ᠨᠠᠮ᠎ᠤᠨ ᠣᠨᠣᠯ᠂ ᠱᠤᠭᠤᠮ᠂ ᠴᠢᠭᠯᠡᠯᠲᠡ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠬᠥᠮᠦᠵᠢᠯ᠎ᠤᠨ ᠠᠵᠢᠯ᠎ᠢ ᠬᠠᠷᠢᠭᠤᠴᠠᠨ᠎ᠠ᠃ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠤᠬᠠᠭᠤᠯᠭ᠎ᠠ ᠵᠢᠨ ᠠᠵᠢᠯ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠂ ᠦᠵᠡᠯ ᠰᠠᠨᠠᠭ᠎ᠠ ᠤᠯᠤᠰ ᠲᠥᠷᠥ ᠵᠢᠨ ᠠᠵᠢᠯ᠂ ᠨᠢᠭᠡᠳᠦᠮᠡᠯ ᠹᠷᠣᠨᠲ᠎ᠤᠨ ᠠᠵᠢᠯ᠎ᠢ ᠨᠢᠭᠡᠳᠦᠯᠲᠡᠶ ᠲᠥᠯᠥᠪᠯᠡᠨ ᠵᠢᠯᠣᠭᠣᠳᠤᠨ᠎ᠠ᠃ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠪᠣᠯᠪᠠᠰᠤᠨ ᠰᠤᠷᠭ᠋ᠠᠭᠤᠯᠢ ᠵᠢᠨ ᠬᠦᠷᠢᠶᠡᠨ᠎ᠤ ᠪᠦᠲᠦᠭᠡᠨ ᠪᠠᠶ᠋ᠢᠭᠤᠯᠤᠯᠲᠠ ᠪᠣᠯᠤᠨ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠪᠠᠶ᠋ᠢᠭᠤᠯᠤᠯᠲᠠ ᠵᠢᠨ ᠠᠵᠢᠯ᠎ᠢ ᠵᠢᠯᠣᠭᠣᠳᠤᠨ᠎ᠠ᠃ ᠳᠡᠭᠡᠳᠦ ᠰᠤᠷᠭ᠋ᠠᠭᠤᠯᠢ ᠪᠣᠯᠤᠨ ᠬᠠᠷᠢᠶᠠᠲᠤ ᠨᠢᠭᠡᠴᠢ ᠵᠢᠨ ᠬᠡᠪᠯᠡᠭᠳᠡᠬᠦᠨ᠎ᠤ ᠬᠠᠮᠢᠶᠠᠷᠤᠯᠲᠠ ᠵᠢᠨ ᠠᠵᠢᠯ᠎ᠢ ᠵᠢᠯᠣᠭᠣᠳᠤᠨ᠎ᠠ᠃ ᠳᠡᠭᠡᠳᠦ ᠰᠤᠷᠭ᠋ᠠᠭᠤᠯᠢ ᠵᠢᠨ ᠠᠵᠢᠯᠴᠢᠨ᠎ᠤ ᠡᠪᠯᠡᠯ᠂ ᠡᠮᠡᠭᠲᠡᠶ᠋ᠢᠴᠦᠳ᠎ᠤᠨ ᠬᠣᠯᠪᠣᠭ᠎ᠠ ᠵᠡᠷᠭᠡ ᠣᠯᠠᠨ ᠲᠦᠮᠡᠨ᠎ᠤ ᠵᠣᠬᠢᠶᠠᠨ ᠪᠠᠶ᠋ᠢᠭᠤᠯᠤᠯᠲᠠ ᠵᠢᠨ ᠠᠵᠢᠯ᠎ᠢ ᠵᠢᠯᠣᠭᠣᠳᠤᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠤᠷᠭ᠋ᠠᠨ ᠬᠥᠮᠦᠵᠢᠯ᠎ᠤᠨ ᠠᠵᠢᠯ᠎ᠢ ᠵᠢᠯᠣᠭᠣᠳᠤᠨ᠎ᠠ᠃ ᠳᠡᠭᠡᠳᠦ ᠰᠤᠷᠭ᠋ᠠᠭᠤᠯᠢ ᠪᠣᠯᠤᠨ ᠣᠷᠣᠨ ᠨᠤᠲᠤᠭ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠢ ᠵᠢᠯᠣᠭᠣᠳᠤᠨ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠪᠣᠯᠤᠨ ᠤᠯᠤᠰ ᠲᠥᠷᠥ ᠵᠢᠨ ᠣᠨᠣᠯ᠎ᠤᠨ ᠬᠢᠴᠢᠶᠡᠯ᠎ᠢ ᠨᠢᠭᠡ ᠴᠣᠭᠴᠠᠵᠢᠭᠤᠯᠤᠭᠰᠠᠨ ᠵᠢᠭ᠋ᠠᠨ ᠰᠤᠷᠭ᠋ᠠᠯᠲᠠ᠂ ᠡᠷᠳᠡᠮ ᠰᠢᠨᠵᠢᠯᠡᠭᠡᠨ᠂ ᠡᠩᠨᠡᠭᠡᠨ᠎ᠤ ᠪᠠᠶ᠋ᠢᠭᠤᠯᠤᠯᠲᠠ ᠵᠢ ᠥᠷᠨᠢᠭᠦᠯᠦᠨ᠎ᠡ᠃ ᠳᠡᠭᠡᠳᠦ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ᠂ ᠬᠠᠪᠰᠤᠷᠤᠨ ᠵᠢᠯᠣᠭᠣᠳᠣᠭᠴᠢ ᠵᠢᠨ ᠡᠩᠨᠡᠭᠡᠨ᠎ᠤ ᠪᠠᠶ᠋ᠢᠭᠤᠯᠤᠯᠲᠠ ᠪᠣᠯᠤᠨ ᠤᠶᠤᠲᠠᠳ᠎ᠲᠤ ᠦᠢ᠍ᠯᠡᠴᠢᠯᠡᠵᠦ ᠬᠠᠮᠢᠶᠠᠷᠬᠤ ᠠᠵᠢᠯ᠎ᠢ ᠵᠢᠯᠣᠭᠣᠳᠤᠨ᠎ᠠ᠃ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ᠎ᠤᠨ ᠠᠵᠢᠯ ᠪᠠ ᠳᠡᠭᠡᠳᠦ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠵᠢᠯᠣᠭᠣᠳᠤᠨ᠎ᠠ᠃
ᠬᠠᠷᠢᠯᠴᠠᠬᠤ ᠬᠥᠮᠦᠨ᠄ ᠯᠢᠦ ᠰᠢᠤᠸᠠᠢ ᠹᠧᠨ
ᠬᠠᠷᠢᠯᠴᠠᠬᠤ ᠤᠲᠠᠰᠤ᠄ 0471 - 2856666
ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠭᠤᠤᠯ᠎ᠳᠤ ᠪᠣᠷᠣ (ᠳ᠋ᠢᠩ ᠰᠢᠶᠠᠩ) ᠵᠠᠮ᠎ᠤᠨ 5 ᠳ᠋ᠤᠭ᠋ᠠᠷ ᠨᠣᠮᠧᠷ
ᠰᠢᠤᠳᠠᠨ ᠨᠣᠮᠧᠷ᠄ 010011
ᠠᠵᠢᠯᠯᠠᠬᠤ ᠴᠠᠭ᠄ ᠠᠵᠢᠯ᠎ᠤᠨ ᠡᠳᠦᠷ᠎ᠤᠨ 9᠄ 00-12᠄ 00-14᠄ 00-17᠄ 30