ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠴᠢᠯᠦᠭᠡᠲᠦ᠍ ᠶᠠᠷᠢᠯᠴᠠᠭ᠎ᠠ
ᠬᠠᠮᠲᠤ᠎ᠪᠠᠷ ᠬᠢᠴᠢᠶᠡᠯ ᠪᠠᠯᠡᠳᠬᠡᠬᠦ ᠲᠤᠬᠠᠢ ᠦᠬᠦᠯᠡᠬᠦ᠎ᠨᠢ
ᠨᠡᠶ᠋ᠢᠲᠡᠯᠡᠭᠰᠡᠨ ᠴᠠᠭ᠄ 2024-04-10

                              ᠬᠤᠩ ᠮᠸᠢ


工作研究1.png

 

      ᠰᠢᠨ᠎ᠡ ᠬᠢᠴᠢᠶᠡᠯᠯᠡᠭᠡ ᠵᠢᠨ ᠥᠭᠡᠷᠡᠴᠢᠯᠡᠯᠲᠡ᠎ᠨᠢ ᠰᠤᠷᠤᠭᠴᠢᠳ᠎ᠤᠨ ᠡᠵᠡᠨ ᠮᠡᠳᠡᠨ ᠰᠣᠷᠤᠯᠴᠠᠭ᠍ᠤ᠂ ᠰᠦᠪᠡᠭᠴᠢᠯᠡᠨ ᠰᠣᠷᠤᠯᠴᠠᠭ᠍ᠤ᠂ ᠬᠠᠮᠲᠤᠷᠠᠨ ᠰᠤᠷᠤᠯᠴᠠᠭ᠍ᠤ ᠵᠢ ᠰᠠᠨᠠᠭ᠋ᠠᠴᠢᠯᠠᠭ᠍ᠤ ᠵᠢᠨ ᠬᠠᠮᠲᠤ ᠪᠠᠰᠠ ᠪᠠᠭᠰᠢ ᠨᠠᠷ᠎ᠤᠨ ᠬᠠᠮᠲᠤᠷᠠᠨ ᠬᠠᠶ᠋ᠢᠨ ᠰᠦᠪᠡᠭᠴᠢᠯᠡᠵᠦ᠂ ᠰᠤᠳᠤᠯᠤᠨ ᠶᠠᠷᠢᠯᠴᠠᠭ᠍ᠤ ᠠᠭᠤᠷ ᠠᠮᠢᠰᠬᠤᠯ᠎ᠢ ᠪᠤᠢ ᠪᠣᠯᠭ᠋ᠠᠵᠤ᠂ ᠬᠠᠮᠲᠤ ᠵᠢᠨ ᠣᠶᠤᠨ ᠤᠬᠠᠭ᠋ᠠᠨ᠎ᠤ ᠳᠠᠪᠠᠭᠤᠯᠢᠭ᠎ᠢ ᠪᠠᠳᠠᠷᠠᠭᠤᠯᠬᠤ ᠵᠢ ᠱᠠᠭ᠋ᠠᠷᠳᠠᠵᠠᠢ᠃ ᠠ᠋ᠶ᠋ᠢᠮᠦ᠎ᠠᠴᠠ ᠬᠠᠮᠲᠤ᠎ᠪᠠᠷ ᠬᠢᠴᠢᠶᠡᠯ ᠪᠡᠯᠡᠳᠬᠡᠬᠦ ᠠᠵᠢᠯᠯᠠᠭ᠎ᠠ ᠵᠢ ᠴᠣᠬᠤᠮ ᠬᠡᠷᠬᠢᠨ ᠦᠷᠨᠢᠭᠦᠯᠪᠡᠯ ᠰᠠᠶᠢ ᠦᠨᠡᠨ ᠪᠤᠳᠡᠳᠡᠢ ᠮᠦᠷᠳᠡᠬᠡᠨ ᠦᠨᠳᠦᠷ ᠦᠷ᠎ᠡ ᠠᠰᠢᠭ ᠤᠯᠵᠣ ᠴᠢᠳᠠᠭ᠍ᠣ ᠪᠤᠢ? ᠬᠡᠳᠡᠭ ᠠᠰᠠᠭᠤᠯᠳᠠ ᠵᠢ ᠪᠠᠭᠰᠢ ᠪᠣᠯᠤᠭᠰᠠᠳ ᠨᠠᠷᠢᠨ ᠲᠤᠩᠭ᠋ᠠᠵᠤ ᠨᠢᠮᠪᠡᠢ ᠰᠡᠳᠬᠢᠬᠦ ᠴᠢᠬᠤᠯᠠᠲᠠᠢ ᠪᠠᠶ᠋ᠢᠨ᠎ᠠ᠃ ᠴᠠᠭ ᠠ᠋ᠷᠢᠨ᠎ᠤ ᠰᠢᠬᠠᠯᠳᠠ ᠪᠢᠳᠠᠨ᠎ᠤ ᠭᠦᠭᠵᠢᠯᠳᠡ ᠵᠢ ᠤᠷᠠᠶ᠋ᠢᠯᠠᠵᠤ           ᠪᠠᠶ᠋ᠢᠨ᠎ᠠ᠃ ᠪᠢᠳᠠ ᠰᠢᠬᠠᠭᠳᠠᠵᠤ ᠪᠠᠶ᠋ᠢᠭ᠋ᠠᠳ ᠯᠠ ᠭᠦᠭᠵᠢᠨ᠎ᠡ᠃ ᠭᠦᠭᠵᠢᠬᠦ ᠦᠭᠡᠢ ᠪᠤᠯ ᠭᠦᠮᠦᠨ᠎ᠠᠴᠠ ᠬᠤᠴᠤᠷᠴᠤ᠂ ᠲᠡᠤᠭᠡᠨ ᠠ᠋ᠷᠭᠢᠯᠳᠡ᠎ᠳᠤ ᠬᠠᠶᠠᠭᠳᠠᠨ᠎ᠠ᠃ ᠮᠠᠨ᠎ᠤ ᠲᠡᠭᠡᠳᠦ ᠲᠤᠮᠳᠠᠳᠤ ᠵᠢᠨ ᠪᠠᠭᠰᠢ ᠨᠠᠷ᠎ᠤᠨ ᠤᠷᠤᠯᠳᠤᠯᠭ᠎ᠠ ᠨᠡᠩ ᠴᠢᠬᠤᠯᠠ᠎ᠠᠴᠠ ᠴᠢᠬᠤᠯᠠ᠃ ᠪᠢᠳᠠ ᠲᠠᠭ᠋ᠠᠭᠤᠯᠬᠤ ᠦᠢ᠍ᠯᠡᠳᠦᠯ ᠭᠠᠷᠭ᠋ᠠᠵᠤ᠂ ᠤᠯᠠᠨ᠎ᠳᠤ ᠦᠯᠢᠭᠡᠷ ᠵᠢᠱ᠌ᠢᠶ᠎ᠠ ᠪᠤᠯᠬᠤ᠎ᠪᠠᠷ ᠴᠢᠷᠮᠠᠶ᠋ᠢᠬᠤ ᠭᠡᠷᠡᠭᠳᠡᠢ ᠪᠠᠶ᠋ᠢᠨ᠎ᠠ᠃
      ᠨᠢᠭᠡ᠂ ᠬᠠᠮᠳᠤ᠎ᠪᠠᠷ ᠬᠢᠴᠢᠶᠡᠯ ᠪᠡᠯᠡᠳᠬᠡᠬᠦ ᠵᠢᠨ ᠰᠢᠯᠳᠠᠭ᠋ᠠᠨ
      ᠰᠢᠨ᠎ᠡ ᠴᠠᠭ ᠦᠶ᠎ᠡ ᠵᠢᠨ ᠪᠠᠭᠰᠢ ᠵᠢᠨ ᠠ᠋ᠩᠨᠡᠭᠡᠨ᠎ᠤ ᠪᠦᠳᠦᠭᠡᠨ ᠪᠠᠶ᠋ᠢᠭᠤᠯᠤᠯᠳᠠ ᠵᠢ ᠴᠢᠩᠭ᠋ᠠᠳᠬᠠᠨ᠂ ᠰᠢᠨ᠎ᠡ ᠬᠢᠴᠢᠶᠡᠯ᠎ᠤᠨ ᠪᠠᠷᠢᠮᠵᠢᠶᠠᠨ᠎ᠤ ᠱᠠᠭ᠋ᠠᠷᠳᠠᠯᠭ᠎ᠠ᠂ ᠡ᠊ᠩ᠎ᠤᠨ ᠲᠠᠭᠡᠳᠤ ᠰᠤᠷᠭ᠋ᠠᠭᠤᠯᠢ ᠵᠢᠨ ᠰᠤᠷᠤᠭᠴᠢ ᠠ᠋ᠯᠰᠠᠭᠦ ᠪᠦᠭᠦ ᠤᠯᠤᠰ᠎ᠤᠨ ᠨᠢᠭᠡᠳᠤᠯᠳᠠᠢ ᠰᠢᠯᠭ᠋ᠠᠯᠳᠠ ᠵᠢᠨ ᠦᠭᠡᠷᠡᠴᠢᠯᠡᠯᠳᠡ᠎ᠳᠤ ᠵᠤᠬᠢᠴᠠᠭᠤᠯᠤᠨ᠂ ᠬᠠᠮᠳᠤ ᠨᠡᠶ᠋ᠢᠳᠡ ᠵᠢᠨ ᠵᠢᠭ᠋ᠠᠬᠤ ᠵᠢ ᠰᠤᠳᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠪᠠᠭᠰᠢ ᠵᠢᠨ ᠬᠢᠴᠢᠶᠡᠯ ᠪᠡᠯᠡᠳᠬᠡᠬᠦ᠂ ᠬᠢᠴᠢᠶᠡᠯ ᠤᠷᠤᠬᠤ ᠬᠢᠷᠢ ᠬᠡᠮᠵᠢᠶ᠎ᠡ ᠵᠢ ᠠᠯᠢ ᠲᠦᠷᠭᠡᠨ ᠵᠶ᠋ᠠᠷ ᠳᠡᠭᠡᠭᠰᠢᠯᠡᠭᠦᠯᠵᠦ᠂ ᠵᠢᠭ᠋ᠠᠨ ᠰᠤᠷᠭ᠋ᠠᠯᠳᠠ ᠵᠢᠨ ᠶᠠᠰᠤ ᠴᠢᠨᠠᠷ᠎ᠢ ᠶᠡᠭᠡ ᠬᠡᠪᠴᠢᠶ᠎ᠡ᠎ᠪᠠᠷ ᠳᠡᠭᠡᠭᠰᠢᠯᠡᠬᠦᠯᠬᠦ ᠵᠢᠨ ᠲᠦᠯᠦᠭᠡ᠂ ᠬᠠᠮᠳᠤ᠎ᠪᠠᠷ ᠬᠢᠴᠢᠶᠡᠯ ᠪᠡᠯᠡᠳᠬᠡᠬᠦ ᠠᠵᠢᠯᠯᠠᠭ᠋ᠠᠨ᠎ᠢ ᠦᠨᠳᠦᠷ ᠦᠷ᠎ᠡ ᠠᠰᠢᠭ᠎ᠲᠠᠢ ᠮᠦᠷᠳᠡᠭᠡᠨ ᠦᠨᠡᠨ ᠪᠤᠳᠠᠳᠠᠢ ᠦᠷᠨᠢᠭᠦᠯᠬᠦ ᠶᠠᠪᠤᠳᠠᠯ ᠪᠠᠴᠢᠮ ᠲᠤᠯᠭ᠋ᠠᠮ ᠱᠠᠭ᠋ᠠᠷᠳᠠᠭᠳᠠᠵᠤ ᠪᠠᠶ᠋ᠢᠨ᠎ᠠ᠃
      ᠬᠤᠶᠠᠷ᠂ ᠬᠠᠮᠳᠤ᠎ᠪᠠᠷ ᠬᠢᠴᠢᠶᠡᠯ ᠪᠡᠯᠡᠳᠬᠡᠬᠦ ᠶᠠᠪᠤᠴᠠ
      ᠬᠠᠮᠲᠤ᠎ᠪᠠᠷ ᠬᠢᠴᠢᠶᠡᠯ ᠪᠡᠯᠡᠳᠬᠡᠬᠦ ᠶᠠᠪᠤᠴᠠ᠎ᠳᠤ ᠬᠤᠪᠢ ᠬᠦᠮᠦᠨ ᠭᠤᠤᠯᠯᠠᠨ ᠪᠡᠯᠡᠳᠬᠡᠬᠦ᠂ ᠬᠠᠮᠲᠤ᠎ᠪᠠᠷ ᠰᠤᠳᠤᠯᠤᠨ ᠶᠠᠷᠢᠯᠴᠠᠭ᠍ᠤ᠂ ᠵᠢᠭ᠋ᠠᠨ ᠰᠤᠷᠭ᠋ᠠᠯᠲᠠ ᠵᠢᠨ ᠲᠦᠰᠦᠪ᠎ᠲᠤ ᠵᠠᠰᠠᠪᠤᠷᠢ ᠣᠷᠣᠭᠤᠯᠬᠤ᠂ ᠪᠡᠯᠡᠳᠬᠡᠭᠴᠢ ᠬᠢᠴᠢᠶᠡᠯᠯᠡᠭᠡ ᠬᠢᠵᠦ ᠬᠠᠮᠳᠤ᠎ᠪᠠᠷ ᠰᠤᠨᠤᠰᠬᠤ᠂ ᠬᠢᠴᠢᠶᠡᠯ᠎ᠤᠨ ᠳᠠᠷᠠᠭ᠎ᠠ ᠰᠣᠯᠢᠯᠴᠠᠭ᠍ᠤ ᠵᠡᠷᠭᠡ ᠳᠠᠪᠤᠨ ᠠᠯᠬᠤᠮ ᠪᠠᠭᠳᠠᠨ᠎ᠠ᠃
      (ᠨᠢᠭᠡ) ᠬᠤᠪᠢ ᠬᠦᠮᠦᠨ ᠭᠤᠤᠯᠯᠠᠨ ᠪᠡᠯᠡᠳᠬᠡᠬᠦ
      ᠬᠢᠴᠢᠶᠡᠯ ᠪᠡᠯᠡᠳᠬᠡᠬᠦ ᠳᠤᠭᠤᠶ᠋ᠢᠯᠠᠩ᠎ᠤᠨ ᠳᠠᠷᠤᠭ᠎ᠠ᠎ᠠᠴᠠ ᠭᠠᠷᠠᠭ᠎ᠤᠨ ᠠ᠋ᠮᠦᠨ᠎ᠡ ᠪᠡᠯᠡᠳᠬᠡᠯ ᠠᠵᠢᠯ ᠵᠶ᠋ᠠᠨ ᠭᠠᠷᠳᠠᠨ ᠬᠢᠨ᠎ᠡ᠃
      1. ᠭᠤᠤᠯᠯᠠᠨ ᠪᠡᠯᠡᠳᠬᠡᠬᠦ ᠬᠤᠪᠢ ᠬᠦᠮᠦᠨ᠎ᠢ ᠳᠤᠭᠳᠠᠭ᠋ᠠᠬᠤ
      (1) ᠰᠢᠪᠠᠭ᠎ᠠ ᠰᠤᠭᠤᠯᠬᠤ ᠬᠡᠯᠪᠡᠷᠢ᠎ᠪᠠᠷ ᠭᠤᠤᠯᠯᠠᠨ ᠪᠡᠯᠡᠳᠬᠡᠬᠦ ᠬᠤᠪᠢ ᠬᠦᠮᠦᠨ ᠎ᠢ ᠳᠤᠭᠳᠠᠭ᠋ᠠᠵᠤ ᠪᠤᠯᠤᠨ᠎ᠠ᠃ ᠢᠩᠬᠢᠵᠦ ᠳᠤᠭᠳᠠᠭ᠋ᠠᠬᠤ᠎ᠨᠢ ᠠᠵᠢᠯ᠎ᠳᠤ ᠳᠦᠭᠦᠮ ᠴᠦ᠍ ᠪᠠᠰᠠ ᠵᠠᠷᠢᠮ ᠦᠶ᠎ᠡ᠎ᠳᠤ ᠲᠤᠬᠢᠷᠠᠮᠵᠢ ᠦᠭᠡᠢ ᠪᠠᠶ᠋ᠢᠳᠠᠭ᠂ ᠵᠢᠱ᠌ᠢᠶᠡᠯᠡᠪᠡᠯ᠂ ᠠᠩᠬ᠎ᠠ ᠠᠵᠢᠯ᠎ᠤᠨ ᠭᠠᠷᠤᠭ᠎ᠠ᠎ᠪᠠᠨ ᠠᠪᠴᠤ ᠪᠠᠶ᠋ᠢᠭ᠎ᠠ ᠰᠢᠨ᠎ᠡ ᠪᠠᠭᠰᠢ ᠬᠠᠮᠤᠭ᠎ᠤᠨ ᠤᠷᠢᠳ ᠵᠶ᠋ᠠᠷ ᠳᠠᠭ᠋ᠠᠷᠠᠪᠠᠯ᠂ ᠲᠤᠷᠰᠢᠯᠭ᠎ᠠ ᠳᠤᠳᠠᠮᠠᠭ᠎ᠠᠴᠠ ᠪᠤᠯᠵᠤ ᠠᠩᠬᠠᠨ᠎ᠤ ᠪᠡᠯᠡᠳᠬᠡᠯ᠎ᠤᠨ ᠴᠢᠨᠠᠷ᠎ᠢ ᠪᠠᠳᠤᠯᠠᠭ᠍ᠤ᠎ᠳᠤ ᠬᠦᠴᠢᠷᠳᠡᠨ᠎ᠡ᠃
      (2) ᠬᠢᠴᠢᠶᠡᠯ ᠪᠡᠯᠡᠳᠬᠡᠬᠦ ᠳᠤᠭᠤᠶ᠋ᠢᠯᠠᠩ᠎ᠤᠨ ᠳᠠᠷᠤᠭ᠎ᠠ᠎ᠠᠴᠠ ᠨᠠᠷᠢᠯᠢᠬ ᠲᠤᠩᠭ᠋ᠠᠨ ᠨᠢᠮᠪᠠᠢ ᠰᠡᠳᠬᠢᠭᠡᠳ ᠰᠢᠭᠤᠳ ᠳᠤᠭᠳᠠᠭ᠋ᠠᠨ᠎ᠠ᠃ ᠢᠩᠬᠢᠵᠦ ᠳᠤᠭᠳᠠᠭ᠋ᠠᠬᠤ᠎ᠨᠢ ᠵᠤᠬᠢᠬᠤ ᠬᠡᠮᠵᠢᠶᠡᠨ᠎ᠤ ᠬᠢᠵᠠᠭ᠋ᠠᠷᠳᠠᠮᠠᠯ ᠴᠢᠨᠠᠷ᠎ᠲᠠᠢ           ᠪᠠᠶ᠋ᠢᠳᠠᠭ᠃ ᠳᠤᠭᠤᠶ᠋ᠢᠯᠠᠩ᠎ᠤᠨ ᠳᠠᠷᠤᠭ᠎ᠠ ᠵᠢᠨ ᠬᠤᠪᠢ ᠬᠦᠮᠦᠨ᠎ᠤ ᠤᠶᠤᠨ ᠤᠬᠠᠭ᠋ᠠᠨ᠎ᠳᠤ ᠳᠦᠰᠢᠭᠯᠡᠬᠦ ᠲᠤᠯᠠ᠂ ᠬᠦᠮᠦᠨ ᠪᠦᠬᠦᠨ᠎ᠳᠤ ᠵᠤᠬᠢᠴᠠᠵᠤ ᠳᠡᠶ᠋ᠢᠯᠬᠦ ᠦᠭᠡᠢ᠂ ᠰᠠᠨᠠᠯ᠎ᠲᠠᠢ ᠨᠢᠭᠡ᠎ᠨᠢ ᠢᠳᠡᠪᠬᠢᠯᠡᠨ ᠤᠷᠤᠯᠴᠠᠭ᠍ᠤ ᠦᠭᠡᠢ᠎ᠠᠴᠠ ᠪᠤᠯᠵᠤ ᠬᠠᠮᠳᠤ᠎ᠪᠠᠷ ᠬᠢᠴᠢᠶᠡᠯ ᠪᠡᠯᠡᠳᠬᠡᠬᠦ ᠴᠢᠨᠠᠷ ᠴᠢᠨᠰᠠᠭ᠎ᠠ ᠵᠢ ᠨᠦᠯᠦᠬᠡᠯᠡᠬᠦ ᠪᠤᠯᠤᠯᠴᠠᠭ᠎ᠠ᠎ᠲᠠᠢ᠃
     (3) ᠬᠢᠴᠢᠶᠡᠯ ᠪᠡᠯᠡᠳᠬᠡᠬᠦ ᠳᠤᠭᠤᠶ᠋ᠢᠯᠠᠩ᠎ᠤᠨ ᠭᠡᠰᠢᠭᠦᠳ᠎ᠤᠨ ᠰᠠᠶ᠋ᠢᠨ ᠳᠤᠷ᠎ᠠ ᠵᠢ ᠦᠨᠳᠦᠰᠦᠯᠡᠨ ᠠᠷᠠᠳᠴᠢᠯᠠᠯ ᠵᠶ᠋ᠠᠷ ᠳᠤᠭᠳᠠᠭ᠋ᠠᠨ᠎ᠠ᠃ ᠢᠩᠬᠢᠵᠦ ᠳᠤᠭᠳᠠᠭ᠋ᠠᠬᠤ᠎ᠨᠢ ᠬᠦᠮᠦᠨᠯᠢᠭ ᠪᠤᠯᠪᠠᠴᠤ᠂ ᠵᠠᠷᠢᠮ ᠪᠠᠶ᠋ᠢᠳᠠᠯ ᠳᠤᠤᠷ᠎ᠠ ᠪᠠᠰᠠ ᠨᠠᠵᠠᠭ᠋ᠠᠢ ᠦᠵᠡᠭᠳᠡᠯ ᠢᠯᠡᠷᠡᠵᠦ ᠮᠡᠳᠡᠨ᠎ᠡ᠃ ᠬᠡᠷᠪᠡ ᠳᠤᠭᠤᠶ᠋ᠢᠯᠠᠩ᠎ᠤᠨ ᠪᠠᠭᠰᠢ ᠨᠠᠷ᠎ᠤᠨ ᠢᠳᠡᠪᠬᠢᠵᠢᠯ ᠳᠤᠤᠷ᠎ᠠ ᠪᠠᠶ᠋ᠢᠵᠤ᠂ ᠬᠠᠮᠳᠤ᠎ᠪᠠᠷ ᠬᠢᠴᠢᠶᠡᠯ ᠪᠡᠯᠡᠳᠬᠡᠬᠦ ᠠᠵᠢᠯᠯᠠᠭ᠋ᠠᠨ᠎ᠢ ᠳᠡᠮᠵᠢᠬᠦ ᠦᠭᠡᠢ ᠦᠶ᠎ᠡ᠎ᠳᠤ ᠰᠠᠶ᠋ᠢᠨ ᠳᠤᠷ᠎ᠠ ᠵᠢᠨ ᠤᠷᠤᠯᠴᠠᠭᠴᠢ ᠦᠬᠡᠢ ᠪᠤᠯᠬᠤ ᠪᠤᠯᠤᠯᠴᠠᠭ᠎ᠠ᠎ᠲᠠᠢ᠃
      ᠠ᠋ᠶ᠋ᠢᠮᠦ᠎ᠠᠴᠠ ᠬᠠᠮᠲᠤ᠎ᠪᠠᠷ ᠬᠢᠴᠢᠶᠡᠯ ᠪᠡᠯᠡᠳᠬᠡᠬᠦ ᠦᠶ᠎ᠡ᠎ᠳᠤ ᠭᠤᠣᠯ ᠬᠢᠴᠢᠶᠡᠯ ᠪᠡᠯᠡᠳᠭᠡᠭᠴᠢ ᠵᠢ ᠳᠤᠭᠳᠠᠭ᠋ᠠᠬᠤ᠎ᠳᠤ᠎ᠪᠠᠨ ᠳᠡᠭᠡᠷᠡᠬᠢ ᠬᠡᠳᠦᠨ ᠠᠷᠭ᠎ᠠ ᠵᠢ ᠬᠠᠪᠰᠤᠷᠭ᠋ᠠᠨ ᠠᠰᠢᠭᠯᠠᠵᠤ ᠪᠤᠯᠤᠨ᠎ᠠ᠃ ᠠ᠋ᠩ᠎ᠤᠨ ᠪᠠᠶ᠋ᠢᠳᠠᠯ᠎ᠳᠤ ᠵᠢᠭ᠋ᠠᠨ ᠰᠤᠷᠭ᠋ᠠᠬᠤ ᠬᠢᠷᠢ ᠬᠡᠮᠵᠢᠶ᠎ᠡ᠎ᠪᠠᠷ ᠥᠨᠳᠥᠷ ᠪᠠᠭᠰᠢ᠎ᠪᠠᠷ ᠲᠤᠰᠢᠶᠠᠯ ᠠ᠋ᠭᠦᠷᠭᠡᠯᠡᠭᠦᠯᠦᠨ᠎ᠡ᠂ ᠪᠠᠰᠠ ᠵᠠᠯᠠᠭᠤ ᠪᠠᠭᠰᠢ ᠵᠢ ᠬᠢᠴᠢᠶᠡᠯ ᠪᠡᠯᠡᠳᠭᠡᠭᠴᠢ᠎ᠪᠠᠷ ᠵᠣᠷᠢᠭᠲᠠᠶ ᠬᠡᠷᠡᠭᠯᠡᠬᠦ ᠬᠡᠷᠡᠭᠲᠡᠶ᠃ ᠢᠩᠭᠢᠵᠦ ᠬᠢᠬᠦ᠎ᠨᠢ ᠵᠠᠯᠠᠭᠤ ᠪᠠᠭᠰᠢ ᠨᠠᠷ᠎ᠤᠨ ᠦᠳᠲᠡᠷ ᠲᠦᠷᠭᠡᠨ ᠦᠰᠦᠨ ᠪᠤᠶ᠋ᠢᠵᠢᠬᠤ᠎ᠳᠤ ᠠᠰᠢᠭᠲᠠᠶ ᠶᠤᠮ᠃ ᠬᠠᠮᠲᠤ᠎ᠪᠠᠷ ᠬᠢᠴᠢᠶᠡᠯ ᠪᠡᠯᠡᠳᠬᠡᠬᠦ ᠦᠶ᠎ᠡ᠎ᠳᠤ ᠪᠠᠰᠠ ᠬᠢᠴᠢᠶᠡᠯ ᠪᠡᠯᠡᠳᠬᠡᠬᠦ ᠳᠣᠭᠤᠶ᠋ᠢᠯᠠᠩ᠎ᠤᠨ ᠭᠠᠳᠠᠨᠠᠬᠢ ᠪᠠᠶᠠᠯᠢᠭ ᠲᠤᠷᠰᠢᠯᠭ᠎ᠠ᠎ᠲᠠᠢ ᠰᠢᠯᠢᠳᠡᠭ ᠪᠠᠭᠰᠢ ᠵᠢ ᠤᠷᠢᠵᠤ ᠲᠤᠰᠬᠠᠶ ᠰᠡᠳᠦᠪᠲᠦ ᠲᠠᠶ᠋ᠢᠯᠤᠮᠵᠢ ᠬᠢᠯᠭᠡᠵᠦ᠂ ᠳᠣᠭᠤᠶ᠋ᠢᠯᠠᠩ᠎ᠤᠨ ᠳᠣᠲᠣᠷᠠᠬᠢ ᠪᠠᠭᠰᠢ ᠵᠢᠨ ᠬᠠᠷᠠᠭ᠎ᠠ ᠵᠢ ᠨᠡᠬᠡᠭᠡᠵᠦ᠂ ᠰᠣᠯᠢᠯᠴᠠᠭ᠋ᠠᠨ᠎ᠤ ᠣᠷᠣᠨ ᠵᠠᠶ ᠵᠢ ᠥᠷᠭᠡᠳᠬᠡᠵᠦ ᠪᠣᠯᠤᠨ᠎ᠠ᠃
      2. ᠠᠭᠤᠯᠭ᠎ᠠ᠎ᠪᠠᠨ ᠳᠤᠭᠳᠠᠭ᠋ᠠᠬᠤ
      ᠬᠠᠮᠳᠤ᠎ᠪᠠᠷ ᠪᠡᠯᠡᠳᠬᠡᠬᠦ ᠬᠢᠴᠢᠶᠡᠯ᠎ᠤᠨ ᠠᠭᠤᠯᠭ᠎ᠠ᠎ᠳᠤ ᠬᠢᠴᠢᠶᠡᠯ ᠪᠤᠯᠭ᠋ᠠᠨ ᠲᠤᠬᠢᠷᠠᠭ᠍ᠤ ᠪᠢᠰᠢ᠂ ᠠ᠋ᠨᠡ᠎ᠨᠢ ᠬᠢᠴᠢᠶᠡᠯ᠎ᠤᠨ ᠠᠭᠤᠯᠭ᠎ᠠ᠂ ᠰᠤᠷᠤᠭᠴᠢ ᠵᠢᠨ ᠪᠤᠳᠠᠳᠠᠢ ᠪᠠᠶ᠋ᠢᠳᠠᠯ᠂ ᠴᠠᠭ᠎ᠤᠨ ᠬᠢᠵᠠᠭ᠋ᠠᠷ ᠵᠡᠷᠭᠡ᠎ᠠᠴᠠ ᠰᠢᠯᠳᠠᠭ᠋ᠠᠯᠠᠭᠳᠠᠨ᠎ᠠ᠃ ᠠ᠋ᠶ᠋ᠢᠮᠦ᠎ᠠᠴᠠ ᠬᠢᠴᠢᠶᠡᠯ ᠪᠡᠯᠡᠳᠬᠡᠬᠦ ᠳᠤᠭᠤᠶ᠋ᠢᠯᠠᠩ᠎ᠤᠨ ᠳᠠᠷᠤᠭ᠎ᠠ᠎ᠠᠴᠠ ᠲᠤᠰᠬᠠᠢ ᠨᠢᠭᠡ ᠴᠠᠭ ᠳᠤᠭᠳᠠᠭ᠋ᠠᠨ᠂ ᠳᠤᠭᠤᠶ᠋ᠢᠯᠠᠩ᠎ᠤᠨ ᠭᠡᠰᠢᠭᠦᠳ  ᠵᠶ᠋ᠠᠨ ᠴᠤᠭᠯᠠᠭᠤᠯᠤᠨ ᠠᠭᠤᠯᠭ᠎ᠠ ᠳᠤᠭᠳᠠᠭ᠋ᠠᠬᠤ ᠬᠤᠷᠠᠯ           ᠬᠢᠨ᠎ᠡ᠃ ᠠᠭᠤᠯᠭ᠎ᠠ ᠳᠤᠭᠳᠠᠭ᠋ᠠᠬᠤ᠎ᠳᠤ᠎ᠪᠠᠨ ᠪᠠᠭᠰᠢ ᠪᠤᠯᠭ᠋ᠠᠨ ᠵᠠᠪᠠᠯ ᠬᠢᠴᠢᠶᠡᠯ᠎ᠤᠨ ᠪᠠᠷᠢᠮᠵᠢᠶ᠎ᠡ᠎ᠳᠤ᠎ᠪᠠᠨ ᠨᠡᠪᠳᠡᠷᠡᠬᠦ ᠮᠦᠷᠳᠡᠭᠡᠨ ᠰᠤᠷᠤᠭᠴᠢ ᠵᠢᠨ ᠪᠠᠶ᠋ᠢᠳᠠᠯ ᠵᠶ᠋ᠠᠨ ᠬᠦᠢ᠍ᠴᠡᠳ ᠤᠶ᠋ᠢᠯᠠᠭ᠋ᠠᠭᠰᠠᠨ ᠤᠷᠢᠳᠠᠯ ᠳᠤᠤᠷ᠎ᠠ᠂ ᠲᠤᠰ ᠬᠢᠴᠢᠶᠡᠯ ᠲᠦᠷᠦᠯ᠎ᠤᠨ ᠨᠢᠭᠡ ᠬᠤᠭᠤᠴᠠᠭ᠋ᠠᠨ᠎ᠤ ᠬᠢᠴᠢᠶᠡᠯ᠎ᠤᠨ ᠴᠠᠬ ᠵᠶ᠋ᠠᠨ ᠦᠨᠳᠦᠰᠦᠯᠡᠵᠦ᠂ ᠰᠤᠷᠭ᠋ᠠᠭᠤᠯᠢ ᠵᠢᠨ ᠬᠦᠳᠡᠯᠭᠡᠭᠡᠨ ᠠᠵᠢᠯᠯᠠᠭ᠎ᠠ ᠵᠡᠷᠭᠡ ᠪᠤᠰᠤᠳᠴᠢ ᠰᠢᠯᠳᠠᠭ᠋ᠠᠨ᠎ᠢ ᠴᠦ᠍ ᠬᠦᠢ᠍ᠴᠡᠳ ᠪᠤᠳᠤᠯᠬᠢᠯᠠᠭᠰᠠᠨ ᠰᠠᠭᠤᠷᠢᠨ ᠳᠡᠭᠡᠷ᠎ᠡ᠂ ᠠᠬᠠᠮᠠᠳ ᠳᠤᠷᠰᠢᠯᠭ᠎ᠠ᠎ᠲᠠᠢ ᠪᠠᠭᠰᠢ ᠨᠠᠷ᠎ᠤᠨ ᠰᠠᠨᠠᠯ᠎ᠢ ᠭᠤᠤᠯᠯᠠᠨ ᠠᠪᠴᠤ᠂ ᠵᠠᠯᠠᠭᠤ ᠪᠠᠭᠰᠢ ᠨᠠᠷ᠎ᠤᠨ ᠦᠵᠡᠯᠳᠡ ᠵᠢ ᠴᠦ᠍ ᠤᠮᠳᠤᠭ᠋ᠠᠶ᠋ᠢᠯᠠᠯ ᠦᠭᠡᠢ᠂ ᠬᠠᠮᠳᠤ᠎ᠪᠠᠷ ᠰᠤᠳᠤᠯᠤᠨ ᠶᠠᠷᠢᠯᠴᠠᠭ᠍ᠤ᠎ᠪᠠᠷ ᠳᠠᠮᠵᠢᠨ ᠠᠭᠤᠯᠭ᠎ᠠ᠎ᠪᠠᠨ ᠰᠢᠨᠵᠢᠯᠡᠬᠦ ᠤᠬᠠᠭ᠋ᠠᠨᠴᠢ᠎ᠪᠠᠷ ᠳᠤᠳᠤᠷᠬᠠᠢ ᠳᠤᠭᠳᠠᠭ᠋ᠠᠨ᠎ᠠ᠃
      (ᠬᠤᠶᠠᠷ) ᠬᠠᠮᠲᠤ᠎ᠪᠠᠷ ᠰᠤᠳᠤᠯᠤᠨ ᠶᠠᠷᠢᠯᠴᠠᠭ᠍ᠤ
      ᠪᠠᠭᠰᠢ ᠨᠢᠭᠡ ᠪᠦᠷᠢ ᠨᠢᠭᠡ ᠭᠠᠷᠠᠭ᠎ᠤᠨ ᠠ᠋ᠮᠦᠨ᠎ᠡ᠎ᠠᠴᠠ ᠬᠢᠴᠢᠶᠡᠯ ᠪᠡᠯᠡᠳᠬᠡᠵᠦ᠂ ᠠᠯᠢ ᠴᠢᠳᠠᠭ᠍ᠤ᠎ᠪᠠᠷ ᠥᠪᠡᠷᠮᠢᠴᠡ ᠪᠦᠲᠦᠭᠡᠯᠴᠢ ᠴᠢᠨᠠᠷᠲᠠᠶ ᠵᠢᠭ᠋ᠠᠨ ᠰᠤᠷᠭ᠋ᠠᠯᠲᠠ ᠵᠢᠨ ᠲᠦᠰᠦᠪ᠎ᠢ ᠳᠤᠷᠠᠳᠤᠨ ᠭᠠᠷᠭ᠋ᠠᠵᠤ᠂ ᠠ᠋ᠬᠢ ᠪᠠᠶᠠᠯᠢᠭ᠎ᠢ ᠬᠠᠮᠲᠤ᠎ᠪᠠᠷ ᠠ᠋ᠳ᠋ᠯᠡᠬᠦ᠎ᠳᠤ ᠳᠥᠭᠦᠮ ᠪᠣᠯᠭ᠋ᠠᠬᠤ ᠬᠡᠷᠡᠭᠲᠡᠶ; ᠵᠢᠭ᠋ᠠᠨ ᠰᠤᠷᠭ᠋ᠠᠬᠤ ᠵᠠᠩᠭᠢᠯᠠᠭ᠎ᠠ᠎ᠳᠤ ᠰᠢᠨ᠎ᠡ ᠵᠢ ᠠ᠋ᠭᠦᠳᠴᠦ᠂ ᠵᠢᠭ᠋ᠠᠨ ᠰᠤᠷᠭ᠋ᠠᠬᠤ ᠬᠠᠷᠠᠯᠲᠠ᠎ᠳᠤ᠎ᠪᠠᠨ ᠲᠣᠬᠢᠷᠠᠭᠰᠠᠨ ᠪᠣᠳᠠᠲᠠᠶ ᠠᠷᠭ᠎ᠠ ᠵᠢ ᠪᠢᠴᠢᠵᠦ ᠭᠠᠷᠭ᠋ᠠᠬᠤ ᠬᠡᠷᠡᠭᠲᠡᠶ᠃ ᠥᠪᠡᠷ ᠎ᠤᠨ ᠮᠠᠳᠠᠭ᠎ᠲᠠᠢ ᠭᠠᠵᠠᠷ ᠵᠶ᠋ᠠᠨ ᠳᠤᠷᠠᠳᠴᠤ᠂ ᠬᠠᠮᠲᠤ᠎ᠪᠠᠷ ᠶᠠᠷᠢᠯᠴᠠᠵᠤ᠂ ᠬᠦᠴᠢᠷ ᠠᠰᠠᠭᠤᠳᠠᠯ᠎ᠢ ᠢᠯᠠᠨ ᠳᠠᠪᠠᠭ᠍ᠤ᠎ᠳᠤ ᠳᠥᠭᠦᠮ ᠪᠣᠯᠭ᠋ᠠᠬᠤ ᠬᠡᠷᠡᠭᠲᠡᠶ᠃
      ᠬᠠᠮᠳᠤ᠎ᠪᠠᠷ ᠬᠢᠴᠢᠶᠡᠯ ᠪᠡᠯᠡᠳᠬᠡᠬᠦ ᠦᠶᠡᠰ᠂ ᠪᠠᠭᠰᠢ ᠨᠠᠷ ᠬᠢᠴᠢᠶᠡᠯ᠎ᠤᠨ ᠪᠠᠷᠢᠮᠵᠢᠶ᠎ᠠ᠂ ᠰᠢᠯᠭ᠋ᠠᠯᠲᠠ ᠵᠢᠨ ᠬᠥᠲᠥᠯᠪᠦᠷᠢ᠂ ᠵᠢᠭ᠋ᠠᠬᠤ ᠮᠠᠲ᠋ᠧᠷᠢᠶᠠᠯ᠂ ᠵᠢᠭ᠋ᠠᠨ ᠰᠤᠷᠭ᠋ᠠᠯᠲᠠ ᠵᠢᠨ ᠯᠠᠪᠯᠠᠯᠲᠠ ᠵᠢᠨ ᠪᠢᠴᠢᠭ ᠵᠢᠴᠢ ᠪᠤᠰᠤᠳ ᠬᠠᠮᠢᠶ᠎ᠠ ᠪᠦᠬᠦᠢ ᠮᠠᠲ᠋ᠧᠷᠢᠶᠠᠯ᠎ᠢ ᠨᠠᠷᠢᠨ ᠬᠢᠨᠠᠮᠠᠭ᠋ᠠᠶ ᠰᠤᠷᠤᠯᠴᠠᠨ ᠰᠤᠳᠤᠯᠤᠭᠰᠠᠨ ᠰᠠᠭᠤᠷᠢᠨ ᠳᠡᠭᠡᠷ᠎ᠡ᠂ ᠪᠣᠳᠠᠲᠠᠶ ᠵᠢᠭ᠋ᠠᠨ ᠰᠤᠷᠭ᠋ᠠᠯᠲᠠ ᠵᠢᠨ ᠬᠠᠷᠠᠯᠲᠠ ᠵᠢ ᠳᠤᠷᠠᠳᠤᠨ ᠭᠠᠷᠭ᠋ᠠᠨ᠎ᠠ᠃ ᠰᠤᠷᠤᠭᠴᠢᠳ᠎ᠢ ᠭᠦᠨᠵᠡᠭᠡᠶ ᠣᠶ᠋ᠢᠯᠠᠭ᠋ᠠᠵᠤ᠂ ᠰᠤᠷᠤᠯᠭ᠎ᠠ ᠵᠢᠨ ᠪᠠᠶ᠋ᠢᠳᠠᠯ᠎ᠢ᠎ᠨᠢ ᠲᠣᠳᠣᠷᠬᠠᠶ ᠣᠶ᠋ᠢᠯᠠᠭ᠋ᠠᠵᠤ᠂ ᠰᠤᠷᠤᠭᠴᠢᠳ᠎ᠤᠨ ᠣᠶᠤᠨ᠎ᠤ ᠪᠤᠰᠤ ᠬᠦᠴᠦᠨ ᠵᠦᠢ᠍ᠯ (ᠰᠤᠷᠤᠭᠴᠢᠳ᠎ᠤᠨ ᠰᠤᠷᠤᠯᠴᠠᠭ᠍ᠤ ᠤᠷᠮ᠎ᠠ ᠪᠠᠬ᠎ᠠ᠂ ᠰᠤᠷᠤᠯᠴᠠᠭ᠍ᠤ ᠣᠪᠣᠷ ᠪᠠ ᠰᠤᠷᠤᠯᠴᠠᠭ᠍ᠤ ᠳᠠᠳᠬᠠᠯ ᠵᠡᠷᠭᠡ)᠎ᠢ ᠰᠤᠳᠤᠯᠵᠤ᠂ ᠭᠤᠣᠯᠳᠠᠯᠭ᠎ᠠ ᠵᠢ ᠳᠣᠪᠤᠶ᠋ᠢᠯᠭ᠋ᠠᠬᠤ ᠠᠷᠭ᠎ᠠ ᠪᠠ ᠬᠦᠴᠢᠷᠳᠡᠯᠭᠡ ᠵᠢ ᠰᠢᠪᠲᠤᠯᠬᠤ ᠠᠷᠭ᠎ᠠ ᠪᠣᠳᠣᠯᠭ᠎ᠠ ᠵᠢ ᠨᠠᠷᠢᠨ ᠨᠢᠮᠪᠠᠶ ᠪᠡᠯᠡᠳᠬᠡᠵᠦ᠂ ᠰᠤᠷᠤᠭᠴᠢᠳ᠎ᠤᠨ ᠪᠡᠶ᠎ᠡ᠎ᠪᠠᠨ ᠳᠠᠭ᠋ᠠᠭ᠋ᠠᠵᠤ ᠬᠠᠶ᠋ᠢᠨ ᠰᠦᠪᠡᠭᠴᠢᠯᠡᠬᠦ ᠠᠵᠢᠯᠯᠠᠭ᠋ᠠᠨ᠎ᠤ ᠲᠥᠰᠦᠯ᠎ᠢ ᠲᠥᠯᠥᠪᠯᠡᠨ᠂ ᠬᠢᠴᠢᠶᠡᠯᠯᠡᠬᠦ᠎ᠳᠤ᠎ᠪᠠᠨ ᠠᠮᠢᠨ ᠭᠠᠵᠠᠷ᠎ᠢ᠎ᠨᠢ ᠣᠨᠣᠭ᠋ᠠᠵᠤ᠂ ᠬᠦᠴᠢᠷᠲᠡᠶ ᠵᠢ᠎ᠨᠢ ᠬᠢᠯᠪᠠᠷᠴᠢᠯᠠᠵᠤ᠂ ᠰᠤᠷᠤᠭᠴᠢᠳ᠎ᠤᠨ ᠰᠤᠷᠤᠯᠴᠠᠯᠭ᠎ᠠ ᠵᠢᠨ ᠳᠤᠮᠳᠠᠬᠢ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠳᠣᠪᠤᠶ᠋ᠢᠯᠭ᠋ᠠᠵᠤ᠂ ᠦᠨᠳᠦᠷ ᠦᠷ᠎ᠡ ᠠᠰᠢᠭ᠎ᠲᠠᠢ ᠵᠢᠭ᠋ᠠᠨ ᠰᠤᠷᠭ᠋ᠠᠬᠤ᠎ᠳᠤ ᠳᠥᠭᠦᠮ ᠪᠣᠯᠭ᠋ᠠᠬᠤ ᠬᠡᠷᠡᠭᠲᠡᠶ᠃
      ᠬᠠᠮᠲᠤ᠎ᠪᠠᠷ ᠬᠢᠴᠢᠶᠡᠯ ᠪᠡᠯᠡᠳᠬᠡᠬᠦ᠎ᠳᠤ᠎ᠪᠠᠨ 《ᠬᠤᠪᠢ ᠬᠦᠮᠦᠨ — ᠬᠠᠮᠳᠤ ᠨᠡᠶ᠋ᠢᠳᠡ — ᠬᠤᠪᠢ ᠬᠦᠮᠦᠨ》᠎ᠤ ᠰᠡᠳᠬᠢᠮᠵᠢ ᠵᠢ ᠵᠢᠷᠤᠮᠯᠠᠵᠤ᠂ ᠬᠠᠮᠤᠭ᠎ᠤᠨ ᠲᠡᠷᠢᠬᠦᠨ᠎ᠳᠤ ᠭᠤᠤᠯᠯᠠᠨ ᠪᠡᠯᠡᠳᠬᠡᠭᠰᠡᠨ ᠬᠤᠪᠢ ᠬᠦᠮᠦᠨ ᠦᠪᠡᠷ᠎ᠤᠨ ᠪᠡᠯᠡᠳᠬᠡᠭᠰᠡᠨ ᠲᠦᠰᠦᠪ ᠵᠶ᠋ᠠᠨ ᠶᠠᠷᠢᠨ᠎ᠠ᠃ ᠳᠠᠷᠠᠭ᠎ᠠ᠎ᠨᠢ ᠪᠤᠰᠤᠳ ᠪᠠᠭᠰᠢ ᠨᠠᠷ᠎ᠠᠴᠠ ᠥᠪᠡᠷ ᠥᠪᠡᠷ᠎ᠤᠨ ᠬᠢᠴᠢᠶᠡᠯ ᠪᠡᠯᠡᠳᠭᠡᠭᠰᠡᠨ ᠲᠦᠰᠦᠪ ᠵᠶ᠋ᠠᠨ ᠲᠤᠰ ᠲᠤᠰ ᠲᠣᠭ᠋ᠠᠴᠢᠵᠤ᠂ ᠬᠠᠮᠤᠭ᠎ᠤᠨ ᠰᠠᠶ᠋ᠢᠨ᠎ᠨᠢ 《ᠬᠢᠴᠢᠶᠡᠯ           ᠶᠠᠷᠢᠬᠤ》 ᠬᠡᠯᠪᠡᠷᠢ᠎ᠪᠠᠷ ᠬᠠᠷᠢᠴᠠᠭᠤᠯᠤᠯ ᠬᠢᠵᠦ᠂ ᠦᠵᠡᠯᠲᠡ ᠲᠠᠨᠢᠯᠲᠠ᠎ᠪᠠᠨ ᠨᠢᠭᠡᠳᠭᠡᠪᠡᠯ ᠵᠣᠬᠢᠨ᠎ᠠ᠃ ᠬᠠᠮᠤᠭ᠎ᠤᠨ ᠰᠡᠭᠦᠯ᠎ᠳᠤ᠎ᠨᠢ ᠭᠤᠤᠯᠯᠠᠨ ᠪᠡᠯᠡᠳᠬᠡᠭᠴᠢ᠎ᠠᠴᠠ ᠤᠯᠠᠨ᠎ᠤ ᠰᠠᠨᠠᠯ᠎ᠢ ᠨᠠᠷᠢᠯᠢᠬ ᠳᠡᠮᠳᠡᠭᠯᠡᠨ᠂ ᠬᠠᠮᠤᠭ᠎ᠤᠨ ᠡᠴᠦᠰ᠎ᠤᠨ ᠨᠢᠭᠡᠳᠦᠮᠡᠯ ᠵᠦᠢ᠍ᠯ᠎ᠢ ᠬᠤᠷᠢᠶᠠᠩᠭᠤᠶ᠋ᠢᠯᠠᠵᠤ ᠠᠪᠤᠨ᠎ᠠ᠃
      (ᠭᠤᠷᠪᠠ) ᠵᠢᠭ᠋ᠠᠨ ᠰᠤᠷᠭ᠋ᠠᠯᠳᠠ ᠵᠢᠨ ᠲᠦᠰᠦᠪ᠎ᠲᠤ ᠵᠠᠰᠠᠪᠤᠷᠢ ᠤᠷᠤᠭᠤᠯᠬᠤ
      ᠰᠢᠯᠢᠳᠡᠭ ᠰᠠᠶ᠋ᠢᠬᠠᠨ ᠵᠢᠭ᠋ᠠᠨ ᠰᠣᠷᠭ᠋ᠠᠯᠳᠠ ᠵᠢᠨ ᠲᠦᠰᠦᠪ ᠪᠢᠴᠢᠬᠦ ᠪᠣᠯ ᠬᠢᠴᠢᠶᠡᠯ ᠪᠡᠯᠡᠳᠭᠡᠬᠦ ᠵᠢᠨ ᠦᠨᠳᠦᠰᠦ᠂ ᠬᠢᠴᠢᠶᠡᠯ᠎ᠢ ᠦᠷ᠎ᠡ ᠠᠰᠢᠭ᠎ᠲᠠᠢ ᠶᠠᠪᠤᠭᠳᠠᠭᠤᠯᠬᠤ ᠵᠢᠨ ᠵᠢᠯᠣᠭᠤᠳᠣᠮᠵᠢ ᠮᠦᠨ᠃ ᠠ᠋ᠶ᠋ᠢᠮᠦ᠎ᠠᠴᠠ ᠬᠠᠮᠳᠤ᠎ᠪᠠᠷ ᠰᠤᠳᠤᠯᠤᠨ ᠶᠠᠷᠢᠯᠴᠠᠵᠤ ᠪᠠᠷᠠᠭᠰᠠᠨ᠎ᠤ ᠳᠠᠷᠠᠭ᠎ᠠ᠂ ᠭᠤᠤᠯᠯᠠᠨ ᠪᠡᠯᠡᠳᠬᠡᠭᠴᠢ ᠬᠠᠮᠳᠤ ᠵᠢᠨ ᠤᠶᠤᠨ ᠤᠬᠠᠭ᠋ᠠᠨ᠎ᠤ ᠤᠬᠢ ᠰᠢᠯᠢᠳᠡᠭ᠎ᠢ᠎ᠨᠢ ᠰᠢᠷᠭ᠋ᠠᠭ᠋ᠠᠨ ᠨᠡᠶ᠋ᠢᠯᠡᠭᠦᠯᠵᠦ᠂ ᠬᠠᠮᠤᠭ᠎ᠤᠨ ᠪᠦᠷᠢᠨ ᠪᠦᠳᠦᠨ ᠳᠦᠰᠦᠪ᠎ᠢ ᠠ᠋ᠮᠬᠢᠯᠡᠨ ᠨᠠᠶ᠋ᠢᠷᠠᠭᠤᠯᠵᠤ ᠭᠠᠷᠭ᠋ᠠᠨ᠂ ᠬᠢᠴᠢᠶᠡᠯᠯᠡᠬᠦ᠎ᠳᠤ ᠪᠦᠷᠢᠨ ᠪᠡᠯᠡᠳᠬᠡᠯ᠎ᠲᠠᠢ ᠪᠤᠯᠤᠨ᠎ᠠ᠃
      (ᠳᠦᠷᠪᠡ) ᠪᠡᠯᠡᠳᠬᠡᠭᠴᠢ ᠬᠢᠴᠢᠶᠡᠯᠯᠡᠭᠡ ᠬᠢᠵᠦ ᠬᠠᠮᠳᠤ᠎ᠪᠠᠷ ᠰᠤᠨᠤᠰᠬᠤ
      ᠬᠢᠴᠢᠶᠡᠯ ᠪᠡᠯᠡᠳᠬᠡᠬᠦ ᠳᠤᠭᠤᠢ᠍ᠢ᠍ᠯᠠᠩ᠎ᠤᠨ ᠰᠤᠳᠤᠯᠤᠨ ᠶᠠᠷᠢᠯᠴᠠᠭᠰᠠᠨ ᠵᠢᠭ᠋ᠠᠨ ᠰᠤᠷᠭ᠋ᠠᠯᠲᠠ ᠵᠢᠨ ᠲᠦᠰᠦᠪ ᠪᠣᠯᠬᠤ ᠠ᠋ᠰᠡᠬᠦ ᠵᠢ ᠰᠢᠯᠭ᠋ᠠᠬᠤ ᠴᠤᠷᠢ ᠵᠢᠨ ᠭᠠᠭᠴᠠ ᠪᠠᠷᠢᠮᠵᠢᠶ᠎ᠡ ᠪᠤᠯ ᠦᠢ᠍ᠯᠡᠳᠦᠯᠬᠡ᠎ᠳᠤ ᠤᠷᠤᠯᠴᠠᠭ᠍ᠤ ᠪᠤᠯᠤᠨ᠎ᠠ᠂ ᠳᠠᠷᠤᠢ ᠰᠤᠷᠤᠭᠴᠢᠳ᠎ᠲᠤ ᠬᠢᠴᠢᠶᠡᠯᠯᠡᠭᠡ ᠬᠢᠨ᠎ᠡ᠃ ᠠ᠋ᠶ᠋ᠢᠮᠦ᠎ᠠᠴᠠ ᠬᠢᠴᠢᠶᠡᠯ᠎ᠢ ᠮᠥᠷᠳᠡᠨ ᠰᠣᠨᠤᠰᠴᠤ ᠰᠢᠯᠭ᠋ᠠᠨ ᠪᠠᠶ᠋ᠢᠴᠠᠭ᠋ᠠᠨ ᠳ᠋ᠦᠩᠨᠡᠨ ᠬᠤᠷᠢᠶᠠᠩᠭᠤᠶ᠋ᠢᠯᠠᠭ᠍ᠤ ᠬᠡᠷᠡᠭᠲᠡᠶ᠃ ᠬᠢᠴᠢᠶᠡᠯ ᠪᠡᠯᠡᠳᠬᠡᠬᠦ ᠳᠣᠭᠤᠶ᠋ᠢᠯᠠᠩ᠎ᠤᠨ ᠭᠡᠰᠢᠭᠦᠳ ᠬᠤᠭᠤᠷᠣᠨᠳᠣ᠎ᠪᠠᠨ ᠬᠠᠷᠢᠯᠴᠠᠨ ᠬᠢᠴᠢᠶᠡᠯ ᠰᠣᠨᠣᠰᠴᠤ᠂ ᠰᠠᠶ᠋ᠢᠨ ᠲᠠᠯ᠎ᠠ ᠵᠢ᠎ᠨᠢ ᠠᠪᠴᠤ ᠳᠤᠲᠠᠭᠳᠠᠯ᠎ᠲᠠᠢ ᠲᠠᠯ᠎ᠠ᠎ᠪᠠᠨ ᠨᠥᠬᠦᠪᠥᠷᠢᠯᠡᠬᠦ ᠬᠡᠷᠡᠭᠲᠡᠶ᠃
      (ᠲᠠᠪᠤ) ᠬᠢᠴᠢᠶᠡᠯ᠎ᠤᠨ ᠳᠠᠷᠠᠭ᠋ᠠᠬᠢ ᠰᠣᠯᠢᠯᠴᠠᠭ᠎ᠠ
      ᠬᠢᠴᠢᠶᠡᠯ᠎ᠤᠨ ᠳᠠᠷᠠᠭ᠎ᠠ ᠰᠣᠯᠢᠯᠴᠠᠭ᠍ᠤ᠎ᠨᠢ ᠬᠠᠮᠳᠤ᠎ᠪᠠᠷ ᠬᠢᠴᠢᠶᠡᠯ ᠪᠡᠯᠡᠳᠬᠡᠬᠦ ᠶᠠᠪᠤᠴᠠ ᠵᠢᠨ ᠬᠠᠮᠤᠭ᠎ᠤᠨ ᠡᠴᠦᠰ᠎ᠤᠨ ᠠᠯᠬᠤᠮ ᠮᠦᠷᠳᠡᠭᠡᠨ ᠮᠦᠨ ᠴᠦ᠍ ᠪᠠᠰᠠ ᠨᠢᠭᠡᠨ ᠴᠢᠬᠤᠯᠠ ᠵᠠᠩᠬᠢᠯᠠᠭ᠎ᠠ ᠵᠢᠨ ᠱᠠᠲᠤ ᠦᠶ᠎ᠡ           ᠪᠣᠯᠤᠨ᠎ᠠ᠃ ᠭᠤᠣᠯ ᠪᠡᠯᠡᠳᠭᠡᠭᠴᠢ ᠬᠢᠴᠢᠶᠡᠯ ᠤᠷᠤᠭᠰᠠᠨ᠎ᠤ ᠳᠠᠷᠠᠭ᠎ᠠ᠂ ᠪᠠᠭᠰᠢ ᠨᠠᠷ ᠬᠠᠮᠲᠤ᠎ᠪᠠᠷ ᠰᠤᠳᠤᠯᠤᠨ ᠶᠠᠷᠢᠯᠴᠠᠵᠤ᠂ ᠵᠢᠭ᠋ᠠᠨ ᠰᠤᠷᠭ᠋ᠠᠯᠲᠠ᠎ᠪᠠᠨ ᠠ᠋ᠷᠭᠢᠴᠡᠭᠦᠯᠦᠨ ᠲᠣᠩᠭ᠋ᠠᠵᠤ ᠬᠠᠷᠢᠯᠴᠠᠨ ᠨᠥᠬᠦᠪᠥᠷᠢᠯᠡᠵᠦ᠂ ᠳᠠᠪᠠᠭᠤᠯᠢᠭ ᠲᠠᠯ᠎ᠠ᠎ᠪᠠᠨ ᠨᠤᠲᠠᠯᠠᠵᠤ᠂ ᠬᠦᠷᠦᠯᠴᠡᠬᠦ ᠦᠭᠡᠢ ᠲᠠᠯ᠎ᠠ᠎ᠪᠠᠨ ᠵᠢᠭ᠋ᠠᠨ ᠭᠠᠷᠭ᠋ᠠᠵᠤ᠂ ᠵᠢᠭ᠋ᠠᠨ ᠰᠤᠷᠭ᠋ᠠᠬᠤ ᠠᠭᠤᠯᠭ᠎ᠠ ᠵᠢ ᠨᠠᠩ ᠲᠡᠭᠦᠯᠳᠡᠷᠵᠢᠭᠦᠯᠦᠨ ᠴᠢᠨᠠᠷᠵᠢᠭᠤᠯᠵᠤ᠂ ᠬᠤᠶ᠋ᠢᠰᠢᠳᠠ ᠵᠢᠨ ᠵᠢᠭ᠋ᠠᠨ ᠰᠤᠷᠭ᠋ᠠᠯᠲᠠ ᠵᠢᠨ ᠤᠯᠠᠮ ᠨᠢᠭᠡ ᠠᠯᠬᠤᠮ ᠥᠷᠨᠢᠬᠦ ᠵᠢ ᠠᠬᠢᠭᠤᠯᠬᠤ ᠬᠡᠷᠡᠭᠲᠡᠶ᠃ ᠭᠡᠪᠡᠴᠦ ᠵᠢᠭ᠋ᠠᠨ ᠰᠤᠷᠭ᠋ᠠᠯᠲᠠ ᠵᠢᠨ ᠲᠦᠰᠦᠪ᠎ᠢ ᠶᠠᠭ᠋ᠠᠬᠢᠭᠰᠠᠨ ᠴᠤ᠌ ᠨᠢᠭᠡ ᠯᠠ ᠠᠳᠠᠯᠢ ᠪᠠᠶ᠋ᠢᠯᠭ᠋ᠠᠵᠤ ᠪᠣᠯᠬᠤ ᠦᠭᠡᠢ᠂ ᠲᠡᠭᠡᠬᠦ ᠦᠭᠡᠢ ᠪᠣᠯ ᠪᠠᠭᠰᠢ ᠰᠣᠷᠤᠭᠴᠢ ᠵᠢᠨ ᠪᠣᠳᠠᠲᠤ ᠪᠠᠶ᠋ᠢᠳᠠᠯ᠎ᠳᠤ ᠲᠣᠬᠢᠷᠠᠭ᠍ᠤ ᠦᠭᠡᠢ ᠮᠦᠷᠲᠡᠭᠡᠨ ᠰᠢᠨ᠎ᠡ ᠵᠢ ᠠ᠋ᠭᠦᠳᠬᠦ ᠵᠣᠷᠢᠭ ᠰᠠᠨᠠᠭ᠎ᠠ ᠦᠭᠡᠢ ᠪᠣᠯᠤᠨ᠎ᠠ᠃
      ᠭᠤᠷᠪᠠ᠂ ᠬᠠᠮᠳᠤ᠎ᠪᠠᠷ ᠬᠢᠴᠢᠶᠡᠯ ᠪᠡᠯᠡᠳᠬᠡᠬᠦ ᠵᠢᠨ ᠨᠦᠯᠦᠭᠡ
      《ᠲᠡᠮ ᠲᠡᠮ᠎ᠳᠤ᠎ᠪᠠᠨ ᠲᠡᠭᠡᠰᠦ ᠠ᠋ᠷᠴᠢᠮ᠎ᠳᠤ᠎ᠪᠠᠨ》᠂ 《ᠤᠯᠠᠨ᠎ᠤ ᠭᠦᠴᠦᠨ᠎ᠳᠤ ᠤᠪᠤᠭ᠎ᠠ ᠭᠦᠳᠦᠯᠦᠭᠳᠡᠨ᠎ᠠ》᠂ 《ᠬᠤᠷᠳᠤᠨ ᠶᠠᠪᠤᠶ᠎ᠠ ᠭᠡᠪᠡᠯ ᠭᠠᠭᠴᠠ᠎ᠪᠠᠷ ᠶᠠᠪᠤ᠂ ᠬᠤᠯᠠ ᠶᠠᠪᠤᠶ᠎ᠠ ᠭᠡᠪᠡᠯ ᠤᠯᠠᠭᠤᠯᠠ           ᠶᠠᠪᠤ》 ᠭᠡᠳᠡᠭ ᠵᠶ᠋ᠠᠷ ᠮᠠᠨ᠎ᠤ ᠮᠤᠩᠭᠤᠯ᠎ᠤᠨ ᠵᠦᠢ᠍ᠷ ᠰᠡᠴᠡᠨ ᠦᠭᠡᠨ᠎ᠳᠤ ᠬᠠᠮᠳᠤ ᠵᠢᠨ ᠤᠶᠤᠨ ᠤᠬᠠᠭ᠋ᠠᠨ᠎ᠤ ᠴᠢᠬᠤᠯᠠ ᠴᠢᠨᠠᠷ᠎ᠤᠨ ᠲᠤᠬᠠᠢ ᠤᠯᠠᠨ ᠰᠠᠶ᠋ᠢᠬᠠᠨ ᠬᠡᠯᠡᠴᠡ ᠪᠠᠶ᠋ᠢᠳᠠᠭ᠃ ᠬᠠᠮᠲᠤ᠎ᠪᠠᠷ ᠬᠢᠴᠢᠶᠡᠯ ᠪᠡᠯᠡᠳᠬᠡᠬᠦ᠎ᠨᠢ ᠪᠠᠭᠰᠢ ᠵᠢᠨ ᠬᠠᠮᠲᠤᠷᠠᠨ ᠠᠵᠢᠯᠯᠠᠭ᠍ᠤ᠂ ᠰᠤᠳᠤᠯᠤᠨ ᠶᠠᠷᠢᠯᠴᠠᠭ᠍ᠤ ᠨᠢᠭᠡ ᠵᠦᠢ᠍ᠯ᠎ᠤᠨ ᠪᠦᠲᠦᠮᠵᠢᠲᠡᠶ ᠬᠡᠯᠪᠡᠷᠢ ᠪᠣᠯᠤᠭᠰᠠᠨ ᠎ᠤ ᠬᠤᠪᠢ᠎ᠳᠤ᠂ ᠤᠯᠠᠨ ᠳᠠᠯ᠎ᠠ ᠵᠢᠨ ᠳᠠᠪᠠᠭᠤᠯᠢᠭ ᠳᠠᠯ᠎ᠠ ᠪᠠᠶ᠋ᠢᠳᠠᠭ᠃
      (ᠨᠢᠭᠡ) ᠪᠠᠭᠰᠢ ᠵᠢᠨ ᠪᠦᠯᠬᠦᠮ ᠨᠡᠶ᠋ᠢᠲᠡ ᠵᠢᠨ ᠬᠠᠮᠲᠤᠷᠠᠨ ᠠᠵᠢᠯᠯᠠᠭ᠍ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠣᠯᠠᠨ᠎ᠤ ᠣᠶᠣᠨ ᠤᠬᠠᠭ᠋ᠠᠨ᠎ᠢ ᠲᠥᠪᠯᠡᠷᠡᠭᠦᠯᠦᠨ᠂ ᠵᠢᠭ᠋ᠠᠨ ᠰᠤᠷᠭ᠋ᠠᠯᠳᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠬᠦᠯᠬᠦ᠎ᠳᠤ ᠠᠰᠢᠭᠳᠠᠢ᠃
      (ᠬᠤᠶᠠᠷ) ᠬᠠᠮᠳᠤ᠎ᠪᠠᠷ ᠬᠠᠶ᠋ᠢᠨ ᠰᠦᠪᠡᠭᠴᠢᠯᠡᠯᠳᠠ ᠬᠢᠬᠦ ᠢᠳᠡᠪᠭᠢ ᠤᠪᠤᠷ᠎ᠲᠠᠢ᠂ ᠴᠢᠯᠦᠭᠡᠳᠦ ᠰᠡᠳᠭᠢᠭᠦᠢ᠎ᠲᠠᠢ᠂ ᠬᠠᠮᠵᠢᠯᠴᠠᠭ᠍ᠤ ᠴᠢᠳᠠᠪᠤᠷᠢ᠎ᠲᠠᠢ᠂ ᠬᠤᠯᠠ ᠵᠢᠨ ᠬᠠᠷᠠᠴᠠ᠎ᠲᠠᠢ ᠰᠢᠯᠢᠳᠡᠭ ᠪᠠᠭᠰᠢ ᠵᠢᠨ ᠠ᠋ᠩᠨᠡᠭᠡ ᠵᠢ ᠪᠦᠳᠦᠭᠡᠨ ᠪᠠᠶ᠋ᠢᠭᠤᠯᠬᠤ᠎ᠳᠤ ᠠᠰᠢᠭᠳᠠᠢ᠃
      (ᠭᠤᠷᠪᠠ) ᠵᠢᠭ᠋ᠠᠨ ᠰᠤᠷᠭ᠋ᠠᠯᠳᠠ ᠵᠢᠨ ᠠ᠋ᠬᠢ ᠪᠠᠶᠠᠯᠢᠭ᠎ᠢ ᠬᠠᠮᠳᠤ᠎ᠪᠠᠷ ᠠ᠋ᠳ᠋ᠯᠡᠬᠦ᠎ᠳᠤ ᠳᠦᠬᠦᠮ᠎ᠠᠴᠠ ᠪᠠᠭᠰᠢ ᠵᠢᠨ ᠬᠢᠴᠢᠶᠡᠯ ᠪᠡᠯᠡᠳᠬᠡᠬᠦ ᠵᠢ ᠤᠯᠠᠮ ᠴᠢᠨᠠᠷ ᠴᠢᠨᠰᠠᠭ᠎ᠠ᠎ᠲᠠᠢ ᠪᠤᠯᠭ᠋ᠠᠵᠤ᠂ ᠵᠤᠬᠢᠬᠤ ᠬᠡᠪᠴᠢᠶᠡᠨ᠎ᠳᠤ ᠠᠵᠢᠯ᠎ᠤᠨ ᠳᠠᠷᠤᠭ᠋ᠠᠰᠤ ᠵᠢ᠎ᠨᠢ ᠬᠦᠩᠬᠡᠯᠡᠨ᠎ᠡ᠃
      (ᠳᠦᠷᠪᠡ) ᠬᠠᠮᠳᠤ᠎ᠪᠠᠷ ᠬᠢᠴᠢᠶᠡᠯ ᠪᠡᠯᠡᠳᠬᠡᠬᠦ ᠶᠠᠪᠤᠴᠠ᠎ᠳᠤ ᠰᠢᠨ᠎ᠡ ᠰᠡᠪᠡᠭᠦᠨ ᠰᠤᠳᠤᠯᠭ᠋ᠠᠨ᠎ᠤ ᠰᠡᠳᠦᠪ ᠢᠯᠡᠷᠡᠭᠦᠯᠬᠦ ᠪᠤᠯᠤᠮᠵᠢ ᠶᠡᠭᠡ᠂ ᠲᠤᠰ ᠰᠤᠳᠤᠯᠭ᠋ᠠᠨ᠎ᠤ ᠰᠢᠨᠵᠢᠯᠡᠯ᠎ᠨᠢ ᠨᠡᠩ ᠬᠦᠨᠵᠡᠭᠡᠢ᠂ ᠦᠷ᠎ᠡ ᠳ᠋ᠦᠩ᠎ᠨᠢ ᠨᠡᠩ ᠨᠦᠯᠦᠭᠡ᠎ᠲᠠᠢ᠂ ᠰᠣᠳᠣᠯᠭ᠋ᠠᠨ᠎ᠤ ᠴᠢᠨᠠᠷ ᠵᠶ᠋ᠠᠷ ᠨᠡᠩ ᠴᠢᠩᠭ᠎ᠠ ᠪᠠᠶ᠋ᠢᠳᠠᠭ᠃
      (ᠲᠠᠪᠤ) ᠬᠠᠮᠳᠤ᠎ᠪᠠᠷ ᠬᠢᠴᠢᠶᠡᠯ ᠪᠡᠯᠡᠳᠬᠡᠬᠦ᠎ᠨᠢ ᠬᠢᠴᠢᠶᠡᠯᠯᠡᠭᠡ ᠵᠢᠨ ᠪᠦᠬᠦ ᠲᠠᠯ᠎ᠠ ᠵᠢ ᠡᠵᠡᠮᠰᠢᠬᠦ᠎ᠳᠤ ᠠᠰᠢᠭᠲᠠᠶ ᠮᠥᠷᠲᠡᠭᠡᠨ ᠪᠠᠭᠰᠢ ᠵᠢᠨ ᠬᠢᠴᠢᠶᠡᠯ᠎ᠤᠨ ᠲᠠᠩᠬᠢᠮ᠎ᠳᠤ ᠬᠡᠰᠡᠭ ᠰᠤᠷᠤᠭᠴᠢ ᠵᠢᠨ ᠤᠷᠢᠳᠴᠢᠯᠠᠨ ᠰᠣᠷᠤᠯᠴᠠᠭᠰᠠᠨ᠎ᠠᠴᠠ ᠪᠣᠯᠵᠤ ᠳᠤᠷᠠᠳᠤᠭᠰᠠᠨ ᠠᠰᠠᠭᠤᠳᠠᠯ᠎ᠢ ᠰᠢᠢ᠍ᠳᠪᠦᠷᠢᠯᠡᠬᠦ᠎ᠳᠤ ᠴᠦ᠍ ᠠᠰᠢᠭᠲᠠᠶ ᠶᠤᠮ᠃
      ᠶᠡᠷᠦᠩᠬᠡᠶ᠋ᠢᠯᠡᠬᠡᠳ ᠬᠡᠯᠡᠪᠡᠯ᠂ ᠬᠠᠮᠲᠤ᠎ᠪᠠᠷ ᠰᠠᠶ᠋ᠢᠲᠤᠷ ᠬᠢᠴᠢᠶᠡᠯ ᠪᠡᠯᠡᠳᠬᠡᠬᠦ ᠪᠣᠯ ᠰᠠᠶ᠋ᠢᠨ ᠬᠢᠴᠢᠶᠡᠯ᠎ᠤᠨ ᠤᠷᠢᠲᠠᠯ ᠮᠥᠨ᠃ ᠬᠠᠮᠲᠤ᠎ᠪᠠᠷ ᠬᠢᠴᠢᠶᠡᠯ ᠪᠡᠯᠡᠳᠬᠡᠬᠦ ᠪᠣᠯ ᠳᠠᠷᠤᠶ ᠪᠠᠭᠰᠢ ᠨᠠᠷ ᠬᠢᠴᠢᠶᠡᠯ᠎ᠤᠨ ᠪᠠᠷᠢᠮᠵᠢᠶᠡᠨ᠎ᠤ ᠱᠠᠭ᠋ᠠᠷᠳᠠᠯᠭ᠎ᠠ ᠪᠠ ᠵᠢᠭ᠋ᠠᠬᠤ ᠮᠠᠲ᠋ᠧᠷᠢᠶᠠᠯ᠎ᠤᠨ ᠣᠨᠴᠠᠯᠢᠭ᠎ᠢ ᠦᠨᠳᠦᠰᠦᠯᠡᠨ᠂ ᠰᠣᠷᠤᠭᠴᠢᠳ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠬᠠᠮᠤᠭ᠎ᠤᠨ ᠰᠢᠨᠵᠢᠯᠡᠬᠦ ᠤᠬᠠᠭ᠋ᠠᠨᠴᠢ ᠵᠢᠭ᠋ᠠᠬᠤ ᠠᠷᠭ᠎ᠠ ᠪᠠ ᠵᠢᠷᠤᠮ᠎ᠢ ᠰᠣᠩᠭᠤᠵᠤ᠂ ᠬᠢᠴᠢᠶᠡᠯ᠎ᠤᠨ ᠲᠠᠩᠬᠢᠮ᠎ᠤᠨ ᠰᠢᠯᠢᠳᠡᠭ ᠪᠥᠭᠡᠳ ᠥᠨᠳᠥᠷ ᠪᠦᠲᠦᠮᠵᠢᠲᠡᠶ ᠵᠢᠭ᠋ᠠᠨ ᠰᠤᠷᠭ᠋ᠠᠯᠲᠠ᠎ᠳᠤ ᠭᠦᠢ᠍ᠴᠡᠳ ᠪᠡᠯᠡᠳᠬᠡᠯ ᠬᠢᠬᠦ ᠶᠠᠪᠤᠳᠠᠯ ᠪᠣᠯᠤᠨ᠎ᠠ᠃ ᠬᠠᠮᠲᠤ ᠵᠢᠨ ᠣᠶᠣᠨ ᠤᠬᠠᠭ᠋ᠠᠨ᠎ᠢ ᠭᠦᠢ᠍ᠴᠡᠳ ᠪᠠᠳᠠᠷᠠᠭᠤᠯᠵᠤ᠂ ᠠᠬᠠᠮᠠᠳ ᠪᠠᠭᠰᠢ᠎ᠪᠠᠷ ᠵᠠᠯᠠᠭᠤ ᠪᠠᠭᠰᠢ ᠵᠢ ᠳᠠᠭ᠋ᠠᠭᠤᠯᠵᠤ᠂ ᠵᠠᠯᠠᠭᠤ ᠪᠠᠭᠰᠢ᠎ᠪᠠᠷ ᠠᠬᠠᠮᠠᠳ ᠪᠠᠭᠰᠢ ᠵᠢ ᠠᠬᠢᠭᠤᠯᠵᠤ᠂ ᠣᠯᠠᠨ᠎ᠤ ᠣᠶᠣᠨ ᠤᠬᠠᠭ᠋ᠠᠨ᠎ᠢ ᠲᠥᠪᠯᠡᠷᠡᠭᠦᠯᠵᠦ᠂ ᠣᠯᠠᠨ᠎ᠤ ᠰᠠᠶ᠋ᠢᠨ᠎ᠲᠠᠢ ᠲᠠᠯ᠎ᠠ ᠵᠢ ᠥᠷᠭᠡᠨ ᠵᠶ᠋ᠠᠷ ᠰᠢᠩᠭᠡᠭᠡᠨ ᠠᠪᠴᠤ᠂ ᠠ᠋ᠬᠢ ᠪᠠᠶᠠᠯᠢᠭ᠎ᠢ ᠬᠠᠮᠲᠤ᠎ᠪᠠᠷ ᠠ᠋ᠳ᠋ᠯᠡᠬᠦ ᠵᠢ ᠦᠨᠡᠨ ᠬᠦ᠌ ᠪᠡᠶᠡᠯᠡᠭᠦᠯᠵᠦ᠂ ᠪᠦᠬᠦ ᠪᠠᠭᠰᠢ ᠵᠢ ᠵᠢᠭ᠋ᠠᠬᠤ ᠮᠠᠲ᠋ᠧᠷᠢᠶᠠᠯ᠎ᠢ ᠪᠦᠬᠦᠯᠢ ᠴᠣᠭᠴᠠ᠎ᠠᠴᠠ᠎ᠨᠢ ᠡᠵᠡᠮᠰᠢᠭᠦᠯᠬᠦ ᠵᠢᠨ ᠲᠥᠯᠥᠭᠡ ᠶᠤᠮ᠃
      ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠠᠷᠤ ᠬᠤᠷᠴᠢᠨ ᠬᠤᠰᠢᠭᠤᠨ᠎ᠤ ᠴᠢᠪᠠᠭ᠎ᠠ ᠵᠢᠨ 
                                 ᠬᠤᠶᠠᠳᠤᠭ᠋ᠠᠷ ᠳᠤᠮᠳᠠᠳᠤ ᠰᠤᠷᠭ᠋ᠠᠭᠤᠯᠢ 
                                (ᠮᠦᠨᠭᠭᠦᠨᠴᠢᠮᠡᠭ ᠨᠠᠢ᠍ᠢ᠍ᠷᠠᠭᠤᠯᠪᠠ)

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠭᠧᠷᠮᠠᠨ ᠤᠯᠣᠰ ᠵᠶ᠋ᠠᠷ ᠲᠤᠭᠤᠷᠢᠵᠥ ᠰᠤᠷᠤᠯᠴᠠᠭᠰᠠᠨ ᠬᠠᠷᠢᠭᠤ ᠮᠡᠳᠡᠭᠦᠯᠦᠯᠳᠡ
ᠰᠤᠷᠭ᠋ᠠᠨ ᠭᠦᠮᠦᠵᠢᠯ ᠵᠢᠭ᠋ᠠᠨ ᠰᠤᠷᠭ᠋ᠠᠯᠳᠠ ᠵᠢᠨ ᠠᠨᠭ᠌ᠬᠠᠷᠴᠤ ᠰᠡᠳᠭᠢᠭᠦᠰᠢᠳᠠᠢ ᠣᠴᠢᠷ᠎ᠤᠳ — ᠮᠦᠭᠳᠡᠨ ᠬᠤᠲᠠ ᠵᠢᠨ ᠰᠤᠷᠤᠯᠴᠠᠯᠭ᠎ᠠ ᠵᠢᠨ ᠳᠠᠷᠠᠭ᠋ᠠᠬᠢ ᠲᠦᠷᠦᠭᠳᠠᠯ
《ᠰᠡᠷᠡᠮᠵᠢ ᠵᠢᠨ ᠬᠤᠠᠭ᠌ᠬᠤ》 ᠭᠡᠨ᠎ᠤ ᠲᠥᠯᠤᠭᠡ ᠲᠤᠤᠭ᠋ᠠᠷᠪᠠ
 
             蒙ICP备05000248号