ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠲᠡᠷᠢᠭᠦᠯᠡᠭᠴᠢ ᠬᠤᠨᠳᠠᠭ᠋ᠠᠲᠤ》 ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠤᠶᠤᠲᠠᠳ᠎ᠤᠨ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠶ᠋ᠢᠯᠠᠩ)᠎ᠢ ᠡᠷᠬᠢᠯᠡᠪᠡ
ᠨᠡᠶ᠋ᠢᠲᠡᠯᠡᠭᠰᠡᠨ ᠴᠠᠭ᠄ 2025-06-17

6 ᠰᠠᠷ᠎ᠠ ᠵᠢᠨ 13᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠠᠴᠠ ᠶᠠᠪᠤᠭᠳᠠᠭᠤᠯᠵᠤ᠂ ᠬᠥᠬᠡᠬᠣᠲᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ ᠳᠠᠭ᠋ᠠᠭ᠋ᠠᠴᠢᠯᠠᠨ ᠡᠷᠬᠢᠯᠡᠭᠰᠡᠨ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠲᠡᠷᠢᠭᠦᠯᠡᠭᠴᠢ ᠬᠤᠨᠳᠠᠭ᠋ᠠᠲᠤ》 ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠤᠶᠤᠲᠠᠳ᠎ᠤᠨ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠳᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠶ᠋ᠢᠯᠠᠩ) ᠥᠨᠳᠦᠷᠯᠡᠪᠡ᠃ ᠮᠠᠨ᠎ᠤ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠬᠠᠮᠤᠭ᠎ᠤᠨ ᠨᠥᠯᠥᠭᠡᠯᠡᠬᠦ ᠬᠦᠴᠦᠨ᠎ᠲᠠᠢ ᠰᠤᠷᠭ᠋ᠠᠭᠤᠯᠢ ᠵᠢᠨ ᠬᠦᠷᠢᠶᠡᠨ ᠎ᠤ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ ᠪᠣᠯᠤᠭᠰᠠᠨ᠎ᠤ ᠬᠤᠪᠢ᠎ᠳᠤ᠂ ᠲᠤᠰ ᠬᠤᠭᠤᠴᠠᠭ᠋ᠠᠨ᠎ᠤ ᠤᠷᠤᠯᠳᠤᠭ᠋ᠠᠨ᠎ᠳᠤ ᠪᠦᠬᠦ ᠣᠷᠣᠨ᠎ᠤ 20 ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ 667 ᠲᠠᠮᠢᠷᠴᠢᠨ ᠣᠷᠣᠯᠴᠠᠵᠤ᠂ ᠰᠤᠷᠭ᠋ᠠᠭᠤᠯᠢ ᠵᠢᠨ ᠬᠦᠷᠢᠶᠡᠨ᠎ᠤ ᠡᠷᠡᠭᠲᠡᠢ ᠵᠢᠨ ᠳᠤᠭᠤᠢ᠌ᠯᠠᠩ 15᠂ ᠰᠤᠷᠭ᠋ᠠᠭᠤᠯᠢ ᠵᠢᠨ ᠬᠦᠷᠢᠶᠡᠨ ᠡᠮᠡᠭᠲᠡᠢ ᠵᠢᠨ ᠳᠤᠭᠤᠶ᠋ᠢᠯᠠᠩ 7 ᠪᠠ ᠳᠡᠰ᠎ᠠᠴᠠ ᠳᠠᠪᠠᠭᠰᠠᠨ ᠡᠷᠡᠭᠲᠡᠢ ᠵᠢᠨ ᠳᠤᠭᠤᠢ᠌ᠯᠠᠩ 4 ᠵᠢ ᠪᠦᠷᠢᠯᠳᠦᠭᠦᠯᠵᠦ᠂ 7 ᠡᠳᠦᠷ᠎ᠤᠨ ᠤᠷᠤᠯᠳᠤᠭ᠋ᠠᠨ᠎ᠳᠤ ᠭᠣᠶ᠋ᠢᠳᠠ ᠰᠠᠶ᠋ᠢᠬᠠᠨ ᠮᠥᠷᠦᠢ᠌ᠴᠡᠯᠳᠦᠪᠡ᠃

   

1.jpg

2.jpg

3.jpg

4.jpg

 

66 ᠤᠷᠤᠯᠳᠤᠭ᠋ᠠᠨ᠎ᠤ ᠲᠠᠯᠠᠪᠤᠷ᠎ᠤᠨ ᠬᠤᠷᠴᠠ ᠰᠢᠷᠦᠭᠦᠨ ᠮᠥᠷᠦᠢ᠌ᠴᠡᠭᠡᠨ ᠵᠶ᠋ᠠᠷ ᠳᠠᠮᠵᠢᠨ᠂ ᠡᠴᠦᠰ᠎ᠲᠤ᠂ ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠰᠤᠷᠭ᠋ᠠᠭᠤᠯᠢ ᠵᠢᠨ ᠬᠦᠷᠢᠶᠡᠨ᠎ᠤ ᠡᠷᠡᠭᠲᠡᠢ ᠵᠢᠨ ᠳᠤᠭᠤᠶ᠋ᠢᠯᠠᠩ᠎ᠤᠨ ᠮᠠᠩᠯᠠᠢ᠎ᠳᠤ ᠲᠣᠳᠤᠷᠠᠵᠤ᠂ ᠬᠥᠬᠡᠬᠣᠲᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠰᠤᠷᠭ᠋ᠠᠭᠤᠯᠢ ᠵᠢᠨ ᠬᠦᠷᠢᠶᠡᠨ᠎ᠤ ᠡᠮᠡᠭᠲᠡᠢ ᠵᠢᠨ ᠳᠤᠭᠤᠶ᠋ᠢᠯᠠᠩ᠎ᠤᠨ ᠮᠠᠩᠯᠠᠢ᠎ᠳᠤ ᠲᠣᠳᠤᠷᠠᠨ᠂ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠳᠡᠰ᠎ᠠᠴᠠ ᠳᠠᠪᠠᠭᠰᠠᠨ ᠡᠷᠡᠭᠲᠡᠢ ᠵᠢᠨ ᠳᠤᠭᠤᠶ᠋ᠢᠯᠠᠩ᠎ᠤᠨ ᠮᠠᠩᠯᠠᠢ᠎ᠳᠤ ᠲᠣᠳᠤᠷᠠᠪᠠ᠃ ᠡᠯ᠎ᠡ ᠤᠷᠤᠯᠳᠤᠭ᠋ᠠᠨ᠎ᠳᠤ ᠣᠷᠣᠯᠴᠠᠭᠰᠠᠨ ᠳᠤᠭᠤᠢ᠌ᠯᠠᠩ ᠤᠷᠤᠯᠳᠤᠭ᠋ᠠᠨ᠎ᠤ ᠲᠠᠯᠠᠪᠠᠢ᠎ᠳᠤ ᠭᠠᠷᠮᠠᠭ᠋ᠠᠢ ᠪᠥᠮᠪᠥᠭᠡ ᠵᠢᠨ ᠮᠡᠷᠭᠡᠵᠢᠯ ᠪᠠ ᠰᠠᠶ᠋ᠢᠨ ᠰᠠᠶ᠋ᠢᠬᠠᠨ ᠪᠡᠶ᠎ᠡ ᠵᠢᠨ ᠲᠠᠮᠢᠷ᠎ᠤᠨ ᠶᠣᠰᠣ ᠮᠣᠷᠠᠯ ᠬᠡᠪ ᠰᠤᠷᠲᠠᠯ᠎ᠢ ᠬᠠᠷᠠᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠰᠣᠶᠣᠯ᠎ᠤᠨ ᠭᠦᠨ ᠵᠤᠵᠠᠭ᠋ᠠᠨ ᠠᠭᠤᠷ ᠠᠮᠢᠰᠬᠤᠯ᠎ᠢ ᠬᠠᠮᠲᠤ᠎ᠳᠤ᠎ᠪᠠᠨ ᠡᠭᠦᠳᠪᠡ᠃

 

5.jpg

 

ᠰᠤᠷᠭ᠋ᠠᠭᠤᠯᠢ ᠵᠢᠨ ᠬᠦᠷᠢᠶᠡᠨ᠎ᠤ ᠡᠷᠡᠭᠲᠡᠢ ᠵᠢᠨ ᠳᠤᠭᠤᠶ᠋ᠢᠯᠠᠩ᠎ᠤᠨ ᠮᠠᠩᠯᠠᠢ᠄ ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ

 

6.jpg

 

ᠰᠤᠷᠭ᠋ᠠᠭᠤᠯᠢ ᠵᠢᠨ ᠬᠦᠷᠢᠶᠡᠨ᠎ᠤ ᠡᠮᠡᠭᠲᠡᠢ ᠵᠢᠨ ᠳᠤᠭᠤᠶ᠋ᠢᠯᠠᠩ᠎ᠤᠨ ᠮᠠᠩᠯᠠᠢ᠄ ᠬᠥᠬᠡᠬᠣᠲᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ

 

7.jpg

 

ᠳᠡᠰ᠎ᠠᠴᠠ ᠳᠠᠪᠠᠭᠰᠠᠨ ᠡᠷᠡᠭᠲᠡᠢ ᠵᠢᠨ ᠳᠤᠭᠤᠶ᠋ᠢᠯᠠᠩ᠎ᠤᠨ ᠮᠠᠩᠯᠠᠢ᠄ ᠥᠪᠥᠷ ᠮᠣᠩᠭᠣᠯ ᠎ᠤᠨ ᠪᠡᠶ᠎ᠡ ᠵᠢᠨ ᠲᠠᠮᠢᠷ᠎ᠤᠨ ᠠᠵᠢᠯ ᠡᠷᠬᠡᠵᠢᠯ᠎ᠤᠨ ᠳᠡᠭᠡᠳᠦ ᠰᠤᠷᠭ᠋ᠠᠭᠤᠯᠢ

   

8.jpg

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠬᠦᠯ ᠪᠦᠮᠪᠦᠭᠡ ᠵᠢᠨ ᠦᠢ᠍ᠯᠡᠰ᠎ᠤᠨ ᠴᠣ᠋ ᠰᠢᠨ᠎ᠡ ᠡᠬᠢᠯᠡᠯᠲᠡ
ᠦᠪᠦᠷ ᠮᠣᠨᠭ᠌ᠭᠣᠯ᠎ᠤᠨ ᠵᠠᠯᠠᠭᠣᠴᠣᠳ ᠪᠠᠭ᠋ᠠᠴᠣᠳ᠎ᠤᠨ ᠰᠣᠷᠭ᠋ᠠᠭᠣᠯᠢ ᠵᠢᠨ ᠬᠥᠯ ᠪᠥᠮᠪᠦᠭᠡ 《ᠪᠥᠬᠥ ᠲᠠᠯ᠎ᠠ᠎ᠪᠠᠷ ᠴᠡᠴᠡᠭᠯᠡᠨ ᠲᠡᠯᠭᠡᠷᠡᠪᠡ》
ᠶᠠᠳᠠᠷᠠᠯᠳᠠᠢ ᠪᠣᠯᠪᠠᠴᠣ ᠪᠠᠶᠠᠰᠣᠯᠳᠠᠢ ᠶᠣᠮ
ᠮᠢᠨᠤ 《ᠮᠣᠨᠭ᠌ᠭᠣᠯ ᠲᠣᠮᠳᠠᠳᠣ ᠰᠣᠷᠭ᠋ᠠᠭᠣᠯᠢ ᠵᠢᠨ ᠠᠨᠭ᠌ᠭᠢ》
ᠪᠢ ᠠᠨᠭ᠌ᠬ᠎ᠠ ᠠ᠋ᠬᠢᠯᠡᠬᠥ᠎ᠳᠤ ᠥᠬᠢᠨ᠎ᠤ᠎ᠪᠠᠨ ᠬᠥᠯ ᠪᠦᠮᠪᠦᠭᠡ ᠢᠰᠬᠥᠯᠬᠥ ᠵᠢ ᠠ᠋ᠰᠡᠷᠬᠥᠴᠡᠵᠥ ᠪᠠᠢ᠍ᠢ᠍ᠭᠰᠠᠨ
 
             蒙ICP备05000248号