ᠥᠪᠥᠷ ᠮᠣᠩᠭᠤᠯ ᠠᠵᠢᠯ ᠣᠯᠵᠤ ᠦᠢᠯᠡᠰ ᠪᠣᠰᠬᠠᠬᠤ ᠶᠢ ᠵᠢᠯᠣᠭᠤᠳᠬᠤ ᠰᠦᠯᠵᠢᠶᠡᠨ ᠳᠡᠭᠡᠷᠡᠬᠢ ᠬᠢᠴᠢᠶᠡᠯ ᠢ ᠪᠥᠬᠦ ᠲᠠᠯ᠎ᠠ ᠪᠠᠷ ᠡᠬᠢᠯᠡᠭᠦᠯᠵᠦ᠂ ᠤᠶᠤᠲᠠᠳ ᠤᠨ ᠠᠵᠢᠯ ᠣᠯᠵᠤ ᠦᠢᠯᠡᠰ ᠪᠣᠰᠬᠠᠬᠤ ᠶᠢ ᠳᠡᠮᠵᠢᠵᠦ ᠪᠠᠶᠢᠨ᠎ᠠ
ᠨᠡᠶᠢᠲᠡᠯᠡᠭᠰᠡᠨ ᠴᠠᠭ᠄
2020/2/25
     ᠰᠢᠨ᠎ᠡ ᠳᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠢ ᠪᠥᠬᠦ ᠣᠷᠣᠨ ᠤ ᠳᠡᠭᠡᠳᠦ ᠰᠤᠷᠭᠠᠭᠤᠯᠢ ᠶᠢᠨ ᠤᠶᠤᠲᠠᠳ ᠤᠨ ᠠᠵᠢᠯ ᠣᠯᠵᠤ ᠦᠢᠯᠡᠰ ᠪᠣᠰᠬᠠᠬᠤ ᠶᠢ ᠵᠢᠯᠣᠭᠤᠳᠬᠤ ᠪᠠ ᠦᠢᠯᠡᠴᠢᠯᠡᠬᠦ ᠠᠵᠢᠯ ᠢ ᠰᠠᠶᠢᠲᠤᠷ ᠬᠢᠬᠦ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠶᠤᠨᠴᠢ ᠠᠵᠢᠯ ᠣᠯᠵᠤ ᠦᠢᠯᠡᠰ ᠪᠣᠰᠬᠠᠬᠤ ᠦᠢᠯᠡᠴᠢᠯᠡᠭᠡᠨ ᠤ ᠡᠭᠦᠯᠡᠨ ᠲᠠᠪᠴᠠᠩ︾ ᠢ ᠠᠰᠢᠭᠯᠠᠬᠤ ᠶᠢᠨ ᠳᠠᠭᠠᠤ᠂ ᠪᠧᠶ ᠰᠧᠨ ᠠᠮᠢᠳᠤᠷᠠᠬᠤᠢ ᠶᠢᠨ ᠳᠡᠭᠡᠳᠦ ᠰᠤᠷᠭᠠᠭᠤᠯᠢ᠂ ᠷᠧᠨ ᠨᠧᠩ ᠳ᠋ᠠ ᠰᠤᠷᠭᠠᠨ ᠬᠥᠮᠦᠵᠢᠯ ᠵᠡᠷᠭᠡ ᠰᠤᠷᠭᠠᠨ ᠬᠥᠮᠦᠵᠢᠯ ᠤᠨ ᠲᠠᠪᠴᠠᠩ ᠯᠤᠭ᠎ᠠ ᠬᠠᠮᠲᠤᠷᠠᠯᠴᠠᠵᠤ᠂ ᠪᠥᠬᠦ ᠣᠷᠣᠨ ᠤ ᠤᠶᠤᠲᠠᠳ ᠲᠤ ᠠᠵᠢᠯ ᠣᠯᠵᠤ ᠦᠢᠯᠡᠰ ᠪᠣᠰᠬᠠᠬᠤ ᠲᠤᠬᠠᠢ ᠰᠦᠯᠵᠢᠶᠡᠨ ᠳᠡᠭᠡᠷᠡᠬᠢ ᠬᠢᠴᠢᠶᠡᠯ ᠤᠨ ᠵᠢᠯᠣᠭᠤᠳᠣᠯᠭ᠎ᠠ ᠶᠢ ᠲᠥᠯᠦᠪᠦᠷᠢ ᠦᠭᠡᠢ ᠬᠠᠩᠭᠠᠵᠤ᠂ ᠬᠢᠵᠢᠭ ᠤᠨ ᠬᠤᠭᠤᠴᠠᠭᠠᠨ ᠳᠤ ᠮᠠᠨ ᠤ ᠣᠷᠣᠨ ᠤ ᠤᠶᠤᠲᠠᠳ ᠤᠨ ᠠᠵᠢᠯ ᠣᠯᠵᠤ ᠦᠢᠯᠡᠰ ᠪᠣᠰᠬᠠᠬᠤ ᠶᠢ ᠲᠠᠰᠤᠷᠠᠯᠲᠠ ᠥᠬᠡᠶ ᠵᠢᠯᠣᠭᠤᠳᠬᠤ ᠶᠢ ᠪᠠᠲᠤᠯᠠᠨ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠣᠳᠤᠬᠠᠨ ᠤ ᠬᠦᠴᠢᠷᠳᠡᠯᠲᠡᠢ ᠪᠠᠶᠢᠳᠠᠯ ᠳᠣᠤᠷ᠎ᠠ ᠲᠣᠭᠲᠠᠭᠤᠨ ᠢᠶᠠᠷ ᠠᠵᠢᠯ ᠤᠯᠬᠤ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃      ᠡᠯ᠎ᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠥᠪᠥᠷ ᠮᠣᠩᠭᠤᠯ ᠤᠨ ᠤᠶᠤᠲᠠᠳ ᠤᠨ ᠣᠶᠤᠨᠴᠢ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠡᠭᠦᠯᠡᠨ ᠲᠠᠪᠴᠠᠩ(www.nmbys.cn) ᠳᠤ ᠳᠠᠩᠰᠠᠯᠠᠭᠤᠯᠵᠤ᠂ ᠪᠧᠶ ᠰᠧᠨ ᠠᠮᠢᠳᠤᠷᠠᠬᠤᠢ ᠶᠢᠨ ᠳᠡᠭᠡᠳᠦ ᠰᠤᠷᠭᠠᠭᠤᠯᠢ ᠪᠣᠯᠤᠨ ᠷᠧᠨ ᠨᠧᠩ ᠳ᠋ᠠ ᠠᠵᠢᠯ ᠡᠷᠢᠬᠦ ᠰᠢᠰᠲ᠋ᠧᠮ ᠲᠤ ᠠᠵᠢᠯ ᠮᠡᠷᠭᠡᠵᠢᠯ ᠤᠨ ᠰᠢᠯᠭᠠᠨ ᠲᠣᠭᠲᠠᠭᠠᠯᠲᠠ ᠪᠠ ᠠᠮᠢᠳᠤᠷᠠᠬᠤᠢ ᠶᠢᠨ ᠲᠥᠯᠥᠪᠵᠢᠭᠦᠯᠭᠡ ᠶᠢ ᠬᠢᠵᠦ᠂ ᠠᠵᠢᠯ ᠡᠷᠢᠬᠦ ᠨᠢᠭᠤᠷᠲᠠᠨ ᠰᠢᠯᠭᠠᠬᠤ ᠤᠷ᠎ᠠ ᠮᠡᠷᠭᠡᠵᠢᠯ᠂ ᠠᠵᠢᠯ ᠣᠯᠵᠤ ᠦᠢᠯᠡᠰ ᠪᠣᠰᠬᠠᠬᠤ ᠵᠢᠯᠣᠭᠤᠳᠣᠯᠭ᠎ᠠ ᠵᠢᠴᠢ ᠠᠵᠢᠯ ᠮᠡᠷᠭᠡᠵᠢᠯ ᠤᠨ ᠬᠥᠭᠵᠢᠯᠲᠡ ᠶᠢᠨ ᠵᠥᠪᠯᠡᠯᠭᠡ ᠥᠭᠬᠦ ᠵᠡᠷᠭᠡ ᠡᠯ᠎ᠡ ᠲᠥᠷᠥᠯ ᠤᠨ ᠬᠢᠴᠢᠶᠡᠯ ᠢ ᠰᠤᠷᠤᠯᠴᠠᠵᠤ ᠪᠣᠯᠣᠨ᠎ᠠ᠃ ᠣᠳᠣᠬᠠᠨ ᠳᠤ᠂ ᠥᠪᠥᠷ ᠮᠣᠩᠭᠤᠯ ᠤᠨ ᠤᠶᠤᠲᠠᠳ ᠤᠨ ᠣᠶᠤᠨᠴᠢ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠡᠭᠦᠯᠡᠨ ᠲᠠᠪᠴᠠᠩ ᠢ ᠨᠢᠭᠡᠨᠲᠡ ᠪᠥᠬᠦ ᠲᠠᠯ᠎ᠠ ᠪᠠᠷ ᠨᠡᠭᠡᠭᠡᠭᠰᠡᠨ ᠪᠠᠶᠢᠨ᠎ᠠ᠃ ᠪᠧᠶ ᠰᠧᠨ ᠠᠮᠢᠳᠤᠷᠠᠬᠤᠢ ᠶᠢᠨ ᠳᠡᠭᠡᠳᠦ ᠰᠤᠷᠭᠠᠭᠤᠯᠢ ᠨᠢ ᠨᠢᠭᠡᠨᠲᠡ ᠠᠵᠢᠯ ᠣᠯᠭᠤᠯᠲᠠ ᠶᠢ ᠵᠢᠯᠣᠭᠤᠳᠬᠤ 10 ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠪᠣᠯᠤᠨ ᠲᠤᠰᠬᠠᠶ ᠮᠡᠷᠭᠡᠵᠢᠯᠲᠡᠳ ᠤᠨ10 ᠬᠢᠴᠢᠶᠡᠯ ᠢ ᠰᠦᠯᠵᠢᠶᠡᠨ ᠳᠤ ᠬᠤᠪᠢᠶᠠᠯᠴᠠᠵᠠᠢ᠃ ᠷᠧᠨ ᠨᠧᠩ ᠳ᠋ᠠ ᠠᠵᠢᠯ ᠡᠷᠢᠬᠦ ᠰᠢᠰᠲ᠋ᠧᠮ ︵ᠨᠢᠭᠡ ᠵᠢᠯ ᠲᠥᠯᠦᠪᠦᠷᠢ ᠥᠬᠡᠶ ᠬᠡᠷᠡᠭᠯᠡᠵᠦ ᠪᠣᠯᠤᠨ᠎ᠠ︶  ᠨᠢ ᠤᠶᠤᠲᠠᠳ ᠤᠨ ᠰᠦᠯᠵᠢᠶᠡᠨ ᠳᠡᠭᠡᠷᠡᠬᠢ ᠠᠵᠢᠯ ᠣᠯᠭᠤᠯᠲᠠ ᠶᠢ ᠬᠠᠪᠰᠤᠷᠤᠨ ᠵᠢᠯᠣᠭᠤᠳᠬᠤ ᠦᠢᠯᠡᠴᠢᠯᠡᠭᠡ ᠬᠠᠩᠭᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号