ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ①
ᠨᠡᠶ᠋ᠢᠲᠡᠯᠡᠭᠰᠡᠨ ᠴᠠᠭ᠄ 2025-02-14

ᠡᠪᠦᠯ᠎ᠤᠨ ᠠᠮᠠᠷᠠᠯᠲᠠ ᠰᠡᠭᠦᠯ ᠰᠢᠪᠲᠤᠷᠠᠵᠤ᠂ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ᠎ᠢ ᠰᠠᠢ᠌ᠲᠤᠷ ᠬᠢᠬᠦ ᠴᠠᠭ ᠬᠦᠷᠴᠦ ᠢᠷᠡᠪᠡ᠃ ᠡᠯ᠎ᠡ ᠲᠠᠯ᠎ᠠ ᠵᠢᠨ ᠪᠡᠯᠡᠳᠬᠡᠯ᠎ᠢ ᠭᠦᠢ᠍ᠴᠡᠳ ᠬᠢᠵᠦ᠂ ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠵᠦ᠂ ᠬᠡᠦᠬᠡᠳ᠎ᠢ ᠬᠠᠪᠰᠤᠷᠤᠨ ᠨᠡᠩ ᠬᠤᠷᠳᠤᠨ ᠵᠶ᠋ᠠᠷ ᠰᠤᠷᠤᠯᠴᠠᠬᠤ ᠣᠷᠴᠢᠨ᠎ᠳᠤ᠎ᠨᠢ ᠳᠠᠰᠬᠠᠬᠤ ᠬᠡᠷᠡᠭᠲᠡᠢ᠃ ᠲᠡᠭᠡᠪᠡᠯ ᠬᠡᠦᠬᠡᠳ ᠰᠤᠷᠭ᠋ᠠᠭᠤᠯᠢ ᠡᠬᠢᠯᠡᠬᠦ᠎ᠠᠴᠠ ᠡᠮᠦᠨ᠎ᠡ ᠶᠠᠮᠠᠷ ᠶᠠᠮᠠᠷ ᠪᠡᠯᠡᠳᠬᠡᠯ᠎ᠢ ᠬᠢᠬᠦ ᠴᠢᠬᠤᠯᠠ᠎ᠲᠠᠢ ᠪᠣᠢ? ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ ᠪᠡᠯᠡᠳᠬᠡᠯ᠎ᠢ ᠡᠨᠳᠡ ᠲᠠᠨᠢᠯᠴᠠᠭᠤᠯᠤᠶ᠎ᠠ!

ᠰᠡᠳᠬᠢᠴᠡ ᠵᠢᠨ ᠲᠠᠯ᠎ᠠ᠎ᠪᠠᠷ᠎ᠬᠢ ᠪᠡᠯᠡᠳᠬᠡᠯ

ᠬᠡᠦᠬᠡᠳ᠎ᠢ ᠬᠠᠪᠰᠤᠷᠴᠤ ᠳᠠᠷᠤᠯᠲᠠ ᠵᠢ ᠠᠷᠭ᠋ᠠᠴᠠᠬᠤ ᠵᠢ ᠵᠢᠭ᠋ᠠᠵᠤ ᠥᠭᠭᠦᠨ᠎ᠡ᠃ ᠠᠮᠢᠰᠬᠤᠭ᠎ᠠ᠎ᠪᠠᠨ ᠲᠤᠬᠢᠷᠠᠭᠤᠯᠬᠤ᠂ ᠭᠦᠨ ᠪᠣᠳᠣᠯᠬᠢᠯᠠᠬᠤ ᠪᠤᠶᠤ ᠠᠭ᠋ᠠᠵᠢᠮ ᠵᠶ᠋ᠠᠷ ᠪᠤᠯᠴᠢᠩ ᠰᠢᠷᠪᠦᠰᠦ᠎ᠪᠠᠨ ᠰᠤᠯᠠᠷᠠᠭᠤᠯᠬᠤ ᠵᠡᠷᠭᠡ ᠠᠷᠭ᠎ᠠ ᠪᠠᠷᠢᠯ᠎ᠨᠢ ᠬᠡᠦᠬᠡᠳ᠎ᠢ ᠬᠠᠪᠰᠤᠷᠤᠨ ᠳᠠᠷᠤᠯᠲᠠ ᠵᠢᠨ ᠡᠮᠦᠨ᠎ᠡ ᠲᠣᠭᠲᠠᠭᠤᠨ ᠪᠠᠢ᠌ᠯᠭ᠋ᠠᠳᠠᠭ; ᠢᠳᠡᠪᠬᠢ᠎ᠲᠠᠢ ᠬᠥᠳᠡᠯᠭᠡᠭᠡᠨ᠎ᠳᠤ ᠣᠷᠣᠯᠴᠠᠭᠤᠯᠪᠠᠯ᠂ ᠰᠡᠳᠬᠢᠯ᠎ᠤᠨ ᠪᠠᠶ᠋ᠢᠳᠠᠯ ᠪᠣᠯᠤᠨ ᠳᠠᠷᠤᠯᠲᠠ ᠵᠢ᠎ᠨᠢ ᠨᠠᠮᠳᠠᠭᠤᠯᠬᠤ᠎ᠳᠤ ᠲᠤᠰᠠᠲᠠᠢ᠃

ᠬᠡᠦᠬᠡᠳ᠎ᠢ ᠨᠠᠶ᠋ᠢᠵᠠ᠂ ᠭᠡᠷ᠎ᠤᠨ ᠬᠥᠮᠦᠰ ᠪᠤᠶᠤ ᠬᠠᠮᠲᠤ ᠰᠤᠷᠤᠯᠭ᠋ᠠᠲᠠᠨ᠎ᠲᠠᠢ᠎ᠪᠠᠨ ᠲᠥᠷᠥᠭᠳᠡᠯ ᠵᠶ᠋ᠠᠨ ᠬᠤᠪᠢᠶᠠᠯᠴᠠᠬᠤ᠎ᠪᠠᠷ ᠬᠥᠲᠥᠯᠦᠨ ᠵᠢᠯᠣᠭᠣᠳᠤᠨ᠎ᠠ ᠃ ᠣᠢ᠌ᠷ᠎ᠠ ᠳᠣᠲᠣᠨᠣ ᠬᠥᠮᠦᠨ᠎ᠲᠠᠢ᠎ᠪᠠᠨ ᠶᠠᠷᠢᠯᠴᠠᠪᠠᠯ ᠰᠡᠳᠬᠢᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠭᠠᠭᠴᠠᠭ᠋ᠠᠷᠳᠠᠮᠠᠯ ᠲᠥᠷᠥᠭᠳᠡᠯ᠎ᠢ ᠪᠠᠭ᠋ᠠᠰᠬᠠᠳᠠᠭ᠃

ᠬᠡᠦᠬᠡᠳ᠎ᠢ ᠨᠡᠶ᠋ᠢᠭᠡᠮ᠎ᠤᠨ ᠬᠠᠷᠢᠯᠴᠠᠭ᠋ᠠᠨ᠎ᠳᠤ ᠢᠳᠡᠪᠬᠢᠲᠡᠢ ᠣᠷᠣᠯᠴᠠᠭᠤᠯᠬᠤ᠎ᠪᠠᠷ ᠵᠣᠷᠢᠭᠵᠢᠭᠤᠯᠤᠨ᠎ᠠ᠃ ᠬᠡᠷᠪᠡ ᠠᠮᠠᠷᠠᠯᠲᠠ ᠵᠢᠨ ᠬᠤᠭᠤᠴᠠᠭ᠋ᠠᠨ᠎ᠳᠤ ᠨᠡᠶ᠋ᠢᠭᠡᠮ᠎ᠤᠨ ᠬᠠᠷᠢᠯᠴᠠᠭ᠋ᠠᠨ᠎ᠳᠤ ᠴᠥᠭᠡᠨ ᠣᠷᠣᠯᠴᠠᠭᠰᠠᠨ ᠪᠣᠯ᠂ ᠨᠡᠶ᠋ᠢᠭᠡᠮ᠎ᠤᠨ ᠬᠠᠷᠢᠯᠴᠠᠭ᠋ᠠᠨ᠎ᠳᠤ ᠢᠳᠡᠪᠬᠢᠲᠡᠢ ᠣᠷᠣᠯᠴᠠᠭᠤᠯᠬᠤ᠎ᠪᠠᠷ ᠠᠯᠬᠤᠮ ᠠᠯᠬᠤᠮ ᠵᠶ᠋ᠠᠷ ᠵᠢᠯᠣᠭᠣᠳᠴᠤ᠂ ᠪᠤᠰᠤᠳ᠎ᠲᠠᠢ ᠬᠠᠷᠢᠴᠠᠭ᠎ᠠ ᠪᠠᠶ᠋ᠢᠭᠤᠯᠤᠨ᠂ ᠪᠠᠶᠠᠷ ᠪᠠᠶᠠᠰᠤᠯ ᠪᠣᠯᠤᠨ ᠲᠥᠭᠡᠷᠢᠭᠳᠡᠯ ᠵᠶ᠋ᠡᠨ ᠬᠤᠪᠢᠶᠠᠯᠴᠠᠨ᠎ᠠ᠃ ᠨᠡᠶ᠋ᠢᠭᠡᠮ᠎ᠤᠨ ᠬᠠᠷᠢᠯᠴᠠᠭ᠋ᠠᠨ᠎ᠳᠤ ᠣᠷᠣᠯᠴᠠᠬᠤ ᠪᠣᠯ ᠰᠡᠳᠬᠢᠴᠡ ᠵᠢᠨ ᠡᠷᠡᠭᠦᠯ ᠮᠡᠨᠳᠦ ᠵᠢ ᠠᠬᠢᠭᠤᠯᠬᠤ ᠴᠢᠬᠤᠯᠠ ᠬᠦᠴᠦᠨ ᠵᠦᠢ᠍ᠯ ᠪᠣᠯᠤᠨ᠎ᠠ᠃

ᠬᠡᠦᠬᠡᠳ᠎ᠤᠨ ᠬᠤᠪᠢᠷᠠᠯᠲᠠ᠎ᠳᠤ ᠵᠣᠬᠢᠴᠠᠬᠤ ᠴᠢᠳᠠᠪᠤᠷᠢ ᠵᠢ ᠪᠣᠢ᠌ᠵᠢᠭᠤᠯᠤᠨ᠎ᠠ᠃ ᠨᠤᠭᠤᠷᠠᠯ ᠪᠦᠳᠦᠷᠢᠯ᠎ᠳᠤ ᠵᠥᠪ ᠬᠠᠨᠳᠤᠨ᠂ ᠨᠡᠩ ᠢᠳᠡᠪᠬᠢᠲᠡᠢ ᠣᠪᠣᠷ ᠵᠶ᠋ᠠᠷ ᠠᠰᠠᠭᠤᠳᠠᠯ᠎ᠢ ᠰᠢᠢ᠍ᠳᠪᠦᠷᠢᠯᠡᠵᠦ᠂ ᠥᠪᠡᠷ᠎ᠤᠨ ᠳᠠᠪᠠᠭᠤᠯᠢᠭ ᠵᠶ᠋ᠠᠨ ᠪᠠᠳᠠᠷᠠᠭᠤᠯᠤᠨ᠂ ᠢᠲᠡᠭᠡᠯ ᠵᠣᠷᠢᠭ ᠵᠶ᠋ᠠᠨ ᠬᠥᠪᠴᠢᠯᠡᠵᠦ᠂ ᠬᠦᠴᠢᠷ ᠪᠡᠷᠬᠡᠰᠢᠶᠡᠯ᠎ᠢ ᠢᠯᠠᠨ ᠳᠠᠪᠠᠬᠤ  ᠢᠲᠡᠭᠡᠯ᠎ᠢ ᠪᠣᠢ᠌ᠵᠢᠭᠤᠯᠤᠨ᠎ᠠ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ②
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ③
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ④
ᠰᠢᠭᠤᠳ ᠨᠡᠪᠲᠡᠷᠡᠭᠦᠯᠭᠡ — ᠪᠦᠬᠦ ᠣᠷᠣᠨ᠎ᠤ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠪᠠᠭᠰᠢ ᠨᠠᠷ ᠬᠢᠮᠡᠯ ᠣᠶᠤᠨ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ᠎ᠳᠤ ᠡᠨᠧᠷᠭᠢ ᠣᠯᠭᠣᠬᠤ ᠰᠤᠳᠤᠯᠤᠨ ᠶᠠᠷᠢᠯᠴᠠᠬᠤ ᠬᠤᠷᠠᠯ᠎ᠢ ᠬᠠᠮᠲᠤ᠎ᠳᠤ᠎ᠪᠠᠨ ᠰᠣᠨᠢᠷᠬᠠᠭ᠋ᠠᠷᠠᠢ
ᠰᠢᠭᠤᠳ ᠨᠡᠪᠲᠡᠷᠡᠭᠦᠯᠭᠡ — 4 ᠰᠠᠷ᠎ᠠ ᠵᠢᠨ 2᠎ᠤᠨ ᠡᠳᠦᠷ᠎ᠤᠨ ᠦᠳᠡ ᠵᠢᠨ ᠬᠣᠶ᠋ᠢᠨ᠎ᠠ 2025 ᠣᠨ᠎ᠤ 《ᠭᠠᠳᠠᠭ᠋ᠠᠳᠤ᠎ᠳᠤ ᠰᠤᠷᠤᠯᠴᠠᠬᠤ ᠰᠢᠨ᠎ᠡ ᠠᠶᠠᠯᠠᠯ᠂ ᠠᠮᠤᠷ ᠲᠦᠪᠰᠢᠨ ᠲᠠ ᠨᠠᠷ᠎ᠲᠠᠢ ᠬᠠᠮᠲᠤ》 ᠭᠡᠬᠦ ᠳᠤᠰᠬᠠᠢ ᠰᠡᠳᠦᠪᠲᠦ ᠠᠵᠢᠯᠯᠠᠭ᠎ᠠ (ᠥᠪᠥᠷ ᠮᠣᠩᠭᠣᠯ᠎ᠳᠠᠬᠢ ᠳᠤᠰᠬᠠᠢ ᠲᠠᠯᠠᠪᠤᠷ) ᠵᠢ ᠬᠠᠮᠲᠤ᠎ᠳᠤ᠎ᠪᠠᠨ ᠰᠣᠨᠢᠷᠬᠠᠵᠠᠭ᠋ᠠᠶ᠎ᠠ!
 
             蒙ICP备05000248号