ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠣᠶᠤᠲᠠᠳ ᠤᠨ ᠰᠠᠭᠰᠤᠨ  ᠪᠥᠮᠪᠦᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ︵ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠳᠤᠭᠤᠶᠢᠯᠠᠩ︶ ᠵᠢᠴᠢ 23 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠶᠤᠲᠠᠳ ᠤᠨ ᠰᠠᠭᠰᠤᠨ ᠪᠥᠮᠪᠦᠭᠡᠨ ᠤ ᠭᠤᠷᠪᠠᠳᠤᠭᠠᠷ ᠳᠡᠰ ᠤᠨ ᠬᠤᠯᠪᠣᠭᠠᠲᠤ ᠤᠷᠤᠯᠳᠤᠭᠠᠨ ︵ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ︶ ᠠᠮᠵᠢᠯᠲᠠᠲᠠᠢ ᠥᠨᠳᠦᠷᠯᠡᠪᠡ
ᠨᠡᠶᠢᠲᠡᠯᠡᠭᠰᠡᠨ ᠴᠠᠭ᠄
2020/11/23
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠣᠶᠤᠲᠠᠳ ᠤᠨ ᠰᠠᠭᠰᠤᠨ ᠪᠥᠮᠪᠦᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ︵ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠳᠤᠭᠤᠶᠢᠯᠠᠩ︶ ᠵᠢᠴᠢ 23 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠶᠤᠲᠠᠳ ᠤᠨ ᠰᠠᠭᠰᠤᠨ ᠪᠥᠮᠪᠦᠭᠡᠨ ᠤ ᠭᠤᠷᠪᠠᠳᠤᠭᠠᠷ ᠳᠡᠰ ᠤᠨ ᠬᠤᠯᠪᠣᠭᠠᠲᠤ ᠤᠷᠤᠯᠳᠤᠭᠠᠨ ︵ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ︶ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠪᠠ᠃      ᠲᠣᠰ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠳᠣᠪᠴᠢᠶᠠᠨ ᠠᠴᠠ ᠭᠤᠤᠯᠯᠠᠨ ᠡᠷᠭᠢᠯᠡᠵᠦ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠪᠡ᠃ ᠪᠦᠬᠦ ᠣᠷᠣᠨ ᠤ 20 ᠳᠡᠭᠡᠳᠦ ᠰᠤᠷᠭᠠᠭᠤᠯᠢ ᠠᠴᠠ ᠢᠷᠡᠭᠰᠡᠨ 33 ᠲᠥᠯᠥᠭᠡᠯᠡᠭᠴᠢ ᠶᠢᠨ ᠠᠩᠬᠢ ᠨᠢ ᠲᠤᠰ ᠲᠤᠰ ᠰᠤᠷᠭᠠᠭᠤᠯᠢ ᠶᠢᠨ ᠡᠷᠡᠭᠲᠡᠢ ᠶᠢᠨ ᠳᠤᠭᠤᠶᠢᠯᠠᠩ᠂ ᠰᠤᠷᠭᠠᠭᠤᠯᠢ ᠶᠢᠨ ᠡᠮᠡᠭᠲᠡᠢ ᠶᠢᠨ ᠳᠤᠭᠤᠶᠢᠯᠠᠩ ᠪᠠ ᠬᠡᠲᠦ ᠳᠡᠰ ᠤᠨ ᠡᠷᠡᠭᠲᠡᠢ ᠶᠢᠨ ᠳᠤᠭᠤᠶᠢᠯᠠᠩ ᠤᠨ ᠤᠷᠤᠯᠳᠤᠭᠠᠨ ᠳᠤ ᠣᠷᠣᠯᠴᠠᠪᠠ᠃ ᠶᠢᠰᠦᠨ ᠡᠳᠦᠷ ᠤᠨ ᠰᠢᠷᠦᠭᠦᠨ ᠮᠥᠷᠦᠶᠢᠴᠡᠯᠳᠦᠭᠡᠨ ᠢᠶᠠᠷ ᠳᠠᠮᠵᠢᠨ᠂ ᠥᠪᠥᠷ ᠮᠣᠩᠭᠤᠯ ᠤᠨ ᠴᠠᠭᠳᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠣᠰ ᠲᠣᠰ ᠰᠤᠷᠭᠠᠭᠤᠯᠢ ᠶᠢᠨ ᠡᠷᠡᠭᠲᠡᠶ ᠶᠢᠨ ᠳᠤᠭᠤᠶᠢᠯᠠᠩ᠂ ᠰᠤᠷᠭᠠᠭᠤᠯᠢ ᠶᠢᠨ ᠡᠮᠡᠭᠲᠡᠶ ᠶᠢᠨ ᠳᠤᠭᠤᠶᠢᠯᠠᠩ ᠪᠠ ᠬᠡᠲᠦ ᠳᠡᠰ ᠤᠨ ᠡᠷᠡᠭᠲᠡᠶ ᠶᠢᠨ ᠳᠤᠭᠤᠶᠢᠯᠠᠩ ᠳᠤ ᠮᠠᠩᠯᠠᠶᠢᠯᠠᠵᠤ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ᠂ ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 8 ᠳᠡᠭᠡᠳᠦ ᠰᠤᠷᠭᠠᠭᠤᠯᠢ ᠨᠢ ᠪᠡᠶ᠎ᠡ ᠶᠢᠨ ᠲᠠᠮᠢᠷ ᠤᠨ ᠮᠣᠷᠠᠯ ᠪᠣᠯᠤᠨ ᠰᠤᠷᠲᠠᠯ ᠤᠨ ᠱᠠᠩᠨᠠᠯ ᠢ ᠬᠦᠷᠲᠡᠪᠡ᠃      ᠲᠤᠰ ᠬᠤᠭᠤᠴᠠᠭᠠᠨ ᠤ ᠤᠷᠤᠯᠳᠤᠭᠠᠨ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠠᠵᠢᠯ ᠤᠨ ᠴᠢᠯᠥᠭᠡᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠥᠷᠨᠢᠯᠲᠡ ᠶᠢ ᠠᠬᠢᠭᠤᠯᠵᠤ᠂ ᠨᠠᠩ ᠣᠯᠠᠨ ᠰᠤᠷᠤᠭᠴᠢ ᠶᠢ ᠳᠠᠶᠢᠴᠢᠯᠠᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠢ ᠣᠷᠣᠯᠴᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃

         

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号