ᠳᠤᠮᠳᠠᠳᠤ ᠪᠠᠭ᠎ᠠ ᠰᠤᠷᠭᠠᠭᠤᠯᠢ ᠶᠢᠨ ᠣᠨᠴᠠ ᠳᠡᠰ ᠤᠨ ᠪᠠᠭᠰᠢ ᠶᠢ ᠰᠢᠯᠭᠠᠷᠠᠭᠤᠯᠬᠤ
ᠨᠡᠶᠢᠲᠡᠯᠡᠭᠰᠡᠨ ᠴᠠᠭ᠄
2018/11/8
     ᠡᠷᠬᠡ ᠶᠢᠨ ᠨᠡᠷᠡᠶᠢᠳᠦᠯ᠄ ᠳᠤᠮᠳᠠᠳᠤ ᠪᠠᠭ᠎ᠠ ᠰᠤᠷᠭᠠᠭᠤᠯᠢ ᠶᠢᠨ ᠣᠨᠴᠠ ᠳᠡᠰ ᠤᠨ ᠪᠠᠭᠰᠢ ᠶᠢ ᠰᠢᠯᠭᠠᠷᠠᠭᠤᠯᠬᠤ     ᠡᠷᠬᠡ ᠶᠢᠨ ᠲᠥᠷᠥᠯ ᠵᠦᠢᠯ᠄ ᠵᠠᠰᠠᠭ ᠵᠠᠬᠢᠷᠭᠠᠨ ᠤ ᠬᠥᠬᠢᠭᠦᠯᠦᠯ      ᠬᠠᠷᠢᠭᠤᠴᠠᠯᠭ᠎ᠠ ᠶᠢᠨ ᠪᠡᠶᠡᠴᠢ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ     ᠲᠦᠯᠦᠪᠯᠡᠨ ᠲᠣᠭᠲᠠᠭᠠᠬᠤ ᠦᠨᠳᠦᠰᠦᠯᠡᠯ᠄ ᠤᠯᠤᠰ ᠤᠨ ᠰᠤᠷᠭᠠᠨ ᠬᠥᠮᠦᠵᠢᠯ ᠤᠨ ᠵᠦᠪᠯᠡᠯ᠂ ᠬᠦᠮᠦᠨ ᠤ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ︽︿ᠣᠨᠴᠠ ᠳᠡᠰ ᠤᠨ ᠪᠠᠭᠰᠢ ᠶᠢ ᠰᠢᠯᠭᠠᠷᠠᠭᠤᠯᠬᠤ ᠲᠣᠭᠲᠠᠭᠠᠯ﹀ ᠢ ᠲᠠᠷᠬᠠᠭᠠᠬᠤ ᠲᠣᠬᠠᠢ ᠮᠡᠳᠡᠭᠳᠡᠯ︾ ︵ᠰᠤᠷᠭᠠᠨ ᠬᠥᠮᠦᠨ ﹇1993﹈ 38 ᠳ᠋ᠤᠭᠠᠷ ᠲᠣᠭᠠᠲᠤ︶      ᠬᠠᠷᠢᠭᠤᠴᠠᠯᠭ᠎ᠠ ᠶᠢᠨ ᠵᠥᠢᠯ᠄      1 . ᠪᠡᠯᠡᠳᠬᠡᠯ ᠱᠠᠲᠤᠨ ᠳᠤ ᠬᠢ ᠬᠠᠷᠢᠭᠤᠴᠠᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠦᠯᠵᠢᠶ᠎ᠡ ᠪᠠᠷ ᠳᠠᠮᠵᠢᠭᠤᠯᠤᠨ᠂ ᠲᠣᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠨᠴᠠ ᠳᠡᠰ ᠤᠨ ᠪᠠᠭᠰᠢ ᠶᠢ ᠰᠢᠯᠭᠠᠷᠠᠭᠤᠯᠬᠤ ᠠᠵᠢᠯ ᠤᠨ ᠡᠬᠢᠯᠡᠵᠦ ᠳᠠᠭᠤᠰᠬᠤ ᠡᠳᠦᠷ ᠬᠤᠭᠤᠴᠠᠭ᠎ᠠ ᠪᠠ ᠠᠵᠢᠯ ᠤᠨ ᠳᠤᠬᠢᠷᠠᠭᠤᠯᠤᠯᠳᠠ ᠶᠢ ᠨᠡᠶᠢᠲᠡᠯᠡᠨ᠎ᠡ᠃      2. ᠬᠢᠨᠠᠨ ᠪᠠᠶᠢᠴᠠᠭᠠᠬᠤ ᠱᠠᠲᠤᠨ ᠳᠤ ᠬᠢ ᠬᠠᠷᠢᠭᠤᠴᠠᠯᠭ᠎ᠠ᠄ ᠮᠡᠳᠡᠭᠦᠯᠦᠨ ᠳᠡᠪᠰᠢᠭᠦᠯᠦᠭᠰᠡᠨ ᠬᠦᠮᠦᠨ ᠤ ᠬᠢᠷᠢ ᠬᠡᠮ ᠢ ᠬᠢᠨᠠᠨ ᠬᠠᠷᠭᠤᠭᠤᠯᠬᠤ ᠬᠡᠷᠡᠭᠲᠡᠶ᠃ ᠬᠢᠷᠢ ᠬᠡᠮ ᠤᠨ ᠬᠢᠨᠠᠯᠲᠠ ᠳᠤ ᠬᠢᠷᠢ ᠬᠦᠷᠦᠭᠰᠡᠳ ᠤᠨ ᠮᠡᠳᠡᠭᠦᠯᠦᠭᠰᠡᠨ ᠮᠠᠲ᠋ᠧᠷᠢᠶᠠᠯ ᠢ  ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠳᠤᠭᠤᠶᠢᠯᠠᠩ ᠬᠢᠨᠠᠨ ᠲᠣᠭᠲᠠᠭᠠᠨ᠎ᠠ᠃      3 . ᠨᠡᠶᠢᠲᠡᠯᠡᠬᠦ᠂ ᠮᠡᠳᠡᠭᠡᠯᠡᠬᠦ ᠱᠠᠲᠤᠨ ᠳᠤ ᠬᠢ ᠬᠠᠷᠢᠭᠤᠴᠠᠯᠭ᠎ᠠ᠄ ᠬᠢᠨᠠᠨ ᠲᠣᠭᠲᠠᠭᠠᠬᠤ ᠺᠣᠮᠢᠰ ᠠᠴᠠ ᠬᠢᠨᠠᠨ ᠲᠣᠭᠲᠠᠭᠠᠬᠤ ᠳᠤᠭᠤᠶᠢᠯᠠᠩ ᠤᠨ ᠳᠤᠷᠠᠳᠤᠭᠰᠠᠨ ᠵᠢᠱᠢᠭᠳᠡᠭᠴᠢ ᠪᠠᠭᠰᠢ ᠤᠨ ᠨᠡᠷᠡᠰ ᠢ ᠬᠢᠨᠠᠨ ᠰᠢᠯᠭᠠᠷᠠᠭᠤᠯᠵᠤ᠂ ᠱᠠᠩᠨᠠᠨ ᠬᠥᠬᠢᠭᠦᠯᠬᠦ ᠪᠠᠭᠰᠢ ᠨᠠᠷ ᠤᠨ ᠨᠡᠷᠡᠰ ᠢ ᠲᠣᠭᠲᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠦᠯᠵᠢᠶᠡᠨ ᠳᠡᠭᠡᠷ᠎ᠡ ᠨᠡᠶᠢᠲᠡᠯᠡᠨ᠎ᠡ᠃ ᠨᠡᠶᠢᠲᠡᠯᠡᠵᠦ ᠥᠩᠭᠡᠷᠡᠭᠰᠡᠨ ᠱᠠᠩᠨᠠᠨ ᠬᠥᠬᠢᠭᠦᠯᠬᠦ ᠪᠠᠭᠰᠢ ᠨᠠᠷ ᠤᠨ ᠨᠡᠷᠡᠰ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠮᠡᠳᠡᠭᠦᠯᠦᠨ ᠵᠥᠪᠰᠢᠶᠡᠷᠡᠭᠦᠯᠦᠨ᠎ᠡ᠃      4 . ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠄  ᠬᠤᠶᠢᠰᠢᠳᠠ ᠶᠢᠨ ᠶᠠᠪᠤᠴᠠ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ  ᠃      5 . ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠭᠦᠢᠴᠡᠳᠭᠡᠬᠦ ᠶᠣᠰᠣᠲᠠᠢ ᠬᠠᠷᠢᠭᠤᠴᠠᠯᠭ᠎ᠠ ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠲᠠ᠄ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠶᠢᠨ ᠶᠢᠰᠦᠳᠦᠭᠡᠷ ᠪᠦᠯᠦᠭ ᠤᠨ ᠲᠠᠪᠢᠨ ᠭᠤᠷᠪᠠᠳᠤᠭᠠᠷ  ᠵᠥᠢᠯ        ︵ᠨᠢᠭᠡ︶ ᠤᠯᠤᠰ ᠤᠨ ᠨᠡᠷ᠎ᠡ ᠲᠦᠷᠦ ᠲᠠᠢ ᠬᠠᠯᠳᠠᠭᠰᠠᠨ ᠴᠣᠣᠷᠬᠠᠯ ᠲᠠᠷᠬᠠᠭᠠᠵᠤ᠂ ᠤᠯᠤᠰ ᠢ ᠡᠰᠡᠷᠭᠦᠴᠡᠬᠦ ᠵᠤᠷᠢᠯᠭ᠎ᠠ ᠲᠠᠢ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠭᠦ ᠵᠡᠷᠬᠡ ᠠᠵᠢᠯᠯᠠᠭ᠎ᠠ ᠶᠢ ᠵᠤᠬᠢᠶᠠᠨ ᠪᠠᠶᠢᠭᠤᠯᠬᠤ ᠪᠤᠶᠤ ᠲᠡᠭᠦᠨ ᠳᠤ ᠣᠷᠤᠯᠴᠠᠭᠰᠠᠨ︔      ︵ᠬᠤᠶᠠᠷ︶ ᠬᠠᠤᠯᠢ ᠪᠤᠰᠤ ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠬᠤ ᠪᠤᠶᠤ ᠲᠡᠭᠦᠨ ᠳᠤ ᠣᠷᠤᠯᠴᠠᠬᠤ᠂ ᠠᠵᠢᠯ ᠬᠠᠶᠠᠯᠳᠠ ᠶᠢ ᠵᠤᠬᠢᠶᠠᠨ ᠪᠠᠶᠢᠭᠤᠯᠬᠤ ᠪᠤᠶᠤ ᠲᠡᠭᠦᠨ ᠳᠤ ᠣᠷᠤᠯᠴᠠᠭᠰᠠᠨ︔      ︵ᠭᠤᠷᠪᠠ︶ ᠠᠯᠪᠠᠨ ᠲᠤᠰᠢᠶᠠᠯ ᠳᠤ ᠠᠯᠮᠠᠶᠢᠷᠠᠨ ᠣᠰᠣᠯᠳᠣᠵᠣ᠂ ᠠᠵᠢᠯ ᠶᠠᠪᠤᠳᠠᠯ ᠢ ᠰᠠᠭᠠᠲᠠᠭᠰᠠᠨ︔      ︵ᠲᠦᠷᠪᠡ︶ ᠲᠡᠭᠡᠳᠦ ᠱᠠᠳᠣᠨ ᠤ ᠬᠠᠤᠯᠢ ᠶᠤᠰᠤᠭᠠᠷ ᠲᠤᠭᠳᠠᠭᠠᠭᠰᠠᠨ ᠲᠤᠭᠳᠠᠭᠠᠯ ᠪᠠ ᠵᠢᠭᠠᠪᠤᠷᠢ ᠶᠢ ᠭᠡᠷᠡᠭᠵᠢᠭᠦᠯᠬᠦ ᠶᠢ  ᠲᠡᠪᠴᠢᠭᠰᠡᠨ︔      ︵ᠲᠠᠪᠤ︶ ᠰᠢᠭᠦᠮᠵᠢᠯᠡᠯ ᠢ ᠡᠰᠡᠷᠭᠦᠴᠡᠵᠦ᠂ ᠴᠣᠬᠢᠯᠳᠠ ᠦᠭᠴᠦ ᠬᠠᠷᠢᠭᠤ ᠠᠪᠤᠭᠰᠠᠨ  ︔      ︵ᠵᠢᠷᠭᠤᠭ᠎ᠠ︶ ᠤᠪ ᠮᠡᠭᠡ ᠭᠠᠷᠭᠠᠵᠤ  ᠂ ᠤᠳᠤᠷᠢᠳᠤᠯᠭ᠎ᠠ ᠪᠠ ᠤᠯᠠᠨ ᠲᠦᠮᠡᠨ ᠢ ᠪᠤᠷᠤᠭᠤ ᠪᠠᠷ ᠬᠦᠲᠦᠯᠦᠭᠰᠡᠨ ᠪᠡ ᠮᠡᠬᠡᠯᠡᠭᠰᠡᠨ︔      ︵ᠲᠤᠯᠤᠭ᠎ᠠ︶  ᠱᠠᠮᠰᠢᠨ ᠪᠦᠷᠢᠯᠭᠡᠵᠦ᠂ ᠭᠡᠭᠡᠯᠢ ᠬᠠᠭ᠋ᠤᠤᠯᠢ ᠲᠦᠯᠬᠢᠨ᠂  ᠬᠡᠬᠡᠯᠢ ᠬᠠᠭ᠋ᠤᠤᠯᠢ ᠢᠳᠡᠵᠦ᠂ ᠲᠤᠰᠢᠶᠠᠯ ᠢᠶᠠᠨ ᠠᠰᠢᠭᠯᠠᠨ ᠬᠤᠪᠢᠨ ᠳᠤ ᠪᠠᠨ ᠪᠤᠶᠤ ᠪᠤᠰᠤᠳ ᠲᠤ ᠠᠰᠢᠭ ᠬᠤᠨᠵᠢᠶ᠎ᠡ ᠣᠯᠭᠤᠬᠤ ᠶᠢ ᠬᠦᠭᠡᠭᠡᠴᠡᠯᠳᠦᠭᠰᠡᠨ︔      ︵ᠨᠠᠢᠮᠠ︶ ᠡᠳ᠋ ᠤᠨ ᠵᠠᠰᠠᠭ ᠤᠨ ᠰᠠᠬᠢᠯᠭ᠎ᠠ ᠪᠠᠳᠣ ᠶᠢ ᠵᠦᠷᠢᠴᠡᠵᠦ᠂ ᠤᠯᠤᠰ ᠤᠨ ᠡᠳ᠋ ᠮᠦᠩᠬᠦ ᠶᠢ ᠪᠦᠷᠢᠯᠭᠡᠭᠰᠡᠨ︔      ︵ᠶᠢᠰᠦ︶ ᠡᠷᠭᠡ ᠲᠤᠰᠢᠶᠠᠯ ᠢᠶᠠᠨ ᠲᠤᠷ᠎ᠠ ᠪᠠᠷ ᠭᠡᠷᠡᠭᠯᠡᠨ ᠡᠷᠭᠡᠳᠦ ᠠᠷᠠᠳ᠂ ᠬᠠᠤᠯᠢ ᠶᠢᠨ ᠡᠷᠬᠡᠲᠡᠨ ᠪᠤᠶᠤ  ᠪᠤᠰᠤᠳ ᠵᠤᠬᠢᠶᠠᠨ ᠪᠠᠶᠢᠭᠤᠯᠤᠯᠳᠠ ᠶᠢᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠭᠰᠠᠨ︔      ︵ᠠᠷᠪᠠ︶ ᠣᠯᠣᠰ ᠤᠨ ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠤᠭᠰᠠᠨ︔      ︵ᠠᠷᠪᠠᠨ ᠨᠢᠭᠡ︶ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠳᠤ ᠤᠯᠤᠰ ᠤᠨ ᠨᠡᠷ᠎ᠡ ᠲᠦᠷᠦ ᠪᠠ  ᠠᠰᠢᠭ ᠲᠤᠰᠠ ᠶᠢ ᠬᠤᠬᠢᠷᠠᠭᠤᠯᠤᠭᠰᠠᠨ︔      ︵ᠠᠷᠪᠠᠨ ᠬᠤᠶᠠᠷ︶ ᠱᠠᠯᠢᠭ ᠵᠠᠪᠬᠠᠢ᠂ ᠬᠤᠤᠷ ᠲᠠᠳᠠᠬᠤ᠂ ᠵᠤᠭᠤᠰ ᠮᠦᠷᠦ᠋ᠢᠴᠡᠬᠦ᠂ ᠮᠤᠬᠤᠷ ᠰᠦᠰᠦᠭ ᠵᠡᠷᠭᠡ ᠠᠵᠢᠯᠯᠠᠭ᠎ᠠ ᠳᠤ ᠣᠷᠤᠯᠴᠠᠭᠰᠠᠨ ᠪᠤᠶᠤ ᠲᠡᠭᠦᠨ ᠢ ᠳᠡᠮᠵᠢᠭᠰᠡᠨ︔      ︵ᠠᠷᠪᠠᠨ ᠭᠤᠷᠪᠠ︶ ᠠᠵᠢᠯ ᠤᠨ ᠶᠤᠰᠤ ᠮᠤᠷᠠᠯ᠂ ᠨᠡᠶᠢᠭᠡᠮ ᠨᠡᠶᠢᠳᠡ ᠶᠢᠨ ᠶᠤᠰᠤ ᠰᠤᠷᠳᠠᠬᠤᠨ ᠠᠴᠠ ᠵᠦᠷᠢᠴᠡᠭᠰᠡᠨ︔      ︵ᠠᠷᠪᠠᠨ ᠲᠦᠷᠪᠡ︶ ᠠᠰᠢᠭ ᠬᠤᠨᠵᠢᠪᠤᠷᠢ ᠶᠢᠨ ᠴᠢᠨᠡᠷᠳᠡᠢ ᠠᠵᠢᠯᠯᠠᠭᠠᠨ ᠶᠢ ᠡᠷᠬᠢᠯᠡᠬᠦ ᠪᠤᠶᠤ ᠣᠷᠤᠯᠴᠠᠵᠤ᠂ ᠠᠵᠤ ᠠᠬᠤᠶᠢᠯᠠᠯ ᠪᠤᠶᠤ ᠪᠤᠰᠤᠳ ᠠᠰᠢᠭ ᠬᠤᠨᠵᠢᠪᠤᠷᠢ ᠶᠢᠨ ᠴᠢᠨᠡᠷᠳᠡᠢ ᠵᠤᠬᠢᠶᠠᠨ ᠪᠠᠶᠢᠭᠤᠯᠤᠯᠳᠠ ᠳᠤ ᠲᠤᠰᠢᠶᠠᠯ ᠬᠠᠪᠰᠣᠷᠭᠠᠨ ᠡᠭᠦᠷᠭᠡᠯᠡᠭᠰᠡᠨ︔      ︵ᠠᠷᠪᠠᠨ ᠲᠠᠪᠤ︶ ᠠᠵᠢᠯ ᠰᠠᠭᠠᠳᠠᠭᠰᠠᠨ ᠪᠤᠶᠤ ᠠᠯᠪᠠᠨ ᠭᠡᠷᠡᠭ ᠢᠶᠠᠷ ᠭᠠᠳᠠᠭᠰᠢ ᠭᠠᠷᠬᠤ᠂ ᠴᠢᠯᠦᠭᠡ ᠭᠤᠶᠤᠭᠰᠠᠨ ᠬᠤᠭᠤᠴᠠᠭ᠎ᠠ ᠨᠢ ᠲᠤᠯᠤᠭᠰᠠᠨ ᠪᠠᠶᠢᠬᠤ ᠳᠤ ᠵᠦᠢ ᠶᠤᠰᠤᠨ ᠤ ᠤᠴᠢᠷ ᠰᠢᠯᠳᠠᠭᠠᠨ ᠦᠭᠡᠢ ᠪᠠᠷ ᠲᠤᠭᠳᠠᠭᠰᠠᠨ ᠬᠤᠭᠤᠴᠠᠭᠠᠨ ᠳᠤ ᠪᠠᠨ ᠦᠯᠦ ᠪᠤᠴᠠᠭᠰᠠᠳ︔      ︵ᠠᠷᠪᠠᠨ ᠵᠢᠷᠭᠤᠭ᠎ᠠ︶ ᠰᠠᠬᠢᠯᠭ᠎ᠠ ᠪᠠᠳᠣ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃      ᠵᠡᠬᠦᠯᠳᠠ᠄
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号