ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠬᠦᠰᠡᠯ ᠲᠡᠮᠡᠦᠯᠦᠯ》 ᠭᠡᠬᠦ ᠳᠠᠭᠤᠤ ᠬᠠᠩᠭᠢᠨᠠᠨᠠᠮ
ᠨᠡᠶ᠋ᠢᠲᠡᠯᠡᠭᠰᠡᠨ ᠴᠠᠭ᠄ 2021-07-13


      ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
      ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
     —  《ᠬᠦᠰᠡᠯ   ᠲᠡᠮᠡᠦᠯᠦᠯ》


      ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ


      ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠠᠩᠬᠠᠳᠠᠭᠴᠢ ᠪᠦᠯᠦᠭ᠎ᠤᠨ ᠪᠥᠬᠥ ᠤᠯᠤᠰ᠎ᠤᠨ ᠪᠣᠯᠪᠠᠰᠤᠨ ᠬᠣᠲᠠ ᠪᠤᠭᠤᠲᠤ᠎ᠳᠤ ᠪᠠᠶ᠋ᠢᠷᠢᠯᠠᠵᠤ᠂ 1956 ᠣᠨ᠎ᠳᠤ ᠪᠠᠢ᠌ᠭᠤᠯᠤᠭᠰᠠᠨ 65 ᠵᠢᠯ᠎ᠤᠨ ᠲᠡᠦᠬᠡ᠎ᠲᠠᠢ ᠠᠯᠪᠠᠨ᠎ᠠᠴᠠ ᠡᠷᠭᠢᠯᠡᠭᠰᠡᠨ ᠪᠦᠬᠦᠯᠢ ᠡᠳᠦᠷ᠎ᠤᠨ ᠳᠦᠷᠢᠮᠲᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠣᠷᠢ ᠵᠢᠨ ᠭᠠᠭᠴᠠ ᠬᠥᠩᠭᠡᠨ ᠠᠵᠤ ᠦᠢ᠍ᠯᠡᠳᠪᠦᠷᠢ ᠵᠢᠨ ᠲᠥᠷᠥᠯ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ᠎ᠠ᠃



      ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠵᠡᠯᠡᠵᠦ ᠪᠠᠢ᠌ᠭ᠎ᠠ ᠲᠠᠯᠠᠪᠠᠶ᠎ᠨᠢ 1000 ᠭᠠᠷᠤᠶ ᠮᠥ᠍ ᠪᠠᠶ᠋ᠢᠵᠤ᠂ ᠨᠠᠮ ᠵᠠᠰᠠᠭ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ 12᠂ ᠵᠢᠭ᠋ᠠᠨ ᠰᠤᠷᠭ᠋ᠠᠯᠲᠠ ᠵᠢᠨ ᠬᠠᠪᠰᠤᠷᠤᠮᠵᠢ ᠪᠠᠶ᠋ᠢᠭᠤᠯᠤᠮᠵᠢ 4᠂ ᠣᠯᠠᠨ ᠲᠦᠮᠡᠨ᠎ᠤ ᠪᠦᠯᠬᠦᠮ᠎ᠤᠨ ᠪᠠᠶ᠋ᠢᠭᠤᠯᠤᠮᠵᠢ 2᠂ ᠵᠢᠭ᠋ᠠᠨ ᠰᠤᠷᠭ᠋ᠠᠯᠲᠠ ᠵᠢᠨ ᠰᠠᠯᠪᠤᠷᠢ ᠬᠡᠯᠲᠡᠰ 15᠂ ᠲᠤᠰᠬᠠᠶ ᠮᠡᠷᠭᠡᠵᠢᠯ᠎ᠤᠨ ᠶᠡᠬᠡ ᠲᠥᠷᠥᠯ 15᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ 52 ᠪᠣᠢ᠃ ᠤᠯᠤᠰ᠎ᠤᠨ ᠭᠤᠤᠯᠯᠠᠬᠤ ᠲᠤᠰᠬᠠᠶ ᠮᠡᠷᠭᠡᠵᠢᠯ 3᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠋ᠠᠲᠠᠢ ᠪᠥᠲᠥᠭᠡᠨ ᠪᠠᠶ᠋ᠢᠭᠤᠯᠬᠤ ᠲᠤᠰᠬᠠᠶ ᠮᠡᠷᠭᠡᠵᠢᠯ 2᠂ ᠥᠪᠡᠷᠲᠡᠭᠡᠨ ᠵᠠᠰᠠᠬᠤ ᠣᠷᠣᠨ᠎ᠤ ᠨᠠᠷᠠᠲᠤ ᠲᠡᠮᠳᠡᠭᠲᠦ ᠵᠢᠨ ᠲᠤᠰᠬᠠᠶ ᠮᠡᠷᠭᠡᠵᠢᠯ 10 ᠵᠢ ᠪᠠᠶ᠋ᠢᠭᠤᠯᠵᠤ᠂ ᠵᠢᠭ᠋ᠠᠨ ᠰᠤᠷᠭ᠋ᠠᠯᠲᠠ ᠵᠢᠨ ᠬᠡᠮᠵᠢᠭᠦᠷᠯᠢᠭ ᠲᠥᠬᠥᠭᠡᠷᠦᠮᠵᠢ ᠵᠢᠨ ᠶᠡᠷᠦᠩᠬᠡᠶ ᠥᠷᠲᠡᠭ 1 ᠳ᠋ᠦᠩᠰᠢᠭᠤᠷ ᠲᠥᠭᠥᠷᠢᠭ᠎ᠢ ᠳᠠᠪᠠᠪᠠ᠃ ᠰᠤᠷᠭ᠋ᠠᠭᠤᠯᠢ᠎ᠨᠢ ᠤᠷᠢᠳ ᠬᠣᠵᠢᠳ ᠪᠦᠬᠦ ᠤᠯᠤᠰ᠎ᠤᠨ ᠰᠢᠨ᠎ᠡ ᠵᠢ ᠡᠭᠦᠳᠬᠦ ᠦᠢ᠍ᠯᠡᠰ ᠪᠤᠰᠬᠠᠬᠤ 50 ᠬᠦᠴᠦᠷᠬᠡᠭ ᠳᠡᠭᠡᠳᠦ ᠰᠤᠷᠭ᠋ᠠᠭᠤᠯᠢ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠳᠠᠭᠤᠷᠢᠶᠠᠯ ᠦᠵᠡᠭᠦᠯᠬᠦ ᠳᠡᠭᠡᠳᠦ ᠰᠤᠷᠭ᠋ᠠᠭᠤᠯᠢ᠂ ᠪᠥᠬᠥ ᠤᠯᠤᠰ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠳᠠᠭᠤᠷᠢᠶᠠᠯ ᠦᠵᠡᠭᠦᠯᠬᠦ ᠳᠡᠭᠡᠳᠦ ᠰᠤᠷᠭ᠋ᠠᠭᠤᠯᠢ᠂ ᠤᠯᠤᠰ᠎ᠤᠨ ᠲᠠᠰ᠎ᠤᠨ ᠣᠯᠠᠨ ᠵᠶ᠋ᠠᠷ ᠵᠶ᠋ᠠᠨ ᠡᠭᠦᠳᠬᠦ ᠣᠷᠣᠨ ᠵᠠᠶ᠂ ᠤᠯᠤᠰ᠎ᠤᠨ ᠠᠵᠢᠯ ᠮᠡᠷᠭᠡᠵᠢᠯ᠎ᠤᠨ ᠭᠤᠤᠯᠯᠠᠬᠤ ᠴᠢᠳᠠᠪᠤᠷᠢ ᠵᠢᠨ ᠳᠠᠭᠤᠷᠢᠶᠠᠯ ᠦᠵᠡᠭᠦᠯᠬᠦ ᠰᠤᠷᠭ᠋ᠠᠭᠤᠯᠢ᠂ ᠤᠯᠤᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠂ ᠤᠯᠤᠰ᠎ᠤᠨ ᠣᠲᠣ ᠦᠶ᠎ᠡ ᠵᠢᠨ ᠱᠠᠪᠢᠯᠠᠬᠤ ᠳᠦᠷᠢᠮᠲᠦ ᠲᠤᠷᠰᠢᠯᠲᠠ ᠵᠢᠨ ᠴᠡᠭ᠎ᠤᠨ ᠳᠡᠭᠡᠳᠦ ᠰᠤᠷᠭ᠋ᠠᠭᠤᠯᠢ᠂ ᠪᠥᠬᠥ ᠤᠯᠤᠰ᠎ᠤᠨ ᠡᠮᠡᠭᠲᠡᠶ᠋ᠢᠴᠦᠳ᠎ᠤᠨ ᠭᠠᠪᠢᠶ᠎ᠠ ᠪᠠᠶ᠋ᠢᠭᠤᠯᠤᠭᠰᠠᠨ ᠲᠡᠷᠢᠭᠦᠨ᠎ᠤ ᠬᠠᠮᠲᠤ᠂ ᠪᠦᠬᠦ ᠤᠯᠤᠰ᠎ᠤᠨ ᠪᠣᠯᠪᠠᠰᠤᠨ ᠰᠤᠷᠭ᠋ᠠᠭᠤᠯᠢ ᠵᠢᠨ ᠬᠦᠷᠢᠶ᠎ᠡ ᠵᠢ ᠪᠠᠢ᠌ᠭᠤᠯᠤᠭᠰᠠᠨ ᠲᠡᠷᠢᠭᠦᠨ᠎ᠤ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠦᠯᠦᠭ᠎ᠤᠨ ᠳᠠᠭᠤᠷᠢᠶᠠᠯ ᠦᠵᠡᠭᠦᠯᠬᠦ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠨ ᠰᠤᠷᠭ᠋ᠠᠭᠤᠯᠢ ᠵᠢᠨ ᠬᠦᠷᠢᠶ᠎ᠡ᠂ ᠥᠪᠡᠷᠲᠡᠭᠡᠨ ᠵᠠᠰᠠᠬᠤ ᠣᠷᠣᠨ᠎ᠤ 《ᠪᠥᠬᠦ ᠠᠵᠢᠯᠲᠠᠨ ᠬᠥᠮᠦᠨ᠎ᠢ ᠬᠥᠮᠥᠵᠢᠭᠦᠯᠬᠦ᠂ ᠪᠥᠬᠦ ᠲᠠᠯ᠎ᠠ᠎ᠪᠠᠷ ᠬᠥᠮᠦᠨ᠎ᠢ ᠬᠥᠮᠥᠵᠢᠭᠦᠯᠬᠦ᠂ ᠪᠥᠬᠦ ᠶᠠᠪᠤᠴᠠ᠎ᠳᠤ ᠬᠥᠮᠦᠨ᠎ᠢ ᠬᠥᠮᠦᠵᠢᠭᠦᠯᠬᠦ》 ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠳᠡᠭᠡᠳᠦ ᠰᠤᠷᠭ᠋ᠠᠭᠤᠯᠢ᠂ ᠰᠤᠷᠭ᠋ᠠᠭᠤᠯᠢ ᠵᠢᠨ ᠬᠦᠷᠢᠶ᠎ᠡ᠎ᠨᠢ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠴᠣᠷᠢ ᠵᠢᠨ ᠭᠠᠭᠴᠠ AAA ᠦᠵᠡᠮᠵᠢ ᠵᠢᠨ ᠣᠷᠣᠨ ᠪᠣᠯᠪᠠ᠃




      ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠣᠲᠣ 914 ᠪᠠᠭᠰᠢ᠎ᠲᠠᠢ᠂ 14111 ᠰᠣᠷᠣᠭᠴᠢ᠎ᠲᠠᠢ᠂ ᠲᠤᠰᠬᠠᠶ ᠪᠠᠭᠰᠢ 700 ᠰᠢᠬᠠᠮ᠂ ᠳᠡᠭᠡᠳᠦ ᠵᠡᠷᠭᠡ ᠵᠢᠨ ᠮᠡᠷᠭᠡᠵᠢᠯ᠎ᠤᠨ ᠴᠤᠯᠠᠲᠠᠢ ᠪᠠᠭᠰᠢ 230᠂ 《ᠬᠤᠤᠰ ᠬᠢᠷᠢ ᠬᠡᠮᠲᠦ》 ᠪᠠᠭᠰᠢ 370᠂ ᠳ᠋ᠣᠺᠲ᠋ᠣᠷᠠᠨᠲ᠎ᠤᠨ ᠰᠤᠷᠤᠯᠭ᠎ᠠ ᠵᠢᠨ ᠨᠠᠮᠲᠠᠷ᠎ᠲᠠᠢ ᠪᠠᠭᠰᠢ 300 ᠭᠠᠷᠤᠶ ᠪᠣᠶ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠰᠠᠭ᠎ᠤᠨ ᠣᠷᠳᠣᠨ᠎ᠤ ᠣᠨᠴᠠ ᠨᠡᠮᠡᠭᠦᠷᠢ ᠵᠢ ᠬᠦᠷᠲᠡᠭᠴᠢ ᠮᠡᠷᠭᠡᠵᠢᠯᠲᠡᠨ 1᠂ ᠤᠯᠤᠰ᠎ᠤᠨ ᠲᠠᠰ᠎ᠤᠨ ᠮᠡᠷᠭᠡᠵᠢᠯ ᠴᠢᠳᠠᠪᠤᠷᠢ ᠵᠢᠨ ᠶᠡᠬᠡ ᠪᠠᠭᠰᠢ 1᠂ ᠤᠯᠤᠰ᠎ᠤᠨ ᠬᠤᠸᠠᠩ ᠶᠠᠨ ᠫᠸᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠱᠠᠩᠨᠠᠯ ᠬᠦᠷᠲᠡᠭᠴᠢ 4᠂ ᠥᠪᠡᠷᠲᠡᠭᠡᠨ ᠵᠠᠰᠠᠬᠤ ᠣᠷᠣᠨ᠎ᠤ ᠵᠢᠭ᠋ᠠᠨ ᠰᠤᠷᠭ᠋ᠠᠯᠲᠠ ᠵᠢᠨ ᠨᠠᠷᠠᠲᠤ ᠪᠠᠭᠰᠢ 9᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠠᠪᠴᠠᠩ᠎ᠤᠨ ᠰᠢᠨ᠎ᠡ ᠰᠣᠳᠣᠨ 8᠂ ᠥᠪᠡᠷᠲᠡᠭᠡᠨ ᠵᠠᠰᠠᠬᠤ ᠣᠷᠣᠨ᠎ᠤ ᠵᠢᠭ᠋ᠠᠨ ᠰᠤᠷᠭ᠋ᠠᠯᠲᠠ ᠵᠢᠨ ᠪᠦᠯᠬᠦᠮ 11᠂ ᠥᠪᠡᠷᠲᠡᠭᠡᠨ ᠵᠠᠰᠠᠬᠤ ᠣᠷᠣᠨ᠎ᠤ 《ᠰᠢᠨ᠎ᠡ ᠡᠷᠢᠨ ᠵᠠᠭᠤᠨ᠎ᠤ 321 ᠴᠢᠳᠠᠪᠤᠷᠢᠲᠠᠨ᠎ᠤ ᠢᠨᠵᠧᠨᠧᠷᠢᠩ》᠎ᠤᠨ ᠬᠣᠶᠠᠳᠤᠭ᠋ᠠᠷ ᠳᠡᠰ᠎ᠤᠨ ᠴᠢᠳᠠᠪᠤᠷᠢᠲᠠᠨ 1᠂ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ᠎ᠤᠨ ᠴᠢᠳᠠᠪᠤᠷᠢᠲᠠᠨ》 ᠢᠨᠵᠧᠨᠧᠷᠢᠩ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠦᠯᠬᠦᠮ 1᠂ ᠥᠪᠡᠷᠲᠡᠭᠡᠨ ᠵᠠᠰᠠᠬᠤ ᠣᠷᠣᠨ᠎ᠤ 《5·1》᠎ᠤ ᠬᠥᠳᠡᠯᠮᠦᠷᠢ ᠵᠢᠨ ᠵᠢᠱ᠌ᠢᠶᠡᠴᠢ ᠵᠢᠨ ᠱᠠᠩᠨᠠᠯ ᠬᠦᠷᠲᠡᠭᠴᠢ 2 ᠪᠣᠶ; ᠪᠤᠭᠤᠲᠤ ᠬᠣᠲᠠ ᠵᠢᠨ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠲᠤᠰᠬᠠᠶ ᠮᠡᠷᠭᠡᠵᠢᠯ᠎ᠤᠨ ᠬᠦᠷᠢᠶᠡᠨ᠎ᠤ ᠲᠦᠷᠦᠭᠦᠦ ᠲᠤᠰᠬᠠᠶ ᠮᠡᠷᠭᠡᠵᠢᠯᠲᠡᠨ 1᠂ ᠪᠤᠭᠤᠲᠤ ᠬᠣᠲᠠ ᠵᠢᠨ 《5512 ᠳᠠᠭ᠋ᠠᠭᠤᠯᠤᠭᠴᠢ ᠴᠢᠳᠠᠪᠤᠷᠢᠲᠠᠨ》 1᠂ 《ᠪᠤᠭᠤᠲᠤ ᠬᠣᠲᠠ ᠵᠢᠨ ᠴᠢᠳᠠᠪᠤᠷᠢᠲᠠᠨ》᠎ᠤ ᠳᠡᠭᠡᠳᠦ ᠲᠠᠰ᠎ᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ 6᠂ ᠪᠤᠭᠤᠲᠤ ᠬᠣᠲᠠ ᠵᠢᠨ ᠰᠤᠷᠭ᠋ᠠᠨ ᠬᠥᠮᠦᠵᠢᠯ᠎ᠤᠨ ᠲᠠᠪᠴᠠᠩ᠎ᠤᠨ ᠰᠢᠨ᠎ᠡ ᠰᠣᠳᠣᠨ 1᠂ ᠪᠤᠭᠤᠲᠤ ᠬᠣᠲᠠ ᠵᠢᠨ 《5512 ᠰᠢᠨ᠎ᠡ ᠵᠢ ᠡᠭᠦᠳᠬᠦ ᠪᠦᠯᠬᠦᠮ ᠨᠡᠶ᠋ᠢᠲᠡ》 1 ᠪᠣᠶ᠃ ᠤᠯᠤᠰ᠎ᠤᠨ ᠳᠡᠭᠡᠳᠦ ᠳᠡᠰ᠎ᠤᠨ ᠦᠢ᠍ᠯᠡᠰ ᠪᠣᠰᠬᠠᠬᠤ ᠵᠥᠪᠯᠡᠯᠭᠡ ᠥᠭᠭᠦᠭᠴᠢ 4᠂ ᠤᠯᠤᠰ᠎ᠤᠨ ᠰᠢᠨ᠎ᠡ ᠵᠢ ᠡᠭᠦᠳᠬᠦ ᠢᠨᠵᠧᠨᠧᠷ 56᠂ SYB᠎ᠤᠨ ᠪᠣᠯᠪᠠᠰᠤᠷᠠᠭᠤᠯᠤᠭᠴᠢ 59 ᠪᠠᠶ᠋ᠢᠵᠤ᠂ ᠤᠷᠢᠳ ᠬᠣᠵᠢᠳ ᠪᠥᠬᠥ ᠤᠯᠤᠰ᠎ᠤᠨ ᠲᠠᠪᠤᠳᠤᠭ᠋ᠠᠷ ᠬᠤᠭᠤᠴᠠᠭ᠋ᠠᠨ᠎ᠤ 《ᠢᠨᠲ᠋ᠧᠷ ᠰᠦᠯᠵᠢᠶ᠎ᠡ +》 ᠤᠶᠤᠲᠠᠳ᠎ᠤᠨ ᠰᠢᠨ᠎ᠡ ᠵᠢ ᠡᠭᠦᠳᠬᠦ ᠪᠠ ᠦᠢ᠍ᠯᠡᠰ ᠪᠣᠰᠬᠠᠬᠤ ᠤᠷᠤᠯᠳᠤᠭ᠋ᠠᠨ᠎ᠤ ᠪᠥᠬᠥ ᠤᠯᠤᠰ᠎ᠤᠨ ᠮᠥᠩᠭᠥᠨ ᠮᠧᠳᠠᠯ᠂ ᠪᠥᠬᠥ ᠤᠯᠤᠰ᠎ᠤᠨ ᠳᠥᠷᠪᠡᠳᠦᠭᠡᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠦᠢ᠍ᠯᠡᠰ ᠪᠣᠰᠬᠠᠬᠤ ᠪᠠ ᠰᠢᠨ᠎ᠡ ᠵᠢ ᠡᠭᠦᠳᠬᠦ》 ᠤᠷᠤᠯᠳᠤᠭ᠋ᠠᠨ᠎ᠤ 《ᠦᠢ᠍ᠯᠡᠰ ᠪᠣᠰᠬᠠᠬᠤ ᠪᠠ ᠰᠢᠨ᠎ᠡ ᠵᠢ ᠡᠭᠦᠳᠬᠦ ᠣᠳᠣᠨ》 ᠱᠠᠩᠨᠠᠯ ᠵᠡᠷᠭᠡ ᠢᠷᠠᠭᠤ ᠠᠯᠳᠠᠷ᠎ᠢ ᠭᠥᠷᠳᠡᠪᠡ᠃



      ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠯᠪᠣᠭ᠎ᠠ ᠵᠢ ᠪᠠᠶ᠋ᠢᠭᠤᠯᠵᠤ᠂ ᠣᠷᠣᠨ᠎ᠤ ᠳᠣᠲᠣᠨ᠎ᠠ ᠭᠠᠳᠠᠨᠠᠬᠢ 400 ᠭᠠᠷᠤᠶ ᠠᠵᠤ ᠠᠬᠤᠶ᠋ᠢᠯᠠᠯ᠎ᠲᠠᠢ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠋ᠠᠨ᠎ᠤ   ᠬᠡᠯᠡᠯᠴᠡᠭᠡᠷ ᠲᠣᠭᠲᠠᠵᠤ᠂ ᠵᠢᠩ ᠳ᠋ᠦᠩ᠂ ᠶᠢᠦ ᠯᠢ ᠺᠠᠩ ᠳ᠋ᠠ᠂   ᠬᠤᠸᠠ ᠵᠦᠩ ᠳᠣᠭ᠎ᠠ ᠡᠵᠡᠮᠰᠢᠯ᠂ ᠯᠦ᠍ ᠢ ᠵᠢᠩ ᠫᠦ᠋᠂ ᠳ᠋ᠠᠨ᠎ᠨᠢ ᠶᠠ ᠵᠡᠷᠭᠡ᠎ᠲᠠᠢ ᠬᠠᠮᠲᠤᠷᠠᠯᠴᠠᠵᠤ᠂ ᠰᠤᠷᠭ᠋ᠠᠭᠤᠯᠢ ᠵᠢᠨ ᠦᠢ᠍ᠯᠡᠳᠪᠦᠷᠢ᠂   ᠦᠢ᠍ᠯᠡᠳᠪᠦᠷᠢ ᠵᠢᠨ ᠰᠤᠷᠭ᠋ᠠᠭᠤᠯᠢ 40 ᠭᠠᠷᠤᠶ ᠪᠠᠶ᠋ᠢᠵᠤ᠂ 《ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠲᠤᠷᠠᠯᠴᠠᠬᠤ᠂ ᠠᠵᠤ ᠦᠢ᠍ᠯᠡᠰ ᠪᠠ ᠰᠤᠷᠭ᠋ᠠᠨ ᠬᠥᠮᠦᠵᠢᠯ ᠠᠭᠤᠰᠤᠯᠴᠠᠬᠤ᠂ ᠬᠥᠮᠦᠵᠢᠭᠦᠯᠬᠦ ᠪᠠ ᠪᠣᠯᠪᠠᠰᠤᠷᠠᠭᠤᠯᠬᠤ ᠵᠢ ᠤᠶᠠᠯᠳᠤᠭᠤᠯᠬᠤ᠂ ᠬᠠᠮᠵᠢᠯᠴᠠᠨ ᠬᠥᠮᠦᠨ᠎ᠢ ᠬᠥᠮᠦᠵᠢᠭᠦᠯᠬᠦ》 ᠣᠯᠠᠨ ᠡᠰᠢᠲᠦ ᠬᠡᠪ ᠵᠠᠭᠪᠤᠷ᠎ᠢ ᠪᠦᠷᠢᠯᠳᠦᠭᠦᠯᠵᠦ᠂ ᠪᠥᠬᠥ ᠣᠷᠣᠨ᠎ᠤ 20 ᠭᠠᠷᠤᠶ ᠠᠵᠤ ᠠᠬᠤᠶ᠋ᠢᠯᠠᠯ᠎ᠳᠤ ᠬᠠᠨᠳᠤᠭᠤᠯᠤᠨ 《ᠠᠵᠤ ᠠᠬᠤᠶ᠋ᠢᠯᠠᠯ᠎ᠤᠨ ᠰᠢᠨ᠎ᠡ ᠬᠡᠯᠪᠡᠷᠢ ᠵᠢᠨ ᠱᠠᠪᠢᠯᠠᠬᠤ ᠲᠦᠷᠢᠮ》᠂ 《ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ》 ᠪᠣᠯᠪᠠᠰᠤᠷᠠᠭᠤᠯᠤᠯ᠎ᠢ ᠥᠷᠨᠢᠭᠦᠯᠵᠦ᠂ 3000 ᠰᠢᠬᠠᠮ ᠳᠡᠭᠡᠳᠦ ᠤᠷ᠎ᠠ ᠮᠡᠷᠭᠡᠰᠢᠯ᠎ᠤᠨ ᠴᠢᠳᠠᠪᠤᠷᠢᠲᠠᠨ᠎ᠢ ᠬᠥᠮᠥᠵᠢᠭᠦᠯᠵᠦ᠂ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢᠨ ᠳᠤᠰᠬᠠᠢ ᠮᠡᠷᠭᠡᠵᠢᠯ 6 ᠵᠢ ᠬᠣᠯᠪᠤᠭ᠋ᠠᠯᠠᠨ     ᠪᠠᠢ᠌ᠭᠤᠯᠪᠠ᠃




      ᠤᠭ ᠰᠠᠨᠠᠭ᠎ᠠ᠎ᠪᠠᠨ ᠪᠠᠲᠤ ᠰᠠᠬᠢᠵᠤ ᠰᠢᠨ᠎ᠡ ᠠᠶᠠᠨ ᠵᠶ᠋ᠠᠨ ᠡᠬᠢᠯᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠵᠦ ᠰᠢᠨ᠎ᠡ ᠬᠠᠭᠤᠳᠠᠰᠤ ᠵᠢ ᠪᠢᠴᠢᠭᠯᠡᠨ᠎ᠡ᠃ ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠭᠤᠷᠪᠠᠳᠤᠭ᠋ᠠᠷ ᠤᠳᠠᠭ᠋ᠠᠨ᠎ᠤ ᠨᠠᠮ᠎ᠤᠨ ᠲᠥᠯᠥᠭᠡᠯᠡᠭᠴᠢᠳ᠎ᠤᠨ ᠬᠤᠷᠠᠯ᠎ᠠᠴᠠ ᠨᠠᠭ᠋ᠠᠰᠢ 《ᠥᠪᠡᠷᠲᠡᠭᠡᠨ ᠵᠠᠰᠠᠬᠤ ᠣᠷᠣᠨ᠎ᠤ ᠬᠤᠤᠰ ᠥᠨᠳᠥᠷ ᠬᠢᠷᠢ ᠲᠦᠪᠰᠢᠨ ᠪᠥᠬᠥᠶ ᠳᠡᠭᠡᠳᠦ ᠰᠤᠷᠭ᠋ᠠᠭᠤᠯᠢ ᠵᠢ ᠪᠠᠶ᠋ᠢᠭᠤᠯᠬᠤ ᠪᠠ ᠠᠵᠢᠯ ᠮᠡᠷᠭᠡᠵᠢᠯ᠎ᠤᠨ ᠵᠢᠩᠬᠢᠨᠢ ᠠᠩᠭᠢᠲᠤ (ᠲᠤᠰᠬᠠᠶ ᠮᠡᠷᠭᠡᠵᠢᠯ) ᠳᠡᠭᠡᠳᠦ ᠰᠤᠷᠭ᠋ᠠᠭᠤᠯᠢ ᠵᠢ ᠡᠭᠦᠳᠦᠨ ᠪᠠᠶ᠋ᠢᠭᠤᠯᠬᠤ》 ᠶᠡᠷᠦᠩᠬᠡᠶ ᠬᠠᠷᠠᠯᠲᠠ ᠵᠢ ᠳᠤᠷᠠᠳᠴᠤ᠂ ᠥᠷᠢᠰᠦᠯᠳᠦᠬᠦ ᠬᠦᠴᠦᠨ ᠵᠶ᠋ᠠᠷ ᠴᠢᠩᠭ᠎ᠠ᠂ ᠨᠡᠶ᠋ᠢᠭᠡᠮ᠎ᠤᠨ ᠮᠡᠳᠡᠷᠡᠮᠵᠢ᠎ᠪᠠᠷ ᠥᠨᠳᠥᠷ᠂ ᠨᠡᠶ᠋ᠢᠭᠡᠮ᠎ᠳᠤ ᠦᠢ᠍ᠯᠡᠴᠢᠯᠡᠬᠦ ᠴᠢᠳᠠᠮᠵᠢ᠎ᠪᠠᠷ ᠴᠢᠩᠭ᠎ᠠ᠂ ᠢᠯᠡ ᠲᠣᠳᠣ ᠠᠵᠢᠯ ᠲᠥᠷᠥᠯ᠎ᠤᠨ ᠣᠨᠴᠠᠯᠢᠭ᠎ᠲᠠᠢ ᠪᠠ ᠣᠷᠣᠨ ᠪᠦᠰᠡ ᠵᠢᠨ ᠣᠨᠴᠠᠯᠢᠭ᠎ᠲᠠᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠪᠠᠶ᠋ᠢᠭᠤᠯᠬᠤ ᠬᠥᠭᠵᠢᠯᠲᠡ ᠵᠢᠨ ᠲᠥᠯᠥᠪᠯᠡᠭᠡ ᠵᠢ ᠵᠢᠷᠤᠭᠯᠠᠪᠠ᠃ ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠰᠢᠨ᠎ᠡ ᠴᠠᠭ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠶᠡᠬᠡ ᠲᠣᠭ᠎ᠢ ᠥᠨᠳᠥᠷ ᠡᠷᠭᠦᠵᠦ᠂ ᠰᠤᠷᠭ᠋ᠠᠭᠤᠯᠢ ᠵᠢᠨ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ   ᠰᠡᠳᠬᠢᠯᠭᠡ ᠵᠢ ᠬᠥᠭᠵᠢᠭᠡᠵᠦ᠂ ᠤᠷᠢᠳᠤᠬᠢ ᠵᠢ ᠵᠠᠯᠭ᠋ᠠᠮᠵᠢᠯᠠᠨ ᠬᠣᠶ᠋ᠢᠰᠢᠬᠢ᠎ᠳᠤ ᠵᠠᠮ ᠨᠡᠭᠡᠭᠡᠬᠦ ᠬᠦᠨᠳᠦ ᠡᠭᠦᠷᠭᠡ ᠵᠢ ᠡᠭᠦᠷᠭᠡᠯᠡᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ᠎ᠯᠦᠭᠡ ᠵᠡᠷᠭᠡ᠎ᠪᠠᠷ ᠤᠷᠤᠭᠰᠢᠯᠠᠵᠤ᠂ ᠡᠬᠡ ᠤᠯᠤᠰ᠎ᠤᠨ ᠬᠥᠭᠵᠢᠯ ᠴᠡᠴᠡᠭᠯᠡᠯ᠎ᠲᠠᠢ ᠵᠡᠷᠭᠡ᠎ᠪᠠᠷ ᠤᠷᠤᠭᠰᠢᠯᠠᠨ᠎ᠠ᠃





ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ᠎ᠬᠢᠨ 《ᠰᠢᠨ᠎ᠡ ᠶᠢᠷᠲᠢᠨᠴᠦ》 ᠭᠡᠬᠦ ᠳᠠᠭᠤᠤ ᠵᠢ ᠬᠠᠩᠭᠢᠨᠠᠭᠤᠯᠪᠠ
ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠳᠠᠬᠢᠨᠲᠠ ᠮᠣᠷᠳᠠᠨᠠᠮ》 ᠭᠡᠬᠦ ᠳᠠᠭᠤᠤ ᠬᠠᠩᠭᠢᠨᠠᠨᠠᠮ
ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠵᠠᠯᠠᠭᠤᠰ᠎ᠤᠨ ᠠᠭᠤᠯᠵᠠᠯᠲᠠ》 ᠭᠡᠬᠦ ᠳᠠᠭᠤᠤ ᠬᠠᠩᠭᠢᠨᠠᠨᠠᠮ
ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ᠎ᠠᠴᠠ 《ᠨᠤᠲᠤᠭ᠎ᠤᠨ ᠳᠠᠭᠤᠤ᠎ᠪᠠᠨ ᠨᠠᠮ᠎ᠳᠤ᠎ᠪᠠᠨ ᠡᠷᠭᠦᠶ᠎ᠡ》 ᠭᠡᠬᠦ ᠳᠠᠭᠤᠤ ᠬᠠᠩᠭᠢᠨᠠᠨᠠᠮ
ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠎ᠠᠴᠠ 《ᠮᠢᠨᠦ ᠳᠤᠮᠳᠠᠳᠤ ᠵᠢᠨ ᠰᠡᠳᠬᠢᠯ》 ᠭᠡᠬᠦ ᠳᠠᠭᠤᠤ ᠬᠠᠩᠭᠢᠨᠠᠨᠠᠮ
 
             蒙ICP备05000248号