ᠮᠠᠨ ᠤ ᠣᠷᠣᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ ᠡᠬᠢᠯᠡᠪᠡ
ᠨᠡᠶᠢᠲᠡᠯᠡᠭᠰᠡᠨ ᠴᠠᠭ᠄
2020/10/29
      10 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠬᠡᠬᠤᠲᠠ ᠳᠤ ︽ᠡᠷᠡᠭᠦᠯ ᠡᠩᠬᠡ ᠥᠪᠥᠷ ᠮᠣᠩᠭᠤᠯ · ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ︾ ᠶᠢ ᠡᠬᠢᠯᠡᠨ ᠥᠷᠨᠢᠭᠦᠯᠵᠦ᠂ ︽ᠰᠣᠷᠣᠭᠴᠢ — ᠰᠤᠷᠭᠠᠭᠤᠯᠢ — ᠬᠡᠷ ᠪᠦᠯᠢ — ᠨᠡᠶᠢᠭᠡᠮ ᠪᠠ ᠵᠠᠰᠠᠭ ᠤᠨ ᠣᠷᠳᠣᠨ︾ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠦᠷᠢᠨ ᠲᠥᠬᠦᠷ ᠪᠠᠶᠢᠭᠤᠯᠵᠤ᠂ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠬᠦ ᠪᠠᠷ ᠳᠠᠮᠵᠢᠭᠤᠯᠤᠨ᠂ ᠪᠥᠬᠦ ᠣᠷᠣᠨ ᠤ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ  ᠳᠡᠭᠡᠭᠰᠢᠯᠡᠭᠦᠯᠬᠦ ᠪᠣᠯᠤᠨ᠎ᠠ᠃

      ︽ᠡᠷᠡᠭᠦᠯ ᠡᠩᠬᠡ ᠥᠪᠥᠷ ᠮᠣᠩᠭᠤᠯ· ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠡᠷᠡᠭᠦᠯ

ᠮᠡᠨᠳᠦ ᠶᠢ ᠠᠬᠢᠭᠤᠯᠬᠤ ᠠᠵᠢᠯᠯᠠᠭ᠎ᠠ︾ ᠪᠣᠯ ᠡᠷᠡᠭᠦᠯ ᠡᠩᠬᠡ ᠥᠪᠥᠷ ᠮᠣᠩᠭᠤᠯ ᠭᠡᠬᠦ ᠠᠵᠢᠯᠯᠠᠭᠠᠨ ︵2020 —

2030︶ ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠡᠭᠦᠨ ᠳᠤ ᠭᠤᠤᠯᠳᠠᠭᠤ ᠰᠤᠷᠭᠠᠭᠤᠯᠢ ᠶᠢᠨ ᠬᠦᠷᠢᠶᠡᠨ ᠤ

ᠡᠬᠡ ᠣᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ᠂ ᠡᠷᠡᠭᠦᠯ ᠮᠡᠨᠳᠦ ᠰᠤᠷᠭᠠᠭᠤᠯᠢ ᠶᠢᠨ ᠬᠦᠷᠢᠶ᠎ᠡ ᠶᠢ ᠡᠭᠦᠳᠦᠨ

ᠪᠠᠶᠢᠭᠤᠯᠬᠤ ᠠᠵᠢᠯᠯᠠᠭ᠎ᠠ᠂ ᠵᠠᠯᠠᠭᠤᠴᠤᠳ ᠪᠠᠭᠠᠴᠤᠳ ᠬᠡᠤᠬᠡᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ

ᠰᠡᠷᠭᠡᠶᠢᠯᠡᠨ ᠡᠵᠡᠮᠳᠡᠬᠦ ᠠᠵᠢᠯᠯᠠᠭ᠎ᠠ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠠᠵᠢᠯᠯᠠᠭ᠎ᠠ᠂ ᠡᠷᠡᠭᠦᠯ ᠮᠡᠨᠳᠦ ᠶᠢᠨ

ᠮᠡᠳᠡᠯᠭᠡ ᠪᠠ ᠤᠷ᠎ᠠ ᠴᠢᠳᠠᠪᠤᠷᠢ ᠶᠢ ᠲᠦᠭᠡᠮᠡᠯᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ᠂ ᠰᠤᠷᠭᠠᠭᠤᠯᠢ ᠶᠢᠨ ᠬᠦᠷᠢᠶᠡᠨ ᠤ

ᠢᠳᠡᠭᠡᠨ ᠤ ᠠᠮᠤᠷ ᠲᠦᠪᠰᠢᠨ ᠤ ᠠᠵᠢᠯᠯᠠᠭ᠎ᠠ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠯᠡᠬᠦ ᠠᠵᠢᠯᠯᠠᠭ᠎ᠠ ᠵᠡᠷᠭᠡ

ᠲᠤᠯᠤᠭᠠᠨ ᠵᠦᠢᠯ ᠤᠨ ᠲᠤᠰᠬᠠᠶ ᠠᠵᠢᠯᠯᠠᠭ᠎ᠠ ᠶᠢ ᠪᠠᠭᠲᠠᠭᠠᠵᠤ᠂ ᠣᠳᠣᠬᠠᠨ ᠤ ᠵᠠᠯᠠᠭᠤᠴᠤᠳ ᠪᠠᠭᠠᠴᠤᠳ ᠤᠨ ᠡᠷᠡᠭᠦᠯ

ᠮᠡᠨᠳᠦ ᠶᠢᠨ ᠠᠰᠠᠭᠤᠳᠠᠯ ᠢ ᠢᠳᠡᠪᠬᠢᠲᠡᠶ ᠠᠷᠭᠠᠴᠠᠵᠤ᠂ ᠰᠠᠨᠠᠭᠠᠴᠢᠯᠠᠭ᠎ᠠ ᠠᠴᠠ ᠪᠠᠨ ᠪᠦᠲᠦᠮᠵᠢᠲᠡᠶ ᠠᠷᠭ᠎ᠠ ᠠᠪᠤᠨ᠂

ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ᠂ ᠵᠠᠯᠠᠭᠤ ᠪᠠᠭ᠎ᠠ ᠰᠤᠷᠤᠭᠴᠢᠳ ᠤᠨ ᠡᠷᠡᠭᠦᠯ ᠮᠡᠨᠳᠦ ᠶᠢᠨ ᠬᠢᠷᠢ

ᠲᠦᠪᠰᠢᠨ ᠢ ᠪᠦᠲᠦᠮᠵᠢᠲᠡᠶ  ᠳᠡᠭᠡᠭᠰᠢᠯᠡᠭᠦᠯᠦᠨ᠎ᠡ᠃

      ᠠᠵᠢᠯ ᠤᠨ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠠᠴᠠ

ᠪᠠᠶᠢᠩᠭᠤᠵᠢᠭᠰᠠᠨ ᠠᠵᠢᠯᠯᠠᠭ᠎ᠠ ᠶᠢ ᠬᠢᠨᠠᠨ ᠰᠢᠯᠭᠠᠵᠤ ᠦᠨᠡᠯᠡᠬᠦ ᠠᠵᠢᠯ ᠢ ᠥᠷᠨᠢᠭᠦᠯᠵᠦ᠂ ︽ᠡᠷᠡᠭᠦᠯ ᠡᠩᠬᠡ ᠥᠪᠥᠷ

ᠮᠣᠩᠭᠤᠯ · ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠡᠷᠡᠭᠦᠯ ᠡᠩᠬᠡ ᠶᠢ ᠠᠬᠢᠭᠤᠯᠬᠤ ᠠᠵᠢᠯᠯᠠᠭ᠎ᠠ︾ ᠶᠢ

ᠬᠡᠷᠡᠭᠵᠢᠭᠦᠯᠦᠭᠰᠡᠨ ᠪᠠᠶᠢᠳᠠᠯ ᠢ ᠡᠷᠡᠭᠦᠯ ᠡᠩᠬᠡ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠶᠡᠷᠦᠩᠬᠡᠶᠢᠯᠡᠨ

ᠬᠢᠨᠠᠨ ᠰᠢᠯᠭᠠᠵᠤ ᠦᠨᠡᠯᠡᠬᠦ ᠴᠢᠬᠤᠯᠠ ᠠᠭᠤᠯᠭ᠎ᠠ ᠪᠣᠯᠭᠠᠨ᠂ ᠠᠵᠢᠯᠯᠠᠭᠠᠨ ᠤ ᠭᠤᠤᠯ  ᠰᠠᠨᠠᠭᠠᠴᠢᠯᠠᠭᠰᠠᠨ ᠭᠦᠢᠴᠡᠳᠭᠡᠯ

ᠲᠤᠭ᠎ᠠ ᠪᠠ ᠵᠢᠱᠢᠭᠰᠡᠨ ᠭᠦᠢᠴᠡᠳᠭᠡᠯ ᠲᠤᠭ᠎ᠠ᠂ ᠭᠤᠣᠯᠳᠠᠯᠭᠠᠲᠤ ᠡᠭᠦᠷᠭᠡ ᠶᠢ ᠬᠡᠷᠡᠭᠵᠢᠭᠦᠯᠦᠭᠰᠡᠨ ᠠᠬᠢᠴᠠ ᠪᠠ ᠦᠷ᠎ᠡ

ᠪᠦᠲᠦᠮᠵᠢ ᠶᠢ ᠬᠢᠨᠠᠨ ᠰᠢᠯᠭᠠᠵᠤ ᠦᠨᠡᠯᠡᠨ᠎ᠡ᠃

      ᠲᠣᠰ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠠᠰᠠ ᠪᠥᠬᠦ

ᠣᠷᠣᠨ ᠤ ᠵᠠᠯᠠᠭᠤᠴᠤᠳ ᠪᠠᠭᠠᠴᠤᠳ ᠬᠡᠦᠭᠡᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ

ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠪᠡ᠃

      ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠤ ᠪᠠᠷ ᠰᠤᠷᠭᠠᠨ

ᠬᠥᠮᠦᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ

ᠵᠡᠷᠭᠡ ᠨᠠᠢᠮᠠᠨ ᠰᠠᠯᠠᠭ᠎ᠠ ᠮᠥᠴᠢᠷ ᠲᠠᠢ ᠬᠠᠮᠲᠤᠷᠠᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠵᠠᠯᠠᠭᠤᠴᠤᠳ ᠪᠠᠭᠠᠴᠤᠳ ᠬᠡᠦᠬᠡᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ

ᠬᠡᠷᠡᠭᠵᠢᠭᠦᠯᠬᠦ ᠲᠥᠰᠦᠯ﹀ ᠵᠢᠴᠢ ᠲᠡᠭᠦᠨ ᠤ ᠭᠤᠣᠯ ᠡᠭᠦᠷᠭᠡ ᠶᠢᠨ ᠠᠵᠢᠯ ᠤᠨ ᠬᠤᠪᠢᠶᠠᠷᠢᠯᠠᠯ︾ ᠢ ᠳᠣᠭᠲᠠᠭᠠᠭᠰᠠᠨ

ᠪᠥᠭᠡᠳ ᠬᠤᠯᠪᠤᠭᠠᠲᠤ ᠬᠤᠷᠠᠯ ᠤᠨ ᠲᠣᠭᠲᠠᠴᠠ ᠶᠢ ᠪᠦᠷᠢᠨ ᠲᠥᠬᠦᠷ ᠪᠠᠶᠢᠭᠤᠯᠪᠠ᠃ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠢ ᠵᠠᠯᠠᠭᠤᠴᠤᠳ ᠪᠠᠭᠠᠴᠤᠳ ᠬᠡᠦᠬᠡᠳ ᠤᠨ ᠣᠶᠢᠷ᠎ᠠ ᠬᠠᠷᠠᠭ᠎ᠠ ᠶᠢ

ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ᠂ ︽ᠨᠢᠳᠦ ᠬᠠᠶᠢᠷᠠᠯᠠᠬᠤ ᠡᠳᠦᠷ︾ ᠤᠨ ᠭᠤᠤᠯ ᠰᠡᠳᠦᠪᠲᠦ

ᠬᠥᠮᠦᠵᠢᠯ ᠤᠨ ᠠᠵᠢᠯᠯᠠᠭ᠎ᠠ ᠪᠣᠯᠤᠨ ︽ᠭᠡᠭᠡ ᠣᠷᠣᠭᠤᠯᠬᠤ ᠠᠶᠠᠯᠠᠯ︾ ᠤᠨ ᠨᠡᠶᠢᠭᠡᠮ ᠨᠡᠶᠢᠲᠡ ᠶᠢᠨ ᠠᠰᠠᠷᠠᠮᠵᠢ ᠶᠢᠨ

ᠠᠵᠢᠯᠯᠠᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠬᠡᠦᠬᠡᠳ ᠤᠨ ᠣᠶᠢᠷ᠎ᠠ

ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ᠃ ᠥᠪᠥᠷ

ᠮᠣᠩᠭᠤᠯ ᠤᠨ 2019 ᠣᠨ ᠤ ᠵᠠᠯᠠᠭᠤᠴᠤᠳ ᠪᠠᠭᠠᠴᠤᠳ ᠬᠡᠤᠬᠡᠳ ᠤᠨ ᠣᠶᠢᠷ᠎ᠠ ᠬᠠᠷᠠᠭᠠᠨ ᠤ ᠪᠠᠶᠢᠴᠠᠭᠠᠯᠲᠠ ᠶᠢᠨ

ᠦᠷ᠎ᠡ ᠳ᠋ᠦᠩ ᠠᠴᠠ ᠦᠵᠡᠪᠡᠯ᠂ ᠪᠥᠬᠦ ᠣᠷᠣᠨ ᠤ ᠵᠠᠯᠠᠭᠤᠴᠤᠳ ᠪᠠᠭᠠᠴᠤᠳ ᠬᠡᠦᠬᠡᠳ ᠤᠨ ᠣᠶᠢᠷ᠎ᠠ ᠬᠠᠷᠠᠭᠠᠨ ᠤ

ᠠᠰᠠᠭᠤᠳᠠᠯ ᠮᠥᠨ ᠬᠦ ᠲᠦᠢᠯ ᠤᠨ ᠬᠦᠨᠳᠦ ᠨᠣᠴᠢᠲᠠᠢ ᠪᠠᠶᠢᠨ᠎ᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠥᠬᠦ ᠣᠷᠣᠨ ᠤ ᠡᠯ᠎ᠡ

ᠭᠠᠵᠠᠷ ᠤᠨ ᠬᠢᠨ ᠵᠠᠯᠠᠭᠤᠴᠤᠳ ᠪᠠᠭᠠᠴᠤᠳ ᠬᠡᠦᠬᠡᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ

ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ︽ᠰᠣᠷᠣᠭᠴᠢ — ᠬᠡᠷ ᠪᠦᠯᠢ —

ᠰᠤᠷᠭᠠᠭᠤᠯᠢ — ᠡᠮ ᠡᠮᠨᠡᠯᠭᠡ︾ ᠳᠥᠷᠪᠡ ᠶᠢ ᠨᠢᠭᠡ ᠴᠣᠭᠴᠠᠵᠢᠭᠤᠯᠤᠭᠰᠠᠨ ᠣᠶᠢᠷ᠎ᠠ ᠬᠠᠷᠠᠭ᠎ᠠ ᠶᠢ ᠰᠡᠷᠭᠡᠶᠢᠯᠡᠨ

ᠵᠠᠰᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠤᠨ ᠨᠢᠳᠦ ᠪᠠᠨ ᠬᠠᠶᠢᠷᠠᠯᠠᠵᠤ᠂ ᠨᠢᠳᠦ ᠪᠠᠨ

ᠬᠠᠮᠠᠭᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠬᠡᠤᠬᠡᠳ ᠤᠨ ᠣᠶᠢᠷ᠎ᠠ

ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠪᠣᠳᠠᠲᠤ

ᠦᠷ᠎ᠡ ᠪᠦᠲᠦᠮᠵᠢ ᠤᠯᠬᠤ ᠶᠢ ᠦᠨᠡᠨ ᠬᠦ  ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号