ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠬᠢᠨ ᠣᠯᠠᠨ ᠠᠷᠭ᠎ᠠ ᠬᠡᠮᠵᠢᠶ᠎ᠡ ᠠᠪᠴᠤ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠭᠡᠯ ᠢᠶᠠᠨ ᠪᠠᠬᠢᠵᠢᠭᠦᠯᠪᠡ
ᠨᠡᠶᠢᠲᠡᠯᠡᠭᠰᠡᠨ ᠴᠠᠭ᠄
2021/10/13
     ︽ᠬᠤᠶᠠᠷ ᠢ ᠬᠥᠩᠭᠡᠷᠡᠭᠦᠯᠬᠦ︾ ᠠᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠤᠯ ᠥᠷᠨᠢᠭᠦᠯᠬᠦ ᠶᠢ ᠰᠡᠷᠭᠡᠶᠢᠯᠡᠨ  ᠬᠤᠷᠢᠭᠯᠠᠵᠤ᠂ ᠰᠤᠷᠤᠭᠴᠢᠳ ᠤᠨ ᠠᠮᠠᠷᠠᠬᠤ ᠡᠷᠬᠡ ᠶᠢ ᠦᠨᠡᠨ ᠬᠦ ᠪᠠᠲᠤᠯᠠᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ︽ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠲᠤᠰᠬᠠᠶᠢᠯᠠᠨ ᠳᠠᠷᠤᠮᠠᠯᠯᠠᠨ  ᠲᠠᠷᠬᠠᠭᠠᠪᠠ᠃ ᠪᠤᠭᠤᠲᠤ ᠬᠤᠲᠠ᠂ ᠪᠠᠶᠠᠨᠨᠠᠭᠤᠷ ᠬᠤᠲᠠ ᠵᠡᠷᠭᠡ ᠭᠠᠵᠠᠷ ᠤᠨ ᠬᠢᠨ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠰᠤᠷᠤᠭᠴᠢᠳ᠂ ᠭᠡᠷ ᠤᠨ ᠠᠬᠠᠮᠠᠳ ᠲᠤ ᠢᠯᠡᠭᠡᠭᠰᠡᠨ ᠨᠢᠭᠡ ᠬᠤᠪᠢ ᠵᠠᠬᠢᠳᠠᠯ︾ ᠶᠢ ᠨᠡᠶᠢᠲᠡᠯᠡᠵᠦ᠂ ︽ᠬᠤᠶᠠᠷ ᠢ  ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠰᠠᠶᠢᠨ ᠰᠠᠶᠢᠬᠠᠨ ᠣᠷᠴᠢᠨ ᠢ ᠢᠳᠡᠪᠬᠢᠲᠡᠶ ᠪᠣᠶ ᠪᠣᠯᠭᠠᠪᠠ᠃ ᠦᠬᠠᠶ ᠬᠤᠲᠠ ᠵᠡᠷᠭᠡ ᠭᠠᠵᠠᠷ ᠤᠨ ᠬᠢᠨ ᠤᠯᠤᠰ ᠤᠨ ᠪᠠᠶᠠᠷ ᠤᠨ ᠬᠤᠭᠤᠴᠠᠭᠠᠨ ᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠴᠠᠭᠠᠬᠤ ᠠᠵᠢᠯ ᠤᠨ ᠲᠥᠰᠦᠯ ᠢ ᠲᠤᠰᠬᠠᠶᠢᠯᠠᠨ ᠳᠣᠭᠲᠠᠭᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠬᠠᠷᠢᠶ᠎ᠠ ᠭᠠᠵᠠᠷ ᠢᠶᠠᠨ ᠬᠠᠮᠢᠶᠠᠷᠤᠨ ᠬᠠᠷᠢᠭᠤᠴᠠᠬᠤ ᠶᠢ ᠪᠠᠲᠤᠳᠬᠠᠵᠤ᠂ ᠪᠤᠭᠤᠲᠤ ᠬᠤᠲᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠪᠠᠶᠠᠨᠨᠠᠭᠤᠷ ᠬᠤᠲᠠ ᠨᠡᠶᠢᠭᠡᠮ ᠤᠨ ᠬᠢᠨᠠᠯᠲᠠ ᠲᠠᠯᠪᠢᠭᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠨᠡᠶᠢᠭᠡᠮ ᠤᠨ ᠬᠢᠨᠠᠯᠲᠠ ᠲᠠᠯᠪᠢᠭᠴᠢ ᠶᠢ ᠳᠠᠶᠢᠴᠢᠯᠠᠵᠤ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠬᠢᠨᠠᠯᠲᠠ ᠲᠠᠯᠪᠢᠨ ᠪᠠᠶᠢᠴᠠᠭᠠᠵᠤ᠂ ︽ᠬᠤᠶᠠᠷ ᠢ ᠬᠥᠩᠭᠡᠷᠡᠭᠦᠯᠬᠦ︾ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠬᠤ ᠶᠢ ᠦᠨᠡᠨ ᠬᠦ ᠪᠠᠲᠤᠯᠠᠪᠠ᠃      ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠭᠠᠯ ᠢ ᠰᠡᠷᠭᠡᠶᠢᠯᠡᠬᠦ ᠵᠡᠷᠭᠡ ᠰᠠᠯᠠᠭ᠎ᠠ ᠮᠥᠴᠢᠷ ᠲᠠᠢ ᠬᠤᠯᠪᠤᠭᠠᠯᠠᠵᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠡᠵᠡᠯᠡᠨ ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠤᠯ ᠥᠷᠨᠢᠭᠦᠯᠦᠭᠰᠡᠨ ᠡᠰᠡᠬᠦ᠂ ᠬᠡᠯᠪᠡᠷᠢ ᠶᠢ ᠨᠢ ᠥᠭᠡᠷᠡᠲᠦᠭᠦᠯᠦᠨ ᠲᠣᠭᠲᠠᠭᠠᠯ ᠠᠴᠠ ᠵᠥᠷᠢᠴᠡᠨ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠥᠷᠨᠢᠭᠦᠯᠦᠭᠰᠡᠨ ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠶᠢ ᠳᠠᠰᠢᠷᠠᠮ ᠢᠶᠠᠷ ᠪᠠᠶᠢᠴᠠᠭᠠᠵᠤ᠂ ᠰᠤᠭᠤᠴᠢᠨ ᠪᠠᠶᠢᠴᠠᠭᠠᠵᠤ᠂ ᠪᠥᠬᠦ ᠣᠷᠣᠨ ᠤ ᠡᠯ᠎ᠡ ᠭᠠᠵᠠᠷ ᠤᠨ ᠬᠢᠨ 208 ᠤᠳᠠᠭ᠎ᠠ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂ ᠨᠠᠶᠢᠳᠠᠨ ᠬᠠᠮᠢᠶᠠᠷᠤᠭᠤᠯᠬᠤ ᠵᠢᠵᠢᠭ ᠬᠤᠭᠤᠯᠠᠨ ᠥᠷᠦᠭᠡ ᠵᠡᠷᠭᠡ ᠶᠢ 1749 ᠰᠤᠭᠤᠴᠢᠨ ᠪᠠᠶᠢᠴᠠᠭᠠᠵᠤ᠂ ᠪᠠᠶᠢᠴᠠᠭᠠᠵᠤ ᠣᠯᠤᠭᠰᠠᠨ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠭᠤᠯᠤᠯ ᠤᠨ ᠠᠵᠢᠯᠯᠠᠭ᠎ᠠ 23 ᠪᠣᠢ᠃ ᠡᠭᠦᠨ ᠳᠤ᠂ ᠬᠥᠬᠡᠬᠤᠲᠠ 2 ᠢ ᠪᠠᠶᠢᠴᠠᠭᠠᠨ ᠰᠢᠢᠳᠪᠦᠷᠢᠯᠡᠪᠡ︔ ᠪᠤᠭᠤᠲᠤ ᠬᠤᠲᠠ 2 ᠢ ᠪᠠᠶᠢᠴᠠᠭᠠᠨ ᠰᠢᠢᠳᠪᠦᠷᠢᠯᠡᠭᠰᠡᠨ ᠪᠥᠭᠡᠳ ᠨᠡᠶᠢᠭᠡᠮ ᠲᠣᠭᠤᠷᠢᠭ ᠤᠨ ᠳᠣᠲᠤᠷᠠᠬᠢ ᠠᠷᠠᠳ ᠤᠨ ᠣᠷᠣᠨ ᠰᠠᠭᠤᠴᠠ ᠳᠤ ᠪᠣᠯᠪᠠᠰᠤᠷᠠᠭᠤᠯᠤᠯ ᠥᠷᠨᠢᠭᠦᠯᠦᠭᠰᠡᠨ 1 ᠪᠠᠶᠢᠭᠤᠯᠤᠮᠵᠢ ᠶᠢ ᠳᠠᠷᠤᠶ ᠳᠤ ᠨᠢ ᠡᠭᠦᠳᠡ ᠶᠢ ᠨᠢ ᠬᠠᠭᠠᠯᠭᠠᠵᠤ ᠵᠣᠭᠰᠣᠭᠠᠪᠠ︔ ᠬᠥᠯᠥᠨ ᠪᠤᠶᠢᠷ ᠬᠤᠲᠠ 2 ᠢ ᠪᠠᠶᠢᠴᠠᠭᠠᠨ ᠰᠢᠢᠳᠪᠦᠷᠢᠯᠡᠪᠡ︔ ᠬᠢᠩᠭᠠᠨ ᠠᠶᠢᠮᠠᠭ 2 ᠢ ᠪᠠᠶᠢᠴᠠᠭᠠᠨ ᠰᠢᠢᠳᠪᠦᠷᠢᠯᠡᠭᠰᠡᠨ ᠪᠥᠭᠡᠳ ᠰᠠᠭᠤᠭᠠᠯᠢ ᠠᠷᠠᠳ ᠤᠨ ᠠᠰᠠᠷ ᠲᠤ ᠲᠣᠭᠲᠠᠭᠠᠯ ᠠᠴᠠ ᠵᠥᠷᠢᠴᠡᠨ ᠬᠢᠴᠢᠶᠡᠯ ᠲᠥᠷᠥᠯ  ᠤᠨ ᠪᠣᠯᠪᠠᠰᠤᠷᠠᠭᠤᠯᠤᠯ ᠥᠷᠨᠢᠭᠦᠯᠦᠭᠰᠡᠨ 1 ᠪᠠᠶᠢᠭᠤᠯᠤᠮᠵᠢ ᠪᠠ ᠲᠣᠭᠲᠠᠭᠠᠯ ᠠᠴᠠ ᠵᠥᠷᠢᠴᠡᠨ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠥᠷᠨᠢᠭᠦᠯᠦᠭᠰᠡᠨ 1 ᠵᠢᠵᠢᠭ ᠬᠤᠭᠤᠯᠠᠨ ᠥᠷᠦᠭᠡᠨ ᠳᠤ ᠪᠣᠯᠪᠠᠰᠤᠷᠠᠭᠤᠯᠤᠯ ᠡᠷᠭᠢᠯᠡᠬᠦ ᠶᠢ ᠵᠣᠭᠰᠣᠭᠠᠬᠤ ᠮᠡᠳᠡᠭᠳᠡᠯ ᠤᠨ ᠪᠢᠴᠢᠭ ᠪᠠᠭᠤᠯᠭᠠᠪᠠᠲᠦᠩᠯᠢᠶᠣᠤ ᠬᠤᠲᠠ 2 ᠢ ᠪᠠᠶᠢᠴᠠᠭᠠᠨ ᠰᠢᠢᠳᠪᠦᠷᠢᠯᠡᠵᠦ᠂ ᠬᠤᠤᠯᠢᠨᠭᠤᠣᠯ ᠬᠤᠲᠠ ᠶᠢᠨ ᠲᠣᠭᠲᠠᠭᠠᠯ ᠠᠴᠠ ᠵᠥᠷᠢᠴᠡᠨ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠥᠷᠨᠢᠭᠦᠯᠦᠭᠰᠡᠨ 2 ᠪᠠᠶᠢᠭᠤᠯᠤᠮᠵᠢ ᠳᠤ ᠪᠣᠯᠪᠠᠰᠤᠷᠠᠭᠤᠯᠤᠯ ᠡᠷᠭᠢᠯᠡᠬᠦ ᠶᠢ ᠵᠣᠭᠰᠣᠭᠠᠬᠤ ᠮᠡᠳᠡᠭᠳᠡᠯ ᠤᠨ ᠪᠢᠴᠢᠭ ᠪᠠᠭᠤᠯᠭᠠᠭᠰᠠᠨ ᠪᠥᠭᠡᠳ ᠪᠣᠯᠪᠠᠰᠤᠷᠠᠭᠤᠯᠤᠯ ᠡᠷᠭᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠣᠰᠤ ᠪᠠᠷ ᠬᠤᠷᠢᠶᠠᠨ ᠠᠪᠴᠤ ᠬᠦᠴᠦᠨ ᠥᠬᠡᠶ ᠪᠣᠯᠭᠠᠪᠠ︔ ᠤᠯᠠᠭᠠᠨᠬᠠᠳᠠ ᠬᠤᠲᠠ 12 ᠢ ᠪᠠᠶᠢᠴᠠᠭᠠᠨ ᠰᠢᠢᠳᠪᠦᠷᠢᠯᠡᠵᠦᠨᠢᠩᠴᠧᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 3 ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠯ ᠡᠷᠭᠢᠯᠡᠬᠦ ᠵᠥᠪᠰᠢᠶᠡᠷᠡᠯ ᠤᠨ ᠦᠨᠡᠮᠯᠡᠯ ᠢ ᠬᠤᠷᠢᠶᠠᠨ ᠠᠪᠬᠤ ᠶᠢᠨ ᠬᠠᠮᠲᠤ 15 ᠡᠳᠦᠷ ᠠᠵᠢᠯ ᠢ ᠨᠢ ᠵᠣᠭᠰᠣᠭᠠᠬᠤ ᠰᠢᠢᠳᠭᠡᠯ ᠥᠭᠴᠦ᠂ ᠪᠠᠭᠠᠷᠢᠨ ᠵᠡᠭᠦᠨ ᠬᠤᠰᠢᠭᠤ 1 ᠭᠡᠷᠡᠴᠢ ᠦᠨᠡᠮᠯᠡᠯ ᠥᠬᠡᠶ ᠪᠠᠷ ᠰᠤᠷᠭᠠᠭᠤᠯᠢ ᠡᠷᠬᠢᠯᠡᠭᠰᠡᠨ ᠪᠠᠶᠢᠭᠤᠯᠤᠮᠵᠢ ᠶᠢ ᠬᠦᠴᠦᠨ ᠥᠬᠡᠶ ᠪᠣᠯᠭᠠᠵᠤ᠂ ᠬᠤᠩᠱᠠᠨ ᠲᠣᠭᠤᠷᠢᠭ ᠤᠨ 3 ᠭᠡᠷᠡᠴᠢ ᠦᠨᠡᠮᠯᠡᠯ ᠥᠬᠡᠶ ᠪᠥᠭᠡᠳ ᠬᠢᠴᠢᠶᠡᠯ ᠲᠥᠷᠥᠯ ᠤᠨ ᠪᠣᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠪᠣᠯᠪᠠᠰᠤᠷᠠᠭᠤᠯᠤᠯ ᠡᠷᠭᠢᠯᠡᠬᠦ ᠶᠢ ᠵᠣᠭᠰᠣᠭᠠᠬᠤ ᠮᠡᠳᠡᠭᠳᠡᠯ ᠤᠨ ᠪᠢᠴᠢᠭ ᠪᠠᠭᠤᠯᠭᠠᠪᠠ︔ ᠣᠷᠳᠣᠰ ᠬᠤᠲᠠ ᠶᠢᠨ ᠬᠢᠨ 1 ᠶᠢ ᠪᠠᠶᠢᠴᠠᠭᠠᠨ ᠰᠢᠢᠳᠪᠦᠷᠢᠯᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号