ᠠᠯᠠᠱᠠ ᠠᠶᠢᠮᠠᠭ ᠰᠤᠷᠭᠠᠭᠤᠯᠢ ᠳᠤ ᠪᠠᠶᠢᠭ᠎ᠠ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠵᠢᠴᠢ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2019/2/26
      ᠰᠤᠷᠭᠠᠭᠤᠯᠢ ᠳᠤ ᠪᠠᠶᠢᠭ᠎ᠠ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠠ ᠲᠦᠯᠬᠢᠨ ᠠᠬᠢᠭᠤᠯᠵᠤ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠦᠯᠦᠭᠡ᠂ ᠦᠢᠷ᠎ᠠ ᠳᠤ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠦᠬᠦ ᠠᠶᠢᠮᠠᠭ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠵᠢᠴᠢ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃      ᠬᠤᠷᠠᠯ ᠠᠴᠠ᠂ ᠪᠦᠬᠦ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠢᠨ ᠪᠦᠭᠦᠳᠡᠭᠡᠷ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠵᠦ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠢ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠶᠣᠰᠣ ᠰᠤᠷᠲᠠᠬᠤᠨ ᠤ ᠬᠥᠮᠦᠵᠢᠯ ᠤᠨ ᠠᠵᠢᠯ᠂ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠲᠠᠢ ᠣᠷᠭᠠᠨᠢᠭ ᠢᠶᠠᠷ ᠠᠭᠤᠰᠤᠯᠴᠠᠭᠤᠯᠤᠨ᠂ ᠵᠢᠯ ᠪᠦᠷᠢ ᠶᠢᠨ ᠢᠶᠠᠨ ᠣᠨ ᠤ ᠠᠵᠢᠯ ᠤᠨ ᠡᠭᠦᠷᠭᠡ ᠪᠤᠯᠤᠨ‌‍ᠰᠤᠷᠭᠠᠭᠤᠯᠢ ᠶᠢᠨ ᠬᠠᠷᠠᠯᠲᠠ ᠶᠢ ᠰᠢᠯᠭᠠᠨ ᠬᠢᠨᠠᠬᠤ ᠳᠤ ᠣᠷᠤᠭᠤᠯᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃ ᠤᠷᠳᠤ ᠬᠤᠭᠤᠴᠠᠭᠠᠲᠤ ᠪᠦᠲᠦᠮᠵᠢᠲᠡᠢ ᠲᠣᠭᠲᠠᠴᠠ ᠶᠢ ᠡᠭᠦᠳᠦᠨ ᠪᠠᠶᠢᠭᠤᠯᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠤᠷᠭᠠᠨ ᠬᠥᠮᠦᠵᠢᠯ ᠤᠨ ᠠᠵᠢᠯᠯᠠᠭᠠᠨ ᠤ ᠠᠴᠢᠶᠠᠯᠠᠪᠤᠷᠢ ᠶᠢ ᠪᠠᠶᠠᠯᠢᠭᠵᠢᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠪᠣᠯᠪᠠᠰᠤᠨ ᠤ ᠬᠡᠪ ᠴᠢᠨᠠᠷ ᠢ ᠳᠡᠭᠡᠭᠰᠢᠯᠡᠭᠦᠯᠵᠦ᠂ ᠪᠣᠯᠪᠠᠰᠤᠨ ᠵᠠᠩ ᠲᠠᠳᠬᠠᠯ ᠢ ᠪᠣᠢ ᠪᠣᠯᠭᠠᠵᠤ᠂ ᠰᠤᠷᠤᠭᠴᠢᠳ ᠢ ᠬᠦᠲᠦᠯᠦᠨ ᠵᠢᠯᠤᠭᠤᠳᠴᠤ  ᠪᠣᠯᠪᠠᠰᠤᠨ ᠢ ᠭᠡᠷ ᠪᠦᠯᠢ᠂ ᠨᠡᠶᠢᠭᠡᠮ ᠳᠤ ᠠᠪᠴᠢᠷᠠᠭᠰᠠᠨ ᠪᠠᠶᠢᠨ᠎ᠠ᠃ ᠰᠡᠳᠬᠢᠴᠡ ᠶᠢᠨ ᠡᠷᠡᠭᠦᠯ ᠴᠢᠭᠢᠷᠠᠭ ᠤᠨ ᠬᠥᠮᠦᠵᠢᠯ ᠢ ᠴᠢᠩᠭᠠᠳᠬᠠᠨ᠂ ᠰᠡᠳᠬᠢᠴᠡ ᠶᠢᠨ ᠡᠷᠡᠭᠦᠯ ᠴᠢᠬᠢᠷᠠᠭ ᠤᠨ ᠰᠤᠷᠭᠠᠨ ᠬᠥᠮᠦᠵᠢᠯ ᠤᠨ ᠬᠢᠴᠢᠶᠡᠯ ᠢ ᠥᠷᠨᠢᠭᠦᠯᠵᠦ᠂ ᠬᠢᠴᠢᠶᠡᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠢᠴᠢᠶᠡᠯ ᠤᠨ ᠠᠭᠤᠯᠭ᠎ᠠ ᠪᠠ ᠵᠢᠭᠠᠨ ᠰᠤᠷᠭᠠᠬᠤ ᠬᠡᠯᠪᠡᠷᠢ ᠪᠠᠨ ᠪᠠᠶᠠᠯᠢᠭᠵᠢᠭᠤᠯᠵᠤ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠴᠠᠬᠢᠷᠠᠭ ᠢ ᠵᠢᠭᠠᠨ ᠵᠢᠯᠣᠭᠤᠳᠬᠤ ᠠᠵᠢᠯ ᠢ ᠴᠢᠬᠤᠯᠠᠴᠢᠯᠠᠵᠤ᠂ ᠰᠤᠷᠤᠭᠴᠢᠳ ᠢ ᠬᠠᠪᠰᠤᠷᠤᠨ ᠰᠤᠷᠤᠯᠭ᠎ᠠ ᠠᠮᠢᠳᠤᠷᠠᠯ ᠳᠤᠮᠳᠠ ᠲᠣᠯᠭᠠᠷᠠᠭᠰᠠᠨ ᠪᠣᠳᠠᠲᠠᠶ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠭᠰᠡᠨ ᠪᠠᠶᠢᠨ᠎ᠠ᠃ ᠬᠢᠨᠠᠯᠲᠠ ᠪᠠᠶᠢᠴᠠᠭᠠᠯᠲᠠ ᠶᠢ ᠪᠠᠶᠢᠭᠤᠯᠬᠤ ᠶᠢ ᠴᠢᠩᠭᠠᠷᠠᠭᠤᠯᠤᠨ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠠᠶᠢᠮᠠᠭ ᠬᠤᠰᠢᠭᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠲᠠᠢ ᠬᠠᠮᠲᠤᠷᠠᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠤᠨ ᠬᠢᠨᠠᠨ ᠪᠠᠶᠢᠴᠠᠭᠠᠬᠤ ᠶᠢ ᠠᠵᠢᠯ ᠤᠨ ᠭᠤᠣᠯᠳᠠᠯᠭ᠎ᠠ ᠪᠠᠨ  ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠪᠣᠯᠪᠠᠰᠤᠨ ᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠵᠤ᠂ ᠪᠣᠳᠠᠲᠠᠶ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠵᠤ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠳᠤ ᠪᠦᠲᠦᠮᠵᠢᠲᠡᠢ ᠵᠢᠯᠤᠭᠤᠳᠤᠯᠭ᠎ᠠ ᠪᠤᠯᠤᠨ ᠦᠨᠡᠨ ᠬᠦ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号