2019 ᠣᠨ ᠤ ᠤᠯᠤᠰ ᠤᠨ ᠲᠡᠰ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠵᠢᠱᠢᠶ᠎ᠡ ᠦᠵᠡᠭᠦᠯᠬᠦ ᠲᠥᠪ ᠤᠨ ᠣᠨ ᠤ ᠬᠢᠨᠠᠯᠲᠠ ᠶᠢᠨ ᠠᠵᠢᠯ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2020/1/3
                      ᠥᠪᠥᠷ ᠰᠤᠷᠭᠠᠨ ᠳᠡᠭᠡᠳᠦ ᠪᠢᠴᠢᠭ ﹇2019﹈ 81 ᠳ᠋ᠦ᠋ᠭᠡᠷ ᠲᠣᠭᠠᠲᠤ                                   ᠬᠤᠯᠪᠣᠭᠳᠠᠯ ᠪᠦᠬᠦᠢ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠲᠤ᠄      ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ︽︿ᠤᠯᠤᠰ ᠤᠨ ᠲᠡᠰ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠵᠢᠱᠢᠶ᠎ᠡ ᠦᠵᠡᠭᠦᠯᠬᠦ ᠲᠥᠪ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠰᠤᠷᠭᠠᠨ ᠳᠡᠭᠡᠳᠦ ᠲᠢᠩᠬᠢᠮ〔 2016〕3 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ 2019 ᠣᠨ ᠤ ᠤᠯᠤᠰ ᠤᠨ ᠲᠡᠰ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠵᠢᠱᠢᠶ᠎ᠡ ᠦᠵᠡᠭᠦᠯᠬᠦ ᠲᠥᠪ ᠪᠠ ᠤᠯᠤᠰ ᠤᠨ ᠲᠡᠰ ᠤᠨ ᠳᠠᠭᠤᠷᠢᠶᠠᠮᠠᠯ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠥᠪ ᠤᠨ ᠣᠨ ᠤ ᠬᠢᠨᠠᠯᠲᠠ ᠶᠢᠨ  ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠣᠯᠤᠨ᠎ᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂  ᠣᠨ ᠤ ᠬᠢᠨᠠᠯᠲᠠ ᠶᠢᠨ ᠮᠡᠳᠡᠭᠦᠯᠦᠯᠲᠡ ᠶᠢ ᠮᠡᠳᠡᠭᠦᠯᠬᠦ ᠱᠠᠭᠠᠷᠳᠠᠯᠭ᠎ᠠ      1. 2019 ᠣᠨ ᠤ ᠣᠨ ᠤ ᠬᠢᠨᠠᠯᠲᠠ ᠶᠢᠨ ᠠᠵᠢᠯ ᠢ ᠰᠦᠯᠵᠢᠶ᠎ᠡ ᠪᠠᠷ ᠮᠡᠳᠡᠭᠦᠯᠬᠦ ᠬᠡᠯᠪᠡᠷᠢ ᠪᠠᠷ ᠶᠠᠪᠤᠭᠳᠠᠭᠤᠯᠤᠨ᠎ᠠ᠃ ᠡᠯ᠎ᠡ ᠳᠡᠭᠡᠳᠦ ᠰᠤᠷᠭᠠᠭᠤᠯᠢ ︽ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ ᠤᠨ ᠣᠨ ᠤ ᠮᠡᠳᠡᠭᠦᠯᠦᠯᠲᠡ ᠶᠢᠨ ᠬᠠᠮᠢᠶᠠᠷᠤᠯᠲᠠ ᠶᠢᠨ ᠰᠢᠰᠲ᠋ᠧᠮ︾ (http://222.27.186.55) ᠢ ᠠᠰᠢᠭᠯᠠᠨ᠂ ᠤᠯᠤᠰ ᠤᠨ ᠲᠡᠰ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠵᠢᠱᠢᠶ᠎ᠡ ᠦᠵᠡᠭᠦᠯᠬᠦ ᠲᠥᠪ ᠤᠨ ᠣᠨ ᠤ ᠮᠡᠳᠡᠭᠦᠯᠦᠯᠲᠡ ᠪᠠ ᠤᠯᠤᠰ ᠤᠨ ᠲᠡᠰ‌‍ᠤᠨ ᠳᠠᠭᠤᠷᠢᠶᠠᠮᠠᠯ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠥᠪ ᠤᠨ ᠣᠨ ᠤ ᠮᠡᠳᠡᠭᠦᠯᠦᠯᠲᠡ ᠶᠢ ᠬᠦᠰᠦᠨᠦᠭᠲᠦ ᠲᠠᠭᠯᠠᠨ ᠮᠡᠳᠡᠭᠦᠯᠦᠨ᠎ᠡ᠃ ᠡᠯ᠎ᠡ ᠵᠦᠢᠯ ᠤᠨ ᠠᠭᠤᠯᠭ᠎ᠠ ᠶᠢ ᠪᠦᠷᠢᠳᠬᠡᠬᠦ ᠴᠠᠭ ᠨᠢ 2019 ᠣᠨ ᠤ 1 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠤᠨ ᠬᠤᠭᠤᠷᠤᠨᠳᠤᠬᠢ ᠶᠢ ᠪᠠᠭᠲᠠᠭᠠᠨ᠎ᠠ᠃      2. ᠡᠯ᠎ᠡ ᠳᠡᠭᠡᠳᠦ ᠰᠤᠷᠭᠠᠭᠤᠯᠢ ᠶᠢᠨ ᠳᠠᠩᠰᠠᠯᠠᠭᠤᠯᠬᠤ ᠨᠣᠮᠧᠷ ᠪᠠ ᠨᠢᠭᠤᠴᠠ ᠨᠣᠮᠧᠷ ᠨᠢ ᠲᠦᠷᠦᠭᠦᠤ ᠵᠢᠯ ᠤᠨ ᠬᠢ ᠲᠠᠢ ᠠᠳᠠᠯᠢ᠃      3. ᠰᠦᠯᠵᠢᠶᠡᠨ ᠳᠡᠭᠡᠷ᠎ᠡ ᠮᠡᠳᠡᠭᠦᠯᠵᠦ ᠳᠠᠭᠤᠰᠬᠤ ᠴᠠᠭ ᠨᠢ 2020 ᠣᠨ ᠤ 1 ᠰᠠᠷ᠎ᠠ ᠶᠢᠨ 10 ᠤ ᠡᠳᠦᠷ ᠪᠣᠯᠤᠨ᠎ᠠ᠃      4. ᠬᠦᠰᠦᠨᠦᠭᠲᠦ ᠲᠠᠭᠯᠠᠬᠤ ᠲᠣᠳᠣᠷᠬᠠᠶᠢᠯᠠᠯᠲᠠ᠂  ᠭᠦᠢᠴᠡᠳᠭᠡᠬᠦ ᠵᠦᠭᠯᠡᠭᠦᠷ ᠵᠡᠷᠭᠡ ᠨᠠᠷᠢᠨ ᠵᠦᠢᠯᠡᠰ ᠢ ᠬᠠᠮᠢᠶᠠᠷᠤᠯᠲᠠ   ᠶᠢᠨ ᠰᠢᠰᠲ᠋ᠧᠮ ᠠᠴᠠ ᠦᠵᠡ᠃      ᠬᠤᠶᠠᠷ᠂ ᠪᠤᠰᠤᠳ ᠱᠠᠭᠠᠷᠳᠠᠯᠭ᠎ᠠ      1. ᠣᠨ ᠤ ᠬᠢᠨᠠᠯᠲᠠ ᠶᠢᠨ ᠮᠡᠳᠡᠭᠦᠯᠦᠯᠲᠡ ᠪᠣᠯ ᠤᠯᠤᠰ ᠤᠨ ᠲᠡᠰ ᠤᠨ ᠲᠤᠷᠰᠢᠯᠲᠠ ᠶᠢᠨ ᠵᠢᠭᠠᠨ ᠰᠤᠷᠭᠠᠯᠲᠠ  ᠶᠢᠨ ᠵᠢᠱᠢᠶ᠎ᠡ ᠦᠵᠡᠭᠦᠯᠬᠦ ᠲᠥᠪ ᠪᠣᠯᠤᠨ ᠳᠠᠭᠤᠷᠢᠶᠠᠮᠠᠯ ᠲᠤᠷᠰᠢᠯᠲᠠ ᠶᠢᠨ ᠵᠢᠭᠠᠨ ᠰᠤᠷᠭᠠᠯᠲᠠ  ᠶᠢᠨ ᠲᠥᠪ  ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠶᠢᠨ ᠴᠢᠬᠤᠯᠠ ᠯᠠᠪᠯᠠᠯᠲᠠ ᠪᠣᠯᠤᠨ᠎ᠠ᠂ ᠡᠯ᠎ᠡ ᠳᠡᠭᠡᠳᠦ ᠰᠤᠷᠭᠠᠭᠤᠯᠢ ᠨᠤᠭᠤᠳ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠮᠥᠨ ᠢᠶᠠᠷ ᠨᠢ ᠭᠦᠢᠴᠡᠳᠭᠡᠬᠦ ᠶᠢ ᠬᠦᠰᠡᠵᠦ ᠪᠠᠶᠢᠨ᠎ᠠ᠃      2. ᠤᠯᠤᠰ ᠤᠨ ᠲᠡᠰ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠵᠢᠱᠢᠶ᠎ᠡ ᠦᠵᠡᠭᠦᠯᠬᠦ ᠲᠥᠪ ᠪᠠ ᠳᠠᠭᠤᠷᠢᠶᠠᠮᠠᠯ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠥᠪ ᠤᠨ ᠣᠨ ᠤ ᠬᠢᠨᠠᠯᠲᠠ ᠶᠢᠨ ᠮᠡᠳᠡᠭᠦᠯᠦᠯᠲᠡ ᠶᠢ ᠰᠤᠷᠭᠠᠭᠤᠯᠢ ᠶᠢᠨ ᠬᠢᠨᠠᠯᠲᠠ ᠪᠠᠷ ᠪᠠᠲᠤᠯᠠᠭᠰᠠᠨ ᠤ ᠳᠠᠷᠠᠭ᠎ᠠ᠂ 2020 ᠣᠨ ᠤ 1 ᠰᠠᠷ᠎ᠠ ᠶᠢᠨ 31 ᠤ ᠡᠳᠦᠷ ᠠᠴᠠ ᠡᠮᠦᠨ᠎ᠡ ᠡᠯ᠎ᠡ ᠵᠢᠱᠢᠶ᠎ᠡ ᠦᠵᠡᠭᠦᠯᠬᠦ ᠲᠥᠪ ᠤᠨ ᠰᠦᠯᠵᠢᠶᠡᠨ ᠳᠡᠭᠡᠷ᠎ᠡ ᠢᠯᠡ ᠪᠠᠷ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃      ᠬᠠᠷᠢᠯᠴᠠᠬᠤ ᠬᠥᠮᠦᠨ᠄ ᠰᠢᠤᠢ ᠵᠢᠶᠧ      ᠬᠠᠷᠢᠯᠴᠠᠬᠤ ᠤᠲᠠᠰᠤ᠄ 0471 — 2856606              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                                       2019 ᠤᠨ 12 ᠰᠠᠷ᠎ᠠ ᠶᠢᠨ 29 ᠤ ᠡᠳᠦᠷ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号