ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠠᠩᠬ᠎ᠠ ᠬᠢᠨᠠᠬᠤ ᠪᠠ ᠬᠢᠨᠠᠨ ᠲᠣᠭᠲᠠᠭᠠᠬᠤ
ᠨᠡᠶᠢᠲᠡᠯᠡᠭᠰᠡᠨ ᠴᠠᠭ᠄
2018/11/8
     ᠡᠷᠬᠡ ᠶᠢᠨ ᠨᠡᠷᠡᠶᠢᠳᠦᠯ᠄ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠠᠩᠬ᠎ᠠ ᠬᠢᠨᠠᠬᠤ ᠪᠠ ᠬᠢᠨᠠᠨ ᠲᠣᠭᠲᠠᠭᠠᠬᠤ      ᠡᠷᠬᠡ ᠶᠢᠨ ᠲᠥᠷᠥᠯ ᠵᠦᠢᠯ᠄ ᠵᠠᠰᠠᠭ ᠵᠠᠬᠢᠷᠭᠠᠨ ᠤ ᠵᠥᠪᠰᠢᠶᠡᠷᠡᠯ      ᠬᠠᠷᠢᠭᠤᠴᠠᠯᠭ᠎ᠠ ᠶᠢᠨ ᠪᠡᠶᠡᠴᠢ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ     ᠲᠦᠯᠦᠪᠯᠡᠨ ᠲᠣᠭᠲᠠᠭᠠᠬᠤ ᠦᠨᠳᠦᠰᠦᠯᠡᠯ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠶᠢᠨ ᠭᠤᠴᠢ ᠶᠢᠰᠦᠳᠦᠭᠡᠷ ᠵᠥᠢᠯ   ᠤᠯᠤᠰ ᠠᠴᠠ ᠬᠢᠴᠢᠶᠡᠯ ᠤᠨ ᠪᠢᠴᠢᠭ ᠢ ᠬᠢᠨᠠᠨ ᠲᠣᠭᠲᠠᠭᠠᠬᠤ ᠲᠥᠷᠢᠮ ᠢ ᠬᠡᠷᠡᠭᠵᠢᠭᠦᠯᠦᠨ᠎ᠡ᠂ ᠬᠢᠴᠢᠶᠡᠯ ᠤᠨ ᠪᠢᠴᠢᠭ ᠢ ᠬᠢᠨᠠᠨ ᠲᠣᠭᠲᠠᠭᠠᠬᠤ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠣᠭᠲᠠᠭᠠᠨ᠎ᠠ᠃ ᠬᠢᠨᠠᠨ  ᠲᠣᠭᠲᠠᠭᠠᠯ ᠢᠶᠠᠷ ᠳᠠᠮᠵᠢᠭᠰᠠᠨ ᠥᠭᠡᠢ ᠬᠢᠴᠢᠶᠡᠯ ᠤᠨ ᠪᠢᠴᠢᠭ ᠢ ᠬᠡᠪᠯᠡᠬᠦ ᠪᠤᠶᠤ ᠰᠣᠩᠭᠤᠨ ᠬᠡᠷᠡᠭᠯᠡᠵᠦ ᠪᠣᠯᠬᠤ ᠥᠭᠡᠢ᠃     ᠬᠠᠷᠢᠭᠤᠴᠠᠯᠭ᠎ᠠ ᠶᠢᠨ ᠵᠥᠢᠯ᠄       1. ᠬᠦᠯᠢᠶᠡᠨ ᠠᠪᠴᠤ ᠰᠢᠢᠳᠪᠦᠷᠢᠯᠡᠬᠦ ᠬᠠᠷᠢᠭᠤᠴᠠᠯᠭ᠎ᠠ᠃ ᠬᠠᠤᠯᠢ ᠶᠢᠨ ᠳᠠᠭᠠᠤ ᠲᠤᠰᠢᠶᠠᠬᠤ ᠬᠡᠷᠡᠭᠲᠡᠶ ᠮᠠᠲ᠋ᠧᠷᠢᠶᠠᠯ ᠂ ᠨᠢᠭᠡ ᠯᠡ ᠤᠳᠠᠭ᠎ᠠ ᠳᠤ ᠮᠡᠳᠡᠭᠳᠡᠬᠦ ᠨᠦᠬᠦᠪᠦᠷᠢᠯᠡᠨ ᠵᠠᠯᠠᠷᠠᠭᠤᠯᠬᠤ ᠪᠢᠴᠢᠭ ᠮᠠᠲ᠋ᠧᠷᠢᠶᠠᠯ ᠂ ᠬᠠᠤᠯᠢ ᠶᠣᠰᠣᠭᠠᠷ ᠬᠦᠯᠢᠶᠠᠨ ᠠᠪᠴᠤ ᠰᠢᠢᠳᠪᠦᠷᠢᠯᠡᠬᠦ ᠪᠤᠶᠤ ᠦᠯᠦ ᠬᠦᠯᠢᠶᠡᠨ ᠠᠪᠴᠤ ᠰᠢᠢᠳᠪᠦᠷᠢᠯᠡᠬᠦ  ︵ᠦᠯᠦ ᠬᠦᠯᠢᠶᠡᠨ ᠠᠪᠴᠤ ᠰᠢᠢᠳᠪᠦᠷᠢᠯᠡᠬᠦ ᠤᠴᠢᠷ ᠰᠢᠯᠲᠠᠭᠠᠨ ᠢᠶᠠᠨ ᠮᠡᠳᠡᠭᠳᠡᠬᠦ ᠬᠡᠷᠡᠭᠲᠡᠶ︶ ᠶᠢ ᠢᠯᠡ ᠨᠡᠶᠢᠲᠡᠯᠡᠨ᠎ᠡ᠃      2 . ᠬᠢᠨᠠᠨ ᠪᠠᠶᠢᠴᠠᠭᠠᠬᠤ ᠬᠠᠷᠢᠭᠤᠴᠠᠯᠭ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠠᠩᠬ᠎ᠠ ᠠᠯᠬᠤᠮ ᠬᠢᠨᠠᠬᠤ ᠪᠠᠷ ᠭᠤᠶᠤᠴᠢᠯᠠᠭᠰᠠᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠢ ᠬᠢᠨᠠᠨ ᠪᠠᠶᠢᠴᠠᠭᠠᠨ᠎ᠠ᠂ ᠬᠢᠨᠠᠨ ᠵᠥᠪᠰᠢᠶᠡᠷᠡᠬᠦ ᠪᠠᠶᠢᠭᠤᠯᠭ᠎ᠠ ᠭᠤᠶᠤᠴᠢᠯᠠᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠤ ᠳᠠᠷᠠᠭ᠎ᠠ᠂ ᠲᠤᠰᠬᠠᠶ ᠮᠡᠷᠭᠡᠵᠢᠯᠲᠡᠨ ᠤ ᠵᠦᠪᠯᠡᠯ ᠢ ᠵᠣᠬᠢᠶᠠᠨ ᠪᠠᠶᠢᠭᠤᠯᠤᠨ ᠦᠨᠡᠯᠡᠨ ᠲᠣᠭᠲᠠᠭᠠᠵᠤ᠂ ᠲᠤᠰᠬᠠᠶ ᠮᠡᠷᠭᠡᠵᠢᠯᠲᠡᠨ ᠤ ᠵᠥᠪᠯᠡᠯ ᠠᠴᠠ ᠰᠠᠨᠠᠯ ᠵᠦᠪᠯᠡᠯᠭᠡ ᠲᠣᠷᠠᠳᠥᠨ᠎ᠠ  ᠃      3 . ᠲᠠᠰᠤᠯᠤᠨ ᠲᠣᠭᠲᠠᠭᠠᠬᠤ ᠬᠠᠷᠢᠭᠤᠴᠠᠯᠭ᠎ᠠ ᠃ ᠨᠠᠶᠢᠷᠠᠭᠤᠯᠤᠨ ᠪᠢᠴᠢᠬᠦ ᠶᠢ ᠵᠥᠪᠰᠢᠶᠡᠷᠡᠭᠰᠡᠨ ᠵᠣᠬᠢᠶᠠᠨ ᠪᠠᠶᠢᠭᠤᠣᠯᠣᠯᠲᠠ ᠳᠤ ᠨᠠᠶᠢᠷᠠᠭᠤᠯᠤᠨ ᠪᠢᠴᠢᠬᠦ ᠶᠢ ᠵᠥᠪᠰᠢᠶᠡᠷᠡᠭᠰᠡᠨ ᠮᠡᠳᠡᠭᠳᠡᠯ ᠤᠨ ᠪᠢᠴᠢᠭ ᠢ ᠳᠠᠷᠤᠮᠠᠯᠯᠠᠵᠤ ᠦᠭᠭᠦᠨ᠎ᠡ᠂ ᠵᠥᠪᠰᠢᠶᠡᠷᠡᠭᠰᠡᠨ ᠦᠭᠡᠢ ᠪᠠᠶᠢᠪᠠᠯ᠂ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃     4. ᠬᠦᠷᠭᠡᠵᠦ ᠲᠣᠰᠢᠶᠠᠬᠤ ᠬᠠᠷᠢᠭᠤᠴᠠᠯᠭ᠎ᠠ᠄ ᠴᠠᠭ ᠲᠣᠬᠠᠢ ᠳᠤ ᠨᠢ ᠭᠦᠢᠴᠳᠭᠡᠵᠤ ᠳᠠᠭᠤᠰᠬᠠᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠢ ᠦᠢᠯᠡᠳᠴᠤ ᠬᠦᠷᠭᠡᠵᠦ ᠲᠣᠰᠢᠶᠠᠬᠤ ᠬᠡᠷᠡᠭᠲᠡᠶ᠂ ᠭᠤᠶᠤᠴᠢᠯᠠᠭᠴᠢ ᠶᠢᠨ ᠦᠨᠡᠮᠯᠡᠯ ᠣᠯᠤᠭᠰᠠᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠬᠤ ᠶᠢᠨ ᠬᠠᠮᠲᠤ ᠬᠠᠮᠢᠶ᠎ᠠ ᠪᠥᠬᠦᠢ ᠲᠣᠭᠲᠠᠭᠠᠯ ᠶᠣᠰᠣᠭᠠᠷ ᠮᠡᠳᠡᠭᠡ ᠵᠠᠩᠭᠢ ᠶᠢ ᠢᠯᠡ ᠪᠣᠯᠭᠠᠨ᠎ᠠ᠃      5 . ᠬᠢᠨᠠᠨ ᠬᠠᠮᠢᠶᠠᠷᠬᠤ ᠬᠠᠷᠢᠭᠤᠴᠠᠯᠭ᠎ᠠ᠃ ᠨᠠᠶᠢᠷᠠᠭᠤᠯᠤᠨ ᠪᠢᠴᠢᠬᠦ ᠵᠥᠪᠰᠢᠶᠡᠷᠡᠯ ᠣᠯᠤᠭᠰᠠᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠳᠤ ᠲᠣᠭᠲᠠᠮᠠᠯ  ᠪᠣᠰᠣ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠬᠦ ᠶᠢ ᠴᠢᠩᠭᠠᠳᠬᠠᠵᠤ᠂ ᠨᠠᠶᠢᠷᠠᠭᠤᠯᠤᠨ ᠪᠢᠴᠢᠬᠦ ᠶᠠᠰᠤ ᠴᠢᠨᠠᠷ ᠢ ᠲᠡᠭᠡᠭᠰᠢᠯᠡᠭᠦᠯᠦᠨ᠎ᠡ᠃      6 . ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠬᠠᠷᠢᠭᠤᠴᠠᠯᠭ᠎ᠠ᠃     ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ᠄ ︽ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠨᠠᠢᠮᠠᠳᠤᠭᠠᠷ ᠵᠥᠢᠯ   ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠤᠯᠤᠰ ᠤᠨ ᠠᠯᠪᠠᠲᠠᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠠᠵᠢᠯ ᠳᠤ ᠶᠠᠮᠠᠷ ᠴᠤ ᠬᠡᠯᠪᠡᠷᠢ ᠪᠠᠷ ᠣᠷᠣᠯᠴᠠᠵᠤ ᠪᠣᠯᠬᠤ ᠦᠭᠡᠢ᠃ ᠪᠦᠬᠦ ᠤᠯᠤᠰ ᠤᠨ ᠪᠠ ᠮᠤᠵᠢ ᠶᠢᠨ ᠱᠠᠲᠤᠨ ᠤ ᠵᠢᠭᠠᠬᠤ ᠮᠠᠲ᠋ᠧᠷᠢᠶᠠᠯ ᠤᠨ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠬᠢᠨᠠᠨ ᠲᠣᠭᠲᠠᠭᠠᠬᠤ ᠭᠡᠰᠢᠭᠦᠨ ᠬᠢᠭᠡᠳ ᠬᠢᠨᠠᠨ ᠪᠠᠶᠢᠴᠠᠭᠠᠬᠤ ᠭᠡᠰᠢᠭᠦᠨ᠂ ᠣᠷᠢᠵᠤ ᠬᠡᠷᠡᠭᠯᠡᠭᠳᠡᠵᠦ ᠪᠠᠶᠢᠭ᠎ᠠ ᠬᠤᠭᠤᠴᠠᠭᠠᠨ ᠳᠤ ᠪᠠᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠲᠤᠰᠢᠶᠠᠯ ᠢ ᠡᠭᠦᠷᠭᠡᠯᠡᠵᠦ ᠪᠣᠯᠬᠤ ᠦᠭᠡᠢ᠃ ᠭᠤᠴᠢᠳᠤᠭᠠᠷ ᠵᠥᠢᠯ   ᠲᠤᠰ ᠠᠷᠭ᠎ᠠ ᠶᠢ ᠵᠦᠷᠢᠴᠡᠵᠣ᠂ ᠳᠤᠷ᠎ᠠ ᠪᠠᠷ ᠵᠢᠭᠠᠬᠤ ᠮᠠᠲ᠋ᠧᠷᠢᠶᠠᠯ ᠲᠤᠷᠰᠢᠬᠤ ᠪᠤᠶᠤ ᠬᠢᠨᠠᠨ ᠲᠣᠭᠲᠠᠭᠠᠯᠭᠠᠵᠤ ᠪᠠᠲᠤᠯᠠᠭᠤᠯᠤᠭᠰᠠᠨ ᠤᠢᠭᠡᠢ ᠪᠠᠷ ᠳᠤᠷ᠎ᠠ ᠪᠠᠷ ᠵᠢᠭᠠᠬᠤ ᠮᠠᠲ᠋ᠧᠷᠢᠶᠠᠯ ᠤᠨ ᠲᠤᠷᠰᠢᠯᠲᠠ ᠬᠢᠬᠦ ᠬᠦᠷᠢᠶ᠎ᠡ ᠬᠡᠪᠴᠢᠶ᠎ᠡ ᠶᠢ ᠦᠷᠭᠡᠳᠬᠡᠭᠰᠡᠨ ᠬᠦᠮᠦᠨ ᠢ ᠦᠢᠯᠡ ᠪᠠᠶᠢᠳᠠᠯ ᠤᠨ ᠬᠦᠨᠳᠦ ᠬᠦᠩᠭᠡᠨ ᠪᠠ ᠪᠤᠢ ᠪᠣᠯᠭᠠᠭᠰᠠᠨ ᠨᠥᠯᠥᠭᠡ ᠶᠢ   ᠨᠢ ᠦᠵᠡᠵᠦ᠂ ᠠᠳᠠᠯᠢ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠠᠨ ᠰᠢᠭᠦᠮᠵᠢᠯᠡᠵᠦ᠂ ᠲᠤᠷᠰᠢᠯᠲᠠ ᠬᠢᠬᠦ ᠶᠢ ᠨᠢ ᠵᠠᠷᠯᠢᠭᠳᠠᠨ ᠵᠣᠭᠰᠣᠭᠠᠬᠤ ᠪᠤᠶᠤ ᠬᠡᠷᠡᠭᠯᠡᠬᠦ ᠶᠢ ᠵᠣᠭᠰᠤᠭᠠᠬᠤ ᠵᠡᠷᠭᠡ ᠰᠢᠢᠳᠭᠡᠯ ᠥᠭᠬᠦ ᠶᠢᠨ ᠬᠠᠮᠲᠦ ᠰᠢᠭᠤᠳ ᠬᠠᠷᠢᠭᠤᠴᠠᠭᠴᠢ ᠳᠤ ᠨᠢ ᠬᠠᠷᠠᠭᠠᠯᠵᠠᠭᠰᠠᠨ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ᠃ ᠭᠤᠴᠢᠨ ᠨᠢᠭᠡᠳᠦᠭᠡᠷ ᠵᠥᠢᠯ    ᠲᠤᠰ ᠠᠷᠭ᠎ᠠ ᠶᠢᠨ ᠨᠠᠢᠮᠠᠳᠤᠭᠠᠷ ᠵᠣᠷᠪᠤᠰ ᠤᠨ ᠨᠢᠭᠡᠳᠦᠭᠡᠷ ᠵᠦᠢᠯ ᠢ ᠵᠥᠷᠢᠴᠡᠭᠰᠡᠨ ᠪᠠᠶᠢᠪᠠᠯ ᠳᠡᠭᠡᠳᠦ ᠱᠠᠲᠤᠨ ᠤ ᠪᠤᠶᠤ ᠠᠳᠠᠯᠢ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠠᠨ ᠰᠢᠭᠦᠮᠵᠢᠯᠡᠬᠦ ᠶᠢᠨ ᠬᠠᠮᠲᠤ ᠵᠠᠷᠯᠢᠭᠳᠠᠨ ᠣᠬᠤᠷᠢᠭᠤᠯᠵᠤ ᠭᠠᠷᠭᠠᠨ᠎ᠠ᠃ ᠲᠤᠰ ᠠᠷᠭ᠎ᠠ ᠶᠢᠨ ᠨᠠᠢᠮᠠᠳᠤᠭᠠᠷ ᠵᠦᠢᠯ ᠤᠨ ᠬᠤᠶᠠᠳᠤᠭᠠᠷ ᠵᠣᠷᠪᠤᠰ ᠢ ᠵᠥᠷᠢᠴᠡᠭᠰᠡᠨ ᠪᠠᠶᠢᠪᠠᠯ᠂ ᠠᠳᠠᠯᠢ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠢᠨᠠᠨ ᠲᠣᠭᠲᠠᠭᠠᠬᠤ ᠭᠡᠰᠢᠭᠦᠨ ᠪᠤᠶᠤ ᠬᠢᠨᠠᠨ ᠪᠠᠶᠢᠴᠠᠭᠠᠬᠤ ᠭᠡᠰᠢᠭᠦᠨ ᠤ ᠡᠷᠬᠡ  ᠶᠢ ᠨᠢ ᠬᠦᠴᠦᠨ ᠤᠢᠭᠡᠢ  ᠪᠣᠯᠭᠠᠨ᠎ᠠ᠃       ᠵᠡᠭᠦᠯᠲᠡ᠄ ᠰᠦᠯᠵᠢᠶᠡᠨ ᠳᠡᠭᠡᠷ᠎ᠡ ᠭᠦᠢᠴᠡᠳᠭᠡᠬᠦ ᠬᠠᠶ᠋ᠢᠭ᠄ http://zwfw.nmg.gov.cn/zwfw/bmft/index/bm_index.do?webId=1&deptid=11150000011512917C  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号