥᠬᠦᠶ ᠠᠪᠤᠷᠠᠨ ᠵᠠᠰᠠᠬᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠰᠦᠷᠢᠶ᠎ᠡ ᠡᠪᠡᠳᠴᠢᠨ ᠵᠡᠷᠭᠡ ᠲᠣᠬᠢᠶᠠᠯ᠎ᠤᠨ ᠴᠢᠨᠠᠷᠲᠠᠶ ᠬᠠᠯᠳᠠᠪᠤᠷᠢᠯᠠᠬᠤ ᠡᠪᠡᠳᠴᠢᠨ ᠡᠮᠭᠡᠭ᠎ᠢ ᠰᠢᠭᠰᠢᠨ ᠪᠠᠶ᠋ᠢᠴᠠᠭ᠋ᠠᠬᠤ᠂ ᠣᠨᠣᠰᠢᠯᠠᠬᠤ ᠪᠠ ᠡᠮᠨᠡᠨ ᠵᠠᠰᠠᠬᠤ ᠠᠵᠢᠯ᠎ᠢ ᠰᠠᠶ᠋ᠢᠲᠤᠷ ᠬᠢᠨ᠎ᠠ᠃ ᠬᠠᠯᠳᠠᠪᠤᠷᠢᠯᠠᠭᠰᠠᠳ᠎ᠢ ᠲᠥᠷᠥᠯ ᠬᠤᠪᠢᠶᠠᠨ ᠬᠠᠮᠢᠶᠠᠷᠬᠤ᠎ᠪᠠᠨ ᠴᠢᠩᠭ᠋ᠠᠳᠬᠠᠵᠤ᠂ ᠬᠠᠨᠳᠤᠯᠭ᠋ᠠᠲᠤ ᠴᠢᠨᠠᠷᠲᠠᠶ᠎ᠪᠠᠷ᠎ᠲᠠᠭᠠᠨ ᠤᠶ᠋ᠢᠯᠠᠭ᠋ᠠᠵᠦ ᠵᠢᠯᠤᠭᠤᠳᠤᠨ ᠨᠦᠯᠦᠬᠡᠯᠡᠬᠦ ᠦᠢ᠍ᠯᠡᠴᠢᠯᠡᠭᠡ ᠬᠠᠩᠭ᠋ᠠᠵᠤ᠂ ᠲᠡᠳᠡᠨ᠎ᠢ ᠰᠢᠮᠳᠠᠭᠤᠯᠵᠤ ᠪᠠᠶ᠋ᠢᠭ᠋ᠠᠳ ᠵᠢᠷᠤᠮᠵᠢᠭᠰᠠᠨ ᠡᠮᠨᠡᠯᠬᠡ ᠵᠠᠰᠠᠯᠭ᠎ᠠ ᠬᠢᠯᠭᠡᠬᠦ ᠵᠢᠨ ᠬᠠᠮᠲᠤ ᠬᠤᠷᠢᠴᠠᠯ᠎ᠤᠨ ᠬᠠᠨᠢᠳᠤᠪᠠᠨ ᠮᠡᠳᠡᠭᠳᠡᠬᠦ ᠵᠢᠴᠢ ᠪᠤᠰᠤᠳ᠎ᠲᠤ ᠬᠠᠯᠳᠠᠪᠤᠷᠢᠯᠠᠬᠤ ᠵᠢ ᠰᠡᠷᠭᠡᠶ᠋ᠢᠯᠡᠬᠦ ᠵᠡᠷᠭᠡ ᠡᠭᠦᠷᠭᠡ ᠵᠢ ᠬᠠᠤᠯᠢ ᠶᠣᠰᠣᠭ᠋ᠠᠷ ᠭᠦᠢ᠍ᠴᠡᠳᠬᠡᠯᠬᠡᠨᠡ᠃
2. ᠬᠢᠲᠠᠳ ᠡᠮ ᠡᠮᠨᠡᠯᠭᠡ (ᠮᠣᠩᠭᠤᠯ ᠡᠮ ᠡᠮᠨᠡᠯᠭᠡ)᠎ᠪᠠᠷ ᠡᠮᠨᠡᠨ ᠵᠠᠰᠠᠬᠤ ᠵᠢ ᠢᠳᠡᠪᠬᠢᠲᠡᠶ ᠠᠬᠢᠭᠤᠯᠤᠨ᠎ᠠ᠃ ᠬᠢᠲᠠᠳ ᠡᠮ ᠡᠮᠨᠡᠯᠭᠡ (ᠮᠣᠩᠭᠤᠯ ᠡᠮ ᠡᠮᠨᠡᠯᠭᠡ) ᠵᠢᠨ ᠠᠶ᠋ᠢᠽ ᠡᠪᠡᠳᠴᠢᠨ᠎ᠢ ᠣᠨᠣᠰᠢᠯᠠᠨ ᠡᠮᠨᠡᠬᠦ ᠠᠵᠢᠯ᠎ᠳᠤ ᠣᠷᠣᠯᠴᠠᠬᠤ ᠲᠣᠭᠲᠠᠴᠠ ᠵᠢ ᠪᠦᠷᠢᠨᠰᠢᠬᠦᠯᠵᠦ᠂ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠢ ᠦᠷᠭᠦᠯᠵᠢᠯᠡᠨ ᠠᠬᠢᠭᠤᠯᠵᠤ᠂ ᠡᠮᠨᠡᠨ ᠵᠠᠰᠠᠭᠰᠠᠨ ᠡᠮᠴᠢᠯᠡᠭᠡᠨ᠎ᠤ ᠲᠤᠷᠰᠢᠯᠭ᠎ᠠ᠎ᠪᠠᠨ ᠳ᠋ᠦᠩᠨᠡᠨ᠂ ᠬᠢᠲᠠᠳ (ᠮᠣᠩᠭᠤᠯ) ᠡᠮᠨᠡᠯᠭᠡ᠂ ᠬᠢᠲᠠᠳ (ᠮᠣᠩᠭᠤᠯ) ᠧᠦ᠋ᠷᠣᠫᠠ ᠡᠮᠨᠡᠯᠭᠡ ᠵᠢ ᠤᠶᠠᠯᠳᠤᠭᠤᠯᠤᠭᠰᠠᠨ ᠣᠨᠣᠰᠢᠯᠠᠨ ᠡᠮᠨᠡᠬᠦ ᠲᠥᠰᠦᠯ᠎ᠢ ᠲᠡᠭᠦᠯᠳᠡᠷᠵᠢᠭᠦᠯᠵᠦ᠂ ᠡᠮᠨᠡᠨ ᠵᠠᠰᠠᠬᠤ ᠬᠡᠪᠴᠢᠶᠡᠵᠢᠯ᠎ᠢ ᠤᠯᠠᠮ ᠨᠢᠭᠡ ᠠᠯᠬᠤᠮ ᠥᠷᠭᠡᠳᠬᠡᠨ᠎ᠡ᠃
3. ᠬᠠᠯᠳᠠᠪᠤᠷᠢᠯᠠᠭᠰᠠᠳ᠎ᠢ ᠬᠠᠷᠠᠭ᠋ᠠᠯᠵᠠᠵᠤ ᠲᠡᠩᠬᠡᠷᠡᠭᠦᠯᠦᠨ ᠲᠤᠰᠠᠯᠠᠬᠤ᠎ᠪᠠᠨ ᠴᠢᠩᠭ᠋ᠠᠳᠬᠠᠨ᠎ᠠ᠃ ᠬᠠᠯᠳᠠᠪᠤᠷᠢᠯᠠᠭᠰᠠᠳ᠎ᠲᠤ ᠬᠠᠶ᠋ᠢᠷ᠎ᠠ ᠬᠠᠯᠠᠮᠵᠢ᠎ᠪᠠᠷ ᠬᠠᠪᠰᠤᠷᠤᠨ ᠲᠤᠰᠠᠯᠠᠬᠤ᠂ ᠬᠠᠶ᠋ᠢᠷ᠎ᠠ ᠰᠡᠳᠬᠢᠯᠭᠡ᠎ᠪᠠᠷ ᠳᠡᠮᠵᠢᠬᠦ᠂ ᠠᠵᠢᠯ ᠣᠯᠭᠤᠯᠲᠠ ᠵᠢ ᠵᠢᠯᠣᠭᠤᠳᠬᠤ ᠵᠡᠷᠭᠡ ᠬᠠᠯᠠᠮᠵᠢᠯᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠬᠠᠯᠳᠠᠪᠤᠷᠢᠯᠠᠭᠰᠠᠳ ᠵᠢᠴᠢ ᠲᠡᠳᠡᠨ᠎ᠤ ᠭᠡᠷ ᠪᠦᠯᠢ ᠵᠢᠨ᠎ᠬᠢᠨ᠎ᠤ ᠡᠪᠡᠳᠴᠢᠨ ᠦᠵᠡᠭᠦᠯᠬᠦ᠂ ᠠᠵᠢᠯ ᠤᠯᠬᠤ᠂ ᠰᠤᠷᠭ᠋ᠠᠭᠤᠯᠢ᠎ᠳᠤ ᠰᠠᠭᠤᠬᠤ ᠵᠡᠷᠭᠡ ᠬᠠᠤᠯᠢ ᠶᠣᠰᠣᠨ᠎ᠤ ᠡᠷᠬᠡ ᠠᠰᠢᠭ᠎ᠢ᠎ᠨᠢ ᠬᠠᠤᠯᠢ ᠶᠣᠰᠣᠭ᠋ᠠᠷ ᠪᠠᠲᠤᠯᠠᠵᠤ᠂ ᠨᠡᠶ᠋ᠢᠭᠡᠮ᠎ᠤᠨ ᠭᠠᠳᠠᠭᠤᠷᠴᠢᠯᠠᠯ᠎ᠢ ᠪᠠᠭ᠋ᠠᠰᠬᠠᠨ᠎ᠠ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠠᠩᠬ᠎ᠠ ᠤᠨᠤᠰᠢᠯᠬᠠᠴᠢ ᠵᠢᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠋ᠠᠷᠠᠭᠤᠯᠵᠤ᠂ ᠣᠨᠣᠰᠢᠯᠠᠨ ᠡᠮᠨᠡᠬᠦ ᠦᠢ᠍ᠯᠡᠴᠢᠯᠡᠭᠡᠨ᠎ᠤ ᠳᠤᠮᠳᠠ ᠢᠯᠡᠷᠡᠭᠦᠯᠦᠭᠰᠡᠨ ᠬᠠᠯᠳᠠᠪᠤᠷᠢᠯᠠᠭᠰᠠᠳ᠎ᠲᠤ ᠣᠨᠣᠰᠢᠯᠠᠨ ᠡᠮᠨᠡᠬᠦ ᠬᠠᠮᠢᠶ᠎ᠠ ᠪᠥᠬᠦᠶ ᠠᠷᠭ᠋ᠠᠴᠠᠭ᠋ᠠᠨ ᠰᠶ᠋ᠢᠳᠪᠦᠷᠢᠯᠡᠬᠦ ᠠᠵᠢᠯ᠎ᠢ ᠰᠠᠶ᠋ᠢᠲᠤᠷ ᠬᠢᠵᠦ᠂ ᠶᠠᠮᠠᠷᠪᠠ ᠨᠢᠭᠡᠨ ᠤᠴᠢᠷ ᠰᠢᠯᠲᠠᠭ᠋ᠠᠨ ᠵᠶ᠋ᠠᠷ ᠰᠢᠯᠲᠠᠭᠯᠠᠬᠤ ᠪᠤᠶᠤ ᠣᠨᠣᠰᠢᠯᠠᠨ ᠡᠮᠨᠡᠬᠦ ᠵᠢ ᠲᠡᠪᠴᠢᠵᠦ ᠪᠣᠯᠬᠤ ᠥᠬᠡᠶ᠃ ᠨᠡᠶ᠋ᠢᠭᠡᠮ᠎ᠤᠨ ᠪᠠᠲᠤᠯᠠᠭ᠎ᠠ ᠵᠢᠨ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ᠎ᠲᠠᠢ ᠵᠤᠯᠭ᠋ᠠᠯᠳᠤᠭᠤᠯᠬᠤ᠎ᠪᠠᠨ ᠴᠢᠩᠭ᠋ᠠᠳᠬᠠᠵᠤ᠂ ᠬᠠᠯᠳᠠᠪᠤᠷᠢᠯᠠᠭᠰᠠᠳ᠎ᠤᠨ ᠦᠨᠳᠦᠰᠦᠨ ᠡᠮᠴᠢᠯᠡᠭᠡ᠂ ᠨᠠᠰᠤᠵᠢᠯ᠎ᠤᠨ ᠦᠨᠳᠦᠰᠦᠨ ᠠᠰᠠᠷᠠᠮᠵᠢ᠂ ᠦᠨᠳᠦᠰᠦᠨ ᠠᠮᠢᠳᠤᠷᠠᠯ ᠵᠡᠷᠭᠡ ᠡᠷᠬᠡ ᠠᠰᠢᠭ᠎ᠢ᠎ᠨᠢ ᠪᠦᠲᠦᠮᠵᠢᠲᠡᠶ ᠪᠠᠲᠤᠯᠠᠨ᠎ᠠ᠃ ᠠᠶ᠋ᠢᠽ ᠡᠪᠡᠳᠴᠢᠨ᠎ᠠᠴᠠ ᠪᠣᠯᠤᠭᠰᠠᠨ ᠥᠨᠥᠴᠢᠨ ᠬᠡᠦᠬᠡᠳ ᠪᠠ ᠠᠶ᠋ᠢᠽ ᠡᠪᠡᠳᠴᠢᠨ᠎ᠤ ᠸᠢᠷᠦ᠋ᠰ᠎ᠲᠤ ᠬᠠᠯᠳᠠᠪᠤᠷᠢᠯᠠᠭᠳᠠᠭᠰᠠᠨ ᠬᠡᠦᠬᠡᠳ᠎ᠲᠤ ᠦᠨᠳᠦᠰᠦᠨ ᠠᠮᠢᠳᠤᠷᠠᠯ᠎ᠤᠨ ᠵᠠᠷᠤᠳᠠᠯ᠎ᠢ ᠴᠠᠭ ᠲᠤᠬᠠᠶ᠎ᠳᠤᠨᠢ ᠭᠦᠢ᠍ᠴᠡᠳ ᠲᠤᠭ᠎ᠠ᠎ᠪᠠᠷ ᠤᠯᠭᠤᠵᠦ᠂ ᠠᠶ᠋ᠢᠽ ᠡᠪᠡᠳᠴᠢᠨ᠎ᠳᠤ ᠨᠥᠯᠥᠭᠡᠯᠡᠭᠳᠡᠭᠰᠡᠨ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ᠎ᠨᠢ ᠭᠦᠢ᠍ᠴᠡᠳ ᠪᠠᠲᠤᠯᠠᠨ᠎ᠠ᠃
(ᠳᠥᠷᠪᠡ) ᠲᠥᠷᠥᠯ ᠬᠤᠪᠢᠶᠠᠨ ᠵᠢᠯᠣᠭᠤᠳᠬᠤ ᠵᠢ ᠬᠡᠷᠡᠭᠵᠢᠭᠦᠯᠵᠦ᠂ ᠠᠳᠠᠯᠢ ᠪᠤᠰᠤ ᠬᠥᠮᠦᠰ᠎ᠲᠤ ᠬᠠᠨᠳᠤᠯᠭ᠋ᠠᠲᠤ ᠴᠢᠨᠠᠷᠲᠠᠶ᠎ᠪᠠᠷ ᠰᠡᠷᠭᠡᠶ᠋ᠢᠯᠡᠨ ᠬᠤᠷᠢᠭᠯᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠎ᠠ
1. ᠡᠬᠡ ᠨᠢᠯᠬ᠎ᠠ ᠵᠢᠨ ᠬᠠᠯᠳᠠᠪᠤᠷᠢᠯᠠᠭ᠎ᠠ ᠵᠢ ᠠᠷᠢᠯᠭ᠋ᠠᠬᠤ᠎ᠪᠠᠨ ᠲᠦᠷᠭᠡᠳᠬᠡᠨ ᠠᠬᠢᠭᠤᠯᠤᠨ᠎ᠠ᠃ ᠡᠬᠡ ᠨᠢᠯᠬ᠎ᠠ ᠵᠢᠨ ᠬᠠᠯᠳᠠᠪᠤᠷᠢᠯᠠᠭ᠎ᠠ ᠵᠢ ᠤᠷᠢᠳᠴᠢᠯᠠᠨ ᠰᠡᠷᠭᠡᠶ᠋ᠢᠯᠡᠬᠦ ᠲᠠᠪᠤᠨ ᠱᠠᠲᠤᠨ᠎ᠤ ᠬᠤᠯᠪᠣᠭ᠋ᠠᠯᠠᠨ ᠬᠥᠳᠡᠯᠦᠯᠴᠡᠬᠦ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠬᠦᠯᠵᠤ᠂ ᠡᠬᠡ ᠨᠢᠯᠬᠠᠰ᠎ᠤᠨ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠰᠢᠯᠢᠳᠡᠭᠵᠢᠭᠦᠯᠵᠦ᠂ ᠬᠠᠯᠳᠠᠪᠤᠷᠢᠲᠤ ᠡᠪᠡᠳᠴᠢᠨ᠎ᠤ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠵᠢ ᠴᠢᠩᠭ᠋ᠠᠳᠬᠠᠵᠤ᠂ ᠲᠤᠨᠨᠳᠠᠮᠠᠯ ᠪᠤᠰᠤ ᠣᠨᠴᠠᠭ᠋ᠠᠶ ᠬᠡᠷᠡᠭ᠎ᠢ ᠮᠦᠷᠳᠡᠵᠦ᠎ᠲᠠᠭᠠᠨ ᠤᠶ᠋ᠢᠯᠠᠭ᠋ᠠᠬᠤ ᠪᠠ ᠮᠡᠳᠡᠭᠡ ᠵᠠᠩᠭᠢ ᠵᠢ ᠵᠣᠯᠭ᠋ᠠᠭᠤᠯᠬᠤ ᠲᠣᠭᠲᠠᠴᠠ᠎ᠪᠠᠨ ᠪᠦᠷᠢᠨᠰᠢᠬᠦᠯᠦᠨ᠎ᠠ᠃ 《ᠨᠢᠭᠡ ᠥᠷᠲᠡᠭᠡᠴᠢᠯᠡᠭᠰᠡᠨ ᠮᠠᠶᠢᠭ》᠎ᠤᠨ ᠦᠢ᠍ᠯᠡᠴᠢᠯᠡᠭᠡᠨ᠎ᠤ ᠬᠡᠪ ᠵᠠᠭᠪᠤᠷ᠎ᠢ ᠲᠡᠭᠦᠯᠳᠡᠷᠵᠢᠭᠦᠯᠵᠦ᠂ ᠠᠶ᠋ᠢᠽ ᠡᠪᠡᠳᠴᠢᠨ ᠳᠤ ᠬᠠᠯᠳᠠᠪᠤᠷᠢᠯᠠᠭᠳᠠᠭᠰᠠᠨ ᠵᠢᠷᠮᠤᠰᠤᠯᠠᠵᠦ ᠭᠦᠩᠬᠡᠵᠢᠬᠦ ᠡᠮᠡᠭᠲᠡᠶ ᠵᠢᠴᠢ ᠭᠦᠩᠬᠡᠵᠢᠭᠰᠡᠨ ᠬᠡᠤᠬᠡᠳ᠎ᠲᠤ᠎ᠨᠢ ᠵᠢᠯᠤᠭᠤᠳᠤᠨ ᠨᠦᠯᠦᠬᠡᠯᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠎ᠠ᠃ ᠲᠤᠰᠬᠠᠶ ᠬᠡᠷᠡᠭ᠎ᠤᠨ ᠬᠠᠮᠢᠶᠠᠷᠤᠯᠲᠠ ᠪᠠ ᠵᠢᠷᠮᠦᠰᠦᠯᠡᠭᠰᠡᠨ ᠪᠠᠶ᠋ᠢᠳᠠᠯ᠎ᠢ ᠬᠢᠨᠠᠨ ᠰᠢᠨᠵᠢᠬᠦ᠎ᠪᠠᠨ ᠴᠢᠩᠭ᠋ᠠᠳᠬᠠᠵᠤ᠂ ᠡᠷᠲᠡ᠎ᠠᠴᠠ ᠰᠢᠭᠰᠢᠨ ᠪᠠᠶ᠋ᠢᠴᠠᠭ᠋ᠠᠬᠤ᠂ ᠡᠷᠲᠡ᠎ᠠᠴᠠ ᠣᠨᠣᠰᠢᠯᠠᠬᠤ ᠦᠢ᠍ᠯᠡᠴᠢᠯᠡᠭᠡᠨ᠎ᠤ ᠴᠤᠪᠤᠷᠠᠯ᠎ᠢ ᠲᠡᠭᠦᠯᠳᠡᠷᠵᠢᠭᠦᠯᠦᠨ᠂ ᠵᠢᠷᠮᠦᠰᠦᠨ ᠪᠠ ᠬᠦᠩᠭᠡᠵᠢᠭᠰᠡᠨ ᠡᠮᠡᠭᠲᠡᠶ ᠵᠢ ᠪᠠᠶ᠋ᠢᠴᠠᠭ᠋ᠠᠨ ᠰᠢᠨᠵᠢᠵᠦ ᠣᠨᠣᠰᠢᠯᠠᠬᠤ ᠴᠠᠭ᠎ᠢ ᠪᠣᠭᠤᠨᠢᠰᠬᠠᠨ᠎ᠠ᠃
2. ᠵᠠᠯᠠᠭᠤᠴᠤᠳ ᠪᠠᠭ᠋ᠠᠴᠤᠳ᠎ᠤᠨ ᠠᠶ᠋ᠢᠽ ᠡᠪᠡᠳᠴᠢᠨ᠎ᠢ ᠰᠡᠷᠭᠡᠶ᠋ᠢᠯᠡᠬᠦ ᠠᠵᠢᠯ᠎ᠢ ᠶᠡᠭᠡ᠎ᠪᠠᠷ ᠠᠬᠢᠭᠤᠯᠤᠨ᠎ᠠ᠃ ᠰᠤᠷᠭ᠋ᠠᠭᠤᠯᠢ ᠵᠢᠨ ᠠᠶ᠋ᠢᠽ ᠡᠪᠡᠳᠴᠢᠨ᠎ᠤ ᠬᠢᠵᠢᠭ᠎ᠤᠨ ᠪᠠᠶ᠋ᠢᠳᠠᠯ᠎ᠤᠨ ᠰᠠᠯᠠᠭ᠎ᠠ ᠮᠥᠴᠢᠷ᠎ᠤᠨ ᠬᠤᠭᠤᠷᠤ ᠬᠤᠭᠤᠷᠣᠨᠳᠣ᠎ᠪᠠᠨ ᠨᠡᠪᠲᠡᠷᠡᠭᠦᠯᠦᠨ ᠮᠡᠳᠡᠭᠡᠯᠡᠬᠦ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠬᠦ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠳᠠᠬᠢ ᠠᠶ᠋ᠢᠽ ᠡᠪᠡᠳᠴᠢᠨ᠎ᠲᠠᠢ ᠲᠡᠮᠡᠴᠡᠬᠦ ᠪᠠ ᠠᠶ᠋ᠢᠽ ᠡᠪᠡᠳᠴᠢᠨ᠎ᠢ ᠰᠡᠷᠭᠡᠶ᠋ᠢᠯᠡᠬᠦ ᠠᠵᠢᠯᠯᠠᠭ᠋ᠠᠨ᠎ᠢ ᠠᠬᠢᠭᠤᠯᠤᠨ᠎ᠠ᠃ ᠡᠯ᠎ᠡ ᠲᠥᠷᠥᠯ᠎ᠤᠨ ᠰᠤᠷᠭ᠋ᠠᠭᠤᠯᠢ ᠵᠢ ᠰᠢᠮᠳᠠᠭᠤᠯᠤᠨ ᠵᠢᠯᠣᠭᠤᠳᠴᠤ ᠪᠠᠶ᠋ᠢᠭ᠋ᠠᠳ ᠠᠶ᠋ᠢᠽ ᠡᠪᠡᠳᠴᠢᠨ᠎ᠤ ᠰᠡᠷᠭᠡᠶ᠋ᠢᠯᠡᠯᠲᠡ ᠵᠢ ᠰᠤᠷᠭ᠋ᠠᠨ ᠬᠥᠮᠦᠵᠢᠯ᠎ᠤᠨ ᠲᠥᠯᠥᠪᠯᠡᠭᠡ᠎ᠳᠤ᠎ᠪᠠᠨ ᠣᠷᠣᠭᠤᠯᠵᠤ᠂ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠤᠭᠤᠳ ᠰᠤᠷᠭ᠋ᠠᠭᠤᠯᠢ ᠵᠢᠨ ᠤᠳᠤᠷᠢᠳᠤᠯᠭ᠎ᠠ᠎ᠪᠠᠷ ᠲᠦᠷᠦᠭᠦᠯᠡᠭᠦᠯᠦᠭᠰᠡᠨ ᠠᠶ᠋ᠢᠽ ᠡᠪᠡᠳᠴᠢᠨ᠎ᠢ ᠰᠡᠷᠭᠡᠶ᠋ᠢᠯᠡᠨ ᠬᠤᠷᠢᠭᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠡᠩ᠎ᠤᠨ ᠳᠤᠮᠳᠠᠳᠤ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠨᠤᠭᠤᠳ ᠠᠶ᠋ᠢᠽ ᠡᠪᠡᠳᠴᠢᠨ᠎ᠢ ᠰᠡᠷᠭᠡᠶ᠋ᠢᠯᠡᠨ ᠵᠠᠰᠠᠬᠤ ᠮᠡᠳᠡᠯᠭᠡ ᠵᠢ ᠡᠷᠡᠭᠦᠯ ᠴᠢᠬᠢᠷᠠᠭ᠎ᠤᠨ ᠬᠥᠮᠦᠵᠢᠯ᠎ᠤᠨ ᠠᠭᠤᠯᠭ᠎ᠠ᠎ᠳᠤ᠎ᠪᠠᠨ ᠣᠷᠣᠭᠤᠯᠬᠤ ᠬᠡᠷᠡᠭᠲᠡᠶ᠃ ᠰᠤᠷᠭ᠋ᠠᠭᠤᠯᠢ ᠵᠢᠨ ᠡᠪᠯᠡᠯ ᠤᠨ ᠬᠤᠷᠢᠶ᠎ᠠ᠂ ᠨᠡᠶ᠋ᠢᠬᠡᠮ᠎ᠤᠨ ᠪᠦᠯᠬᠦᠮ ᠪᠠ ᠰᠠᠶ᠋ᠢᠨ ᠲᠤᠷᠠᠴᠤᠤᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠤᠷᠤᠭᠴᠢᠳᠤᠨᠬᠢᠨᠤ ᠠᠶ᠋ᠢᠽ ᠡᠪᠡᠳᠴᠢᠨ᠎ᠢ ᠰᠡᠷᠭᠡᠶ᠋ᠢᠯᠡᠨ ᠵᠠᠰᠠᠬᠤ ᠰᠠᠶ᠋ᠢᠨ ᠳᠤᠷ᠎ᠠ ᠵᠢᠨ ᠠᠵᠢᠯᠯᠠᠭ᠎ᠠ ᠵᠢᠨ ᠤᠬᠠᠭᠤᠯᠭ᠎ᠠ᠎ᠳᠤ ᠣᠷᠣᠯᠴᠠᠬᠤ ᠵᠢ᠎ᠨᠢ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡᠨ᠎ᠤ ᠠᠭᠤᠯᠭ᠎ᠠ᠎ᠳᠤ ᠣᠷᠣᠭᠤᠯᠵᠤ᠂ ᠡᠯ᠎ᠡ ᠱᠠᠲᠤᠨ᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠬᠤᠷᠢᠭᠯᠠᠬᠤ ᠪᠠᠶ᠋ᠢᠭᠤᠯᠤᠮᠵᠢ ᠮᠡᠷᠭᠡᠵᠢᠯ᠎ᠤᠨ ᠳᠡᠮᠵᠢᠯᠭᠡ ᠬᠠᠩᠭ᠋ᠠᠨ᠎ᠠ᠃ ᠵᠠᠯᠠᠭᠤᠴᠤᠳ ᠪᠠᠭ᠋ᠠᠴᠤᠳ᠎ᠤᠨ ᠪᠡᠯᠭᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠴᠢᠩᠭ᠋ᠠᠳᠬᠠᠵᠤ᠂ ᠰᠤᠷᠭ᠋ᠠᠭᠤᠯᠢ ᠵᠢᠨ ᠭᠦᠷᠢᠶᠡᠨᠤ ᠪᠠ ᠭᠠᠳᠠᠨᠠᠬᠢ ᠵᠠᠯᠠᠭᠤᠴᠤᠳ ᠪᠠᠭ᠋ᠠᠴᠤᠳ᠎ᠤᠨ ᠡᠷᠡᠭᠦᠯ ᠮᠡᠨᠳᠦ ᠪᠣᠯᠪᠠᠰᠤᠨ ᠦᠢ᠍ᠯᠡ ᠠᠵᠢᠯᠯᠠᠭ᠋ᠠᠨ᠎ᠤ ᠳᠠᠳᠬᠠᠯ᠎ᠲᠠᠢ ᠪᠣᠯᠬᠤ ᠵᠢ᠎ᠨᠢ ᠠᠬᠢᠭᠤᠯᠵᠤ᠂ ᠲᠦᠭᠰᠢᠭᠦᠷᠢ ᠵᠢᠨ ᠤᠬᠠᠮᠰᠠᠷ ᠪᠠ ᠥᠪᠡᠷ᠎ᠢ᠎ᠪᠠᠨ ᠬᠠᠮᠠᠭ᠋ᠠᠯᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃
3. ᠢᠳᠡᠷ ᠦᠳᠡᠭᠦᠰ᠎ᠤᠨ ᠥᠩᠭᠡᠨ᠎ᠤ ᠡᠪᠡᠳᠴᠢᠨ ᠠᠶ᠋ᠢᠽ ᠡᠪᠡᠳᠴᠢᠨ᠎ᠢ ᠰᠡᠷᠭᠡᠶ᠋ᠢᠯᠡᠬᠦ ᠠᠵᠢᠯ᠎ᠢ ᠢᠳᠡᠪᠬᠢᠲᠡᠶ ᠠᠬᠢᠭᠤᠯᠤᠨ᠎ᠠ᠃ ᠦᠳᠡᠭᠦᠰ᠎ᠤᠨ ᠥᠩᠭᠡᠨ᠎ᠤ ᠡᠪᠡᠳᠴᠢᠨ ᠠᠶ᠋ᠢᠽ ᠡᠪᠡᠳᠴᠢᠨ᠎ᠤ ᠰᠡᠷᠭᠡᠶ᠋ᠢᠯᠡᠯᠲᠡ ᠵᠢ ᠦᠳᠡᠭᠦᠰ᠎ᠤᠨ ᠡᠷᠡᠭᠦᠯ ᠮᠡᠨᠳᠦ ᠵᠢᠨ ᠬᠡᠪ ᠪᠣᠯᠪᠠᠰᠤᠷᠠᠯ ᠵᠶ᠋ᠠᠨ ᠳᠡᠭᠡᠭᠰᠢᠯᠡᠭᠦᠯᠬᠦ᠂ ᠦᠳᠡᠭᠦᠰ᠎ᠤᠨ ᠡᠷᠡᠭᠦᠯ ᠮᠡᠨᠳᠦ ᠵᠢᠨ ᠤᠬᠠᠭᠤᠯᠭ᠎ᠠ ᠵᠢᠨ ᠭᠠᠷᠠᠭ᠂ ᠦᠳᠡᠭᠦᠰ᠎ᠤᠨ ᠰᠡᠳᠬᠢᠴᠡ ᠵᠢᠨ ᠬᠠᠶ᠋ᠢᠷ᠎ᠠ ᠬᠠᠯᠠᠮᠵᠢ ᠵᠡᠷᠭᠡ ᠠᠵᠢᠯ᠎ᠤᠨ ᠠᠭᠤᠯᠭ᠎ᠠ᠎ᠳᠤ ᠣᠷᠣᠭᠤᠯᠵᠤ᠂ ᠦᠳᠡᠭᠦᠰᠢ ᠬᠦᠨᠳᠦᠯᠡᠵᠦ ᠦᠳᠡᠭᠦᠰᠢ ᠬᠠᠶ᠋ᠢᠷᠠᠯᠠᠬᠤ ᠠᠵᠢᠯᠯᠠᠭ᠎ᠠ᠎ᠲᠠᠢ ᠤᠶᠠᠯᠳᠤᠭᠤᠯᠤᠨ ᠡᠷᠡᠭᠦᠯ ᠴᠢᠬᠢᠷᠠᠭ᠎ᠤᠨ ᠬᠦᠮᠦᠵᠢᠯ᠎ᠢ ᠥᠷᠨᠢᠭᠦᠯᠦᠨ᠎ᠡ᠃ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠳᠤ ᠲᠦᠰᠢᠭᠯᠡᠨ᠂ ᠦᠳᠡᠭᠦᠰ᠎ᠤᠨ ᠠᠶ᠋ᠢᠽ ᠡᠪᠡᠳᠴᠢᠨ᠎ᠤ ᠪᠠᠶ᠋ᠢᠴᠠᠭ᠋ᠠᠨ ᠰᠢᠨᠵᠢᠯᠲᠡ ᠵᠢ ᠪᠡᠶ᠎ᠡ ᠵᠢᠨ ᠡᠷᠡᠭᠦᠯ ᠮᠡᠨᠳᠦ ᠵᠢᠨ ᠪᠠᠶ᠋ᠢᠴᠠᠭ᠋ᠠᠯᠲᠠ᠎ᠳᠤ ᠣᠷᠣᠭᠤᠯᠵᠤ᠂ ᠣᠯᠠᠨ ᠡᠪᠡᠳᠴᠢᠨ᠎ᠢ ᠬᠠᠮᠳᠤᠷᠠᠭᠤᠯᠤᠨ ᠪᠠᠶ᠋ᠢᠴᠠᠭ᠋ᠠᠬᠤ ᠵᠢ ᠬᠡᠷᠡᠭᠵᠢᠭᠦᠯᠦᠨ᠎ᠡ᠃ ᠦᠲᠡᠯᠦᠭᠰᠡᠨ ᠬᠠᠯᠳᠠᠪᠤᠷᠢᠯᠠᠭᠳᠠᠭᠰᠠᠳ᠎ᠲᠤ ᠨᠡᠶ᠋ᠢᠭᠡᠮ᠎ᠤᠨ ᠬᠠᠶ᠋ᠢᠷ᠎ᠠ ᠬᠠᠯᠠᠮᠵᠢ ᠭᠦᠷᠲᠡᠬᠡᠬᠦᠪᠠᠨ ᠴᠢᠩᠭ᠋ᠠᠳᠬᠠᠵᠤ᠂ ᠨᠡᠶ᠋ᠢᠭᠡᠮ᠎ᠤᠨ ᠬᠦᠴᠦᠨ ᠪᠠ ᠰᠠᠶ᠋ᠢᠨ ᠲᠤᠷᠠᠴᠤᠤᠯ᠎ᠤᠨ ᠤᠷᠢᠳᠴᠢᠯᠠᠨ ᠰᠡᠷᠭᠡᠶ᠋ᠢᠯᠡᠵᠦ ᠵᠢᠯᠤᠭᠤᠳᠤᠨ ᠨᠦᠯᠦᠬᠡᠯᠡᠬᠦ ᠠᠵᠢᠯ᠎ᠳᠤ ᠣᠷᠣᠯᠴᠠᠬᠤ ᠵᠢ᠎ᠨᠢ ᠵᠣᠷᠢᠭᠵᠢᠭᠤᠯᠵᠤ᠂ ᠢᠳᠡᠷ ᠦᠳᠡᠭᠦᠰ᠎ᠤᠨ ᠠᠮᠤᠷ ᠲᠦᠪᠰᠢᠨ ᠪᠤᠰᠤ ᠬᠤᠷᠢᠴᠠᠯ᠎ᠤᠨ ᠠᠵᠢᠯᠯᠠᠭ᠎ᠠ ᠵᠢ ᠪᠠᠭ᠋ᠠᠰᠬᠠᠨ᠎ᠠ᠃
(ᠲᠠᠪᠤ) ᠵᠢᠱ᠌ᠢᠶ᠎ᠡ ᠦᠵᠡᠭᠦᠯᠦᠨ ᠬᠥᠲᠥᠯᠥᠨ ᠵᠢᠯᠣᠭᠤᠳᠬᠤ᠎ᠪᠠᠨ ᠴᠢᠩᠭ᠋ᠠᠷᠠᠭᠤᠯᠵᠤ᠂ ᠭᠤᠣᠯᠳᠠᠯᠭ᠎ᠠ᠎ᠲᠠᠢ ᠭᠠᠵᠠᠷ ᠣᠷᠣᠨ᠎ᠤ ᠰᠡᠷᠭᠡᠶ᠋ᠢᠯᠡᠨ ᠵᠠᠰᠠᠬᠤ ᠠᠵᠢᠯ᠎ᠢ ᠠᠬᠢᠭᠤᠯᠤᠨ᠎ᠠ
1. ᠵᠢᠱ᠌ᠢᠶ᠎ᠡ ᠦᠵᠡᠭᠦᠯᠬᠦ ᠣᠷᠣᠨ᠎ᠤ ᠰᠢᠨ᠎ᠡ ᠵᠢ ᠡᠭᠦᠳᠴᠦ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃ ᠡᠯ᠎ᠡ ᠵᠢᠱ᠌ᠢᠶ᠎ᠡ ᠦᠵᠡᠭᠦᠯᠬᠦ ᠣᠷᠣᠨ᠎ᠨᠢ ᠠᠶ᠋ᠢᠽ ᠡᠪᠡᠳᠴᠢᠨ᠎ᠤ ᠪᠡᠯᠭᠡ᠎ᠪᠠᠷ ᠳᠠᠮᠵᠢᠨ ᠬᠠᠯᠳᠠᠪᠤᠷᠢᠯᠠᠬᠤ ᠵᠢ ᠬᠤᠷᠢᠭᠯᠠᠬᠤ᠎ᠪᠠᠷ ᠭᠤᠤᠯ ᠰᠢᠪᠲᠤᠯᠤᠯᠲᠠ ᠵᠢᠨ ᠴᠢᠭᠯᠡᠯ ᠪᠣᠯᠭ᠋ᠠᠵᠤ᠂ ᠡᠷᠡᠭᠲᠡᠶ ᠵᠢᠨ ᠢᠵᠢᠯ ᠭᠦᠢ᠍ᠰᠦᠳᠡᠨᠤ ᠬᠤᠭᠤᠷᠤᠨᠳᠤᠬᠢ ᠬᠤᠷᠢᠴᠠᠯ᠎ᠤᠨ ᠠᠵᠢᠯᠯᠠᠭ᠎ᠠ᠎ᠲᠠᠢ ᠭᠦᠮᠦᠰ ᠵᠡᠷᠭᠡ ᠭᠤᠤᠯᠳᠠᠯᠭ᠎ᠠ᠎ᠲᠠᠢ ᠬᠥᠮᠦᠰ᠎ᠢ ᠰᠡᠷᠭᠡᠶ᠋ᠢᠯᠡᠨ ᠵᠠᠰᠠᠬᠤ᠂ ᠣᠨᠣᠰᠢᠯᠠᠵᠤ ᠢᠯᠡᠷᠡᠭᠦᠯᠬᠦ ᠵᠢ ᠬᠦᠯᠢᠶᠡᠰᠦᠯᠡᠵᠦ ᠪᠠᠶ᠋ᠢᠭ᠎ᠠ ᠵᠡᠷᠭᠡ ᠭᠤᠤᠯᠳᠠᠯᠭ᠎ᠠ ᠵᠢᠨ ᠭᠤᠭᠴᠣᠭ᠋ᠠᠨ᠎ᠤ ᠬᠦᠴᠢᠷ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ ᠣᠯᠠᠨ ᠡᠪᠡᠳᠴᠢᠨ᠎ᠢ ᠬᠠᠮᠲᠤᠳᠤᠨᠢ ᠰᠡᠷᠭᠡᠶ᠋ᠢᠯᠡᠬᠦ ᠵᠢ ᠠᠬᠢᠭᠤᠯᠵᠤ᠂ ᠠᠳᠠᠯᠢ ᠪᠤᠰᠤ ᠦᠷᠪᠢᠰᠦᠨ ᠳᠡᠯᠭᠡᠷᠡᠬᠦ ᠬᠢᠷᠢ ᠬᠡᠮᠵᠢᠶ᠎ᠡ᠂ ᠠᠳᠠᠯᠢ ᠪᠤᠰᠤ ᠲᠠᠷᠬᠠᠭ᠋ᠠᠯᠲᠠ ᠵᠢᠨ ᠣᠨᠴᠠᠯᠢᠭᠲᠤ ᠬᠠᠨᠳᠤᠭᠤᠯᠤᠭᠰᠠᠨ ᠠᠵᠢᠯ᠎ᠤᠨ ᠠᠷᠭ᠎ᠠ ᠵᠠᠮ᠎ᠢ ᠰᠦᠪᠡᠭᠴᠢᠯᠡᠵᠦ᠂ ᠥᠪᠡᠷᠮᠢᠴᠡ ᠣᠨᠴᠠᠯᠢᠭ᠎ᠲᠠᠢ᠂ ᠳᠠᠭᠤᠷᠢᠶᠠᠵᠤ ᠪᠣᠯᠬᠤ ᠪᠠ ᠳᠡᠯᠭᠡᠷᠡᠭᠦᠯᠵᠦ ᠪᠣᠯᠬᠤᠶ᠋ᠢᠴᠠ ᠰᠡᠷᠭᠡᠶ᠋ᠢᠯᠡᠨ ᠬᠤᠷᠢᠭᠯᠠᠬᠤ ᠬᠡᠪ ᠵᠠᠭᠪᠤᠷ᠎ᠢ ᠪᠣᠶ ᠪᠣᠯᠭ᠋ᠠᠨ᠎ᠠ᠃
2. ᠭᠤᠣᠯᠳᠠᠯᠭ᠎ᠠ᠎ᠲᠠᠢ ᠭᠠᠵᠠᠷ ᠣᠷᠣᠨ᠎ᠢ ᠰᠡᠷᠭᠡᠶ᠋ᠢᠯᠡᠨ ᠵᠠᠰᠠᠬᠤ ᠠᠵᠢᠯ ᠵᠶ᠋ᠠᠨ ᠴᠢᠩᠭ᠋ᠠᠳᠬᠠᠨ᠎ᠠ᠃ ᠭᠤᠤᠯᠳᠠᠯᠭ᠎ᠠ᠎ᠲᠠᠢ ᠭᠠᠵᠠᠷ ᠣᠷᠣᠨ᠎ᠢ ᠮᠠᠭ᠋ᠠᠳᠯᠠᠨ ᠲᠤᠨᠨᠲᠠᠭ᠋ᠠᠬᠤ ᠪᠠᠷᠢᠮᠵᠢᠶ᠎ᠠ᠎ᠪᠠᠨ ᠰᠤᠳᠤᠯᠤᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠶᠡᠷᠦᠩᠬᠡᠶ᠋ᠢᠯᠡᠨ ᠵᠠᠳᠠᠯᠵᠤ ᠰᠤᠳᠤᠯᠤᠨ ᠮᠠᠭ᠋ᠠᠳᠯᠠᠵᠤ᠂ ᠠᠶ᠋ᠢᠽ ᠡᠪᠡᠳᠴᠢᠨ᠎ᠢ ᠰᠡᠷᠭᠡᠶ᠋ᠢᠯᠡᠨ ᠵᠠᠰᠠᠬᠤ ᠭᠤᠤᠯᠳᠠᠯᠭ᠎ᠠ᠎ᠲᠠᠢ ᠭᠠᠵᠠᠷ ᠣᠷᠣᠨ᠎ᠳᠤ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠨ᠎ᠡ᠃ ᠭᠤᠤᠯᠳᠠᠯᠭ᠎ᠠ᠎ᠲᠠᠢ ᠭᠠᠵᠠᠷ ᠣᠷᠣᠨ ᠵᠶ᠋ᠠᠷ ᠲᠣᠭᠲᠠᠭ᠋ᠠᠭᠰᠠᠨ ᠠᠶ᠋ᠢᠮᠠᠭ ᠬᠤᠲᠠ ᠪᠠ ᠬᠤᠰᠢᠭᠤ ᠰᠢᠶᠠᠨ (ᠬᠤᠲᠠ᠂ ᠲᠣᠭᠤᠷᠢᠭ)᠎ᠨᠢ ᠡᠬᠢ ᠪᠠᠶᠠᠯᠢᠭ᠎ᠤᠨ ᠣᠷᠣᠭᠤᠯᠤᠯᠲᠠ᠎ᠪᠠᠨ ᠨᠡᠮᠡᠭᠳᠡᠭᠦᠯᠵᠦ᠂ 《ᠨᠢᠭᠡ ᠭᠠᠵᠠᠷ ᠣᠷᠣᠨ᠎ᠳᠤ ᠨᠢᠭᠡ ᠲᠦᠰᠦᠯ》 ᠠᠪᠴᠤ ᠰᠡᠷᠭᠡᠶ᠋ᠢᠯᠡᠨ ᠵᠠᠰᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠲᠣᠭᠲᠠᠴᠠ ᠵᠢ ᠪᠦᠷᠢᠨᠰᠢᠬᠦᠯᠵᠦ᠂ ᠮᠡᠳᠡᠭᠡ ᠵᠠᠩᠭᠢ᠎ᠪᠠᠨ ᠬᠠᠷᠢᠯᠴᠠᠨ ᠨᠡᠪᠲᠡᠷᠡᠯᠴᠡᠬᠦ ᠪᠠ ᠣᠷᠣᠨ ᠪᠦᠰᠡ ᠵᠢᠨ ᠬᠠᠮᠵᠢᠯᠴᠠᠭ᠎ᠠ᠎ᠪᠠᠨ ᠴᠢᠩᠭ᠋ᠠᠷᠠᠭᠤᠯᠵᠤ᠂ ᠶᠡᠷᠦᠩᠬᠡᠶ᠋ᠢᠯᠡᠨ ᠵᠢᠯᠣᠭᠤᠳᠴᠤ ᠨᠥᠯᠥᠭᠡᠯᠡᠬᠦ᠂ ᠪᠠᠶ᠋ᠢᠴᠠᠭ᠋ᠠᠨ ᠰᠢᠨᠵᠢᠵᠦ ᠡᠮᠨᠡᠨ ᠵᠠᠰᠠᠬᠤ᠂ ᠨᠡᠶ᠋ᠢᠭᠡᠮ ᠨᠡᠶ᠋ᠢᠲᠡ᠎ᠪᠠᠷ ᠵᠶ᠋ᠠᠨ ᠬᠠᠮᠲᠤ᠎ᠪᠠᠷ ᠵᠠᠰᠠᠬᠤ ᠵᠡᠷᠭᠡ ᠠᠵᠢᠯ᠎ᠢ ᠬᠠᠮᠲᠤᠷᠠᠨ ᠥᠷᠨᠢᠭᠦᠯᠦᠨ᠎ᠡ᠃ ᠬᠢᠯᠢ ᠵᠢᠨ ᠪᠣᠭᠤᠮᠲᠠ ᠵᠢᠨ ᠭᠠᠵᠠᠷ ᠣᠷᠣᠨ᠎ᠨᠤᠭᠤᠳ ᠬᠥᠷᠰᠢ ᠵᠡᠷᠭᠡᠯᠡᠳᠡᠭᠡ ᠤᠯᠤᠰ ᠪᠠ ᠭᠠᠵᠠᠷ ᠣᠷᠣᠨ᠎ᠤ᠎ᠪᠠᠨ ᠠᠶ᠋ᠢᠽ ᠡᠪᠡᠳᠴᠢᠨ᠎ᠤ ᠬᠢᠵᠢᠭ᠎ᠤᠨ ᠪᠠᠶ᠋ᠢᠳᠠᠯ᠎ᠤᠨ ᠠᠬᠢᠴᠠ ᠵᠢ ᠴᠠᠭ ᠲᠤᠬᠠᠶ᠎ᠳᠤᠨᠢ ᠣᠶ᠋ᠢᠯᠠᠭ᠋ᠠᠵᠤ᠂ ᠬᠠᠨᠳᠤᠯᠭ᠋ᠠᠲᠤ ᠴᠢᠨᠠᠷᠲᠠᠶ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭ᠋ᠠᠬᠤ ᠬᠡᠷᠡᠭᠲᠡᠶ᠃
(ᠵᠢᠷᠭᠤᠭ᠎ᠠ) ᠶᠡᠷᠦᠩᠬᠡᠶ᠋ᠢᠯᠡᠨ ᠵᠠᠰᠠᠬᠤ ᠵᠢ ᠭᠦᠨᠵᠡᠭᠡᠶ᠋ᠢᠷᠡᠭᠦᠯᠵᠦ᠂ ᠰᠡᠷᠭᠡᠶ᠋ᠢᠯᠡᠨ ᠵᠠᠰᠠᠬᠤ ᠦᠷ᠎ᠡ ᠪᠦᠲᠦᠭᠡᠮᠵᠢ ᠵᠢ ᠪᠠᠬᠢᠵᠢᠭᠦᠯᠦᠨ ᠳᠡᠭᠡᠭᠰᠢᠯᠡᠭᠦᠯᠦᠨ᠎ᠡ
1. ᠨᠡᠶ᠋ᠢᠭᠡᠮ᠎ᠤᠨ ᠶᠡᠷᠦᠩᠬᠡᠶ᠋ᠢᠯᠡᠭᠰᠡᠨ ᠵᠠᠰᠠᠯᠲᠠ ᠵᠢ ᠬᠠᠤᠯᠢ ᠶᠣᠰᠣᠭ᠋ᠠᠷ ᠥᠷᠨᠢᠭᠦᠯᠦᠨ᠎ᠡ᠃ ᠱᠠᠯᠢᠭ ᠵᠠᠪᠬᠠᠢ ᠵᠦᠢ᠍ᠯ᠎ᠳᠤ ᠬᠤᠯᠪᠤᠨᠨᠳᠠᠬᠤ ᠵᠡᠷᠭᠡ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠶ᠋ᠢᠽ ᠡᠪᠡᠳᠴᠢᠨ᠎ᠤ ᠲᠠᠷᠬᠠᠭ᠋ᠠᠯᠲᠠ᠎ᠳᠤ ᠬᠤᠯᠪᠤᠨᠨᠳ᠋ᠬᠠᠰᠠᠨ ᠠᠶᠤᠯᠲᠠᠶ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ ᠰᠢᠢ᠍ᠳᠪᠦᠷᠢᠯᠡᠨ᠂ ᠠᠶ᠋ᠢᠽ ᠡᠪᠡᠳᠴᠢᠨ᠎ᠢ ᠵᠣᠷᠢᠭᠤᠳᠠ ᠲᠠᠷᠬᠠᠭ᠋ᠠᠭᠰᠠᠨ ᠰᠡᠵᠢᠭᠯᠡᠯᠲᠡᠶ ᠬᠡᠷᠡᠭ᠎ᠢ ᠴᠠᠭ ᠲᠤᠬᠠᠶ᠎ᠳᠤᠨᠢ ᠬᠠᠤᠯᠢ ᠶᠣᠰᠣᠭ᠋ᠠᠷ ᠬᠡᠷᠡᠭ ᠪᠣᠯᠭ᠋ᠠᠨ ᠲᠠᠩᠰᠠᠯᠠᠵᠤ ᠲᠤᠷᠰᠢᠨ ᠪᠠᠶ᠋ᠢᠴᠠᠭ᠋ᠠᠨ᠎ᠠ᠃ ᠪᠠᠷᠢᠪᠴᠢᠯᠠᠭᠰᠠᠨ ᠶᠠᠩᠬᠠᠯᠠᠬᠤ ᠪᠠ ᠶᠠᠩᠬᠠᠨ᠎ᠳᠤ ᠣᠷᠣᠬᠤ᠂ ᠣᠯᠠᠭᠤᠯᠠ ᠨᠡᠶ᠋ᠢᠯᠡᠵᠦ ᠰᠠᠳᠤᠷᠯᠠᠵᠤ ᠵᠠᠪᠬᠠᠶ᠋ᠢᠷᠠᠬᠤ᠂ ᠬᠤᠤᠷ ᠲᠠᠲᠠᠬᠤ ᠪᠠ ᠬᠤᠣᠷᠲᠤ ᠡᠳ᠋ ᠫᠠᠨᠽᠠᠯᠠᠬᠤ ᠬᠥᠮᠦᠰ᠎ᠲᠤ ᠴᠥᠮ ᠠᠶ᠋ᠢᠽ ᠡᠪᠡᠳᠴᠢᠨ᠎ᠤ ᠪᠠᠶ᠋ᠢᠴᠠᠭ᠋ᠠᠨ ᠰᠢᠨᠵᠢᠯᠲᠡ ᠬᠢᠵᠦ᠂ ᠬᠠᠯᠳᠠᠪᠤᠷᠢᠯᠠᠭᠰᠠᠳ᠎ᠢ ᠭᠤᠤᠯᠳᠠᠯᠭ᠎ᠠ᠎ᠲᠠᠢ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠬᠤ ᠵᠢᠨ ᠬᠠᠮᠲᠤ ᠸᠢᠷᠦ᠋ᠰ᠎ᠢ ᠡᠰᠡᠷᠭᠦᠴᠡᠬᠦ ᠡᠮᠨᠡᠯᠬᠡ ᠵᠠᠰᠠᠯᠭ᠎ᠠ ᠬᠢᠬᠦ ᠬᠡᠷᠡᠭᠲᠡᠶ᠃ ᠨᠡᠶ᠋ᠢᠭᠡᠮ᠎ᠤᠨ ᠬᠠᠷᠢᠯᠴᠠᠭ᠋ᠠᠨ᠎ᠤ ᠵᠠᠭᠤᠴᠢᠯᠠᠭᠤᠷ᠂ ᠰᠦᠯᠵᠢᠶᠡᠨ᠎ᠤ ᠲᠠᠪᠴᠠᠩ ᠪᠠ ᠨᠡᠶ᠋ᠢᠭᠡᠮ᠎ᠤᠨ ᠬᠠᠷᠢᠯᠴᠠᠭ᠋ᠠᠨ᠎ᠤ ᠵᠥᠭᠡᠯᠡᠨ ᠬᠡᠷᠡᠭᠰᠡᠯᠲᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠠᠮᠢᠶ᠎ᠠ ᠪᠥᠬᠦᠶ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠡᠪᠡᠳᠴᠢᠨ ᠡᠮᠭᠡᠭ᠎ᠢ ᠰᠡᠷᠭᠡᠶ᠋ᠢᠯᠡᠨ ᠬᠤᠷᠢᠭᠯᠠᠬᠤ ᠰᠠᠯᠠᠭ᠎ᠠ ᠮᠥᠴᠢᠷ᠎ᠲᠠᠢ ᠬᠠᠮᠵᠢᠯᠴᠠᠨ ᠲᠦᠭᠰᠢᠭᠦᠷᠢ ᠵᠢᠨ ᠰᠠᠨᠠᠭᠤᠯᠤᠮᠵᠢ ᠵᠢᠨ ᠮᠡᠳᠡᠭᠡ ᠵᠠᠩᠭᠢ ᠵᠢ ᠨᠡᠶ᠋ᠢᠲᠡᠯᠡᠨ᠎ᠡ᠃ ᠬᠠᠤᠯᠢ ᠪᠤᠰᠤ᠎ᠪᠠᠷ ᠴᠢᠰᠤ ᠠᠪᠴᠤ ᠴᠢᠰᠤ ᠬᠠᠩᠭ᠋ᠠᠬᠤ ᠪᠠ ᠪᠤᠰᠤᠳ᠎ᠢ ᠵᠣᠬᠢᠶᠠᠨ ᠪᠠᠶ᠋ᠢᠭᠤᠯᠵᠤ ᠴᠢᠰᠤ ᠬᠤᠳᠠᠯᠳᠤᠭ᠋ᠠᠯᠠᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠠᠤᠯᠢ ᠪᠤᠰᠤ᠎ᠪᠠᠷ ᠡᠮᠴᠢᠯᠡᠬᠦ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃
2. ᠬᠢᠨᠠᠨ ᠬᠠᠮᠢᠶᠠᠷᠴᠤ ᠪᠠᠶ᠋ᠢᠭ᠎ᠠ ᠲᠠᠯᠠᠪᠤᠷ ᠭᠠᠵᠠᠷ᠎ᠲᠠᠬᠢ ᠠᠶ᠋ᠢᠽ ᠡᠪᠡᠳᠴᠢᠨ᠎ᠤ ᠰᠡᠷᠭᠡᠶ᠋ᠢᠯᠡᠨ ᠵᠠᠰᠠᠯᠲᠠ ᠵᠢ ᠴᠢᠩᠭ᠋ᠠᠷᠠᠭᠤᠯᠤᠨ᠎ᠠ᠃ ᠬᠢᠨᠠᠨ ᠬᠠᠮᠢᠶᠠᠷᠤᠭᠳᠠᠵᠤ ᠪᠠᠶ᠋ᠢᠭ᠎ᠠ ᠬᠥᠮᠦᠰ᠎ᠤᠨ ᠠᠶ᠋ᠢᠽ ᠡᠪᠡᠳᠴᠢᠨ᠎ᠢ ᠰᠡᠷᠭᠡᠶ᠋ᠢᠯᠡᠨ ᠵᠠᠰᠠᠬᠤ ᠤᠬᠠᠭᠤᠯᠭ᠎ᠠ ᠬᠥᠮᠦᠵᠢᠯ᠎ᠢ ᠨᠠᠶ᠋ᠢᠳᠠᠪᠤᠷᠢᠵᠢᠭᠤᠯᠵᠤ᠂ ᠬᠢᠨᠠᠨ ᠬᠠᠮᠢᠶᠠᠷᠴᠤ ᠪᠠᠶ᠋ᠢᠭ᠎ᠠ ᠲᠠᠯᠠᠪᠤᠷ ᠭᠠᠵᠠᠷ᠎ᠤᠨ᠎ᠬᠢᠨ ᠬᠢᠨᠠᠨ ᠬᠠᠮᠢᠶᠠᠷᠬᠤ ᠬᠤᠭᠤᠴᠠᠭ᠎ᠠ᠎ᠨᠢ ᠭᠤᠷᠪᠠᠨ ᠰᠠᠷ᠎ᠠ᠎ᠠᠴᠠ ᠳᠡᠭᠡᠭᠰᠢ ᠪᠤᠶᠤ ᠬᠢᠨᠠᠨ ᠬᠠᠮᠢᠶᠠᠷᠤᠭᠳᠠᠬᠤᠠᠴᠠᠪᠠᠨ ᠡᠮᠦᠨ᠎ᠡ ᠶᠠᠩᠬᠠᠯᠬᠠᠰᠠᠨ ᠪᠠ ᠶᠠᠩᠬᠠᠨ᠎ᠳᠤ ᠤᠷᠤᠨᠨᠰᠠᠨ᠂ ᠬᠤᠤᠷ ᠳᠠᠳ᠋ᠬᠠᠰᠠᠨ ᠵᠡᠷᠭᠡ ᠦᠢ᠍ᠯᠡ ᠠᠵᠢᠯᠯᠠᠭ᠎ᠠ᠎ᠲᠠᠢ ᠬᠢᠨᠠᠨ ᠬᠠᠮᠢᠶᠠᠷᠤᠭᠳᠠᠵᠤ ᠪᠠᠶ᠋ᠢᠭ᠎ᠠ ᠬᠥᠮᠦᠰ᠎ᠲᠤ ᠴᠥᠮ ᠠᠶ᠋ᠢᠽ ᠡᠪᠡᠳᠴᠢᠨ᠎ᠤ ᠸᠢᠷᠦ᠋ᠰ᠎ᠤᠨ ᠠᠨᠲ᠋ᠢᠪᠣᠳᠤᠨ ᠪᠠᠶ᠋ᠢᠴᠠᠭ᠋ᠠᠨ ᠰᠢᠨᠵᠢᠯᠲᠡ ᠬᠢᠵᠦ᠂ ᠬᠠᠯᠳᠠᠪᠤᠷᠢᠯᠠᠭᠰᠠᠳ᠎ᠢ ᠭᠤᠤᠯᠳᠠᠯᠭ᠎ᠠ᠎ᠲᠠᠢ ᠬᠠᠮᠢᠶᠠᠷᠬᠤ ᠬᠡᠪᠴᠢᠶᠡᠨ᠎ᠳᠤ ᠣᠷᠣᠭᠤᠯᠬᠤ ᠵᠢᠨ ᠬᠠᠮᠲᠤ ᠸᠢᠷᠦ᠋ᠰ᠎ᠢ ᠡᠰᠡᠷᠭᠦᠴᠡᠬᠦ ᠡᠮᠨᠡᠯᠬᠡ ᠵᠠᠰᠠᠯᠭ᠎ᠠ ᠥᠷᠨᠢᠭᠦᠯᠬᠦ ᠬᠡᠷᠡᠭᠲᠡᠶ᠃ ᠬᠢᠨᠠᠨ ᠬᠠᠮᠢᠶᠠᠷᠴᠤ ᠪᠠᠶ᠋ᠢᠭ᠎ᠠ ᠲᠠᠯᠠᠪᠤᠷ ᠭᠠᠵᠠᠷ᠎ᠨᠢ ᠣᠷᠣᠨ ᠨᠤᠲᠤᠭ᠎ᠤᠨ ᠡᠪᠡᠳᠴᠢᠨ ᠡᠮᠭᠡᠭ ᠰᠡᠷᠭᠡᠶ᠋ᠢᠯᠡᠨ ᠬᠤᠷᠢᠭᠯᠠᠬᠤ ᠪᠠᠶ᠋ᠢᠭᠤᠯᠤᠮᠵᠢ᠎ᠯᠤᠭ᠎ᠠ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠪᠠᠶ᠋ᠢᠴᠠᠭ᠋ᠠᠬᠤ ᠶᠣᠰᠣᠲᠠᠶ ᠪᠦᠬᠦᠨ᠎ᠢ ᠪᠠᠶ᠋ᠢᠴᠠᠭ᠋ᠠᠬᠤ ᠵᠢ ᠪᠡᠶᠡᠯᠡᠭᠦᠯᠬᠦ ᠬᠡᠷᠡᠭᠲᠡᠶ᠃ ᠬᠢᠨᠠᠨ ᠬᠠᠮᠢᠶᠠᠷᠤᠯᠲᠠ᠎ᠠᠴᠠ ᠲᠠᠶ᠋ᠢᠯᠤᠭᠳᠠᠵᠤ ᠲᠠᠯᠠᠪᠤᠷ ᠭᠠᠵᠠᠷ᠎ᠠᠴᠠ ᠭᠠᠷᠤᠭᠰᠠᠨ ᠬᠥᠮᠦᠰ᠎ᠲᠤ ᠴᠠᠭ ᠲᠤᠬᠠᠶ᠎ᠳᠤᠨᠢ ᠭᠠᠵᠠᠷ ᠰᠢᠯᠵᠢᠬᠦᠯᠵᠦ ᠡᠮᠨᠡᠨ ᠵᠠᠰᠠᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
3. ᠬᠤᠣᠷᠲᠤ ᠡᠳ᠋᠎ᠢ ᠴᠠᠭ᠋ᠠᠵᠠᠯᠠᠵᠤ ᠠᠶ᠋ᠢᠽ ᠡᠪᠡᠳᠴᠢᠨ᠎ᠢ ᠰᠡᠷᠭᠡᠶ᠋ᠢᠯᠡᠬᠦ ᠠᠵᠢᠯ ᠵᠶ᠋ᠠᠨ ᠦᠷᠭᠦᠯᠵᠢᠯᠡᠨ ᠴᠢᠩᠭ᠋ᠠᠳᠬᠠᠨ᠎ᠠ᠃ ᠬᠤᠤᠷᠲᠤ ᠡᠳ᠋ ᠴᠠᠭ᠋ᠠᠵᠠᠯᠠᠬᠤ ᠠᠵᠢᠯ᠎ᠢ ᠠᠶ᠋ᠢᠽ ᠡᠪᠡᠳᠴᠢᠨ ᠰᠡᠷᠭᠡᠶ᠋ᠢᠯᠡᠨ ᠵᠠᠰᠠᠬᠤᠯᠤᠭᠠ ᠨᠢᠭᠲᠠ ᠤᠶᠠᠯᠳᠤᠭᠤᠯᠵᠤ᠂ ᠬᠤᠤᠷᠲᠤ ᠡᠳ᠋ ᠠᠷᠠᠯᠵᠢᠶᠠᠯᠠᠬᠤ ᠨᠡᠶ᠋ᠢᠭᠡᠮ᠎ᠤᠨ ᠬᠠᠷᠢᠯᠴᠠᠭ᠋ᠠᠨ᠎ᠤ ᠵᠠᠭᠤᠴᠢᠯᠠᠭᠤᠷ᠂ ᠰᠦᠯᠵᠢᠶᠡᠨ᠎ᠤ ᠲᠠᠪᠴᠠᠩ ᠪᠠ ᠬᠤᠪᠢ ᠬᠥᠮᠦᠨ᠎ᠢ ᠴᠠᠭ ᠲᠤᠬᠠᠶ᠎ᠳᠤᠨᠢ ᠢᠯᠭ᠋ᠠᠷᠠᠭᠤᠯᠵᠤ ᠴᠣᠬᠢᠯᠲᠠ ᠥᠭᠭᠦᠨ᠎ᠡ᠃ ᠡᠮ ᠲᠠᠩ᠎ᠢ ᠳᠤᠷ᠎ᠠ᠎ᠪᠠᠷ ᠬᠡᠷᠡᠭᠯᠡᠬᠦ ᠵᠢ ᠬᠢᠨᠠᠨ ᠰᠢᠨᠵᠢᠬᠦ᠂ ᠣᠨᠴᠠᠭ᠋ᠠᠶ᠋ᠢᠯᠠᠨ ᠤᠯᠠᠨ ᠤᠯᠤᠰ᠎ᠤᠨ ᠮᠢᠨᠴᠦᠭᠦᠷᠡᠬᠦᠯᠬᠦ ᠡᠮ᠎ᠤᠨ ᠵᠦᠢ᠍ᠯ᠎ᠤᠨ ᠵᠠᠬᠢᠷᠤᠨ ᠬᠠᠮᠢᠶᠠᠷᠬᠤ ᠨᠡᠶ᠋ᠢᠳᠡ ᠵᠢᠨ ᠭᠡᠷ᠎ᠡ᠎ᠳᠤ ᠵᠢᠨᠨᠰᠠᠭ᠋ᠠᠨ ᠤᠷᠤᠭᠤᠯᠤᠨᠨᠰᠠᠨ ᠦᠬᠡᠢ ᠣᠷᠣᠯᠠᠬᠤ ᠪᠣᠳᠠᠰᠲᠠᠬᠢ ᠬᠢᠨᠠᠨ ᠰᠢᠨᠵᠢᠯᠲᠡ᠎ᠪᠠᠨ ᠦᠷᠭᠦᠯᠵᠢᠯᠡᠨ ᠰᠠᠶ᠋ᠢᠲᠤᠷ ᠬᠢᠵᠦ᠂ ᠮᠢᠨᠴᠦᠭᠦᠷᠡᠭᠦᠯᠬᠦ ᠡᠮ᠎ᠤᠨ ᠵᠦᠢ᠍ᠯ ᠪᠠ ᠮᠡᠳᠡᠷᠡᠯ᠎ᠤᠨ ᠡᠮ᠎ᠤᠨ ᠵᠦᠢ᠍ᠯ᠎ᠢ ᠬᠢᠨᠠᠨ ᠡᠵᠡᠮᠳᠡᠬᠦ ᠬᠡᠪᠴᠢᠶ᠎ᠡ᠎ᠳᠤ ᠴᠠᠭ ᠲᠤᠬᠠᠶ᠎ᠳᠤᠨᠢ ᠲᠤᠬᠢᠷᠠᠭᠤᠯᠤᠯᠳᠠ ᠬᠢᠵᠦ᠂ ᠳᠤᠷ᠎ᠠ᠎ᠪᠠᠷ ᠭᠡᠷᠡᠭᠯᠡᠭᠳᠡᠵᠦ ᠪᠠᠶ᠋ᠢᠭ᠎ᠠ ᠪᠣᠳᠠᠰ ᠪᠠ ᠬᠠᠤᠯᠢ ᠪᠤᠰᠤ᠎ᠪᠠᠷ ᠲᠠᠴᠢᠶᠠᠯ ᠬᠦᠳᠡᠯᠭᠡᠬᠦ ᠡᠮ ᠦᠢ᠍ᠯᠡᠳᠪᠦᠷᠢᠯᠡᠬᠦ ᠪᠠ ᠭᠦᠢ᠍ᠯᠬᠡᠬᠡᠬᠦᠳᠤ ᠬᠠᠤᠯᠢ ᠶᠣᠰᠣᠭ᠋ᠠᠷ ᠴᠣᠬᠢᠯᠲᠠ ᠥᠭᠬᠦ ᠬᠡᠷᠡᠭᠲᠡᠶ᠃ ᠬᠤᠤᠷ ᠡᠳ᠋ᠯᠡᠬᠦ ᠵᠢ ᠵᠣᠭᠰᠣᠭ᠋ᠠᠬᠤ ᠡᠮ ᠵᠠᠷᠤᠵᠦ ᠦᠷᠭᠦᠯᠵᠢᠯᠡᠨ ᠡᠮᠨᠡᠬᠦ ᠵᠠᠰᠠᠯᠲᠠ ᠵᠢ ᠬᠤᠤᠷ ᠳᠠᠳ᠋ᠬᠠᠴᠢ ᠵᠢ ᠡᠮᠨᠡᠨ ᠵᠠᠰᠠᠵᠤ ᠵᠣᠭᠰᠣᠭ᠋ᠠᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠬᠤᠤᠷ ᠡᠳ᠋ᠯᠡᠬᠦ ᠵᠢ ᠵᠣᠭᠰᠣᠭ᠋ᠠᠬᠤ ᠡᠮ ᠵᠠᠷᠤᠵᠦ ᠦᠷᠭᠦᠯᠵᠢᠯᠡᠨ ᠡᠮᠨᠡᠨ ᠵᠠᠰᠠᠬᠤ ᠡᠮᠴᠢᠯᠡᠭᠡᠨ᠎ᠤ ᠡᠭᠦᠳᠡᠨ ᠡᠮᠨᠡᠯᠭᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠂ ᠨᠡᠶ᠋ᠢᠭᠡᠮ ᠲᠣᠭᠤᠷᠢᠭ᠎ᠠᠴᠠ ᠬᠤᠤᠷ ᠡᠳ᠋ᠯᠡᠬᠦ ᠵᠢ ᠵᠣᠭᠰᠣᠭ᠋ᠠᠬᠤ᠂ ᠠᠯᠪᠠᠳᠠᠯᠭ᠎ᠠ᠎ᠪᠠᠷ ᠲᠤᠰᠠᠭ᠋ᠠᠷᠯᠠᠵᠤ ᠬᠤᠤᠷ ᠡᠳ᠋ᠯᠡᠬᠦ ᠵᠢ ᠵᠣᠭᠰᠣᠭ᠋ᠠᠬᠤ᠂ ᠨᠡᠶ᠋ᠢᠭᠡᠮ ᠲᠣᠭᠤᠷᠢᠭ᠎ᠠᠴᠠ ᠡᠷᠡᠭᠦᠯᠵᠢᠭᠦᠯᠬᠦ ᠵᠢ ᠬᠤᠤᠷ ᠡᠳ᠋ᠯᠡᠬᠦ ᠵᠢ ᠵᠣᠭᠰᠣᠭ᠋ᠠᠬᠤ ᠡᠮ ᠵᠶ᠋ᠠᠷ ᠦᠷᠭᠦᠯᠵᠢᠯᠡᠨ ᠡᠮᠨᠡᠬᠦ ᠵᠠᠰᠠᠯᠲᠠ᠎ᠲᠠᠢ ᠵᠤᠯᠭ᠋ᠠᠯᠳᠤᠭᠤᠯᠬᠤ ᠪᠠ ᠮᠡᠳᠡᠭᠡ ᠵᠠᠩᠭᠢ ᠵᠢ ᠬᠠᠮᠲᠤ᠎ᠳᠤ᠎ᠪᠠᠨ ᠭᠥᠷᠳᠡᠬᠦ ᠲᠣᠭᠲᠠᠴᠠ᠎ᠪᠠᠨ ᠪᠦᠷᠢᠨᠰᠢᠭᠦᠯᠦᠨ᠎ᠡ᠃
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠰᠠᠯᠠᠭ᠎ᠠ ᠮᠥᠴᠢᠷ᠎ᠤᠳ ᠬᠠᠮᠵᠢᠯᠴᠠᠭᠰᠠᠨ᠂ ᠨᠡᠶ᠋ᠢᠭᠡᠮ ᠨᠡᠶ᠋ᠢᠳᠡ ᠵᠢ ᠳᠠᠶ᠋ᠢᠴᠢᠯᠠᠭᠰᠠᠨ᠂ ᠪᠥᠬᠦ ᠠᠷᠠᠳ ᠵᠶ᠋ᠠᠷ ᠵᠶ᠋ᠠᠨ ᠣᠷᠣᠯᠴᠠᠭᠰᠠᠨ ᠠᠵᠢᠯ᠎ᠤᠨ ᠲᠣᠭᠲᠠᠴᠠ ᠵᠢ ᠪᠦᠷᠢᠨᠰᠢᠬᠦᠯᠦᠨ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠠᠶ᠋ᠢᠽ ᠡᠪᠡᠳᠴᠢᠨ᠎ᠢ ᠰᠡᠷᠭᠡᠶ᠋ᠢᠯᠡᠨ ᠵᠠᠰᠠᠬᠤ ᠠᠵᠢᠯ᠎ᠤᠨ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠤᠨ᠂ 《ᠡᠮᠴᠢᠯᠡᠭᠡ᠂ ᠡᠮᠴᠢᠯᠡᠭᠡᠨ᠎ᠤ ᠪᠠᠲᠤᠯᠠᠭ᠎ᠠ᠂ ᠡᠮ ᠡᠮᠨᠡᠯᠭᠡ》 ᠵᠢᠨ ᠵᠣᠬᠢᠴᠠᠯᠳᠤᠨ ᠬᠥᠭᠵᠢᠬᠦ ᠵᠢ ᠴᠢᠩᠭ᠋ᠠᠷᠠᠭᠤᠯᠵᠤ᠂ ᠰᠡᠷᠭᠡᠶ᠋ᠢᠯᠡᠨ ᠵᠠᠰᠠᠬᠤ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃ ᠠᠶ᠋ᠢᠽ ᠡᠪᠡᠳᠴᠢᠨ᠎ᠢ ᠰᠡᠷᠭᠡᠶ᠋ᠢᠯᠡᠨ ᠵᠠᠰᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠰᠡᠷᠭᠡᠶ᠋ᠢᠯᠡᠨ ᠵᠠᠰᠠᠬᠤ ᠲᠤᠰᠬᠠᠶ ᠮᠡᠷᠭᠡᠵᠢᠯ᠎ᠤᠨ ᠠᠵᠢᠯᠳᠠᠨ᠎ᠢ ᠭᠦᠢ᠍ᠴᠡᠳ ᠲᠣᠬᠢᠷᠠᠭᠤᠯᠬᠤ ᠪᠦᠬᠡᠳ ᠰᠢᠯᠢᠳᠡᠭ ᠢ᠎ᠨᠢ ᠲᠣᠬᠢᠷᠠᠭᠤᠯᠵᠤ᠂ ᠰᠡᠷᠭᠡᠶ᠋ᠢᠯᠡᠨ ᠵᠠᠰᠠᠬᠤ ᠠᠵᠢᠯᠳᠠᠨ᠎ᠢ ᠢᠯᠡᠭᠦᠬᠡᠨ ᠬᠠᠯᠠᠮᠵᠢᠯᠠᠨ ᠬᠠᠶ᠋ᠢᠷᠠᠯᠠᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠢ ᠲᠣᠭᠲᠠᠭ᠋ᠠᠯ ᠶᠣᠰᠣᠭ᠋ᠠᠷ ᠰᠡᠷᠭᠡᠶ᠋ᠢᠯᠡᠨ ᠵᠠᠰᠠᠬᠤ᠎ᠲᠠᠢ ᠬᠠᠮᠢᠶᠠᠳᠠᠭᠰᠠᠨ ᠣᠷᠣᠭᠤᠯᠤᠯᠲᠠ ᠵᠢᠨ ᠲᠥᠷᠥ ᠵᠢᠨ ᠪᠤᠳᠤᠯᠭ᠎ᠠ ᠵᠢᠴᠢ ᠡᠷᠡᠭᠦᠯ ᠬᠠᠮᠠᠭ᠋ᠠᠯᠠᠯ ᠬᠢᠵᠢᠭ᠎ᠤᠨ ᠰᠡᠷᠭᠡᠶ᠋ᠢᠯᠡᠯᠲᠡ ᠵᠢᠨ ᠨᠡᠮᠡᠯᠭᠡ ᠨᠡᠮᠡᠭᠦᠷᠢ ᠵᠡᠷᠭᠡ ᠲᠥᠷᠥ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠬᠤᠯᠠ ᠶᠡᠭᠡ ᠲᠤᠰᠬᠠᠶ ᠵᠦᠢ᠍ᠯ ᠪᠠ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠦᠩᠭᠦᠨ ᠤ ᠲᠥᠷᠥᠯ ᠵᠦᠢ᠍ᠯ ᠵᠡᠷᠭᠡ᠎ᠲᠠᠢ ᠤᠶᠠᠯᠳᠤᠭᠤᠯᠤᠨ᠂ ᠠᠶ᠋ᠢᠽ ᠡᠪᠡᠳᠴᠢᠨ᠎ᠢ ᠰᠡᠷᠭᠡᠶ᠋ᠢᠯᠡᠨ ᠵᠠᠰᠠᠬᠤ ᠭᠤᠤᠯᠯᠠᠬᠤ ᠮᠡᠷᠭᠡᠵᠢᠯ ᠪᠠ ᠵᠠᠩᠭᠢᠯᠠᠭ᠎ᠠ ᠵᠢᠨ ᠠᠷᠭ᠎ᠠ ᠪᠣᠳᠣᠯᠭ᠎ᠠ ᠵᠢᠨ ᠰᠤᠳᠤᠯᠭ᠋ᠠᠨ ᠥᠷᠨᠢᠭᠦᠯᠬᠦ ᠵᠢ ᠳᠡᠮᠵᠢᠵᠦ᠂ ᠦᠷ᠎ᠡ ᠪᠦᠲᠦᠭᠡᠯ᠎ᠢ ᠤᠯᠠᠷᠢᠭᠤᠯᠬᠤ ᠪᠠ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠨ᠎ᠡ᠃
ᠳᠥᠷᠪᠡ᠂ ᠵᠢᠭ᠋ᠠᠨ ᠵᠢᠯᠣᠭᠤᠳᠤᠯᠭ᠎ᠠ ᠪᠠ ᠦᠨᠡᠯᠡᠨ ᠵᠢᠱ᠌ᠢᠯᠲᠡ
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠪᠡᠳᠴᠢᠨ ᠡᠮᠭᠡᠭ᠎ᠢ ᠰᠡᠷᠭᠡᠶ᠋ᠢᠯᠡᠨ ᠬᠤᠷᠢᠭᠯᠠᠬᠤ ᠲᠣᠪᠴᠢᠶ᠎ᠠ᠎ᠨᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠶ᠋ᠢᠽ ᠡᠪᠡᠳᠴᠢᠨ᠎ᠢ ᠰᠡᠷᠭᠡᠶ᠋ᠢᠯᠡᠨ ᠵᠠᠰᠠᠬᠤ ᠠᠵᠢᠯ᠎ᠤᠨ ᠺᠣᠮᠢᠰ᠎ᠤᠨ ᠠᠯᠪᠠᠨ ᠬᠡᠷ᠎ᠤᠨ ᠱᠠᠭ᠋ᠠᠷᠳᠠᠯᠭ᠎ᠠ ᠶᠣᠰᠣᠭ᠋ᠠᠷ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠪᠠᠶ᠋ᠢᠴᠠᠭ᠋ᠠᠨ ᠰᠤᠳᠤᠯᠤᠯᠲᠠ ᠪᠠ ᠵᠢᠯᠣᠭᠤᠳᠣᠯᠭ᠎ᠠ ᠥᠷᠨᠢᠭᠦᠯᠵᠦ᠂ ᠱᠠᠳᠤᠴᠢ ᠴᠢᠨᠠᠷᠲᠠᠶ ᠦᠨᠡᠯᠡᠨ ᠵᠢᠱ᠌ᠢᠯᠲᠡ ᠪᠠ ᠰᠡᠭᠦᠯᠴᠢ ᠵᠢᠨ ᠬᠤᠭᠤᠴᠠᠭ᠋ᠠᠨ᠎ᠤ ᠦᠨᠡᠯᠡᠨ ᠵᠢᠱ᠌ᠢᠯᠲᠡ ᠵᠢ ᠵᠣᠬᠢᠶᠠᠨ ᠪᠠᠶ᠋ᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠠᠬᠢᠴᠠ ᠪᠠ ᠦᠷ᠎ᠡ ᠪᠦᠲᠦᠭᠡᠮᠵᠢ ᠵᠢ ᠵᠢᠯᠣᠭᠤᠳᠴᠤ ᠦᠨᠡᠯᠡᠨ ᠵᠢᠰᠢᠵᠦ᠂ ᠲᠤᠰ ᠲᠥᠯᠥᠪᠵᠢᠭᠦᠯᠭᠡ ᠵᠢᠨ ᠡᠯ᠎ᠡ ᠵᠦᠢ᠍ᠯ᠎ᠤᠨ ᠡᠭᠦᠷᠭᠡ ᠵᠢᠨ ᠲᠤᠭᠤᠰᠢᠯᠠᠭᠳᠠᠨ ᠨᠠᠶ᠋ᠢᠳᠠᠪᠤᠷᠢᠵᠢᠭᠳᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 2 ᠳ᠋ᠤᠭ᠋ᠠᠷ ᠰᠠᠷ᠎ᠠ ᠵᠢᠨ 20᠎ᠤ ᠡᠳᠦᠷ ᠳᠠᠷᠤᠮᠠᠯᠯᠠᠨ ᠲᠠᠷᠬᠠᠭ᠋ᠠᠪᠠ