| | ᠠᠬᠤᠶ ᠪᠠᠶᠢᠳᠠᠯ | | 2020 ᠣᠨ ᠪᠣᠯ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠶᠢ ᠪᠦᠬᠦ ᠲᠠᠯ᠎ᠠ ᠪᠠᠷ | ᠪᠡᠶᠡᠯᠡᠭᠦᠯᠬᠦ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠶᠡᠷᠦᠩᠬᠡᠢ | ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ | ᠲᠡᠮᠡᠴᠡᠨ ᠣᠯᠬᠤ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠᠷ ᠠᠯᠪᠠᠨ | ᠵᠢᠷᠤᠮ ᠤᠨ ᠰᠤᠷᠭᠠᠨ ᠬᠥᠮᠦᠵᠢᠯ ᠢ ᠪᠠᠲᠤᠯᠠᠬᠤ ᠭᠤᠤᠯ ᠡᠭᠦᠷᠭᠡ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠢᠶᠠᠨ | ᠦᠷᠭᠦᠯᠵᠢᠯᠡᠨ ᠰᠠᠶᠢᠲᠤᠷ ᠬᠢᠨ᠎ᠡ᠃ | | | ᠠᠷᠭ᠎ᠠ ᠪᠣᠳᠣᠯᠭ᠎ᠠ ᠶᠢ ᠨᠠᠷᠢᠯᠢᠭ ᠣᠨᠣᠴᠠᠲᠠᠶ ᠬᠡᠷᠡᠭᠵᠢᠭᠦᠯᠬᠦ ᠶᠢ ᠭᠤᠣᠯᠳᠠᠯᠭ᠎ᠠ ᠲᠠᠢ ᠠᠩᠬᠠᠷᠴᠤ᠂ | ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠪᠠ | | | 1. ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠵᠣᠭᠰᠣᠬᠤ ᠶᠢ ᠬᠤᠷᠢᠭᠯᠠᠵᠤ᠂ ᠰᠤᠷᠭᠠᠭᠤᠯᠢ ᠶᠢᠨ | ᠰᠤᠷᠤᠭᠴᠢ ᠶᠢᠨ ᠰᠤᠷᠤᠯᠭ᠎ᠠ ᠶᠢ ᠪᠠᠲᠤᠯᠠᠬᠤ ᠳᠡᠭᠡᠷ᠎ᠡ ᠬᠦᠴᠦ ᠪᠠᠨ ᠲᠥᠪᠯᠡᠷᠡᠭᠦᠯᠪᠡ᠃ | ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠵᠣᠭᠰᠣᠬᠤ ᠶᠢ ᠬᠠᠤᠯᠢ ᠶᠣᠰᠤ ᠪᠠᠷ ᠬᠤᠷᠢᠭᠯᠠᠵᠤ᠂ | ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠵᠣᠭᠰᠣᠬᠤ ᠶᠢ ᠬᠤᠷᠢᠭᠯᠠᠵᠤ᠂ ᠰᠤᠷᠭᠠᠭᠤᠯᠢ ᠶᠢᠨ ᠰᠤᠷᠤᠭᠴᠢ ᠶᠢᠨ | ᠰᠤᠷᠤᠯᠭ᠎ᠠ ᠶᠢ ᠪᠠᠲᠤᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠳᠦᠭᠦᠯᠪᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠳᠤ ᠬᠢ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠤᠭᠴᠢᠳ ᠤᠨ ᠠᠮᠢᠳᠤᠷᠠᠯ ᠤᠨ | ᠬᠦᠴᠢᠷᠳᠡᠯᠲᠡᠶ ᠠᠴᠠ ᠪᠣᠯᠵᠤ ᠰᠤᠷᠤᠯᠭ᠎ᠠ ᠠᠯᠳᠠᠵᠤ ᠰᠤᠷᠭᠠᠭᠤᠯᠢ ᠶᠢᠨ ᠰᠤᠷᠤᠯᠭ᠎ᠠ ᠪᠠᠨ ᠵᠣᠭᠰᠣᠬᠤ ᠦᠭᠡᠢ ᠶᠢ ᠦᠨᠡᠨ | ᠬᠦ ᠪᠠᠲᠤᠯᠠᠪᠠ᠃ | 2. ᠨᠠᠷᠢᠯᠢᠭ ᠣᠨᠣᠴᠠᠲᠠᠶ ᠳᠡᠳᠭᠦᠨ ᠲᠤᠰᠠᠯᠠᠬᠤ ᠶᠢ ᠦᠨᠡᠨ ᠬᠦ ᠴᠢᠩᠭᠠᠳᠬᠠᠪᠠ᠃ | ᠨᠠᠷᠢᠯᠢᠭ ᠣᠨᠣᠴᠠᠲᠠᠶ ᠪᠠᠷ ᠳᠡᠳᠭᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠡᠶᠢᠳᠡᠮ ᠳᠤ ᠨᠢ ᠪᠠᠶᠢᠭᠤᠯᠤᠨ | ᠪᠦᠷᠢᠨᠰᠢᠭᠦᠯᠵᠦ᠂ ᠲᠡᠳᠬᠦᠨ ᠲᠤᠰᠠᠯᠠᠵᠤ ᠬᠥᠮᠦᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠪᠠ᠃ | 3. ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠤᠭᠰᠠᠨ᠃ | ᠬᠤᠲᠠ ᠬᠥᠳᠡᠭᠡ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠪᠠᠲᠤᠯᠠᠬᠤ | ᠳᠣᠭᠲᠠᠴᠠ ᠶᠢ ᠨᠠᠶᠢᠳᠠᠪᠤᠷᠢᠵᠢᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠲᠠᠯ᠎ᠠ ᠪᠠ | ᠴᠢᠳᠠᠮᠵᠢ ᠶᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ ︽ᠬᠤᠶᠠᠷ ᠲᠦᠷᠦᠯ︾ ᠤᠨ ᠰᠤᠷᠭᠠᠭᠤᠯᠢ ᠶᠢᠨ ᠰᠤᠷᠭᠠᠭᠤᠯᠢ | ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠶᠢ ᠦᠨᠡᠨ ᠬᠦ ᠲᠦᠯᠬᠢᠨ ᠠᠬᠢᠭᠤᠯᠪᠠ᠃ | 4. ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠪᠠ᠃ | ᠬᠤᠰᠢᠭᠤ ᠰᠢᠶᠠᠨ ᠤ ᠬᠡᠪᠴᠢᠶᠡᠨ ᠳᠤ ᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠶᠢᠨ ᠵᠠᠬᠢᠷᠤᠯ ᠪᠠ ᠪᠠᠭᠰᠢ ᠨᠠᠷ ᠤᠨ ᠬᠤᠭᠤᠷᠤᠨᠳᠤᠬᠢ ᠰᠣᠯᠢᠯᠴᠠᠭ᠎ᠠ ᠶᠢ ᠠᠬᠢᠭᠤᠯᠵᠤ᠂ ︽ᠮᠠᠯᠵᠢᠬᠤ | ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠨᠴᠠᠭᠠᠢ | ᠠᠵᠢᠯ ᠤᠨ ᠪᠠᠶᠢᠷᠢ ᠶᠢᠨ ᠲᠥᠯᠥᠪᠯᠡᠭᠡ︾ ᠪᠠ ︽ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢ ᠠᠯᠪᠠᠨ ᠵᠠᠷᠤᠳᠠᠯ ᠢᠶᠠᠷ | ᠬᠠᠨᠳᠤᠯᠭ᠎ᠠ ᠲᠠᠢ ᠬᠥᠮᠦᠵᠢᠭᠦᠯᠬᠦ ᠲᠥᠯᠥᠪᠯᠡᠭᠡ︾ ᠵᠡᠷᠭᠡ ᠶᠢ ᠬᠡᠷᠡᠭᠵᠢᠭᠦᠯᠪᠡ᠃ | | | ᠣᠶᠤᠨ ᠤᠬᠠᠭᠠᠨ ᠢᠶᠠᠷ ᠲᠡᠳᠬᠦᠵᠦ ᠬᠥᠮᠦᠨ ᠢ ᠬᠥᠮᠦᠵᠢᠭᠦᠯᠬᠦ ᠳᠠᠪᠠᠭᠤᠯᠢᠭ ᠢᠶᠠᠨ ᠪᠠᠳᠠᠷᠠᠭᠤᠯᠤᠨ᠂ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ | | | 5. ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠬᠦ ᠴᠢᠳᠠᠮᠵᠢ ᠶᠢ ᠪᠠᠳᠠᠷᠠᠭᠤᠯᠪᠠ᠃ | ᠤᠶᠤᠨ ᠤᠬᠠᠭᠠᠨ ᠪᠠ ᠵᠣᠷᠢᠭ ᠰᠠᠨᠠᠭ᠎ᠠ ᠪᠠᠷ ᠲᠡᠳᠬᠦᠬᠦ ᠶᠢ ᠤᠶᠠᠯᠳᠤᠭᠤᠯᠵᠤ᠂ ᠲᠠᠷᠢᠶᠠᠯᠠᠩ ᠮᠠᠯ ᠠᠵᠤ | ᠠᠬᠤᠢ ᠶᠢᠨ ᠬᠡᠷᠡᠭᠯᠡᠭᠡᠨ ᠤ ᠮᠡᠷᠭᠡᠵᠢᠯ ᠪᠠ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ | ︽ᠰᠤᠷᠤᠯᠴᠠᠬᠤ ᠬᠦᠰᠡᠯ ᠢᠶᠠᠨ ᠪᠡᠶᠡᠯᠡᠭᠦᠯᠬᠦ︾ ᠠᠵᠢᠯᠯᠠᠭᠠᠨ ᠤ ᠲᠥᠯᠦᠪᠯᠡᠭᠡ ᠶᠢ ᠦᠷᠭᠦᠯᠵᠢᠯᠡᠨ ᠠᠬᠢᠭᠤᠯᠵᠤ᠂ ᠠᠵᠢᠯ | ᠣᠯᠭᠤᠵᠤ ᠬᠠᠪᠰᠤᠷᠤᠨ ᠲᠤᠰᠠᠯᠠᠬᠤ ᠶᠢ ᠰᠠᠶᠢᠲᠤᠷ ᠠᠳᠬᠤᠪᠠ᠃ | 6. ︽ᠬᠥᠳᠡᠭᠡ ᠠᠵᠤ ᠠᠬᠤᠶ ᠪᠠ ᠰᠤᠷᠭᠠᠭᠤᠯᠢ ᠶᠢ ᠵᠣᠯᠭᠠᠭᠤᠯᠬᠤ︾ ᠶᠢ ᠥᠷᠨᠢᠭᠦᠯᠵᠦ᠂ ᠬᠡᠷᠡᠭᠯᠡᠭᠡ ᠪᠠᠷ | ᠶᠠᠳᠠᠭᠤ ᠶᠢ ᠳᠡᠳᠬᠦᠬᠦ ᠳᠤ ᠬᠦᠴᠦᠨ ᠨᠡᠮᠡᠷᠢᠯᠡᠪᠡ᠃ | ᠪᠦᠬᠦ ᠣᠷᠣᠨ ᠤ ᠠᠯᠪᠠᠨ ᠠᠴᠠ ᠡᠷᠬᠢᠯᠡᠭᠰᠡᠨ 45 ᠳᠡᠭᠡᠳᠦ ᠰᠤᠷᠭᠠᠭᠤᠯᠢ ᠳᠤ ︽ᠬᠥᠳᠡᠭᠡ ᠠᠵᠤ ᠠᠬᠤᠶ ᠪᠠ | ᠰᠤᠷᠭᠠᠭᠤᠯᠢ ᠶᠢ ᠵᠣᠯᠭᠠᠭᠤᠯᠬᠤ︾ ᠠᠵᠢᠯ ᠢ ᠥᠷᠨᠢᠭᠦᠯᠪᠡ᠃ | 7. ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠶᠢ ᠲᠥᠭᠡᠮᠡᠯᠵᠢᠭᠦᠯᠦᠨ ᠬᠡᠷᠡᠭᠵᠢᠭᠦᠯᠪᠡ᠃ | ᠭᠤᠤᠯᠳᠠᠯᠭ᠎ᠠ ᠲᠠᠢ ᠬᠥᠮᠦᠰ ᠤᠨ ᠨᠡᠶᠢᠲᠡᠯᠢᠭ ᠬᠡᠯᠡᠨ ᠤ ᠬᠢᠷᠢ ᠬᠡᠮᠵᠢᠶᠡᠨ ᠤ ᠪᠣᠯᠪᠠᠰᠤᠷᠠᠭᠤᠯᠤᠯ ᠤᠨ ᠠᠵᠢᠯ ᠢ | ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠥᠮᠦᠨ ᠠᠮᠠ ᠶᠢᠨ ᠦᠨᠳᠦᠰᠦᠨ ᠬᠡᠪ ᠴᠢᠨᠠᠷ ᠢ | ᠳᠡᠭᠡᠭᠰᠢᠯᠡᠭᠦᠯᠪᠡ᠃ | 8. ᠪᠡᠭᠡᠵᠢᠩ ᠪᠣᠯᠤᠨ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠪᠡ᠃ | ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ 31 ᠰᠢᠶᠠᠨ ᠤ ᠳᠤᠮᠳᠠᠳᠤ ᠰᠤᠷᠭᠠᠭᠤᠯᠢ᠂ ᠪᠠᠭ᠎ᠠ | ᠰᠤᠷᠭᠠᠭᠤᠯᠢ ᠶᠢᠨ ᠪᠠᠭᠰᠢ ᠶᠢ ᠪᠡᠭᠡᠵᠢᠩ ᠳᠤ ᠲᠣᠮᠢᠯᠠᠵᠤ᠂ ᠠᠵᠢᠯ ᠤᠨ ᠪᠠᠶᠢᠷᠢ ᠳᠤ ᠳᠠᠭᠠᠵᠤ ᠪᠣᠯᠪᠠᠰᠤᠷᠠᠭᠤᠯᠬᠤ ᠵᠡᠷᠭᠡ | ᠡᠭᠦᠷᠭᠡ ᠶᠢ ᠪᠡᠶᠡᠯᠡᠭᠦᠯᠪᠡ᠃ | | | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠥᠭᠡᠳ ᠪᠣᠳᠠᠲᠠᠢ ᠰᠠᠶᠢᠲᠤᠷ ᠠᠳᠬᠤᠵᠤ᠂ | ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠪᠦᠬᠦ | ᠲᠠᠯ᠎ᠠ ᠪᠠᠷ ᠲᠡᠮᠡᠴᠡᠨ ᠣᠯᠬᠤ ᠪᠠᠷ ᠮᠡᠷᠡᠶᠢᠵᠦ ᠪᠠᠶᠢᠨ᠎ᠠ | | | 9. ᠡᠯ᠎ᠡ ᠲᠥᠷᠥᠯ ᠤᠨ ᠬᠢᠨᠠᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ | ᠪᠥᠭᠡᠳ ᠪᠣᠳᠠᠲᠠᠶ ᠰᠠᠶᠢᠲᠤᠷ ᠠᠳᠬᠤᠪᠠ᠃ | ᠲᠥᠪ ᠤᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠶᠢᠨ ᠲᠤᠰᠬᠠᠢ ᠲᠣᠭᠤᠷᠢᠨ | ᠪᠠᠶᠢᠴᠠᠭᠠᠯᠲᠠ ᠶᠢᠨ ︽ᠪᠤᠴᠠᠵᠤ ᠬᠠᠷᠠᠬᠤ︾᠂ ᠤᠯᠤᠰ ᠤᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ | ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠪᠤᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠢ ᠬᠤᠭᠤᠴᠠᠭ᠎ᠠ ᠶᠣᠰᠤ ᠪᠠᠷ ᠪᠡᠶᠡᠯᠡᠭᠦᠯᠦᠨ᠂ ᠪᠣᠳᠠᠲᠤ ᠦᠷ᠎ᠡ | ᠪᠦᠲᠦᠮᠵᠢ ᠣᠯᠪᠠ᠃ | 10. ᠵᠣᠬᠢᠶᠠᠨ ᠪᠠᠶᠢᠭᠤᠯᠤᠯᠲᠠ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠪᠠ᠃ | ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ ᠬᠤᠶᠢᠷᠭᠤᠰᠢᠬᠤ ᠦᠭᠡᠢ᠂ ᠢᠮᠠᠭᠲᠠ ᠪᠣᠯᠭᠤᠮᠵᠢᠲᠠᠢ ᠪᠠᠶᠢᠵᠤ | ᠰᠤᠯᠠᠷᠠᠬᠤ ᠦᠭᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠪᠡ᠃ | | |