ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ ᠳᠠᠭ᠋ᠠᠭ᠋ᠠᠴᠢᠯᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠠᠩᠬᠠᠳᠤᠭ᠋ᠠᠷ ᠬᠤᠭᠤᠴᠠᠭ᠋ᠠᠨ᠎ᠤ ᠪᠠᠭᠰᠢ ᠰᠤᠷᠤᠭᠴᠢᠳ᠎ᠤᠨ ᠬᠡᠷᠡᠭᠯᠡᠭᠡᠨ᠎ᠤ ᠴᠢᠳᠠᠪᠤᠷᠢ ᠵᠢᠨ ᠤᠷᠤᠯᠳᠤᠭ᠋ᠠᠨ ᠃ ᠤᠳᠠᠭ᠋ᠠᠨ᠎ᠤ ᠤᠷᠤᠯᠳᠤᠭ᠋ᠠᠨ᠎ᠨᠢ 《 ᠣᠶᠤᠨ + ᠰᠤᠷᠭ᠋ᠠᠨ ᠬᠥᠮᠦᠵᠢᠯ》 ᠰᠤᠷᠭ᠋ᠠᠭᠤᠯᠢ ᠵᠢᠨ ᠬᠦᠷᠢᠶᠡᠨ᠎ᠤ ᠰᠢᠨ᠎ᠡ ᠪᠠᠶ᠋ᠢᠳᠠᠯ ᠭᠤᠤᠯ ᠰᠡᠳᠦᠪ ᠪᠣᠯᠭ᠋ᠠᠵᠤ᠂ ᠤᠯᠤᠰ᠎ᠤᠨ ᠰᠤᠷᠭ᠋ᠠᠨ ᠬᠥᠮᠦᠵᠢᠯ᠎ᠤᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠬᠡᠯᠪᠡᠷᠢ ᠵᠢ ᠭᠦᠨᠵᠡᠭᠡᠶ᠋ᠢᠷᠡᠭᠦᠯᠦᠨ ᠬᠥᠭᠵᠢᠭᠦᠯᠬᠦ ᠵᠢ ᠠᠬᠢᠭᠤᠯᠬᠤ ᠃

ᠤᠷᠤᠯᠳᠤᠭ᠋ᠠᠨ ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠤᠳᠠᠭ᠋ᠠᠨ᠎ᠤ ᠤᠷᠤᠯᠳᠤᠭ᠋ᠠᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠡᠭᠦᠨ᠎ᠢ ᠶᠡᠭᠡ ᠳᠡᠭᠡᠳᠦ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠬᠡᠯᠪᠡᠷᠢ ᠬᠤᠪᠢᠷᠠᠭᠤᠯᠬᠤ ᠵᠢ ᠠᠬᠢᠭᠤᠯᠬᠤ ᠴᠢᠬᠤᠯᠠ ᠭᠠᠷᠳᠠᠴᠠ ᠪᠣᠯᠭ᠋ᠠᠪᠠ᠃ ᠪᠥᠬᠦ ᠣᠷᠣᠨ᠎ᠤ ᠡᠯ᠎ᠡ ᠳᠡᠭᠡᠳᠦ ᠰᠤᠷᠭ᠋ᠠᠭᠤᠯᠢ ᠵᠢᠨ᠎ᠬᠢᠨ ᠢᠳᠡᠪᠬᠢᠲᠡᠢ ᠴᠤᠤᠷᠢᠶᠠᠲᠤᠨ ᠂ ᠢᠳᠡᠪᠬᠢᠲᠡᠢ ᠣᠷᠣᠯᠴᠠᠵᠤ᠂ ᠠᠩᠬᠠᠨ᠎ᠤ ᠤᠷᠤᠯᠳᠤᠭ᠋ᠠᠨ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠬᠤᠶᠠᠳᠠᠬᠢ ᠤᠷᠤᠯᠳᠤᠭ᠋ᠠᠨ ᠵᠢᠴᠢ ᠰᠢᠢ᠍ᠳᠪᠦᠷᠢᠲᠦ ᠤᠷᠤᠯᠳᠤᠭ᠋ᠠᠨ ᠵᠡᠷᠭᠡ ᠣᠯᠠᠨ ᠡᠭᠡᠯᠵᠢ ᠵᠢᠨ ᠬᠤᠷᠴᠠ ᠰᠢᠷᠦᠭᠦᠨ ᠵᠶ᠋ᠠᠷ ᠳᠡᠮᠵᠢᠨ᠂ ᠡᠴᠦᠰ᠎ᠲᠤ ᠨᠢᠭᠡᠳᠦᠭᠡᠷ ᠤᠨ ᠱᠠᠩᠨᠠᠯ᠂ ᠬᠤᠶᠠᠳᠤᠭ᠋ᠠᠷ ᠳᠡᠰ᠎ᠤᠨ ᠱᠠᠩᠨᠠᠯ᠂ ᠭᠤᠷᠪᠠᠳᠤᠭ᠋ᠠᠷ ᠳᠡᠰ᠎ᠤᠨ ᠱᠠᠩᠨᠠᠯ ᠵᠢᠴᠢ ᠰᠢᠯᠢᠳᠡᠭ ᠵᠣᠬᠢᠶᠠᠨ ᠱᠠᠩᠨᠠᠯ᠎ᠢ ᠰᠢᠯᠭ᠋ᠠᠷᠠᠭᠤᠯᠪᠠ᠃ ᠡᠯ᠎ᠡ ᠤᠷᠤᠯᠳᠤᠭ᠋ᠠᠨ᠎ᠳᠤ ᠣᠷᠣᠯᠴᠠᠭᠰᠠᠨ ᠨᠢ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ᠂ ᠥᠪᠡᠷᠮᠢᠴᠡ ᠰᠤᠷᠤᠯᠴᠠᠯᠭ᠎ᠠ᠂ ᠪᠣᠳᠠᠲᠤ ᠪᠣᠯᠪᠠᠰᠤᠷᠠᠯ ᠦᠢ᠍ᠯᠡᠳᠦᠯᠭᠡ᠂ ᠰᠤᠷᠭ᠋ᠠᠨ ᠬᠥᠮᠦᠵᠢᠯ᠎ᠤᠨ ᠬᠠᠮᠢᠶᠠᠷᠤᠯᠲᠠ᠂ ᠡᠬᠢ ᠪᠠᠶᠠᠯᠢᠭ᠎ᠤᠨ ᠪᠠᠶ᠋ᠢᠭᠤᠯᠤᠯᠲᠠ ᠵᠡᠷᠭᠡ ᠭᠤᠣᠯᠯᠠᠭᠴᠢ ᠰᠤᠷᠭ᠋ᠠᠨ ᠬᠥᠮᠦᠵᠢᠯ ᠪᠦᠯᠦᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠨᠠᠷᠲᠠᠢ᠂ ᠵᠢᠭ᠋ᠠᠨ ᠰᠤᠷᠭ᠋ᠠᠯᠲᠠ ᠵᠢᠨ ᠬᠡᠷᠡᠭᠯᠡᠭᠡᠨ᠎ᠤ ᠬᠡᠷᠡᠭᠯᠡᠭᠡᠨ᠎ᠤ ᠴᠢᠨᠠᠷᠲᠠᠢ ᠰᠢᠯᠢᠳᠡᠭ ᠪᠦᠲᠦᠭᠡᠯ ᠂ ᠮᠠᠨ᠎ᠤ ᠣᠷᠣᠨ᠎ᠤ ᠰᠤᠷᠭ᠋ᠠᠭᠤᠯᠢ ᠵᠢᠨ 《 + ᠰᠤᠷᠭ᠋ᠠᠨ ᠬᠥᠮᠦᠵᠢᠯ》᠎ᠤᠨ ᠬᠦᠷᠢᠶᠡᠨ᠎ᠳᠠᠬᠢ ᠰᠦᠪᠡᠭᠴᠢᠯᠡᠯᠲᠡ ᠵᠢᠨ ᠦᠷ᠎ᠡ ᠪᠦᠲᠦᠭᠡᠯ ᠪᠣᠯᠣᠨ ᠪᠠᠭᠰᠢ ᠰᠤᠷᠤᠭᠴᠢᠳ᠎ᠤᠨ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ᠎ᠤᠨ ᠴᠢᠳᠠᠪᠤᠷᠢ ᠵᠢ ᠭᠦᠢ᠍ᠴᠡᠳ ᠃
ᠰᠢᠢ᠍ᠳᠪᠦᠷᠢᠲᠦ ᠤᠷᠤᠯᠳᠤᠭ᠋ᠠᠨ᠎ᠤ ᠲᠠᠯᠠᠪᠠᠢ᠎ᠳᠤ᠂ ᠤᠷᠤᠯᠳᠤᠭ᠋ᠠᠨ᠎ᠳᠤ ᠣᠷᠣᠯᠴᠠᠭᠰᠠᠳ ᠲᠠᠯᠠᠪᠠᠢ ᠵᠢᠨ ᠂ ᠵᠡᠷᠭᠡ ᠬᠡᠯᠪᠡᠷᠢ᠎ᠪᠠᠷ ᠪᠦᠲᠦᠭᠡᠯ᠎ᠤᠨ ᠵᠢᠷᠤᠭ ᠲᠥᠯᠥᠪᠯᠡᠭᠡ ᠵᠢᠨ ᠂ ᠮᠡᠷᠭᠡᠵᠢᠯ᠎ᠤᠨ ᠪᠦᠲᠦᠴᠡ ᠪᠣᠯᠤᠨ ᠬᠡᠷᠡᠭᠯᠡᠭᠡᠨ᠎ᠤ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠳᠡᠯᠭᠡᠨ ᠦᠵᠡᠭᠦᠯᠵᠡᠢ᠃ ᠣᠷᠣᠯᠳᠣᠭ᠋ᠠᠨ ᠣᠷᠣᠨ᠎ᠤ ᠭᠠᠳᠠᠨᠠᠬᠢ ᠣᠶᠤᠨ ᠰᠤᠷᠭ᠋ᠠᠨ ᠬᠥᠮᠦᠵᠢᠯ᠎ᠤᠨ ᠬᠦᠷᠢᠶᠡᠨ᠎ᠤ ᠨᠠᠷᠠᠲᠤ ᠲᠤᠰᠬᠠᠶ ᠮᠡᠷᠭᠡᠵᠢᠯᠲᠡᠨ᠎ᠢ ᠤᠷᠢᠵᠤ ᠬᠢᠨᠠᠨ ᠲᠣᠭᠲᠠᠭ᠋ᠠᠬᠤ ᠪᠦᠯᠬᠦᠮ᠎ᠢ ᠪᠦᠷᠢᠯᠳᠦᠭᠦᠯᠦᠨ᠂ ᠲᠤᠰᠬᠠᠶ ᠮᠡᠷᠭᠡᠵᠢᠯᠲᠡᠳ ᠰᠢᠨ᠎ᠡ ᠵᠢ ᠡᠭᠦᠳᠬᠦ ᠴᠢᠨᠠᠷᠲᠠᠶ᠂ ᠮᠡᠷᠭᠡᠵᠢᠯ᠎ᠤᠨ ᠪᠣᠯᠤᠮᠵᠢᠲᠤ ᠂ ᠰᠤᠷᠭ᠋ᠠᠨ ᠬᠥᠮᠦᠵᠢᠯ᠎ᠤᠨ ᠬᠡᠷᠡᠭᠯᠡᠭᠡᠨ᠎ᠤ ᠦᠨ᠎ᠡ ᠥᠷᠲᠡᠭ᠂ ᠦᠵᠡᠭᠦᠯᠦᠭᠰᠡᠨ ᠦᠷ᠎ᠡ ᠪᠦᠲᠦᠮᠵᠢ ᠵᠡᠷᠭᠡ ᠣᠯᠠᠨ ᠲᠠᠯ᠎ᠠ᠎ᠠᠴᠠ ᠲᠤᠰᠬᠠᠶ ᠮᠡᠷᠭᠡᠵᠢᠯ ᠬᠢᠨᠠᠨ ᠂ ᠤᠷᠤᠯᠳᠤᠭ᠋ᠠᠨ᠎ᠳᠤ ᠣᠷᠣᠯᠴᠠᠭᠰᠠᠨ ᠪᠦᠲᠦᠭᠡᠯ᠎ᠤᠨ ᠬᠢᠯᠠᠰ ᠴᠡᠭ᠎ᠢ ᠭᠦᠢ᠍ᠴᠡᠳ ᠨᠤᠲᠠᠯᠠᠭᠰᠠᠨ ᠪᠥᠭᠡᠳ ᠦᠷᠭᠦᠯᠵᠢᠯᠡᠨ ᠰᠢᠯᠢᠳᠡᠭᠵᠢᠭᠦᠯᠬᠦ ᠪᠠ ᠪᠣᠳᠠᠲᠠᠶ᠋ᠢᠵᠢᠭᠤᠯᠤᠨ ᠬᠡᠷᠡᠭᠯᠡᠬᠦ᠎ᠳᠤ ᠬᠠᠨᠳᠤᠯᠭ᠋ᠠᠲᠤ ᠴᠢᠨᠠᠷᠲᠠᠶ ᠰᠠᠨᠠᠭᠤᠯᠭ᠎ᠠ ᠬᠠᠩᠭ᠋ᠠᠭᠰᠠᠨ ᠪᠠᠶ᠋ᠢᠨ᠎ᠠ᠃



ᠤᠳᠠᠭ᠋ᠠᠨ᠎ᠤ ᠤᠷᠤᠯᠳᠤᠭ᠋ᠠᠨ᠎ᠨᠢ ᠮᠠᠨ᠎ᠤ ᠣᠷᠣᠨ᠎ᠤ ᠶᠡᠭᠡ ᠳᠡᠭᠡᠳᠦ ᠰᠤᠷᠭ᠋ᠠᠭᠤᠯᠢ ᠵᠢᠨ 《 + ᠰᠤᠷᠭ᠋ᠠᠨ ᠬᠥᠮᠦᠵᠢᠯ》 ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠨᠢᠭᠡ ᠤᠳᠠᠭ᠎ᠠ ᠲᠥᠪᠯᠡᠷᠡᠭᠦᠯᠦᠨ ᠰᠢᠯᠭ᠋ᠠᠨ ᠦᠵᠡᠵᠦ᠂ ᠨᠠᠩ ᠴᠤ᠌《ᠤᠷᠤᠯᠳᠤᠭ᠋ᠠᠨ ᠵᠶ᠋ᠠᠷ ᠰᠤᠷᠭ᠋ᠠᠨ ᠬᠥᠮᠦᠵᠢᠯ᠎ᠢ ᠠᠬᠢᠭᠤᠯᠬᠤ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠬᠤ᠂ ᠤᠷᠤᠯᠳᠤᠭ᠋ᠠᠨ ᠵᠶ᠋ᠠᠷ ᠬᠡᠷᠡᠭᠯᠡᠯᠲᠡ ᠵᠢ ᠠᠬᠢᠭᠤᠯᠬᠤ》 ᠵᠠᠭᠪᠤᠷ ᠵᠶ᠋ᠠᠷ ᠳᠠᠮᠵᠢᠭᠤᠯᠤᠨ᠂ ᠪᠥᠬᠦ ᠣᠷᠣᠨ᠎ᠤ ᠶᠡᠭᠡ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠬᠠᠯᠠᠭᠤᠨ ᠰᠡᠳᠬᠢᠯᠭᠡ ᠵᠢ ᠪᠦᠲᠦᠮᠵᠢᠲᠡᠶ ᠬᠥᠭᠵᠢᠭᠡᠵᠦ᠂ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠬᠠᠮᠲᠤ ᠪᠠᠶ᠋ᠢᠭᠤᠯᠤᠨ ᠬᠠᠮᠲᠤ ᠡᠳ᠋ᠯᠡᠬᠦ᠂ ᠪᠠᠭᠰᠢ ᠵᠢᠨ ᠡᠩᠨᠡᠭᠡᠨ᠎ᠤ ᠲᠤᠰᠬᠠᠶ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠠ ᠴᠢᠳᠠᠪᠤᠷᠢᠲᠠᠨ᠎ᠢ ᠬᠥᠮᠦᠵᠢᠭᠦᠯᠬᠦ ᠴᠢᠨᠠᠷ ᠲᠠᠰ ᠳᠡᠪᠰᠢᠭᠦᠯᠬᠦ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃
ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠤᠳᠠᠭ᠋ᠠᠨ᠎ᠤ ᠤᠷᠤᠯᠳᠤᠭ᠋ᠠᠨ ᠵᠶ᠋ᠠᠷ ᠠᠵᠠ ᠲᠣᠬᠢᠶᠠᠯ ᠪᠣᠯᠭ᠋ᠠᠵᠤ᠂ ᠤᠷᠤᠯᠳᠤᠭ᠋ᠠᠨ᠎ᠤ ᠰᠢᠯᠢᠳᠡᠭ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠨᠡᠶ᠋ᠢᠲᠡᠯᠢᠭ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠵᠦ᠂ ᠰᠤᠷᠭ᠋ᠠᠨ ᠬᠥᠮᠦᠵᠢᠯ᠎ᠤᠨ ᠭᠦᠨᠵᠡᠭᠡᠶ ᠦᠷᠭᠦᠯᠵᠢᠯᠡᠨ ᠭᠦᠨᠵᠡᠭᠡᠶ᠋ᠢᠷᠡᠭᠦᠯᠵᠦ᠂ ᠥᠪᠥᠷ ᠮᠣᠩᠭᠤᠯ᠎ᠤᠨ ᠣᠨᠴᠠᠯᠢᠭ᠎ᠲᠠᠢ ᠣᠶᠤᠨᠴᠢ ᠰᠤᠷᠭ᠋ᠠᠨ ᠬᠥᠮᠦᠵᠢᠯ᠎ᠤᠨ ᠰᠢᠨ᠎ᠡ ᠠᠮᠢ ᠠᠬᠤᠶ ᠵᠢ ᠬᠦᠴᠦᠯᠡᠨ ᠪᠠᠶ᠋ᠢᠭᠤᠯᠤᠨ᠎ᠠ᠃ ᠡᠭᠦᠨ᠎ᠤ ᠬᠠᠮᠲᠤ᠂ ᠡᠯ᠎ᠡ ᠰᠤᠷᠭ᠋ᠠᠭᠤᠯᠢ ᠵᠢᠨ 《 ᠣᠶᠤᠨ》 ᠰᠢᠨᠵᠢᠯᠡᠭᠡᠨ᠎ᠤ ᠰᠠᠯᠠᠭ᠎ᠠ ᠰᠣᠯᠪᠢᠴᠠᠭᠰᠠᠨ ᠴᠢᠳᠠᠪᠤᠷᠢᠲᠠᠨ ᠬᠥᠮᠦᠵᠢᠭᠦᠯᠬᠦ ᠰᠢᠨ᠎ᠡ ᠵᠠᠭᠪᠤᠷ᠎ᠢ ᠢᠳᠡᠪᠬᠢᠲᠡᠶ ᠰᠦᠪᠡᠭᠴᠢᠯᠡᠬᠦ ᠵᠢ ᠵᠣᠷᠢᠭᠵᠢᠭᠤᠯᠵᠤ᠂ ᠮᠠᠨ᠎ᠤ ᠣᠷᠣᠨ᠎ᠤ ᠰᠤᠷᠭ᠋ᠠᠨ ᠬᠥᠮᠦᠵᠢᠯ᠎ᠤᠨ ᠬᠥᠭᠵᠢᠯᠲᠡ ᠰᠤᠷᠭ᠋ᠠᠨ ᠬᠥᠮᠦᠵᠢᠯ᠎ᠤᠨ ᠬᠦᠴᠦᠷᠬᠡᠭ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃

