ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠵᠢᠷᠭᠤᠳᠤᠭᠠᠷ ᠳᠡᠰ ᠤᠨ ᠰᠢᠯᠭᠠᠯᠲᠠ ᠳᠤ ᠰᠦᠢᠳᠬᠡᠯ ᠬᠤᠷᠢᠶᠠᠬᠤ
ᠨᠡᠶᠢᠲᠡᠯᠡᠭᠰᠡᠨ ᠴᠠᠭ᠄
2018/11/8
    ᠡᠷᠬᠡ ᠶᠢᠨ ᠨᠡᠷᠡᠶᠢᠳᠦᠯ᠄  ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠵᠢᠷᠭᠤᠳᠤᠭᠠᠷ ᠳᠡᠰ ᠤᠨ ᠰᠢᠯᠭᠠᠯᠲᠠ ᠳᠤ ᠰᠦᠢᠳᠬᠡᠯ ᠬᠤᠷᠢᠶᠠᠬᠤ     ᠡᠷᠬᠡ ᠶᠢᠨ ᠲᠥᠷᠥᠯ ᠵᠦᠢᠯ᠄ ᠵᠠᠰᠠᠭ ᠵᠠᠬᠢᠷᠭᠠᠨ ᠤ ᠲᠠᠲᠠᠪᠤᠷᠢ     ᠬᠠᠷᠢᠭᠤᠴᠠᠯᠭ᠎ᠠ ᠶᠢᠨ ᠪᠡᠶᠡᠴᠢ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ      ᠲᠦᠯᠦᠪᠯᠡᠨ ᠲᠣᠭᠲᠠᠭᠠᠬᠤ ᠦᠨᠳᠦᠰᠦᠯᠡᠯ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾ ᠶᠢᠨ ᠬᠤᠷᠢᠳᠤᠭᠠᠷ ᠵᠥᠢᠯ ᠳᠤ᠄ ︽ᠤᠯᠤᠰ ᠠᠴᠠ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠦᠷᠢᠮ ᠢ ᠬᠡᠷᠡᠭᠵᠢᠭᠦᠯᠦᠨ᠎ᠡ︾᠂ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠦᠷᠦᠯ ᠵᠥᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠣᠭᠲᠠᠭᠠᠬᠤ ᠪᠥᠭᠡᠳ ᠤᠯᠤᠰ ᠠᠴᠠ ᠵᠥᠪᠰᠢᠶᠡᠷᠡᠭᠰᠡᠨ ᠰᠤᠷᠭᠠᠨ ᠬᠥᠮᠦᠵᠢᠯ ᠤᠨ ᠰᠢᠯᠭᠠᠯᠲᠠ ᠶᠠᠪᠤᠭᠤᠯᠬᠤ ᠪᠠᠶᠢᠭᠤᠯᠤᠮᠵᠢ ᠠᠴᠠ ᠳᠠᠭᠠᠭᠠᠨ ᠠᠪᠴᠤ ᠭᠦᠢᠴᠡᠳᠬᠡᠨ᠎ᠡ︾ ᠭᠡᠵᠦ ᠲᠣᠭᠲᠠᠭᠠᠪᠠ᠃ ᠡᠭᠦᠨ ᠤ ᠬᠠᠮᠲᠤ᠂ ᠬᠤᠷᠢ ᠶᠢᠰᠦᠳᠦᠭᠡᠷ ᠵᠥᠢᠯ ᠤᠨ ᠲᠠᠪᠤᠳᠤᠭᠠᠷ ᠵᠣᠷᠪᠦᠰ ᠲᠤ᠄ ᠰᠤᠷᠭᠠᠭᠤᠯᠢ ᠪᠠ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ︽ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠵᠤ ᠵᠠᠷᠤᠳᠠᠯ ᠬᠤᠷᠢᠶᠠᠬᠤ ᠪᠥᠭᠡᠳ ᠵᠠᠷᠤᠳᠠᠯ ᠬᠤᠷᠢᠶᠠᠬᠤ ᠵᠣᠷᠪᠤᠰ ᠢᠶᠠᠨ ᠢᠯᠠ ᠪᠣᠯᠭᠠᠨ᠎ᠠ︾ ᠭᠡᠵᠦ  ᠲᠣᠳᠤᠷᠬᠠᠶᠢᠯᠠᠪᠠ᠃     ᠬᠠᠷᠢᠭᠤᠴᠠᠯᠭ᠎ᠠ ᠶᠢᠨ ᠵᠥᠢᠯ᠄      1 . ᠠᠯᠪᠠᠨ ᠵᠠᠷ ᠤᠨ ᠬᠠᠷᠢᠭᠤᠴᠠᠯᠭ᠎ᠠ᠄ ᠵᠠᠷᠤᠳᠠᠯ ᠬᠤᠷᠢᠶᠠᠬᠤ ᠪᠠᠷᠢᠮᠵᠢᠶ᠎ᠠ᠂ ᠵᠣᠭᠤᠰᠤᠨ ᠤ ᠲᠤᠭ᠎ᠠ᠂ ᠵᠠᠷᠤᠳᠠᠯ ᠲᠤᠰᠢᠶᠠᠬᠤ ᠠᠷᠭ᠎ᠠ ᠵᠢᠴᠢ ᠪᠤᠰᠤᠳ ᠠᠭᠤᠯᠭ᠎ᠠ ᠶᠢ ᠢᠯᠡ ᠨᠡᠶᠢᠲᠡᠯᠡᠬᠦ ᠪᠤᠶᠤ ᠮᠡᠳᠡᠭᠳᠡᠬᠦ ᠶᠢᠨ ᠬᠠᠮᠲᠤ᠂ ᠲᠠᠲᠠᠪᠤᠷᠢᠯᠠᠬᠤ ᠡᠲᠡᠭᠡᠳ ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠲᠠᠶᠢᠯᠪᠤᠷᠢᠯᠠᠯᠲᠠ ᠲᠣᠳᠣᠷᠬᠠᠶᠢᠯᠠᠯᠲᠠ ᠶᠢ ᠬᠢᠵᠦ ᠦᠭᠭᠦᠨ᠎ᠡ᠃      2 . ᠬᠢᠨᠠᠨ ᠬᠠᠷᠭᠤᠭᠤᠯᠬᠤ ᠬᠠᠷᠢᠭᠤᠴᠠᠯᠭ᠎ᠠ᠄ ᠲᠠᠲᠠᠪᠤᠷᠢᠯᠠᠬᠤ ᠪᠠᠷᠢᠮᠵᠢᠶ᠎ᠠ᠂ ᠲᠠᠲᠠᠪᠤᠷᠢᠯᠠᠬᠤ ᠵᠣᠭᠤᠰᠤᠨ ᠤ ᠲᠤᠭ᠎ᠠ ᠵᠡᠷᠭᠡ ᠶᠢᠨ ᠣᠨᠣᠪᠴᠢᠲᠤ ᠰᠢᠨᠵᠢ ᠶᠢ ᠬᠢᠨᠠᠨ ᠬᠠᠷᠭᠤᠭᠤᠯᠬᠤ ᠬᠡᠷᠡᠭᠲᠡᠢ  ᠃      3 . ᠲᠠᠰᠤᠯᠤᠨ ᠲᠣᠭᠲᠠᠭᠠᠬᠤ ᠬᠠᠷᠢᠭᠤᠴᠠᠯᠭ᠎ᠠ᠄ ᠵᠠᠷᠤᠳᠠᠯ ᠲᠤᠰᠢᠶᠠᠬᠤ ᠮᠡᠳᠡᠭᠳᠡᠯ ᠭᠠᠷᠭᠠᠨ᠎ᠠ᠃      4 . ᠣᠴᠢᠷ ᠶᠠᠪᠣᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠄ ᠵᠠᠷᠤᠳᠠᠯ ᠬᠤᠷᠢᠶᠠᠵᠤ ᠪᠠᠶᠢᠭ᠎ᠠ ᠪᠠᠶᠢᠳᠠᠯ ᠳᠤ ᠬᠢᠨᠠᠯᠲᠠ ᠬᠠᠮᠢᠶᠠᠷᠤᠯᠲᠠ ᠬᠢᠨ᠎ᠡ᠃      5 . ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠭᠦᠢᠴᠡᠳᠭᠡᠬᠦ ᠶᠣᠰᠣᠲᠠᠢ ᠬᠠᠷᠢᠭᠤᠴᠠᠯᠭ᠎ᠠ᠃       ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠦᠨᠳᠦᠰᠦ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾ ᠶᠢᠨ ᠳᠠᠯᠠᠨ ᠨᠠᠢᠮᠠᠳᠤᠭᠠᠷ ᠵᠥᠢᠯ     ᠰᠤᠷᠭᠠᠭᠤᠯᠢ ᠪᠠ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ ᠰᠤᠷᠭᠠᠨ ᠬᠥᠮᠦᠵᠢᠯ ᠬᠦᠷᠲᠡᠭᠴᠢ ᠠᠴᠠ ᠵᠠᠷᠤᠳᠠᠯ ᠬᠤᠷᠢᠶᠠᠭᠰᠠᠨ ᠪᠠᠶᠢᠪᠠᠯ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠷᠢᠶᠠᠭᠰᠠᠨ ᠵᠠᠷᠤᠳᠠᠯ ᠢ ᠪᠤᠴᠠᠭᠠᠯᠭᠠᠨ᠎ᠠ︔ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠠᠵᠢᠯᠳᠠᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠲᠠᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ  ᠃      ᠵᠡᠬᠦᠯᠳᠠ᠄
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号