ᠮᠠᠨ ᠤ ᠣᠷᠣᠨ ᠲᠠᠪᠤᠳᠤᠭᠠᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠠᠶᠢᠴᠠᠭᠠᠨ ᠰᠤᠳᠤᠯᠬᠤ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/21
     ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠭᠦᠨᠵᠡᠭᠡᠶ ᠠᠬᠢᠭᠤᠯᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠦᠭᠡ᠂ 2021 ᠣᠨ ᠤ 10 ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠠᠴᠠ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠤᠷᠭᠠᠭᠤᠯᠢ ᠳᠤ ᠣᠷᠣᠭᠤᠯᠤᠭᠰᠠᠨ ᠢ ᠪᠠᠶᠢᠴᠠᠭᠠᠨ ᠰᠣᠳᠤᠯᠵᠤ ᠵᠢᠭᠠᠨ ᠵᠢᠯᠣᠭᠤᠳᠬᠤ ᠠᠵᠢᠯ ᠢ ᠥᠷᠨᠢᠭᠦᠯᠪᠡ᠃

     ᠬᠤᠷᠠᠯ ᠳᠡᠭᠡᠷ᠎ᠡ᠂ ᠣᠶᠢᠷ᠎ᠠ ᠶᠢᠨ ᠬᠤᠶᠠᠷ ᠵᠢᠯ ᠮᠠᠨ ᠤ ᠣᠷᠣᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ

ᠪᠠᠶᠢᠭ᠎ᠠ ᠰᠤᠷᠭᠠᠭᠤᠯᠢ ᠳᠤ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ

ᠮᠠᠲ᠋ᠧᠷᠢᠶᠠᠯ ᠢ ᠬᠡᠷᠡᠭᠯᠡᠭᠰᠡᠨ ᠠᠵᠢᠯ ᠢ ᠳ᠋ᠦᠩᠨᠡᠵᠦ᠂ ᠣᠳᠣᠬᠠᠨ ᠳᠤ ᠮᠠᠨ ᠤ ᠣᠷᠣᠨ ᠤ ᠦᠨᠳᠦᠰᠦᠲᠡᠨ ᠤ ᠬᠡᠯᠡ ᠪᠠᠷ

ᠬᠢᠴᠢᠶᠡᠯᠯᠡᠵᠦ ᠪᠠᠶᠢᠭ᠎ᠠ 427 ᠳᠤᠮᠳᠠᠳᠤ ᠪᠠᠭ᠎ᠠ ᠰᠤᠷᠭᠠᠭᠤᠯᠢ ᠳᠤ ᠭᠤᠷᠪᠠᠨ ᠲᠥᠷᠥᠯ ᠤᠨ ᠬᠢᠴᠢᠶᠡᠯ ᠤᠨ

ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ ᠠᠬᠢᠭᠤᠯᠵᠤ᠂ ᠬᠤᠶᠢᠰᠢᠳᠠ

ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢ ᠪᠠᠶᠢᠴᠠᠭᠠᠨ ᠰᠣᠳᠤᠯᠬᠤ ᠠᠵᠢᠯ ᠢ

ᠥᠷᠨᠢᠭᠦᠯᠬᠦ ᠶᠢ ᠪᠠᠷᠢᠮᠲᠠᠯᠠᠵᠤ᠂ ᠡᠨᠡ ᠬᠦ ᠠᠵᠢᠯ ᠢ ᠪᠠᠶᠢᠩᠭᠤᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

     ᠪᠣᠯᠪᠠᠰᠤᠷᠠᠭᠤᠯᠤᠯ ᠨᠢ ᠪᠠᠶᠢᠴᠠᠭᠠᠨ ᠰᠤᠳᠤᠯᠵᠤ ᠵᠢᠯᠣᠭᠤᠳᠬᠤ ᠠᠬᠤᠶ ᠪᠠᠶᠢᠳᠠᠯ᠂ ᠬᠠᠷᠠᠯᠲᠠ᠂ ᠠᠭᠤᠯᠭ᠎ᠠ᠂

ᠶᠠᠪᠤᠴᠠ ᠪᠠ ᠦᠷ᠎ᠡ ᠳ᠋ᠦᠩ ᠵᠡᠷᠭᠡ ᠲᠠᠪᠤᠨ ᠲᠠᠯ᠎ᠠ ᠠᠴᠠ ᠪᠥᠬᠦ ᠲᠠᠯ᠎ᠠ ᠶᠢᠨ᠂ ᠨᠠᠷᠢᠨ ᠨᠢᠮᠪᠠᠶ ᠵᠢᠯᠣᠭᠤᠳᠣᠯᠭ᠎ᠠ ᠬᠢᠪᠡ᠃

ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠶᠢᠰᠦᠨ ᠳᠤᠭᠤᠶᠢᠯᠠᠩ ᠬᠤᠪᠢᠶᠠᠨ ᠨᠠᠢᠮᠠᠨ ᠠᠶᠢᠮᠠᠭ ᠬᠤᠲᠠ ᠶᠢᠨ

ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠬᠦᠷᠴᠦ ᠪᠠᠶᠢᠴᠠᠭᠠᠨ ᠰᠣᠳᠤᠯᠵᠤ ᠵᠢᠭᠠᠨ

ᠵᠢᠯᠣᠭᠤᠳᠪᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号