2020 ᠣᠨ ᠤ ︽ᠤᠯᠤᠰ ᠤᠨ ᠨᠢᠭᠡᠳᠦᠯᠳᠡᠢ ᠰᠢᠯᠭᠠᠯᠲᠠ︾ ᠶᠢ ᠨᠢᠭᠡ ᠰᠠᠷ᠎ᠠ ᠬᠤᠶᠢᠰᠢᠯᠠᠭᠤᠯᠪᠠ
ᠨᠡᠶᠢᠲᠡᠯᠡᠭᠰᠡᠨ ᠴᠠᠭ᠄
2020/4/2
       ᠰᠢᠯᠭᠠᠬᠤ ᠴᠠᠭ᠄ 7 ᠰᠠᠷ᠎ᠠ ᠶᠢᠨ 7 ᠠᠴᠠ 8 ᠤ ᠡᠳᠦᠷ ᠪᠤᠯᠳᠠᠯ᠎ᠠ      3 ᠰᠠᠷ᠎ᠠ ᠶᠢᠨ 31 ᠤ ᠡᠳᠦᠷ᠂ ᠰᠤᠷᠭᠠᠨ ᠬᠥᠮᠦᠵᠢᠯ ᠤᠨ ᠶᠠᠮᠤᠨ ︽2020 ᠣᠨ ᠤ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠴᠠᠭ ᠤᠨ ᠲᠣᠬᠢᠷᠠᠭᠤᠯᠤᠯᠲᠠ  ᠶᠢᠨ ᠲᠤᠬᠠᠶ ᠠᠯᠪᠠᠨ ᠵᠠᠷᠯᠠᠯ︾ ᠢ ᠨᠡᠶᠢᠲᠡᠯᠡᠪᠡ᠃      ᠠᠯᠪᠠᠨ ᠵᠠᠷᠯᠠᠯ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ 2020 ᠣᠨ ᠤ ᠪᠦᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ︵ᠳᠣᠷᠣᠭᠰᠢ ︽ᠤᠯᠤᠰ ᠤᠨ ᠨᠢᠭᠡᠳᠦᠯᠳᠡᠢ ᠰᠢᠯᠭᠠᠯᠲᠠ︾ ᠭᠡᠵᠦ ᠲᠦᠭᠦᠮᠴᠢᠯᠡᠨ᠎ᠠ︶ ᠶᠢ ᠨᠢᠭᠡ ᠰᠠᠷ᠎ᠠ ᠬᠤᠶᠢᠰᠢᠯᠠᠭᠤᠯᠤᠨ ᠶᠠᠪᠤᠭᠳᠠᠭᠤᠯᠬᠤ ᠪᠠᠷ ᠪᠤᠯᠪᠠ᠂ ᠰᠢᠯᠭᠠᠯᠲᠠ ᠶᠢᠨ ᠴᠠᠭ ᠨᠢ 7 ᠰᠠᠷ᠎ᠠ ᠶᠢᠨ 7 ᠤ ᠡᠳᠦᠷ ᠪᠠ 8 ᠤ ᠡᠳᠦᠷ ᠪᠣᠯᠤᠨ᠎ᠠ᠃      ᠪᠣᠳᠠᠲᠠᠶ ᠬᠢᠴᠢᠶᠡᠯ ᠲᠥᠷᠥᠯ ᠤᠨ ᠰᠢᠯᠭᠠᠯᠲᠠ ᠶᠢᠨ ᠴᠠᠭ ᠤᠨ ᠲᠤᠬᠢᠷᠠᠭᠤᠯᠤᠯᠳᠠ᠄      7 ᠰᠠᠷ᠎ᠠ ᠶᠢᠨ 7 ᠤ ᠡᠳᠦᠷ᠄      ᠬᠡᠯᠡ ᠪᠢᠴᠢᠭ 9᠄ 00 — 11᠄ 30      ᠲᠣᠭᠠᠨ ᠤ ᠤᠬᠠᠭᠠᠨ 15᠄ 00 — 17᠄ 00      7 ᠰᠠᠷ᠎ᠠ ᠶᠢᠨ 8 ᠤ ᠡᠳᠦᠷ᠄      ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠦᠷᠦᠯ / ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠦᠷᠦᠯ᠄      9᠄ 00 — 11᠄ 30      ᠭᠠᠳᠠᠭᠠᠳᠤ ᠬᠡᠯᠡ 15᠄ 00 — 17᠄ 00      ᠬᠤᠪᠸᠢ ᠮᠤᠵᠢ᠂ ᠪᠡᠭᠡᠵᠢᠩ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠦᠨᠳᠦᠰᠦᠯᠡᠵᠦ᠂ ᠲᠣᠰ ᠭᠠᠵᠠᠷ ᠣᠷᠣᠨ ᠤ ᠪᠠᠨ ᠤᠯᠤᠰ ᠤᠨ ᠨᠢᠭᠡᠳᠦᠯᠲᠡᠶ ᠰᠢᠯᠭᠠᠯᠲᠠ ᠶᠢᠨ ᠴᠠᠭ ᠢ ᠲᠤᠬᠢᠷᠠᠭᠤᠯᠬᠤ ᠰᠠᠨᠠᠯ ᠢ ᠰᠤᠳᠤᠯᠤᠨ ᠳᠤᠷᠠᠳᠴᠤ ᠰᠤᠷᠭᠠᠨ ᠬᠥᠮᠦᠵᠢᠯ ᠤᠨ ᠶᠠᠮᠤᠨ ᠲᠠᠢ ᠵᠥᠪᠳᠡᠯᠴᠡᠵᠦ ᠵᠥᠪᠰᠢᠶᠡᠷᠡᠭᠦᠯᠦᠭᠰᠡᠨ ᠤ ᠳᠠᠷᠠᠭ᠎ᠠ ᠴᠠᠭ ᠲᠤᠬᠠᠶ ᠳᠤ ᠨᠢ ᠨᠡᠶᠢᠭᠡᠮ ᠳᠤ ᠨᠡᠶᠢᠳᠡᠯᠡᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号