ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ③
ᠨᠡᠶ᠋ᠢᠲᠡᠯᠡᠭᠰᠡᠨ ᠴᠠᠭ᠄ 2025-02-14

ᠡᠪᠦᠯ᠎ᠤᠨ ᠠᠮᠠᠷᠠᠯᠲᠠ ᠰᠡᠭᠦᠯ ᠰᠢᠪᠲᠤᠷᠠᠵᠤ᠂ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ᠎ᠢ ᠰᠠᠢ᠌ᠲᠤᠷ ᠬᠢᠬᠦ ᠴᠠᠭ ᠬᠦᠷᠴᠦ ᠢᠷᠡᠪᠡ᠃ ᠡᠯ᠎ᠡ ᠲᠠᠯ᠎ᠠ ᠵᠢᠨ ᠪᠡᠯᠡᠳᠬᠡᠯ᠎ᠢ ᠭᠦᠢ᠍ᠴᠡᠳ ᠬᠢᠵᠦ᠂ ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠵᠦ᠂ ᠬᠡᠦᠬᠡᠳ᠎ᠢ ᠬᠠᠪᠰᠤᠷᠤᠨ ᠨᠡᠩ ᠬᠤᠷᠳᠤᠨ ᠵᠶ᠋ᠠᠷ ᠰᠤᠷᠤᠯᠴᠠᠬᠤ ᠣᠷᠴᠢᠨ᠎ᠳᠤ᠎ᠨᠢ ᠳᠠᠰᠬᠠᠬᠤ ᠬᠡᠷᠡᠭᠲᠡᠢ᠃ ᠲᠡᠭᠡᠪᠡᠯ ᠬᠡᠦᠬᠡᠳ ᠰᠤᠷᠭ᠋ᠠᠭᠤᠯᠢ ᠡᠬᠢᠯᠡᠬᠦ᠎ᠠᠴᠠ ᠡᠮᠦᠨ᠎ᠡ ᠶᠠᠮᠠᠷ ᠶᠠᠮᠠᠷ ᠪᠡᠯᠡᠳᠬᠡᠯ᠎ᠢ ᠬᠢᠬᠦ ᠴᠢᠬᠤᠯᠠ᠎ᠲᠠᠢ ᠪᠣᠢ? ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ ᠪᠡᠯᠡᠳᠬᠡᠯ᠎ᠢ ᠡᠨᠳᠡ ᠲᠠᠨᠢᠯᠴᠠᠭᠤᠯᠤᠶ᠎ᠠ!

ᠰᠤᠷᠤᠯᠭ᠎ᠠ ᠵᠢᠨ ᠲᠠᠯ᠎ᠠ᠎ᠪᠠᠷ᠎ᠬᠢ ᠪᠡᠯᠡᠳᠬᠡᠯ

ᠳᠠᠰᠬᠠᠯ ᠵᠶ᠋ᠠᠨ ᠪᠠᠶ᠋ᠢᠴᠠᠭ᠋ᠠᠵᠤ᠂ ᠣᠷᠬᠢᠭᠰᠠᠨ ᠵᠦᠢ᠍ᠯ ᠵᠶ᠋ᠡᠨ ᠨᠥᠬᠥᠪᠥᠷᠢᠯᠡᠨ᠎ᠡ᠃ ᠳᠠᠰᠬᠠᠯ ᠵᠶ᠋ᠠᠨ ᠪᠠᠢ᠌ᠴᠠᠭ᠋ᠠᠵᠤ ᠦᠵᠡᠬᠦ ᠵᠢ ᠬᠡᠦᠬᠡᠳ᠎ᠲᠤ ᠰᠠᠨᠠᠭᠤᠯᠤᠨ᠎ᠠ᠃ ᠮᠠᠰᠢ ᠣᠯᠠᠨ ᠬᠡᠦᠬᠡᠳ ᠳᠠᠰᠬᠠᠯ ᠵᠶ᠋ᠠᠨ ᠰᠤᠷᠭ᠋ᠠᠭᠤᠯᠢ ᠡᠬᠢᠯᠡᠬᠦ᠎ᠠᠴᠠ ᠡᠮᠦᠨ᠎ᠡ ᠡᠳᠦᠷ ᠪᠣᠯᠲᠠᠯ᠎ᠠ ᠰᠤᠨᠵᠢᠷᠠᠭᠤᠯᠵᠤ᠂ ᠰᠦᠨᠢᠵᠢᠨ ᠬᠢᠵᠦ᠂  ᠶᠡᠷᠦ᠎ᠨᠢ ᠪᠡᠶ᠎ᠡ ᠰᠡᠳᠬᠢᠯ ᠶᠠᠳᠠᠷᠠᠭᠰᠠᠨ ᠪᠠᠢ᠌ᠳᠠᠯ᠎ᠳᠤ᠂ ᠬᠠᠰᠢ ᠶᠠᠰᠢ ᠬᠢᠵᠦ ᠳᠠᠭᠤᠰᠬᠠᠳᠠᠭ᠃

ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠬᠠᠷᠠᠯᠲᠠ ᠪᠠ ᠲᠥᠯᠥᠪᠯᠡᠭᠡ ᠵᠢ ᠲᠣᠭᠲᠠᠭ᠋ᠠᠨ᠎ᠠ᠃ ᠭᠡᠷ᠎ᠤᠨ ᠠᠬᠠᠮᠠᠳ ᠬᠡᠦᠬᠡᠳ᠎ᠲᠠᠢ᠎ᠪᠠᠨ ᠪᠣᠳᠠᠲᠤ ᠪᠠᠶ᠋ᠢᠳᠠᠯ᠎ᠢ ᠦᠨᠳᠦᠰᠦᠯᠡᠵᠦ᠂ ᠵᠠᠷᠢᠮ ᠬᠠᠷᠠᠯᠲᠠ ᠪᠠ ᠲᠥᠯᠥᠪᠯᠡᠭᠡ ᠵᠢ ᠲᠣᠭᠲᠠᠭ᠋ᠠᠵᠤ ᠪᠣᠯᠤᠨ᠎ᠠ᠂ ᠲᠤᠬᠠᠢ᠌ᠯᠠᠪᠠᠯ᠂ ᠳᠠᠷᠠᠭ᠎ᠠ ᠬᠤᠭᠤᠴᠠᠭ᠎ᠠ ᠠᠯᠢ ᠬᠡᠳᠦᠨ ᠬᠢᠴᠢᠶᠡᠯ᠎ᠤᠨ ᠬᠢᠷᠢ ᠪᠦᠲᠦᠮᠵᠢ ᠵᠢ ᠳᠡᠭᠡᠭᠰᠢᠯᠡᠭᠦᠯᠵᠦ᠂ ᠠᠯᠢ ᠨᠢᠭᠡ ᠵᠦᠢ᠍ᠯ᠎ᠤᠨ ᠰᠢᠨ᠎ᠡ ᠴᠢᠳᠠᠪᠤᠷᠢ ᠵᠢ ᠡᠵᠡᠮᠰᠢᠬᠦ ᠵᠡᠷᠭᠡ᠃ ᠬᠠᠷᠠᠯᠲᠠ ᠪᠠ ᠲᠥᠯᠥᠪᠯᠡᠭᠡ ᠳᠣᠭᠲᠠᠭ᠋ᠠᠬᠤ᠎ᠳᠤ᠎ᠪᠠᠨ ᠶᠡᠬᠡ ᠵᠢ ᠰᠠᠨᠠᠭ᠋ᠠᠷᠬᠠᠵᠤ ᠪᠣᠯᠬᠤ ᠦᠭᠡᠢ᠂ ᠡᠷᠬᠡᠪᠰᠢ ᠨᠠᠶ᠋ᠢᠳᠠᠪᠤᠷᠢᠵᠢᠭᠤᠯᠵᠤ ᠪᠣᠯᠬᠤᠢ᠌ᠴᠠ ᠬᠠᠷᠠᠯᠲᠠ ᠪᠠ ᠲᠥᠯᠥᠪᠯᠡᠭᠡ ᠪᠠᠢ᠌ᠬᠤ ᠬᠡᠷᠡᠭᠲᠡᠢ᠃ ᠢᠩᠭᠢᠵᠦ ᠬᠢᠬᠦ᠎ᠨᠢ ᠬᠡᠦᠬᠡᠳ᠎ᠢ  ᠬᠠᠪᠰᠤᠷᠤᠨ᠂ ᠴᠢᠭᠯᠡᠯ ᠎ᠢ᠎ᠨᠢ ᠲᠣᠳᠤᠷᠬᠠᠢ᠌ᠯᠠᠵᠤ᠂ ᠪᠠᠰᠠ ᠬᠡᠦᠬᠡᠳ᠎ᠢ ᠬᠠᠪᠰᠤᠷᠴᠤ ᠰᠤᠷᠤᠯᠴᠠᠬᠤ ᠣᠷᠴᠢᠨ᠎ᠳᠤ᠎ᠨᠢ ᠨᠡᠩ ᠰᠠᠶ᠋ᠢᠨ ᠳᠠᠰᠬᠠᠨ᠎ᠠ᠃

ᠬᠡᠦᠬᠡᠳ ᠵᠶ᠋ᠠᠨ ᠳᠠᠭ᠋ᠠᠭᠤᠯᠤᠨ ᠨᠣᠮ᠎ᠤᠨ ᠰᠠᠩ ᠪᠠ ᠨᠣᠮ᠎ᠤᠨ ᠳᠡᠯᠭᠡᠭᠦᠷ ᠵᠶ᠋ᠠᠷ ᠲᠣᠭᠣᠷᠢᠨ᠎ᠠ ᠃ ᠰᠤᠷᠭ᠋ᠠᠭᠤᠯᠢ ᠡᠬᠢᠯᠡᠬᠦ᠎ᠠᠴᠠ ᠡᠮᠦᠨ᠎ᠡ᠂ ᠭᠡᠷ᠎ᠤᠨ ᠠᠬᠠᠮᠠᠳ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠲᠥᠯᠥᠪᠯᠡᠭᠡ᠎ᠲᠠᠢ᠎ᠨᠢ ᠤᠶᠠᠯᠳᠤᠭᠤᠯᠤᠨ᠂ ᠬᠡᠦᠬᠡᠳ᠎ᠲᠠᠢ᠎ᠪᠠᠨ ᠨᠣᠮ᠎ᠤᠨ ᠰᠠᠩ᠂ ᠨᠣᠮ᠎ᠤᠨ ᠳᠡᠯᠭᠡᠭᠦᠷ ᠵᠡᠷᠭᠡ ᠭᠠᠵᠠᠷ ᠣᠴᠢᠵᠤ᠂ ᠬᠡᠦᠬᠡᠳ᠎ᠤᠨ ᠳᠤᠷᠠᠲᠠᠢ ᠨᠣᠮ ᠪᠠ ᠮᠠᠲ᠋ᠧᠷᠢᠶᠠᠯ᠎ᠢ ᠡᠷᠢᠵᠦ ᠦᠵᠡᠬᠦ ᠪᠤᠶᠤ ᠬᠤᠳᠠᠯᠳᠤᠨ ᠠᠪᠴᠤ᠂ ᠬᠡᠦᠬᠡᠳ᠎ᠤᠨ ᠨᠣᠮ ᠤᠩᠰᠢᠬᠤ ᠳᠤᠷ᠎ᠠ ᠰᠣᠨᠢᠷᠬᠠᠯ᠎ᠢ ᠬᠥᠮᠦᠵᠢᠭᠦᠯᠵᠦ᠂ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠵᠣᠬᠢᠰᠲᠠᠢ ᠪᠡᠯᠡᠳᠬᠡᠯ ᠬᠢᠨ᠎ᠡ᠃

ᠬᠡᠦᠬᠡᠳ ᠵᠶ᠋ᠠᠨ ᠵᠣᠬᠢᠰᠲᠠᠢ ᠳᠠᠪᠲᠠᠬᠤ ᠪᠤᠶᠤ ᠤᠷᠢᠳᠴᠢᠯᠠᠨ ᠰᠤᠷᠬᠤ᠎ᠪᠠᠷ ᠬᠥᠲᠥᠯᠥᠨ ᠵᠢᠯᠣᠭᠣᠳᠤᠨ᠎ᠠ᠃ ᠨᠢᠭᠡ  ᠠᠮᠠᠷᠠᠯᠲᠠ ᠵᠢᠨ ᠬᠤᠭᠤᠴᠠᠭ᠎ᠠ ᠥᠩᠭᠡᠷᠡᠪᠡᠯ᠂ ᠬᠡᠦᠬᠡᠳ ᠳᠡᠭᠡᠷ᠎ᠡ ᠬᠤᠭᠤᠴᠠᠭ᠋ᠠᠨ᠎ᠤ ᠰᠤᠷᠤᠭᠰᠠᠨ ᠮᠡᠳᠡᠯᠭᠡ᠎ᠪᠠᠨ ᠮᠠᠷᠲᠠᠬᠤ ᠪᠣᠯᠤᠯᠴᠠᠭ᠎ᠠ᠎ᠲᠠᠢ᠂ ᠴᠠᠭ ᠭᠠᠷᠭ᠋ᠠᠵᠤ ᠪᠠᠶ᠋ᠢᠭ᠋ᠠᠳ ᠭᠣᠣᠯ ᠮᠡᠳᠡᠯᠭᠡ ᠵᠢᠨ ᠴᠡᠭ᠎ᠢ ᠡᠷᠭᠢᠴᠡᠭᠦᠯᠵᠦ    ᠪᠣᠯᠤᠨ᠎ᠠ᠃ ᠡᠭᠦᠨ᠎ᠤ ᠬᠠᠮᠲᠤ ᠪᠠᠰᠠ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠵᠢᠭ᠋ᠠᠬᠤ ᠮᠠᠲ᠋ᠧᠷᠢᠶᠠᠯ᠎ᠢ ᠵᠣᠬᠢᠰᠲᠠᠢ ᠤᠷᠢᠳᠴᠢᠯᠠᠨ ᠦᠵᠡᠬᠦ ᠪᠤᠶᠤ ᠰᠤᠷᠪᠠᠯ᠂ ᠰᠢᠨ᠎ᠡ ᠬᠠᠭᠤᠴᠢᠨ ᠮᠡᠳᠡᠯᠭᠡ ᠵᠢ ᠰᠢᠭᠤᠳ ᠵᠣᠯᠭ᠋ᠠᠭᠤᠯᠬᠤ᠎ᠳᠤ ᠠᠰᠢᠭᠲᠠᠢ ᠶᠤᠮ᠃

ᠭᠡᠪᠡᠴᠦ ᠭᠡᠷ᠎ᠤᠨ ᠠᠬᠠᠮᠠᠳ᠎ᠲᠤ ᠰᠠᠨᠠᠭᠤᠯᠬᠤ᠎ᠨᠢ᠂ ᠬᠡᠦᠬᠡᠳ ᠵᠣᠬᠢᠰᠲᠠᠢ ᠤᠷᠢᠳᠴᠢᠯᠠᠨ ᠦᠵᠡᠵᠦ᠂ ᠰᠢᠨ᠎ᠡ ᠮᠡᠳᠡᠯᠭᠡ ᠵᠢ ᠤᠷᠢᠳᠴᠢᠯᠠᠨ ᠰᠤᠷᠬᠤ ᠦᠭᠡᠢ᠂ ᠢᠩᠭᠢᠪᠡᠯ ᠬᠡᠦᠬᠡᠳ ᠵᠢᠩᠬᠢᠨᠢ᠎ᠪᠠᠷ ᠡᠬᠢᠯᠡᠵᠦ ᠰᠤᠷᠬᠤ ᠦᠶ᠎ᠡ᠎ᠳᠤ ᠰᠣᠨᠢᠷᠬᠠᠯ᠎ᠲᠠᠢ ᠰᠠᠨᠠᠭᠳᠠᠨ᠎ᠠ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ④
ᠰᠢᠭᠤᠳ ᠨᠡᠪᠲᠡᠷᠡᠭᠦᠯᠭᠡ — ᠪᠦᠬᠦ ᠣᠷᠣᠨ᠎ᠤ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠪᠠᠭᠰᠢ ᠨᠠᠷ ᠬᠢᠮᠡᠯ ᠣᠶᠤᠨ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ᠎ᠳᠤ ᠡᠨᠧᠷᠭᠢ ᠣᠯᠭᠣᠬᠤ ᠰᠤᠳᠤᠯᠤᠨ ᠶᠠᠷᠢᠯᠴᠠᠬᠤ ᠬᠤᠷᠠᠯ᠎ᠢ ᠬᠠᠮᠲᠤ᠎ᠳᠤ᠎ᠪᠠᠨ ᠰᠣᠨᠢᠷᠬᠠᠭ᠋ᠠᠷᠠᠢ
ᠰᠢᠭᠤᠳ ᠨᠡᠪᠲᠡᠷᠡᠭᠦᠯᠭᠡ — 4 ᠰᠠᠷ᠎ᠠ ᠵᠢᠨ 2᠎ᠤᠨ ᠡᠳᠦᠷ᠎ᠤᠨ ᠦᠳᠡ ᠵᠢᠨ ᠬᠣᠶ᠋ᠢᠨ᠎ᠠ 2025 ᠣᠨ᠎ᠤ 《ᠭᠠᠳᠠᠭ᠋ᠠᠳᠤ᠎ᠳᠤ ᠰᠤᠷᠤᠯᠴᠠᠬᠤ ᠰᠢᠨ᠎ᠡ ᠠᠶᠠᠯᠠᠯ᠂ ᠠᠮᠤᠷ ᠲᠦᠪᠰᠢᠨ ᠲᠠ ᠨᠠᠷ᠎ᠲᠠᠢ ᠬᠠᠮᠲᠤ》 ᠭᠡᠬᠦ ᠳᠤᠰᠬᠠᠢ ᠰᠡᠳᠦᠪᠲᠦ ᠠᠵᠢᠯᠯᠠᠭ᠎ᠠ (ᠥᠪᠥᠷ ᠮᠣᠩᠭᠣᠯ᠎ᠳᠠᠬᠢ ᠳᠤᠰᠬᠠᠢ ᠲᠠᠯᠠᠪᠤᠷ) ᠵᠢ ᠬᠠᠮᠲᠤ᠎ᠳᠤ᠎ᠪᠠᠨ ᠰᠣᠨᠢᠷᠬᠠᠵᠠᠭ᠋ᠠᠶ᠎ᠠ!
ᠥᠪᠥᠷ ᠮᠣᠩᠭᠤᠯ᠎ᠤᠨ ᠳᠡᠭᠡᠳᠦ ᠬᠠᠭ᠋ᠠᠰ ᠵᠢᠯ᠎ᠳᠠᠬᠢ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠤᠨ ᠰᠢᠯᠭ᠋ᠠᠯᠲᠠ (ᠨᠢᠭᠤᠷᠳᠠᠨ ᠰᠢᠯᠭ᠋ᠠᠯᠲᠠ) 21᠎ᠤ ᠡᠳᠦᠷ᠎ᠠᠴᠠ ᠡᠬᠢᠯᠡᠨ ᠨᠡᠷ᠎ᠡ ᠮᠡᠳᠡᠭᠦᠯᠦᠨ᠎ᠡ
ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠢᠯᠭ᠋ᠠᠬᠤ ᠲᠡᠮᠳᠡᠭ᠎ᠢ ᠥᠨᠥᠳᠦᠷ᠎ᠠᠴᠠ ᠡᠬᠢᠯᠡᠨ ᠳᠠᠷᠤᠮᠠᠯᠯᠠᠵᠤ ᠪᠣᠯᠤᠨ᠎ᠠ
 
             蒙ICP备05000248号