ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠰᠢᠯᠢᠳᠡᠭ ᠦᠷ᠎ᠡ ᠪᠥᠲᠦᠭᠡᠯ ᠤᠨ ᠦᠵᠡᠭᠦᠯᠭᠡ ᠶᠢᠨ ᠠᠵᠢᠯᠯᠠᠭ᠎ᠠ ᠶᠢ ᠰᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2020/4/15
                  ᠥᠪᠥᠷ ᠰᠤᠷᠭᠠᠨ ᠰᠤᠷᠤᠭᠴᠢ ᠠᠵᠢᠯ ᠪᠢᠴᠢᠭ〔 2020〕1 ᠳ᠋ᠦ᠋ᠭᠡᠷ ᠲᠣᠭᠠᠲᠤᠡᠯ᠎ᠡ ᠳᠡᠭᠡᠳᠦ ᠰᠤᠷᠭᠠᠭᠤᠯᠢ  ᠄      ︽ᠪᠥᠬᠦ ᠣᠷᠣᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠰᠢᠯᠢᠳᠡᠭ ᠦᠷ᠎ᠡ ᠪᠥᠲᠦᠭᠡᠯ ᠤᠨ ᠦᠵᠡᠭᠦᠯᠭᠡ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠰᠤᠷᠭᠠᠨ ᠰᠤᠷᠤᠭᠴᠢ ᠠᠵᠢᠯ ᠪᠢᠴᠢᠭ〔 2019〕19 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ ᠨᠢ 2019 ᠣᠨ ᠤ 6 ᠰᠠᠷ᠎ᠠ~ 12 ᠰᠠᠷ᠎ᠠ ᠶᠢᠨ ᠬᠤᠭᠤᠷᠤᠨᠳᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠢᠯᠢᠳᠡᠭ ᠦᠷ᠎ᠡ ᠪᠥᠲᠦᠭᠡᠯ ᠢ ᠡᠯᠰᠡᠬᠦ ᠠᠵᠢᠯᠯᠠᠭ᠎ᠠ ᠶᠢ ᠥᠷᠨᠢᠭᠦᠯᠪᠡ᠃ ᠡᠯ᠎ᠡ ᠳᠡᠭᠡᠳᠦ ᠰᠤᠷᠭᠠᠭᠤᠯᠢ ᠶᠢᠨ ᠮᠡᠳᠡᠭᠦᠯᠦᠭᠰᠡᠨ ᠰᠠᠭᠤᠷᠢᠨ ᠳᠡᠭᠡᠷ᠎ᠡ᠂ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠬᠢᠨᠠᠨ ᠳᠣᠭᠲᠠᠭᠠᠬᠤ ᠪᠠᠷ ᠳᠠᠮᠵᠢᠭᠤᠯᠤᠨ ︽ᠮᠢᠨᠦ ᠰᠡᠳᠬᠢᠯ ᠳᠤ ᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠭᠡᠬᠦ ᠪᠢᠴᠢᠯ ᠺᠢᠨᠣ᠋ ᠶᠢᠨ ᠰᠢᠯᠢᠳᠡᠭ ᠪᠦᠲᠦᠭᠡᠯ 10᠂ ︽ᠤᠶᠤᠲᠠᠳ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠤᠭᠰᠠᠨ ᠨᠢ︾ ᠭᠡᠬᠦ ᠢᠯᠡ ᠬᠢᠴᠢᠶᠡᠯ ᠤᠨ ᠰᠢᠯᠢᠳᠡᠭ ᠪᠦᠲᠦᠭᠡᠯ 15᠂ ︽ᠰᠢᠨ᠎ᠡ ᠴᠠᠭ ᠡᠷᠡᠨ ᠳᠤ ᠣᠮᠤᠭ ᠲᠡᠭᠦᠯᠳᠡᠷ ᠠᠯᠬᠤᠨ ᠣᠷᠣᠬᠤ︾ ᠭᠡᠬᠦ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠤᠷᠠᠨ ᠪᠦᠲᠦᠭᠡᠯ 36᠂ ︽ᠵᠠᠯᠠᠭᠤ ᠨᠠᠰᠤᠨ ᠳᠤ ᠡᠬᠡ ᠤᠯᠤᠰ ᠢᠶᠠᠨ ᠤᠶᠠᠩᠭᠠᠯᠠᠨᠠᠮ︾ ᠭᠡᠬᠦ ᠤᠶᠤᠲᠠᠳ ᠤᠨ ᠤᠬᠠᠭᠤᠯᠤᠨ ᠲᠠᠶᠢᠯᠪᠤᠷᠢᠯᠠᠭᠴᠢ 15 ᠨᠡᠷ᠎ᠡ᠂ ︽ᠶᠣᠰᠣ ᠰᠤᠷᠲᠠᠬᠤᠨ ᠢᠶᠠᠷ ᠬᠥᠮᠦᠨ ᠢ ᠬᠥᠮᠥᠵᠢᠭᠦᠯᠵᠦ᠂ ᠣᠭ ᠰᠠᠨᠠᠭ᠎ᠠ ᠶᠢ ᠥᠯᠦ ᠮᠠᠷᠲᠠᠬᠤ︾ ᠭᠡᠬᠦ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠰᠢᠯᠢᠳᠡᠭ ᠪᠦᠲᠦᠭᠡᠯ 9 ᠨᠡᠷ᠎ᠡ  ᠶᠢ ᠰᠢᠯᠭᠠᠷᠠᠭᠤᠯᠵᠤ᠂ ᠠᠳᠡ ᠨᠡᠶᠢᠲᠡᠯᠡᠪᠡ᠃      ᠡᠯ᠎ᠡ ᠳᠡᠭᠡᠳᠦ ᠰᠤᠷᠭᠠᠭᠤᠯᠢ ᠨᠢ ᠲᠤᠰ ᠤᠳᠠᠭᠠᠨ ᠤ ᠠᠵᠢᠯᠯᠠᠭ᠎ᠠ ᠪᠠᠷ ᠳᠣᠬᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠬᠥᠮᠦᠨ ᠢ ᠪᠣᠯᠪᠠᠰᠤᠷᠠᠭᠤᠯᠤᠨ ᠬᠥᠮᠦᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠥᠭᠡᠷᠡᠴᠢᠯᠡᠯᠲᠡ ᠰᠢᠨᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠦᠵᠡᠯ ᠰᠠᠨᠠᠭᠠᠴᠢ ᠴᠢᠨᠠᠷ᠂ ᠣᠨᠣᠯᠴᠢ ᠴᠢᠨᠠᠷ ᠪᠠ ᠳᠠᠲᠠᠬᠤ ᠬᠦᠴᠦᠨ᠂ ᠬᠠᠨᠳᠤᠯᠭᠠᠲᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠨ᠂ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠴᠢᠷᠮᠠᠶᠢᠨ ᠬᠥᠮᠦᠵᠢᠭᠦᠯᠬᠦ ᠬᠡᠷᠡᠭᠲᠡᠢ᠃            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                                      2020 ᠣᠨ ᠤ 3 ᠰᠠᠷ᠎ᠠ ᠶᠢᠨ 3 ᠤ ᠡᠳᠦᠷᠳᠠᠭᠠᠯᠳᠤᠭᠤᠯᠤᠯ᠄    ᠳᠠᠭᠠᠯᠳᠤᠭᠤᠯᠤᠯ 1. ︽ᠮᠢᠨᠦ ᠰᠡᠳᠬᠢᠯ ᠳᠤ ᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠭᠡᠬᠦ ᠪᠢᠴᠢᠯ ᠺᠢᠨᠣ᠋ ᠶᠢᠨ ᠰᠢᠯᠢᠳᠡᠭ ᠪᠦᠲᠦᠭᠡᠯ. docxᠳᠠᠭᠠᠯᠳᠤᠭᠤᠯᠤᠯ 2. ︽ᠤᠶᠤᠲᠠᠳ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠤᠭᠰᠠᠨ ᠨᠢ︾ ᠭᠡᠬᠦ ᠢᠯᠡ ᠬᠢᠴᠢᠶᠡᠯ ᠤᠨ ᠰᠢᠯᠢᠳᠡᠭ ᠪᠦᠲᠦᠭᠡᠯ. docxᠳᠠᠭᠠᠯᠳᠤᠭᠤᠯᠤᠯ 3. ︽ᠰᠢᠨ᠎ᠡ ᠴᠠᠭ ᠡᠷᠡᠨ ᠳᠤ ᠣᠮᠤᠭ ᠲᠡᠭᠦᠯᠳᠡᠷ ᠠᠯᠬᠤᠨ ᠣᠷᠣᠬᠤ︾ ᠭᠡᠬᠦ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠤᠷᠠᠨ ᠪᠦᠲᠦᠭᠡᠯ. docxᠳᠠᠭᠠᠯᠳᠤᠭᠤᠯᠤᠯ 4. ︽ᠵᠠᠯᠠᠭᠤ ᠨᠠᠰᠤᠨ ᠳᠤ ᠡᠬᠡ ᠤᠯᠤᠰ ᠢᠶᠠᠨ ᠤᠶᠠᠩᠭᠠᠯᠠᠨᠠᠮ︾ ᠭᠡᠬᠦ ᠤᠶᠤᠲᠠᠳ ᠤᠨ ᠤᠬᠠᠭᠤᠯᠤᠨ ᠲᠠᠶᠢᠯᠪᠤᠷᠢᠯᠠᠭᠴᠢ. docxᠳᠠᠭᠠᠯᠳᠤᠭᠤᠯᠤᠯ 5. ︽ᠶᠣᠰᠣ ᠰᠤᠷᠲᠠᠬᠤᠨ ᠢᠶᠠᠷ ᠬᠥᠮᠦᠨ ᠢ ᠬᠥᠮᠥᠵᠢᠭᠦᠯᠵᠦ᠂ ᠣᠭ ᠰᠠᠨᠠᠭ᠎ᠠ ᠶᠢ ᠥᠯᠦ ᠮᠠᠷᠲᠠᠬᠤ︾ ᠭᠡᠬᠦ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ  ᠰᠢᠯᠢᠳᠡᠭ ᠪᠦᠲᠦᠭᠡᠯ. docx
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号