ᠰᠤᠷᠭᠠᠨ ᠬᠥᠮᠦᠵᠢᠯ ᠤᠨ ᠶᠠᠮᠤᠨ ᠠᠴᠠ ᠲᠡᠯᠭᠡᠨ ᠦᠵᠡᠭᠦᠯᠦᠭᠰᠡᠨ ᠲᠢᠶᠠᠨᠵᠢᠨ᠂ ᠥᠪᠥᠷ ᠮᠣᠩᠭᠤᠯ᠂ ᠹᠦᠵᠢᠶᠠᠨ ᠵᠡᠷᠭᠡ ᠭᠠᠵᠠᠷ ᠤᠨ ᠬᠢᠨ ᠤ ︽ᠬᠤᠶᠠᠷ ᠢ ᠬᠥᠩᠭᠡᠷᠡᠭᠦᠯᠬᠦ︾ ᠲᠤᠷᠰᠢᠯᠭ᠎ᠠ ᠪᠠ ᠠᠷᠭ᠎ᠠ ᠪᠠᠷᠢᠯ
ᠨᠡᠶᠢᠲᠡᠯᠡᠭᠰᠡᠨ ᠴᠠᠭ᠄
2021/10/13
     ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ᠂ ᠡᠯ᠎ᠡ ᠭᠠᠵᠠᠷ ᠤᠨ ᠡᠯ᠎ᠡ ᠰᠤᠷᠭᠠᠭᠤᠯᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠬᠥᠳᠡᠯᠦᠯᠴᠡᠵᠦ᠂ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠠᠰᠬᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠡᠷᠭᠡ ᠭᠤᠤᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠣᠳᠠᠲᠠᠶ ᠠᠷᠭ᠎ᠠ ᠴᠢᠩᠭ᠎ᠠ ᠠᠷᠭ᠎ᠠ ᠦᠨᠡᠨ ᠠᠷᠭ᠎ᠠ ᠠᠪᠴᠠᠶ᠃ ᠰᠤᠷᠭᠠᠨ ᠬᠥᠮᠦᠵᠢᠯ ᠤᠨ ᠶᠠᠮᠤᠨ ᠠᠴᠠ ᠣᠶᠢᠷ᠎ᠠ ᠳᠤ ᠡᠯ᠎ᠡ ᠭᠠᠵᠠᠷ ᠤᠨ ︽ᠬᠤᠶᠠᠷ ᠢ ᠬᠥᠩᠭᠡᠷᠡᠭᠦᠯᠬᠦ︾ ᠲᠤᠷᠰᠢᠯᠭ᠎ᠠ ᠪᠠ ᠠᠷᠭ᠎ᠠ ᠪᠠᠷᠢᠯ ᠢ ᠳᠡᠯᠭᠡᠨ ᠦᠵᠡᠭᠦᠯᠪᠡ᠃ ᠪᠢᠳᠡ ᠮᠠᠨ ᠤ ᠣᠷᠣᠨ᠂ ᠲᠢᠶᠠᠨᠵᠢᠨ᠂ ᠹᠦᠵᠢᠶᠠᠨ ᠵᠡᠷᠭᠡ ᠭᠠᠵᠠᠷ ᠤᠨ ᠲᠤᠷᠰᠢᠯᠭ᠎ᠠ ᠪᠠ ᠠᠷᠭ᠎ᠠ ᠪᠠᠷᠢᠯ ᠢ ᠦᠵᠡᠵᠡᠭᠡᠶ᠎ᠡ᠃      ᠲᠢᠶᠠᠨᠵᠢᠨ᠄ ᠰᠤᠷᠭᠠᠭᠤᠯᠢ ᠶᠢᠨ ᠳᠣᠲᠣᠨ᠎ᠠ ᠭᠠᠳᠠᠨᠠᠬᠢ ᠡᠬᠢ ᠪᠠᠶᠠᠯᠢᠭ ᠢ ᠤᠶᠠᠯᠳᠤᠭᠤᠯᠵᠤ᠂ ᠰᠤᠷᠤᠭᠴᠢᠳ ᠢ ︽ᠨᠠᠭᠠᠳᠬᠤ ᠶᠢᠨ ᠳᠠᠭᠠᠤ ᠰᠤᠷᠤᠯᠴᠠᠭᠤᠯᠪᠠ︾      ᠰᠢᠨ᠎ᠡ ᠰᠤᠷᠤᠯᠭ᠎ᠠ ᠶᠢᠨ ᠬᠤᠭᠤᠴᠠᠭᠠᠨ ᠳᠤ᠂ ᠲᠢᠶᠠᠨᠵᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ  ᠬᠢᠨ ︽5 + 2︾ ᠤᠨ  ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠪᠥᠬᠦ ᠲᠠᠯ᠎ᠠ ᠪᠠᠷ ᠥᠷᠨᠢᠭᠦᠯᠪᠡ᠃ ᠲᠤᠬᠠᠶᠢᠯᠠᠪᠠᠯ᠂ ᠰᠤᠷᠭᠠᠭᠤᠯᠢ ᠨᠢ ᠭᠠᠷᠠᠭ ᠪᠦᠷᠢ ᠶᠢᠨ 5 ᠠᠵᠢᠯᠯᠠᠬᠤ ᠡᠳᠦᠷ ᠲᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠡᠳᠦᠷ ᠪᠦᠷᠢ ᠬᠠᠮᠤᠭ ᠤᠨ ᠪᠠᠭ᠎ᠠ ᠳᠤ ᠪᠠᠨ 2 ᠴᠠᠭ ᠥᠷᠨᠢᠭᠦᠯᠪᠡ᠃ ᠰᠤᠷᠤᠭᠴᠢᠳ ᠤᠨ ᠰᠤᠷᠭᠠᠭᠤᠯᠢ ᠳᠤ ᠪᠠᠶᠢᠬᠤ ᠴᠠᠭ ᠢ ᠤᠷᠲᠤᠳᠬᠠᠵᠤ᠂ ᠶᠠᠮᠠᠷ ᠶᠠᠮᠠᠷ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠭᠤᠯᠭ᠎ᠠ ᠶᠢ ᠪᠡᠯᠡᠳᠬᠡᠭᠰᠡᠨ ᠪᠣᠶ︖      ᠨᠠᠨᠺᠠᠢ ᠲᠣᠭᠤᠷᠢᠭ ᠤᠨ ᠭᠤᠣᠯ ᠪᠠᠭ᠎ᠠ ᠰᠤᠷᠭᠠᠭᠤᠯᠢ ᠶᠢᠨ ᠬᠢᠨ ᠰᠤᠷᠭᠠᠭᠤᠯᠢ ᠶᠢᠨ ᠳᠣᠲᠣᠨ᠎ᠠ ᠭᠠᠳᠠᠨᠠᠬᠢ ᠡᠬᠢ ᠪᠠᠶᠠᠯᠢᠭ ᠢ ᠭᠦᠢᠴᠡᠳ ᠵᠣᠬᠢᠴᠠᠭᠤᠯᠤᠨ ᠠᠰᠢᠭᠯᠠᠬᠤ ᠠᠷᠭ᠎ᠠ ᠪᠠᠷ ᠪᠠᠶᠠᠯᠢᠭ ᠰᠠᠶᠢᠬᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠪᠠ ᠪᠡᠶ᠎ᠡ ᠶᠢᠨ ᠲᠠᠮᠢᠷ ᠤᠨ ᠬᠢᠴᠢᠶᠡᠯ ᠢ ᠡᠷᠬᠢᠯᠡᠪᠡ᠃ ᠾᠧᠳᠦ᠋ᠩ ᠲᠣᠭᠤᠷᠢᠭ ᠤᠨ ᠰᠦᠩ ᠱᠠᠨ ᠳ᠋ᠤᠤ ᠪᠠᠭ᠎ᠠ ᠰᠤᠷᠭᠠᠭᠤᠯᠢ ︽ᠰᠤᠷᠭᠠᠭᠤᠯᠢ ᠶᠢᠨ ᠢᠶᠠᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ︾ ᠵᠠᠷᠴᠢᠮ ᠶᠣᠰᠤ ᠪᠠᠷ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠭᠤᠤᠯᠳᠠᠯᠭ᠎ᠠ ᠪᠠᠨ ᠬᠢᠴᠢᠶᠡᠯ ᠲᠥᠷᠥᠯ ᠤᠨ ᠬᠠᠪᠰᠤᠷᠤᠨ ᠵᠢᠯᠣᠭᠤᠳᠣᠯᠭ᠎ᠠ᠂ ᠬᠡᠪ ᠪᠣᠯᠪᠠᠰᠤᠷᠠᠯ ᠢ ᠥᠷᠭᠡᠳᠬᠡᠬᠦ ᠬᠢᠴᠢᠶᠡᠯ ᠲᠠᠢ ᠵᠣᠯᠭᠠᠭᠤᠯᠬᠤ ᠪᠠᠷ ᠠᠳᠬᠤᠵᠤ᠂ ᠲᠣᠰ ᠰᠤᠷᠤᠯᠭ᠎ᠠ ᠶᠢᠨ ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠡᠶ᠎ᠡ ᠶᠢᠨ ᠲᠠᠮᠢᠷ᠂ ᠤᠷᠠᠨ ᠵᠢᠷᠤᠭ᠂ ᠳᠠᠭᠤᠤ ᠬᠥᠭᠵᠢᠮ᠂ ᠬᠥᠳᠡᠯᠮᠦᠷᠢ ᠶᠢᠨ ᠮᠡᠷᠭᠡᠵᠢᠯ᠂ ᠰᠢᠲᠠᠷ᠎ᠠ ᠶᠢᠨ ᠲᠥᠷᠥᠯ᠂ ᠤᠳᠬ᠎ᠠ ᠵᠣᠬᠢᠶᠠᠯ ᠵᠡᠷᠭᠡ 9 ᠶᠡᠭᠡ ᠲᠥᠷᠥᠯ ᠤᠨ 31 ᠵᠦᠢᠯ ᠤᠨ ᠬᠡᠪ ᠪᠣᠯᠪᠠᠰᠤᠷᠠᠯ ᠢ ᠥᠷᠭᠡᠳᠬᠡᠬᠦ ᠬᠢᠴᠢᠶᠡᠯ ᠢ ᠵᠠᠯᠭᠠᠭ᠎ᠠ ᠪᠠᠷ ᠨᠡᠭᠡᠭᠡᠪᠡ᠃

     ᠾᠧ ᠫᠢᠩ ᠲᠣᠭᠤᠷᠢᠭ ᠤᠨ ᠰᠢᠨ ᠰᠢᠩ ᠪᠠᠭ᠎ᠠ ᠰᠤᠷᠭᠠᠭᠤᠯᠢ ᠶᠢᠨ ᠰᠤᠷᠤᠭᠴᠢᠳ᠂ ᠪᠠᠭᠰᠢ ᠶᠢᠨ

ᠵᠢᠯᠣᠭᠤᠳᠣᠯᠭ᠎ᠠ ᠪᠠᠷ ᠬᠢᠴᠢᠶᠡᠯ ᠤᠨ ᠳᠠᠷᠠᠭᠠᠬᠢ ᠳᠠᠰᠬᠠᠯ ᠢᠶᠠᠨ ᠬᠢᠵᠦ ᠳᠠᠭᠤᠰᠬᠠᠭᠰᠠᠨ ᠤ ᠳᠠᠷᠠᠭ᠎ᠠ ᠥᠪᠡᠷᠰᠡᠳ ᠤᠨ

ᠳᠤᠷ᠎ᠠ ᠰᠣᠨᠢᠷᠬᠠᠯ ᠢᠶᠠᠨ ᠦᠨᠳᠦᠰᠦᠯᠡᠨ᠂ ︽ᠤᠩᠰᠢᠯᠭ᠎ᠠ ᠶᠢᠨ ᠴᠠᠭ︾᠂ ︽ᠰᠢᠳᠢᠲᠦ ᠳᠥᠷᠪᠡᠯᠵᠢᠨ ᠢ ᠳᠠᠭᠠᠷᠠᠭᠤᠯᠬᠤ︾᠂

︽ᠤᠷᠭᠤᠮᠠᠯ ᠢ ᠠᠷᠠᠴᠢᠯᠠᠬᠤ ᠶᠢᠨ ᠪᠠᠶᠠᠰᠤᠯ︾᠂ ︽ᠲᠣᠫᠣᠯᠣᠭᠢ ᠴᠠᠭᠠᠰᠤᠨ ᠨᠤᠭᠤᠯᠤᠮᠠᠯ︾ ᠵᠡᠷᠭᠡ ᠰᠢᠨᠵᠢᠯᠡᠬᠦ ᠤᠬᠠᠭᠠᠨ᠂

ᠬᠥᠳᠡᠯᠮᠦᠷᠢ᠂ ᠤᠳᠬ᠎ᠠ ᠵᠣᠬᠢᠶᠠᠯ ᠵᠡᠷᠭᠡ ᠣᠯᠠᠨ ᠬᠦᠷᠢᠶ᠎ᠡ ᠴᠠᠷᠠᠭᠠᠨ ᠤ ᠬᠡᠪ ᠪᠣᠯᠪᠠᠰᠤᠷᠠᠯ ᠢ ᠥᠷᠭᠡᠳᠭᠡᠬᠦ

ᠠᠵᠢᠯᠯᠠᠭᠠᠨ ᠤ ᠶᠠᠪᠤᠴᠠ ᠳᠤ ᠪᠠᠶᠠᠷ ᠬᠥᠷᠲᠡᠢ ︽ᠨᠠᠭᠠᠳᠴᠠᠭᠠᠵᠤ︾ ᠪᠠᠶᠢᠪᠠ᠃

     ᠥᠪᠥᠷ ᠮᠣᠩᠭᠤᠯ᠄ ︽1 + N︾ ᠢᠶᠠᠷ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ

     ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ᠂ ᠪᠤᠭᠤᠲᠤ

ᠬᠤᠲᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ︽5 +

2︾ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠨ

ᠬᠥᠮᠦᠵᠢᠯ ᠤᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ  ᠳᠡᠭᠡᠭᠰᠢᠯᠡᠭᠦᠯᠦᠨ᠂ ᠰᠤᠷᠤᠭᠴᠢᠳ ᠤᠨ

ᠬᠢᠴᠢᠶᠡᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠡᠷ ᠤᠨ ᠠᠬᠠᠮᠠᠳ ᠤᠨ ᠳᠠᠷᠤᠭᠠᠰᠤ ᠶᠢ ᠬᠥᠩᠭᠡᠷᠡᠭᠦᠯᠪᠡ᠃

     ᠦᠳᠡ ᠶᠢᠨ ᠬᠤᠶᠢᠨᠠᠬᠢ 5 ᠴᠠᠭ ᠲᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠲᠤᠷᠰᠢᠯᠲᠠ ᠶᠢᠨ

ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠷᠢᠶᠡᠨ ᠳᠤ ᠮᠥᠨ ᠯᠡ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃

ᠪᠡᠶ᠎ᠡ ᠶᠢᠨ ᠲᠠᠮᠢᠷ ᠤᠨ ᠲᠠᠯᠠᠪᠠᠢ ᠳᠤ᠂ ᠪᠡᠶ᠎ᠡ ᠶᠢᠨ ᠲᠠᠮᠢᠷ ᠤᠨ ᠪᠠᠭᠰᠢ ᠰᠤᠷᠤᠭᠴᠢᠳ ᠢ ᠳᠠᠭᠠᠭᠤᠯᠤᠨ ᠪᠡᠶ᠎ᠡ ᠶᠢᠨ

ᠲᠠᠮᠢᠷ ᠤᠨ ᠬᠥᠳᠡᠯᠭᠡᠭᠡᠨ ᠬᠢᠵᠦ ᠪᠠᠶᠢᠨ᠎ᠠ︔ ᠠᠩᠭᠢ ᠶᠢᠨ ᠭᠡᠷ ᠲᠤ᠂ ᠳᠠᠭᠤᠤ ᠬᠥᠭᠵᠢᠮ᠂ ᠤᠷᠠᠨ ᠵᠢᠷᠤᠭ᠂ ᠰᠢᠨᠵᠢᠯᠡᠬᠦ

ᠤᠬᠠᠭᠠᠨ ᠵᠡᠷᠭᠡ ᠳᠤᠷ᠎ᠠ ᠰᠣᠨᠢᠷᠬᠠᠯ ᠤᠨ ᠬᠢᠴᠢᠶᠡᠯ ᠨᠢ ᠰᠤᠷᠤᠭᠴᠢᠳ ᠲᠤ ᠣᠯᠠᠨ ᠵᠦᠢᠯ ᠤᠨ ᠬᠥᠳᠡᠯᠭᠡᠭᠡᠨ ᠠᠴᠠ

ᠤᠷᠠᠯᠢᠭ ᠢ ᠣᠶᠢᠯᠠᠭᠠᠭᠤᠯᠵᠤ᠂ ᠰᠢᠨᠵᠢᠯᠡᠬᠦ ᠤᠬᠠᠭᠠᠨ ᠤ ᠨᠢᠭᠤᠴᠠ ᠶᠢ ᠰᠦᠪᠡᠭᠴᠢᠯᠡᠭᠦᠯᠪᠡ᠃ ᠪᠠᠶᠠᠷ ᠬᠥᠷᠲᠡᠢ

ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠭᠰᠠᠨ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ

ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠬᠴᠢ ᠸᠠᠩ ᠢᠦᠢ ᠴᠢᠨ᠄ ︽ᠤᠳᠤ ᠪᠢ

ᠰᠤᠷᠭᠠᠭᠤᠯᠢ ᠳᠤ ᠥᠪᠡᠷ ᠤᠨ ᠳᠤᠷ᠎ᠠ ᠪᠠᠭ᠋ᠠᠲᠠᠢ ᠬᠢᠴᠢᠶᠡᠯ ᠢᠶᠠᠨ ᠨᠡᠩ ᠢᠯᠡᠭᠦᠦ ᠰᠤᠷᠴᠤ᠂

ᠥᠩᠭᠡᠷᠡᠭᠰᠡᠨ ᠤ ᠬᠢ ᠠᠴᠠ ᠪᠠᠨ ᠨᠡᠩ ᠢᠯᠡᠭᠦᠦ ᠮᠡᠳᠡᠯᠭᠡ ᠣᠯᠵᠤ ᠰᠤᠷᠬᠤ  ᠪᠣᠯᠤᠯ᠎ᠠ︾ ᠭᠡᠪᠡ᠃

     ᠦᠳᠡ ᠶᠢᠨ ᠬᠤᠶᠢᠨᠠᠬᠢ 5᠄ 30 ᠳᠤ᠂ ᠪᠠᠶᠠᠷ ᠪᠠᠶᠠᠰᠬᠤᠯᠠᠩᠲᠤ ᠳᠠᠭᠤᠤ ᠬᠥᠭᠵᠢᠮ ᠤᠨ ᠳᠤᠮᠳᠠ

ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ

ᠲᠠᠯᠠᠪᠠᠢ ᠳᠤ᠂ ᠠᠩᠬ᠎ᠠ ᠳᠤᠮᠳᠠᠳᠤ ᠶᠢᠨ ᠬᠤᠶᠠᠳᠤᠭᠠᠷ ᠣᠨ ᠤ ᠳᠥᠷᠪᠡᠳᠦᠭᠡᠷ ᠠᠩᠭᠢ ᠶᠢᠨ ᠰᠤᠷᠤᠭᠴᠢᠳ ᠶᠠᠭ

ᠰᠠᠶᠢᠬᠠᠨ ᠪᠡᠶ᠎ᠡ ᠶᠢᠨ ᠲᠠᠮᠢᠷ ᠤᠨ ᠪᠠᠭᠰᠢ ᠶᠢᠨ ᠵᠢᠯᠤᠭᠤᠳᠤᠯᠭ᠎ᠠ ᠪᠠᠷ ᠭᠠᠷ ᠲᠠᠬᠢ ᠳᠡᠭᠡᠰᠦ ᠪᠠᠨ ᠠᠶᠢᠵᠠᠮ ᠲᠠᠢ

ᠬᠥᠳᠡᠯᠭᠡᠵᠦ ᠪᠠᠶᠢᠯ᠎ᠠ᠃ ᠡᠨᠡ ᠪᠣᠯ ᠨᠢᠭᠡᠨ ᠢᠵᠢᠯ ᠲᠥᠪᠲᠦ ᠲᠣᠭᠤᠷᠢᠭ ᠭᠡᠳᠡᠭ ᠬᠥᠳᠡᠯᠭᠡᠭᠡᠨ᠂ ᠰᠤᠷᠤᠭᠴᠢᠳ ᠤᠨ

ᠬᠠᠮᠵᠢᠯᠴᠠᠬᠤ ᠴᠢᠳᠠᠪᠤᠷᠢ ᠶᠢ ᠪᠣᠯᠪᠠᠰᠤᠷᠠᠭᠤᠯᠬᠤ ᠪᠠᠷ ᠪᠠᠷᠠᠬᠤ ᠦᠭᠡᠢ ᠪᠠᠰᠠ ᠪᠠᠶᠠᠷ ᠪᠠᠶᠠᠰᠬᠤᠯᠠᠩᠲᠤ ᠠᠭᠤᠷ

ᠠᠮᠢᠰᠬᠤᠯ ᠤᠨ ᠳᠤᠮᠳᠠ ᠰᠤᠷᠤᠭᠴᠢᠳ ᠤᠨ ᠰᠡᠳᠬᠢᠯ ᠰᠠᠨᠠᠭ᠎ᠠ ᠶᠢ ᠲᠠᠶᠢᠪᠤᠰᠢᠷᠠᠭᠤᠯᠤᠨ᠎ᠠ᠃ ︽ᠰᠣᠨᠢᠷᠬᠠᠯᠲᠠᠶ᠂ ᠰᠢᠨ᠎ᠡ

ᠰᠡᠪᠡᠭᠦᠨ᠂ ᠲᠡᠭᠡᠬᠦ ᠳᠤ ᠪᠠᠨ ᠦᠨᠡᠬᠡᠷ ᠪᠡᠶ᠎ᠡ ᠰᠡᠳᠬᠢᠯ ᠲᠠᠯᠪᠢᠭᠤᠷᠠᠨ᠎ᠠ︾ ᠭᠡᠵᠦ ᠤᠮᠠᠷᠠᠲᠤ ᠶᠢᠨ ᠬᠦᠨᠳᠦ ᠠᠵᠤ

ᠦᠢᠯᠡᠳᠪᠦᠷᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠶᠠᠩ ᠿᠦ ᠰᠢᠤᠸᠠᠢ ᠶᠠᠷᠢᠪᠠ᠃

ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠭᠤᠤ ᠬᠤᠤ

ᠿᠠᠨ ᠠᠴᠠ ᠡᠶᠢᠮᠦᠷᠬᠦᠦ ᠠᠵᠢᠯᠯᠠᠭ᠎ᠠ ᠨᠢ ᠰᠤᠷᠤᠭᠴᠢᠳ ᠢ ᠶᠠᠭᠠᠷᠠᠯᠲᠠᠢ ᠰᠤᠷᠤᠯᠴᠠᠯᠭ᠎ᠠ ᠶᠢᠨ ᠳᠤᠮᠳᠠ ᠢᠯᠡᠭᠦᠬᠡᠨ

ᠠᠮᠠᠷᠠᠭᠠᠨ᠎ᠠ ᠭᠡᠪᠡ᠃

     ᠹᠦᠵᠢᠶᠠᠨ᠄ ᠣᠯᠠᠨ ᠶᠠᠩᠵᠤ ᠶᠢᠨ ︽ᠲᠣᠪᠶᠤᠭ︾ ᠢᠶᠠᠷ ᠠᠵᠢᠯᠯᠠᠭ᠎ᠠ ᠪᠠᠨ ᠪᠠᠶᠠᠯᠢᠭᠵᠢᠭᠤᠯᠵᠤ ᠦᠰᠦᠨ

ᠪᠤᠶᠢᠵᠢᠯᠲᠠ ᠶᠢ ᠠᠬᠢᠭᠤᠯᠪᠠ

     ᠰᠤᠷᠭᠠᠭᠤᠯᠢ ᠡᠬᠢᠯᠡᠭᠰᠡᠨ ᠠᠴᠠ ᠨᠠᠭᠠᠰᠢ᠂ ᠹᠦᠵᠢᠶᠠᠨ ᠮᠤᠵᠢ ᠶᠢᠨ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠱᠠᠲᠤᠨ ᠤ ᠡᠯ᠎ᠡ ᠰᠤᠷᠭᠠᠭᠤᠯᠢ ᠶᠢᠨ ᠬᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠨᠠᠷᠢᠨ ᠨᠢᠮᠪᠠᠶ

ᠪᠡᠯᠡᠳᠬᠡᠵᠦ᠂ ᠡᠯᠪᠡᠭ ᠪᠠᠶᠠᠯᠢᠭ ᠠᠵᠢᠯᠯᠠᠭ᠎ᠠ ᠪᠠᠷ ᠢᠶᠠᠨ ᠰᠤᠷᠤᠭᠴᠢᠳ ᠤᠨ ᠦᠰᠦᠨ ᠪᠤᠶᠢᠵᠢᠯᠲᠠ ᠶᠢ ᠠᠬᠢᠭᠤᠯᠪᠠ᠃

ᠰᠤᠷᠭᠠᠭᠤᠯᠢ ᠲᠠᠷᠬᠠᠭᠰᠠᠨ ᠤ ᠳᠠᠷᠠᠭ᠎ᠠ᠂ ᠵᠢᠨᠵᠢᠶᠠᠩ ᠤᠨ ᠯᠢᠩ ᠱᠦᠢ ᠭᠤᠣᠯ ᠪᠠᠭ᠎ᠠ ᠰᠤᠷᠭᠠᠭᠤᠯᠢ ᠶᠢᠨ

ᠬᠦᠷᠢᠶᠡᠨ ᠳᠤ ᠮᠥᠨ ᠯᠡ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠵᠢᠷᠭᠤᠳᠤᠭᠠᠷ ᠣᠨ ᠤ ᠨᠢᠭᠡᠳᠦᠭᠡᠷ

ᠠᠩᠭᠢ ᠶᠢᠨ ᠰᠤᠷᠤᠭᠴᠢ ᠴᠧᠨ ᠰᠢ ᠠᠩᠭᠢ ᠶᠢᠨ ᠢᠶᠠᠨ ᠵᠣᠬᠢᠶᠠᠨ ᠪᠠᠶᠢᠭᠤᠯᠤᠭᠰᠠᠨ ︽ᠤᠷᠠᠨ ᠬᠡᠯᠡᠲᠡᠨ︾ ᠢ ᠪᠡᠶᠡᠴᠢᠯᠡᠨ

ᠣᠶᠢᠯᠠᠭᠠᠬᠤ ᠬᠢᠴᠢᠶᠡᠯ ᠤᠨ ᠳᠠᠷᠠᠭᠠᠬᠢ ᠴᠠᠭ ᠢ ᠤᠷᠲᠤᠳᠬᠠᠬᠤ ᠦᠢᠯᠡᠴᠢᠯᠡᠭᠡ ᠪᠠᠷ ᠳᠠᠮᠵᠢᠨ᠄ ︽ᠰᠤᠷᠤᠯᠴᠠᠬᠤ ᠠᠭᠤᠷ

ᠠᠮᠢᠰᠬᠤᠯ ᠨᠢ ᠭᠡᠷ ᠲᠤ ᠪᠠᠨ ᠥᠪᠡᠰᠦᠪᠡᠨ ᠰᠤᠷᠤᠯᠴᠠᠬᠤ ᠠᠴᠠ ᠰᠠᠶᠢᠨ᠂ ᠪᠠᠭᠰᠢ ᠮᠠᠨᠢ ᠳᠡᠷᠭᠡᠳᠡ ᠪᠠᠶᠢᠨ᠎ᠠ᠂

ᠣᠶᠢᠯᠠᠭᠠᠬᠤ ᠦᠭᠡᠢ ᠠᠰᠠᠭᠤᠳᠠᠯ ᠲᠤᠯᠭᠠᠷᠠᠪᠠᠯ ᠳᠠᠷᠤᠢ ᠳᠤ ᠨᠢ ᠠᠰᠠᠭᠤᠵᠤ᠂ ᠲᠡᠷᠡ ᠳᠣᠣᠷ᠎ᠠ ᠪᠠᠨ ᠬᠠᠷᠢᠭᠤᠯᠲᠠ

ᠣᠯᠳᠠᠭ︾ ᠭᠡᠪᠡ᠃

     ᠹᠦᠵᠧᠦ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ

ᠦᠢᠯᠡᠴᠢᠯᠡᠭᠡᠨ ᠤ ᠠᠭᠤᠯᠭ᠎ᠠ ᠳᠤ ᠦᠳᠡ ᠶᠢᠨ ᠨᠠᠶᠢᠳᠠᠨ ᠬᠠᠮᠢᠶᠠᠷᠤᠯᠲᠠ᠂ ᠦᠳᠡ ᠶᠢᠨ ᠬᠤᠶᠢᠨᠠᠬᠢ ᠨᠠᠢᠮᠠᠳᠤᠭᠠᠷ

ᠬᠢᠴᠢᠶᠡᠯ ᠪᠠ ᠣᠷᠣᠶ ᠶᠢᠨ ᠳᠠᠪᠲᠠᠯᠭ᠎ᠠ ᠶᠢ ᠪᠠᠭᠲᠠᠭᠠᠪᠠ᠃ ᠦᠳᠡ ᠶᠢᠨ ᠨᠠᠶᠢᠳᠠᠨ ᠬᠠᠮᠢᠶᠠᠷᠤᠯᠲᠠ ᠶᠢᠨ  2 ᠴᠠᠭ ᠢ

ᠰᠤᠷᠭᠠᠭᠤᠯᠢ ᠠᠴᠠ 4 ᠬᠤᠪᠢᠶᠠᠵᠤ᠂ ᠬᠤᠭᠤᠯᠠ ᠢᠳᠡᠬᠦ᠂ ᠦᠳᠡ ᠶᠢᠨ ᠠᠮᠠᠷᠠᠯᠲᠠ᠂ ᠳᠠᠰᠬᠠᠯ ᠬᠢᠬᠦ ᠪᠠ ᠭᠠᠳᠠᠨᠠᠬᠢ

ᠬᠥᠳᠡᠯᠭᠡᠭᠡᠨ ᠤ ᠴᠠᠭ ᠨᠢ ᠴᠥᠮ ᠬᠠᠭᠠᠰ ᠴᠠᠭ᠂ ᠪᠥᠬᠦ ᠶᠠᠪᠤᠴᠠ ᠳᠤ ᠵᠢᠵᠢᠭᠦᠷᠯᠡᠭᠴᠢ ᠪᠠᠭᠰᠢ ᠪᠠᠷ᠎ᠠ ᠪᠣᠯᠤᠨ᠎ᠠ᠃

ᠦᠳᠡ ᠶᠢᠨ ᠬᠤᠶᠢᠨᠠᠬᠢ ︽ᠨᠠᠢᠮᠠᠳᠤᠭᠠᠷ ᠬᠢᠴᠢᠶᠡᠯ︾ ᠤᠨ ᠴᠠᠭ ᠲᠤ᠂ ᠰᠤᠷᠭᠠᠭᠤᠯᠢ ᠨᠢ ᠤᠳᠬ᠎ᠠ ᠵᠣᠬᠢᠶᠠᠯ ᠤᠨ

ᠨᠡᠶᠢᠭᠡᠮᠯᠢᠭ ᠤᠨ ᠠᠵᠢᠯᠯᠠᠭ᠎ᠠ᠂ ᠨᠠᠶᠢᠷᠠᠯ ᠳᠠᠭᠤᠤ ᠶᠢᠨ ᠪᠦᠯᠬᠦᠮ᠂ ᠲᠣᠣᠷ ᠪᠥᠮᠪᠦᠭᠡᠨ ᠤ ᠨᠡᠶᠢᠭᠡᠮᠯᠢᠭ ᠤᠨ ᠠᠵᠢᠯᠯᠠᠭ᠎ᠠ᠂

ᠬᠥᠯ ᠪᠥᠮᠪᠦᠭᠡᠨ ᠤ ᠠᠩᠭᠢ᠂ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠠᠩᠭᠢ᠂ ᠡᠷᠲᠡᠨ ᠤ ᠶᠠᠲᠤᠭ᠎ᠠ ᠶᠢᠨ

ᠨᠡᠶᠢᠭᠡᠮᠯᠢᠭ ᠤᠨ ᠠᠵᠢᠯᠯᠠᠭ᠎ᠠ ᠵᠡᠷᠭᠡ ᠶᠢ ᠪᠠᠭᠲᠠᠭᠠᠭᠰᠠᠨ ᠶᠡᠭᠡ ᠬᠡᠮᠵᠢᠶᠡᠨ ᠤ ᠨᠡᠶᠢᠭᠡᠮᠯᠢᠭ ᠪᠦᠯᠬᠦᠮ ᠤᠨ ᠠᠵᠢᠯᠯᠠᠭ᠎ᠠ ᠶᠢ

ᠵᠣᠬᠢᠶᠠᠨ ᠪᠠᠶᠢᠭᠤᠯᠵᠠᠶ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号