ᠭᠣᠣᠯ ᠡᠭᠦᠷᠭᠡ ᠬᠠᠷᠢᠭᠤᠴᠠᠯᠭ᠎ᠠ᠄ ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ᠎ᠪᠠᠷ ᠰᠤᠷᠤᠭᠴᠢ ᠡᠯᠰᠡᠬᠦ ᠠᠵᠢᠯ᠎ᠤᠨ ᠬᠠᠤᠯᠢ ᠴᠠᠭ᠋ᠠᠵᠠ ᠬᠠᠤᠯᠢ ᠳᠦᠷᠢᠮ᠂ ᠴᠢᠭᠯᠡᠯᠲᠡ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ᠎ᠪᠠᠷ ᠰᠤᠷᠤᠭᠴᠢ ᠡᠯᠰᠡᠬᠦ ᠠᠵᠢᠯ᠎ᠤᠨ ᠪᠣᠳᠠᠲᠠᠶ ᠠᠷᠭ᠎ᠠ ᠬᠡᠮᠵᠢᠶ᠎ᠡ᠂ ᠠᠷᠭ᠎ᠠ ᠪᠣᠳᠤᠯᠭ᠎ᠠ ᠵᠢ ᠲᠤᠭᠤᠷᠪᠢᠨ ᠲᠣᠭᠲᠠᠭ᠋ᠠᠬᠤ᠎ᠳᠤ ᠣᠷᠣᠯᠴᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ; ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠲᠤᠭᠤᠷᠪᠢᠬᠤ᠎ᠳᠤ ᠣᠷᠣᠯᠴᠠᠨ᠎ᠠ; ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠂ ᠰᠣᠳᠤᠯᠬᠤ ᠰᠤᠷᠤᠭᠴᠢ ᠡᠯᠰᠡᠬᠦ ᠰᠢᠯᠭ᠋ᠠᠯᠲᠠ᠂ ᠨᠠᠰᠤᠨ᠎ᠳᠤ ᠬᠦᠷᠦᠭᠰᠡᠳ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠰᠤᠷᠤᠭᠴᠢ ᠡᠯᠰᠡᠬᠦ ᠰᠢᠯᠭ᠋ᠠᠯᠲᠠ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠥᠪᠡᠰᠦᠪᠡᠨ ᠰᠤᠷᠴᠤ ᠰᠢᠯᠭ᠋ᠠᠭᠤᠯᠬᠤ ᠰᠢᠯᠭ᠋ᠠᠯᠲᠠ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠪᠥᠲᠦᠮᠵᠢ ᠵᠢᠨ ᠰᠢᠯᠭ᠋ᠠᠯᠲᠠ ᠪᠣᠯᠤᠨ ᠣᠯᠠᠨ ᠵᠦᠢ᠍ᠯ᠎ᠤᠨ ᠰᠤᠷᠭ᠋ᠠᠨ ᠬᠥᠮᠦᠵᠢᠯ᠎ᠤᠨ ᠲᠥᠷᠥᠯ᠎ᠤᠨ ᠨᠡᠶ᠋ᠢᠭᠡᠮ᠎ᠤᠨ ᠰᠢᠯᠭ᠋ᠠᠯᠲᠠ ᠵᠢᠨ ᠶᠠᠪᠤᠳᠠᠯ᠂ ᠰᠤᠷᠤᠭᠴᠢ ᠡᠯᠰᠡᠬᠦ ᠵᠡᠷᠭᠡ ᠵᠢ ᠵᠣᠬᠢᠶᠠᠨ ᠪᠠᠶ᠋ᠢᠭᠤᠯᠤᠨ ᠶᠠᠪᠤᠭᠳᠠᠭᠤᠯᠬᠤ ᠠᠵᠢᠯ᠎ᠢ ᠬᠠᠷᠢᠭᠤᠴᠠᠨ᠎ᠠ; ᠪᠦᠬᠦ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠪᠥᠲᠦᠮᠵᠢ ᠵᠢᠨ ᠰᠢᠯᠭ᠋ᠠᠯᠲᠠ ᠵᠢᠨ ᠰᠡᠳᠦᠪ ᠭᠠᠷᠭ᠋ᠠᠬᠤ᠂ ᠰᠢᠨᠵᠢᠯᠡᠬᠦ ᠤᠬᠠᠭ᠋ᠠᠨ᠎ᠤ ᠰᠣᠳᠤᠯᠭ᠋ᠠᠨ ᠪᠣᠯᠤᠨ ᠦᠨᠡᠯᠡᠨ ᠵᠢᠱ᠌ᠢᠬᠦ ᠵᠡᠷᠭᠡ ᠬᠣᠯᠪᠤᠭᠳᠠᠬᠤ ᠡᠭᠦᠷᠭᠡ ᠵᠢ ᠵᠣᠬᠢᠶᠠᠨ ᠪᠠᠶ᠋ᠢᠭᠤᠯᠤᠨ ᠶᠠᠪᠤᠭᠳᠠᠭᠤᠯᠤᠨ᠎ᠠ; ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠬᠣᠯᠪᠤᠭᠳᠠᠬᠤ ᠬᠢᠴᠢᠶᠡᠯ ᠲᠥᠷᠥᠯ᠎ᠤᠨ ᠰᠢᠯᠭ᠋ᠠᠯᠲᠠ ᠵᠢᠨ ᠬᠥᠲᠥᠯᠪᠦᠷᠢ (ᠰᠢᠯᠭ᠋ᠠᠯᠲᠠ ᠵᠢᠨ ᠲᠣᠳᠣᠷᠬᠠᠶ᠋ᠢᠯᠠᠯᠲᠠ) ᠵᠢ ᠲᠣᠭᠲᠠᠭ᠋ᠠᠬᠤ ᠠᠵᠢᠯ᠎ᠢ ᠬᠠᠷᠢᠭᠤᠴᠠᠨ᠎ᠠ; ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠬᠦᠷᠢᠶᠡᠨ᠎ᠤ ᠰᠤᠷᠭ᠋ᠠᠨ ᠬᠥᠮᠥᠵᠢᠯ᠎ᠲᠠᠢ ᠬᠣᠯᠪᠤᠭᠳᠠᠬᠤ ᠦᠨᠡᠨᠴᠢ ᠢᠲᠡᠭᠡᠮᠵᠢ ᠵᠢᠨ ᠠᠵᠢᠯ᠎ᠢ ᠰᠠᠢ᠌ᠲᠤᠷ ᠬᠢᠵᠦ᠂ ᠰᠣᠷᠣᠭᠴᠢ ᠡᠯᠰᠡᠬᠦ ᠰᠢᠯᠭ᠋ᠠᠯᠲᠠ᠎ᠳᠤ ᠰᠠᠬᠢᠯᠭ᠎ᠠ ᠪᠠᠲᠤ ᠲᠦᠷᠢᠮ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠰᠢᠢ᠍ᠳᠪᠦᠷᠢᠯᠡᠨ᠎ᠡ; ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠮᠡᠳᠡᠭᠡ ᠵᠠᠩᠭᠢᠴᠢᠯᠠᠯᠲᠠ ᠵᠢᠨ ᠮᠡᠷᠭᠡᠵᠢᠯ᠎ᠤᠨ ᠳᠡᠮᠵᠢᠯᠭᠡ ᠵᠢ ᠬᠠᠷᠢᠭᠤᠴᠠᠵᠤ᠂ ᠪᠠᠷᠢᠮᠵᠢᠶᠠᠵᠢᠭᠰᠠᠨ ᠰᠢᠯᠭ᠋ᠠᠯᠲᠠ ᠵᠢᠨ ᠴᠡᠭ᠎ᠤᠨ ᠪᠠᠶ᠋ᠢᠭᠤᠯᠤᠯᠲᠠ ᠵᠢ ᠠᠬᠢᠭᠤᠯᠤᠨ᠂ ᠰᠢᠯᠭ᠋ᠠᠯᠲᠠ ᠵᠢᠨ ᠰᠡᠳᠦᠪ ᠬᠢᠨᠠᠬᠤ᠂ ᠬᠢᠷᠢ ᠪᠦᠲᠦᠮᠵᠢ ᠵᠢ ᠬᠠᠮᠢᠶᠠᠷᠬᠤ ᠪᠠ ᠰᠣᠷᠣᠭᠴᠢ ᠡᠯᠰᠡᠬᠦ᠎ᠲᠠᠢ ᠬᠣᠯᠪᠤᠭᠳᠠᠬᠤ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠰᠤᠷᠤᠭᠴᠢ ᠡᠯᠰᠡᠬᠦ ᠰᠢᠯᠭ᠋ᠠᠯᠲᠠ ᠵᠢᠨ ᠺᠣᠮᠢᠰ᠎ᠤᠨ ᠡᠳᠦᠷ ᠲᠤᠲᠤᠮ ᠤᠨ ᠬᠣᠯᠪᠤᠭᠳᠠᠬᠤ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠳᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠪᠡᠶᠡᠯᠡᠭᠦᠯᠦᠨ᠎ᠡ᠃
ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠤᠯᠠᠭ᠋ᠠᠨᠴᠠᠪ ᠵᠡᠭᠦᠨ ᠵᠡᠭᠡᠯᠢ ᠵᠢᠨ ᠬᠥᠬᠡ 81 ᠳ᠋ᠦ᠍ᠭᠡᠷ ᠨᠣᠮᠧᠷ
ᠰᠢᠤᠳᠠᠨ ᠨᠣᠮᠧᠷ᠄ 010000
ᠠᠵᠢᠯᠯᠠᠬᠤ ᠴᠠᠭ᠄ ᠠᠵᠢᠯ᠎ᠤᠨ ᠡᠳᠦᠷ᠎ᠤᠨ 9:00—12:00 14:00—17:30
ᠬᠠᠷᠢᠯᠴᠠᠬᠤ ᠤᠲᠠᠰᠤ᠄ ᠰᠢᠯᠭ᠋ᠠᠯᠲᠠ ᠵᠢᠨ ᠲᠥᠪ᠎ᠤᠨ ᠤᠲᠠᠰᠤ᠄ 0471-3261717᠂ 3261100
ᠵᠦᠪᠯᠡᠯᠭᠡ ᠥᠭᠬᠦ ᠦᠢ᠍ᠯᠡᠴᠢᠯᠡᠭᠡᠨ᠎ᠤ ᠤᠲᠠᠰᠤ᠄ 0471 - 3261111
ᠬᠠᠷᠢᠭᠤᠴᠠᠯᠭ᠋ᠠᠲᠠᠨ᠄ ᠠᠨ ᠯᠢ ᠮᠢᠨ