ᠥᠪᠡᠷᠲᠡᠭᠡᠨ ᠵᠠᠰᠠᠬᠤ ᠣᠷᠣᠨ ᠤ 12355 ᠵᠠᠯᠠᠭᠤᠴᠤᠳ ᠪᠠᠭᠠᠴᠤᠳ ᠲᠤ ᠦᠢᠯᠡᠴᠢᠯᠡᠬᠦ ᠤᠲᠠᠰᠤ ᠶᠢ ᠰᠤᠷᠭᠠᠭᠤᠯᠢ ᠶᠢᠨ ᠬᠦᠷᠢᠶ᠎ᠡ ᠪᠠ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ
ᠨᠡᠶᠢᠲᠡᠯᠡᠭᠰᠡᠨ ᠴᠠᠭ᠄
2021/10/13
     ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠦᠵᠢᠭᠦᠯᠦᠨ ᠵᠢᠯᠣᠭᠤᠳᠴᠤ᠂ ︽ᠬᠤᠶᠠᠷ ᠢ ᠬᠥᠩᠭᠡᠷᠡᠭᠦᠯᠬᠦ︾ ᠠᠵᠢᠯ ᠳᠤ ᠬᠦᠴᠦᠨ ᠨᠡᠮᠡᠷᠢᠯᠡᠵᠦ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠳᠠᠷᠤᠯᠲᠠ ᠶᠢ ᠳᠡᠰᠪᠦᠷᠢᠯᠡᠬᠦ ᠴᠢᠳᠠᠪᠤᠷᠢ ᠪᠠ ᠪᠡᠶ᠎ᠡ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠠᠢ ᠬᠠᠮᠲᠤᠷᠠᠨ ︽ᠥᠪᠡᠷᠲᠡᠭᠡᠨ ᠵᠠᠰᠠᠬᠤ ᠣᠷᠣᠨ ᠤ 12355 ᠵᠠᠯᠠᠭᠤᠴᠤᠳ ᠪᠠᠭᠠᠴᠤᠳ ᠲᠤ  ᠦᠢᠯᠡᠴᠢᠯᠡᠬᠦ ᠤᠲᠠᠰᠤ︾ ᠶᠢᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶ᠎ᠡ ᠪᠠ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠢᠳᠡᠪᠬᠢᠲᠡᠶ ᠬᠥᠳᠡᠯᠦᠯᠴᠡᠵᠦ᠂ ᠡᠪᠯᠡᠯ ᠤᠨ ᠺᠠᠳ᠋ᠷ᠂ ᠪᠠᠭᠰᠢ᠂ ᠵᠠᠯᠠᠭᠤ ᠰᠠᠶᠢᠨ  ᠳᠤᠷᠠᠴᠤᠤᠯ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠣᠭᠴᠢ᠂ ᠰᠡᠳᠬᠢᠴᠡ ᠶᠢᠨ ᠵᠥᠪᠯᠡᠯᠭᠡ ᠥᠭᠬᠦ ᠲᠤᠰᠬᠠᠶ ᠮᠡᠷᠭᠡᠵᠢᠯᠲᠡᠨ ᠵᠡᠷᠭᠡ ᠶᠢ ᠵᠣᠬᠢᠶᠠᠨ ᠪᠠᠶᠢᠭᠤᠯᠵᠤ᠂ ᠭᠤᠤᠯ ᠰᠡᠳᠦᠪᠲᠦ ᠠᠩᠭᠢ ᠶᠢᠨ ᠬᠤᠷᠠᠯ᠂ ᠭᠠᠷ ᠪᠢᠴᠢᠮᠡᠯ ᠰᠣᠨᠢᠨ ᠪᠠ ᠰᠠᠮᠪᠠᠷ᠎ᠠ ᠶᠢᠨ ᠰᠣᠨᠢᠨ᠂ ᠠᠬᠤᠢ ᠲᠠᠯᠠᠪᠠᠶ ᠶᠢᠨ ᠲᠠᠶᠢᠯᠤᠮᠵᠢ᠂ ᠮᠡᠳᠡᠭᠳᠡᠯ᠂ ᠬᠠᠭᠤᠳᠠᠰᠤ ᠲᠠᠷᠬᠠᠭᠠᠬᠤ ᠵᠡᠷᠭᠡ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠮᠲᠤᠯᠢᠭ ᠪᠣᠯᠤᠨ ᠬᠡᠷ ᠤᠨ ᠠᠬᠠᠮᠠᠳ ᠲᠤ ︽ᠥᠪᠡᠷᠲᠡᠭᠡᠨ ᠵᠠᠰᠠᠬᠤ ᠣᠷᠣᠨ ᠤ 12355 ᠵᠠᠯᠠᠭᠤᠴᠤᠳ ᠪᠠᠭᠠᠴᠤᠳ ᠲᠤ ᠦᠢᠯᠡᠴᠢᠯᠡᠬᠦ ᠤᠲᠠᠰᠤ︾ ᠶᠢᠨ ᠴᠢᠳᠠᠮᠵᠢ ᠶᠢ ᠲᠦᠭᠡᠮᠡᠯᠵᠢᠭᠦᠯᠵᠦ᠂ ᠰᠡᠳᠬᠢᠴᠡ ᠶᠢᠨ ᠵᠢᠯᠣᠭᠤᠳᠣᠯᠭ᠎ᠠ᠂ ᠪᠡᠶ᠎ᠡ ᠪᠠᠨ ᠬᠠᠮᠠᠭᠠᠯᠠᠬᠤ ᠬᠥᠮᠦᠵᠢᠯ ᠵᠡᠷᠭᠡ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃

     

    12355 ᠭᠤᠤᠯ ᠰᠡᠳᠦᠪᠲᠦ ᠠᠩᠭᠢ ᠶᠢᠨ ᠬᠤᠷᠠᠯ ᠪᠠ ᠭᠤᠤᠯ ᠰᠡᠳᠦᠪᠲᠦ ᠭᠠᠷ ᠪᠢᠴᠢᠮᠡᠯ ᠰᠣᠨᠢᠨ᠂

ᠰᠠᠮᠪᠠᠷ᠎ᠠ ᠶᠢᠨ ᠰᠣᠨᠢᠨ ᠤ ᠠᠵᠢᠯᠯᠠᠭ᠎ᠠ

     ᠠᠩᠭᠢ ᠶᠢᠨ ᠡᠷᠬᠢᠯᠡᠭᠴᠢ᠂ ᠰᠤᠷᠭᠠᠭᠤᠯᠢ ᠶᠢᠨ ᠡᠪᠯᠡᠯ ᠤᠨ ᠺᠠᠳ᠋ᠷ᠂ ᠪᠠᠭᠠᠴᠤᠳ ᠤᠨ ᠬᠤᠰᠢᠭᠤᠴᠢ ᠠᠩᠭᠢ ᠶᠢᠨ

ᠬᠠᠪᠰᠤᠷᠤᠨ ᠵᠢᠯᠣᠭᠤᠳᠣᠭᠴᠢ ᠠᠴᠠ ᠰᠤᠷᠤᠭᠴᠢᠳ ᠲᠤ ︽ᠥᠪᠡᠷᠲᠡᠭᠡᠨ ᠵᠠᠰᠠᠬᠤ ᠣᠷᠣᠨ ᠤ 12355 ᠵᠠᠯᠠᠭᠤᠴᠤᠳ

ᠪᠠᠭᠠᠴᠤᠳ ᠲᠤ ᠦᠢᠯᠡᠴᠢᠯᠡᠬᠦ ᠤᠲᠠᠰᠤ︾ ᠶᠢᠨ ᠴᠢᠳᠠᠮᠵᠢ ᠶᠢ ᠲᠠᠨᠢᠯᠴᠠᠭᠤᠯᠪᠠ

    ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠪᠠ ᠵᠠᠯᠠᠭᠤ ᠰᠠᠶᠢᠨ

ᠳᠤᠷᠠᠴᠤᠤᠯ ᠨᠡᠶᠢᠭᠡᠮ ᠲᠣᠭᠤᠷᠢᠭ ᠤᠨ ᠣᠯᠠᠨ ᠲᠦᠮᠡᠨ ᠳᠤ 12355 ᠤᠬᠠᠭᠤᠯᠭ᠎ᠠ ᠶᠢᠨ ᠬᠠᠭᠤᠳᠠᠰᠤ ᠵᠢᠴᠢ

ᠮᠡᠳᠡᠭᠳᠡᠯ ᠲᠠᠷᠬᠠᠭᠠᠵᠤ᠂ ᠵᠠᠯᠠᠭᠤᠴᠤᠳ ᠪᠠᠭᠠᠴᠤᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠪᠠ ᠭᠡᠷ ᠤᠨ

ᠬᠥᠮᠦᠵᠢᠯ ᠤᠨ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠰᠤᠷᠭᠠᠨ ᠬᠥᠮᠦᠵᠢᠯ ᠤᠨ ᠣᠨᠣᠯᠵᠢᠬᠤᠨ ᠢ

ᠲᠥᠭᠡᠮᠡᠯᠵᠢᠭᠦᠯᠪᠡ

     ᠰᠡᠳᠬᠢᠴᠡ ᠶᠢᠨ ᠵᠢᠯᠣᠭᠤᠳᠣᠯᠭ᠎ᠠ᠂ ᠪᠡᠶ᠎ᠡ ᠪᠠᠨ ᠬᠠᠮᠠᠭᠠᠯᠠᠬᠤ ᠬᠥᠮᠦᠵᠢᠯ ᠤᠨ ᠬᠢᠴᠢᠶᠡᠯ ᠤᠨ ᠳᠠᠷᠠᠭᠠᠬᠢ

ᠦᠢᠯᠡᠴᠢᠯᠡᠭᠡᠨ ᠤ ᠠᠵᠢᠯᠯᠠᠭ᠎ᠠ  

     ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠥᠪᠡᠷᠲᠡᠭᠡᠨ ᠵᠠᠰᠠᠬᠤ

ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠥᠪᠡᠷᠲᠡᠭᠡᠨ ᠵᠠᠰᠠᠬᠤ ᠣᠷᠣᠨ ᠤ 12355 ᠵᠠᠯᠠᠭᠤᠴᠤᠳ

ᠪᠠᠭᠠᠴᠤᠳ ᠲᠤ ᠦᠢᠯᠡᠴᠢᠯᠡᠬᠦ ᠤᠲᠠᠰᠤ︾ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠵᠠᠯᠠᠭᠤᠴᠤᠳ ᠪᠠᠭᠠᠴᠤᠳ

ᠵᠢᠴᠢ ᠬᠡᠷ ᠤᠨ ᠠᠬᠠᠮᠠᠳ ᠲᠤ ᠪᠥᠬᠦ ᠲᠠᠯ᠎ᠠ ᠶᠢᠨ᠂ ᠣᠯᠠᠨ ᠬᠠᠷᠠᠭᠠᠰᠤᠲᠤ᠂ ᠭᠦᠨ ᠳᠠᠪᠬᠤᠷᠭ᠎ᠠ ᠶᠢᠨ᠂ ᠴᠢᠨᠠᠷᠯᠢᠭ

ᠰᠦᠯᠵᠢᠶᠡᠨ ᠤ ᠪᠠ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠬᠠᠩᠭᠠᠵᠤ᠂ ᠰᠤᠷᠤᠭᠴᠢᠳ ᠤᠨ ᠪᠥᠬᠦ ᠲᠠᠯ᠎ᠠ ᠪᠠᠷ

ᠬᠥᠭᠵᠢᠬᠦ᠂ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠬᠡᠷ ᠤᠨ ᠠᠬᠠᠮᠠᠳ ᠤᠨ ᠵᠣᠪᠠᠨᠢᠯ ᠢ ᠪᠠᠭᠠᠰᠠᠬᠠᠵᠤ᠂

︽ᠬᠤᠶᠠᠷ ᠢ ᠬᠥᠩᠭᠡᠷᠡᠭᠦᠯᠬᠦ︾ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ ᠦᠷ᠎ᠡ ᠪᠦᠲᠦᠮᠵᠢ ᠤᠯᠬᠤ ᠳᠤ

ᠬᠦᠴᠦᠨ ᠴᠢᠳᠠᠯ ᠢᠶᠠᠨ ᠡᠷᠭᠦᠨ᠎ᠡ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号