ᠪᠠᠢ᠌ᠭᠤᠯᠭ᠎ᠠ ᠪᠣᠯᠤᠨ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ ᠬᠥᠳᠡᠯᠮᠦᠷᠢ ᠴᠠᠯᠢᠩ᠂ ᠪᠠᠶ᠋ᠢᠭᠤᠯᠤᠮᠵᠢ ᠵᠢᠨ ᠣᠷᠣᠨ ᠲᠣᠭ᠎ᠠ᠂ ᠺᠠᠳ᠋ᠷᠴᠤᠳ᠎ᠤᠨ ᠡᠩᠨᠡᠭᠡᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠬᠠᠮᠢᠶᠠᠷᠴᠤ ᠪᠠᠶ᠋ᠢᠭ᠎ᠠ ᠨᠡᠶ᠋ᠢᠭᠡᠮ᠎ᠤᠨ ᠪᠦᠯᠬᠦᠮ᠂ ᠰᠠᠭᠤᠷᠢ ᠮᠥᠩᠭᠥᠨ᠎ᠤ ᠨᠡᠶ᠋ᠢᠭᠡᠮᠯᠢᠭ ᠵᠡᠷᠭᠡ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠵᠢᠯ᠎ᠤᠨ ᠪᠠᠶ᠋ᠢᠴᠠᠭ᠋ᠠᠯᠲᠠ ᠵᠢ ᠬᠢᠨᠠᠬᠤ ᠠᠵᠢᠯ᠎ᠢ ᠬᠠᠷᠢᠭᠤᠴᠠᠵᠤ᠂ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ ᠵᠢ ᠵᠢᠯᠣᠭᠣᠳᠤᠨ᠎ᠠ᠃ ᠬᠣᠯᠪᠤᠭᠳᠠᠬᠤ ᠰᠠᠯᠠᠭ᠎ᠠ ᠮᠥᠴᠢᠷ᠎ᠲᠠᠢ ᠬᠠᠮᠲᠤᠷᠠᠨ ᠳᠡᠭᠡᠳᠦ ᠰᠤᠷᠭ᠋ᠠᠭᠤᠯᠢ ᠵᠢᠨ ᠺᠠᠳ᠋ᠷᠴᠤᠳ᠎ᠤᠨ ᠡᠩᠨᠡᠭᠡᠨ᠎ᠤ ᠪᠠᠶ᠋ᠢᠭᠤᠯᠤᠯᠲᠠ ᠪᠠ ᠳᠡᠭᠡᠳᠦ ᠰᠤᠷᠭ᠋ᠠᠭᠤᠯᠢ ᠵᠢᠨ ᠤᠳᠤᠷᠢᠳᠬᠤ ᠪᠠᠭ᠂ ᠤᠳᠤᠷᠢᠳᠬᠤ ᠺᠠᠳ᠋ᠷ᠎ᠢ ᠬᠢᠨᠠᠨ ᠰᠢᠯᠭ᠋ᠠᠬᠤ ᠠᠵᠢᠯ᠎ᠢ ᠬᠠᠷᠢᠭᠤᠴᠠᠨ᠎ᠠ᠃ ᠳᠡᠭᠡᠳᠦ ᠰᠤᠷᠭ᠋ᠠᠭᠤᠯᠢ ᠪᠠ ᠣᠷᠣᠨ ᠨᠤᠲᠤᠭ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠤᠳᠤᠷᠢᠳᠬᠤ ᠺᠠᠳ᠋ᠷᠴᠤᠳ᠎ᠢ ᠪᠣᠯᠪᠠᠰᠤᠷᠠᠭᠤᠯᠬᠤ ᠠᠵᠢᠯ᠎ᠢ ᠨᠢᠭᠡᠳᠦᠯᠲᠡᠢ ᠲᠥᠯᠥᠪᠯᠡᠨ᠎ᠡ᠃ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠷᠢᠶ᠎ᠠ᠎ᠨᠢ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ᠎ᠳᠤ ᠬᠠᠷᠢᠶᠠᠯᠠᠭᠳᠠᠬᠤ ᠳᠡᠭᠡᠳᠦ ᠰᠤᠷᠭ᠋ᠠᠭᠤᠯᠢ ᠵᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠂ ᠨᠠᠮ᠎ᠤᠨ ᠭᠡᠰᠢᠭᠦᠨ᠎ᠤ ᠡᠯᠰᠡᠯᠲᠡ ᠬᠥᠮᠦᠵᠢᠯ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠠᠵᠢᠯ᠎ᠢ ᠵᠢᠯᠣᠭᠣᠳᠤᠨ᠎ᠠ᠃
ᠬᠠᠷᠢᠯᠴᠠᠬᠤ ᠬᠥᠮᠦᠨ᠄ ᠸᠠᠩ ᠶᠠ ᠳ᠋ᠠᠩ
ᠬᠠᠷᠢᠯᠴᠠᠬᠤ ᠤᠲᠠᠰᠤ᠄ 0471 - 2856827
ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠭᠤᠤᠯ᠎ᠳᠤ ᠪᠣᠷᠣ (ᠳ᠋ᠢᠩ ᠰᠢᠶᠠᠩ) ᠵᠠᠮ᠎ᠤᠨ 5 ᠳ᠋ᠤᠭ᠋ᠠᠷ ᠨᠣᠮᠧᠷ
ᠰᠢᠤᠳᠠᠨ ᠨᠣᠮᠧᠷ᠄ 010011
ᠠᠵᠢᠯᠯᠠᠬᠤ ᠴᠠᠭ᠄ ᠠᠵᠢᠯ᠎ᠤᠨ ᠡᠳᠦᠷ᠎ᠤᠨ 9᠄ 00-12᠄ 00-14᠄ 00-17᠄ 30