ᠰᠢ ᠶᠢᠨ ᠫᠢᠩ ᠶᠠᠩᠱᠤᠤ ᠶᠢᠨ ᠰᠣᠶᠣᠯ ᠢ ᠢᠯᠡᠷᠡᠭᠦᠯᠦᠭᠰᠡᠨ ᠪᠠ ᠳᠤᠮᠳᠠᠳᠤ ᠤᠯᠤᠰ ᠤᠨ ᠤᠳᠤ ᠦᠶ᠎ᠡ ᠶᠢᠨ ᠬᠠᠭᠤᠴᠢ ᠰᠤᠳᠤᠯᠤᠯ ᠤᠨ ᠤᠬᠠᠭᠠᠨ ᠮᠡᠨᠳᠦᠯᠡᠭᠰᠡᠨ 100 ᠵᠢᠯ ᠤᠨ ᠤᠢ ᠳᠤ ᠵᠠᠬᠢᠳᠠᠯ ᠢᠯᠡᠭᠡᠵᠦ ᠪᠠᠶᠠᠷ ᠬᠦᠷᠭᠡᠬᠦ ᠳᠡᠭᠡᠨ ᠴᠢᠬᠤᠯᠠᠴᠢᠯᠠᠭᠰᠠᠨ ᠨᠢ ᠨᠠᠷᠢᠨ ᠬᠢᠨᠠᠮᠠᠭᠠᠢ ᠦᠨᠡᠨ ᠢ ᠡᠷᠬᠢᠮᠯᠡᠬᠦ ᠰᠢᠷᠭᠠᠭᠤ ᠬᠠᠳᠠᠭᠤᠵᠢᠯᠳᠠᠢ ᠲᠡᠮᠡᠴᠡᠬᠦ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ ᠳᠤᠮᠳᠠᠳᠤ ᠤᠯᠤᠰ ᠤᠨ ᠤᠨᠴᠠᠯᠢᠭ ᠲᠠᠢ ᠳᠤᠮᠳᠠᠳᠤ ᠤᠯᠤᠰ ᠤᠨ ᠬᠡᠪ ᠨᠠᠮᠪᠠ ᠲᠠᠢ ᠳᠤᠮᠳᠠᠳᠤ ᠤᠯᠤᠰ ᠤᠨ ᠰᠦᠷ ᠵᠢᠪᠬᠤᠭ᠎ᠠ ᠲᠠᠢ ᠬᠠᠭᠤᠴᠢ ᠰᠤᠳᠤᠯᠤᠯ ᠤᠨ ᠤᠬᠠᠭᠠᠨ ᠢ ᠴᠢᠷᠮᠠᠶᠢᠨ ᠪᠠᠶᠢᠭᠤᠯᠬᠤ ᠬᠡᠷᠡᠭᠳᠠᠢ
ᠨᠡᠶᠢᠲᠡᠯᠡᠭᠰᠡᠨ ᠴᠠᠭ᠄
2021/10/19
     ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 17 ᠤ ᠴᠠᠬᠢᠯᠭᠠᠨ ᠮᠡᠳᠡᠭᠡ ᠶᠠᠩᠱᠤᠤ ᠶᠢᠨ ᠰᠣᠶᠣᠯ ᠢ ᠢᠯᠡᠷᠡᠭᠦᠯᠦᠭᠰᠡᠨ ᠪᠠ ᠳᠤᠮᠳᠠᠳᠤ ᠤᠯᠤᠰ ᠤᠨ ᠤᠳᠤ ᠦᠶ᠎ᠡ ᠶᠢᠨ ᠬᠠᠭᠤᠴᠢ ᠰᠤᠳᠤᠯᠤᠯ ᠤᠨ ᠤᠬᠠᠭᠠᠨ ᠮᠡᠨᠳᠦᠯᠡᠭᠰᠡᠨ 100 ᠵᠢᠯ ᠤᠨ ᠤᠢ ᠶᠢᠨ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠬᠠᠭᠤᠴᠢ ᠰᠤᠳᠤᠯᠤᠯ ᠤᠨ ᠠᠵᠢᠯᠲᠠᠳ ᠲᠤ ᠬᠠᠯᠠᠭᠤᠨ ᠪᠠᠶᠠᠷ ᠬᠦᠷᠭᠡᠵᠦ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠰᠢ ᠶᠢᠨ ᠫᠢᠩ᠂ 100 ᠵᠢᠯ ᠤᠨ ᠲᠤᠷᠰᠢ᠂ ᠬᠡᠳᠦᠨ ᠦᠶ᠎ᠡ ᠶᠢᠨ ᠬᠠᠭᠤᠴᠢ ᠰᠤᠳᠤᠯᠤᠭᠴᠢᠳ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠥᠬᠦᠷᠡᠰᠢ ᠥᠬᠡᠶ ᠴᠢᠷᠮᠠᠶᠢᠵᠤ᠂ ᠠᠯᠢ ᠣᠯᠠᠨ ᠴᠢᠬᠤᠯᠠ ᠶᠡᠭᠡ ᠬᠠᠭᠤᠴᠢ ᠰᠤᠳᠤᠯᠤᠯ ᠤᠨ ᠢᠯᠡᠷᠡᠭᠦᠯᠦᠯᠲᠡ ᠲᠠᠢ ᠪᠣᠯᠵᠣ᠂ ᠳᠤᠮᠳᠠᠳᠤ ᠶᠢᠨ ᠪᠣᠯᠪᠠᠰᠤᠨ ᠤ ᠡᠭᠦᠰᠦᠯ᠂ ᠬᠥᠭᠵᠢᠯᠲᠡ ᠶᠢᠨ ᠰᠤᠳᠠᠰᠤ᠂ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠪᠣᠯᠤᠨ ᠳᠡᠯᠡᠬᠡᠶ ᠶᠢᠨ ᠪᠣᠯᠪᠠᠰᠤᠨ ᠳᠤ ᠦᠵᠡᠭᠦᠯᠦᠭᠰᠡᠨ ᠴᠢᠬᠤᠯᠠ ᠶᠡᠭᠡ ᠬᠤᠪᠢ ᠨᠡᠮᠡᠷᠢ ᠶᠢ ᠬᠠᠷᠠᠭᠤᠯᠵᠤ᠂ ᠥᠨᠢ ᠤᠳᠠᠭᠠᠨ ᠤᠯᠠᠮᠵᠢᠯᠠᠯ ᠲᠠᠢ᠂ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ ᠶᠢᠨ ᠪᠣᠯᠪᠠᠰᠤᠨ ᠢ ᠨᠠᠩ ᠰᠠᠶᠢᠲᠤᠷ ᠲᠠᠨᠢᠬᠤ ᠳᠤ ᠴᠢᠬᠤᠯᠠ ᠦᠢᠯᠡᠳᠦᠯ ᠦᠵᠡᠭᠦᠯᠪᠡ ᠭᠡᠵᠤ ᠵᠢᠭᠠᠵᠤ ᠭᠠᠷᠭᠠᠵᠠᠢ᠃      ᠰᠢ ᠶᠢᠨ ᠫᠢᠩ ᠥᠷᠭᠡᠨ ᠤᠯᠠᠨ ᠬᠠᠭᠤᠴᠢ ᠰᠤᠳᠤᠯᠤᠯ ᠤᠨ ᠠᠵᠢᠯᠳᠠᠨ ᠲᠡᠦᠬᠡ ᠶᠢᠨ ᠡᠭᠦᠷᠭᠡᠲᠦ ᠪᠤᠳᠤᠯ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠨᠠᠷᠢᠨ ᠬᠢᠨᠠᠮᠠᠭᠠᠢ ᠦᠨᠡᠨ ᠢ ᠡᠷᠬᠢᠮᠯᠡᠬᠦ᠂ ᠰᠢᠷᠭᠠᠭᠤ ᠬᠠᠲᠠᠭᠤᠵᠢᠯᠲᠠᠢ ᠲᠡᠮᠡᠴᠡᠬᠦ᠂ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠡᠴᠢᠨ᠎ᠠ ᠨᠢᠭᠤᠴᠠᠭᠠᠢ ᠵᠦᠢᠯᠡᠰ ᠢ ᠦᠷᠬᠦᠯᠵᠢᠯᠡᠨ ᠬᠠᠶᠢᠨ ᠰᠦᠪᠡᠭᠴᠢᠯᠡᠵᠦ᠂ ᠤᠭ ᠦᠨᠳᠦᠰᠦ ᠶᠢ ᠨᠢ ᠢᠯᠡᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ᠂ ᠳᠤᠮᠳᠠᠳᠤ ᠤᠯᠤᠰ ᠤᠨ ᠬᠡᠪ ᠨᠠᠮᠪᠠ ᠲᠠᠢ᠂ ᠳᠤᠮᠳᠠᠳᠤ ᠤᠯᠤᠰ ᠤᠨ ᠰᠦᠷ ᠵᠢᠪᠬᠤᠭ᠎ᠠ ᠲᠠᠢ ᠬᠠᠭᠤᠴᠢ ᠰᠤᠳᠤᠯᠤᠯ ᠤᠨ ᠤᠬᠠᠭᠠᠨ ᠢ ᠴᠢᠷᠮᠠᠶᠢᠨ ᠪᠠᠶᠢᠭᠤᠯᠵᠤ᠂ ᠳᠤᠮᠳᠠᠳᠤ ᠶᠢᠨ ᠪᠣᠯᠪᠠᠰᠤᠨ ᠤ ᠴᠤᠭ ᠵᠢᠪᠬᠤᠭ᠎ᠠ ᠶᠢ ᠨᠡᠩ ᠰᠠᠶᠢᠲᠤᠷ ᠢᠯᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠲᠤᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃      ᠶᠠᠩᠱᠤᠤ ᠶᠢᠨ ᠰᠣᠶᠣᠯ ᠢ ᠢᠯᠡᠷᠡᠭᠦᠯᠦᠭᠰᠡᠨ ᠵᠢᠴᠢ ᠳᠤᠮᠳᠠᠳᠤ ᠤᠯᠤᠰ ᠤᠨ ᠣᠳᠣ ᠦᠶ᠎ᠡ ᠶᠢᠨ ᠬᠠᠭᠤᠴᠢ ᠰᠤᠳᠤᠯᠤᠯ ᠤᠨ ᠤᠬᠠᠭᠠᠨ ᠮᠡᠨᠳᠦᠯᠡᠭᠰᠡᠨ 100 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ 17 ᠤ ᠡᠳᠦᠷ ᠾᠧᠨᠠᠨ ᠮᠤᠵᠢ ᠶᠢᠨ ᠰᠠᠨ ᠮᠧᠨ ᠰᠢᠶᠠ ᠬᠤᠲᠠ ᠳᠤ ᠡᠬᠢᠯᠡᠵᠦ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ᠂ ᠾᠧᠨᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠪᠡ᠃ 1921 ᠣᠨ ᠤ 10 ᠰᠠᠷ᠎ᠠ ᠳᠤ᠂ ᠾᠧᠨᠠᠨ ᠮᠤᠵᠢ ᠶᠢᠨ ᠮᠢᠶᠠᠨ ᡂᠢ ᠰᠢᠶᠠᠨ ᠤ ᠶᠠᠩᠱᠤᠤ ᠶᠢᠨ ᠪᠠᠭᠤᠷᠢ ᠶᠢ ᠠᠭᠤᠳᠠᠯᠵᠤ᠂ ᠳᠤᠮᠳᠠᠳᠤ ᠤᠯᠤᠰ ᠤᠨ ᠤᠳᠤ ᠦᠶ᠎ᠡ ᠶᠢᠨ ᠬᠠᠭᠤᠴᠢ ᠰᠤᠳᠤᠯᠤᠯ ᠤᠨ ᠤᠬᠠᠭᠠᠨ ᠤ ᠬᠥᠰᠢᠭᠡ ᠶᠢ ᠰᠡᠬᠦᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号