2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠳᠤᠯᠬᠤ ᠰᠤᠷᠤᠭᠴᠢ ᠶᠢ ᠬᠠᠮᠲᠤᠷᠠᠨ ᠬᠥᠮᠦᠵᠢᠭᠦᠯᠬᠦ ᠰᠠᠭᠤᠷᠢᠨ ᠭᠠᠵᠠᠷ ᠢ ᠨᠡᠶᠢᠲᠡᠯᠡᠬᠦ ᠮᠡᠳᠡᠭᠳᠡᠯ
ᠨᠡᠶᠢᠲᠡᠯᠡᠭᠰᠡᠨ ᠴᠠᠭ᠄
2019/1/21
                       ᠥᠪᠥᠷ ᠰᠤᠷᠭᠠᠨ ᠰᠤᠳᠤᠯᠬᠤ ᠥᠰᠥᠭ︹ 2018 ︺48 ᠳ᠋ᠤᠭᠠᠷ ᠲᠣᠭᠠᠲᠤ ᠡᠯ᠎ᠡ ᠰᠤᠳᠤᠯᠬᠤ ᠰᠣᠷᠣᠭᠴᠢ ᠶᠢ ᠬᠥᠮᠦᠵᠢᠭᠦᠯᠬᠦ ᠨᠢᠭᠡᠴᠢ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠳᠤᠯᠬᠤ ᠰᠣᠷᠣᠭᠴᠢ ᠶᠢ ᠬᠠᠮᠲᠤᠷᠠᠨ ᠬᠥᠮᠦᠵᠢᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠮᠡᠳᠡᠭᠦᠯᠬᠦ ᠪᠠ ᠳ᠋ᠦᠩᠨᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠰᠤᠷᠭᠠᠨ ᠠᠯᠪᠠᠨ ᠲᠠᠷᠬᠠᠭᠠᠭᠰᠠᠨ ︹ 2018 ︺ 202 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠰᠤᠳᠤᠯᠬᠤ ᠰᠣᠷᠣᠭᠴᠢ ᠶᠢ ᠬᠥᠮᠦᠵᠢᠭᠦᠯᠬᠦ ᠨᠢᠭᠡᠴᠢ ᠠᠴᠠ ᠰᠣᠩᠭᠤᠨ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠰᠤᠳᠤᠯᠤᠨ ᠶᠠᠷᠢᠯᠴᠠᠭᠠᠳ᠂ ᠮᠠᠨ ᠤ ᠲᠢᠩᠬᠢᠮ 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠳᠤᠯᠬᠤ ᠰᠣᠷᠣᠭᠴᠢ ᠶᠢ ᠬᠠᠮᠲᠤᠷᠠᠨ ᠬᠥᠮᠦᠵᠢᠭᠦᠯᠬᠦ 12 ᠰᠠᠭᠤᠷᠢᠨ ᠭᠠᠵᠠᠷ ᠢ ᠲᠣᠭᠲᠠᠭᠠᠭᠰᠠᠨ ᠪᠠᠶᠢᠨ᠎ᠠ ︵ᠳᠠᠭᠠᠯᠳᠤᠭᠤᠯᠤᠯ︶᠃      ᠡᠯ᠎ᠡ ᠰᠤᠳᠤᠯᠬᠤ ᠰᠣᠷᠣᠭᠴᠢ ᠶᠢ ᠬᠥᠮᠦᠵᠢᠭᠦᠯᠬᠦ ᠨᠢᠭᠡᠴᠢ ᠨᠢ ᠰᠤᠳᠤᠯᠬᠤ ᠰᠣᠷᠣᠭᠴᠢ ᠶᠢ ᠬᠠᠮᠲᠤᠷᠠᠨ ᠬᠥᠮᠦᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠰᠤᠳᠤᠯᠬᠤ ᠰᠣᠷᠣᠭᠴᠢ ᠶᠢ ᠰᠤᠷᠭᠠᠨ ᠬᠥᠮᠦᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠶᠡᠭᠡ ᠪᠠᠷ ᠲᠦᠯᠬᠢᠨ ᠠᠬᠢᠭᠤᠯᠵᠤ᠂ ᠰᠤᠷᠭᠠᠭᠤᠯᠢ ᠪᠠ ᠭᠠᠵᠠᠷ ︵ᠬᠦᠷᠢᠶᠡᠯᠡᠩ︶᠂ ᠰᠤᠷᠭᠠᠭᠤᠯᠢ ᠪᠠ ᠠᠵᠤ ᠠᠬᠤᠶᠢᠯᠠᠯ ᠬᠠᠮᠵᠢᠯᠴᠠᠨ ᠰᠢᠨ᠎ᠡ ᠶᠢ ᠡᠭᠦᠳᠬᠦ ᠪᠤᠯᠤᠨ ᠬᠠᠮᠲᠤᠷᠠᠨ ᠰᠤᠳᠤᠯᠬᠤ ᠰᠣᠷᠣᠭᠴᠢ ᠶᠢ ᠬᠥᠮᠦᠵᠢᠭᠦᠯᠬᠦ ᠲᠣᠭᠲᠠᠯᠴᠠᠭ᠎ᠠ ᠪᠠ ᠵᠠᠭᠪᠤᠷ ᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠨ ᠲᠡᠭᠦᠯᠳᠡᠷᠵᠢᠭᠦᠯᠵᠦ᠂ ᠰᠤᠳᠤᠯᠬᠤ ᠰᠣᠷᠣᠭᠴᠢ ᠶᠢᠨ ᠰᠢᠨ᠎ᠡ ᠶᠢ ᠡᠭᠦᠳᠬᠦ᠂ ᠡᠭᠦᠳᠦᠨ ᠪᠦᠲᠦᠭᠡᠬᠦ ᠪᠠ ᠦᠢᠯᠡᠰ ᠴᠣᠭᠴᠠᠯᠠᠬᠤ ᠴᠢᠳᠠᠪᠤᠷᠢ ᠪᠣᠯᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠤᠳᠤᠯᠬᠤ ᠰᠣᠷᠣᠭᠴᠢ ᠶᠢ ᠬᠠᠮᠲᠤᠷᠠᠨ ᠬᠥᠮᠦᠵᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠢᠶᠠᠷᠤᠯᠲᠠ ᠪᠠᠨ ᠴᠢᠩᠭᠠᠳᠬᠠᠨ᠂ ᠪᠡᠯᠡ ᠣᠷᠣᠭᠤᠯᠤᠯᠲᠠ ᠪᠠᠨ ᠲᠠᠰᠤᠷᠠᠯᠲᠠ ᠦᠭᠡᠶ ᠨᠡᠮᠡᠭᠳᠡᠭᠦᠯᠵᠦ᠂ ᠵᠠᠷᠤᠳᠠᠯ ᠮᠦᠩᠬᠦ ᠪᠠᠨ ᠵᠦᠢ ᠵᠣᠬᠢᠰᠲᠠᠶ ᠬᠡᠷᠡᠭᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠪᠠᠲᠤᠯᠠᠬᠤ ᠬᠡᠷᠡᠭᠲᠡᠶ᠃ ᠳᠠᠭᠠᠯᠳᠤᠭᠤᠯᠤᠯ᠄ 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠳᠤᠯᠬᠤ ᠰᠣᠷᠣᠭᠴᠢ ᠶᠢ  ᠬᠠᠮᠲᠤᠷᠠᠨ ᠬᠥᠮᠦᠵᠢᠭᠦᠯᠬᠦ ᠰᠠᠭᠤᠷᠢᠨ ᠭᠠᠵᠠᠷ ᠤᠨ ᠨᠡᠷᠡᠰ                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                                   2018 ᠣᠨ ᠤ 12 ᠳ᠋ᠤᠭᠠᠷ ᠰᠠᠷ᠎ᠠ ᠶᠢᠨ 13 ᠤ ᠡᠳᠦᠷ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号