ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠭᠦᠯᠦᠯᠲᠡ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠨ᠎ᠠ᠃ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠪᠦᠷᠢᠳᠬᠡᠬᠦ᠂ ᠵᠠᠳᠠᠯᠬᠤ᠂ ᠨᠡᠶ᠋ᠢᠲᠡᠯᠡᠬᠦ᠂ ᠬᠢᠨᠠᠨ ᠰᠢᠯᠭ᠋ᠠᠬᠤ ᠠᠵᠢᠯ᠎ᠢ ᠬᠠᠷᠢᠭᠤᠴᠠᠨ᠎ᠠ᠃ ᠪᠦᠬᠦ ᠣᠷᠣᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠪᠠᠢ᠌ᠷᠢᠰᠢᠯᠠᠭᠤᠯᠤᠯᠲᠠ ᠵᠢᠨ ᠪᠦᠲᠦᠴᠡ ᠵᠢ ᠲᠣᠬᠢᠷᠠᠭᠤᠯᠬᠤ ᠠᠵᠢᠯ᠎ᠢ ᠬᠠᠷᠢᠭᠤᠴᠠᠨ᠎ᠠ᠃ ᠪᠦᠬᠦ ᠣᠷᠣᠨ᠎ᠤ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠪᠠᠢ᠌ᠷᠢᠰᠢᠯᠠᠭᠤᠯᠤᠯᠲᠠ ᠵᠢᠨ ᠪᠦᠲᠦᠴᠡ ᠵᠢ ᠲᠣᠬᠢᠷᠠᠭᠤᠯᠬᠤ ᠠᠵᠢᠯ᠎ᠢ ᠶᠡᠷᠦᠩᠬᠡᠶ᠋ᠢᠯᠡᠨ ᠵᠣᠬᠢᠴᠠᠭᠤᠯᠤᠨ᠎ᠠ᠃ ᠵᠢᠯ᠎ᠤᠨ ᠰᠤᠷᠤᠭᠴᠢ ᠡᠯᠰᠡᠬᠦ ᠲᠥᠯᠥᠪᠯᠡᠭᠡ ᠵᠢ ᠰᠤᠳᠤᠯᠤᠨ ᠲᠣᠭᠲᠠᠭ᠋ᠠᠨ᠎ᠠ᠃ ᠠᠮᠢ ᠠᠬᠤᠢ ᠵᠢᠨ ᠪᠣᠯᠪᠠᠰᠤᠨ᠎ᠤ ᠬᠥᠮᠦᠵᠢᠯ ᠵᠢᠴᠢ ᠡᠨᠧᠷᠭᠢ ᠵᠢ ᠠᠷᠪᠢᠯᠠᠨ ᠪᠣᠬᠢᠷᠲᠤᠯ᠎ᠲᠠᠢ ᠪᠣᠳᠠᠰ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠢᠳᠡᠭᠡᠨ ᠤᠮᠳᠠᠭ᠋ᠠᠨ᠎ᠢ ᠪᠦᠷᠢᠯᠭᠡᠨ ᠰᠦᠢ᠍ᠳᠬᠡᠬᠦ ᠵᠢ ᠬᠣᠷᠢᠭᠯᠠᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠯᠡᠨ ᠵᠢᠯᠣᠭᠣᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠳᠡᠭᠡᠳᠦ ᠰᠤᠷᠭ᠋ᠠᠭᠤᠯᠢ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠬᠣᠷᠸ᠎ᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠬᠣᠷᠸ᠎ᠠ ᠬᠠᠮᠢᠶᠠᠷᠤᠯᠲᠠ ᠵᠢᠨ ᠠᠵᠢᠯ᠎ᠢ ᠵᠢᠯᠣᠭᠣᠳᠤᠨ᠎ᠠ᠃ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠢ ᠨᠢᠭᠡᠳᠦᠯᠲᠡᠶ ᠲᠥᠯᠥᠪᠵᠢᠭᠦᠯᠬᠦ᠂ ᠶᠡᠷᠦᠩᠬᠡᠶ᠋ᠢᠯᠡᠨ ᠵᠣᠬᠢᠴᠠᠭᠤᠯᠬᠤ ᠪᠠ ᠬᠣᠷᠸ᠎ᠠ ᠬᠠᠮᠢᠶᠠᠷᠤᠯᠲᠠ᠎ᠳᠤ ᠬᠣᠯᠪᠤᠭᠳᠠᠬᠤ ᠠᠵᠢᠯ᠎ᠢ ᠬᠠᠷᠢᠭᠤᠴᠠᠨ᠎ᠠ᠃ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯ᠎ᠢ ᠵᠢᠯᠣᠭᠣᠳᠴᠤ᠂ ᠰᠤᠷᠭ᠋ᠠᠨ ᠬᠥᠮᠦᠵᠢᠯ ᠵᠶ᠋ᠡᠷ ᠳᠡᠮᠵᠢᠨ ᠬᠠᠮᠵᠢᠯᠴᠠᠬᠤ ᠠᠵᠢᠯ᠎ᠢ ᠵᠣᠬᠢᠶᠠᠨ ᠪᠠᠢ᠌ᠭᠤᠯᠤᠨ ᠵᠣᠬᠢᠴᠠᠭᠤᠯᠤᠨ᠎ᠠ᠃
ᠬᠠᠷᠢᠯᠴᠠᠬᠤ ᠬᠥᠮᠦᠨ᠄ ᠸᠠᠩ ᠵᠢᠶᠦ᠋ᠨ ᠸᠧᠢ
ᠬᠠᠷᠢᠯᠴᠠᠬᠤ ᠤᠲᠠᠰᠤ᠄ 0471 - 2857018
ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠭᠤᠤᠯ᠎ᠳᠤ ᠪᠣᠷᠣ (ᠳ᠋ᠢᠩ ᠰᠢᠶᠠᠩ) ᠵᠠᠮ᠎ᠤᠨ 5 ᠳ᠋ᠤᠭ᠋ᠠᠷ ᠨᠣᠮᠧᠷ
ᠰᠢᠤᠳᠠᠨ ᠨᠣᠮᠧᠷ᠄ 010011
ᠠᠵᠢᠯᠯᠠᠬᠤ ᠴᠠᠭ᠄ ᠠᠵᠢᠯ᠎ᠤᠨ ᠡᠳᠦᠷ᠎ᠤᠨ 9᠄ 00-12᠄ 00-14᠄ 00-17᠄ 30