ᠪᠦᠬᠦ ᠣᠷᠣᠨ ᠤ ᠰᠤᠷᠭᠠᠭᠤᠯᠢ ᠡᠬᠢᠯᠡᠬᠦ ᠬᠤᠭᠤᠴᠠᠭ᠎ᠠ ᠶᠢ ᠬᠤᠶᠢᠰᠢᠯᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/1/30
ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠳᠤ᠄       ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ︽2020 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠶᠢ ᠤᠷᠲᠤᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ᠢᠯᠡ ᠴᠠᠬᠢᠯᠭᠠᠨ ︹ 2020 ︺  1 ᠳ᠋ᠦ᠋ᠭᠡᠷ ᠲᠣᠭᠠᠲᠤ︶ ᠪᠠ ︽2020 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠶᠢ ᠬᠤᠶᠢᠰᠢᠯᠠᠭᠤᠯᠬᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ︵ᠰᠤᠷᠭᠠᠨ ᠬᠥᠮᠦᠵᠢᠯ ᠴᠠᠬᠢᠯᠭᠠᠨ  ︹ 2020 ︺ 37 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠤ ᠪᠠᠷ᠂ ᠪᠠᠭᠰᠢ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂  ᠡᠳᠦᠭᠡ ᠪᠦᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ  ︵ᠠᠯᠪᠠᠨ ᠠᠴᠠ ᠡᠷᠬᠢᠯᠡᠭᠰᠡᠨ᠂ ᠠᠷᠠᠳ ᠠᠴᠠ ᠡᠷᠬᠢᠯᠡᠭᠰᠡᠨ ᠢ ᠪᠠᠭᠲᠠᠭᠠᠨ᠎ᠠ︶ ᠶᠢᠨ ᠰᠤᠷᠭᠠᠭᠤᠯᠢ ᠡᠬᠢᠯᠡᠬᠦ ᠴᠠᠭ ᠪᠠ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠪᠦᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠶᠢ ᠬᠤᠶᠢᠰᠢᠯᠠᠭᠤᠯᠤᠨ ᠰᠤᠷᠭᠠᠭᠤᠯᠢ ᠡᠬᠢᠯᠡᠭᠦᠯᠵᠦ᠂ ᠪᠣᠳᠠᠲᠠᠶ ᠰᠤᠷᠭᠠᠭᠤᠯᠢ ᠡᠬᠢᠯᠡᠬᠦ ᠴᠠᠭ ᠢ ᠬᠢᠵᠢᠭ ᠤᠨ ᠪᠠᠶᠢᠳᠠᠯ ᠤᠨ ᠬᠤᠪᠢᠷᠠᠯᠲᠠ ᠶᠢᠨ ᠬᠠᠨᠳᠤᠰᠢ ᠶᠢ ᠦᠨᠳᠦᠰᠦᠯᠡᠨ ᠳᠠᠬᠢᠨ ᠮᠡᠳᠡᠭᠳᠡᠨ᠎ᠡ᠃ ᠮᠡᠳᠡᠭᠳᠡᠬᠦ ᠠᠴᠠ ᠡᠮᠦᠨ᠎ᠡ᠂ ᠤᠷᠢᠳᠴᠢᠯᠠᠨ ᠰᠤᠷᠭᠠᠭᠤᠯᠢ ᠡᠬᠢᠯᠡᠬᠦ ᠶᠢ ᠴᠢᠩᠭ᠎ᠠ ᠴᠠᠭᠠᠵᠠᠯᠠᠵᠤ᠂ ᠰᠤᠷᠤᠭᠴᠢᠳ ᠤᠷᠢᠳᠴᠢᠯᠠᠨ ᠰᠤᠷᠭᠠᠭᠤᠯᠢ ᠳᠤ ᠪᠠᠨ ᠪᠤᠴᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠶᠠᠮᠠᠷᠪᠠ ᠰᠤᠷᠭᠠᠭᠤᠯᠢ ᠳᠡᠭᠡᠳᠦ ᠵᠡᠷᠭᠡ ᠶᠢᠨ ᠭᠤᠷᠪᠠᠳᠤᠭᠠᠷ ᠣᠨ᠂ ᠠᠩᠬ᠎ᠠ ᠵᠡᠷᠭᠡ ᠶᠢᠨ ᠭᠤᠷᠪᠠᠳᠤᠭᠠᠷ ᠣᠨ ᠤ ᠰᠤᠷᠤᠭᠴᠢᠳ ᠢ ᠵᠣᠬᠢᠶᠠᠨ ᠪᠠᠶᠢᠭᠤᠯᠵᠤ ᠤᠷᠢᠳᠴᠢᠯᠠᠨ ᠬᠢᠴᠢᠶᠡᠯ ᠨᠥᠬᠦᠵᠦ ᠪᠣᠯᠬᠤ ᠦᠭᠡᠢ᠃      ᠬᠤᠶᠠᠷ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠡᠯ᠎ᠡ ᠳᠡᠭᠡᠳᠦ ᠰᠤᠷᠭᠠᠭᠤᠯᠢ ᠬᠢᠵᠢᠭ ᠤᠨ ᠪᠠᠶᠢᠳᠠᠯ ᠤᠨ ᠬᠥᠭᠵᠢᠯᠲᠡ ᠶᠢ ᠦᠨᠳᠦᠰᠦᠯᠡᠨ᠂ ᠰᠤᠷᠤᠯᠭ᠎ᠠ ᠡᠬᠢᠯᠡᠬᠦ ᠶᠢ ᠬᠤᠶᠢᠰᠢᠯᠠᠭᠤᠯᠬᠤ ᠲᠥᠰᠦᠯ ᠢ ᠰᠠᠶᠢᠲᠤᠷ ᠬᠢᠵᠦ᠂ ᠵᠢᠭᠠᠨ ᠰᠤᠷᠭᠠᠬᠤ ᠲᠥᠯᠥᠪᠯᠡᠭᠡ ᠪᠠᠨ ᠴᠠᠭ ᠲᠤᠬᠠᠶ ᠳᠤ ᠨᠢ ᠲᠣᠬᠢᠷᠠᠭᠤᠯᠵᠤ᠂ ᠰᠦᠯᠵᠢᠶᠡᠨ ᠳᠡᠭᠡᠷ᠎ᠡ ᠰᠤᠷᠤᠯᠴᠠᠬᠤ ᠬᠢᠴᠢᠶᠡᠯ ᠬᠠᠩᠭᠠᠵᠤ᠂ ᠰᠤᠷᠤᠭᠴᠢᠳ ᠢ ᠵᠢᠯᠣᠭᠤᠳᠤᠨ ᠭᠡᠷ ᠲᠤ ᠪᠠᠨ ᠪᠠᠶᠢᠬᠤ ᠬᠤᠭᠤᠴᠠᠭᠠᠨ ᠤ ᠰᠤᠷᠤᠯᠴᠠᠬᠤ ᠠᠵᠢᠯᠯᠠᠭ᠎ᠠ ᠶᠢ ᠰᠠᠶᠢᠲᠤᠷ ᠲᠣᠬᠢᠷᠠᠭᠤᠯᠬᠤ ᠬᠡᠷᠡᠭᠲᠡᠶ᠃ ᠪᠢᠴᠢᠯ ᠪᠦᠷᠬᠡ᠂ ᠸᠢᠴᠠᠲ ᠤᠨ ᠨᠡᠶᠢᠲᠡ ᠶᠢᠨ ᠳ᠋ᠤᠭᠠᠷ᠂ ᠠᠩᠭᠢ ᠶᠢᠨ ᠴᠤᠭᠯᠠᠷᠠᠯ ᠵᠡᠷᠭᠡ ᠰᠤᠷᠠᠭ ᠵᠠᠩᠭᠢ ᠶᠢᠨ ᠰᠦᠯᠵᠢᠶᠡᠨ ᠤ ᠠᠷᠭ᠎ᠠ ᠵᠠᠮ ᠢᠶᠠᠷ ᠳᠠᠮᠵᠢᠭᠤᠯᠤᠨ᠂ ᠰᠣᠷᠣᠭᠴᠢ ᠪᠠ ᠬᠡᠷ ᠤᠨ ᠠᠬᠠᠮᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠬᠡᠷᠡᠭᠲᠡᠶ︔ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠰᠡᠷᠭᠡᠶᠢᠯᠡᠨ ᠬᠠᠮᠠᠭᠠᠯᠠᠬᠤ ᠲᠤᠰᠠᠭᠠᠷᠯᠠᠬᠤ ᠣᠷᠣᠨ ᠢ ᠤᠷᠢᠳᠴᠢᠯᠠᠨ ᠰᠠᠶᠢᠲᠤᠷ ᠪᠠᠶᠢᠷᠢᠯᠠᠭᠤᠯᠵᠤ᠂ ᠰᠤᠷᠭᠠᠭᠤᠯᠢ ᠶᠢᠨ ᠬᠦᠷᠢᠶᠡᠨ ᠳᠤ ᠤᠷᠤᠭᠰᠠᠨ ᠪᠣᠶ ᠪᠥᠬᠦᠶ ᠬᠥᠮᠦᠰ ᠤᠨ ᠪᠡᠶ᠎ᠡ ᠶᠢᠨ ᠬᠠᠯᠠᠭᠤᠨ ᠢ ᠬᠡᠮᠵᠢᠬᠦ ᠬᠡᠷᠡᠭᠲᠡᠶ᠃      ᠭᠤᠷᠪᠠ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠡᠯ᠎ᠡ ᠳᠡᠭᠡᠳᠦ ᠰᠤᠷᠭᠠᠭᠤᠯᠢ ᠲᠤᠰ ᠮᠡᠳᠡᠭᠳᠡᠯ ᠤᠨ ᠱᠠᠭᠠᠷᠳᠠᠯᠭ᠎ᠠ ᠶᠢ ᠬᠠᠷᠢᠶ᠎ᠠ ᠣᠷᠣᠨ ᠤ ᠳᠣᠲᠣᠷᠠᠬᠢ ᠪᠤᠶ ᠪᠦᠬᠦᠢ ᠰᠤᠷᠭᠠᠭᠤᠯᠢ ᠪᠣᠯᠤᠨ ᠪᠦᠬᠦ ᠪᠠᠭᠰᠢ ᠰᠤᠷᠤᠭᠴᠢᠳ ᠲᠤ ᠮᠡᠳᠡᠭᠳᠡᠵᠦ᠂  ᠬᠢᠨᠠᠨ ᠬᠠᠮᠢᠶᠠᠷᠬᠤ ᠡᠷᠴᠢᠮ ᠢᠶᠠᠨ ᠦᠨᠡᠨ ᠬᠦ ᠴᠢᠩᠭᠠᠳᠬᠠᠵᠤ᠂ ᠢᠯᠡᠴᠢᠯᠡᠨ ᠮᠡᠳᠡᠭᠦᠯᠬᠦ ᠤᠲᠠᠰᠤ ᠲᠣᠬᠢᠷᠠᠭᠤᠯᠬᠤ ᠬᠡᠷᠡᠭᠲᠡᠶ᠃ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠪᠠᠯ᠂ ᠬᠠᠮᠢᠶ᠎ᠠ ᠪᠥᠬᠦᠶ ᠬᠠᠷᠢᠭᠤᠴᠠᠯᠭᠠᠲᠠᠳ ᠠᠴᠠ ᠡᠷᠡᠰ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                     2020 ᠣᠨ ᠤ 1 ᠰᠠᠷ᠎ᠠ ᠶᠢᠨ 28 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号