ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠬᠥᠭᠵᠢᠯᠲᠡ ᠶᠢᠨ ᠲᠥᠯᠥᠪᠯᠡᠭᠡ ᠶᠢ ᠮᠠᠭᠠᠳᠯᠠᠨ ᠲᠣᠭᠲᠠᠭᠠᠬᠤ
ᠨᠡᠶᠢᠲᠡᠯᠡᠭᠰᠡᠨ ᠴᠠᠭ᠄
2018/11/8
     ᠡᠷᠬᠡ ᠶᠢᠨ ᠨᠡᠷᠡᠶᠢᠳᠦᠯ᠄ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠬᠥᠭᠵᠢᠯᠲᠡ ᠶᠢᠨ ᠲᠥᠯᠥᠪᠯᠡᠭᠡ ᠶᠢ ᠮᠠᠭᠠᠳᠯᠠᠨ ᠲᠣᠭᠲᠠᠭᠠᠬᠤ      ᠡᠷᠬᠡ ᠶᠢᠨ ᠲᠥᠷᠥᠯ ᠵᠦᠢᠯ᠄ ᠵᠠᠰᠠᠭ ᠵᠠᠬᠢᠷᠭᠠᠨ ᠤ ᠨᠤᠲᠠᠯᠠᠯ      ᠬᠠᠷᠢᠭᠤᠴᠠᠯᠭ᠎ᠠ ᠶᠢᠨ ᠪᠡᠶᠡᠴᠢ ᠴᠣᠭᠴᠠ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ      ᠲᠦᠯᠦᠪᠯᠡᠨ ᠲᠣᠭᠲᠠᠭᠠᠬᠤ ᠦᠨᠳᠦᠰᠦᠯᠡᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠬᠥᠭᠵᠢᠯᠲᠡ ᠶᠢᠨ ᠲᠥᠯᠥᠪᠯᠡᠭᠡ  ᠶᠢ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ︶︾ ᠥᠪᠥᠷ ᠰᠤᠷᠭᠠᠨ ᠲᠠᠷᠬᠠᠭᠠᠭᠰᠠᠨ ﹇2011﹈ 42 ᠳ᠋ᠤᠭᠠᠷ ᠲᠣᠭᠠᠲᠤ ᠪᠢᠴᠢᠭ ᠮᠠᠲ᠋ᠧᠷᠢᠶᠠᠯ     ᠬᠠᠷᠢᠭᠤᠴᠠᠯᠭ᠎ᠠ ᠶᠢᠨ ᠵᠥᠢᠯ      1 . ᠪᠡᠯᠡᠳᠬᠡᠯ ᠤᠨ ᠱᠠᠲᠤ᠄  ᠭᠤᠶᠤᠴᠢᠯᠠᠭᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠬᠥᠭᠵᠢᠯᠲᠡ ᠶᠢᠨ ᠲᠥᠯᠥᠪᠯᠡᠭᠡ  ᠶᠢᠨ ᠭᠤᠶᠤᠴᠢᠯᠠᠯ  ᠤᠨ ᠪᠢᠴᠢᠭ︾ ᠢ ᠲᠠᠭᠯᠠᠨ ᠪᠢᠴᠢᠬᠦ ᠶᠢᠨ ᠬᠠᠮᠲᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠳᠠᠭᠠᠯᠳᠤᠭᠤᠯᠤᠨ᠎ᠠ᠃ ᠲᠣᠬᠠᠢ ᠶᠢᠨ ᠰᠤᠷᠭᠠᠭᠤᠯᠢ ᠠᠴᠠ ᠬᠢᠴᠢᠶᠡᠯ ᠲᠦᠷᠦᠯ ᠰᠢᠨᠵᠢᠯᠡᠭᠡᠨ ᠤ ᠬᠥᠭᠵᠢᠯᠲᠡ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠰᠢᠯᠢᠨ ᠰᠣᠩᠭᠤᠬᠤ ᠪᠠ ᠪᠢᠴᠢᠭ ᠮᠠᠲ᠋ᠧᠷᠢᠶᠠᠯ ᠢ ᠮᠡᠳᠡᠭᠦᠯᠦᠨ ᠬᠦᠷᠭᠡᠬᠦ ᠠᠵᠢᠯ ᠢ ᠵᠣᠬᠢᠶᠠᠨ ᠪᠠᠶᠢᠭᠤᠯᠵᠤ ᠦᠷᠨᠢᠭᠦᠯᠬᠦ ᠬᠡᠷᠡᠭᠲᠡᠢ᠃      2 . ᠬᠢᠨᠠᠨ ᠬᠠᠷᠭᠤᠭᠤᠯᠬᠤ ᠱᠠᠲᠤ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ   ᠠᠴᠠ ᠮᠡᠳᠡᠭᠦᠯᠦᠭᠰᠡᠨ ᠪᠠᠶᠢᠳᠠᠯ ᠳᠤ ᠬᠢᠨᠠᠨ ᠲᠣᠭᠲᠠᠭᠠᠯ ᠬᠢᠨ᠎ᠡ᠃      3 . ᠢᠯᠡ ᠨᠡᠶᠢᠲᠡᠯᠡᠬᠦ ᠱᠠᠲᠤ᠄ ᠬᠢᠨᠠᠨ ᠲᠣᠭᠲᠠᠭᠠᠭᠰᠠᠨ ᠦᠷ᠎ᠡ ᠳ᠋ᠦᠩ ᠢ ᠰᠦᠯᠵᠢᠶᠡᠨ ᠳᠡᠭᠡᠷ᠎ᠡ ᠢᠯᠡ ᠪᠠᠷ ᠨᠡᠶᠢᠲᠡᠯᠡᠵᠦ᠂ ᠬᠢᠨᠠᠯᠲᠠ ᠲᠠᠯᠪᠢᠬᠤ ᠶᠢ ᠬᠦᠯᠢᠶᠡᠨ᠎ᠡ᠃      4 . ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠄ ᠲᠤᠰᠠᠯᠠᠮᠵᠢ ᠬᠦᠷᠲᠡᠭᠰᠡᠨ ᠰᠢᠨ᠎ᠡ ᠶᠢ ᠡᠭᠦᠳᠬᠦ ᠪᠦᠯᠬᠦᠮ ᠨᠡᠶᠢᠲᠡ ᠵᠥᠪᠰᠢᠶᠡᠷᠡᠭᠰᠡᠨ ᠲᠣᠭᠲᠠᠭᠠᠯᠲᠠ ᠶᠢᠨ ᠮᠡᠳᠡᠭᠳᠡᠯ ᠢ ᠭᠠᠷᠳᠠᠭᠰᠠᠨ  ᠤ ᠳᠠᠷᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠰᠤᠳᠤᠯᠭᠠᠨ ᠤ ᠲᠥᠯᠥᠪᠯᠡᠭᠡ︾ ᠶᠢ ᠲᠠᠭᠯᠠᠨ ᠪᠢᠴᠢᠵᠦ᠂ ᠲᠣᠰ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠵᠦᠪᠯᠡᠯ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠰᠤᠷᠭᠠᠨ ᠬᠥᠮᠦᠵᠢᠯ ᠤᠨ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ᠃ ᠰᠢᠨ᠎ᠡ ᠶᠢ ᠡᠭᠦᠳᠬᠦ ᠪᠦᠯᠬᠦᠮ ᠨᠡᠶᠢᠲᠡ ᠨᠢ ᠵᠢᠯ ᠪᠦᠷᠢ ᠶᠢᠨ 12 ᠰᠠᠷ᠎ᠠ ᠶᠢᠨ 31 ᠤ ᠡᠳᠦᠷ ᠠᠴᠠ ᠡᠮᠦᠨ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠵᠢᠯ ᠤᠨ ᠠᠵᠢᠯ ᠤᠨ ᠮᠡᠳᠡᠭᠦᠯᠦᠯᠲᠡ︾ ᠶᠢ ᠲᠠᠭᠯᠠᠨ ᠪᠢᠴᠢᠵᠦ᠂ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠵᠥᠪᠯᠡᠯ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠰᠤᠷᠭᠠᠨ ᠬᠥᠮᠦᠵᠢᠯ ᠤᠨ ᠲᠢᠩᠬᠢᠮ ᠳᠤ ᠬᠦᠷᠭᠡᠵᠦ ᠮᠡᠳᠡᠭᠦᠯᠦᠨ᠎ᠡ  ᠃ ᠲᠣᠰᠠᠯᠠᠮᠵᠢ ᠶᠢᠨ ᠬᠤᠭᠤᠴᠠᠭ᠎ᠠ ᠨᠢ ᠭᠦᠢᠴᠡᠭᠰᠡᠨ ᠤ ᠳᠠᠷᠠᠭ᠎ᠠ᠂ ᠰᠤᠷᠭᠠᠨ ᠬᠥᠮᠦᠵᠢᠯ ᠤᠨ ᠲᠢᠩᠬᠢᠮ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠰᠤᠳᠤᠯᠭᠠᠨ ᠤ ᠦᠷ᠎ᠡ ᠪᠦᠲᠦᠭᠡᠯ ᠢ ᠲᠤᠬᠠᠶ ᠶᠢᠨ ᠲᠠᠯᠠᠪᠤᠷ ᠲᠤ ᠨᠢ ᠰᠢᠯᠭᠠᠨ ᠬᠢᠨᠠᠬᠤ ᠪᠤᠶᠤ ᠢᠯᠡ ᠪᠠᠷ ᠨᠣᠮ ᠬᠠᠶᠠᠯᠴᠠᠬᠤ ᠬᠡᠯᠪᠡᠷᠢ  ᠪᠠᠷ ᠰᠤᠳᠤᠯᠭᠠᠨ ᠤ ᠦᠷ᠎ᠡ ᠪᠦᠲᠦᠭᠡᠯ ᠢ ᠨᠢ ᠦᠨᠡᠯᠡᠵᠦ ᠰᠢᠯᠭᠠᠨ᠎ᠠ᠃ ᠰᠢᠨ᠎ᠡ ᠶᠢ ᠡᠭᠦᠳᠬᠦ ᠦᠷ᠎ᠡ ᠪᠦᠲᠦᠮᠵᠢ ᠳᠣᠪᠣᠶᠢᠮ᠎ᠡ᠂ ᠬᠥᠭᠵᠢᠯᠲᠡ ᠶᠢᠨ ᠳᠠᠯᠳᠠ ᠬᠦᠴᠦᠨ ᠶᠡᠭᠡ᠂ ᠰᠢᠨ᠎ᠡ ᠶᠢ ᠡᠭᠦᠳᠬᠦ ᠣᠷᠴᠢᠨ ᠪᠠᠶᠢᠳᠠᠯ ᠰᠠᠶᠢᠨ ᠰᠢᠨ᠎ᠡ ᠶᠢ ᠡᠭᠦᠳᠬᠦ ᠪᠦᠯᠬᠦᠮ ᠨᠡᠶᠢᠲᠡ ᠳᠤ ᠦᠷᠭᠦᠯᠵᠢᠯᠡᠨ ᠲᠤᠰᠠᠯᠠᠮᠵᠢ ᠬᠦᠷᠲᠡᠭᠡᠨ᠎ᠡ  ᠃      5 . ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠭᠦᠢᠴᠡᠳᠭᠡᠬᠦ  ᠶᠣᠰᠣᠲᠠᠢ ᠬᠠᠷᠢᠭᠤᠴᠠᠯᠭ᠎ᠠ ᠃     ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠶᠢᠨ ᠶᠢᠰᠦᠳᠦᠭᠡᠷ ᠪᠦᠯᠦᠭ ᠤᠨ ᠲᠠᠪᠢᠨ ᠭᠤᠷᠪᠠᠳᠤᠭᠠᠷ  ᠵᠥᠢᠯ      ︵ᠨᠢᠭᠡ︶ ᠤᠯᠤᠰ ᠤᠨ ᠨᠡᠷ᠎ᠡ ᠲᠦᠷᠤ ᠲᠠᠢ ᠬᠠᠯᠳᠠᠭᠰᠠᠨ ᠴᠣᠣᠷᠬᠠᠯ ᠲᠠᠷᠬᠠᠭᠠᠵᠤ᠂ ᠤᠯᠤᠰ ᠢ ᠡᠰᠡᠷᠭᠦᠴᠡᠬᠦ ᠵᠤᠷᠢᠯᠭ᠎ᠠ ᠲᠠᠢ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠭᠦ ᠵᠡᠷᠬᠡ ᠠᠵᠢᠯᠯᠠᠭ᠎ᠠ ᠶᠢ ᠵᠤᠬᠢᠶᠠᠨ ᠪᠠᠶᠢᠭᠤᠯᠬᠤ ᠪᠤᠶᠤ ᠲᠡᠭᠦᠨ ᠳᠤ ᠣᠷᠤᠯᠴᠠᠭᠰᠠᠨ︔      ︵ᠬᠤᠶᠠᠷ︶ ᠬᠠᠤᠯᠢ ᠪᠤᠰᠤ ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠬᠤ ᠪᠤᠶᠤ ᠲᠡᠭᠦᠨ ᠳᠤ ᠣᠷᠤᠯᠴᠠᠬᠤ᠂ ᠠᠵᠢᠯ ᠬᠠᠶᠠᠯᠳᠠ ᠶᠢ ᠵᠤᠬᠢᠶᠠᠨ ᠪᠠᠶᠢᠭᠤᠯᠬᠤ ᠪᠤᠶᠤ ᠲᠡᠭᠦᠨ ᠳᠤ ᠣᠷᠤᠯᠴᠠᠭᠰᠠᠨ︔      ︵ᠭᠤᠷᠪᠠ︶ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠣᠵᠣ᠂ ᠠᠵᠢᠯ ᠶᠠᠪᠤᠳᠠᠯ ᠢ ᠰᠠᠭᠠᠲᠠᠭᠰᠠᠨ︔      ︵ᠲᠦᠷᠪᠡ︶ ᠲᠡᠭᠡᠳᠦ ᠱᠠᠳᠣᠨ ᠤ ᠬᠠᠤᠯᠢ ᠶᠤᠰᠤᠭᠠᠷ ᠲᠤᠭᠳᠠᠭᠠᠭᠰᠠᠨ ᠲᠤᠭᠳᠠᠭᠠᠯ ᠪᠠ ᠵᠢᠭᠠᠪᠤᠷᠢ ᠶᠢ ᠭᠡᠷᠡᠭᠵᠢᠭᠦᠯᠬᠦ ᠶᠢ  ᠲᠡᠪᠴᠢᠭᠰᠡᠨ︔      ︵ᠲᠠᠪᠤ︶ ᠰᠢᠭᠦᠮᠵᠢᠯᠡᠯ ᠢ ᠡᠰᠡᠷᠭᠦᠴᠡᠵᠦ᠂ ᠴᠣᠬᠢᠯᠳᠠ ᠦᠭᠴᠦ ᠬᠠᠷᠢᠭᠤ ᠠᠪᠤᠭᠰᠠᠨ  ︔      ︵ᠵᠢᠷᠭᠤᠭ᠎ᠠ︶ ᠤᠪ ᠮᠡᠭᠡ ᠭᠠᠷᠭᠠᠵᠤ᠂ ᠤᠳᠤᠷᠢᠳᠤᠯᠭ᠎ᠠ ᠪᠠ ᠤᠯᠠᠨ ᠲᠦᠮᠡᠨ ᠢ ᠪᠤᠷᠤᠭᠤ ᠪᠠᠷ ᠬᠦᠲᠡᠯᠦᠭᠰᠡᠨ ᠪᠡ ᠮᠡᠬᠡᠯᠡᠭᠰᠡᠨ︔      ︵ᠲᠤᠯᠤᠭ᠎ᠠ︶ ᠱᠠᠮᠰᠢᠨ ᠪᠦᠷᠢᠯᠭᠡᠵᠦ᠂ ᠭᠡᠭᠡᠯᠢ ᠲᠦᠯᠬᠢᠨ᠂ ᠬᠠᠭ᠋ᠤᠤᠯᠢ ᠢᠳᠡᠵᠦ᠂ ᠲᠤᠰᠢᠶᠠᠯ ᠢᠶᠠᠨ ᠠᠰᠢᠭᠯᠠᠨ ᠬᠤᠪᠢᠨ ᠳᠤ ᠪᠠᠨ ᠪᠤᠶᠤ ᠪᠤᠰᠤᠳ ᠲᠤ ᠠᠰᠢᠭ ᠲᠤᠰᠠ ᠣᠯᠭᠤᠬᠤ ᠶᠢ ᠬᠦᠭᠡᠭᠡᠴᠡᠯᠳᠦᠭᠰᠡᠨ︔      ︵ᠨᠠᠢᠮᠠ︶ ᠡᠳ᠋ ᠤᠨ ᠵᠠᠰᠠᠭ ᠤᠨ ᠰᠠᠬᠢᠯᠭ᠎ᠠ ᠪᠠᠳᠣ ᠶᠢ ᠵᠦᠷᠢᠴᠡᠵᠦ᠂ ᠤᠯᠤᠰ ᠤᠨ ᠡᠳ᠋ ᠮᠦᠩᠬᠦ ᠶᠢ ᠪᠦᠷᠢᠯᠭᠡᠭᠰᠡᠨ︔      ︵ᠶᠢᠰᠦ︶ ᠡᠷᠭᠡ ᠲᠤᠰᠢᠶᠠᠯ ᠢᠶᠠᠨ ᠲᠤᠷ᠎ᠠ ᠪᠠᠷ ᠭᠡᠷᠡᠭᠯᠡᠨ ᠡᠷᠭᠡᠳᠦ ᠠᠷᠠᠳ᠂ ᠬᠠᠤᠯᠢ ᠶᠢᠨ ᠡᠷᠬᠡᠲᠡᠨ ᠪᠤᠶᠤ  ᠪᠤᠰᠤᠳ ᠵᠤᠬᠢᠶᠠᠨ ᠪᠠᠶᠢᠭᠤᠯᠤᠯᠳᠠ ᠶᠢᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠭᠰᠠᠨ︔      ︵ᠠᠷᠪᠠ︶ ᠣᠯᠣᠰ ᠤᠨ ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠤᠭᠰᠠᠨ︔      ︵ᠠᠷᠪᠠᠨ ᠨᠢᠭᠡ︶ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠲᠤᠮᠳᠠ ᠤᠯᠤᠰ ᠤᠨ ᠨᠡᠷ᠎ᠡ ᠲᠦᠷᠦ ᠪᠠ  ᠠᠰᠢᠭ ᠲᠤᠰᠠ ᠶᠢ  ᠬᠤᠬᠢᠷᠠᠭᠤᠯᠤᠭᠰᠠᠨ︔      ︵ᠠᠷᠪᠠᠨ ᠬᠤᠶᠠᠷ︶ ᠱᠠᠯᠢᠭ ᠵᠠᠪᠬᠠᠢ᠂ ᠬᠤᠤᠷ ᠲᠠᠳᠠᠬᠤ᠂ ᠵᠤᠭᠤᠰ ᠮᠦᠷᠦ᠋ᠢᠴᠡᠬᠦ᠂ ᠮᠤᠬᠤᠷ ᠰᠦᠰᠦᠭ ᠵᠡᠷᠭᠡ ᠠᠵᠢᠯᠯᠠᠭ᠎ᠠ ᠳᠤ ᠣᠷᠤᠯᠴᠠᠭᠰᠠᠨ ᠪᠤᠶᠤ ᠲᠡᠭᠦᠨ ᠢ ᠳᠡᠮᠵᠢᠭᠰᠡᠨ︔      ︵ᠠᠷᠪᠠᠨ ᠭᠤᠷᠪᠠ︶ ᠠᠵᠢᠯ ᠤᠨ ᠶᠤᠰᠤ ᠮᠤᠷᠠᠯ᠂ ᠨᠡᠶᠢᠭᠡᠮ ᠨᠡᠶᠢᠳᠡ ᠶᠢᠨ ᠶᠤᠰᠤ ᠰᠤᠷᠳᠠᠬᠤᠨ ᠠᠴᠠ ᠵᠦᠷᠢᠴᠡᠭᠰᠡᠨ︔      ︵ᠠᠷᠪᠠᠨ ᠲᠦᠷᠪᠡ︶ ᠠᠰᠢᠭ ᠬᠤᠨᠵᠢᠪᠤᠷᠢ ᠶᠢᠨ ᠴᠢᠨᠡᠷᠳᠡᠢ ᠠᠵᠢᠯᠯᠠᠭᠠᠨ ᠶᠢ ᠡᠷᠬᠢᠯᠡᠬᠦ ᠪᠤᠶᠤ ᠣᠷᠤᠯᠴᠠᠵᠤ᠂ ᠠᠵᠤ ᠠᠬᠤᠶᠢᠯᠠᠯ ᠪᠤᠶᠤ ᠪᠤᠰᠤᠳ ᠠᠰᠢᠭ ᠬᠤᠨᠵᠢᠪᠤᠷᠢ ᠶᠢᠨ ᠴᠢᠨᠡᠷᠳᠡᠢ ᠵᠤᠬᠢᠶᠠᠨ ᠪᠠᠶᠢᠭᠤᠯᠤᠯᠳᠠ ᠳᠤ ᠲᠤᠰᠢᠶᠠᠯ ᠬᠠᠪᠰᠣᠷᠭᠠᠨ ᠡᠭᠦᠷᠭᠡᠯᠡᠭᠰᠡᠨ︔      ︵ᠠᠷᠪᠠᠨ ᠲᠠᠪᠤ︶ ᠠᠵᠢᠯ ᠰᠠᠭᠠᠳᠠᠭᠰᠠᠨ ᠪᠤᠶᠤ ᠠᠯᠪᠠᠨ ᠭᠡᠷᠡᠭ ᠢᠶᠠᠷ ᠭᠠᠳᠠᠭᠰᠢ ᠭᠠᠷᠬᠤ ᠪᠠ ᠴᠢᠯᠦᠭᠡ ᠭᠤᠶᠤᠭᠰᠠᠨ ᠬᠤᠭᠤᠴᠠᠭ᠎ᠠ ᠨᠢ ᠲᠤᠯᠤᠭᠰᠠᠨ ᠪᠠᠶᠢᠬᠤ ᠳᠤ ᠵᠦᠢ ᠶᠤᠰᠤᠨ ᠤ ᠤᠴᠢᠷ ᠰᠢᠯᠳᠠᠭᠠᠨ ᠦᠭᠡᠢ ᠪᠠᠷ ᠲᠤᠭᠳᠠᠭᠰᠠᠨ ᠬᠤᠭᠤᠴᠠᠭᠠᠨ ᠳᠤ ᠪᠠᠨ ᠦᠯᠦ ᠪᠤᠴᠠᠭᠰᠠᠳ︔      ︵ᠠᠷᠪᠠᠨ ᠵᠢᠷᠭᠤᠭ᠎ᠠ︶ ᠰᠠᠬᠢᠯᠭ᠎ᠠ ᠪᠠᠳᠣ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃     ᠵᠡᠬᠦᠯᠳᠠ᠄
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号