12 ᠰᠠᠷ᠎ᠠ ᠵᠢᠨ 20᠎ᠤ ᠡᠳᠦᠷ᠂ 2025 ᠣᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠬᠥᠯᠥᠨ ᠪᠤᠶ᠋ᠢᠷ ᠬᠤᠲᠠ ᠵᠢᠨ ᠬᠠᠶ᠋ᠢᠯᠠᠷ ᠲᠣᠭᠤᠷᠢᠭ᠎ᠲᠤ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠦ᠍ ᠪᠦᠦ ᠵᠢᠶᠠᠩ ᠬᠤᠷᠠᠯ ᠡᠬᠢᠯᠡᠬᠦ ᠦᠭᠡ ᠬᠡᠯᠡᠭᠰᠡᠨ ᠪᠥᠭᠡᠳ ᠬᠤᠷᠠᠯ ᠡᠬᠢᠯᠡᠭᠰᠡᠨ᠎ᠢ ᠵᠠᠷᠯᠠᠵᠤ᠂ ᠬᠥᠯᠥᠨ ᠪᠤᠶ᠋ᠢᠷ ᠬᠤᠲᠠ ᠵᠢᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠬᠤᠲᠠ ᠵᠢᠨ ᠳᠡᠳ᠋ ᠳᠠᠷᠤᠭ᠎ᠠ ᠸᠧᠨ ᠵᠢᠨ ᠯᠸᠢ ᠤᠭᠲᠤᠬᠤ ᠦᠭᠡ ᠬᠡᠯᠡᠪᠡ᠃ ᠡᠬᠢᠯᠡᠯᠲᠡ ᠵᠢᠨ ᠶᠣᠰᠣᠯᠠᠯ᠎ᠢ ᠬᠥᠯᠥᠨ ᠪᠤᠶ᠋ᠢᠷ ᠬᠤᠳᠠ ᠵᠢᠨ ᠰᠤᠷᠭ᠋ᠠᠨ ᠬᠥᠮᠦᠵᠢᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠶᠠᠩ ᠵᠦᠩ ᠡᠷᠬᠢᠯᠡᠪᠡ᠃

ᠡᠬᠢᠯᠡᠯᠲᠡ ᠵᠢᠨ ᠶᠣᠰᠣᠯᠠᠯ ᠳᠡᠭᠡᠷ᠎ᠡ᠂ 《ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠢᠷᠠᠭᠤ ᠠᠯᠳᠠᠷ᠎ᠢ ᠤᠯᠠᠮᠵᠢᠯᠠᠵᠤ᠂ ᠵᠠᠯᠠᠭᠤ ᠨᠠᠰᠤᠨ᠎ᠤ ᠬᠦᠰᠡᠯ ᠵᠡᠭᠦᠳᠦ᠎ᠪᠠᠨ ᠲᠡᠷᠭᠡᠯᠰᠢᠭᠦᠯᠦᠶ᠎ᠡ》 ᠭᠡᠬᠦ ᠭᠤᠤᠯ ᠰᠡᠳᠦᠪᠲᠦ ᠰᠣᠶᠣᠯ ᠪᠡᠶ᠎ᠡ ᠵᠢᠨ ᠲᠠᠮᠢᠷ᠎ᠤᠨ ᠲᠣᠭᠯᠠᠯᠲᠠ ᠭᠤᠷᠪᠠᠨ ᠪᠦᠯᠦᠭ ᠂ ᠰᠤᠷᠭ᠋ᠠᠭᠤᠯᠢ ᠵᠢᠨ ᠬᠦᠷᠢᠶᠡᠨ᠎ᠤ ᠮᠥᠰᠥ ᠴᠠᠰᠤᠨ ᠲᠠᠮᠢᠷ᠎ᠤᠨ ᠬᠥᠳᠡᠯᠭᠡᠭᠡᠨ᠎ᠤ ᠥᠪᠡᠷᠮᠢᠴᠡ ᠷᠢᠳᠢ ᠰᠢᠳᠢ ᠪᠣᠯᠤᠨ ᠵᠠᠯᠠᠭᠤᠴᠤᠳ ᠪᠠᠭ᠋ᠠᠴᠤᠳ᠎ᠤᠨ ᠠᠮᠢᠵᠢᠷᠠᠯ᠎ᠤᠨ ᠬᠦᠴᠦᠨ᠎ᠢ ᠠᠮᠢᠳᠤᠯᠢᠭ ᠵᠶ᠋ᠠᠷ ᠢᠯᠡᠷᠡᠭᠦᠯᠪᠡ᠃


ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ᠎ᠤᠨ ᠭᠤᠷᠪᠠᠨ ᠱᠠᠲᠤᠨ᠎ᠤ ᠤᠷᠤᠯᠳᠤᠭ᠋ᠠᠨ᠎ᠤ ᠬᠥᠳᠡᠯᠦᠯᠴᠡᠬᠦ ᠲᠣᠭᠲᠠᠴᠠ ᠵᠢ ᠦᠷᠭᠦᠯᠵᠢᠯᠡᠭᠦᠯᠵᠦ᠂ ᠬᠥᠯᠥᠨ ᠪᠤᠶ᠋ᠢᠷ ᠬᠤᠲᠠ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠬᠠᠶ᠋ᠢᠯᠠᠷ ᠲᠣᠭᠤᠷᠢᠭ᠎ᠤᠨ ᠬᠤᠷᠢᠨ ᠬᠤᠶᠠᠳᠤᠭ᠋ᠠᠷ ᠬᠤᠭᠤᠴᠠᠭ᠋ᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠳᠤᠷᠠᠳᠤᠭᠤᠰᠢᠲᠠᠶ᠎ᠨᠢ᠂ ᠤᠳᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ ᠠᠩᠬ᠎ᠠ ᠤᠳᠠᠭ᠎ᠠ ᠥᠪᠥᠷ ᠮᠣᠩᠭᠤᠯ᠎ᠤᠨ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠤ ᠪᠣᠯᠪᠠᠰᠤᠷᠠᠯ᠎ᠤᠨ ᠲᠥᠪ᠎ᠤᠨ ᠲᠦᠷᠭᠡᠨ ᠲᠡᠰᠢᠯᠲᠡ ᠵᠢᠨ ᠣᠷᠳᠣᠨ᠎ᠳᠤ ᠂ ᠮᠠᠨ᠎ᠤ ᠣᠷᠣᠨ᠎ᠤ ᠬᠤᠭᠤᠴᠠᠭ᠎ᠠ ᠪᠦᠷᠢ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠬᠡᠪᠴᠢᠶ᠎ᠡ᠎ᠪᠠᠷ ᠬᠠᠮᠤᠭ᠎ᠤᠨ ᠶᠡᠭᠡ᠂ ᠪᠠᠷᠢᠮᠵᠢᠶ᠎ᠠ᠎ᠪᠠᠷ ᠬᠠᠮᠤᠭ᠎ᠤᠨ ᠥᠨᠳᠥᠷ ᠨᠢᠭᠡ ᠬᠤᠭᠤᠴᠠᠭ᠎ᠠ ᠪᠠᠶ᠋ᠢᠵᠤ᠂ ᠬᠠᠮᠤᠷᠬᠤ ᠬᠡᠪᠴᠢᠶ᠎ᠡ ᠨᠠᠩ ᠥᠷᠭᠡᠨ᠂ ᠣᠷᠣᠯᠴᠠᠬᠤ ᠬᠠᠯᠠᠭᠤᠨ ᠰᠡᠳᠬᠢᠯᠭᠡ ᠨᠠᠩ ᠪᠠᠶ᠋ᠢᠨ᠎ᠠ᠃ ᠤᠷᠤᠯᠳᠤᠭ᠋ᠠᠨ᠎ᠳᠤ ᠲᠦᠷᠭᠡᠨ ᠲᠡᠰᠢᠯᠲᠡ᠂ ᠪᠠ ᠮᠥᠰᠥ ᠴᠠᠰᠤᠨ᠎ᠤ ᠶᠡᠷᠦᠩᠬᠡᠶ᠋ᠢᠯᠡᠭᠰᠡᠨ ᠭᠤᠷᠪᠠᠨ ᠶᠡᠭᠡ ᠲᠥᠷᠥᠯ ᠵᠦᠢ᠍ᠯ᠎ᠢ ᠲᠣᠬᠢᠷᠠᠭᠤᠯᠵᠤ᠂ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠡᠷᠡᠭᠲᠡᠶ ᠵᠢᠨ ᠳᠤᠭᠤᠶ᠋ᠢᠯᠠᠩ᠂ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠡᠮᠡᠭᠲᠡᠶ ᠵᠢᠨ ᠳᠤᠭᠤᠶ᠋ᠢᠯᠠᠩ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠡᠷᠡᠭᠲᠡᠶ ᠵᠢᠨ ᠳᠤᠭᠤᠶ᠋ᠢᠯᠠᠩ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠡᠮᠡᠭᠲᠡᠶ ᠵᠢᠨ ᠳᠤᠭᠤᠶ᠋ᠢᠯᠠᠩ ᠭᠡᠵᠦ ᠳᠥᠷᠪᠡᠨ ᠳᠤᠭᠤᠶ᠋ᠢᠯᠠᠩ ᠂ ᠮᠢᠩᠭ᠎ᠠ ᠰᠢᠬᠠᠮ ᠪᠠᠭᠰᠢ ᠰᠣᠷᠣᠭᠴᠢ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠵᠠᠶ᠃

ᠡᠬᠢᠯᠡᠯᠲᠡ ᠵᠢᠨ ᠶᠣᠰᠣᠯᠠᠯ᠎ᠤᠨ ᠳᠠᠷᠠᠭ᠎ᠠ᠂ ᠡᠯ᠎ᠡ ᠠᠶ᠋ᠢᠮᠠᠭ ᠬᠤᠲᠠ ᠵᠢᠨ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠲᠣᠪᠴᠢᠶᠠᠨ ᠳᠠᠷᠤᠭ᠎ᠠ᠂ ᠰᠠᠯᠠᠭ᠋ᠠᠨ ᠳᠠᠷᠤᠭ᠎ᠠ ᠵᠡᠷᠭᠡ ᠬᠠᠮᠢᠶ᠎ᠠ ᠪᠦᠬᠦᠢ ᠬᠠᠶ᠋ᠢᠯᠠᠷ ᠲᠣᠭᠤᠷᠢᠭ᠎ᠤᠨ ᠬᠡᠰᠡᠭ ᠳᠤᠮᠳᠠᠳᠤ ᠪᠠᠭ᠎ᠠ ᠰᠤᠷᠭ᠋ᠠᠭᠤᠯᠢ᠎ᠳᠤ ᠬᠦᠷᠴᠦ᠂ ᠰᠤᠷᠭ᠋ᠠᠭᠤᠯᠢ ᠵᠢᠨ ᠬᠦᠷᠢᠶᠡᠨ᠎ᠤ ᠮᠥᠰᠥ ᠴᠠᠰᠤᠨ᠎ᠤ ᠠᠵᠢᠯᠯᠠᠭ᠎ᠠ ᠥᠷᠨᠢᠭᠦᠯᠦᠭᠰᠡᠨ ᠪᠠᠶ᠋ᠢᠳᠠᠯ᠎ᠢ ᠲᠤᠬᠠᠶ ᠵᠢᠨ ᠭᠠᠵᠠᠷ ᠲᠣᠭᠤᠷᠢᠨ ᠦᠵᠡᠵᠦ ᠪᠠᠶ᠋ᠢᠴᠠᠭ᠋ᠠᠨ ᠰᠤᠳᠤᠯᠤᠯᠲᠠ ᠬᠢᠵᠦ᠂ ᠲᠤᠬᠠᠶ ᠵᠢᠨ ᠭᠠᠵᠠᠷ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠲᠦᠭᠡᠮᠡᠯᠵᠢᠭᠦᠯᠦᠨ ᠳᠡᠯᠭᠡᠷᠡᠭᠦᠯᠬᠦ ᠰᠤᠷᠭ᠋ᠠᠭᠤᠯᠢ ᠵᠢᠨ ᠬᠦᠷᠢᠶᠡᠨ᠎ᠤ ᠮᠥᠰᠥ ᠴᠠᠰᠤᠨ᠎ᠤ ᠰᠣᠶᠣᠯ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ᠎ᠬᠢ ᠲᠡᠷᠢᠭᠦᠨ᠎ᠤ ᠲᠤᠷᠰᠢᠯᠭ᠎ᠠ ᠵᠢ ᠰᠤᠷᠤᠯᠴᠠᠨ ᠃




ᠦᠵᠡᠭᠦᠯᠭᠡ ᠵᠢᠨ ᠠᠵᠢᠯᠯᠠᠭ᠎ᠠ ᠵᠢᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠥᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯ᠎ᠤᠨ ᠲᠣᠬᠢᠷᠠᠭᠤᠯᠤᠯᠲᠠ ᠵᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃

2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠠᠮᠤᠭ᠎ᠤᠨ ᠡᠴᠦᠰ᠎ᠤᠨ ᠨᠢᠭᠡ ᠵᠦᠢ᠍ᠯ᠎ᠤᠨ ᠴᠢᠬᠤᠯᠠ ᠤᠷᠤᠯᠳᠤᠭ᠋ᠠᠨ ᠪᠣᠯᠤᠭᠰᠠᠨ᠎ᠤ ᠬᠤᠪᠢ᠎ᠳᠤ᠂ ᠲᠣᠰ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠷᠭᠢᠯᠡᠭᠰᠡᠨ᠎ᠨᠢ 2025 ᠣᠨ᠎ᠤ ᠪᠥᠬᠦ ᠣᠷᠣᠨ᠎ᠤ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠲᠡᠭᠦᠰ ᠠᠮᠵᠢᠯᠲᠠ᠎ᠲᠠᠢ ᠲᠡᠭᠦᠰᠦᠭᠰᠡᠨ᠎ᠢ ᠬᠠᠷᠠᠭᠤᠯᠵᠤ ᠃ ᠵᠢᠯ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ ᠪᠠ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢᠨ ᠤᠷᠤᠯᠳᠤᠭ᠋ᠠᠨ᠎ᠤ ᠠᠵᠢᠯᠯᠠᠭ᠎ᠠ 30 ᠤᠳᠠᠭ᠎ᠠ ᠂ ᠪᠠᠭᠰᠢ ᠰᠣᠷᠣᠭᠴᠢ 20000 ᠬᠥᠮᠦᠨ ᠤᠳᠠᠭ᠎ᠠ ᠵᠢ ᠂ ᠰᠤᠷᠤᠭᠴᠢᠳ᠎ᠤᠨ ᠪᠡᠶ᠎ᠡ ᠮᠠᠬᠠᠪᠣᠳ᠎ᠢ ᠲᠥᠯᠥᠪᠯᠡᠭᠡ ᠵᠢᠨ ᠬᠡᠷᠡᠭᠵᠢᠭᠦᠯᠦᠯᠲᠡ ᠵᠢ ᠬᠦᠴᠦᠲᠡᠶ ᠠᠬᠢᠭᠤᠯᠵᠤ᠂ ᠮᠠᠨ᠎ᠤ ᠣᠷᠣᠨ᠎ᠤ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠪᠡ᠃