ᠣᠶ᠋ᠢᠷ᠎ᠠ᠎ᠳᠤ᠂ ᠰᠤᠷᠭ᠋ᠠᠨ ᠬᠥᠮᠦᠵᠢᠯ᠎ᠤᠨ ᠶᠠᠮᠤᠨ 2023 ᠣᠨ᠎ᠤ ᠪᠦᠬᠦ ᠤᠯᠤᠰ᠎ᠤᠨ ᠰᠠᠭᠤᠷᠢ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠦᠢ᠍ᠯᠡᠳᠦᠯᠭᠡ ᠵᠢᠨ ᠰᠢᠨ᠎ᠡ ᠵᠢ ᠡᠭᠦᠳᠦᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠵᠦ᠂ ᠮᠠᠨ᠎ᠤ ᠣᠷᠣᠨ᠎ᠤ 2 ᠬᠡᠷᠡᠭ᠎ᠤᠨ ᠵᠢᠱ᠌ᠢᠶ᠎ᠡ ᠰᠣᠩᠭᠣᠭᠳᠠᠪᠠ᠃ ᠥᠪᠥᠷ ᠮᠣᠩᠭᠣᠯ᠎ᠤᠨ ᠰᠤᠷᠭ᠋ᠠᠨ ᠬᠥᠮᠦᠵᠢᠯ ᠨᠡᠢ᠌ᠲᠡᠯᠡᠯ ᠲᠤᠰᠬᠠᠢ ᠪᠤᠯᠤᠩ ᠭᠠᠷᠭ᠋ᠠᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠤᠬᠠᠭᠤᠯᠤᠨ ᠳᠡᠯᠭᠡᠷᠡᠭᠦᠯᠵᠦ᠂ ᠰᠠᠭᠤᠷᠢ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠤᠨ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠦᠨᠳᠦᠰᠦᠨ ᠴᠡᠭ᠎ᠤᠨ ᠦᠢ᠍ᠯᠡᠳᠦᠯ᠎ᠢ ᠪᠠᠲᠤᠳᠬᠠᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠠᠭᠤᠷᠢ ᠰᠤᠷᠭ᠋ᠠᠨ ᠬᠥᠮᠦᠵᠢᠯ᠎ᠢ ᠴᠢᠷᠮᠠᠶ᠋ᠢᠨ ᠰᠠᠶ᠋ᠢᠲᠤᠷ ᠡᠷᠬᠢᠯᠡᠪᠡ᠃
ᠪᠤᠭᠤᠲᠤ ᠬᠣᠲᠠ᠄ 《ᠲᠠᠪᠤᠨ ᠶᠡᠬᠡ ᠢᠨᠵᠧᠨᠧᠷᠢᠩ》 ᠬᠡᠦᠬᠡᠳ᠎ᠲᠤ
ᠡᠷᠬᠡ ᠲᠡᠭᠰᠢ ᠴᠢᠨᠠᠷᠯᠢᠭ ᠰᠤᠷᠭ᠋ᠠᠨ ᠬᠥᠮᠦᠵᠢᠯ᠎ᠢ ᠭᠦᠷᠲᠡᠭᠡᠪᠡ
ᠪᠤᠭᠤᠲᠤ ᠬᠣᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠣᠰᠣ ᠰᠤᠷᠲᠠᠬᠤᠨ᠎ᠢ ᠪᠣᠢ ᠪᠣᠯᠭ᠋ᠠᠨ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠤᠨ᠂ ᠰᠠᠭᠤᠷᠢ ᠰᠤᠷᠭ᠋ᠠᠨ ᠬᠥᠮᠦᠵᠢᠯ᠎ᠤᠨ ᠰᠠᠭᠤᠷᠢ ᠴᠡᠭ᠎ᠤᠨ ᠦᠢ᠍ᠯᠡᠳᠦᠯ᠎ᠢ ᠴᠢᠩᠭ᠋ᠠᠳᠬᠠᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠪᠠ ᠬᠣᠲᠠ ᠬᠥᠳᠡᠭᠡ ᠵᠢ ᠨᠢᠭᠡ ᠴᠣᠭᠴᠠᠵᠢᠭᠤᠯᠬᠤ ᠵᠢ ᠲᠦᠷᠭᠡᠳᠭᠡᠨ᠂ ᠬᠡᠦᠬᠡᠳ ᠨᠢᠭᠡ ᠪᠦᠷᠢ ᠳᠤ ᠴᠥᠮ ᠡᠷᠬᠡ ᠲᠡᠭᠰᠢ ᠪᠥᠭᠡᠳ ᠴᠢᠨᠠᠷᠯᠢᠭ ᠰᠤᠷᠭ᠋ᠠᠨ ᠬᠥᠮᠦᠵᠢᠯ᠎ᠢ ᠬᠦᠷᠲᠡᠭᠡᠬᠦ᠎ᠪᠠᠷ ᠴᠢᠷᠮᠠᠶ᠋ᠢᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠪᠦᠬᠦ ᠬᠦᠴᠦᠨ ᠵᠶ᠋ᠠᠷ ᠰᠠᠶ᠋ᠢᠲᠤᠷ ᠡᠷᠬᠢᠯᠡᠪᠡ᠃

《ᠪᠠᠭᠰᠢ ᠵᠢ ᠬᠦᠴᠦᠷᠬᠡᠭᠵᠢᠭᠦᠯᠵᠦ ᠰᠠᠭᠤᠷᠢ ᠵᠢ ᠪᠡᠬᠢᠵᠢᠭᠦᠯᠬᠦ》 ᠢᠨᠵᠧᠨᠧᠷᠢᠩ᠎ᠢ ᠬᠡᠷᠡᠭᠵᠢᠭᠦᠯᠵᠦ᠂ ᠥᠨᠳᠥᠷ ᠬᠡᠪ ᠪᠣᠯᠪᠠᠰᠤᠷᠠᠯ᠎ᠲᠠᠢ ᠪᠠᠭᠰᠢ ᠵᠢᠨ ᠡᠩᠨᠡᠭᠡ ᠵᠢ ᠪᠠᠶ᠋ᠢᠭᠤᠯᠬᠤ ᠵᠢ ᠴᠢᠨᠠᠷᠯᠢᠭ ᠲᠡᠩᠴᠡᠭᠦᠷᠢᠲᠡᠢ ᠪᠠᠢ᠌ᠬᠤ ᠰᠠᠭᠤᠷᠢ ᠴᠡᠭ ᠪᠣᠯᠭ᠋ᠠᠪᠠ᠃ ᠰᠤᠷᠭ᠋ᠠᠨ ᠬᠥᠮᠦᠵᠢᠯ᠎ᠢ ᠬᠦᠴᠦᠷᠬᠡᠭᠵᠢᠭᠦᠯᠬᠦ᠎ᠳᠤ ᠡᠷᠬᠡᠪᠰᠢ ᠤᠷᠢᠳ ᠵᠶ᠋ᠠᠷ ᠪᠠᠭᠰᠢ ᠵᠢ ᠬᠦᠴᠦᠷᠬᠡᠭᠵᠢᠭᠦᠯᠦᠨ᠎ᠡ᠂ ᠪᠤᠭᠤᠲᠤ ᠬᠣᠲᠠ ᠪᠠᠭᠰᠢ ᠵᠢᠨ ᠣᠷᠣᠨ ᠲᠣᠭ᠋ᠠᠨ᠎ᠤ ᠬᠠᠮᠢᠶᠠᠷᠤᠯᠲᠠ ᠵᠢ ᠲᠠᠰᠤᠷᠠᠯᠲᠠ ᠦᠭᠡᠢ ᠰᠢᠯᠢᠳᠡᠭᠵᠢᠭᠦᠯᠵᠦ᠂ 《ᠰᠤᠷᠭ᠋ᠠᠭᠤᠯᠢ ᠳᠠᠯᠳᠠ ᠬᠦᠴᠦᠨ᠎ᠢ ᠢᠯᠡᠷᠡᠭᠦᠯᠬᠦ᠂ ᠰᠢᠶᠠᠨ᠎ᠠᠴᠠ ᠲᠣᠬᠢᠷᠠᠭᠤᠯᠬᠤ᠂ ᠬᠣᠲᠠ᠎ᠠᠴᠠ ᠨᠢᠭᠡᠳᠦᠯᠲᠡᠢ ᠲᠥᠯᠥᠪᠯᠡᠬᠦ》 ᠵᠠᠷᠴᠢᠮ ᠶᠣᠰᠣᠭ᠋ᠠᠷ᠂ ᠰᠤᠷᠭ᠋ᠠᠨ ᠬᠥᠮᠦᠵᠢᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢᠭᠡᠳᠦᠯᠲᠡᠢ ᠲᠥᠯᠥᠪᠯᠡᠨ ᠬᠤᠪᠢᠶᠠᠷᠢᠯᠠᠵᠤ᠂ ᠳᠤᠰᠬᠠᠢ ᠪᠠᠭᠰᠢ ᠵᠢᠨ ᠲᠣᠭ᠎ᠠ ᠵᠢ ᠡᠮᠬᠢ ᠵᠢᠷᠤᠮ᠎ᠲᠠᠢ ᠨᠡᠮᠡᠭᠳᠡᠭᠦᠯᠪᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ 《ᠰᠢᠶᠠᠨ᠎ᠠᠴᠠ ᠬᠠᠮᠢᠶᠠᠷᠴᠤ ᠰᠤᠷᠭ᠋ᠠᠭᠤᠯᠢ᠎ᠠᠴᠠ ᠤᠷᠢᠬᠤ》 ᠬᠠᠮᠢᠶᠠᠷᠤᠯᠲᠠ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠮᠡᠷᠭᠡᠵᠢᠯ᠎ᠤᠨ ᠴᠣᠯᠠ ᠵᠢ ᠲᠣᠭᠲᠠᠭ᠋ᠠᠵᠤ ᠤᠷᠢᠬᠤ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ᠎ᠢ ᠰᠢᠯᠢᠳᠡᠭᠵᠢᠭᠦᠯᠵᠦ᠂ ᠳᠠᠭᠤᠷᠢᠶᠠᠯ ᠦᠵᠡᠭᠦᠯᠬᠦ ᠴᠢᠨᠠᠷᠲᠠᠢ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ ᠵᠢᠨ ᠡᠷᠭᠢᠯᠲᠡ ᠵᠢᠨ ᠴᠡᠭ᠎ᠢ ᠪᠠᠶ᠋ᠢᠭᠤᠯᠵᠤ᠂ 300 ᠠᠵᠢᠯ᠎ᠤᠨ ᠪᠠᠶ᠋ᠢᠷᠢ ᠨᠥᠭᠡᠴᠡᠯᠡᠪᠡ᠃ ᠵᠢᠭ᠋ᠠᠨ ᠰᠤᠷᠭ᠋ᠠᠯᠲᠠ᠂ ᠰᠣᠳᠤᠯᠭ᠋ᠠᠨ᠂ ᠰᠢᠯᠢᠳᠡᠭ᠎ᠢ ᠬᠥᠮᠥᠵᠢᠭᠦᠯᠬᠦ ᠠᠵᠢᠯ ᠬᠢᠵᠦ ᠪᠠᠶ᠋ᠢᠭ᠎ᠠ ᠤᠯᠤᠰ᠎ᠤᠨ ᠳᠣᠲᠣᠭ᠋ᠠᠳᠤ ᠵᠢᠨ ᠨᠡᠷᠡᠲᠦ ᠲᠤᠰᠬᠠᠢ ᠮᠡᠷᠭᠡᠵᠢᠯᠲᠡᠨ᠂ ᠨᠡᠷᠡᠲᠦ ᠰᠢᠯᠢᠳᠡᠭ 《ᠪᠤᠭᠤᠷᠤᠯ ᠪᠠᠭᠰᠢ》 ᠵᠡᠷᠭᠡ ᠲᠤᠰᠬᠠᠢ ᠮᠡᠷᠭᠡᠵᠢᠯᠲᠡᠨ᠎ᠤ ᠲᠥᠷᠦᠯ᠎ᠤᠨ ᠴᠢᠳᠠᠪᠤᠷᠢᠲᠠᠨ᠎ᠳᠤ ᠬᠡᠯᠡᠯᠴᠡᠭᠡᠷ᠎ᠲᠦ ᠴᠠᠯᠢᠩ᠎ᠤᠨ ᠲᠦᠷᠢᠮ ᠪᠤᠶᠤ ᠲᠥᠷᠥᠯ ᠵᠦᠢ᠍ᠯ᠎ᠤᠨ ᠴᠠᠯᠢᠩ᠎ᠤᠨ ᠳᠦᠷᠢᠮ᠎ᠢ ᠬᠡᠷᠡᠭᠵᠢᠭᠦᠯᠪᠡ᠃ ᠪᠠᠭᠰᠢ ᠵᠢᠨ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ᠎ᠤᠨ ᠰᠣᠷᠢᠯᠲᠠ ᠵᠢ ᠥᠷᠨᠢᠭᠦᠯᠵᠦ᠂ ᠰᠣᠷᠢᠯᠲᠠ ᠵᠢᠨ ᠦᠷ᠎ᠡ ᠳ᠋ᠦᠩ᠎ᠢ ᠮᠡᠷᠭᠡᠵᠢᠯ᠎ᠤᠨ ᠴᠣᠯᠠ ᠲᠣᠭᠲᠠᠭ᠋ᠠᠵᠤ ᠤᠷᠢᠬᠤ ᠨᠥᠬᠥᠴᠡᠯ᠎ᠤᠨ ᠨᠢᠭᠡ ᠪᠣᠯᠭ᠋ᠠᠪᠠ᠃ 《ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠪᠠᠭᠰᠢ - ᠭᠣᠣᠯᠯᠠᠭᠴᠢ ᠪᠠᠭᠰᠢ - ᠰᠢᠯᠭ᠋ᠠᠷᠠᠭᠰᠠᠨ ᠪᠠᠭᠰᠢ - ᠨᠡᠷᠡᠲᠦ ᠪᠠᠭᠰᠢ》 ᠵᠢ ᠬᠥᠮᠦᠵᠢᠭᠦᠯᠬᠦ ᠳᠣᠭᠲᠠᠯᠴᠠᠭ᠎ᠠ ᠵᠢ ᠪᠠᠶ᠋ᠢᠭᠤᠯᠵᠤ᠂ ᠪᠠᠭᠰᠢ ᠵᠢᠨ ᠮᠣᠷᠠᠯ ᠡᠷᠬᠢᠮ ᠳᠡᠭᠡᠳᠦ᠂ ᠲᠤᠬᠠᠶ᠋ᠢᠯᠠᠭᠰᠠᠨ ᠠᠵᠢᠯ᠎ᠳᠤ᠎ᠪᠠᠨ ᠴᠠᠭ᠋ᠠᠷᠠᠭᠰᠠᠨ᠂ ᠪᠦᠲᠦᠴᠡ ᠵᠣᠬᠢᠰᠲᠠᠢ᠂ ᠠᠮᠢᠵᠢᠷᠠᠯ᠎ᠤᠨ ᠬᠦᠴᠦᠨ ᠪᠢᠯᠬᠠᠮ᠎ᠠ ᠥᠨᠳᠥᠷ ᠬᠡᠪ ᠪᠣᠯᠪᠠᠰᠤᠷᠠᠯ᠎ᠲᠠᠢ ᠪᠠᠭᠰᠢ ᠵᠢᠨ ᠡᠩᠨᠡᠭᠡ ᠵᠢ ᠬᠥᠮᠥᠵᠢᠭᠦᠯᠪᠡ᠃
《ᠬᠢᠴᠢᠶᠡᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠢᠨᠵᠧᠨᠧᠷᠢᠩ᠎ᠢ ᠬᠡᠷᠡᠭᠵᠢᠭᠦᠯᠵᠦ᠂ ᠥᠨᠳᠥᠷ ᠪᠦᠲᠦᠮᠵᠢᠲᠡᠢ ᠬᠢᠴᠢᠶᠡᠯ᠎ᠢ ᠪᠠᠢ᠌ᠭᠤᠯᠬᠤ ᠵᠢ ᠴᠢᠨᠠᠷᠯᠢᠭ ᠲᠡᠩᠴᠡᠭᠦᠷᠢᠲᠡᠢ ᠪᠠᠢ᠌ᠬᠤ ᠦᠨᠳᠦᠰᠦ ᠪᠣᠯᠭ᠋ᠠᠪᠠ ᠃ ᠬᠢᠴᠢᠶᠡᠯ ᠪᠣᠯ ᠰᠤᠷᠭ᠋ᠠᠨ ᠬᠥᠮᠦᠵᠢᠯ᠎ᠤᠨ ᠭᠣᠣᠯᠳᠠᠯᠭ᠎ᠠ᠂ ᠰᠤᠷᠭ᠋ᠠᠭᠤᠯᠢ ᠵᠢᠨ ᠴᠢᠳᠠᠪᠤᠷᠢᠲᠠᠨ ᠬᠥᠮᠦᠵᠢᠭᠦᠯᠬᠦ ᠴᠢᠨᠠᠷ ᠴᠢᠨᠰᠠᠭ᠎ᠠ᠎ᠲᠠᠢ ᠰᠢᠭᠤᠳ ᠬᠣᠯᠪᠣᠭᠳᠠᠵᠤ ᠪᠠᠶ᠋ᠢᠳᠠᠭ᠃ ᠪᠤᠭᠤᠲᠤ ᠬᠣᠲᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠦᠷᠭᠦᠯᠵᠢᠯᠡᠨ ᠥᠷᠨᠢᠭᠦᠯᠵᠦ᠂ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠪᠠᠢ᠌ᠷᠢᠰᠢᠯᠠᠭᠤᠯᠤᠯᠲᠠ ᠵᠢ ᠪᠠᠶ᠋ᠢᠭᠤᠯᠪᠠ᠃ ᠬᠢᠴᠢᠶᠡᠯ᠎ᠤᠨ ᠪᠠᠷᠢᠮᠵᠢᠶ᠎ᠠ᠎ᠳᠤ ᠰᠠᠭᠤᠷᠢᠯᠠᠭᠰᠠᠨ ᠵᠢᠭ᠋ᠠᠨ ᠰᠤᠷᠭ᠋ᠠᠯᠲᠠ ᠵᠢᠨ ᠦᠵᠡᠯ ᠰᠠᠨᠠᠭ᠎ᠠ᠎ᠪᠠᠷ ᠵᠢᠯᠣᠭᠣᠳᠤᠭᠤᠯᠤᠨ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠪᠠ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠠᠵᠢᠯ᠎ᠤᠨ ᠵᠢᠷᠤᠮᠵᠢᠯ》᠎ᠢ ᠲᠣᠭᠲᠠᠭ᠋ᠠᠵᠤ᠂ ᠪᠦᠬᠦ ᠰᠤᠷᠤᠯᠭ᠎ᠠ ᠵᠢᠨ ᠱᠠᠲᠤᠨ᠎ᠳᠤ 《ᠵᠢᠭ᠋ᠠᠨ ᠰᠤᠷᠭ᠋ᠠᠯᠲᠠ ᠵᠢᠨ ᠦᠨᠡᠯᠡᠯᠲᠡ》 ᠵᠢᠨ ᠨᠢᠭᠡᠳᠦᠯᠲᠦ ᠴᠢᠨᠠᠷ᠂ ᠨᠢᠭᠡᠴᠢ ᠵᠢᠨ ᠪᠦᠬᠦᠯᠢ ᠴᠣᠭᠴᠠᠲᠤ ᠵᠢᠭ᠋ᠠᠨ ᠰᠤᠷᠭ᠋ᠠᠯᠲᠠ ᠵᠢᠨ ᠲᠥᠯᠥᠪᠯᠡᠭᠡ᠂ ᠰᠤᠷᠤᠯᠭ᠎ᠠ ᠵᠢᠨ ᠨᠠᠮᠲᠠᠷ᠎ᠤᠨ ᠲᠥᠰᠦᠯ᠎ᠤᠨ ᠲᠥᠯᠥᠪᠯᠡᠭᠡ ᠵᠡᠷᠭᠡ ᠵᠢᠭ᠋ᠠᠨ ᠰᠤᠷᠭ᠋ᠠᠯᠲᠠ ᠵᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠡᠯ᠎ᠡ ᠰᠤᠷᠭ᠋ᠠᠭᠤᠯᠢ ᠵᠢᠨ᠎ᠬᠢᠨ ᠰᠤᠷᠤᠯᠭ᠎ᠠ ᠵᠢᠨ ᠱᠠᠲᠤ ᠬᠤᠪᠢᠶᠠᠨ᠂ ᠬᠢᠴᠢᠶᠡᠯ ᠲᠥᠷᠥᠯ ᠬᠤᠪᠢᠶᠠᠨ ᠬᠢᠴᠢᠶᠡᠯ᠎ᠤᠨ ᠳᠣᠭᠲᠠᠯᠴᠠᠭ᠎ᠠ ᠵᠢ ᠶᠡᠷᠦᠩᠬᠡᠢ᠎ᠳᠤ᠎ᠨᠢ ᠪᠠᠶ᠋ᠢᠭᠤᠯᠤᠨ ᠪᠠᠶᠠᠯᠢᠭᠵᠢᠭᠤᠯᠵᠤ᠂ ᠬᠢᠴᠢᠶᠡᠯ ᠵᠢᠴᠢ ᠥᠪᠡᠷᠮᠢᠴᠡ ᠬᠢᠴᠢᠶᠡᠯ ᠰᠣᠩᠭᠣᠬᠤ ᠬᠡᠯᠪᠡᠷᠢ ᠵᠢᠨ ᠰᠢᠨ᠎ᠡ ᠵᠢ ᠡᠭᠦᠳᠦᠨ᠂ ᠤᠯᠤᠰ᠎ᠤᠨ ᠬᠢᠴᠢᠶᠡᠯ᠎ᠤᠨ ᠵᠥᠷᠢᠶᠡᠲᠦ ᠰᠤᠷᠤᠯᠴᠠᠯᠭ᠎ᠠ᠂ ᠬᠢᠴᠢᠶᠡᠯ ᠲᠥᠷᠥᠯ᠎ᠢ ᠥᠷᠭᠡᠳᠬᠡᠬᠦ ᠰᠣᠩᠭᠣᠯᠲᠠ ᠵᠢᠨ ᠴᠢᠨᠠᠷᠲᠠᠢ ᠰᠤᠷᠤᠯᠴᠠᠯᠭ᠎ᠠ ᠵᠢ ᠬᠡᠷᠡᠭᠵᠢᠭᠦᠯᠵᠦ᠂ ᠬᠢᠴᠢᠶᠡᠯ᠎ᠤᠨ ᠠᠮᠢ ᠠᠬᠤᠢ ᠵᠢ ᠬᠤᠪᠢᠷᠠᠭᠤᠯᠪᠠ᠃ 《ᠳᠠᠰᠬᠠᠯ᠎ᠤᠨ ᠬᠠᠮᠢᠶᠠᠷᠤᠯᠲᠠ ᠵᠢ ᠵᠢᠯᠣᠭᠣᠳᠬᠤ ᠰᠠᠨᠠᠯ》᠂ 《ᠰᠠᠭᠤᠷᠢ ᠴᠢᠨᠠᠷᠲᠠᠢ ᠳᠠᠰᠬᠠᠯ᠎ᠢ ᠲᠥᠯᠦᠪᠯᠡᠬᠦ ᠵᠦᠭᠯᠡᠭᠦᠷ》᠎ᠢ ᠲᠣᠭᠲᠠᠭ᠋ᠠᠵᠤ᠂ ᠠᠵᠢᠯ᠎ᠤᠨ ᠲᠥᠯᠥᠪᠯᠡᠭᠡ ᠵᠢᠨ ᠨᠠᠵᠠᠭ᠋ᠠᠢ ᠲᠠᠯ᠎ᠠ ᠵᠢᠨ ᠨᠠᠷᠢᠨ ᠬᠠᠭᠤᠳᠠᠰᠤ ᠪᠠ ᠠᠵᠢᠯ᠎ᠤᠨ ᠲᠥᠯᠥᠪᠯᠡᠭᠡ ᠵᠢ ᠬᠢᠨᠠᠨ ᠪᠠᠢ᠌ᠴᠠᠭ᠋ᠠᠵᠤ ᠢᠯᠡ ᠨᠡᠶ᠋ᠢᠲᠡᠯᠡᠬᠦ ᠳᠦᠷᠢᠮ᠎ᠢ ᠪᠠᠶ᠋ᠢᠭᠤᠯᠤᠨ᠂ ᠠᠵᠢᠯ᠎ᠤᠨ ᠵᠥᠪᠰᠢᠶᠡᠷᠡᠯ᠎ᠢ ᠥᠭᠡᠷᠡᠴᠢᠯᠡᠬᠦ ᠪᠠ ᠵᠢᠭ᠋ᠠᠨ ᠰᠤᠷᠭ᠋ᠠᠯᠲᠠ ᠵᠢ ᠣᠨᠣᠰᠢᠯᠠᠬᠤ ᠵᠢ ᠴᠢᠩᠭ᠋ᠠᠷᠠᠭᠤᠯᠪᠠ᠃ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠵᠢ ᠲᠡᠭᠦᠯᠳᠡᠷᠵᠢᠭᠦᠯᠵᠦ᠂ 《ᠳᠠᠰᠬᠠᠯ᠎ᠢ ᠬᠠᠪᠰᠤᠷᠤᠨ ᠵᠢᠯᠣᠭᠣᠳᠬᠤ ᠳᠤᠷ᠎ᠠ ᠰᠣᠨᠢᠷᠬᠠᠯ᠎ᠢ ᠬᠥᠮᠦᠵᠢᠭᠦᠯᠬᠦ ᠣᠨᠴᠠ ᠴᠢᠳᠠᠪᠤᠷᠢ ᠵᠢ ᠥᠷᠭᠡᠳᠬᠡᠬᠦ》᠎ᠪᠠᠷ ᠭᠣᠣᠯ ᠠᠭᠤᠯᠭ᠎ᠠ ᠪᠣᠯᠭ᠋ᠠᠭᠰᠠᠨ ᠳᠡᠰ ᠳᠠᠪᠬᠤᠷᠭ᠎ᠠ ᠬᠤᠪᠢᠶᠠᠭᠰᠠᠨ᠂ ᠰᠣᠩᠭᠣᠵᠤ ᠪᠣᠯᠬᠤᠢ᠌ᠴᠠ ᠬᠢᠴᠢᠶᠡᠯ᠎ᠤᠨ ᠳᠣᠭᠲᠠᠯᠴᠠᠭ᠎ᠠ ᠵᠢ ᠪᠠᠶ᠋ᠢᠭᠤᠯᠵᠤ᠂ ᠰᠤᠷᠤᠭᠴᠢᠳ᠎ᠤᠨ ᠥᠪᠡᠷᠮᠢᠴᠡ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠪᠠ᠃ ᠬᠥᠳᠡᠯᠮᠦᠷᠢ᠂ ᠰᠢᠨᠵᠢᠯᠡᠬᠦ ᠤᠬᠠᠭ᠋ᠠᠨ ᠵᠡᠷᠭᠡ ᠬᠢᠴᠢᠶᠡᠯ᠎ᠢ ᠰᠢᠯᠢᠳᠡᠭᠵᠢᠭᠦᠯᠬᠦ ᠪᠠᠶ᠋ᠢᠷᠢᠯᠠᠭᠤᠯᠤᠯᠲᠠ᠎ᠳᠤ ᠬᠠᠨᠳᠤᠭᠤᠯᠤᠨ᠂ ᠦᠢ᠍ᠯᠡᠳᠦᠯᠭᠡ ᠵᠢᠨ ᠲᠠᠯᠠᠪᠤᠷ᠎ᠢ ᠥᠷᠭᠡᠳᠬᠡᠵᠦ᠂ ᠦᠨᠡᠯᠡᠬᠦ ᠲᠣᠭᠲᠠᠴᠠ ᠵᠢ ᠪᠦᠷᠢᠨᠰᠢᠭᠦᠯᠦᠨ᠂ ᠲᠤᠰᠬᠠᠢ ᠮᠡᠷᠭᠡᠵᠢᠯ᠎ᠤᠨ ᠵᠢᠯᠣᠭᠣᠳᠣᠯᠭ᠎ᠠ ᠵᠢ ᠴᠢᠩᠭ᠋ᠠᠷᠠᠭᠤᠯᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠰᠣᠩᠭᠣᠵᠤ᠂ ᠡᠯᠪᠡᠭ ᠪᠠᠶᠠᠯᠢᠭ ᠪᠣᠳᠠᠲᠤ ᠬᠡᠷᠡᠭᠴᠡᠭᠡ᠎ᠲᠠᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠥᠮᠥᠷᠭᠡ ᠵᠢ ᠠᠯᠬᠤᠮ ᠠᠯᠬᠤᠮ ᠵᠶ᠋ᠠᠷ ᠪᠣᠢ ᠪᠣᠯᠭ᠋ᠠᠵᠤ᠂ ᠴᠢᠨᠠᠷᠯᠢᠭ ᠡᠬᠢ ᠪᠠᠶᠠᠯᠢᠭ᠎ᠢ ᠬᠠᠮᠲᠤ᠎ᠳᠤ᠎ᠪᠠᠨ ᠡᠳ᠋ᠯᠡᠬᠦ ᠪᠠ ᠬᠡᠷᠡᠭᠯᠡᠬᠦ ᠵᠢ ᠠᠬᠢᠭᠤᠯᠪᠠ᠃ ᠬᠡᠪ ᠴᠢᠨᠠᠷ᠎ᠤᠨ ᠬᠥᠮᠦᠵᠢᠯ᠎ᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠰᠤᠷᠤᠭᠴᠢᠳ᠎ᠢ ᠦᠨᠡᠯᠡᠬᠦ ᠳᠣᠭᠲᠠᠯᠴᠠᠭ᠎ᠠ᠂ ᠠᠵᠢᠯ᠎ᠤᠨ ᠪᠠᠶ᠋ᠢᠷᠢ ᠵᠢᠨ ᠣᠨᠴᠠᠯᠢᠭᠲᠤ ᠨᠡᠶ᠋ᠢᠴᠡᠭᠰᠡᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢ ᠰᠢᠯᠭ᠋ᠠᠨ ᠬᠢᠨᠠᠵᠤ ᠦᠨᠡᠯᠡᠬᠦ ᠳᠣᠭᠲᠠᠯᠴᠠᠭ᠎ᠠ ᠪᠠ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠬᠢᠨᠠᠨ ᠰᠢᠯᠭ᠋ᠠᠵᠤ ᠦᠨᠡᠯᠡᠨ ᠵᠢᠱ᠌ᠢᠬᠦ ᠳᠦᠷᠢᠮ᠎ᠢ ᠪᠠᠶ᠋ᠢᠭᠤᠯᠵᠤ᠂ ᠵᠥᠪ ᠲᠠᠯ᠎ᠠ᠎ᠠᠴᠠ ᠤᠷᠮᠠᠰᠢᠭᠤᠯᠬᠤ᠂ ᠦᠨᠡᠯᠡᠬᠦ᠎ᠪᠠᠷ ᠬᠥᠲᠥᠯᠥᠨ ᠳᠠᠭ᠋ᠠᠭᠤᠯᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠪᠡ᠃

《ᠰᠢᠶᠠᠨ᠎ᠤ ᠬᠡᠪᠴᠢᠶᠡᠨ᠎ᠤ ᠬᠣᠯᠪᠣᠭ᠎ᠠ》 ᠵᠢᠨ ᠢᠨᠵᠧᠨᠧᠷᠢᠩ᠎ᠢ ᠬᠡᠷᠡᠭᠵᠢᠭᠦᠯᠵᠦ᠂ ᠬᠣᠲᠠ ᠬᠥᠳᠡᠭᠡ ᠵᠢᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠴᠢᠨᠠᠷᠯᠢᠭ ᠲᠡᠩᠴᠡᠭᠦᠷᠢᠲᠡᠢ ᠪᠠᠢ᠌ᠬᠤ ᠲᠤᠯᠭ᠋ᠠᠭᠤᠷᠢᠯᠠᠯ ᠪᠣᠯᠭ᠋ᠠᠪᠠ᠃ ᠪᠤᠭᠤᠲᠤ ᠬᠣᠲᠠ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠥᠳᠡᠭᠡ ᠲᠣᠰᠬᠣᠨ᠎ᠤ ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠬᠣᠲᠠ ᠬᠥᠳᠡᠭᠡ ᠵᠢᠨ ᠰᠤᠷᠭ᠋ᠠᠭᠤᠯᠢ ᠵᠢᠨ ᠬᠣᠷᠰᠢᠶᠠᠯᠠᠨ ᠬᠠᠮᠲᠤ᠎ᠳᠤ᠎ᠪᠠᠨ ᠪᠠᠢ᠌ᠭᠤᠯᠬᠤ ᠵᠢ ᠠᠬᠢᠭᠤᠯᠬᠤ ᠪᠦᠬᠦ ᠬᠣᠲᠠ ᠵᠢᠨ ᠰᠤᠷᠭ᠋ᠠᠨ ᠬᠥᠮᠦᠵᠢᠯ᠎ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠵᠢᠨ ᠬᠡᠷᠡᠭᠵᠢᠭᠦᠯᠬᠦ ᠵᠢᠯᠣᠭᠣᠳᠬᠤ ᠰᠠᠨᠠᠯ》᠎ᠢ ᠨᠡᠶ᠋ᠢᠲᠡᠯᠡᠵᠦ᠂ ᠭᠣᠣᠯ ᠬᠣᠲᠠ ᠵᠢᠨ ᠲᠣᠭᠣᠷᠢᠭ ᠪᠠ ᠮᠠᠯᠵᠢᠬᠤ ᠲᠠᠷᠢᠶᠠᠯᠠᠬᠤ ᠬᠣᠰᠢᠭᠤ ᠰᠢᠶᠠᠨ ᠲᠣᠭᠣᠷᠢᠭ᠎ᠤᠨ ᠰᠤᠷᠭ᠋ᠠᠭᠤᠯᠢ ᠬᠣᠷᠰᠢᠶᠠᠯᠠᠨ ᠬᠠᠪᠰᠤᠷᠤᠨ ᠲᠡᠳᠬᠦᠬᠦ ᠲᠣᠭᠲᠠᠴᠠ ᠵᠢ ᠶᠡᠬᠡ᠎ᠪᠠᠷ ᠠᠬᠢᠭᠤᠯᠵᠤ᠂ ᠣᠷᠣᠨ ᠲᠣᠭ᠋ᠠᠨ᠎ᠤ ᠰᠠᠯᠠᠭ᠎ᠠ ᠮᠥᠴᠢᠷ᠎ᠠᠴᠠ ᠰᠤᠷᠭ᠋ᠠᠨ ᠬᠥᠮᠦᠵᠢᠯ ᠵᠶ᠋ᠠᠷ ᠳᠡᠮᠵᠢᠬᠦ ᠪᠠᠭᠰᠢ ᠵᠢ ᠲᠣᠮᠢᠯᠠᠨ ᠰᠤᠷᠭ᠋ᠠᠭᠤᠯᠢ᠎ᠳᠤ 200 ᠭᠠᠷᠤᠢ ᠲᠤᠰᠬᠠᠢ ᠣᠷᠣᠨ ᠲᠣᠭ᠎ᠠ ᠵᠢ ᠬᠢᠨᠠᠨ ᠳᠣᠭᠲᠠᠭ᠋ᠠᠵᠤ ᠨᠡᠮᠡᠨ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠢᠯ ᠪᠦᠷᠢ 450 ᠭᠠᠷᠤᠢ ᠲᠦᠮᠡᠨ ᠲᠥᠭᠥᠷᠢᠭ᠎ᠤᠨ ᠲᠤᠰᠬᠠᠢ ᠵᠣᠭᠣᠰ ᠰᠠᠯᠭ᠋ᠠᠨ ᠥᠭᠴᠦ᠂ ᠪᠠᠭᠰᠢ ᠵᠢᠨ ᠬᠠᠷᠠᠭ᠋ᠠᠯᠵᠠᠯ᠎ᠢ ᠪᠠᠲᠤᠯᠠᠬᠤ᠎ᠳᠤ ᠬᠡᠷᠡᠭᠯᠡᠪᠡ᠃ ᠪᠦᠬᠦ ᠬᠣᠲᠠ ᠵᠢᠨ ᠰᠢᠶᠠᠨ᠎ᠤ ᠬᠡᠪᠴᠢᠶᠡᠨ᠎ᠤ ᠬᠣᠯᠪᠣᠭ᠎ᠠ᠎ᠳᠠᠬᠢ ᠰᠢᠯᠢᠳᠡᠭ ᠳᠤᠮᠳᠠᠳᠤ ᠪᠠᠭ᠎ᠠ ᠰᠤᠷᠭ᠋ᠠᠭᠤᠯᠢ ᠪᠣᠯᠤᠨ ᠮᠠᠯᠵᠢᠬᠤ ᠲᠠᠷᠢᠶᠠᠯᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠬᠣᠷᠰᠢᠶᠠᠯᠠᠭᠰᠠᠨ ᠨᠣᠷᠮ᠎ᠠ 100%᠎ᠳᠤ ᠬᠦᠷᠴᠦ᠂ ᠵᠢᠭ᠋ᠠᠨ ᠰᠤᠷᠭ᠋ᠠᠯᠲᠠ ᠵᠢ ᠵᠡᠷᠭᠡ᠎ᠳᠤ᠎ᠨᠢ ᠶᠠᠪᠤᠭᠳᠠᠭᠤᠯᠬᠤ᠂ ᠬᠢᠴᠢᠶᠡᠯ᠎ᠢ ᠵᠡᠷᠭᠡ᠎ᠳᠤ᠎ᠨᠢ ᠶᠠᠪᠤᠭᠳᠠᠭᠤᠯᠬᠤ᠂ ᠠᠵᠢᠯᠯᠠᠭ᠎ᠠ ᠵᠢ ᠵᠡᠷᠭᠡ᠎ᠳᠤ᠎ᠨᠢ ᠶᠠᠪᠤᠭᠳᠠᠭᠤᠯᠬᠤ᠂ ᠡᠬᠢ ᠪᠠᠶᠠᠯᠢᠭ᠎ᠢ ᠬᠠᠮᠲᠤ᠎ᠳᠤ᠎ᠪᠠᠨ ᠡᠳ᠋ᠯᠡᠬᠦ ᠵᠢ ᠪᠡᠶᠡᠯᠡᠭᠦᠯᠵᠦ᠂ ᠬᠣᠲᠠ ᠬᠥᠳᠡᠭᠡ᠂ ᠣᠷᠣᠨ ᠪᠦᠰᠡ᠂ ᠰᠤᠷᠭ᠋ᠠᠭᠤᠯᠢ ᠵᠢᠨ ᠬᠣᠭᠣᠷᠣᠨᠳᠣᠬᠢ ᠠᠭᠤᠰᠤᠯᠴᠠᠵᠤ ᠬᠠᠮᠵᠢᠯᠴᠠᠨ ᠬᠥᠭᠵᠢᠬᠦ ᠪᠠᠶ᠋ᠢᠳᠠᠯ᠎ᠢ ᠦᠨᠳᠦᠰᠦᠨ᠎ᠳᠤ᠎ᠪᠠᠨ ᠪᠦᠷᠢᠯᠳᠦᠭᠦᠯᠪᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠤ 《ᠢᠯᠡ᠎ᠪᠠᠷ ᠰᠤᠷᠤᠭᠴᠢ ᠡᠯᠰᠡᠬᠦ》᠂ 《ᠢᠯᠡ᠎ᠪᠠᠷ ᠠᠩᠭᠢ ᠬᠤᠪᠢᠶᠠᠬᠤ》 ᠵᠢ ᠪᠦᠬᠦ ᠲᠠᠯ᠎ᠠ᠎ᠪᠠᠷ ᠬᠡᠷᠡᠭᠵᠢᠭᠦᠯᠦᠨ᠂ 《ᠰᠤᠷᠭ᠋ᠠᠭᠤᠯᠢ ᠰᠣᠩᠭᠣᠬᠤ ᠬᠠᠯᠠᠮᠰᠢᠯ》 《ᠠᠩᠭᠢ ᠰᠣᠩᠭᠣᠬᠤ ᠬᠠᠯᠠᠮᠰᠢᠯ》᠎ᠢ ᠪᠦᠲᠦᠮᠵᠢᠲᠡᠢ ᠬᠣᠷᠢᠭᠯᠠᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠤᠷᠤᠭᠴᠢ ᠵᠢᠨ ᠢᠷᠡᠯᠲᠡ ᠵᠢᠨ ᠲᠠᠷᠬᠠᠯᠲᠠ ᠡᠳᠦᠷ ᠢᠷᠡᠬᠦᠶ᠎ᠡ ᠲᠡᠩᠴᠡᠭᠦᠷᠢᠲᠡᠢ ᠪᠣᠯᠪᠠ᠃ ᠰᠠᠭᠤᠬᠤ ᠦᠨᠡᠮᠯᠡᠯ ᠵᠶ᠋ᠠᠷ ᠭᠣᠣᠯ ᠦᠨᠳᠦᠰᠦᠯᠡᠯ ᠪᠣᠯᠭ᠋ᠠᠭᠰᠠᠨ ᠬᠣᠲᠠ ᠣᠷᠣᠵᠤ ᠬᠦᠴᠦ ᠶᠠᠪᠤᠭᠰᠠᠳ ᠢ ᠳᠠᠭ᠋ᠠᠵᠤ ᠨᠡᠭᠦᠭᠰᠡᠨ ᠦᠷ᠎ᠡ ᠬᠡᠦᠬᠡᠳ᠎ᠢ ᠰᠤᠷᠭ᠋ᠠᠭᠤᠯᠢ᠎ᠳᠤ ᠣᠷᠣᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠵᠢᠯ ᠪᠦᠷᠢ 7 ᠲᠦᠮᠡ ᠣᠷᠴᠢᠮ᠎ᠤᠨ ᠳᠠᠭ᠋ᠠᠵᠤ ᠨᠡᠭᠦᠭᠰᠡᠨ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ ᠠᠰᠠᠭᠤᠳᠠᠯ᠎ᠢ ᠰᠢᠢ᠍ᠳᠪᠦᠷᠢᠯᠡᠪᠡ᠃ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠲᠠᠷᠢᠶᠠᠯᠠᠩ ᠮᠠᠯ ᠠᠵᠤ ᠠᠬᠤᠢ ᠵᠢᠴᠢ ᠬᠢᠯᠢ ᠬᠢᠵᠠᠭ᠋ᠠᠷ ᠬᠣᠰᠢᠭᠤ ᠰᠢᠶᠠᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠯᠤᠭ᠎ᠠ 《ᠲᠥᠷᠥᠯ ᠵᠦᠢ᠍ᠯ᠎ᠤᠨ ᠠᠩᠭᠢ》 ᠵᠢ ᠬᠠᠮᠲᠤ᠎ᠳᠤ᠎ᠪᠠᠨ ᠪᠠᠶ᠋ᠢᠭᠤᠯᠵᠤ᠂ ᠰᠢᠶᠠᠨ᠎ᠤ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠬᠥᠳᠡᠭᠡ ᠲᠣᠰᠬᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠯᠲᠡ ᠵᠢ ᠠᠬᠢᠭᠤᠯᠪᠠ᠃
《ᠰᠢᠯᠢᠳᠡᠭᠵᠢᠭᠦᠯᠬᠦ ᠨᠡᠪᠴᠢᠭᠦᠯᠬᠦ》 ᠢᠨᠵᠧᠨᠧᠷᠢᠩ᠎ᠢ ᠬᠡᠷᠡᠭᠵᠢᠭᠦᠯᠵᠦ᠂ ᠴᠢᠨᠠᠷᠯᠢᠭ ᠡᠬᠢ ᠪᠠᠶᠠᠯᠢᠭ᠎ᠤᠨ ᠬᠠᠮᠤᠷᠬᠤ ᠬᠡᠪᠴᠢᠶ᠎ᠡ ᠵᠢ ᠥᠷᠭᠡᠳᠬᠡᠬᠦ ᠵᠢ ᠴᠢᠨᠠᠷᠯᠢᠭ ᠲᠡᠩᠴᠡᠭᠦᠷᠢᠲᠡᠢ ᠪᠠᠢ᠌ᠬᠤ ᠠᠷᠭ᠎ᠠ ᠵᠠᠮ ᠪᠣᠯᠭ᠋ᠠᠪᠠ᠃ 《ᠪᠤᠭᠤᠲᠤ ᠬᠣᠲᠠ ᠵᠢᠨ ᠰᠤᠷᠭ᠋ᠠᠨ ᠬᠥᠮᠦᠵᠢᠯ᠎ᠤᠨ ᠪᠥᠯᠦᠭᠵᠢᠭᠦᠯᠦᠨ ᠰᠤᠷᠭ᠋ᠠᠭᠤᠯᠢ ᠡᠷᠬᠢᠯᠡᠬᠦ ᠥᠭᠡᠷᠡᠴᠢᠯᠡᠯᠲᠡ ᠬᠥᠭᠵᠢᠯᠲᠡ ᠵᠢ ᠠᠬᠢᠭᠤᠯᠬᠤ ᠲᠤᠬᠠᠢ ᠰᠠᠨᠠᠯ (2021 - 2025 ᠣᠨ)》᠎ᠢ ᠨᠡᠶ᠋ᠢᠲᠡᠯᠡᠵᠦ᠂ ᠠᠷᠠᠳ ᠣᠯᠠᠨ᠎ᠤ ᠭᠡᠷ᠎ᠤᠨ ᠣᠢ᠌ᠷᠠᠯᠴᠠᠭ᠎ᠠ ᠪᠠᠢ᠌ᠭᠤᠯᠤᠭᠰᠠᠨ ᠰᠤᠷᠭ᠋ᠠᠭᠤᠯᠢ ᠨᠢᠭᠡ ᠪᠦᠷᠢ ᠵᠢ ᠰᠠᠶ᠋ᠢᠲᠤᠷ ᠡᠷᠬᠢᠯᠡᠬᠦ᠎ᠪᠠᠷ ᠭᠣᠣᠯ ᠰᠢᠪᠲᠤᠯᠬᠤ ᠴᠢᠭᠯᠡᠯ ᠪᠣᠯᠭ᠋ᠠᠵᠤ᠂ ᠣᠯᠠᠨ ᠰᠤᠷᠭ᠋ᠠᠭᠤᠯᠢ ᠬᠠᠮᠵᠢᠯᠴᠠᠬᠤ᠂ ᠣᠷᠣᠨ ᠪᠦᠰᠡ ᠪᠦᠯᠬᠦᠮ ᠪᠠᠶ᠋ᠢᠭᠤᠯᠬᠤ᠂ ᠠᠳᠠᠯᠢ ᠰᠤᠷᠤᠯᠭ᠎ᠠ ᠵᠢᠨ ᠱᠠᠲᠤ ᠬᠣᠯᠪᠤᠭ᠋ᠠᠯᠠᠬᠤ᠂ ᠰᠤᠷᠤᠯᠭ᠎ᠠ ᠵᠢᠨ ᠱᠠᠲᠤ ᠠᠯᠤᠰᠯᠠᠨ ᠬᠣᠯᠪᠣᠭ᠋ᠠᠯᠠᠬᠤ᠂ ᠨᠠᠶ᠋ᠢᠳᠠᠨ ᠬᠠᠮᠢᠶᠠᠷᠤᠭᠤᠯᠬᠤ᠂ ᠣᠯᠠᠨ ᠬᠠᠤᠯᠢ ᠵᠢᠨ ᠡᠷᠬᠡᠲᠦ ᠬᠥᠮᠦᠨ ᠬᠠᠮᠲᠤᠷᠠᠬᠤ᠂ ᠭᠠᠭᠴᠠ ᠬᠠᠤᠯᠢ ᠵᠢᠨ ᠡᠷᠬᠡᠲᠦ ᠬᠥᠮᠦᠨ ᠣᠯᠠᠨ ᠰᠤᠷᠭ᠋ᠠᠭᠤᠯᠢ ᠵᠢᠨ ᠲᠣᠭᠣᠷᠢᠭ᠂ ᠶᠢᠰᠦᠨ ᠵᠢᠯ᠎ᠤᠨ ᠳᠦᠷᠢᠮᠲᠦ᠂ ᠠᠷᠪᠠᠨ ᠬᠣᠶᠠᠷ ᠵᠢᠯ᠎ᠢ ᠨᠢᠭᠡ ᠴᠣᠭᠴᠠᠵᠢᠭᠤᠯᠬᠤ ᠵᠡᠷᠭᠡ ᠣᠯᠠᠨ ᠵᠦᠢ᠍ᠯ᠎ᠤᠨ ᠪᠥᠯᠦᠭᠵᠢᠭᠦᠯᠦᠨ ᠰᠤᠷᠭ᠋ᠠᠭᠤᠯᠢ ᠡᠷᠬᠢᠯᠡᠬᠦ ᠵᠠᠭᠪᠤᠷ ᠵᠶ᠋ᠠᠷ ᠦᠨᠳᠦᠰᠦᠨ ᠠᠷᠭ᠎ᠠ ᠵᠠᠮ ᠪᠣᠯᠭ᠋ᠠᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠤᠨ ᠪᠥᠯᠦᠭᠵᠢᠭᠦᠯᠦᠭᠰᠡᠨ ᠬᠥᠭᠵᠢᠯᠲᠡ ᠵᠢ ᠠᠬᠢᠭᠤᠯᠵᠤ᠂ ᠪᠠᠭᠤᠷᠠᠢ ᠰᠤᠷᠭ᠋ᠠᠭᠤᠯᠢ ᠵᠢ ᠴᠢᠨᠠᠷᠯᠢᠭ ᠣᠨᠴᠠᠯᠢᠭᠲᠤ ᠰᠤᠷᠭ᠋ᠠᠭᠤᠯᠢ ᠲᠡᠢ᠌ᠰᠢ ᠬᠤᠪᠢᠷᠠᠭᠤᠯᠬᠤ ᠵᠢ ᠠᠬᠢᠭᠤᠯᠪᠠ᠃ ᠣᠳᠣ ᠨᠢᠭᠡᠨᠲᠡ 20 ᠰᠤᠷᠭ᠋ᠠᠨ ᠬᠥᠮᠦᠵᠢᠯ᠎ᠤᠨ ᠪᠦᠯᠦᠭᠯᠡᠯ᠎ᠢ ᠪᠣᠶ᠋ᠢᠵᠢᠭᠤᠯᠤᠨ ᠡᠭᠦᠳᠴᠦ᠂ 2025 ᠣᠨ ᠪᠣᠯᠬᠤ᠎ᠳᠤ ᠪᠦᠬᠦ ᠬᠣᠲᠠ᠎ᠳᠤ ᠬᠠᠮᠤᠭ᠎ᠤᠨ ᠪᠠᠭ᠎ᠠ᠎ᠳᠤ᠎ᠪᠠᠨ 30 ᠰᠤᠷᠭ᠋ᠠᠨ ᠬᠥᠮᠦᠵᠢᠯ ᠤᠨ ᠪᠦᠯᠦᠭᠯᠡᠯ᠎ᠢ ᠪᠣᠶ᠋ᠢᠵᠢᠭᠤᠯᠤᠨ ᠡᠭᠦᠳᠦᠨ ᠪᠠᠶ᠋ᠢᠭᠤᠯᠵᠤ᠂ ᠴᠢᠨᠠᠷᠯᠢᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠤᠨ ᠨᠥᠯᠥᠭᠡᠯᠡᠨ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠷᠣᠨ ᠪᠦᠰᠡ᠂ ᠬᠣᠲᠠ ᠬᠥᠳᠡᠭᠡ᠂ ᠰᠤᠷᠭ᠋ᠠᠭᠤᠯᠢ ᠵᠢᠨ ᠬᠣᠭᠣᠷᠣᠨᠳᠣᠬᠢ ᠵᠥᠷᠢᠶ᠎ᠡ ᠵᠢ ᠲᠠᠰᠤᠷᠠᠯᠲᠠ ᠥᠬᠡᠶ ᠪᠠᠭ᠋ᠠᠰᠬᠠᠪᠠ᠃

《ᠲᠣᠭ᠋ᠠᠨ᠎ᠤ ᠡᠨᠧᠷᠭᠢ ᠣᠯᠭᠣᠬᠤ》 ᠢᠨᠵᠧᠨᠧᠷᠢᠩ᠎ᠢ ᠬᠡᠷᠡᠭᠵᠢᠭᠦᠯᠵᠦ᠂ ᠰᠤᠷᠭ᠋ᠠᠨ ᠬᠥᠮᠦᠵᠢᠯ᠎ᠤᠨ ᠮᠡᠳᠡᠭᠡ ᠵᠠᠩᠭᠢᠴᠢᠯᠠᠯᠲᠠ ᠵᠢ ᠴᠢᠨᠠᠷᠯᠢᠭ ᠲᠡᠩᠴᠡᠭᠦᠷᠢᠲᠡᠢ ᠪᠠᠢ᠌ᠬᠤ ᠠᠴᠢᠶᠠᠯᠠᠪᠤᠷᠢ ᠪᠣᠯᠭ᠋ᠠᠪᠠ᠃ ᠪᠤᠭᠤᠲᠤ ᠵᠢᠨ ᠰᠤᠷᠭ᠋ᠠᠨ ᠬᠥᠮᠦᠵᠢᠯ᠎ᠤᠨ ᠡᠭᠦᠯᠡᠨ ᠲᠠᠪᠴᠠᠩ᠎ᠢ ᠪᠠᠶ᠋ᠢᠭᠤᠯᠵᠤ᠂ ᠪᠦᠬᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢ ᠬᠠᠮᠤᠷᠤᠭᠰᠠᠨ 《ᠢᠵᠢᠯ ᠳᠠᠪᠲᠠᠮᠵᠢ᠎ᠪᠠᠷ ᠦᠢ᠍ᠯᠡᠳᠦᠯᠴᠡᠬᠦ ᠬᠢᠴᠢᠶᠡᠯ》᠂ 《ᠨᠡᠷᠡᠲᠦ ᠪᠠᠭᠰᠢ ᠵᠢᠨ ᠬᠠᠷᠠᠭ᠋ᠠᠰᠤ》᠂ 《ᠨᠡᠷᠡᠲᠦ ᠰᠤᠷᠭ᠋ᠠᠭᠤᠯᠢ ᠵᠢᠨ ᠰᠦᠯᠵᠢᠶᠡᠨ᠎ᠤ ᠬᠢᠴᠢᠶᠡᠯ》 ᠵᠡᠷᠭᠡ ᠠᠯᠤᠰ ᠡᠵᠡᠮᠰᠢᠯᠲᠦ ᠰᠦᠯᠵᠢᠶᠡᠨ᠎ᠤ ᠬᠢᠴᠢᠶᠡᠯ ᠪᠠ 《ᠵᠠᠯᠠᠭᠤ ᠨᠠᠰᠤᠨ᠎ᠤ ᠵᠠᠮᠴᠢᠯᠠᠭᠴᠢ》 ᠭᠡᠬᠦ ᠰᠡᠳᠬᠢᠴᠡ ᠵᠢᠨ ᠡᠷᠡᠭᠦᠯ ᠮᠡᠨᠳᠦ ᠵᠢᠨ ᠨᠡᠶ᠋ᠢᠲᠡ ᠵᠢᠨ ᠠᠰᠠᠷᠠᠮᠵᠢ ᠵᠢᠨ ᠤᠲᠠᠰᠤ ᠵᠢ ᠨᠡᠭᠡᠭᠡᠪᠡ᠃ ᠲᠣᠭ᠋ᠠᠵᠢᠭᠤᠯᠤᠭᠰᠠᠨ ᠥᠭᠡᠷᠡᠴᠢᠯᠡᠯᠲᠡ᠎ᠪᠠᠷ ᠵᠢᠯᠣᠭᠣᠳᠤᠮᠵᠢ ᠪᠣᠯᠭ᠋ᠠᠵᠤ᠂ ᠲᠣᠭ᠋ᠠᠵᠢᠭᠰᠠᠨ ᠲᠤᠷᠰᠢᠯᠲᠠ ᠵᠢᠨ ᠲᠠᠰᠤᠭ᠂ ᠵᠢᠱ᠌ᠢᠮᠡᠭ ᠳᠠᠳᠤᠯᠭ᠎ᠠ ᠪᠣᠯᠪᠠᠰᠤᠷᠠᠯ᠎ᠤᠨ ᠣᠷᠴᠢᠨ᠂ ᠲᠣᠭ᠋ᠠᠵᠢᠭᠰᠠᠨ ᠲᠠᠯᠠᠪᠤᠷ ᠣᠷᠳᠣᠨ ᠪᠣᠯᠤᠨ ᠣᠶᠤᠨᠴᠢ ᠰᠤᠷᠤᠯᠴᠠᠯᠭ᠎ᠠ ᠵᠡᠷᠭᠡ ᠣᠶᠤᠨᠴᠢ ᠠᠬᠤᠢ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠪᠣᠳᠠᠰ᠎ᠤᠨ ᠬᠣᠯᠪᠤᠭ᠋ᠠᠨ᠎ᠤ ᠰᠦᠯᠵᠢᠶ᠎ᠡ᠎ᠳᠤ ᠰᠠᠭᠤᠷᠢᠯᠠᠭᠰᠠᠨ ᠣᠶᠤᠨᠴᠢ ᠰᠤᠷᠭ᠋ᠠᠭᠤᠯᠢ ᠵᠢᠨ ᠬᠦᠷᠢᠶ᠎ᠡ ᠵᠢ ᠪᠠᠢ᠌ᠭᠤᠯᠵᠤ᠂ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠣᠶᠤᠨᠴᠢ ᠰᠤᠷᠭ᠋ᠠᠭᠤᠯᠢ ᠵᠢᠨ ᠬᠦᠷᠢᠶᠡᠨ ᠤ ᠢᠷᠡᠭᠡᠳᠦᠢ ᠵᠢᠨ ᠬᠡᠪ ᠳᠠᠭᠤᠷᠢᠶᠠᠯ ᠰᠤᠷᠭ᠋ᠠᠭᠤᠯᠢ ᠵᠢ ᠡᠭᠦᠳᠦᠨ ᠪᠠᠢ᠌ᠭᠤᠯᠪᠠ᠃ ᠬᠥᠳᠡᠭᠡ ᠲᠣᠰᠬᠣᠨ᠎ᠤ ᠰᠤᠷᠭ᠋ᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠲᠣᠭ᠋ᠠᠵᠢᠭᠰᠠᠨ ᠰᠤᠷᠭ᠋ᠠᠭᠤᠯᠢ ᠵᠢᠨ ᠬᠦᠷᠢᠶᠡᠨ᠎ᠤ ᠳᠠᠭᠤᠷᠢᠶᠠᠯ ᠦᠵᠡᠭᠦᠯᠬᠦ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠠᠬᠢᠭᠤᠯᠵᠤ᠂ ᠪᠥᠬᠦ ᠰᠤᠷᠭ᠋ᠠᠭᠤᠯᠢ᠎ᠳᠤ ᠮᠡᠳᠡᠭᠡ ᠵᠠᠩᠭᠢᠴᠢᠯᠠᠯᠲᠠ ᠵᠢᠨ ᠬᠡᠷᠡᠭᠯᠡᠯᠲᠡ ᠵᠢ ᠪᠡᠶᠡᠯᠡᠭᠦᠯᠵᠦ᠂ ᠣᠨᠴᠠᠭ᠋ᠠᠢ᠌ᠯᠠᠨ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠤᠨ ᠬᠡᠷᠡᠭᠯᠡᠯᠲᠡ ᠵᠢ ᠠᠬᠢᠭᠤᠯᠵᠤ᠂ ᠲᠣᠭ᠋ᠠᠵᠢᠭᠰᠠᠨ ᠰᠤᠷᠭ᠋ᠠᠨ ᠬᠥᠮᠦᠵᠢᠯ᠎ᠢ ᠠᠬᠢᠭᠤᠯᠤᠨ᠂ ᠥᠪᠡᠷᠮᠢᠴᠡ ᠰᠤᠷᠤᠯᠴᠠᠬᠤ᠂ ᠨᠠᠰᠤᠨ ᠲᠤᠷᠰᠢᠳᠠ ᠰᠤᠷᠤᠯᠴᠠᠬᠤ᠂ ᠴᠢᠨᠠᠷᠯᠢᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠠᠮᠤᠷᠬᠤ ᠬᠡᠪᠴᠢᠶ᠎ᠡ ᠪᠠ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠥᠷᠭᠡᠳᠬᠡᠬᠦ᠎ᠳᠤ ᠪᠦᠲᠦᠮᠵᠢᠲᠡᠢ ᠠᠴᠢᠶᠠᠯᠠᠪᠤᠷᠢ ᠬᠠᠩᠭ᠋ᠠᠪᠠ᠃