ᠥᠷᠭᠡᠨ ᠣᠯᠠᠨ ᠬᠡᠦᠬᠡᠳ ᠵᠠᠯᠠᠭᠤᠴᠤᠳ ᠪᠠᠭ᠋ᠠᠴᠤᠳ᠎ᠢ ᠬᠥᠲᠥᠯᠥᠨ ᠵᠢᠯᠣᠭᠣᠳᠴᠤ᠂ ᠡᠨᠡ ᠵᠢᠯ᠎ᠤᠨ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠰᠢᠨᠵᠢᠯᠡᠬᠦ ᠤᠬᠠᠭ᠋ᠠᠨᠴᠢ᠎ᠪᠠᠷ ᠨᠢᠳᠦ ᠪᠠᠨ ᠬᠡᠷᠡᠭᠯᠡᠵᠦ᠂ ᠵᠢᠮ᠎ᠡ ᠶᠣᠰᠣᠲᠠᠢ ᠠᠮᠠᠷᠠᠵᠤ᠂ ᠣᠶ᠋ᠢᠷ᠎ᠠ ᠬᠠᠷᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠰᠡᠷᠭᠡᠶ᠋ᠢᠯᠡᠬᠦ ᠵᠢᠨ ᠲᠥᠯᠥᠭᠡ᠂ ᠪᠦᠬᠦ ᠤᠯᠤᠰ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠵᠢ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭ᠋ᠠᠨ᠎ᠤ ᠠᠵᠢᠯ᠎ᠤᠨ ᠰᠠᠭᠤᠷᠢᠨ ᠳᠡᠭᠡᠷ᠎ᠡ᠂ 2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ᠎ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭ᠋ᠠᠴᠤᠳ ᠪᠠ ᠭᠡᠷ᠎ᠤᠨ ᠠᠬᠠᠮᠠᠳ᠎ᠤᠨ ᠮᠠᠳᠠᠭ᠎ᠢ ᠲᠠᠢ᠌ᠯᠵᠤ᠂ ᠰᠢᠨᠵᠢᠯᠡᠬᠦ ᠤᠬᠠᠭ᠋ᠠᠨᠴᠢ᠎ᠪᠠᠷ ᠬᠥᠲᠥᠯᠦᠨ ᠵᠢᠯᠣᠭᠣᠳᠪᠠ᠃
06 ᠨᠢᠳᠦ ᠵᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠬᠤ᠄ ᠡᠷᠡᠭᠦᠯ ᠮᠡᠨᠳᠦ ᠵᠢ ᠴᠢᠬᠤᠯᠠᠴᠢᠯᠠᠵᠤ᠂ ᠨᠢᠳᠦ ᠴᠢᠯᠡᠬᠦ ᠵᠢ ᠰᠡᠷᠭᠡᠶ᠋ᠢᠯᠡᠬᠦ
15. ᠨᠢᠳᠦ ᠬᠠᠭᠤᠷᠠᠢ᠌ᠳᠠᠵᠤ᠂ ᠴᠢᠯᠡᠬᠦ ᠲᠥᠷᠦᠭᠳᠡᠯ᠎ᠲᠠᠢ ᠪᠣᠯ ᠶᠠᠭ᠋ᠠᠬᠢᠬᠤ ᠪᠤᠢ?
ᠬᠠᠷᠢᠭᠤᠯᠲᠠ᠄ ᠦᠷᠭᠦᠯᠵᠢᠯᠡᠨ ᠬᠡᠲᠦ ᠤᠷᠲᠤ ᠴᠠᠭ ᠡᠯᠧᠺᠲᠷᠣᠨ ᠦᠢ᠍ᠯᠡᠳᠬᠦᠨ᠎ᠢ ᠬᠡᠷᠡᠭᠯᠡᠪᠡᠯ ᠨᠢᠳᠦ ᠬᠠᠭᠤᠷᠠᠢ᠌ᠳᠠᠵᠤ ᠴᠢᠯᠡᠳᠡᠭ᠃ ᠨᠢᠳᠦ᠎ᠪᠠᠨ ᠠᠨᠢᠨ ᠠᠮᠠᠷᠠᠬᠤ ᠪᠤᠶᠤ ᠠᠯᠤᠰ᠎ᠢ ᠪᠠᠷᠠᠯᠠᠵᠤ᠂ ᠭᠡᠷ᠎ᠤᠨ ᠳᠤᠯᠠᠭ᠋ᠠᠨ ᠪᠣᠯᠤᠨ ᠴᠢᠭᠢᠭᠳᠦᠴᠡ ᠲᠣᠬᠢᠷᠠᠮᠵᠢᠲᠠᠢ ᠪᠠᠢ᠌ᠬᠤ ᠵᠢ ᠪᠠᠲᠤᠯᠠᠨ᠂ ᠢᠯᠡᠭᠦᠬᠡᠨ ᠨᠢᠳᠦ᠎ᠪᠠᠨ ᠴᠠᠪᠴᠢᠨ ᠨᠢᠯᠪᠤᠰᠤ᠎ᠪᠠᠷ ᠨᠢᠳᠦ᠎ᠪᠠᠨ ᠭᠦᠢ᠍ᠴᠡᠳ ᠴᠢᠭᠢᠭᠯᠡᠭᠦᠯᠵᠦ ᠪᠣᠯᠤᠨ᠎ᠠ᠃ ᠬᠠᠯᠠᠭᠤᠨ ᠵᠢᠩ ᠲᠠᠯᠪᠢᠬᠤ ᠪᠣᠯ ᠨᠢᠳᠦ ᠬᠠᠭᠤᠷᠠᠢ᠌ᠳᠠᠵᠤ ᠴᠢᠯᠡᠬᠦ ᠵᠢ ᠨᠠᠮᠳᠠᠭᠤᠯᠬᠤ ᠪᠦᠲᠦᠮᠵᠢᠲᠡᠢ ᠠᠷᠭ᠎ᠠ ᠵᠢᠨ ᠨᠢᠭᠡ ᠪᠣᠯᠤᠨ᠎ᠠ᠃ ᠬᠡᠷᠪᠡ ᠨᠢᠳᠦ ᠬᠡᠲᠦᠷᠬᠡᠢ ᠬᠠᠭᠤᠷᠠᠢ᠌ᠳᠠᠪᠠᠯ᠂ ᠵᠣᠬᠢᠶᠠᠮᠠᠯ ᠨᠢᠯᠪᠤᠰᠤ᠎ᠪᠠᠷ ᠡᠪᠡᠳᠴᠢᠨ᠎ᠤ ᠢᠯᠡᠷᠡᠯ᠎ᠢ ᠨᠠᠮᠬᠠᠷᠠᠭᠤᠯᠵᠤ ᠪᠣᠯᠳᠠᠭ᠃ ᠴᠢᠬᠤᠯᠠᠲᠠᠢ ᠦᠶ᠎ᠡ᠎ᠳᠤ ᠵᠢᠩᠬᠢᠨᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠣᠴᠢᠵᠤ ᠨᠢᠳᠦᠨ ᠬᠠᠷᠠᠭ᠋ᠠᠨ᠎ᠤ ᠴᠢᠳᠠᠮᠵᠢᠳᠤ ᠵᠠᠳᠠᠯᠤᠯᠲᠠ ᠬᠢᠯᠭᠡᠨ᠂ ᠰᠢᠯᠲᠠᠭ᠋ᠠᠨ᠎ᠢ ᠪᠠᠶ᠋ᠢᠴᠠᠭ᠋ᠠᠨ ᠲᠣᠳᠣᠯᠠᠵᠤ᠂ ᠡᠪᠡᠳᠴᠢᠨ᠎ᠳᠤ ᠵᠶ᠋ᠡᠨ ᠲᠠᠭ᠋ᠠᠷᠠᠭᠤᠯᠤᠨ ᠡᠮᠨᠡᠨ᠎ᠡ᠃ ᠰᠠᠢ᠌ᠨ ᠵᠠᠰᠠᠭᠰᠠᠨ ᠦᠭᠡᠢ ᠭᠡᠷᠡᠯ᠎ᠤᠨ ᠨᠤᠭᠤᠷᠠᠯᠲᠠ ᠲᠡᠭᠰᠢ ᠪᠤᠰᠤ᠎ᠠᠴᠠ ᠰᠢᠯᠲᠠᠭ᠋ᠠᠯᠠᠵᠤ ᠬᠠᠷᠠᠭ᠎ᠠ ᠠᠮᠠᠷᠬᠠᠨ ᠴᠢᠯᠡᠳᠡᠭ᠂ ᠵᠢᠩᠬᠢᠨᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠬᠠᠷᠠᠭ᠎ᠠ᠂ ᠭᠡᠷᠡᠯ᠎ᠤᠨ ᠨᠤᠭᠤᠷᠠᠯᠲᠠ ᠵᠢ ᠪᠠᠢ᠌ᠴᠠᠭ᠋ᠠᠯᠭ᠋ᠠᠬᠤ ᠵᠢᠨ ᠬᠠᠮᠲᠤ ᠭᠡᠷᠡᠯ᠎ᠤᠨ ᠨᠤᠭᠤᠷᠠᠯᠲᠠ ᠲᠡᠭᠰᠢ ᠪᠣᠰᠤ ᠵᠢ ᠵᠠᠰᠠᠭᠤᠯᠤᠨ᠎ᠠ᠃
16. ᠨᠢᠳᠦ ᠬᠠᠮᠠᠭ᠋ᠠᠯᠠᠬᠤ ᠲᠠᠮᠢᠷ᠎ᠨᠢ ᠣᠶ᠋ᠢᠷ᠎ᠠ ᠬᠠᠷᠠᠭ᠎ᠠ ᠵᠢ ᠰᠡᠷᠭᠡᠢ᠌ᠯᠡᠨ ᠡᠵᠡᠮᠳᠡᠬᠦ᠎ᠳᠤ ᠶᠠᠮᠠᠷ ᠦᠢ᠍ᠯᠡᠳᠦᠯ᠎ᠲᠠᠢ ᠪᠤᠢ?
ᠬᠠᠷᠢᠭᠤᠯᠲᠠ᠄ ᠤᠯᠠᠮᠵᠢᠯᠠᠯᠲᠤ ᠪᠡᠯᠴᠢᠷ᠎ᠤᠨ ᠨᠢᠳᠦ ᠬᠠᠮᠠᠭ᠋ᠠᠯᠠᠬᠤ ᠲᠠᠮᠢᠷ ᠪᠣᠯ ᠬᠢᠲᠠᠳ ᠡᠮ ᠡᠮᠨᠡᠯᠭᠡ ᠵᠢᠨ ᠢᠯᠢᠵᠦ ᠪᠠᠷᠢᠬᠤ᠂ ᠪᠠᠯᠴᠢᠷᠳᠠᠬᠤ ᠵᠢ ᠦᠨᠳᠦᠰᠦᠯᠡᠨ᠂ ᠪᠡᠶ᠎ᠡ ᠵᠢᠨ ᠲᠠᠮᠢᠷ ᠪᠠ ᠡᠮᠴᠢᠯᠡᠭᠡ ᠵᠢ ᠤᠶᠠᠯᠳᠤᠭᠤᠯᠵᠤ ᠪᠣᠢ ᠪᠣᠯᠤᠭᠰᠠᠨ ᠨᠢᠭᠡ ᠵᠦᠢ᠍ᠯ᠎ᠤᠨ ᠢᠯᠢᠬᠦ ᠵᠠᠰᠠᠯᠭ᠎ᠠ ᠪᠣᠯᠤᠨ᠎ᠠ᠃ ᠨᠢᠳᠦᠨ᠎ᠤ ᠬᠡᠰᠡᠭ᠎ᠤᠨ ᠪᠠᠯᠴᠢᠷ ᠪᠣᠯᠤᠨ ᠠᠷᠠᠰᠤᠨ᠎ᠤ ᠪᠤᠯᠴᠢᠩ᠎ᠢ ᠢᠯᠢᠬᠦ᠎ᠪᠠᠷ ᠳᠠᠮᠵᠢᠭᠤᠯᠤᠨ ᠮᠡᠳᠡᠷᠡᠯ᠎ᠳᠤ ᠰᠡᠳᠡᠯᠲᠡ ᠥᠭᠴᠦ᠂ ᠨᠢᠳᠦᠨ᠎ᠤ ᠬᠡᠰᠡᠭ᠎ᠤᠨ ᠴᠢᠰᠤᠨ᠎ᠤ ᠡᠷᠭᠢᠯᠲᠡ ᠵᠢ ᠠᠬᠢᠭᠤᠯᠤᠨ᠂ ᠨᠢᠳᠦᠨ ᠪᠤᠯᠴᠢᠩ᠎ᠢ ᠰᠤᠯᠠᠷᠠᠭᠤᠯᠵᠤ᠂ ᠨᠢᠳᠦᠨ᠎ᠤ ᠴᠢᠯᠡᠭᠡ ᠵᠢ ᠨᠠᠮᠳᠠᠭᠤᠯᠤᠨ᠎ᠠ᠃ ᠨᠢᠳᠦ ᠬᠠᠮᠠᠭ᠋ᠠᠯᠠᠬᠤ ᠲᠠᠮᠢᠷ ᠬᠢᠬᠦ ᠦᠶ᠎ᠡ᠎ᠳᠤ᠂ ᠭᠠᠷ ᠵᠶ᠋ᠠᠨ ᠤᠭᠢᠶᠠᠬᠤ ᠵᠢ ᠠᠩᠬᠠᠷᠴᠤ᠂ ᠪᠡᠯᠴᠢᠷᠢ ᠰᠠᠶ᠋ᠢᠨ ᠣᠯᠵᠤ᠂ ᠳᠤᠰᠤᠴᠠ ᠵᠢ ᠪᠠᠲᠤᠯᠠᠪᠠᠯ᠂ ᠴᠢᠨᠡᠷᠡᠵᠦ ᠱᠠᠷᠬᠢᠷᠠᠨ ᠳᠤᠰᠠ ᠪᠣᠯᠳᠠᠭ᠃ ᠡᠮᠴᠢᠯᠡᠭᠡᠨ᠎ᠤ ᠰᠣᠳᠤᠯᠭ᠋ᠠᠨ᠎ᠠᠴᠠ ᠦᠵᠡᠪᠡᠯ᠂ ᠨᠢᠳᠦ ᠬᠠᠮᠠᠭ᠋ᠠᠯᠠᠬᠤ ᠲᠠᠮᠢᠷ ᠬᠢᠬᠦ ᠦᠭᠡᠢ᠎ᠲᠠᠢ ᠬᠠᠷᠢᠴᠠᠭᠤᠯᠪᠠᠯ᠂ ᠨᠢᠳᠦ ᠬᠠᠮᠠᠭ᠋ᠠᠯᠠᠬᠤ ᠲᠠᠮᠢᠷ ᠬᠢᠬᠦ᠎ᠨᠢ ᠬᠠᠷᠠᠭ᠎ᠠ ᠴᠢᠯᠡᠬᠦ ᠢᠯᠡᠷᠡᠯ᠎ᠢ ᠵᠠᠰᠠᠨ ᠰᠠᠶ᠋ᠢᠵᠢᠷᠠᠭᠤᠯᠵᠤ᠂ ᠣᠶ᠋ᠢᠷ᠎ᠠ ᠬᠠᠷᠠᠭ᠋ᠠᠨ᠎ᠤ ᠡᠭᠦᠰᠦᠯ ᠬᠥᠭᠵᠢᠯ᠎ᠢ ᠤᠳᠠᠭ᠋ᠠᠰᠢᠷᠠᠭᠤᠯᠳᠠᠭ᠃ ᠪᠢᠳᠡ ᠥᠷᠭᠡᠨ ᠣᠯᠠᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ ᠡᠪᠦᠯ᠎ᠤᠨ ᠠᠮᠠᠷᠠᠯᠲᠠ᠎ᠳᠤ ᠡᠳᠦᠷ ᠪᠦᠷᠢ ᠵᠢᠨ ᠦᠳᠡ ᠵᠢᠨ ᠬᠣᠶ᠋ᠢᠨ᠎ᠠ ᠲᠤᠰ ᠪᠦᠷᠢ ᠨᠢᠭᠡ ᠤᠳᠠᠭ᠎ᠠ ᠨᠢᠳᠦ ᠬᠠᠮᠠᠭ᠋ᠠᠯᠠᠬᠤ ᠲᠠᠮᠢᠷ ᠬᠢᠬᠦ ᠵᠢ ᠰᠠᠨᠠᠭᠤᠯᠤᠶ᠎ᠠ᠃
